ᠬᠤᠲᠠ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠨᠡᠩ ᠴᠢᠨᠠᠷᠯᠢᠭ ᠨᠡᠩ ᠣᠶᠣᠨᠴᠢ ᠪᠣᠯᠭᠠᠶ᠎ᠠ
ᠨᠡᠶᠢᠲᠡᠯᠡᠭᠰᠡᠨ ᠴᠠᠭ᠄
2023/4/19
    — ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠤᠤ ᠸᠧᠨ ᠵᠢᠶᠦ᠋ᠨ ᠢ ᠰᠣᠷᠪᠣᠯᠵᠢᠯᠠᠭᠰᠠᠨ ᠨᠢ     ︽ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠨᠢ ᠣᠳᠣᠬᠠᠨ ᠤ ᠮᠠᠨ ᠤ ᠠᠶᠢᠮᠠᠭ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠶ ᠵᠠᠳᠠᠯᠵᠤ᠂ 2023 ᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ  ᠃︾ ᠲᠦᠷᠦᠭᠦᠬᠡᠨ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶᠤᠤ ᠸᠧᠨ ᠵᠢᠶᠦ᠋ᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠵᠢᠶᠤᠤ ᠸᠧᠨ ᠵᠢᠶᠦ᠋ᠨ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠮᠠᠨ ᠤ ᠠᠶᠢᠮᠠᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠭᠦᠨ ᠤ ᠬᠠᠮᠲᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠪᠠ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠵᠦ ᠂ ᠬᠤᠳᠠ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠨᠡᠩ ᠤᠶᠠᠨ ᠬᠠᠳᠠᠨ ᠴᠢᠨᠠᠷ ᠲᠠᠢ᠂ ᠨᠡᠩ ᠤᠶᠤᠨ ᠤᠬᠠᠭᠠᠨ ᠲᠠᠢ ᠪᠣᠯᠭᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠦᠨ᠎ᠡ ᠭᠡᠵᠡᠢ᠃     ᠵᠢᠶᠤᠤ ᠸᠧᠨ ᠵᠢᠶᠦ᠋ᠨ᠂ 2023 ᠣᠨ ᠳᠤ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠠᠢᠮᠠᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ ᠭᠡᠪᠡ᠃     1. ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠡᠯ᠎ᠡ ᠬᠤᠰᠢᠭᠤ ︵ ᠣᠷᠣᠨ︶ ᠶᠢᠨ ︽ᠨᠢᠭᠡ ᠬᠤᠲᠠ ᠳᠤ ᠨᠢᠭᠡ ᠠᠷᠭ᠎ᠠ ᠪᠣᠳᠣᠯᠭ᠎ᠠ︾ ᠶᠢ ᠵᠢᠯᠣᠭᠤᠳᠤᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠣᠨ ᠤ ᠬᠠᠷᠠᠯᠲᠠᠲᠤ ᠡᠭᠦᠷᠭᠡ ᠶᠢ ᠪᠡᠶᠡᠯᠡᠭᠦᠯᠵᠦ᠂ ᠬᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠲᠦᠷᠢᠮ ᠢᠶᠠᠷ ᠰᠠᠭᠤᠷᠢ ᠪᠣᠯᠭᠠᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠰᠢᠰᠲ᠋ᠧᠮ ᠪᠠ ᠢᠲᠡᠭᠡᠮᠵᠢ ᠪᠠᠷ ᠰᠠᠭᠤᠷᠢ ᠪᠣᠯᠭᠠᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃    2. ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠵᠢᠷᠭᠤᠭᠠᠨ ᠲᠥᠷᠥᠯ ᠤᠨ ᠬᠥᠮᠦᠰ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠦᠷᠢᠶᠡᠰᠦᠯᠡᠯ ᠤᠨ ᠨᠥᠬᠦᠪᠥᠷᠢ 80 ᠡᠷᠦᠬᠡ 30 ᠲᠦᠮᠡᠨ ᠲᠥᠭᠦᠷᠢᠭ ᠲᠠᠷᠬᠠᠭᠠᠵᠤ᠂ ᠠᠶᠢᠮᠠᠭ ᠤᠨ ᠰᠢᠭᠤᠳ ᠬᠠᠷᠢᠶ᠎ᠠ ᠨᠢᠬᠡᠴᠡ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠢᠭᠡ ᠤᠳᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠨᠥᠬᠦᠪᠥᠷᠢ ᠶᠢ 150 ᠬᠥᠮᠦᠨ 220 ᠲᠦᠮᠡᠨ ᠲᠥᠭᠦᠷᠢᠭ ᠲᠠᠯᠪᠢᠵᠤ᠂ ᠬᠤᠲᠠ ᠪᠠᠯᠭᠠᠰᠤ ᠶᠢᠨ ᠢᠵᠢ ᠪᠥᠷᠢᠳᠦᠭᠰᠡᠨ ᠪᠤᠰᠤ ᠣᠷᠣᠨ ᠰᠠᠭᠤᠴᠠ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ 840 ᠢᠵᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃    3. ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠪᠠᠷ ᠵᠣᠭᠰᠣᠴᠠ ᠪᠣᠯᠭᠠᠵᠤ᠂ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ 6 ᠬᠡᠷᠡᠭᠵᠢᠭᠦᠯᠬᠦ ᠶᠢ ᠠᠬᠢᠭᠤᠯᠵᠤ᠂ ︽ᠬᠠᠭᠠᠰ ᠲᠤᠲᠠᠭᠤ ᠤᠷᠬᠢᠭᠰᠠᠨ︾ ᠪᠠᠷᠢᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠪᠠᠶᠠᠨᠬᠤᠲᠠ ᠶᠢᠨ ︽ᠨᠢᠭᠡᠳᠦᠯᠲᠡᠶ ᠪᠠᠷᠢᠭᠰᠠᠨ ᠠᠰᠠᠷ︾ ᠢ ᠥᠭᠡᠷᠡᠴᠢᠯᠡᠬᠦ ᠠᠵᠢᠯ ᠢ ᠠᠬᠢᠭᠤᠯᠵᠤ᠂ ᠨᠢᠭᠡ ᠪᠦᠯᠦᠭ ᠬᠤᠲᠠ ᠪᠠᠯᠭᠠᠰᠤ ᠶᠢᠨ ᠲᠠᠰᠤᠷᠬᠠᠶ ᠵᠠᠮ᠂ ᠲᠦᠭᠵᠢᠷᠡᠯ ᠵᠠᠮ᠂ ᠤᠰᠤ ᠬᠤᠷᠠᠭᠰᠠᠨ ᠵᠠᠮ ᠢ ᠦᠷᠭᠦᠯᠵᠢᠯᠡᠨ ᠨᠡᠪᠲᠡᠷᠡᠭᠦᠯᠬᠦ ᠪᠠ ᠵᠠᠰᠠᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃    4. ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠬᠤᠲᠠ ᠶᠢᠨ ᠠᠵᠢᠯᠯᠠᠭᠠᠨ ᠂ ᠬᠠᠮᠢᠶᠠᠷᠤᠯᠲᠠ᠂ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠲᠣᠬᠢᠷᠠᠭᠤᠯᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠪᠠ ᠶᠡᠷᠦᠩᠬᠡᠶᠢᠯᠡᠨ ᠦᠨᠡᠯᠡᠬᠦ ᠶᠢ ᠴᠢᠩᠭᠠᠳᠬᠠᠵᠤ᠂ ᠪᠥᠬᠦ ᠠᠶᠢᠮᠠᠭ ᠤᠨ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠵᠦ᠂ ᠨᠥᠬᠦᠴᠡᠯ ᠲᠠᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠬᠦᠷᠢᠶ᠎ᠡ ᠲᠡᠰᠢ ᠦᠢᠯᠡᠴᠢᠯᠡᠭᠡ ᠪᠠᠨ ᠤᠷᠲᠤᠳᠬᠠᠬᠤ ᠶᠢ ᠵᠣᠷᠢᠭᠵᠢᠭᠤᠯᠵᠤ᠂ ᠬᠤᠲᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃    5. ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠵᠢᠯᠣᠭᠤᠳᠣᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 20 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠥᠬᠡᠶ ᠲᠡᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠬᠦᠯᠦᠨ᠎ᠡ᠃    6. ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠵᠢᠮ ᠪᠣᠯᠭᠠᠵᠤ᠂ ᠶᠠᠰᠤ ᠴᠢᠨᠠᠷ ᠤᠨ ᠨᠡᠪᠲᠡᠷᠡᠬᠦ ᠠᠰᠠᠭᠤᠳᠠᠯ ᠢ ᠵᠠᠰᠠᠬᠤ ᠪᠠ ᠠᠶᠤᠯᠭᠦᠶ ᠦᠢᠯᠡᠳᠪᠦᠷᠢᠯᠡᠯ ᠤᠨ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠰᠡᠷᠭᠡᠶᠢᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠰᠤ ᠬᠡᠢ ᠳᠤᠯᠠᠭᠠᠯᠠᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ ᠤᠷᠢᠳᠴᠢᠯᠠᠨ ᠣᠷᠣᠯᠴᠠᠵᠤ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠤᠷᠢᠳᠴᠢᠯᠠᠨ ᠬᠤᠯᠢᠭᠰᠠᠨ ᠪᠧᠲ᠋ᠤᠨ ᠤ ᠦᠢᠯᠡᠳᠪᠦᠷᠢᠯᠡᠯ ᠬᠡᠷᠡᠭᠯᠡᠯᠲᠡ ᠶᠢᠨ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠥᠬᠦ ᠠᠶᠢᠮᠠᠭ ᠤᠨ ᠬᠤᠲᠠ ᠪᠠᠯᠭᠠᠰᠤᠨ ᠤ ᠵᠠᠮ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠥᠬᠡᠶ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠦᠴᠦᠯᠡᠨ ᠰᠠᠶᠢᠲᠤᠷ ᠬᠢᠨ᠎ᠠ᠃    7. ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠲᠥᠷᠥᠯ ᠵᠦᠢᠯ ᠢ ᠨᠥᠭᠡᠴᠡᠯᠡᠵᠦ ᠬᠡᠷᠡᠭᠵᠢᠭᠦᠯᠬᠦ᠂ ︽ᠪᠠᠷᠢᠮᠵᠢᠶᠠᠲᠤ ᠭᠠᠵᠠᠷ︾᠂ ︽ᠣᠯᠠᠨ ᠬᠡᠮᠵᠢᠯᠲᠡ ᠶᠢ ᠨᠢᠭᠡᠳᠬᠡᠬᠦ︾᠂ ᠪᠠᠷᠢᠯᠭ᠎ᠠ ᠪᠠᠷᠢᠬᠤ ᠵᠥᠪᠰᠢᠶᠡᠷᠡᠯ ᠢ ᠱᠠᠲᠤ ᠬᠤᠪᠢᠶᠠᠨ ᠭᠦᠢᠴᠡᠳᠭᠡᠬᠦ᠂ ᠮᠡᠳᠡᠭᠳᠡᠵᠦ ᠠᠮᠠᠯᠠᠭᠤᠯᠬᠤ ᠲᠦᠷᠢᠮ ᠵᠢᠴᠢ ᠬᠤᠯᠪᠣᠭᠠᠯᠠᠨ ᠰᠢᠯᠭᠠᠨ ᠠᠪᠬᠤ ᠵᠡᠷᠭᠡ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠰᠦᠯᠵᠢᠶᠡᠨ ᠳᠡᠭᠡᠷᠡᠬᠢ ᠬᠡᠷᠡᠭᠯᠡᠯᠲᠡ ᠶᠢ ᠶᠡᠭᠡ ᠪᠠᠷ ᠬᠡᠷᠡᠭᠵᠢᠭᠦᠯᠵᠦ᠂ ᠤᠰᠤ ᠬᠡᠢ ᠳᠤᠯᠠᠭᠠᠯᠠᠭ᠎ᠠ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡ ᠶᠢ ᠮᠡᠳᠡᠭᠦᠯᠦᠨ ᠤᠭᠰᠠᠷᠠᠭᠤᠯᠬᠤ ᠶᠠᠪᠤᠴᠠ ᠶᠢ ᠰᠢᠯᠢᠳᠡᠭᠵᠢᠭᠦᠯᠦᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃    8. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠭᠤᠤᠯᠳᠠᠯᠭ᠎ᠠ ᠪᠣᠯᠭᠠᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ᠂ ᠬᠥᠳᠡᠭᠡ ᠲᠣᠰᠬᠤᠨ ᠤ ᠤᠷᠠᠨ ᠳᠠᠷᠬᠠᠨ ᠤ ᠪᠣᠯᠪᠠᠰᠤᠷᠠᠭᠤᠯᠤᠯ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠤᠨ ᠠᠶᠤᠯ ᠥᠬᠡᠶ ᠦᠢᠯᠡᠳᠪᠦᠷᠢᠯᠡᠯ ᠤᠨ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠬᠦᠴᠦᠯᠡᠨ ᠪᠠᠲᠤ ᠰᠠᠬᠢᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号