ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/4/19
   4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ  ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠤᠮᠳᠠ ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠵᠢᠱᠢᠶ᠎ᠡ ᠦᠵᠡᠭᠦᠯᠵᠦ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠶᠡᠷᠦᠩᠬᠡᠢ ᠱᠦᠵᠢ ᠶᠢᠨ ᠵᠠᠰᠠᠭ ᠤᠨ ᠠᠵᠢᠯ ᠬᠢᠭᠰᠡᠨ ᠥᠩᠭᠡᠷᠡᠯᠲᠡ ᠠᠴᠠ ᠶᠡᠷᠦᠩᠬᠡᠢ ᠱᠦᠵᠢ ᠶᠢᠨ ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ᠂ ᠠᠷᠠᠳ ᠲᠦᠮᠡᠨ ᠤ ᠲᠥᠯᠥᠭᠡ ᠭᠡᠬᠦ ᠴᠢᠩ ᠦᠨᠡᠨᠴᠢ ᠬᠠᠶᠢᠷ᠎ᠠ ᠰᠡᠳᠬᠢᠯᠭᠡ ᠪᠣᠯᠣᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠭᠠᠷᠮᠠᠭᠠᠢ ᠡᠷᠳᠡᠮ ᠠᠤᠭ᠎ᠠ ᠪᠣᠳᠣᠯᠭ᠎ᠠ ᠶᠢ ᠭᠦᠨᠵᠡᠭᠡᠢ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢ ᠰᠡᠳᠬᠢᠯ ᠳᠡᠭᠡᠨ ᠰᠢᠩᠭᠡᠭᠡᠵᠦ᠂ ᠠᠵᠢᠯᠯᠠᠭᠠᠨ ᠳᠠᠭᠠᠨ ᠢᠯᠡᠷᠡᠭᠦᠯᠬᠦ  ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠦᠨᠡᠨ  ᠬᠦ  ᠬᠦᠴᠦ  ᠣᠷᠣᠭᠤᠯᠵᠤ᠂ ᠭᠦᠨᠵᠡᠭᠡᠢ ᠬᠦᠴᠦ ᠣᠷᠣᠭᠤᠯᠵᠤ᠂ ᠪᠣᠳᠠᠲᠠᠢ ᠬᠦᠴᠦ ᠣᠷᠣᠭᠤᠯᠵᠤ ᠪᠠᠶᠢᠭᠠᠳ ︽ᠦᠵᠡᠯ ᠰᠠᠨᠠᠭ᠎ᠠ ᠶᠢ ᠰᠤᠷᠤᠯᠴᠠᠵᠤ︾᠂ ᠦᠨᠡᠨ ᠬᠦ ᠰᠤᠷᠤᠯᠴᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠵᠦ᠂ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ︽ᠨᠠᠮᠴᠢ ᠴᠢᠨᠠᠷ ᠢ ᠴᠢᠩᠭᠠᠳᠬᠠᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠶᠢ ᠨᠠᠰᠤᠨ ᠲᠤᠷᠰᠢᠲᠠ ᠶᠢᠨ ᠰᠡᠳᠦᠪ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠷᠦᠭᠦᠯᠡᠨ ᠴᠢᠩᠳᠠᠯᠠᠵᠤ᠂ ᠵᠠᠰᠠᠭ ᠤᠨ ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ᠂ ᠱᠠᠮᠰᠢᠵᠤ ᠢᠯᠵᠠᠷᠠᠬᠤ ᠶᠢ ᠠᠷᠢᠯᠭᠠᠬᠤ ᠡᠯ᠎ᠡ ᠵᠦᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠬᠦᠨᠳᠦᠳᠬᠡᠬᠦ ᠰᠡᠳᠬᠢᠯᠭᠡ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠪᠠᠲᠤᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠥᠷᠢᠴᠡᠯ ᠪᠣᠯᠣᠨ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾  ᠢ ᠪᠠᠭᠲᠠᠭᠠᠵᠤ᠂ ︽ᠲᠠᠪᠤᠨ ᠶᠡᠭᠡ ᠡᠭᠦᠷᠭᠡ︾  ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠲᠤᠯᠭᠠᠷᠠᠭᠰᠠᠨ ᠵᠥᠷᠢᠴᠡᠯ ᠪᠠ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ︽ᠠᠰᠠᠭᠤᠳᠠᠯ ᠢ ᠢᠯᠡᠷᠡᠭᠦᠯᠵᠦ︾᠂ ᠨᠠᠷᠢᠯᠢᠭ ᠣᠨᠣᠪᠴᠢᠲᠠᠢ ᠪᠠᠷ︽ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ  ᠢ ᠡᠬᠢ ᠦᠨᠳᠦᠰᠦ  ᠠᠴᠠ   ᠨᠢ ᠰᠢᠢᠳᠪᠦᠷᠢᠯᠡᠵᠦ᠂ ᠠᠵᠤ ᠦᠢᠯᠡᠰ ᠤᠨ ᠪᠦᠯᠦᠭᠵᠢᠯ  ᠪᠣᠯᠣᠨ ᠭᠤᠣᠯᠳᠠᠯᠭ᠎ᠠ  ᠲᠠᠢ ᠠᠵᠤ ᠦᠢᠯᠡᠰ  ᠤᠨ ᠬᠡᠯᠬᠢᠶ᠎ᠡ  ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ  ᠶᠢ ᠠᠬᠢᠭᠤᠯᠵᠤ᠂ ᠣᠯᠠᠨ ᠲᠦᠮᠡᠨ  ᠤ ᠳᠡᠷᠭᠡᠳᠡᠬᠢ ᠨᠢᠭᠡ ᠪᠦᠯᠦᠭ ︽ᠵᠠᠩᠭᠢᠯᠠᠭ᠎ᠠ ᠶᠢᠨ ᠪᠠᠭ᠎ᠠ ᠶᠠᠪᠤᠳᠠᠯ︾   ᠢ ᠪᠦᠲᠦᠭᠡᠵᠦ᠂  ︽ᠦᠢᠯᠡᠳᠦᠯᠭᠡ  ᠶᠢ ᠴᠢᠬᠤᠯᠠᠴᠢᠯᠠᠬᠤ︾᠂ ︽ᠰᠢᠨ᠎ᠡ ᠭᠠᠪᠢᠶ᠎ᠠ ᠪᠠᠶᠢᠭᠤᠯᠬᠤ︾   ᠶᠢ ᠦᠨᠡᠨ  ᠬᠦ ᠪᠡᠶᠡᠯᠡᠭᠦᠯᠬᠦ ᠬᠡᠷᠡᠭᠲᠡᠢ ᠭᠡᠵᠡᠢ᠃     ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠᠰᠠ ᠬᠤᠷᠠᠯ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ  ᠲᠠᠭᠠᠨ ᠪᠠᠶᠢᠷᠢᠯᠠᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号