ᠥᠪᠥᠷ ᠮᠣᠩᠭᠤᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦ᠋ᠭᠵᠢᠯ ᠤᠨ ᠬᠥᠭᠵᠢᠯᠲᠡ ᠶᠢᠨ ᠬᠤᠷᠠᠯ ᠪᠤᠭᠤᠲᠤ ᠳᠤ ᠬᠤᠷᠠᠯᠳᠤᠪᠠ
ᠨᠡᠶᠢᠲᠡᠯᠡᠭᠰᠡᠨ ᠴᠠᠭ᠄
2023/4/17
   4 ᠰᠠᠷ᠎ᠠ ᠶᠢᠨ 13 ᠤ ᠡᠳᠦᠷ ᠠᠴᠠ 14 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠬᠤᠷᠠᠯ ᠪᠤᠭᠤᠲᠤ ᠳᠤ ᠬᠤᠷᠠᠯᠳᠤᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠪᠠᠢ ᠴᠢᠩ ᠶᠤᠸᠠᠨ᠂ ᠭᠤᠣᠯᠳᠠᠯᠭ᠎ᠠ ᠲᠠᠢ ᠠᠵᠤ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ᠂ ᠪᠦᠯᠦᠭᠵᠢᠯ  ᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃ ᠨᠡᠭᠡᠭᠡᠯᠲᠡ ᠬᠢᠵᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠤᠬᠠᠮᠰᠠᠷ ᠢᠶᠠᠨ ᠴᠢᠩᠭᠠᠳᠬᠠᠵᠤ᠂ ᠭᠤᠣᠯ ᠪᠣᠯᠬᠤ ᠠᠵᠤ ᠠᠬᠤᠶᠢᠯᠠᠯ ᠲᠦᠷᠦᠭᠦᠯᠡᠨ ᠵᠢᠱᠢᠶ᠎ᠡ ᠦᠵᠡᠭᠦᠯᠭᠦ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠳᠤ ᠨᠠᠩ ᠣᠯᠠᠨ ᠣᠨᠣᠴᠠᠲᠠᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠬᠤᠭᠤᠴᠠᠭᠠᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ᠂ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠰᠡᠯᠪᠢᠭ ᠲᠣᠨᠤᠭ ᠦᠢᠯᠡᠳᠪᠦᠷᠢᠯᠡᠬᠦ ᠠᠵᠤ ᠠᠬᠤᠶᠢᠯᠠᠯ; ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ᠂ ᠡᠨᠧᠷᠭᠢ ᠬᠠᠳᠠᠭᠠᠯᠠᠬᠤ ᠲᠥᠬᠦᠭᠡᠷᠦᠮᠵᠢ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ ᠡᠨᠧᠷᠭᠢ ᠬᠠᠳᠠᠭᠠᠯᠠᠬᠤ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠶᠢᠨ ᠭᠡᠷ᠎ᠡ ᠲᠣᠭᠲᠠᠬᠤ ᠶᠣᠰᠣᠯᠠᠯ ᠬᠢᠬᠦ ᠶᠢᠨ ᠬᠠᠮᠲᠤ᠂ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ ᠰᠢᠨᠵᠢᠯᠡᠨ ᠪᠠᠶᠢᠴᠠᠭᠠᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号