ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ︽ᠭᠠᠯ ᠤᠨᠲᠠᠷᠠᠭᠠᠬᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠰᠠᠨᠠᠯ︾ ︵ᠲᠢᠩᠬᠢᠮ ᠥᠰᠥᠭ ﹇2019﹈ 34 ᠳ᠋ᠤᠭᠡᠷ ᠲᠣᠭᠠᠲᠤ︶᠂ ︽ᠭᠠᠯ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇ | 2017﹈ 87 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠠᠳᠡᠯ ᠤᠨ | ᠬᠠᠷᠢᠭᠤᠴᠠᠯᠭ᠎ᠠ ᠶᠢᠨ ᠪᠠᠶᠢᠴᠠᠭᠠᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ | ᠲᠠᠷᠬᠠᠭᠠᠭᠰᠠᠨ ﹇2020﹈ 15 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ︵ | ᠥᠪᠥᠷ ᠵᠠᠰᠠᠭ ᠲᠠᠷᠬᠠᠭᠠᠭᠰᠠᠨ ﹇2020﹈ 29 ᠳ᠋ᠣᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠭᠠᠯ ᠤᠨ ᠭᠠᠮᠰᠢᠭ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ︽ᠰᠢᠨᠵᠢᠯᠡᠬᠦ | ᠤᠬᠠᠭᠠᠨᠴᠢ ᠴᠢᠩᠭ᠎ᠠ ᠬᠢᠨᠠᠮᠠᠭᠠᠢ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ︾ ᠵᠠᠷᠴᠢᠮ ᠢ ᠪᠠᠷᠢᠮᠲᠠᠯᠠᠵᠤ᠂ ᠠᠳᠡᠯ ᠤᠨ ᠡᠭᠦᠰᠦᠭᠰᠡᠨ ᠰᠢᠯᠲᠠᠭᠠᠨ ᠢ ᠵᠠᠳᠠᠯᠤᠨ | ᠡᠷᠢᠵᠦ᠂ ᠰᠤᠷᠭᠠᠮᠵᠢ ᠠᠪᠴᠤ᠂ ᠬᠠᠷᠢᠭᠤᠴᠠᠯᠭ᠎ᠠ ᠨᠡᠬᠡᠮᠵᠢᠯᠡᠵᠦ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ | ᠰᠠᠨᠠᠭᠤᠯᠭ᠎ᠠ ᠳᠤᠷᠠᠳᠬᠤ ᠬᠡᠷᠡᠭᠲᠡᠢ᠃ | ᠬᠤᠶᠠᠳᠤᠭᠠᠷ ᠪᠦᠯᠦᠭ ᠪᠠᠶᠢᠴᠠᠭᠠᠬᠤ ᠬᠡᠪᠴᠢᠶ᠎ᠡ ᠪᠠ ᠡᠷᠬᠡ ᠮᠡᠳᠡᠯ | ᠭᠤᠷᠪᠠᠳᠤᠭᠠᠷ ᠵᠦᠢᠯ ᠬᠥᠮᠦᠨ ᠠᠳᠡᠭᠰᠡᠨ ᠦᠭᠡᠢ ᠪᠤᠶᠤ ᠨᠡᠶᠢᠭᠡᠮ ᠳᠤ ᠨᠥᠯᠥᠭᠡ ᠦᠵᠡᠭᠦᠯᠦᠭᠰᠡᠨ ᠡᠩ ᠤᠨ | ᠭᠠᠯ ᠤᠨ ᠠᠶᠤᠯ ᠠᠳᠡᠯ ᠭᠠᠷᠪᠠᠯ᠂ ᠬᠤᠰᠢᠭᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ | ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠨᠡᠯᠢᠶᠡᠳ ᠶᠡᠭᠡ ᠭᠠᠯ ᠤᠨ ᠠᠶᠤᠯ ᠠᠳᠡᠯ ᠭᠠᠷᠪᠠᠯ᠂ | ᠠᠶᠢᠮᠠᠭ ᠤᠨ ᠵᠠᠬᠢᠷᠭ᠎ᠠ ᠠᠴᠠ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠬᠦᠨᠳᠦ | ᠨᠣᠴᠢᠲᠠᠢ ᠭᠠᠯ ᠤᠨ ᠠᠶᠤᠯ ᠠᠳᠡᠯ ᠭᠠᠷᠪᠠᠯ᠂ ᠠᠶᠢᠮᠠᠭ ᠤᠨ ᠵᠠᠬᠢᠷᠭ᠎ᠠ ᠠᠴᠠ ᠳᠡᠭᠡᠳᠦ ᠱᠠᠲᠤᠨ ᠤ ᠵᠠᠰᠠᠭ ᠤᠨ | ᠣᠷᠳᠣᠨ ᠤ ᠪᠠᠶᠢᠴᠠᠭᠠᠬᠤ ᠳᠤᠭᠤᠶᠢᠯᠠᠩ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠪᠠᠶᠢᠴᠠᠭᠠᠨ ᠰᠢᠢᠳᠪᠦᠷᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ︔ ᠬᠥᠮᠥᠨ ᠬᠠᠷ᠎ᠠ ᠦᠬᠦᠵᠦ ᠰᠢᠷᠬᠠᠲᠤᠭᠰᠠᠨ ᠦᠭᠡᠢ ᠡᠩ ᠤᠨ ᠭᠠᠯ ᠤᠨ ᠠᠶᠤᠯ | ᠠᠳᠡᠯ ᠢ ᠬᠤᠰᠢᠭᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠳᠠᠯ ᠢ ᠨᠢ ᠦᠵᠡᠵᠦ ᠪᠠᠶᠢᠴᠠᠭᠠᠬᠤ | ᠳᠤᠭᠤᠶᠢᠯᠠᠩ ᠪᠠᠶᠢᠭᠤᠯᠬᠤ ᠪᠠᠷ ᠲᠣᠭᠲᠠᠭᠠᠨ᠎ᠠ᠃ ᠠᠶᠢᠮᠠᠭ᠂ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠨᠢ | ᠠᠳᠠᠯᠢ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠡᠷᠬᠡ ᠣᠯᠭᠤᠨ ᠲᠦᠷᠦᠭᠦᠯᠡᠨ | ᠪᠠᠶᠢᠴᠠᠭᠠᠬᠤ ᠠᠵᠢᠯ ᠢ ᠬᠢᠯᠭᠡᠵᠦ ᠪᠣᠯᠤᠨ᠎ᠠ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠴᠢᠬᠤᠯᠠ ᠲᠠᠢ | ᠭᠡᠵᠦ ᠦᠵᠡᠪᠡᠯ ᠳᠡᠰ ᠳᠡᠪᠰᠢᠭᠦᠯᠦᠨ ᠪᠠᠶᠢᠴᠠᠭᠠᠵᠤ ᠪᠣᠯᠤᠨ᠎ᠠ᠃ | ᠳᠥᠷᠪᠡᠳᠦᠭᠡᠷ ᠵᠦᠢᠯ ᠲᠤᠰ ᠲᠣᠭᠲᠠᠭᠠᠯ ᠤᠨ ᠪᠠᠶᠢᠴᠠᠭᠠᠨ ᠰᠢᠢᠳᠪᠦᠷᠢᠯᠡᠬᠦ ᠬᠡᠪᠴᠢᠶᠡᠨ ᠳᠤ ᠳᠣᠣᠷᠠᠬᠢ | ᠠᠳᠡᠯ ᠤᠨ ᠪᠠᠶᠢᠳᠠᠯ ᠢ ᠪᠠᠭᠲᠠᠭᠠᠬᠤ ᠦᠭᠡᠢ᠄ | ︵ᠨᠢᠭᠡ︶ ᠭᠠᠯ ᠲᠠᠯᠪᠢᠬᠤ᠂ ᠠᠮᠢ ᠪᠠᠨ ᠬᠤᠣᠷᠯᠠᠬᠤ᠂ ᠭᠠᠯ ᠢᠶᠠᠷ ᠰᠢᠲᠠᠭᠠᠬᠤ ᠵᠡᠷᠭᠡ ᠵᠣᠷᠢᠭᠤᠲᠠ ᠦᠢᠯᠡ | ᠠᠵᠢᠯᠯᠠᠭ᠎ᠠ ᠠᠴᠠ ᠪᠣᠯᠵᠤ ᠣᠯᠠᠨ ᠨᠡᠶᠢᠲᠡ ᠶᠢᠨ ᠠᠮᠤᠷ ᠲᠥᠪᠰᠢᠨ ᠳᠤ ᠬᠤᠣᠷ ᠬᠥᠨᠥᠭᠡᠯ ᠤᠴᠠᠷᠠᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠣᠯᠭ᠎ᠠ ᠨᠢ ᠡᠷᠡᠭᠦᠦ ᠶᠢᠨ ᠬᠡᠷᠡᠭ ᠪᠤᠶᠤ ᠠᠮᠤᠷ ᠲᠥᠪᠰᠢᠨ ᠤ ᠬᠡᠷᠡᠭ ᠢ | ᠰᠢᠢᠳᠪᠦᠷᠢᠯᠡᠭᠰᠡᠨ ᠭᠠᠯ ᠤᠨ ᠠᠶᠤᠯ ᠪᠣᠯᠤᠭᠰᠠᠨ︔ | ︵ᠬᠤᠶᠠᠷ︶ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠠᠭᠤᠷᠬᠠᠢ ᠶᠢᠨ ᠬᠤᠳᠳᠤᠭ ᠤᠨ ᠭᠠᠵᠠᠷ | ᠳᠣᠣᠷᠠᠬᠢ ᠬᠡᠰᠡᠭ ᠵᠡᠷᠭᠡ ᠭᠠᠵᠠᠷ ᠲᠠᠯᠠᠪᠤᠷ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠡᠭᠦᠰᠦᠭᠰᠡᠨ ᠭᠠᠯ ᠤᠨ | ᠭᠠᠮᠰᠢᠭ︔ | ︵ᠭᠤᠷᠪᠠ︶ ᠮᠠᠰᠢᠨ ᠲᠡᠷᠭᠡ ᠨᠡᠪᠲᠡᠷᠡᠬᠦ ᠶᠠᠪᠤᠴᠠ ᠳᠤ᠂ ᠲᠡᠷᠭᠡ ᠮᠥᠷᠭᠦᠯᠳᠦᠬᠦ᠂ ᠱᠦᠷᠭᠦᠭᠡᠬᠦ᠂ | ᠤᠷᠪᠠᠭᠤᠯᠤᠭᠰᠠᠨ ᠠᠴᠠ ᠪᠣᠯᠵᠤ ᠰᠢᠭᠤᠳ ᠰᠢᠲᠠᠬᠤ ᠭᠠᠯ ᠤᠨ ᠭᠠᠮᠰᠢᠭ︔ | ︵ᠲᠦᠷᠪᠡ︶ ᠴᠡᠷᠢᠭ ᠤᠨ ᠶᠠᠪᠤᠳᠠᠯ ᠤᠨ ᠲᠥᠬᠦᠭᠡᠷᠦᠮᠵᠢ᠂ ᠣᠢ ᠰᠢᠭᠤᠢ᠂ ᠨᠤᠲᠤᠭ ᠪᠡᠯᠴᠢᠭᠡᠷ ᠤᠨ ᠭᠠᠯ ᠤᠨ | ᠠᠶᠤᠯ᠃ | ︵ᠲᠠᠪᠤ︶ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠤᠰᠤᠳ ᠬᠠᠮᠢᠶ᠎ᠠ ᠪᠦᠬᠦᠢ ᠲᠣᠭᠲᠠᠭᠠᠯ ᠳᠤ ᠲᠣᠬᠢᠷᠠᠬᠤ | ᠦᠭᠡᠢ ᠪᠠᠶᠢᠴᠠᠭᠠᠨ ᠰᠢᠢᠳᠪᠦᠷᠢᠯᠡᠬᠦ ᠪᠠᠶᠢᠳᠠᠯ᠃ | ᠭᠤᠷᠪᠠᠳᠤᠭᠠᠷ ᠪᠦᠯᠦᠭ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ | ᠲᠠᠪᠤᠳᠤᠭᠠᠷ ᠵᠦᠢᠯ ᠭᠠᠯ ᠤᠨ ᠠᠶᠤᠯ ᠠᠳᠡᠯ ᠭᠠᠷᠤᠭᠰᠠᠨ ᠤ ᠳᠠᠷᠠᠭ᠎ᠠ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠨᠤᠭᠤᠳ ᠭᠠᠯ ᠤᠨ ᠠᠶᠤᠯ ᠠᠳᠡᠯ ᠤᠨ ᠵᠡᠷᠭᠡ ᠲᠠᠰ ᠤᠨ ᠪᠠᠷᠢᠮᠵᠢᠶ᠎ᠠ ᠶᠢ ᠦᠨᠳᠦᠰᠦᠯᠡᠨ᠂ | ᠪᠠᠶᠢᠴᠠᠭᠠᠬᠤ ᠡᠷᠬᠡ ᠮᠡᠳᠡᠯ ᠲᠠᠢ ᠵᠠᠰᠠᠭ ᠤᠨ ᠣᠷᠳᠣᠨ ᠳᠤ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ | ᠪᠠᠶᠢᠭᠤᠯᠬᠤ ᠪᠠᠷ 3 ᠡᠳᠦᠷ ᠤᠨ ᠳᠣᠲᠣᠷ᠎ᠠ ᠳᠡᠪᠰᠢᠭᠦᠯᠬᠦ ᠬᠡᠷᠡᠭᠲᠡᠶ᠃ ᠪᠠᠶᠢᠴᠠᠭᠠᠬᠤ ᠡᠷᠬᠡ ᠮᠡᠳᠡᠯ ᠲᠠᠢ ᠵᠠᠰᠠᠭ ᠤᠨ | ᠣᠷᠳᠣᠨ ᠴᠠᠭ ᠲᠤᠬᠠᠶ ᠳᠤᠨᠢ ᠴᠤᠬᠤᠯᠠᠪᠤᠷᠢᠯᠠᠵᠤ᠂ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠶᠢ ᠲᠣᠭᠲᠠᠭᠠᠵᠤ᠂ ᠳᠤᠭᠤᠶᠢᠯᠠᠩ ᠤᠨ ᠳᠠᠷᠤᠭ᠎ᠠ ᠨᠢ ᠪᠠᠶᠢᠴᠠᠭᠠᠬᠤ ᠡᠷᠬᠡ ᠮᠡᠳᠡᠯ ᠲᠠᠢ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠪᠠᠷ ᠡᠭᠦᠷᠭᠡᠯᠡᠭᠦᠯᠬᠦ ᠪᠤᠶᠤ ᠬᠡᠷᠡᠭᠴᠡᠭᠡ ᠪᠠᠨ ᠦᠨᠳᠦᠰᠦᠯᠡᠨ ᠲᠤᠰ | ᠱᠠᠲᠤᠨ ᠤ ᠵᠠᠰᠠᠭ ᠤᠨ ᠣᠷᠳᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠳᠤ ᠨᠠᠶᠢᠳᠠᠵᠤ ᠡᠭᠦᠷᠭᠡᠯᠡᠭᠦᠯᠵᠦ ᠪᠣᠯᠤᠨ᠎ᠠ᠂ ᠪᠦᠷᠢᠯᠳᠦᠬᠦᠨ ᠨᠢ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ | ᠠᠵᠢᠯᠴᠢᠨ ᠤ ᠡᠪᠯᠡᠯ ᠠᠴᠠ ᠬᠥᠮᠦᠨ ᠲᠣᠮᠢᠯᠠᠨ ᠪᠦᠷᠢᠯᠳᠦᠭᠦᠯᠬᠦ ᠶᠢᠨ ᠬᠠᠮᠲᠤ ᠠᠳᠠᠯᠢ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢ ᠤᠷᠢᠵᠤ | ᠪᠠᠶᠢᠴᠠᠭᠠᠯᠲᠠ ᠳᠤ ᠣᠷᠣᠯᠴᠠᠭᠤᠯᠬᠤ ᠬᠡᠷᠡᠭᠲᠡᠶ᠂ ᠴᠢᠬᠤᠯᠠ ᠲᠠᠢ ᠦᠶ᠎ᠡ ᠳᠤ ᠬᠠᠮᠢᠶ᠎ᠠ ᠪᠦᠬᠦᠢ ᠲᠤᠰᠬᠠᠶ | ᠮᠡᠷᠭᠡᠵᠢᠯᠲᠡᠨ ᠢ ᠤᠷᠢᠵᠤ ᠪᠠᠶᠢᠴᠠᠭᠠᠯᠲᠠ ᠳᠤ ᠣᠷᠣᠯᠴᠠᠭᠤᠯᠵᠤ ᠪᠣᠯᠤᠨ᠎ᠠ᠃ | ᠵᠢᠷᠭᠤᠳᠤᠭᠠᠷ ᠵᠦᠢᠯ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠭᠠᠯ ᠤᠨ ᠭᠠᠮᠰᠢᠭ ᠤᠨ ᠡ᠊ᠨᠳᠡᠯ ᠭᠠᠷᠤᠭᠰᠠᠨ ᠥᠩᠭᠡᠷᠡᠯᠲᠡ᠂ ᠰᠢᠭᠤᠳ ᠰᠢᠯᠲᠠᠭᠠᠨ ᠪᠠ | ᠭᠠᠮᠰᠢᠭ ᠤᠨ ᠡᠭᠦᠰᠦᠭᠰᠡᠨ ᠰᠢᠯᠲᠠᠭᠠᠨ ᠢ ᠪᠠᠶᠢᠴᠠᠭᠠᠨ ᠲᠣᠳᠣᠷᠬᠠᠶᠢᠯᠠᠨ᠎ᠠ︔ | ︵ᠬᠤᠶᠠᠷ︶ ᠬᠥᠮᠦᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠢ ᠪᠦᠷᠢᠳᠬᠡᠵᠦ᠂ ᠠᠵᠤ ᠠᠬᠤᠶ ᠶᠢᠨ | ᠰᠢᠭᠤᠳ ᠬᠤᠬᠢᠷᠠᠯ ᠢ ᠬᠢᠨᠠᠨ ᠲᠣᠭᠲᠠᠭᠠᠨ᠎ᠠ᠃ | ︵ᠭᠤᠷᠪᠠ︶ ᠭᠠᠯ ᠤᠨ ᠠᠶᠤᠯ ᠤᠨ ᠰᠢᠨᠵᠢ ᠴᠢᠨᠠᠷ ᠪᠠ ᠭᠠᠯ ᠤᠨ ᠠᠶᠤᠯ ᠠᠳᠡᠯ ᠢ ᠮᠠᠭᠠᠳᠯᠠᠨ ᠲᠣᠭᠲᠠᠭᠠᠭᠰᠠᠨ | ᠬᠠᠷᠢᠭᠤᠴᠠᠯᠭ᠎ᠠ︔ | ︵ᠲᠦᠷᠪᠡ︶ ᠭᠠᠯ ᠤᠨ ᠭᠠᠮᠰᠢᠭ ᠤᠨ ᠠᠳᠡᠯ ᠤᠨ ᠬᠠᠷᠢᠭᠤᠴᠠᠯᠭ᠎ᠠ ᠲᠠᠢ ᠬᠥᠮᠦᠰ ᠢ ᠰᠢᠢᠳᠪᠦᠷᠢᠯᠡᠬᠦ ᠰᠠᠨᠠᠭᠤᠯᠭ᠎ᠠ | ᠳᠤᠷᠠᠳᠤᠨ᠎ᠠ︔ | ︵ᠲᠠᠪᠤ︶ ᠭᠠᠯ ᠤᠨ ᠠᠶᠤᠯ ᠠᠳᠡᠯ ᠤᠨ ᠰᠤᠷᠭᠠᠮᠵᠢ ᠶᠢ ᠳ᠋ᠦᠩᠨᠡᠵᠦ᠂ ᠰᠡᠷᠭᠡᠶᠢᠯᠡᠬᠦ ᠪᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠨ᠎ᠠ︔ | ︵ᠵᠢᠷᠭᠤᠭ᠎ᠠ︶ ᠭᠠᠯ ᠤᠨ ᠠᠶᠤᠯ ᠠᠳᠡᠯ ᠢ ᠪᠠᠶᠢᠴᠠᠭᠠᠭᠰᠠᠨ ᠮᠡᠳᠡᠭᠦᠯᠦᠯᠲᠡ ᠪᠠᠨ ᠪᠢᠴᠢᠵᠦ ᠳᠣᠰᠢᠶᠠᠨ᠎ᠠ᠃ | ᠳᠣᠯᠣᠳᠤᠭᠠᠷ ᠵᠦᠢᠯ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ | ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠭᠠᠯ ᠤᠨ ᠠᠶᠤᠯ ᠠᠳᠡᠯ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ | ᠬᠠᠷᠢᠭᠤᠴᠠᠵᠤ᠂ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠪᠣᠯᠤᠨ ᠬᠤᠭᠤᠴᠠᠭ᠎ᠠ ᠬᠢᠵᠠᠭᠠᠷ ᠶᠣᠰᠣᠭᠠᠷ ᠠᠳᠡᠯ ᠢ ᠪᠠᠶᠢᠴᠠᠭᠠᠬᠤ ᠠᠵᠢᠯ ᠢ | ᠪᠡᠶᠡᠯᠡᠭᠦᠯᠵᠦ᠂ ᠭᠤᠤᠯᠳᠠᠭᠤ ᠳᠣᠤᠷᠠᠬᠢ ᠮᠡᠲᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ | ︵ᠨᠢᠭᠡ︶ ᠠᠳᠡᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠴᠠᠭᠠᠬᠤ ᠴᠢᠭᠯᠡᠯ ᠪᠠ ᠭᠤᠤᠯᠳᠠᠯᠭ᠎ᠠ ᠶᠢ | ᠲᠣᠳᠣᠷᠬᠠᠶᠢᠯᠠᠵᠤ᠂ ᠡᠯ᠎ᠡ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠭᠲᠠᠭᠠᠨ᠎ᠠ | ︔ | ︵ᠬᠤᠶᠠᠷ︶ ᠭᠠᠯ ᠤᠨ ᠭᠠᠮᠰᠢᠭ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠢᠨᠠᠨ ᠵᠥᠪᠯᠡᠬᠦ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ | ᠪᠤᠶᠤ ᠴᠠᠭ ᠲᠤᠨᠢ ᠲᠤᠬᠢᠷᠠᠭᠤᠯᠤᠨ ᠪᠠᠶᠢᠳᠠᠯ ᠢ ᠮᠡᠳᠡᠭᠳᠡᠬᠦ ᠬᠤᠷᠠᠯ᠂ ᠳᠤᠭᠤᠶᠢᠯᠠᠩ ᠢ ᠵᠣᠯᠭᠠᠭᠤᠯᠬᠤ ᠬᠤᠷᠠᠯ ᠵᠢᠴᠢ | ᠴᠢᠬᠤᠯᠠ ᠶᠡᠭᠡ ᠵᠦᠢᠯᠡᠰ ᠤᠨ ᠶᠠᠷᠢᠯᠴᠠᠬᠤ ᠬᠤᠷᠠᠯ ᠵᠡᠷᠭᠡ ᠶᠢ ᠡᠷᠬᠢᠯᠡᠨ ᠬᠤᠷᠠᠯᠳᠤᠭᠤᠯᠤᠨ᠎ᠠ︔ | ︵ᠭᠤᠷᠪᠠ︶ ᠡᠯ᠎ᠡ ᠳᠤᠭᠤᠶᠢᠯᠠᠩ ᠤᠨ ᠵᠣᠬᠢᠴᠠᠯᠳᠤᠨ ᠬᠠᠮᠵᠢᠯᠴᠠᠬᠤ᠂ ᠲᠥᠯᠥᠪᠯᠡᠭᠡ ᠶᠣᠰᠣᠭᠠᠷ ᠪᠠᠶᠢᠴᠠᠭᠠᠬᠤ | ᠠᠵᠢᠯ ᠢ ᠥᠷᠨᠢᠭᠦᠯᠬᠦ ᠶᠢ ᠵᠢᠯᠣᠭᠤᠳᠬᠤ ᠪᠠ ᠰᠢᠮᠳᠠᠭᠤᠯᠤᠨ᠎ᠠ︔ | ︵ᠲᠦᠷᠪᠡ︶ ᠠᠳᠡᠯ ᠢ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | ︵ᠲᠠᠪᠤ︶ ᠬᠢᠨᠠᠨ ᠲᠣᠭᠲᠠᠭᠠᠵᠤ ᠭᠠᠷ ᠤᠨ ᠦᠰᠦᠭ ᠵᠢᠷᠤᠬᠤ ᠳᠤ ᠪᠠᠶᠢᠴᠠᠭᠠᠬᠤ ᠳᠤᠭᠤᠶᠢᠯᠠᠩ ᠢ ᠵᠣᠬᠢᠶᠠᠨ | ᠪᠠᠶᠢᠭᠤᠯᠬᠤ ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠴᠢᠬᠤᠯᠠᠲᠠᠢ ᠵᠦᠢᠯᠡᠰ᠂ ᠠᠳᠡᠯ ᠤᠨ | ᠪᠠᠶᠢᠴᠠᠭᠠᠯᠲᠠ ᠶᠢᠨ ᠠᠬᠢᠴᠠ ᠶᠢᠨ ᠮᠡᠳᠡᠭᠡ ᠵᠠᠩᠭᠢ ᠶᠢ ᠭᠠᠳᠠᠭᠰᠢ ᠨᠡᠶᠢᠲᠡᠯᠡᠬᠦ ᠵᠡᠷᠭᠡ ᠠᠭᠤᠯᠭ᠎ᠠ ᠶᠢ ᠬᠢᠨᠠᠨ | ᠳᠣᠭᠳᠠᠭᠠᠨ᠎ᠠ᠃ | ᠨᠠᠢᠮᠠᠳᠣᠭᠠᠷ ᠵᠦᠢᠯ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠨᠢ ᠪᠣᠳᠠᠲᠠᠶ ᠪᠠᠶᠢᠳᠠᠯ ᠪᠣᠯᠤᠨ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠮᠡᠷᠭᠡᠵᠢᠯ ᠤᠨ ᠳᠤᠭᠤᠶᠢᠯᠠᠩ᠂ ᠬᠠᠮᠢᠶᠠᠷᠤᠯᠲᠠ ᠶᠢᠨ ᠳᠤᠭᠤᠶᠢᠯᠠᠩ᠂ | ᠶᠡᠷᠦᠩᠬᠡᠶᠢᠯᠡᠭᠰᠡᠨ ᠳᠤᠭᠤᠶᠢᠯᠠᠩ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠪᠠᠶᠢᠴᠠᠭᠠᠬᠤ ᠳᠤᠭᠤᠶᠢᠯᠠᠩ ᠵᠡᠷᠭᠡ ᠠᠵᠢᠯᠯᠠᠬᠤ | ᠳᠤᠭᠤᠶᠢᠯᠠᠩ ᠪᠠᠶᠢᠭᠤᠯᠵᠤ ᠪᠣᠯᠤᠨ᠎ᠠ᠂ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠢ ᠭᠠᠯ ᠤᠨ ᠠᠶᠤᠯ | ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠳᠤ ᠬᠡᠷᠡᠭᠰᠡᠬᠦ ᠮᠡᠳᠡᠯᠭᠡ ᠪᠣᠯᠤᠨ ᠲᠤᠰᠬᠠᠶ ᠴᠢᠳᠠᠪᠤᠷᠢ ᠶᠢ | ᠪᠦᠷᠢᠯᠳᠦᠭᠦᠯᠬᠦ ᠬᠡᠷᠡᠭᠲᠡᠶ᠃ ᠪᠠᠶᠢᠴᠠᠭᠠᠬᠤ ᠳᠤᠭᠤᠶᠢᠯᠠᠩ ᠤᠨ ᠳᠣᠤᠷ᠎ᠠ ᠪᠠᠶᠢᠭᠤᠯᠤᠭᠰᠠᠨ ᠡᠯ᠎ᠡ ᠳᠤᠭᠤᠶᠢᠯᠠᠩ ᠵᠢᠴᠢ | ᠲᠡᠭᠦᠨ ᠤ ᠪᠦᠷᠢᠯᠳᠦᠬᠦᠨ ᠨᠢ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠤᠨ ᠲᠣᠬᠢᠷᠠᠭᠤᠯᠤᠯᠲᠠ ᠶᠢ | ᠳᠠᠭᠠᠵᠤ᠂ ᠨᠢᠭᠲᠠ ᠬᠠᠮᠵᠢᠯᠴᠠᠨ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠶᠢᠴᠠᠭᠠᠨ | ᠰᠢᠢᠳᠪᠦᠷᠢᠯᠡᠬᠦ ᠠᠵᠢᠯ ᠢ ᠬᠢᠨᠠᠮᠠᠭᠠᠶ ᠪᠡᠶᠡᠯᠡᠭᠦᠯᠬᠦ ᠬᠡᠷᠡᠭᠲᠡᠶ᠃ | ᠶᠢᠰᠦᠳᠦᠭᠡᠷ ᠵᠦᠢᠯ ᠮᠡᠷᠭᠡᠵᠢᠯ ᠤᠨ ᠳᠤᠭᠤᠶᠢᠯᠠᠩ ᠨᠢ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠ ᠬᠤᠯᠪᠣᠭᠳᠠᠯ | ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠢᠶᠠᠷ ᠪᠦᠷᠢᠯᠳᠦᠵᠦ᠂ | ᠳᠣᠣᠷᠠᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠨ᠎ᠡ᠄ | ︵ᠨᠢᠭᠡ︶ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠶᠡᠷᠦᠩᠬᠡᠢ ᠱᠠᠭᠠᠷᠳᠠᠯᠭ᠎ᠠ ᠶᠢ | ᠦᠨᠳᠦᠰᠦᠯᠡᠵᠦ᠂ ᠮᠡᠷᠭᠡᠵᠢᠯ ᠤᠨ ᠳᠤᠭᠤᠶᠢᠯᠠᠩ ᠤᠨ ᠪᠠᠶᠢᠴᠠᠭᠠᠬᠤ ᠠᠵᠢᠯ ᠤᠨ ᠲᠥᠰᠥᠯ ᠢ ᠲᠣᠭᠲᠠᠭᠠᠨ᠎ᠠ︔ | ︵ᠬᠤᠶᠠᠷ︶ ᠠᠳᠡᠯ ᠭᠠᠷᠤᠭᠰᠠᠨ ᠴᠠᠭ ᠬᠤᠭᠤᠴᠠᠭ᠎ᠠ᠂ ᠭᠠᠵᠠᠷ ᠣᠷᠣᠨ᠂ ᠦᠩᠭᠡᠷᠡᠵᠦ ᠰᠢᠷᠬᠠᠲᠤᠭᠰᠠᠨ | ᠬᠥᠮᠥᠨ ᠤ ᠲᠤᠭ᠎ᠠ ᠵᠢᠴᠢ ᠦᠬᠦᠵᠦ ᠰᠢᠷᠬᠠᠳᠤᠭᠰᠠᠨ ᠰᠢᠯᠲᠠᠭᠠᠨ ᠢ ᠪᠠᠶᠢᠴᠠᠭᠠᠨ ᠳᠣᠲᠣᠯᠠᠨ᠎ᠠ︔ | ︵ᠭᠤᠷᠪᠠ︶ ᠠᠳᠡᠯ ᠤᠨ ᠲᠤᠬᠠᠶ ᠶᠢᠨ ᠲᠠᠯᠠᠪᠤᠷ ᠢ ᠬᠠᠶᠢᠨ ᠪᠠᠶᠢᠴᠠᠭᠠᠬᠤ ᠶᠢ ᠬᠠᠷᠢᠭᠤᠴᠠᠵᠤ᠂ ᠠᠳᠡᠯ ᠤᠨ | ᠲᠤᠬᠠᠶ ᠶᠢᠨ ᠲᠠᠯᠠᠪᠤᠷ ᠤᠨ ᠬᠠᠮᠢᠶ᠎ᠠ ᠪᠥᠬᠦᠶ ᠭᠡᠷᠡᠴᠢ ᠪᠠᠷᠢᠮᠲᠠ ᠶᠢ ᠴᠤᠭᠯᠠᠭᠤᠯᠵᠤ᠂ ᠬᠠᠮᠢᠶ᠎ᠠ ᠪᠥᠬᠦᠶ ᠮᠡᠷᠭᠡᠵᠢᠯ ᠤᠨ | ᠬᠢᠨᠠᠨ ᠲᠣᠭᠲᠠᠭᠠᠯᠲᠠ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ᠂ ᠠᠳᠡᠯ ᠤᠨ | ᠰᠢᠯᠲᠠᠭᠠᠨ ᠢ ᠪᠠᠶᠢᠴᠠᠭᠠᠨ ᠲᠣᠳᠣᠷᠬᠠᠶᠢᠯᠠᠵᠤ᠂ ᠠᠳᠡᠯ ᠤᠨ ᠰᠢᠭᠤᠳ ᠠᠵᠤ ᠠᠬᠤᠶ ᠶᠢᠨ ᠬᠤᠬᠢᠷᠠᠯ ᠢ ᠪᠦᠷᠢᠳᠬᠡᠨ᠎ᠡ︔ | | ︵ᠲᠦᠷᠪᠡ︶ ᠠᠳᠡᠯ ᠤᠨ ᠰᠢᠨᠵᠢ ᠴᠢᠨᠠᠷ ᠢ ᠮᠠᠭᠠᠳᠯᠠᠨ ᠲᠣᠭᠲᠠᠭᠠᠬᠤ ᠠᠩᠬ᠎ᠠ ᠠᠯᠬᠤᠮ ᠤᠨ ᠰᠠᠨᠠᠯ ᠪᠠ ᠠᠳᠡᠯ ᠢ | ᠰᠡᠷᠭᠡᠶᠢᠯᠡᠬᠦ ᠮᠡᠷᠭᠡᠵᠢᠯ ᠤᠨ ᠴᠢᠨᠠᠷᠲᠠᠢ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠳᠣᠷᠠᠳᠣᠨ᠎ᠠ︔ | ︵ᠲᠠᠪᠤ︶ ᠮᠡᠷᠭᠡᠵᠢᠯ ᠤᠨ ᠳᠤᠭᠤᠶᠢᠯᠠᠩ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠢᠴᠢᠬᠦ ᠶᠢᠨ ᠬᠠᠮᠲᠤ ᠭᠠᠯ ᠤᠨ | ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠦᠪᠯᠡᠬᠦᠯᠦᠨᠡ︔ | ︵ᠵᠢᠷᠭᠤᠭ᠎ᠠ︶ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠠᠷᠪᠠᠳᠤᠭᠠᠷ ᠵᠦᠢᠯ ᠬᠠᠮᠢᠶᠠᠷᠤᠯᠲᠠ ᠶᠢᠨ ᠳᠤᠭᠤᠶᠢᠯᠠᠩ ᠨᠢ ᠪᠠᠶᠢᠴᠠᠭᠠᠬᠤ ᠡᠷᠬᠡ ᠮᠡᠳᠡᠯ ᠲᠠᠢ ᠵᠠᠰᠠᠭ ᠤᠨ | ᠣᠷᠳᠣᠨ ᠪᠠ ᠳᠣᠲᠣᠭᠠᠳᠤ ᠶᠢ ᠬᠠᠮᠠᠭᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ᠂ ᠬᠤᠯᠪᠣᠭᠳᠠᠯ ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠵᠡᠷᠭᠡ ᠠᠵᠢᠯᠲᠠᠨ ᠢᠶᠠᠷ ᠪᠦᠷᠢᠯᠳᠦᠵᠦ᠂ ᠭᠤᠣᠯᠳᠠᠭᠤ | ᠮᠡᠷᠭᠡᠵᠢᠯ ᠤᠨ ᠳᠤᠭᠤᠶᠢᠯᠠᠩ ᠠᠴᠠ ᠠᠳᠡᠯ ᠤᠨ ᠰᠢᠯᠲᠠᠭᠠᠨ ᠢ ᠪᠠᠶᠢᠴᠠᠭᠠᠨ ᠲᠣᠳᠣᠯᠠᠭᠰᠠᠨ ᠰᠠᠭᠤᠷᠢᠨ ᠳᠡᠭᠡᠷ᠎ᠡ᠂ | ᠠᠳᠡᠯ ᠤᠨ ᠬᠠᠮᠢᠶᠠᠷᠤᠯᠲᠠ ᠶᠢᠨ ᠲᠠᠯ᠎ᠠ ᠶᠢᠨ ᠰᠢᠯᠲᠠᠭᠠᠨ ᠢ ᠪᠠᠶᠢᠴᠠᠭᠠᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠪᠠ | ᠡᠭᠦᠷᠭᠡ ᠶᠢ ᠡᠭᠦᠷᠭᠡᠯᠡᠨ᠎ᠡ᠄ | ︵ᠨᠢᠭᠡ︶ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠶᠡᠷᠦᠩᠬᠡᠢ ᠱᠠᠭᠠᠷᠳᠠᠯᠭ᠎ᠠ ᠶᠢ | ᠦᠨᠳᠦᠰᠦᠯᠡᠵᠦ᠂ ᠬᠠᠮᠢᠶᠠᠷᠤᠯᠲᠠ ᠶᠢᠨ ᠳᠤᠭᠤᠶᠢᠯᠠᠩ ᠤᠨ ᠪᠠᠶᠢᠴᠠᠭᠠᠬᠤ ᠠᠵᠢᠯ ᠤᠨ ᠲᠥᠰᠥᠯ ᠢ ᠲᠣᠭᠲᠠᠭᠠᠨ᠎ᠠ︔ | ︵ᠬᠤᠶᠠᠷ︶ ᠠᠳᠡᠯ ᠭᠠᠷᠣᠠᠠᠰᠠᠨ ᠨᠢᠭᠡᠴᠡ ᠶᠢᠨ ᠦᠨᠳᠣᠰᠣᠡ ᠪᠠᠶᠢᠳᠠᠯ᠂ ᠬᠠᠮᠢᠶ᠎ᠠ ᠪᠦᠬᠦᠢ ᠬᠠᠮᠢᠶᠡᠷᠦᠯᠳᠡ ᠶᠢᠨ | ᠰᠠᠯᠠᠭ᠎ᠠ ᠮᠦᠴᠢᠷ ᠤᠨ ᠡᠬᠦᠷᠭᠡ ᠬᠠᠷᠢᠭᠤᠴᠠᠯᠭ᠎ᠠ ᠵᠢᠴᠢ ᠳᠡᠬᠦᠨ ᠤ ᠠᠵᠢᠯᠳᠡᠨ᠂ ᠠᠵᠢᠯ ᠤᠨ ᠪᠠᠶᠢᠷᠢ ᠶᠢᠨ | ᠠᠵᠢᠯᠳᠡᠡ ᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠪᠠᠶᠢᠴᠠᠭᠠᠨ ᠲᠣᠳᠣᠯᠠᠵᠦ᠂ ᠡ᠊ᠨᠳᠡᠯ ᠳᠤ | ᠬᠤᠯᠪᠤᠠᠠᠳ᠋ᠬᠠᠰᠠᠨ ᠵᠠᠰᠠᠭ ᠤᠨ ᠣᠷᠳᠣᠨ ᠤ ᠠᠮᠥᠷ ᠳᠥᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ | ᠪᠠᠶᠢᠳᠠᠯ ᠪᠠ ᠬᠢᠨᠡᠨ ᠬᠠᠮᠢᠶᠡᠷᠬᠤ ᠰᠠᠯᠠᠭ᠎ᠠ ᠮᠦᠴᠢᠷ ᠤᠨ ᠬᠠᠦᠯᠢ ᠭᠡᠷᠡᠭᠵᠢᠬᠦᠯᠵᠦ ᠬᠢᠨᠡᠨ ᠬᠠᠮᠢᠶᠡᠷᠬᠤ ᠡᠬᠦᠷᠭᠡ | ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠪᠠᠶᠢᠴᠠᠭᠠᠨ ᠲᠣᠳᠣᠯᠠᠵᠦ᠂ ᠬᠠᠮᠢᠶ᠎ᠠ ᠪᠦᠬᠦᠢ ᠨᠢᠭᠡᠴᠡ ᠪᠠ | ᠠᠵᠢᠯᠳᠡᠡ ᠤ ᠭᠡᠷᠩ ᠤᠨ ᠬᠠᠷᠢᠭᠤᠴᠠᠯᠭ᠎ᠠ ᠶᠢᠨ ᠪᠤᠳᠡᠳᠡᠢ ᠪᠠᠶᠢᠳᠠᠯ ᠢ ᠪᠠᠶᠢᠴᠠᠭᠠᠨ ᠲᠤᠳᠣᠯᠠᠵᠦ᠂ ᠬᠠᠮᠢᠶ᠎ᠠ ᠪᠦᠬᠦᠢ | ᠨᠢᠭᠡᠴᠡ ᠪᠠ ᠬᠠᠷᠢᠭᠤᠴᠠᠯᠭᠠᠳᠡᠡ ᠳᠤ ᠰᠢᠢᠳᠪᠦᠷᠢᠯᠡᠬᠦ ᠰᠠᠨᠠᠯ ᠲᠣᠷᠡᠳᠤᠨᠠ︔ | ︵ᠭᠤᠷᠪᠠ︶ ᠠᠳᠡᠯ ᠤᠨ ᠢᠯᠡᠷᠡᠭᠰᠡᠨ ᠬᠠᠮᠢᠶᠠᠷᠤᠯᠲᠠ ᠶᠢᠨ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ᠂ | ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠪᠠ ᠰᠡᠷᠭᠡᠶᠢᠯᠡᠬᠦ ᠠᠷᠭ᠎ᠠ ᠬᠡᠮᠵᠢᠶ᠎ᠡ ᠳᠤᠷᠠᠳᠤᠨ᠎ᠠ︔ | ︵ᠲᠦᠷᠪᠡ︶ ᠬᠠᠮᠢᠶᠠᠷᠤᠯᠲᠠ ᠶᠢᠨ ᠳᠤᠭᠤᠶᠢᠯᠠᠩ ᠤᠨ ᠪᠠᠶᠢᠴᠠᠭᠠᠭᠰᠠᠨ ᠮᠡᠳᠡᠭᠦᠯᠦᠯᠲᠡ ᠪᠢᠴᠢᠵᠦ ᠭᠠᠯ ᠤᠨ | ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠳᠤ ᠲᠤᠰᠢᠶᠠᠨ ᠬᠢᠨᠠᠨ ᠵᠦᠪᠯᠡᠬᠦᠯᠦᠨᠡ︔ | ︵ᠲᠠᠪᠤ︶ ᠠᠳᠡᠯ ᠭᠠᠷᠤᠭᠰᠠᠨ ᠤ ᠳᠠᠷᠠᠭᠠᠬᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠵᠢᠴᠢ ᠰᠢᠢᠳᠪᠦᠷᠢᠯᠡᠭᠰᠡᠨ ᠪᠠᠶᠢᠳᠠᠯ ᠢ ᠦᠨᠡᠯᠡᠨ ᠵᠢᠱᠢᠵᠦ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ | ᠂ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠡᠶᠡᠯᠡᠭᠦᠯᠦᠨ᠎ᠡ︔ | ︵ᠵᠢᠷᠭᠤᠭ᠎ᠠ︶ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠨᠢᠭᠡᠳᠦᠭᠡᠷ ᠵᠦᠢᠯ ᠶᠡᠷᠦᠩᠬᠡᠶᠢᠯᠡᠭᠰᠡᠨ ᠳᠤᠭᠤᠶᠢᠯᠠᠩ ᠨᠢ ᠪᠠᠶᠢᠴᠠᠭᠠᠬᠤ ᠡᠷᠬᠡ ᠮᠡᠳᠡᠯ ᠲᠠᠢ ᠵᠠᠰᠠᠭ ᠤᠨ | ᠣᠷᠳᠣᠨ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠠᠵᠢᠯᠲᠠᠨ ᠢᠶᠠᠷ ᠪᠦᠷᠢᠯᠳᠦᠵᠦ᠂ | ᠭᠤᠣᠯᠳᠠᠭᠤ ᠠᠳᠡᠯ ᠢ ᠪᠠᠶᠢᠴᠠᠭᠠᠬᠤ ᠠᠵᠢᠯ ᠢ ᠶᠡᠷᠦᠩᠬᠡᠶᠢᠯᠡᠨ ᠵᠣᠬᠢᠴᠠᠭᠤᠯᠬᠤ᠂ ᠮᠡᠳᠡᠭᠡ ᠵᠠᠩᠭᠢ ᠨᠡᠶᠢᠲᠡᠯᠡᠬᠦ᠂ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠵᠤ᠂ ᠳᠣᠣᠷᠠᠬᠢ ᠡᠭᠦᠷᠭᠡ ᠬᠠᠷᠢᠭᠤᠴᠠᠯᠭ᠎ᠠ ᠪᠠ | ᠡᠭᠦᠷᠭᠡ ᠶᠢ ᠡᠭᠦᠷᠭᠡᠯᠡᠨ᠎ᠡ᠄ | ︵ᠨᠢᠭᠡ︶ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠳᠡᠯ ᠢ ᠪᠠᠶᠢᠴᠠᠭᠠᠬᠤ ᠳᠤᠭᠤᠶᠢᠯᠠᠩ ᠤᠨ | ᠬᠠᠮᠢᠶ᠎ᠠ ᠪᠦᠬᠦᠢ ᠬᠤᠷᠠᠯ ᠢ ᠬᠤᠷᠠᠯᠳᠣᠭᠯᠣᠨᠠ︔ | ︵ᠬᠤᠶᠠᠷ︶ ᠬᠠᠮᠢᠶ᠎ᠠ ᠪᠥᠬᠦᠶ ᠮᠡᠳᠡᠭᠡ ᠵᠠᠩᠭᠢ ᠶᠢ ᠴᠤᠭᠯᠠᠭᠤᠯᠵᠤ᠂ ᠬᠤᠷᠢᠶᠠᠩᠭᠤᠶᠢᠯᠠᠬᠤ ᠪᠠ ᠰᠢᠢᠳᠪᠦᠷᠢᠯᠡᠨ᠎ᠡ︔ | | ︵ᠭᠤᠷᠪᠠ︶ ᠶᠡᠷᠦᠩᠬᠡᠶᠢᠯᠡᠨ ᠵᠣᠬᠢᠴᠠᠭᠤᠯᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠨ᠎ᠡ︔ | ︵ᠲᠦᠷᠪᠡ︶ ᠠᠳᠠᠯ ᠢ ᠪᠠᠶᠢᠴᠠᠭᠠᠬᠤ ᠮᠠᠲ᠋ᠧᠷᠢᠶᠠᠯ ᠢ ᠲᠣᠬᠢᠷᠠᠭᠤᠯᠬᠤ ᠪᠠ ᠬᠠᠳᠠᠭᠠᠯᠠᠨ᠎ᠠ᠃ | ︵ᠲᠠᠪᠤ︶ ᠠᠳᠡᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠤᠨ | ᠬᠤᠷᠢᠶᠠᠩᠭᠤᠶᠢᠯᠠᠨ᠎ᠠ︔ | ︵ᠵᠢᠷᠭᠤᠭ᠎ᠠ︶ ᠠᠲᠠᠯ ᠤᠨ ᠪᠠᠶᠢᠴᠠᠭᠠᠯᠲᠠ ᠶᠢᠨ ᠮᠠᠲᠠᠭᠦᠯᠣᠯᠲᠠ ᠪᠢᠴᠢᠵᠤ᠂ ᠭᠠᠯ ᠭᠠᠷᠣᠬᠰᠠᠨ ᠭᠡᠷᠡᠭ ᠢ | ᠪᠠᠶᠢᠴᠠᠭᠠᠬᠤ ᠳᠣᠭᠤᠢᠢᠯᠠᠩ ᠳᠤ ᠲᠠᠪᠰᠢᠭᠦᠯᠵᠤ ᠬᠢᠨᠠᠨ ᠶᠠᠷᠢᠯᠴᠠᠭᠤᠯᠣᠨᠠ︔ | ︵ᠳᠤᠯᠤᠭ᠎ᠠ︶ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠬᠠᠷᠢᠭᠤᠴᠠᠯᠭ᠎ᠠ ᠨᠡᠬᠡᠮᠵᠢᠯᠡᠬᠦ ᠪᠠᠶᠢᠴᠠᠭᠠᠯᠲᠠ ᠶᠢᠨ ᠳᠤᠭᠤᠶᠢᠯᠠᠩ ᠨᠢ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠣᠯᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ | ᠠᠵᠢᠯᠲᠠᠨ ᠢᠶᠠᠷ ᠪᠦᠷᠢᠯᠳᠦᠵᠦ᠂ ᠭᠤᠤᠯᠳᠠᠭᠤ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠯᠪᠠᠨ ᠲᠤᠰᠢᠶᠠᠯᠲᠠᠨ ᠳᠤ ᠬᠤᠯᠪᠣᠭᠳᠠᠬᠤ ᠪᠠᠶᠢᠴᠠᠭᠠᠯᠲᠠ ᠶᠢᠨ | ᠬᠦᠷᠢᠶ᠎ᠡ ᠬᠡᠪᠴᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ᠂ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠠᠯᠪᠠᠨ ᠲᠤᠰᠢᠶᠠᠯᠲᠠᠨ ᠤ ᠭᠠᠯ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠬᠢ ᠰᠠᠬᠢᠯᠭ᠎ᠠ ᠪᠠᠲᠤ ᠠᠴᠠ ᠵᠥᠷᠢᠴᠡᠭᠰᠡᠨ᠂ | ᠲᠤᠰᠢᠶᠠᠯ ᠤᠨ ᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠶᠢᠬᠤ ᠡᠰᠡᠬᠦ ᠵᠡᠷᠭᠡ ᠠᠵᠢᠯᠯᠠᠭ᠎ᠠ ᠶᠢ | ᠪᠠᠶᠢᠴᠠᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠳᠤᠮᠳᠠ ᠮᠡᠷᠭᠡᠵᠢᠯ ᠤᠨ | ᠬᠢᠨᠠᠨ ᠲᠣᠭᠲᠠᠭᠠᠯᠲᠠ ᠪᠤᠶᠤ ᠬᠠᠶᠢᠨ ᠰᠢᠯᠭᠠᠯᠲᠠ᠂ ᠪᠠᠶᠢᠴᠠᠭᠠᠨ ᠬᠡᠮᠵᠢᠯᠲᠡ᠂ ᠲᠤᠷᠰᠢᠯᠲᠠ ᠬᠢᠬᠦ ᠴᠢᠬᠤᠯᠠ ᠲᠠᠢ ᠪᠣᠯ | ᠪᠠᠶᠢᠴᠠᠭᠠᠬᠤ ᠳᠤᠭᠤᠶᠢᠯᠠᠩ ᠨᠢ ᠤᠯᠤᠰ ᠠᠴᠠ ᠲᠣᠭᠲᠠᠭᠠᠭᠰᠠᠨ ᠬᠢᠷᠢ ᠭᠡᠮ ᠲᠠᠢ ᠨᠢᠭᠡᠴᠡ ᠪᠤᠶᠤ ᠰᠢᠭᠤᠳ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠡᠷᠭᠡᠵᠢᠯ ᠤᠨ ᠬᠢᠨᠠᠨ ᠲᠣᠭᠲᠠᠭᠠᠯᠲᠠ᠂ ᠬᠠᠶᠢᠨ ᠰᠢᠯᠭᠠᠯᠲᠠ᠂ ᠪᠠᠶᠢᠴᠠᠭᠠᠨ | ᠬᠡᠮᠵᠢᠯᠲᠡ᠂ ᠲᠤᠷᠰᠢᠯᠲᠠ ᠬᠢᠵᠦ ᠪᠣᠯᠤᠨ᠎ᠠ᠂ ᠬᠠᠮᠢᠶ᠎ᠠ ᠪᠦᠬᠦᠢ ᠨᠢᠭᠡᠴᠡ᠂ ᠲᠤᠰᠬᠠᠶ ᠮᠡᠷᠭᠡᠵᠢᠯᠲᠡᠨ ᠠᠴᠠ | ᠮᠡᠷᠭᠡᠵᠢᠯ ᠤᠨ ᠬᠢᠨᠠᠨ ᠲᠣᠭᠲᠠᠭᠠᠯᠲᠠ ᠪᠤᠶᠤ ᠬᠠᠶᠢᠨ ᠰᠢᠯᠭᠠᠯᠲᠠ᠂ ᠪᠠᠶᠢᠴᠠᠭᠠᠨ ᠬᠡᠮᠵᠢᠯᠲᠡ᠂ ᠲᠤᠷᠰᠢᠯᠲᠠ ᠶᠢᠨ | ᠳ᠋ᠦᠩᠨᠡᠯᠲᠡ ᠭᠠᠷᠭᠠᠬᠤ ᠶᠢᠨ ᠬᠠᠮᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠭᠠᠯ ᠤᠨ ᠭᠠᠮᠰᠢᠭ ᠤᠨ ᠠᠳᠡᠯ ᠤᠨ ᠪᠠᠶᠢᠴᠠᠭᠠᠯᠲᠠ ᠶᠢᠨ ᠳᠤᠮᠳᠠ ᠬᠤᠯᠪᠣᠭᠳᠠᠯ | ᠪᠦᠬᠦᠢ ᠨᠢᠭᠡᠴᠡ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠭᠠᠯ ᠤᠨ ᠭᠠᠮᠰᠢᠭ ᠤᠨ ᠠᠳᠡᠯ ᠤᠨ ᠡᠭᠦᠰᠦᠭᠰᠡᠨ ᠲᠠᠯ᠎ᠠ ᠳᠤ | ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠬᠠᠤᠯᠢ ᠠᠴᠠ ᠵᠥᠷᠢᠴᠡᠭᠰᠡᠨ ᠪᠤᠶᠤ ᠶᠠᠯ᠎ᠠ ᠬᠢᠭᠰᠡᠨ | ᠠᠰᠠᠭᠤᠳᠠᠯ ᠤᠨ ᠰᠦᠪᠡᠭᠴᠢ ᠪᠠᠷ ᠰᠡᠵᠢᠭᠯᠡᠭᠳᠡᠭᠰᠡᠨ ᠪᠠᠶᠢᠪᠠᠯ᠂ ᠭᠠᠯ ᠤᠨ ᠭᠠᠮᠰᠢᠭ ᠤᠨ ᠠᠳᠡᠯ ᠢ ᠪᠠᠶᠢᠴᠠᠭᠠᠬᠤ | ᠳᠤᠭᠤᠶᠢᠯᠠᠩ ᠨᠢ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠺᠠᠳ᠋ᠷ ᠤᠨ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠣᠬᠢᠴᠠᠩᠭᠤᠶ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠣᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠳᠣᠣᠷᠠᠬᠢ ᠪᠠᠶᠢᠳᠠᠯ ᠤᠳ ᠤᠨ | ᠨᠢᠬᠡ ᠨᠢ ᠪᠠᠶᠢᠪᠠᠯ ᠰᠠᠨᠠᠭᠠᠴᠢᠯᠠᠭ᠎ᠠ ᠠᠴᠠ ᠪᠠᠨ ᠵᠶᠢᠯᠠᠬᠤ ᠬᠡᠷᠡᠭᠲᠡᠢ : | ︵ᠨᠢᠭᠡ︶ ᠭᠠᠯ ᠤᠨ ᠭᠠᠮᠰᠢᠭ ᠤᠨ ᠡ᠊ᠨᠳᠡᠯ ᠤᠨ ᠲᠣᠬᠠᠢ ᠶᠢᠨ ᠬᠦᠮᠦᠨ ᠪᠣᠶᠣ ᠲᠣᠬᠠᠢ ᠶᠢᠨ ᠬᠦᠮᠦᠨ ᠤ ᠦᠢᠷ᠎ᠠ | ᠲᠦᠷᠦᠯ ᠰᠠᠳᠣᠨ︔ | ︵ᠬᠤᠶᠠᠷ︶ ᠲᠤᠰ ᠬᠥᠮᠦᠨ ᠪᠤᠶᠤ ᠣᠶᠢᠷ᠎ᠠ ᠲᠥᠷᠥᠯ ᠰᠠᠳᠤᠨ ᠨᠢ ᠠᠳᠡᠯ ᠲᠠᠢ ᠠᠰᠢᠭ ᠬᠤᠣᠷ ᠤᠨ | ᠬᠠᠷᠢᠴᠠᠭ᠎ᠠ ᠲᠠᠢ︔ | ︵ᠭᠤᠷᠪᠠ︶ ᠭᠠᠯ ᠤᠨ ᠠᠶᠤᠯ ᠠᠳᠡᠯ ᠤᠨ ᠲᠤᠬᠠᠶᠢᠲᠠᠶ ᠬᠥᠮᠦᠨ ᠯᠦᠭᠡ ᠬᠠᠷᠢᠴᠠᠭ᠎ᠠ ᠨᠢ ᠨᠢᠭᠲᠠ᠂ | ᠵᠥᠷᠢᠴᠡᠯ ᠲᠠᠢ᠂ ᠵᠢᠭᠤᠷᠠᠯᠳᠤᠭᠠᠨ ᠪᠤᠶᠤ ᠠᠪᠴᠠᠭ᠎ᠠ ᠥᠭᠴᠡᠭᠡ ᠶᠢᠨ ᠬᠠᠷᠢᠴᠠᠭ᠎ᠠ ᠲᠠᠢ᠂ ᠠᠳᠡᠯ ᠤᠨ ᠭᠤᠤᠯᠴᠢ ᠪᠠᠷ | ᠪᠠᠶᠢᠴᠠᠭᠠᠬᠤ ᠶᠢ ᠨᠥᠯᠥᠭᠡᠯᠡᠵᠦ ᠮᠡᠳᠡᠬᠦ᠃ | ᠠᠷᠪᠠᠨ ᠵᠢᠷᠭᠤᠳᠤᠭᠠᠷ ᠵᠦᠢᠯ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠤᠨ ᠬᠡᠷᠡᠭᠰᠡᠬᠦ ᠵᠠᠷᠤᠳᠠᠯ ᠢ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠪᠠᠲᠤᠯᠠᠵᠤ᠂ ᠭᠠᠯ ᠤᠨ ᠠᠶᠤᠯ ᠠᠳᠡᠯ ᠤᠨ ᠪᠠᠶᠢᠴᠠᠭᠠᠯᠲᠠ ᠳᠤ | ᠣᠷᠣᠯᠴᠠᠬᠤ ᠰᠠᠯᠠᠭ᠎ᠠ ᠮᠥᠴᠢᠷ ᠪᠣᠯᠤᠨ ᠨᠢᠭᠡᠴᠡ ᠨᠢ ᠬᠥᠮᠦᠨ ᠲᠣᠮᠢᠯᠠᠨ ᠠᠳᠡᠯ ᠤᠨ ᠪᠠᠶᠢᠴᠠᠭᠠᠯᠲᠠ ᠶᠢᠨ ᠠᠵᠢᠯ ᠳᠤ | ᠣᠷᠣᠯᠴᠠᠬᠤ ᠳᠤ ᠬᠡᠷᠡᠭᠰᠡᠬᠦ ᠵᠠᠮ ᠬᠠᠷᠢᠯᠴᠠᠭᠠᠨ ᠤ ᠪᠠᠭᠠᠵᠢ᠂ ᠴᠢᠮᠡᠭᠡ ᠬᠤᠯᠪᠣᠭ᠎ᠠ ᠪᠣᠯᠤᠨ ᠮᠡᠷᠭᠡᠵᠢᠯ ᠤᠨ | ᠲᠥᠬᠦᠭᠡᠷᠦᠮᠵᠢ ᠶᠢ ᠪᠠᠲᠤᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠠᠷ | ᠠᠳᠡᠯ ᠢ ᠪᠠᠶᠢᠴᠠᠭᠠᠬᠤ ᠠᠵᠢᠯ ᠤᠨ ᠳᠤᠮᠳᠠ᠂ ᠠᠳᠡᠯ ᠢ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ | ᠵᠥᠪᠰᠢᠶᠡᠷᠡᠯ ᠢ ᠣᠯᠤᠭᠰᠠᠨ ᠦᠭᠡᠶ ᠪᠣᠯ ᠠᠳᠡᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠳᠤᠷ᠎ᠠ ᠪᠠᠷ ᠢᠶᠠᠨ | ᠨᠡᠶᠢᠲᠡᠯᠡᠵᠦ ᠪᠣᠯᠬᠤ ᠦᠭᠡᠶ᠃ | ᠳᠥᠷᠪᠡᠳᠦᠭᠡᠷ ᠪᠦᠯᠦᠭ ᠪᠠᠶᠢᠴᠠᠭᠠᠬᠤ ᠠᠭᠤᠯᠭ᠎ᠠ | ᠠᠷᠪᠠᠨ ᠨᠠᠢᠮᠠᠳᠣᠭᠠᠷ ᠵᠦᠢᠯ ᠭᠠᠯ ᠲᠦᠢᠮᠡᠷ ᠤᠨ ᠠᠳᠡᠯ ᠤᠨ ᠭᠠᠯ ᠭᠠᠷᠤᠭᠰᠠᠨ ᠰᠢᠯᠲᠠᠭᠠᠨ ᠢ ᠪᠠᠶᠢᠴᠠᠭᠠᠬᠤ᠃ | ᠭᠠᠯ ᠤᠨ ᠭᠠᠮᠰᠢᠭ ᠤᠨ ᠲᠣᠬᠠᠢ ᠶᠢᠨ ᠳᠡᠯᠡᠪᠡᠢ ᠶᠢ ᠬᠠᠶᠢᠨ ᠰᠢᠨᠵᠢᠬᠦ᠂ ᠪᠠᠶᠢᠴᠠᠭᠠᠨ ᠯᠠᠪᠯᠠᠬᠤ ᠵᠢᠴᠢ ᠪᠤᠳᠡᠰ ᠤᠨ | ᠭᠡᠷᠡᠴᠢ ᠶᠢ ᠬᠢᠨᠡᠨ ᠲᠣᠠᠠᠳᠠᠭᠠᠬᠤ ᠵᠡᠷᠭᠡ ᠳᠡᠯ᠎ᠠ ᠶᠢᠨ ᠰᠠᠭᠤᠷᠢᠨ ᠳᠡᠭᠡᠷ᠎ᠠ᠂ ᠶᠡᠷᠦᠩᠭᠡᠶᠢᠯᠡᠨ ᠵᠠᠳᠡᠯᠥᠯᠳᠡ ᠬᠢᠵᠦ᠂ | ᠭᠠᠯ ᠤᠨ ᠭᠠᠮᠰᠢᠭ ᠤᠨ ᠰᠢᠯᠳᠠᠭᠠᠨ ᠢ ᠮᠠᠭᠠᠳᠯᠠᠨ ᠲᠣᠠᠠᠳᠠᠭᠠᠠᠠᠰᠠᠨ ᠳ᠋ᠦᠩᠨᠡᠯᠳᠡ ᠶᠢ ᠰᠢᠨᠵᠢᠯᠡᠬᠦ ᠣᠬᠠᠭᠠᠨᠴᠢ ᠪᠠᠷ ᠬᠢᠬᠦ | ᠬᠡᠷᠡᠭᠲᠡᠢ᠃ | ᠠᠷᠪᠠᠨ ᠶᠢᠰᠦᠳᠦᠭᠡᠷ ᠵᠦᠢᠯ ᠭᠠᠯ ᠲᠦᠢᠮᠡᠷ ᠤᠨ ᠠᠳᠡᠯ ᠤᠨ ᠭᠠᠮᠰᠢᠭ ᠤᠨ ᠰᠢᠯᠲᠠᠭᠠᠨ ᠢ ᠪᠠᠶᠢᠴᠠᠭᠠᠬᠤ᠃ ᠭᠠᠯ | ᠭᠠᠷᠤᠭᠰᠠᠨ ᠰᠢᠯᠲᠠᠭᠠᠨ ᠢ ᠪᠠᠶᠢᠴᠠᠭᠠᠨ ᠲᠣᠳᠣᠯᠠᠭᠰᠠᠨ ᠰᠠᠭᠤᠷᠢᠨ ᠳᠡᠭᠡᠷ᠎ᠡ᠂ ᠭᠠᠯ ᠤᠨ ᠠᠶᠤᠯ ᠢ ᠳᠡᠯᠭᠡᠷᠡᠭᠦᠯᠦᠭᠰᠡᠨ᠂ | ᠡᠵᠡᠮᠳᠡᠯ ᠢᠶᠠᠨ ᠠᠯᠳᠠᠭᠰᠠᠨ ᠪᠡᠶᠡᠴᠢ ᠪᠠ ᠪᠤᠰᠤᠳᠴᠢ ᠬᠦᠴᠦᠨ ᠵᠦᠢᠯ ᠢ ᠡᠷᠢᠵᠦ ᠵᠠᠳᠠᠯᠤᠭᠰᠠᠨ ᠪᠠᠶᠢᠬᠤ ᠬᠡᠷᠡᠭᠲᠡᠢ᠃ | ᠭᠠᠯ ᠤᠨ ᠠᠶᠤᠯ ᠭᠠᠷᠤᠭᠰᠠᠨ ᠰᠢᠯᠲᠠᠭᠠᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠬᠤᠯᠪᠣᠭᠳᠠᠯ ᠪᠦᠬᠦᠢ | ᠬᠦᠴᠦᠨ ᠵᠦᠢᠯ ᠳᠤ ᠭᠦᠨᠵᠡᠭᠡᠢ ᠪᠠᠶᠢᠴᠠᠭᠠᠯᠲᠠ ᠬᠢᠵᠦ᠂ ᠭᠠᠯ ᠤᠨ ᠠᠶᠤᠯ ᠤᠨ ᠲᠦᠭᠰᠢᠭᠦᠷᠢ᠂ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠳᠤᠲᠠᠭᠳᠠᠯ ᠵᠢᠴᠢ ᠪᠠᠭᠤᠷᠠᠢ ᠭᠤᠭᠴᠤᠭ᠎ᠠ ᠶᠢ ᠵᠠᠳᠠᠯᠤᠨ ᠡᠷᠢᠵᠦ᠂ | ᠬᠠᠨᠳᠤᠯᠭᠠᠲᠤ ᠴᠢᠨᠠᠷᠲᠠᠢ ᠪᠠᠷ ᠬᠠᠯᠠᠨ ᠰᠠᠶᠢᠵᠢᠷᠠᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠳᠣᠷᠠᠳᠣᠨ᠎ᠠ᠃ | ᠬᠤᠷᠢᠳᠤᠭᠠᠷ ᠵᠦᠢᠯ ᠭᠠᠯ ᠲᠦᠢᠮᠡᠷ ᠤᠨ ᠠᠳᠡᠯ ᠢ ᠪᠠᠶᠢᠴᠠᠭᠠᠬᠤ ᠡᠯ᠎ᠡ ᠲᠠᠯ᠎ᠠ ᠶᠢᠨ ᠬᠠᠷᠢᠭᠤᠴᠠᠯᠭ᠎ᠠ᠃ ᠭᠠᠯ ᠤᠨ | ᠠᠶᠤᠯ ᠭᠠᠷᠤᠭᠰᠠᠨ ᠰᠢᠯᠲᠠᠭᠠᠨ ᠪᠣᠯᠤᠨ ᠭᠠᠯ ᠤᠨ ᠠᠶᠤᠯ ᠢ ᠥᠷᠭᠡᠳᠬᠡᠭᠰᠡᠨ ᠰᠢᠯᠲᠠᠭᠠᠨ ᠤ ᠲᠣᠭᠤᠷᠢᠨ ᠳᠤ᠂ | ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠳᠤ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ | ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠨ ᠲᠣᠳᠣᠯᠠᠵᠤ᠂ ᠭᠠᠯ ᠤᠨ ᠠᠶᠤᠯ ᠠᠳᠡᠯ ᠤᠨ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠵᠠᠳᠠᠯᠤᠨ ᠲᠣᠳᠣᠷᠬᠠᠶᠢᠯᠠᠨ᠎ᠠ᠃ | ︵ᠨᠢᠭᠡ︶ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠪᠠᠶᠢᠴᠠᠭᠠᠨ᠎ᠠ᠃ ᠭᠠᠯ ᠤᠨ ᠠᠶᠤᠯ ᠡᠭᠦᠰᠭᠡᠭᠰᠡᠨ | ᠭᠠᠯ ᠤᠨ ᠡᠬᠢ ᠰᠤᠷᠪᠤᠯᠵᠢ᠂ ᠰᠢᠲᠠᠮᠠᠬᠠᠶ ᠪᠣᠳᠠᠰ᠂ ᠳᠡᠯᠭᠡᠷᠡᠬᠦ ᠵᠠᠮ ᠪᠠ ᠬᠥᠮᠦᠨ ᠬᠠᠷ᠎ᠠ ᠦᠬᠦᠵᠦ ᠰᠢᠷᠬᠠᠲᠤᠬᠤ | ᠵᠡᠷᠭᠡ ᠬᠦᠴᠦᠨ ᠵᠦᠢᠯ ᠤᠨ ᠲᠣᠭᠤᠷᠢᠨ ᠳᠤ᠂ ᠭᠠᠯ ᠤᠨᠲᠠᠷᠠᠭᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ | ᠲᠦᠪᠰᠢᠨ ᠤ ᠠᠮᠠᠯᠠᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠠᠵᠢᠯᠲᠠᠨ ᠠᠵᠢᠯᠴᠢᠨ ᠤ ᠭᠠᠯ ᠤᠨᠲᠠᠷᠠᠭᠠᠬᠤ | ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠥᠮᠦᠵᠢᠯ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠢ | ᠲᠣᠭᠲᠠᠭᠠᠨ ᠨᠠᠶᠢᠳᠠᠪᠤᠷᠢᠵᠢᠭᠤᠯᠬᠤ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠵᠢᠯᠯᠠᠭᠤᠯᠬᠤ᠂ ᠭᠠᠯ | ᠤᠨᠲᠠᠷᠠᠭᠠᠬᠤ ᠡᠵᠡᠮᠰᠢᠯ ᠤᠨ ᠲᠠᠰᠤᠭ ᠤᠨ ᠵᠢᠵᠢᠭᠦᠷᠯᠡᠭᠴᠢ ᠶᠢᠨ ᠦᠨᠡᠮᠯᠡᠯ ᠲᠠᠢ ᠠᠵᠢᠯ ᠤᠨ ᠪᠠᠶᠢᠷᠢ ᠳᠤ ᠭᠠᠷᠬᠤ ᠵᠢᠴᠢ | ᠨᠢᠰᠬᠡᠯ ᠢᠶᠠᠷ ᠰᠢᠢᠳᠪᠦᠷᠢᠯᠡᠬᠦ᠂ ᠠᠮᠤᠷ ᠲᠦᠪᠰᠢᠨ ᠢᠶᠠᠷ ᠲᠠᠷᠬᠠᠭᠠᠬᠤ ᠪᠡᠯᠡᠳᠬᠡᠮᠵᠢ ᠶᠢᠨ ᠬᠠᠮᠢᠶᠠᠷᠤᠯᠲᠠ᠂ ᠭᠠᠯ | ᠬᠡᠷᠡᠭᠯᠡᠬᠦ ᠪᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠲᠣᠭᠤᠷᠢᠨ ᠪᠠᠶᠢᠴᠠᠭᠠᠯᠲᠠ᠂ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ | ᠰᠣᠷᠢᠯᠲᠠ ᠪᠠ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠭᠠᠯ ᠤᠨ ᠠᠶᠤᠯ ᠢ ᠰᠢᠢᠳᠪᠦᠷᠢᠯᠡᠬᠦ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠭᠠᠯ ᠤᠨᠲᠠᠷᠠᠭᠠᠬᠤ ᠲᠠᠯᠠᠪᠤᠷ | ᠭᠠᠵᠠᠷ ᠤᠨ ᠬᠡᠷᠡᠭᠯᠡᠯᠲᠡ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢᠭᠡᠳ ᠨᠢᠭᠡ ᠪᠠᠷ | ᠪᠠᠶᠢᠴᠠᠭᠠᠨ ᠳᠣᠳᠣᠯᠠᠨᠠ︔ | ︵ᠬᠤᠶᠠᠷ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠠᠶᠢᠴᠠᠭᠠᠨ᠎ᠠ᠃ ᠭᠠᠯ | ᠭᠠᠷᠤᠭᠰᠠᠨ ᠭᠠᠵᠠᠷ ᠲᠠᠯᠠᠪᠤᠷ ᠲᠤ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠵᠢᠷᠤᠭ ᠢ ᠬᠢᠨᠠᠨ | ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ | ᠭᠤᠭᠴᠤᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠬᠠᠮᠢᠶ᠎ᠠ ᠪᠦᠬᠦᠢ ᠨᠢᠭᠡᠴᠡ ᠪᠠ ᠬᠤᠪᠢ ᠬᠥᠮᠦᠨ ᠭᠠᠯ ᠤᠨᠲᠠᠷᠠᠭᠠᠬᠤ | ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠢᠷᠤᠵᠤ ᠲᠥᠯᠥᠪᠯᠡᠬᠦ᠂ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ | ᠪᠠᠷᠢᠬᠤ᠂ ᠬᠢᠨᠠᠨ ᠬᠠᠮᠢᠶᠠᠷᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠠᠪᠤᠳᠠᠯ ᠣᠷᠣᠰᠢᠵᠤ ᠪᠠᠶᠢᠬᠤ ᠡᠰᠡᠬᠦ | ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠭᠠᠯ ᠤᠨ ᠠᠶᠤᠯ ᠡᠭᠦᠰᠦᠭᠰᠡᠨ᠂ ᠥᠷᠭᠡᠵᠢᠨ ᠥᠷᠭᠡᠳᠬᠡᠭᠰᠡᠨ | ᠪᠠ ᠬᠥᠮᠦᠨ ᠬᠠᠷ᠎ᠠ ᠦᠬᠦᠵᠦ ᠰᠢᠷᠬᠠᠳᠤᠬᠤ ᠳᠤ ᠬᠤᠯᠪᠣᠭᠳᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯᠯᠠᠵᠤ ᠪᠠᠶᠢᠭ᠎ᠠ ᠬᠥᠮᠦᠰ ᠤᠨ ᠬᠤᠪᠢ ᠶᠢᠨ ᠬᠠᠷᠢᠭᠤᠴᠠᠯᠭ᠎ᠠ ᠶᠢ | ᠪᠠᠶᠢᠴᠠᠭᠠᠨ ᠲᠤᠳᠤᠯᠠᠨ᠎ᠠ︔ | ︵ᠭᠤᠷᠪᠠ︶ ᠵᠠᠭᠤᠴᠢ ᠦᠢᠯᠡᠴᠢᠯᠡᠭᠡᠨ ᠤ ᠬᠠᠷᠢᠭᠤᠴᠠᠯᠭ᠎ᠠ ᠶᠢ ᠪᠠᠶᠢᠴᠠᠭᠠᠨ᠎ᠠ᠃ ᠭᠠᠯ ᠭᠠᠷᠤᠭᠰᠠᠨ ᠭᠠᠵᠠᠷ | ᠲᠠᠯᠠᠪᠤᠷ ᠲᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠵᠢᠷᠤᠭ ᠤᠨ ᠮᠡᠷᠭᠡᠵᠢᠯ ᠢ ᠬᠢᠨᠠᠨ ᠪᠠᠶᠢᠴᠠᠭᠠᠬᠤ᠂ ᠭᠠᠯ | ᠤᠨᠲᠠᠷᠠᠭᠠᠬᠤ ᠶᠢ ᠰᠢᠯᠭᠠᠨ ᠠᠪᠬᠤ᠂ ᠲᠤᠬᠠᠶ ᠶᠢᠨ ᠲᠠᠯᠠᠪᠠᠶ ᠶᠢ ᠰᠢᠯᠭᠠᠨ ᠲᠣᠭᠲᠠᠭᠠᠬᠤ᠂ ᠭᠠᠯ ᠤᠨᠲᠠᠷᠠᠭᠠᠬᠤ | ᠪᠡᠯᠡᠳᠬᠡᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠪᠠᠶᠢᠴᠠᠭᠠᠨ ᠬᠡᠮᠵᠢᠬᠦ᠂ ᠭᠠᠯ ᠤᠨᠲᠠᠷᠠᠭᠠᠬᠤ ᠠᠮᠤᠷ | ᠲᠦᠪᠰᠢᠨ ᠤ ᠦᠨᠡᠯᠡᠨ ᠵᠢᠱᠢᠯᠲᠡ ᠪᠠ ᠭᠠᠯ ᠤᠨᠲᠠᠷᠠᠭᠠᠬᠤ ᠦᠢᠯᠡᠳᠬᠦᠨ ᠤ ᠭᠡᠷᠡᠴᠢᠯᠡᠯ ᠢ ᠰᠢᠯᠭᠠᠨ ᠪᠠᠶᠢᠴᠠᠭᠠᠬᠤ | ᠵᠡᠷᠭᠡ ᠭᠤᠭᠴᠤᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠵᠠᠭᠤᠴᠢ ᠦᠢᠯᠡᠴᠢᠯᠡᠭᠡᠨ ᠤ ᠠᠵᠢᠯ ᠡᠷᠭᠢᠯᠡᠬᠦ ᠶᠠᠪᠤᠴᠠ ᠳᠤ | ᠠᠵᠢᠯ ᠡᠷᠭᠢᠯᠡᠬᠦ ᠬᠢᠷᠢ ᠬᠡᠮ ᠪᠠᠶᠢᠬᠤ ᠡᠰᠡᠬᠦ᠂ ᠵᠠᠭᠤᠴᠢ ᠦᠢᠯᠡᠴᠢᠯᠡᠭᠡᠨ ᠤ ᠮᠡᠷᠭᠡᠵᠢᠯ ᠤᠨ ᠪᠠᠷᠢᠮᠵᠢᠶ᠎ᠠ ᠶᠢ ᠦᠯᠦ | ᠬᠡᠷᠡᠭᠵᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ | ᠡᠰᠡᠬᠦ᠂ ᠠᠵᠢᠯ ᠡᠷᠭᠢᠯᠡᠬᠦ ᠢᠨᠵᠧᠨᠧᠷ ᠢ ᠬᠤᠳᠠᠯ ᠬᠠᠭᠤᠷᠮᠠᠭ ᠠᠵᠢᠯ ᠡᠷᠭᠢᠯᠡᠬᠦ ᠪᠢᠴᠢᠭ ᠮᠠᠲ᠋ᠧᠷᠢᠶᠠᠯ ᠬᠢᠵᠦ ᠥᠭᠭᠦᠭᠰᠡᠨ | ᠦᠢᠯᠡ ᠠᠵᠢᠯᠯᠠᠭ᠎ᠠ ᠪᠠᠶᠢᠬᠤ ᠡᠰᠡᠬᠦ᠂ ᠭᠠᠯ ᠤᠨᠲᠠᠷᠠᠭᠠᠬᠤ ᠢᠨᠵᠧᠨᠧᠷ ᠢ ᠬᠤᠪᠢᠷᠠᠭᠤᠯᠤᠨ ᠵᠣᠬᠢᠶᠠᠬᠤ᠂ ᠰᠠᠷᠢᠭᠠᠯᠠᠬᠤ᠂ | ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠬᠡᠯᠪᠡᠷᠢ ᠪᠠᠷ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ᠂ | ᠳᠠᠩᠰᠠᠯᠠᠭᠤᠯᠤᠭᠰᠠᠨ ᠦᠨᠡᠮᠯᠡᠯ᠂ ᠠᠵᠢᠯ ᠡᠷᠭᠢᠯᠡᠬᠦ ᠲᠠᠮᠠᠭ᠎ᠠ ᠵᠡᠷᠭᠡ ᠦᠢᠯᠡ ᠠᠵᠢᠯᠯᠠᠭ᠎ᠠ ᠪᠠᠶᠢᠬᠤ ᠡᠰᠡᠬᠦ ᠶᠢ | ᠪᠠᠶᠢᠴᠠᠭᠠᠨ ᠳᠣᠳᠣᠯᠠᠨᠠ︔ | ︵ᠲᠦᠷᠪᠡ︶ ᠭᠠᠯ ᠰᠡᠷᠭᠡᠶᠢᠯᠡᠵᠦ ᠭᠠᠯ ᠤᠨᠲᠠᠷᠠᠭᠠᠬᠤ ᠦᠢᠯᠡᠳᠭᠦᠨ ᠤ ᠶᠠᠰᠤ ᠴᠢᠨᠠᠷ ᠢ ᠪᠠᠶᠢᠴᠠᠭᠠᠬᠤ | ᠬᠠᠷᠢᠭᠤᠴᠠᠯᠭ᠎ᠠ᠃ ᠭᠠᠯ ᠤᠨᠲᠠᠷᠠᠭᠠᠬᠤ ᠦᠢᠯᠡᠳᠬᠦᠨ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠪᠠ ᠰᠡᠯᠪᠢᠨ | ᠵᠠᠰᠠᠬᠤ ᠵᠡᠷᠭᠡ ᠭᠠᠯ ᠤᠨᠲᠠᠷᠠᠭᠠᠬᠤ ᠦᠢᠯᠡᠳᠬᠦᠨ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠪᠠ ᠰᠡᠯᠪᠢᠨ | ᠵᠠᠰᠠᠬᠤ ᠵᠡᠷᠭᠡ ᠭᠤᠭᠴᠤᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠭᠠᠯ ᠤᠨᠲᠠᠷᠠᠭᠠᠬᠤ ᠦᠢᠯᠡᠳᠬᠦᠨ ᠤ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠶᠠᠰᠤ ᠴᠢᠨᠠᠷ ᠤᠨ | ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠲᠣᠳᠣᠯᠠᠵᠤ᠂ ᠭᠠᠯ ᠤᠨᠲᠠᠷᠠᠭᠠᠬᠤ ᠦᠢᠯᠡᠳᠬᠦᠨ ᠤ ᠡᠯ᠎ᠡ | ᠵᠠᠩᠭᠢᠯᠠᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠶᠢᠴᠠᠭᠠᠨ ᠲᠣᠳᠣᠯᠠᠬᠤ ᠬᠡᠷᠡᠭᠲᠡᠶ᠃ | ︵ᠲᠠᠪᠤ︶ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠠ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠶᠢᠴᠠᠭᠠᠨ᠎ᠠ᠃ ᠬᠠᠷᠢᠶ᠎ᠠ | ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ᠂ ᠣᠯᠠᠨ | ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠪᠠᠶᠢᠳᠠᠯ᠂ | ᠭᠠᠯ ᠤᠨᠲᠠᠷᠠᠭᠠᠬᠤ ᠠᠩᠭᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠨᠣᠭᠯᠠᠭᠰᠠᠨ ᠪᠠᠶᠢᠳᠠᠯ᠂ ᠬᠤᠯᠪᠣᠭᠳᠠᠯ | ᠪᠦᠬᠦᠢ ᠠᠵᠢᠯ ᠲᠥᠷᠥᠯ᠂ ᠰᠠᠯᠠᠭ᠎ᠠ ᠮᠥᠴᠢᠷ ᠵᠢᠴᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠠᠴᠠ ᠭᠠᠯ | ᠭᠠᠷᠤᠭᠰᠠᠨ ᠭᠠᠵᠠᠷ ᠲᠠᠯᠠᠪᠤᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠳᠣᠲᠣᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠭᠠᠯ ᠤᠨ ᠠᠶᠤᠯ ᠠᠳᠡᠯ ᠤᠨ ᠰᠢᠨᠵᠢ ᠴᠢᠨᠠᠷ ᠢ ᠪᠠᠶᠢᠴᠠᠭᠠᠨ ᠮᠠᠭᠠᠳᠯᠠᠨ᠎ᠠ᠃ | ᠪᠠᠶᠢᠴᠠᠭᠠᠨ ᠳᠣᠲᠣᠯᠠᠭᠰᠠᠨ ᠭᠠᠯ ᠤᠨ ᠭᠠᠮᠰᠢᠭ ᠤᠨ ᠰᠢᠯᠳᠠᠭᠠᠨ ᠪᠠ ᠪᠤᠳᠡᠳᠣ ᠶᠠᠪᠤᠳᠡᠯ ᠢ ᠦᠨᠳᠣᠰᠣᠯᠡᠨ᠂ ᠬᠠᠦᠯᠢ | ᠲᠣᠠᠠᠳᠠᠭᠠᠯ ᠶᠣᠰᠣᠭᠠᠷ ᠠᠳᠡᠯ ᠤᠨ ᠰᠢᠨᠵᠢ ᠴᠢᠨᠡᠷ ᠲᠤ ᠵᠠᠳᠠᠯᠥᠯᠳᠡ ᠬᠢᠵᠦ᠂ ᠭᠠᠯ ᠰᠡᠷᠭᠡᠶᠢᠯᠡᠯᠲᠡ ᠶᠢᠨ ᠠᠮᠥᠷ | ᠳᠥᠪᠰᠢᠨ ᠤ ᠬᠠᠷᠢᠭᠤᠴᠠᠯᠭ᠎ᠠ ᠶᠢᠨ ᠠᠳᠡᠯ ᠪᠠᠶᠢᠬᠤ ᠡᠰᠡᠬᠦ ᠶᠢ ᠲᠣᠠᠠᠳᠠᠭᠠᠨ᠎ᠠ᠃ | ᠲᠠᠪᠤᠳᠤᠭᠠᠷ ᠪᠦᠯᠦᠭ ᠪᠠᠶᠢᠴᠠᠭᠠᠨ ᠰᠢᠢᠳᠪᠦᠷᠢᠯᠡᠬᠦ | ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ ᠨᠢ ᠭᠠᠯ ᠤᠨ ᠠᠶᠤᠯ ᠠᠳᠡᠯ ᠭᠠᠷᠤᠭᠰᠠᠨ ᠡᠳᠦᠷ ᠠᠴᠠ | ᠡᠬᠢᠯᠡᠨ 60 ᠡᠳᠦᠷ ᠤᠨ ᠳᠣᠲᠣᠷ᠎ᠠ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠠᠨ | ᠲᠤᠰᠢᠶᠠᠬᠤ ᠬᠡᠷᠡᠭᠲᠡᠶ︔ ᠣᠨᠴᠣᠭᠤᠶ ᠪᠠᠶᠢᠳᠠᠯ ᠤᠨ ᠳᠣᠤᠷ᠎ᠠ᠂ ᠭᠠᠯ ᠤᠨ ᠠᠶᠤᠯ ᠠᠳᠡᠯ ᠤᠨ ᠬᠠᠷᠢᠭᠤᠴᠠᠯᠭ᠎ᠠ ᠶᠢᠨ | ᠪᠠᠶᠢᠴᠠᠭᠠᠯᠲᠠ ᠶᠢ ᠬᠠᠷᠢᠭᠤᠴᠠᠬᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠤᠰᠢᠶᠠᠬᠤ | ᠬᠤᠭᠤᠴᠠᠭ᠎ᠠ ᠶᠢ ᠨᠢ ᠵᠣᠬᠢᠰᠲᠠᠶ ᠤᠷᠲᠤᠳᠬᠠᠵᠤ ᠪᠣᠯᠤᠨ᠎ᠠ᠂ ᠭᠡᠬᠦ ᠳᠡᠭᠡᠨ ᠬᠠᠮᠤᠭ ᠤᠨ ᠤᠷᠲᠤ ᠳᠠᠭᠠᠨ 60 | ᠡᠳᠦᠷ ᠠᠴᠠ ᠬᠡᠲᠦᠷᠡᠭᠦᠯᠵᠦ ᠪᠣᠯᠬᠤ ᠦᠭᠡᠶ᠃ | ᠬᠤᠷᠢᠨ ᠭᠤᠷᠪᠠᠳᠤᠭᠠᠷ ᠵᠦᠢᠯ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠭᠠᠯ ᠤᠨ ᠠᠶᠤᠯ ᠠᠳᠡᠯ ᠢ | ᠪᠠᠶᠢᠴᠠᠭᠠᠬᠤ ᠳᠤᠭᠤᠶᠢᠯᠠᠩ ᠨᠢ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠢᠴᠢᠬᠦ ᠬᠡᠷᠡᠭᠲᠡᠶ᠂ | ᠪᠠᠶᠢᠴᠠᠭᠠᠭᠰᠠᠨ ᠮᠡᠳᠡᠭᠦᠯᠦᠯᠲᠡ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄ | ︵ᠨᠢᠭᠡ︶ ᠡ᠊ᠨᠳᠡᠯ ᠭᠠᠷᠤᠭᠰᠠᠨ ᠴᠠᠭ᠂ ᠭᠠᠵᠠᠷ ᠣᠷᠣᠨ᠂ ᠡ᠊ᠨᠳᠡᠯ ᠤᠨ ᠨᠢᠬᠡᠴᠡ᠂ ᠡ᠊ᠨᠳᠡᠯ ᠤᠨ ᠰᠢᠨᠵᠢ ᠴᠢᠨᠠᠷ | ᠵᠢᠴᠢ ᠬᠥᠮᠦᠨ ᠬᠠᠷ᠎ᠠ ᠥᠭᠦᠵᠦ ᠰᠢᠷᠬᠠᠲᠤᠭᠰᠠᠨ ᠪᠠ ᠰᠢᠭᠤᠳ ᠠᠵᠤ ᠠᠬᠤᠶ ᠶᠢᠨ ᠬᠤᠬᠢᠷᠠᠯ ᠵᠡᠷᠭᠡ ᠡ᠊ᠨᠳᠡᠯ ᠤᠨ | ᠦᠨᠳᠦᠰᠦᠨ ᠪᠠᠶᠢᠳᠠᠯ ᠤᠨ ᠲᠤᠬᠠᠶ ᠥᠭᠦᠯᠡᠵᠦ᠂ ᠡ᠊ᠨᠳᠡᠯ ᠢ ᠪᠠᠶᠢᠴᠠᠭᠠᠬᠤ ᠳᠤᠭᠤᠶᠢᠯᠠᠩ ᠤᠨ ᠦᠨᠳᠦᠰᠦ ᠪᠠᠷᠢᠮᠲᠠ᠂ | ᠡ᠊ᠨᠳᠡᠯ ᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠠᠢ ᠪᠦᠷᠢᠯᠳᠦᠭᠰᠡᠨ ᠪᠠᠶᠢᠳᠠᠯ︔ | ︵ᠬᠤᠶᠠᠷ︶ ᠭᠠᠯ ᠭᠠᠷᠤᠭᠰᠠᠨ ᠨᠢᠬᠡᠴᠡ ᠶᠢᠨ ᠪᠠᠶᠢᠭᠤᠯᠤᠭᠰᠠᠨ ᠴᠠᠭ᠂ ᠲᠠᠩᠰᠠᠯᠠᠭᠤᠯᠤᠭᠰᠠᠨ ᠬᠠᠶ᠋ᠢᠭ᠂ | ᠥᠮᠴᠢᠯᠡᠯ ᠤᠨ ᠡᠷᠬᠡ ᠶᠢᠨ ᠰᠢᠨᠵᠢ ᠴᠢᠨᠠᠷ᠂ ᠬᠠᠷᠢᠶᠠᠯᠠᠭᠳᠠᠬᠤ ᠬᠠᠷᠢᠴᠠᠭ᠎ᠠ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ | ᠭᠡᠷᠡᠴᠢ ᠦᠨᠡᠮᠯᠡᠯ ᠤᠨ ᠪᠠᠶᠢᠳᠠᠯ᠂ ᠬᠥᠳᠡᠯᠮᠦᠷᠢ ᠶᠢᠨ ᠵᠣᠬᠢᠶᠠᠨ ᠪᠠᠶᠢᠭᠤᠯᠤᠯᠲᠠ ᠵᠢᠴᠢ ᠪᠠᠷᠢᠯᠭ᠎ᠠ ︵ᠪᠠᠷᠢᠯᠭ᠎ᠠ ᠪᠠᠷᠢᠬᠤ︶ | ᠶᠢᠨ ᠪᠠᠶᠢᠳᠠᠯ ᠵᠡᠷᠭᠡ ᠠᠭᠤᠯᠭ᠎ᠠ᠃ ᠭᠠᠯ ᠭᠠᠷᠤᠭᠰᠠᠨ ᠨᠢᠭᠡᠴᠡ ᠯᠦᠭᠡ ᠲᠦᠷᠢᠶᠡᠰᠦᠯᠡᠨ ᠡᠵᠡᠩᠨᠡᠬᠦ᠂ ᠬᠠᠮᠢᠶᠠᠷᠴᠤ | ᠦᠢᠯᠡᠴᠢᠯᠡᠬᠦ ᠵᠡᠷᠭᠡ ᠬᠠᠷᠢᠴᠠᠭ᠎ᠠ ᠣᠷᠣᠰᠢᠵᠤ ᠪᠠᠶᠢᠭ᠎ᠠ ᠬᠠᠮᠢᠶ᠎ᠠ ᠪᠦᠬᠦᠢ ᠨᠢᠭᠡᠴᠡ ᠶᠢᠨ ᠲᠦᠢᠮᠣ ᠪᠠᠶᠢᠳᠠᠯ︔ | ︵ᠭᠤᠷᠪᠠ︶ ᠡ᠊ᠨᠳᠡᠯ ᠭᠠᠷᠤᠭᠰᠠᠨ ᠶᠠᠪᠤᠴᠠ ᠵᠢᠴᠢ ᠡ᠊ᠨᠳᠡᠯ ᠢ ᠮᠡᠳᠡᠭᠦᠯᠬᠦ᠂ ᠲᠦᠷᠭᠡᠨ ᠠᠪᠤᠷᠠᠬᠤ᠂ ᠡᠷᠢᠵᠦ | ᠠᠪᠤᠷᠠᠬᠤ ᠪᠠ ᠭᠠᠯ ᠤᠨ ᠠᠶᠤᠯ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ | ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ︔ | ︵ᠲᠦᠷᠪᠡ︶ ᠭᠠᠯ ᠤᠨ ᠠᠶᠤᠯ ᠤᠨ ᠰᠢᠯᠲᠠᠭᠠᠨ ᠵᠢᠴᠢ ᠠᠳᠡᠯ ᠤᠨ ᠰᠢᠨᠵᠢ ᠴᠢᠨᠠᠷ᠂ ᠡᠭᠦᠨ ᠳᠤ ᠭᠠᠯ ᠤᠨ | ᠠᠶᠤᠯ ᠠᠳᠡᠯ ᠤᠨ ᠰᠢᠯᠲᠠᠭᠠᠨ᠂ ᠭᠠᠮᠰᠢᠭ ᠤᠨ ᠰᠢᠯᠲᠠᠭᠠᠨ ᠪᠠ ᠭᠠᠯ ᠤᠨ ᠠᠶᠤᠯ ᠠᠳᠡᠯ ᠤᠨ ᠰᠢᠨᠵᠢ ᠴᠢᠨᠠᠷ | ᠪᠠᠭᠲᠠᠨ᠎ᠠ︔ | ︵ᠲᠠᠪᠤ︶ ᠭᠠᠯ ᠤᠨ ᠭᠠᠮᠰᠢᠭ ᠤᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠵᠢᠴᠢ ᠬᠠᠮᠢᠶ᠎ᠠ | ᠪᠦᠬᠦᠢ ᠬᠠᠷᠢᠭᠤᠴᠠᠯᠭ᠎ᠠ ᠲᠠᠢ ᠬᠥᠮᠦᠰ ᠢ ᠰᠢᠢᠳᠪᠦᠷᠢᠯᠡᠬᠦ ᠰᠠᠨᠠᠭᠤᠯᠭ᠎ᠠ︔ | ︵ᠵᠢᠷᠭᠤᠭ᠎ᠠ︶ ᠭᠠᠯ ᠤᠨ ᠠᠶᠤᠯ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠳᠣᠷᠠᠳᠣᠨ᠎ᠠ᠃ | ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠭᠡᠷᠡᠴᠢ | ᠪᠠᠷᠢᠮᠲᠠ ᠶᠢᠨ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠶ᠃ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠠᠷ | ᠪᠠᠶᠢᠴᠠᠭᠠᠯᠲᠠ ᠶᠢᠨ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ ᠬᠡᠷᠡᠭᠲᠡᠢ᠃ ᠪᠠᠶᠢᠴᠠᠭᠠᠬᠤ | ᠳᠤᠭᠤᠶᠢᠯᠠᠩ ᠤᠨ ᠪᠦᠷᠢᠯᠳᠦᠬᠦᠨ ᠨᠢ ᠪᠠᠶᠢᠴᠠᠭᠠᠭᠰᠠᠨ ᠮᠡᠳᠡᠭᠦᠯᠦᠯᠲᠡ ᠳᠤ ᠠᠳᠠᠯᠢ ᠪᠤᠰᠤ ᠰᠠᠨᠠᠯ ᠲᠠᠢ ᠪᠣᠯ ᠭᠠᠷ ᠤᠨ | ᠦᠰᠦᠭ ᠵᠢᠷᠤᠭᠰᠠᠨ ᠤ ᠳᠠᠷᠠᠭ᠎ᠠ᠂ ᠲᠤᠰᠬᠠᠶ ᠨᠢᠭᠤᠷ ᠲᠤ ᠠᠳᠠᠯᠢ ᠪᠤᠰᠤ ᠰᠠᠨᠠᠯ ᠤᠨ ᠰᠢᠯᠲᠠᠭᠠᠨ ᠪᠠ ᠦᠨᠳᠦᠰᠦ | ᠪᠠᠷᠢᠮᠲᠠ ᠶᠢ ᠳᠠᠭᠠᠯᠳᠤᠭᠤᠯᠤᠨ ᠲᠣᠳᠣᠷᠬᠠᠶᠢᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠭᠠᠯ ᠤᠨ ᠠᠶᠤᠯ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ | ᠬᠠᠷᠢᠭᠤᠴᠠᠵᠤ ᠪᠠᠶᠢᠭ᠎ᠠ ᠵᠠᠰᠠᠭ ᠤᠨ ᠣᠷᠳᠣᠨ ᠨᠢ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠴᠣᠬᠤᠯᠠᠪᠤᠷᠢ ᠬᠢᠬᠦ ᠶᠢᠨ | ᠬᠠᠮᠲᠤ ᠬᠠᠮᠢᠶ᠎ᠠ ᠪᠦᠬᠦᠢ ᠪᠠᠶᠢᠭᠤᠯᠤᠯᠭ᠎ᠠ ᠪᠣᠯᠤᠨ ᠨᠢᠭᠡᠴᠡ ᠳᠤ ᠳᠠᠭᠠᠭᠠᠯᠭᠠᠨ ᠰᠢᠢᠳᠪᠦᠷᠢᠯᠡᠬᠦᠯᠬᠦ ᠰᠠᠨᠠᠯ ᠪᠣᠯᠤᠨ | ᠰᠠᠨᠠᠭᠤᠯᠭ᠎ᠠ ᠶᠣᠰᠣᠭᠠᠷ ᠰᠢᠢᠳᠪᠦᠷᠢᠯᠡᠬᠦᠯᠬᠦ ᠬᠡᠷᠡᠭᠲᠡᠶ᠃ ᠬᠠᠮᠢᠶ᠎ᠠ ᠪᠦᠬᠦᠢ ᠪᠠᠶᠢᠭᠤᠯᠤᠯᠭ᠎ᠠ ᠪᠣᠯᠤᠨ ᠨᠢᠭᠡᠴᠡ | ᠴᠣᠬᠤᠯᠠᠪᠤᠷᠢ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠰᠢᠢᠳᠪᠦᠷᠢᠯᠡᠭᠰᠡᠨ | ᠦᠷ᠎ᠡ ᠳ᠋ᠦᠩ ᠪᠣᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠤᠰ ᠱᠠᠲᠤᠨ ᠤ | ᠭᠠᠯ ᠰᠡᠷᠭᠡᠶᠢᠯᠡᠬᠦ ᠠᠵᠢᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠯᠪᠣᠭᠳᠠᠯ ᠪᠦᠬᠦᠢ ᠪᠠᠶᠢᠭᠤᠯᠤᠯᠭ᠎ᠠ ᠨᠤᠭᠤᠳ ᠭᠠᠯ ᠤᠨ ᠠᠶᠤᠯ ᠠᠳᠡᠯ ᠤᠨ | ᠬᠠᠷᠢᠭᠤᠴᠠᠯᠭ᠎ᠠ ᠶᠢᠨ ᠪᠠᠶᠢᠴᠠᠭᠠᠯᠲᠠ ᠶᠢ ᠬᠠᠷᠢᠭᠤᠴᠠᠬᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | ᠶᠣᠰᠣᠭᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠳᠤ ᠲᠣᠭᠲᠠᠭᠠᠭᠰᠠᠨ ᠡᠷᠬᠡ | ᠮᠡᠳᠡᠯ ᠪᠣᠯᠤᠨ ᠳᠡᠰ ᠳᠠᠷᠠᠭᠠᠯᠠᠯ ᠤᠨ ᠶᠣᠰᠣᠭᠠᠷ᠂ ᠭᠠᠯ ᠤᠨ ᠠᠶᠤᠯ ᠠᠳᠡᠯ ᠭᠠᠷᠤᠭᠰᠠᠨ ᠨᠢᠭᠡᠴᠡ ᠪᠣᠯᠤᠨ | ᠬᠤᠯᠪᠣᠭᠳᠠᠯ ᠪᠦᠬᠦᠢ ᠬᠥᠮᠦᠰ ᠲᠤ ᠵᠠᠰᠠᠭ ᠵᠠᠬᠢᠷᠭᠠᠨ ᠤ ᠰᠢᠳᠬᠡᠯ ᠥᠭᠴᠦ᠂ ᠭᠠᠯ ᠤᠨ ᠠᠶᠤᠯ ᠠᠳᠡᠯ ᠤᠨ | ᠬᠠᠷᠢᠭᠤᠴᠠᠯᠭ᠎ᠠ ᠡᠭᠦᠷᠭᠡᠯᠡᠵᠦ ᠪᠦᠬᠦᠢ ᠠᠵᠢᠯᠲᠠᠳ ᠲᠤ ᠰᠢᠳᠬᠡᠯ ᠥᠭᠬᠦ ᠬᠡᠷᠡᠭᠲᠡᠶ᠃ | ᠭᠠᠯ ᠤᠨ ᠠᠶᠤᠯ ᠠᠳᠠᠯ ᠭᠠᠷᠤᠭᠰᠠᠨ ᠨᠢᠭᠡᠴᠡ ᠨᠢ ᠭᠠᠯ ᠤᠨ ᠠᠶᠤᠯ ᠠᠳᠡᠯ ᠤᠨ ᠬᠠᠷᠢᠭᠤᠴᠠᠯᠭ᠎ᠠ ᠶᠢᠨ | ᠪᠠᠶᠢᠴᠠᠭᠠᠯᠲᠠ ᠶᠢ ᠬᠠᠷᠢᠭᠤᠴᠠᠬᠤ ᠴᠣᠬᠤᠯᠠᠪᠤᠷᠢ ᠶᠣᠰᠣᠭᠠᠷ᠂ ᠲᠤᠰ ᠨᠢᠭᠡᠴᠡ ᠶᠢᠨ ᠢᠶᠠᠨ ᠭᠠᠯ ᠤᠨ ᠠᠶᠤᠯ ᠠᠳᠡᠯ ᠤᠨ | ᠬᠠᠷᠢᠭᠤᠴᠠᠯᠭ᠎ᠠ ᠲᠠᠢ ᠬᠥᠮᠦᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠭᠠᠯ ᠤᠨ ᠠᠶᠤᠯ ᠠᠳᠡᠯ ᠭᠠᠷᠤᠭᠰᠠᠨ ᠨᠢᠭᠡᠴᠡ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠠᠳᠡᠯ ᠤᠨ ᠰᠤᠷᠭᠠᠮᠵᠢ ᠶᠢ ᠬᠢᠨᠠᠮᠠᠭᠠᠶ ᠬᠦᠯᠢᠶᠡᠨ ᠠᠪᠴᠤ᠂ ᠰᠡᠷᠭᠡᠶᠢᠯᠡᠬᠦ ᠪᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠳᠡᠯ ᠤᠨ ᠳᠠᠬᠢᠨᠲᠠ ᠡᠭᠦᠰᠬᠦ ᠶᠢ | ᠰᠡᠷᠭᠡᠶᠢᠯᠡᠬᠦ ᠬᠡᠷᠡᠭᠲᠡᠶ᠃ | ᠬᠤᠷᠢᠨ ᠳᠣᠯᠣᠳᠣᠭᠠᠷ ᠵᠦᠢᠯ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠦᠨ᠎ᠡ᠃ | ᠬᠤᠷᠢᠨ ᠨᠠᠢᠮᠠᠳᠣᠭᠠᠷ ᠵᠦᠢᠯ ᠭᠠᠯ ᠤᠨ ᠠᠶᠤᠯ ᠠᠳᠡᠯ ᠢ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ | ᠭᠠᠯ ᠤᠨ ᠠᠶᠤᠯ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠭᠠᠯ ᠤᠨ ᠠᠶᠤᠯ ᠠᠳᠡᠯ ᠢ ᠪᠠᠶᠢᠴᠠᠭᠠᠬᠤ ᠳᠤᠭᠤᠶᠢᠯᠠᠩ | ᠪᠠᠶᠢᠭᠤᠯᠤᠭᠰᠠᠨ ᠪᠢᠴᠢᠭ ᠮᠠᠲ᠋ᠧᠷᠢᠶᠠᠯ᠂ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ᠂ | ᠪᠠᠶᠢᠴᠠᠭᠠᠬᠤ ᠳᠤᠭᠤᠶᠢᠯᠠᠩ ᠤᠨ ᠠᠵᠢᠯᠲᠠᠨ ᠤ ᠭᠠᠷ ᠤᠨ ᠦᠰᠦᠭ ᠵᠢᠷᠤᠭᠰᠠᠨ ᠨᠡᠷ᠎ᠡ ᠶᠢᠨ ᠳᠡᠪᠲᠡᠷ᠂ ᠵᠠᠰᠠᠭ ᠤᠨ | ᠣᠷᠳᠣᠨ ᠤ ᠭᠠᠯ ᠤᠨ ᠠᠶᠤᠯ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠣᠬᠤᠯᠪᠣᠷᠢᠯᠠᠭᠰᠠᠨ ᠪᠢᠴᠢᠭ | ᠮᠠᠲ᠋ᠧᠷᠢᠶᠠᠯ᠂ ᠪᠠᠶᠢᠴᠠᠭᠠᠵᠤ ᠭᠡᠷᠡᠴᠢ ᠠᠪᠤᠭᠰᠠᠨ ᠮᠠᠲ᠋ᠧᠷᠢᠶᠠᠯ᠂ ᠮᠡᠷᠭᠡᠵᠢᠯ ᠤᠨ ᠬᠢᠨᠠᠨ ᠲᠣᠭᠲᠠᠭᠠᠭᠰᠠᠨ ᠮᠡᠳᠡᠭᠦᠯᠦᠯᠲᠡ | ᠵᠡᠷᠭᠡ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠪᠤᠶ ᠪᠣᠯᠤᠭᠰᠠᠨ ᠳᠠᠩᠰᠠ ᠡᠪᠬᠡᠮᠡᠯ ᠤᠨ ᠮᠠᠲ᠋ᠧᠷᠢᠶᠠᠯ ᠢ ᠳᠡᠪᠲᠡᠷᠯᠡᠵᠦ | ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠤᠷᠲᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠬᠦ | ᠬᠤᠷᠢ ᠶᠢᠰᠦᠳᠦᠭᠡᠷ ᠵᠦᠢᠯ ᠭᠠᠯ ᠤᠨ ᠠᠶᠤᠯ ᠠᠳᠡᠯ ᠭᠠᠷᠤᠭᠰᠠᠨ ᠭᠠᠵᠠᠷ ᠤᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠣᠯᠤᠨ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠤᠳ ᠬᠡᠷᠡᠭ ᠭᠠᠷᠤᠭᠰᠠᠨ | ᠨᠢᠭᠡᠴᠡ ᠶᠢᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ | ᠴᠡᠭᠴᠡᠯᠡᠨ ᠵᠠᠯᠠᠷᠠᠭᠤᠯᠤᠭᠰᠠᠨ ᠦᠭᠡᠶ ᠠᠴᠠ ᠪᠣᠯᠵᠤ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠪᠣᠯ ᠵᠠᠷᠯᠠᠨ | ᠮᠡᠳᠡᠭᠳᠡᠬᠦ ᠶᠢᠨ ᠬᠠᠮᠲᠤ ᠴᠢᠩᠭ᠎ᠠ ᠰᠢᠢᠳᠪᠦᠷᠢᠯᠡᠬᠦ ᠬᠡᠷᠡᠭᠲᠡᠶ᠃ | ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠦᠨᠡᠯᠡᠨ ᠵᠢᠱᠢᠭᠰᠡᠨ ᠮᠡᠳᠡᠭᠦᠯᠦᠯᠲᠡ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄ | ︵ᠨᠢᠭᠡ︶ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠵᠢᠴᠢ ᠥᠷᠨᠢᠭᠦᠯᠦᠭᠰᠡᠨ ᠪᠠᠶᠢᠳᠠᠯ︔ | ︵ᠬᠤᠶᠠᠷ︶ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠬᠥᠮᠦᠰ ᠪᠠ ᠬᠠᠷᠢᠭᠤᠴᠠᠯᠭ᠎ᠠ ᠲᠠᠢ ᠨᠢᠭᠡᠴᠡ ᠶᠢᠨ | ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠭᠠᠯ ᠤᠨ ᠠᠶᠤᠯ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠨᠢᠭᠡᠳᠦᠭᠡᠷ ᠵᠦᠢᠯ ᠲᠤᠰ ᠲᠣᠭᠲᠠᠭᠠᠯ ᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ ᠪᠣᠯᠤᠨ᠎ᠠ᠃ ᠲᠤᠷᠰᠢᠨ ᠬᠡᠷᠡᠭᠵᠢᠭᠦᠯᠬᠦ | ᠬᠤᠭᠤᠴᠠᠭᠠᠨ ᠳᠤ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠭᠠᠯ ᠢ ᠰᠡᠷᠭᠡᠶᠢᠯᠡᠵᠦ | ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠲᠣᠭᠲᠠᠭᠠᠯ ᠲᠠᠢ ᠨᠢᠭᠡᠳᠦᠯ ᠥᠬᠡᠶ ᠪᠠᠶᠢᠪᠠᠯ᠂ ᠲᠡᠭᠦᠨ ᠤ ᠰᠢᠨ᠎ᠡ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠭᠤᠴᠢᠨ ᠬᠤᠶᠠᠳᠤᠭᠠᠷ ᠵᠦᠢᠯ ᠨᠡᠭᠡᠭᠡᠯᠲᠡ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠲᠣᠮᠢᠯᠠᠭᠰᠠᠨ ᠪᠠᠶᠢᠭᠤᠯᠤᠯᠭ᠎ᠠ ᠨᠤᠭᠤᠳ ᠲᠤᠰ | ᠠᠷᠭ᠎ᠠ ᠶᠢᠨ ᠶᠣᠰᠣᠭᠠᠷ ᠠᠳᠠᠯᠢ ᠲᠠᠰ ᠤᠨ ᠵᠠᠰᠠᠭ ᠤᠨ ᠣᠷᠳᠣᠨ ᠤ ᠭᠠᠯ ᠤᠨ ᠠᠶᠤᠯ ᠠᠳᠡᠯ ᠢ ᠪᠠᠶᠢᠴᠠᠭᠠᠬᠤ | ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | | |