ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/4/18
    — ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦᠸᠧ ᡁᠢ ᠸᠧᠶ ᠶᠢ ᠰᠣᠷᠪᠣᠯᠵᠢᠯᠠᠭᠰᠠᠨ ᠨᠢ    ︽ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠠᠵᠢᠯ ᠤᠨ ᠭᠤᠤᠯ ᠰᠢᠵᠢᠮ ᠪᠣᠯᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠦᠴᠦᠯᠡᠬᠦ ᠴᠡᠭ ᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠡᠶ᠃ ᠲᠦᠷᠦᠭᠦᠬᠡᠨ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠦᠸᠧ ᡁᠢ ᠸᠧᠶ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃    ᠯᠦᠸᠧ ᡁᠢ ᠸᠧᠶ ᠬᠡᠯᠡᠬᠦ ᠳᠡᠭᠡᠨ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠷᠭᠤᠭᠠᠨ ᠲᠠᠯ᠎ᠠ ᠠᠴᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ ᠬᠡᠪᠡ᠃    1. ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠵᠤ ᠠᠬᠤᠢ ᠶᠢᠨ ᠰᠠᠭᠤᠷᠢ ᠶᠢ ᠪᠠᠲᠤᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠠᠭᠤᠵᠢᠭᠤ ᠲᠠᠯᠪᠢᠭᠤ ᠳᠥᠭᠦᠮ ᠳᠥᠲᠡ ᠣᠷᠴᠢᠨ ᠲᠣᠭᠤᠷᠢᠨ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠢᠲᠡᠭᠡᠯ ᠵᠣᠷᠢᠭ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠣᠯᠠᠨ ᠪᠣᠯᠭᠠᠵᠤ᠂ ᠠᠮᠢᠳᠤᠯᠢᠭ ᠪᠣᠯᠭᠠᠵᠤ᠂ ᠬᠦᠴᠦᠷᠬᠡᠭᠵᠢᠭᠦᠯᠬᠦ ᠪᠠᠷ ᠴᠢᠷᠮᠠᠶᠢᠨ᠎ᠠ᠃    2. ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ᠂ ︽ᠭᠤᠷᠪᠠᠨ ᠪᠦᠲᠦᠭᠡᠭᠳᠡᠬᠦᠨ ᠨᠢᠭᠡ ᠣᠨᠴᠤᠭᠤᠢ︾ ︵ᠢᠳᠡᠭᠡᠨ᠂ ᠡᠮ ᠤᠨ ᠵᠦᠢᠯ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠪᠠ ᠣᠨᠴᠠ ᠲᠥᠷᠥᠯ ᠤᠨ ᠲᠥᠬᠦᠭᠡᠷᠦᠮᠵᠢ︶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠠᠷ ᠰᠠᠶᠢᠲᠠᠶ ᠬᠥᠭᠵᠢᠯᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ︽ᠳᠥᠷᠪᠡᠨ ᠬᠠᠮᠤᠭ ᠤᠨ ᠴᠢᠩᠭ᠎ᠠ︾ ︵ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠵᠠᠰᠠᠬᠤ ᠪᠠ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃    3. ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠤ ᠰᠠᠭᠤᠷᠢ ᠶᠢ ᠪᠠᠬᠢᠵᠢᠭᠦᠯᠦᠨ᠎ᠡ᠃ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠮᠵᠢᠶᠠᠵᠢᠭᠤᠯᠬᠤ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠤᠨ ︽ᠦᠪᠦᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠠᠯᠠᠱᠠ ᠶᠢᠨ ᠰᠠᠶᠢᠨ ᠶᠠᠭᠤᠮ᠎ᠠ ᠪᠠᠨ ᠦᠨᠡᠨ ᠬᠦ ᠨᠠᠷᠠᠲᠤ ᠲᠡᠮᠳᠡᠭ ᠪᠣᠯᠭᠠᠨ ᠪᠦᠲᠦᠭᠡᠵᠦ᠂ ᠶᠡᠭᠡ ᠦᠷ᠎ᠡ ᠠᠰᠢᠭ ᠭᠠᠷᠭᠠᠬᠤ ᠶᠢ ᠵᠣᠷᠢᠭᠵᠢᠭᠤᠯᠣᠨ᠎ᠠ᠃    4. ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠲᠥᠪ ᠭᠤᠤᠯᠴᠢ ᠡᠮᠬᠢ ᠳᠢᠭᠯᠢᠮ ᠢ ᠪᠠᠶᠢᠭᠤᠯᠤᠨ᠎ᠠ᠃ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠷᠪᠠᠨ ᠵᠦᠢᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ︽ᠢᠳᠡᠵᠦ ᠡᠮᠦᠰᠬᠦ ᠶᠠᠪᠤᠵᠤ ᠰᠠᠭᠤᠬᠤ︾ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠴᠢᠩᠭᠠᠳᠬᠠᠵᠤ᠂ ᠡᠮᠬᠢ ᠳᠢᠭᠯᠢᠮ ᠢ ᠯᠠᠪᠳᠠᠭᠤᠨ ᠪᠠᠲᠤᠲᠠᠢ ᠲᠣᠭᠲᠠᠪᠤᠷᠢᠵᠢᠭᠤᠯᠵᠤ᠂ ᠨᠠᠷᠢᠨ ᠬᠢᠨᠠᠮᠠᠭᠠᠢ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠎ᠡ᠃    5. ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢ ᠲᠦᠷᠬᠡᠨ ᠠᠬᠢᠭᠤᠯᠵᠤ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠬᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    6. ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡᠯᠡᠯ ᠢᠶᠠᠨ ᠴᠢᠩᠭᠠᠷᠠᠭᠤᠯᠤᠨ᠂ ᠬᠥᠭᠵᠢᠯᠲᠡ ᠳᠤ ᠦᠢᠯᠡᠴᠢᠯᠡᠬᠦ ᠤᠯᠤᠰ ᠲᠥᠷᠥ ᠶᠢᠨ ᠲᠣᠭᠲᠠᠯ ᠬᠦᠴᠦᠨ ᠢᠶᠠᠨ  ᠴᠢᠩᠭᠠᠳᠬᠠᠨ᠎ᠠ᠃ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠬᠢᠭᠡᠳ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠠᠵᠢᠯ ᠤᠨ ᠡᠩᠨᠡᠭᠡ ᠶᠢ ᠯᠠᠪᠳᠠᠭᠤᠨ ᠪᠠᠲᠤᠲᠠᠶ ᠥᠨᠳᠥᠷ ᠪᠦᠲᠦᠮᠵᠢᠲᠡᠶ ᠪᠠᠷ ᠳᠠᠪᠲᠠᠨ ᠪᠣᠯᠪᠠᠰᠤᠷᠠᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠥᠴᠦᠬᠡᠨ ᠴᠦ ᠠᠭᠤᠴᠢᠯᠠᠬᠤ ᠥᠬᠡᠶ ᠣᠪᠣᠷ ᠢᠶᠠᠷ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠡᠰ ᠡᠷᠬᠢᠮᠯᠡᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号