ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/4/13
    4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠡᠳ᠋ ᠳᠤᠭᠤᠶᠢᠯᠠᠩ ᠤᠨ ᠳᠠᠷᠤᠭ᠎ᠠ ᠯᠢ ᠰᠢᠶᠤᠤ ᠰᠠᠨ ᠵᠢᠴᠢ ᠪᠦᠬᠦ ᠪᠦᠷᠢᠯᠳᠦᠬᠦᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠰᠦᠨ ᠱᠤᠤ ᠴᠧᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠳᠤ ᠡᠩ ᠲᠡᠷᠢᠭᠦᠨ ᠳᠤ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠣᠳᠣᠯᠬᠢᠯᠠᠯ ᠢ ᠭᠦᠨᠵᠡᠭᠡᠢ ᠤᠢᠢᠯᠠᠭᠠᠨ ᠡᠵᠡᠮᠳᠡᠵᠦ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠵᠡᠪᠰᠡᠭᠯᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠦᠳᠦᠯᠦᠨ ᠵᠢᠯᠤᠭᠤᠳᠴᠤ ᠪᠠᠶᠢᠭᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠯᠬᠤᠭ᠎ᠠ ᠨᠢᠭᠡᠲᠡᠢ ᠪᠠᠷ ᠶᠡᠷᠦᠩᠬᠡᠢ ᠱᠦᠵᠢ ᠰᠢ ᠶᠢᠨ ᠫᠢᠩ ᠢ ᠡᠷᠡᠰ ᠲᠠᠭᠠᠨ ᠤᠷᠤᠭᠰᠢᠯᠠᠬᠤ ᠬᠡᠷᠡᠭᠲᠡᠢ ᠭᠡᠵᠦ ᠬᠡᠯᠡᠪᠡ᠃     ᠰᠦᠨ ᠱᠤᠤ ᠴᠧᠩ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠨᠢ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠦᠷ᠎ᠡ ᠪᠦᠲᠦᠮᠵᠢ ᠶᠢ ᠰᠢᠭᠤᠳ ᠲᠣᠭᠲᠠᠭᠠᠵᠦ᠂ ᠡᠷᠬᠡᠪᠰᠢ ᠤᠨᠤᠯ ᠤᠨ ᠰᠤᠷᠤᠯᠴᠠᠯᠭ᠎ᠠ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠤᠨ ᠰᠠᠭᠤᠷᠢ ᠶᠢ ᠪᠠᠲᠤ ᠴᠣᠭᠴᠠᠯᠠᠬᠤ ᠶᠢ ᠰᠠᠶᠢᠲᠤᠷ ᠠᠳᠬᠤᠬᠤ ᠬᠡᠷᠡᠭᠲᠡᠢ᠃ ᠦᠨᠡᠨ ᠬᠦ ᠬᠦᠴᠦ ᠣᠷᠣᠭᠤᠯᠵᠤ᠂ ᠨᠠᠷᠢᠯᠢᠭ ᠬᠦᠴᠦᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠠᠭᠤᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠵᠦ᠂ ᠡᠨᠡ ᠬᠦ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦᠯᠢ ᠴᠣᠭᠴᠠ ᠪᠠᠷ ᠨᠢ ᠡᠵᠡᠮᠳᠡᠵᠦ᠂ ᠡᠨᠡ ᠬᠦ ᠦᠵᠡᠯ ᠰᠠᠨᠠᠭᠠᠨ ᠤ ᠵᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠣᠯᠤᠨ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠡᠵᠡᠮᠰᠢᠨ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ᠋ᠯᠡ ᠰᠢᠨᠵᠢᠯᠡᠬᠦ ᠤᠬᠠᠭᠠᠨ ᠤ ᠰᠢᠰᠲ᠋ᠧᠮ ᠳᠤ ᠳᠡᠯᠪᠢᠨ ᠲᠠᠨᠢᠵᠤ ᠡᠵᠡᠮᠳᠡᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠪᠡᠷᠮᠢᠴᠡ ᠴᠢᠳᠠᠪᠤᠷᠢ ᠶᠢ ᠦᠨᠡᠨ ᠬᠦ ᠰᠤᠷᠴᠤ ᠡᠵᠡᠮᠰᠢᠬᠦ ᠬᠡᠷᠡᠭᠲᠡᠶ ᠬᠡᠵᠦ ᠬᠡᠯᠡᠪᠡ᠃     ᠰᠦᠨ ᠱᠤᠤ ᠴᠧᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠡᠰᠡᠬᠦ ᠪᠠᠷ ︽ᠰᠢᠯᠭᠠᠭᠤᠷ︾ ᠪᠣᠯᠭᠠᠵᠤ᠂ ᠰᠤᠷᠤᠯᠴᠠᠬᠤ᠂ ᠰᠤᠳᠤᠯᠬᠤ᠂ ᠪᠠᠶᠢᠴᠠᠭᠠᠬᠤ᠂ ᠰᠠᠶᠢᠵᠢᠷᠠᠭᠤᠯᠬᠤ ᠳᠤ ᠴᠥᠮ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠰᠠᠭᠤᠳᠠᠯ ᠢ ᠰᠶᠢᠳᠪᠦᠷᠢᠯᠡᠬᠦ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠳᠤ ᠵᠠᠮ ᠨᠡᠭᠡᠭᠡᠵᠦ ᠥᠭᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠳᠤᠮᠳᠠ ᠪᠠᠶᠢᠴᠠᠭᠠᠵᠤ ᠳᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ︽ᠨᠡᠭᠦᠷᠡᠰᠦᠨ ᠤ ᠬᠦᠷᠢᠶ᠎ᠠ ᠴᠠᠷᠠᠭᠠᠨ ᠳᠠᠬᠢ ᠢᠯᠵᠠᠷᠠᠯ ᠤᠨ ᠠᠰᠠᠭᠤᠳᠠᠯ ᠢ ᠬᠤᠷᠢᠨ ᠵᠢᠯ ᠭᠡᠳᠡᠷᠬᠦ ᠪᠠᠶᠢᠴᠠᠭᠠᠬᠤ︾᠂ ︽ᠲᠠᠪᠤ ᠶᠢ ᠳᠦᠢᠯᠪᠤᠷᠢᠳᠠᠢ ᠪᠠᠶᠢᠴᠠᠭᠠᠬᠤ︾ ᠵᠡᠷᠭᠡ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ︽ᠲᠤᠯᠤᠭ᠎ᠠ ᠶᠢ ᠲᠠᠶᠠᠭᠳᠠᠬᠤ︾ ᠳᠤ ᠵᠢᠭᠠᠭᠰᠠᠨ ᠦᠵᠡᠯ ᠰᠠᠨᠠᠭ᠎ᠠ ᠦᠵᠡᠯᠲᠡ ᠶᠢᠨ ᠠᠰᠠᠭᠤᠳᠠᠯ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠳᠤ ᠲᠤᠰᠬᠠᠬᠰᠡᠨ ᠠᠵᠢᠯ ᠤᠨ ᠰᠤᠷᠲᠠᠯ ᠤᠨ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠰᠦᠨ ᠱᠤᠤ ᠴᠧᠩ᠂ ᠤᠳᠤᠷᠢᠳᠬᠤ ᠺᠠᠳ᠋ᠷᠴᠤᠳ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠨᠥᠬᠦᠳ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ ᠪᠠᠨ ᠳᠠᠭᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠢ ᠰᠤᠷᠤᠯᠴᠠᠵᠤ᠂ ᠨᠡᠪᠳᠡᠷᠡᠳᠡᠯ᠎ᠡ ᠣᠶᠢᠯᠠᠭᠠᠵᠤ᠂ ᠪᠣᠳᠠᠲᠠᠢ ᠠᠵᠢᠯᠯᠠᠬᠤ ᠳᠤ ᠵᠢᠱᠶ᠊ ᠡᠶ᠎ᠡ ᠦᠵᠡᠭᠦᠯᠦᠨ ᠲᠠᠶᠢᠴᠢᠯᠠᠵᠤ᠂ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠬᠡᠵᠦ ᠬᠡᠯᠡᠪᠡ᠃     ᠸᠠᠩ ᠯᠢ ᠰᠢᠶᠠ᠂ ᠶᠠᠩ ᠸᠧᠢ ᠳ᠋ᠦᠩ᠂ ᠯᠢᠦ ᠱᠤᠸᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠢ ᠭᠠᠩ᠂ ᠬᠦᠤᠳᠠᠭᠤᠯᠠ ᠦᠭᠡ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号