ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠄ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠪᠣᠯᠪᠠᠰᠤᠨ ᠤ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ
ᠨᠡᠶᠢᠲᠡᠯᠡᠭᠰᠡᠨ ᠴᠠᠭ᠄
2023/4/17
    ︽ᠪᠣᠯᠪᠠᠰᠤᠨ ᠬᠤᠲᠠ ᠪᠣᠯ ᠨᠢᠭᠡ ᠭᠠᠵᠠᠷ ᠣᠷᠣᠨ ᠤ ᠪᠦᠬᠦᠯᠢ ᠴᠣᠭᠴᠠ ᠶᠢᠨ ᠪᠣᠯᠪᠠᠰᠤᠨ ᠤ ᠬᠡᠮᠵᠢᠶ᠎ᠡ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠲᠥᠪᠯᠡᠷᠡᠩᠭᠦᠶ ᠢᠯᠡᠷᠡᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠯᠠᠱᠠ ᠪᠠᠷᠠᠭᠤᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃︾ 4 ᠰᠠᠷ᠎ᠠ ᠶᠢᠨ 7 ᠤ ᠡᠳᠦᠷ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠡᠷᠬᠢᠨ ᠠᠬᠢᠭᠤᠯᠬᠤ ᠲᠤᠬᠠᠶ ᠰᠤᠷᠪᠤᠯᠵᠢᠯᠠᠭ᠎ᠠ ᠶᠢ ᠬᠦᠯᠢᠶᠡᠪᠡ᠃      ᠯᠢᠦ ᠴᠥᠩ ᠰᠢᠶᠤᠤ᠂ ᠣᠶᠢᠷ᠎ᠠ ᠶᠢᠨ ᠵᠢᠯ ᠳᠤ᠂ ᠠᠯᠠᠱᠠ ᠪᠠᠷᠠᠭᠤᠨ ᠬᠤᠰᠢᠭᠤ ︽ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠠᠷᠢᠮᠵᠢᠶ᠎ᠠ ᠲᠠᠢ ᠬᠠᠷᠭᠤᠭᠤᠯᠤᠨ ᠪᠠᠶᠢᠴᠠᠭᠠᠵᠤ᠂ ᠪᠠᠶᠢᠩᠭᠤ ᠶᠢᠨ ᠪᠥᠭᠡᠳ ᠣᠷᠳᠣ ᠬᠤᠭᠤᠴᠠᠭ᠎ᠠ ᠪᠠᠷ ᠳᠥᠯᠭᠢᠨ ᠠᠬᠢᠭᠤᠯᠬᠤ︾ ᠠᠵᠢᠯ ᠤᠨ ᠰᠡᠳᠬᠢᠮᠵᠢ ᠶᠣᠰᠣᠭᠠᠷ᠂ ᠬᠠᠲᠠᠭᠤ ᠲᠣᠨᠤᠭ ᠢ ᠴᠢᠩᠭᠠᠳᠬᠠᠬᠤ᠂ ᠬᠠᠮᠢᠶᠠᠷᠤᠯᠲᠠ ᠶᠢ ᠠᠳᠬᠤᠬᠤ᠂ ᠤᠬᠠᠭᠤᠯᠭ᠎ᠠ ᠶᠢ ᠴᠢᠬᠤᠯᠠᠴᠢᠯᠠᠬᠤ᠂ ᠳᠤᠲᠠᠭᠤᠳᠠᠯ ᠢ ᠨᠥᠬᠦᠪᠥᠷᠢᠯᠡᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠡᠨᠡ ᠵᠢᠯ᠂ ᠠᠯᠠᠱᠠ ᠪᠠᠷᠠᠭᠤᠨ ᠬᠤᠰᠢᠭᠤ ᠪᠥᠬᠦ ᠲᠠᠯ᠎ᠠ ᠪᠠᠷ ᠲᠥᠯᠥᠪᠵᠢᠭᠦᠯᠬᠦ᠂ ᠨᠠᠷᠠᠲᠤ ᠲᠡᠮᠳᠡᠭᠵᠢᠭᠦᠯᠦᠨ ᠡᠭᠦᠳᠦᠨ ᠪᠠᠶᠢᠭᠤᠯᠬᠤ᠂ ᠪᠥᠬᠦ ᠠᠵᠢᠯᠲᠠᠨ ᠣᠷᠣᠯᠴᠠᠬᠤ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠳᠥᠷᠪᠡᠨ ᠲᠠᠯ᠎ᠠ ᠪᠠᠷ ᠨᠢᠭᠡᠳᠦᠯᠲᠡᠶ ᠲᠥᠯᠥᠪᠯᠡᠨ ᠴᠢᠩᠭ᠎ᠠ ᠠᠳᠬᠤᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠠ ᠭᠡᠪᠡ᠃      ᠪᠦᠬᠦ ᠲᠠᠯ᠎ᠠ ᠶᠢᠨ ᠡᠭᠦᠳᠡᠨ ᠠᠴᠠ ᠰᠢᠰᠲ᠋ᠧᠮᠵᠢᠭᠦᠯᠦᠨ ᠲᠥᠯᠥᠪᠯᠡᠬᠦ ᠶᠢ ᠴᠢᠩᠭᠠᠳᠬᠠᠨ᠎ᠠ      ︽ᠬᠤᠲᠠ ᠬᠥᠳᠡᠭᠡ ᠶᠢ ᠨᠢᠭᠡ ᠴᠣᠭᠴᠠᠵᠢᠭᠤᠯᠬᠤ᠂ ᠪᠥᠬᠦ ᠣᠷᠣᠨ ᠪᠦᠰᠡ ᠶᠢᠨ ᠡᠭᠦᠳᠦᠨ ᠪᠠᠶᠢᠭᠤᠯᠤᠯᠲᠠ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠭᠤᠷᠪᠠᠨ ᠲᠥᠪ︾ ᠤᠨ ᠲᠠᠰ ᠳᠡᠪᠰᠢᠭᠦᠯᠬᠦ ᠶᠢ ᠠᠬᠢᠭᠤᠯᠬᠤ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠤᠶᠠᠯᠳᠤᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠬᠥᠭᠵᠢᠯᠲᠡ ᠶᠢᠨ ᠣᠷᠴᠢᠨ ᠨᠥᠬᠦᠴᠡᠯ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠥᠪᠡᠷᠮᠢᠴᠡ ᠣᠨᠴᠠᠯᠢᠭ ᠲᠠᠢ ᠳᠡᠮᠡᠭᠡᠳᠦ ᠨᠤᠲᠤᠭ ᠤᠨ ᠷᠢᠳᠢ ᠰᠢᠳᠢ ᠶᠢ ᠢᠯᠡᠷᠡᠭᠦᠯᠵᠦ᠂ ᠭᠠᠳᠠᠭᠰᠢ ᠨᠡᠷ᠎ᠡ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠦᠢᠯᠡᠳᠦᠯᠬᠡᠵᠢᠬᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠪᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠬᠦᠯᠦᠨ᠎ᠡ᠃      ᠨᠠᠷᠢᠨ ᠲᠠᠯ᠎ᠠ ᠠᠴᠠ ᠭᠠᠷᠳᠠᠵᠤ ᠭᠢᠯᠠᠶᠢᠲᠠᠯ᠎ᠠ ᠨᠡᠷᠡᠲᠦ ᠲᠡᠮᠲᠡᠭᠲᠦ ᠶᠢ ᠡᠭᠦᠳᠦᠨ ᠪᠠᠶᠢᠭᠤᠯᠣᠨ᠎ᠠ      ︽ᠡᠩ ᠤᠨ ᠠᠵᠢᠯ ᠢ ᠵᠢᠷᠤᠮᠵᠢᠭᠤᠯᠬᠤ᠂ ᠭᠤᠣᠯᠳᠠᠯᠭ᠎ᠠ ᠲᠠᠢ ᠠᠵᠢᠯ ᠢ ᠲᠥᠷᠥᠯ ᠵᠦᠢᠯ ᠪᠣᠯᠭᠠᠬᠤ᠂ ᠣᠨᠴᠠᠯᠢᠭᠲᠤ ᠠᠵᠢᠯ ᠢ ᠨᠡᠷᠡᠲᠦ ᠲᠡᠮᠳᠡᠭᠵᠢᠭᠦᠯᠬᠦ︾ ᠡᠭᠦᠳᠦᠨ ᠪᠠᠶᠢᠭᠤᠯᠬᠤ ᠰᠡᠳᠬᠢᠴᠡ ᠶᠣᠰᠣᠭᠠᠷ᠂ ︽ᠪᠦᠬᠦ ᠤᠯᠤᠰ ᠤᠨ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮ︾ ᠤᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠤᠨ᠂ ᠵᠤᠷᠪᠤᠰ ᠳᠠᠷᠠᠭᠠᠯᠠᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠦᠷᠢᠶ᠎ᠡ ᠴᠠᠷᠠᠭ᠎ᠠ ᠨᠢᠭᠡᠪᠦᠷᠢ᠂ ᠭᠤᠭᠴᠤᠭ᠎ᠠ ᠨᠢᠭᠡᠪᠦᠷᠢ ᠶᠢ ᠪᠣᠳᠠᠲᠠᠢ ᠪᠥᠭᠡᠳ ᠨᠠᠷᠢᠯᠢᠭ ᠠᠳᠬᠤᠨ᠎ᠠ᠃ ︽ᠪᠢ ᠲᠠᠨ ᠢ ᠬᠠᠪᠰᠣᠷᠣᠶ᠎ᠠ · ᠰᠠᠶᠢᠨ ᠶᠠᠪᠤᠳᠠᠯ ᠬᠢᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ︽ᠬᠢᠯᠢ ᠶᠢᠨ ᠬᠠᠮᠠᠭᠠᠯᠠᠯᠲᠠ ᠶᠢᠨ ᠳᠡᠮᠡᠭᠳᠦ ᠠᠩᠬᠢ︾᠂ ︽ᠲᠡᠮᠡᠭᠡᠲᠦ ᠨᠤᠲᠤᠭ ᠤᠨ ᠡᠭᠦᠳᠡ ᠲᠣᠭᠰᠢᠬᠤ ᠬᠥᠮᠦᠨ︾᠂ ︽ᠲᠦᠷᠪᠡᠨ ᠴᠠᠭ ᠬᠠᠭᠠᠰ ᠤᠨ ᠬᠢᠴᠢᠶᠡᠯ ᠤᠨ ᠲᠠᠩᠬᠢᠮ︾᠂ ︽ᠲᠦᠷᠪᠡᠨ ᠲᠥᠪ ᠢ ᠨᠡᠪᠲᠡᠷᠡᠭᠦᠯᠵᠦ᠂ ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ︾ ᠵᠡᠷᠭᠡ ᠤᠨᠴᠠᠯᠢᠬᠳᠤ ᠦᠢᠯᠡᠴᠢᠯᠡᠭᠡᠨ ᠤ ᠲᠦᠷᠦᠯ ᠵᠦᠢᠯ ᠢ ᠭᠦᠨᠵᠡᠭᠡᠢ ᠠᠬᠢᠭᠤᠯᠵᠤ ᠪᠣᠳᠠᠲᠠᠶᠢᠵᠢᠭᠤᠯᠤᠨ᠎ᠠ᠃ ᠪᠣᠯᠪᠠᠰᠤᠨ ᠢ ᠡᠭᠦᠳᠦᠨ ᠪᠠᠶᠢᠭᠤᠯᠬᠤ ᠬᠡᠯᠪᠡᠷᠢ ᠪᠠ ᠠᠴᠢᠶᠠᠯᠠᠪᠤᠷᠢ ᠶᠢ ᠪᠠᠶᠠᠯᠢᠭᠵᠢᠭᠤᠯᠵᠤ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠬᠡᠷ ᠪᠦᠯᠢ᠂ ᠪᠣᠯᠪᠠᠰᠤᠨ ᠨᠡᠶᠢᠭᠡᠮ ᠲᠣᠭᠤᠷᠢᠭ ︵ᠰᠠᠭᠤᠭᠠᠯᠢ ᠲᠣᠭᠤᠷᠢᠭ︶ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠡᠳᠬᠢᠯ ᠳᠡᠯᠪᠢᠨ ᠰᠠᠶᠢᠲᠤᠷ ᠥᠷᠨᠢᠭᠦᠯᠵᠦ᠂ ᠰᠢᠨ᠎ᠡ ᠰᠤᠷᠲᠠᠯ ᠰᠢᠨ᠎ᠡ ᠳᠦᠷᠰᠦ ᠪᠠᠶᠢᠳᠠᠯ ᠢ ︽ᠪᠣᠶ ᠪᠣᠯᠭᠠᠵᠦ︾᠂ ᠰᠠᠶᠢᠨ ᠬᠥᠮᠦᠨ ᠤ ᠰᠠᠶᠢᠨ ᠶᠠᠪᠤᠳᠠᠯ ᠢ ︽ᠣᠯᠠᠰᠢᠷᠠᠭᠤᠯᠵᠤ︾᠂ ᠤᠨᠴᠠᠯᠢᠬᠳᠤ ᠨᠠᠷᠠᠲᠤ ᠲᠥᠷᠥᠯ ᠲᠡᠮᠳᠡᠭᠲᠦ ᠶᠢ ︽ᠭᠡᠷᠡᠯᠲᠦᠭᠦᠯᠬᠦ︾ ᠪᠣᠯᠭᠠᠨ᠎ᠠ᠃      ᠪᠣᠳᠠᠲᠠᠢ ᠪᠠᠶᠢᠳᠠᠯ ᠢᠶᠠᠷ ᠬᠦᠴᠦᠯᠡᠵᠦ ᠪᠠᠶᠢᠭᠠᠳ ᠪᠦᠬᠦ ᠬᠥᠮᠥᠨᠴᠢᠯᠡᠭᠰᠡᠨ ᠣᠷᠣᠯᠴᠠᠯᠭ᠎ᠠ ᠶᠢ ᠠᠬᠢᠭᠤᠯᠣᠨ᠎ᠠ      ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠥᠮᠦᠨ ᠪᠦᠬᠦᠨ ᠴᠥᠮ ᠣᠷᠣᠯᠴᠠᠭᠴᠢ ᠪᠣᠯᠤᠨ᠎ᠠ᠃ ᠠᠯᠠᠱᠠ ᠪᠠᠷᠠᠭᠤᠨ ᠬᠤᠰᠢᠭᠤ ︽ᠠᠷᠠᠳ ᠲᠦᠮᠡᠨ ᠤ ᠲᠥᠯᠥᠭᠡ ᠡᠭᠦᠳᠦᠨ ᠪᠠᠶᠢᠭᠤᠯᠵᠤ᠂ ᠠᠷᠠᠳ ᠲᠦᠮᠡᠨ ᠳᠤ ᠲᠦᠰᠢᠭᠯᠡᠬᠦ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠪᠣᠯᠪᠠᠰᠤᠨ ᠶᠣᠰᠣᠷᠬᠠᠭ ᠠᠯᠠᠱᠠ ᠶᠢᠨ ᠬᠥᠮᠦᠨ ᠪᠣᠯᠬᠤ︾ ᠪᠠᠷ ᠭᠤᠤᠯ ᠰᠡᠳᠦᠪ ᠪᠣᠯᠭᠠᠭᠰᠠᠨ ᠣᠶᠤᠨ ᠤ ᠪᠣᠯᠪᠠᠰᠤᠨ ᠤ ᠬᠥᠮᠦᠵᠢᠯ ᠵᠢᠴᠢ ᠪᠣᠯᠪᠠᠰᠤᠨ ᠤ ᠦᠢᠯᠡ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ᠂ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠤᠬᠠᠭᠤᠯᠭ᠎ᠠ ᠶᠢᠨ ᠠᠵᠢᠯᠯᠠᠭ᠎ᠠ᠂ ᠪᠣᠯᠪᠠᠰᠤᠨ ᠵᠠᠮ ᠬᠠᠷᠢᠯᠴᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ᠂ ᠰᠦᠯᠵᠢᠶᠡᠨ ᠤ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠪᠠ ᠪᠣᠯᠪᠠᠰᠤᠨ ᠶᠣᠰᠣ ᠮᠣᠷᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠬᠥᠮᠦᠨ ᠪᠦᠬᠦᠨ ᠪᠣᠯᠪᠠᠰᠤᠨ ᠡᠯᠴᠢ ᠪᠣᠯᠬᠤ ᠪᠠᠷ ᠴᠢᠷᠮᠠᠶᠢᠵᠤ᠂ ᠬᠥᠮᠦᠨ ᠪᠦᠬᠦᠨ ᠬᠠᠮᠤᠭ ᠤᠨ ᠭᠤᠶᠣ ᠳᠦᠷᠢ ᠲᠥᠷᠬᠦ ᠪᠠᠨ ᠢᠯᠡᠷᠡᠭᠦᠯᠬᠦ︾ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃      ᠨᠡᠶᠢᠲᠡᠯᠢᠭ ᠵᠢᠱᠢᠶ᠎ᠡ ᠠᠴᠠ ᠡᠬᠢᠯᠡᠨ ᠠᠳᠬᠤᠵᠤ ᠵᠢᠱᠢᠶ᠎ᠡ ᠦᠵᠡᠭᠦᠯᠦᠨ ᠳᠠᠶᠢᠴᠢᠯᠠᠨ᠎ᠠ      ᠨᠡᠶᠢᠲᠡᠯᠢᠭ ᠵᠢᠱᠢᠶ᠎ᠡ ᠠᠴᠠ ᠡᠬᠢᠯᠡᠨ ᠠᠳᠬᠤᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠳᠣᠪᠤᠶᠢᠯᠭᠠᠨ᠎ᠠ᠃ ︽ᠳᠡᠷᠭᠡᠳᠡᠬᠢ ᠰᠠᠶᠢᠨ ᠬᠥᠮᠦᠨ︾᠂ ︽ᠶᠣᠰᠣ ᠰᠤᠷᠲᠠᠬᠤᠨ ᠤ ᠵᠢᠱᠢᠶᠡᠴᠢ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ︽ᠤᠮᠠᠷᠠᠲᠤ ᠬᠢᠯᠢ ᠶᠢᠨ ᠵᠢᠱᠢᠶᠡᠴᠢ︾  ᠨᠢᠮ᠎ᠠ᠂ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾ ᠪᠦᠦ ᠬᠤᠸᠠ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠶᠤᠨ ᠰᠠᠨᠠᠭᠠᠨ ᠤ ᠠᠬᠤᠢ ᠪᠠᠶᠢᠳᠠᠯ ᠪᠠ ᠡᠷᠬᠢᠮ ᠳᠡᠭᠡᠳᠦ ᠵᠠᠩ ᠰᠤᠷᠲᠠᠯ ᠢ ᠰᠠᠶᠢᠲᠤᠷ ᠶᠠᠷᠢᠵᠤ᠂ ᠪᠦᠬᠦ ᠨᠡᠶᠢᠭᠡᠮ ᠳᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠂ ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠨ ᠳᠠᠪᠠᠵᠤ ᠭᠠᠷᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠠᠯᠠᠱᠠ ᠪᠠᠷᠠᠭᠤᠨ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠭᠦᠨᠵᠡᠭᠡᠶ ᠤᠬᠠᠭᠤᠯᠵᠤ᠂ ᠶᠡᠭᠡ ᠪᠠᠷ ᠠᠵᠢᠯᠯᠠᠵᠤ ᠲᠦᠷᠭᠡᠨ ᠤᠷᠤᠭᠰᠢᠯᠠᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠢᠲᠡᠭᠡᠯ ᠵᠣᠷᠢᠭ ᠢᠶᠠᠨ ᠪᠠᠲᠤᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠠᠶᠠᠨ ᠵᠠᠮ ᠳᠤ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号