ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠡᠴᠡᠭᠯᠡᠯ | ᠬᠥᠭᠵᠢᠯ ᠢ ᠠᠬᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ | ᠪᠣᠯᠤᠨ ᠰᠢᠯᠢᠳᠡᠭ ᠴᠢᠳᠠᠪᠤᠷᠢᠲᠠᠨ ᠲᠠᠰᠤᠷᠠᠯᠲᠠ ᠥᠬᠡᠶ ᠴᠣᠯᠭᠤᠷᠠᠨ ᠭᠠᠷᠬᠤ ᠨᠡᠶᠢᠭᠡᠮ ᠤᠨ ᠠᠭᠤᠷ ᠠᠮᠢᠰᠬᠤᠯ ᠢ | ᠢᠳᠡᠪᠬᠢᠲᠡᠶ ᠪᠣᠶ ᠪᠣᠯᠭᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠷᠠᠭᠤᠯᠬᠤ ᠪᠠ ᠱᠠᠩᠨᠠᠬᠤ ᠠᠷᠭ᠎ᠠ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ﹇236﹈ ᠳ᠋ᠤᠭᠠᠷ ᠲᠣᠭᠠᠲᠤ︶ ᠶᠢ | ᠦᠨᠳᠦᠰᠦᠯᠡᠨ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠬᠤ᠂ ᠬᠢᠷᠢ ᠬᠡᠮ ᠢ ᠬᠢᠨᠠᠨ ᠪᠠᠶᠢᠴᠠᠭᠠᠬᠤ | ᠂ ᠬᠢᠨᠠᠨ ᠲᠣᠭᠲᠠᠭᠠᠬᠤ᠂ ᠬᠢᠨᠠᠯᠲᠠ ᠲᠠᠯᠪᠢᠬᠤ ᠪᠠ ᠤᠨᠳᠤᠤ ᠰᠠᠨᠠᠯ ᠳᠤᠷᠠᠳᠬᠤ᠂ ᠱᠠᠩᠨᠠᠨ ᠬᠥᠬᠢᠭᠦᠯᠬᠦ ᠵᠡᠷᠭᠡ ᠡᠯ᠎ᠡ | ᠵᠦᠢᠯ ᠤᠨ ᠠᠵᠢᠯ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠶ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ ᠪᠠᠶᠢᠭᠤᠯᠬᠤ ᠲᠤᠬᠠᠶ ᠴᠢᠬᠤᠯᠠ ᠥᠭᠦᠯᠡᠯᠲᠡ ᠶᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ | ᠤᠯᠠᠮ ᠴᠢᠨᠠᠭᠰᠢᠳᠠ ᠴᠡᠴᠡᠭᠯᠡᠭᠦᠯᠦᠨ ᠬᠥᠭᠵᠢᠭᠦᠯᠬᠦ ᠲᠤᠬᠠᠶ ᠰᠠᠨᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠣᠷᠢᠵᠢᠭᠤᠯᠣᠨ᠎ᠠ᠃ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠤ᠂ ᠤᠨᠤᠯ ᠤᠨ ᠰᠢᠨ᠎ᠡ ᠶᠢ | ᠡᠭᠦᠳᠬᠦ ᠶᠢ ᠰᠠᠨᠠᠭᠠᠴᠢᠯᠠᠵᠤ᠂ ᠠᠯᠠᠱᠠ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ | ᠬᠤᠪᠢ ᠨᠡᠮᠡᠷᠢ ᠦᠵᠡᠬᠦᠯᠦᠨ᠎ᠡ᠃ | ᠳᠥᠷᠪᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠳᠤ ᠳᠤᠤᠷᠠᠬᠢ ᠱᠠᠩᠨᠠᠯ ᠢ ᠳᠣᠭᠢᠷᠠᠭᠤᠯᠤᠨ᠎ᠠ᠄ | ︵ᠨᠢᠭᠡ︶ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠱᠠᠩᠨᠠᠯ︔ | ︵ᠬᠤᠶᠠᠷ︶ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠡᠷᠡᠳᠦ | ᠬᠦᠮᠦᠰ ᠤᠨ ᠱᠠᠩᠨᠠᠯ︔ | ︵ᠭᠤᠷᠪᠠ︶ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ | ᠭᠠᠷᠮᠠᠭᠠᠶᠢᠯᠠᠭᠴᠢ ᠶᠢᠨ ᠱᠠᠩᠨᠠᠯ︔ | ︵ᠳᠥᠷᠪᠡ︶ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠣᠭᠤᠢ | ᠬᠤᠪᠢ ᠨᠡᠮᠡᠷᠢ ᠶᠢᠨ ᠱᠠᠩᠨᠠᠯ᠃ | ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠱᠠᠩᠨᠠᠯ ᠳᠤ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠡᠷᠡᠳᠤ ᠬᠥᠮᠦᠰ ᠤᠨ ᠱᠠᠩᠨᠠᠯ᠂ ᠵᠠᠯᠠᠭᠤ ᠴᠢᠳᠠᠪᠤᠷᠢᠲᠠᠨ ᠤ | ᠱᠠᠩᠨᠠᠯ᠂ ᠣᠨᠴᠣᠭᠤᠢ ᠬᠤᠪᠢ ᠨᠡᠮᠡᠷᠢ ᠶᠢᠨ ᠱᠠᠩᠨᠠᠯ ᠪᠠᠭᠲᠠᠨ᠎ᠠ᠃ | ᠲᠠᠪᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠬᠤ ᠪᠠ ᠱᠠᠩᠨᠠᠬᠤ ᠶᠢ ᠳᠥᠷᠪᠡᠨ ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ ᠬᠡᠷᠡᠭᠰᠡᠬᠦ ᠵᠠᠷᠤᠳᠠᠯ ᠢ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠪᠠᠲᠤᠯᠠᠨ᠎ᠠ᠃ | ᠵᠢᠷᠭᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠬᠤ ᠪᠠ ᠱᠠᠩᠨᠠᠬᠤ ᠠᠵᠢᠯ ᠳᠤ ᠢᠯᠡ᠂ ᠡᠷᠬᠡ ᠲᠡᠭᠰᠢ᠂ ᠲᠥᠪ ᠭᠤᠤᠯᠴᠢ᠂ ᠰᠢᠨᠵᠢᠯᠡᠬᠦ ᠤᠬᠠᠭᠠᠨᠴᠢ᠂ | ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠵᠤ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ᠂ ᠱᠠᠩᠨᠠᠯ | ᠣᠯᠭᠤᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠠᠷ | ᠳᠦᠷᠦᠵᠦ ᠪᠣᠯᠬᠤ ᠥᠬᠡᠶ᠃ | ᠳᠣᠯᠣᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠣᠯ ᠤᠨ ᠰᠤᠳᠤᠯᠤᠯ᠂ ᠬᠡᠷᠡᠭᠯᠡᠭᠡᠨ ᠤ ᠰᠤᠳᠤᠯᠤᠯ ᠵᠡᠷᠭᠡ | ᠲᠠᠯ᠎ᠠ ᠪᠠᠷ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠤᠶᠤ ᠪᠦᠯᠬᠦᠮ ᠳᠤ ᠣᠯᠭᠤᠨ᠎ᠠ᠃ ᠠᠯᠠᠱᠠ | ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠡᠯ᠎ᠡ ᠱᠠᠲᠤᠨ ᠤ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠣᠯᠭᠤᠬᠤ ᠥᠬᠡᠶ᠃ | ᠨᠠᠢᠮᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠨᠢ | ᠬᠤᠪᠢ ᠬᠥᠮᠦᠨ ᠪᠤᠶᠤ ᠪᠦᠯᠬᠦᠮ ᠳᠤ ᠢᠷᠠᠭᠤ ᠠᠯᠳᠠᠷ ᠣᠯᠭᠤᠬᠤ᠂ ᠦᠨᠡᠮᠯᠡᠯ ᠣᠯᠭᠤᠬᠤ ᠶᠢ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ ᠡᠷᠬᠡ ᠶᠢᠨ ᠬᠠᠷᠢᠶ᠎ᠠ ᠶᠢ ᠲᠣᠭᠲᠠᠭᠠᠬᠤ ᠦᠨᠳᠦᠰᠦᠯᠡᠯ | ᠪᠣᠯᠭᠠᠬᠤ ᠦᠭᠡᠢ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ | ᠶᠢᠰᠦᠳᠦᠭᠡᠷ ᠵᠦᠢᠯ ᠠᠯᠠᠱᠠ ᠠᠶᠢᠮᠠᠭ ᠤᠨ ᠵᠠᠬᠢᠷᠭ᠎ᠠ ᠳᠤ ᠰᠢᠯᠭᠠᠷᠠᠭᠤᠯᠬᠤ ᠠᠵᠢᠯ ᠤᠨ ᠪᠠᠶᠢᠭᠤᠯᠤᠮᠵᠢ | ᠪᠠᠶᠢᠭᠤᠯᠤᠨ᠎ᠠ᠂ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠷᠠᠭᠤᠯᠬᠤ | ᠺᠣᠮᠢᠰ ︵ᠳᠣᠷᠣᠭᠰᠢ ᠰᠢᠯᠭᠠᠷᠠᠭᠤᠯᠬᠤ ᠺᠣᠮᠢᠰ ᠭᠡᠵᠦ ᠲᠣᠪᠴᠢᠯᠠᠨ᠎ᠠ︶᠂ ᠰᠢᠯᠭᠠᠷᠠᠭᠤᠯᠬᠤ ᠺᠣᠮᠢᠰ ᠤᠨ ᠡᠷᠬᠢᠯᠡᠭᠴᠢ᠂ | ᠳᠡᠳ᠋ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠥᠬᠦᠶ | ᠤᠳᠤᠷᠢᠳᠤᠯᠭ᠎ᠠ ᠡᠭᠦᠷᠭᠡᠯᠡᠵᠦ᠂ ᠪᠦᠷᠢᠯᠳᠦᠬᠦᠨ ᠨᠢ ᠵᠣᠬᠢᠬᠤ ᠲᠣᠭᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠵᠦ ᠪᠠᠶᠢᠭ᠎ᠠ | ᠲᠤᠰᠬᠠᠶ ᠮᠡᠷᠭᠡᠵᠢᠯᠲᠡᠨ ᠢᠶᠠᠷ ᠪᠦᠷᠢᠯᠳᠦᠨ᠎ᠡ᠃ ᠰᠢᠯᠭᠠᠷᠠᠭᠤᠯᠬᠤ ᠺᠣᠮᠢᠰ ᠤᠨ ᠠᠯᠪᠠᠨ ᠭᠡᠷ ᠢ ᠠᠯᠠᠱᠠ ᠠᠶᠢᠮᠠᠭ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠬᠢᠨ ᠤ ᠬᠤᠯᠪᠣᠭ᠎ᠠ ᠳᠤ ᠭᠠᠷᠭᠠᠵᠤ᠂ ᠰᠢᠯᠭᠠᠷᠠᠭᠤᠯᠬᠤ ᠡᠳᠦᠷ | ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ | ᠠᠷᠪᠠᠳᠤᠭᠠᠷ ᠵᠦᠢᠯ ᠰᠢᠯᠭᠠᠷᠠᠭᠤᠯᠬᠤ ᠺᠣᠮᠢᠰ ᠪᠣᠯ ᠰᠢᠯᠭᠠᠷᠠᠭᠤᠯᠬᠤ ᠠᠵᠢᠯ ᠤᠨ ᠬᠠᠮᠤᠭ ᠤᠨ ᠳᠡᠭᠡᠳᠦ | ᠪᠠᠶᠢᠭᠤᠯᠤᠮᠵᠢ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠰᠢᠯᠭᠠᠷᠠᠭᠤᠯᠬᠤ ᠶᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ︔ | ︵ᠬᠤᠶᠠᠷ︶ ᠳᠠᠬᠢᠨ ᠰᠢᠯᠭᠠᠷᠠᠭᠤᠯᠬᠤ ᠳᠤ ᠳᠤᠷᠠᠳᠤᠭᠰᠠᠨ ᠱᠠᠩᠨᠠᠯ ᠣᠯᠤᠭᠰᠠᠨ ᠦᠷ᠎ᠡ ᠳ᠋ᠦᠩ ᠢ ᠬᠢᠨᠠᠨ | ᠲᠣᠭᠲᠠᠭᠠᠨ᠎ᠠ︔ | ︵ᠭᠤᠷᠪᠠ︶ ᠵᠠᠷᠯᠠᠨ ᠨᠡᠶᠢᠲᠡᠯᠡᠬᠦ ᠬᠤᠭᠤᠴᠠᠭᠠᠨ ᠳᠤ ᠳᠤᠷᠠᠳᠤᠭᠰᠠᠨ ᠣᠨᠳᠣᠣ ᠰᠠᠨᠠᠯ ᠢ ᠬᠥᠨᠳᠡᠯᠡᠨ ᠠᠴᠠ | ᠳᠠᠰᠣᠯᠣᠨᠠ︔ | ︵ᠳᠥᠷᠪᠡ︶ ᠰᠢᠯᠭᠠᠷᠠᠭᠤᠯᠬᠤ ᠪᠠ ᠱᠠᠩᠨᠠᠬᠤ ᠠᠵᠢᠯ ᠤᠨ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ | | ᠠᠷᠪᠠᠨ ᠨᠢᠭᠡᠳᠦᠭᠡᠷ ᠵᠦᠢᠯ ᠰᠢᠯᠭᠠᠷᠠᠭᠤᠯᠬᠤ ᠺᠣᠮᠢᠰ ᠤᠨ ᠠᠯᠪᠠᠨ ᠬᠡᠷ ᠤᠨ ᠭᠤᠤᠯ ᠡᠭᠦᠷᠭᠡ ᠬᠠᠷᠢᠭᠤᠴᠠᠯᠭ᠎ᠠ | ᠪᠣᠯ᠄ | ︵ᠨᠢᠭᠡ︶ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠬᠤ ᠠᠵᠢᠯ ᠢ ᠵᠢᠯᠣᠭᠤᠳᠬᠤ ᠶᠢᠨ ᠬᠠᠮᠲᠤ | ᠵᠣᠬᠢᠶᠠᠨ ᠪᠠᠶᠢᠭᠤᠯᠤᠨ᠎ᠠ︔ | ︵ᠬᠤᠶᠠᠷ︶ ᠠᠩᠬ᠎ᠠ ᠰᠢᠯᠭᠠᠷᠠᠭᠤᠯᠬᠤ ᠠᠵᠢᠯ ᠢ ᠵᠢᠯᠣᠭᠤᠳᠤᠨ᠎ᠠ︔ | ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ ᠶᠢ ᠥᠷᠨᠢᠭᠦᠯᠦᠨ᠎ᠡ︔ | ︵ᠳᠥᠷᠪᠡ︶ ᠰᠢᠯᠭᠠᠷᠠᠭᠤᠯᠬᠤ ᠺᠣᠮᠢᠰ ᠤᠨ ᠭᠡᠰᠢᠭᠦᠨ ᠢ ᠳᠠᠬᠢᠨ ᠰᠣᠩᠭᠤᠨ ᠤᠷᠢᠨ᠎ᠠ︔ | ︵ᠲᠠᠪᠤ︶ ᠳᠠᠬᠢᠨ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ︔ | ︵ᠵᠢᠷᠭᠤᠭ᠎ᠠ︶ ᠢᠯᠡ ᠨᠡᠶᠢᠲᠡᠯᠡᠬᠦ ᠵᠢᠴᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠶᠠᠪᠤᠳᠠᠯ ᠢ | ᠬᠠᠷᠢᠭᠤᠴᠠᠨ᠎ᠠ︔ | ︵ᠲᠤᠯᠤᠭ᠎ᠠ︶ ᠵᠠᠷᠯᠠᠨ ᠨᠡᠶᠢᠲᠡᠯᠡᠬᠦ ᠬᠤᠭᠤᠴᠠᠭᠠᠨ ᠳᠤ ᠳᠤᠷᠠᠳᠤᠭᠰᠠᠨ ᠣᠨᠳᠣᠣ ᠰᠠᠨᠠᠯ ᠢ ᠬᠥᠨᠳᠡᠯᠡᠨ ᠠᠴᠠ | ᠳᠠᠰᠣᠯᠣᠨᠠ︔ | ︵ᠨᠠᠢᠮᠠ︶ ᠱᠠᠩᠨᠠᠯ ᠤᠨ ᠵᠦᠢᠯ ᠪᠠᠶᠢᠷᠢᠯᠠᠭᠤᠯᠬᠤ ᠵᠢᠴᠢ ᠱᠠᠩᠨᠠᠯ ᠤᠨ ᠮᠥᠩᠭᠦ ᠬᠤᠪᠢᠶᠠᠷᠢᠯᠠᠬᠤ | ᠰᠠᠨᠠᠭᠤᠯᠭ᠎ᠠ ᠶᠢ ᠳᠤᠷᠠᠳᠤᠨ᠎ᠠ︔ | ︵ᠶᠢᠰᠦ︶ ᠰᠢᠯᠭᠠᠷᠠᠭᠤᠯᠬᠤ ᠠᠵᠢᠯ ᠤᠨ ᠳᠠᠩᠰᠠ ᠡᠪᠬᠡᠮᠡᠯ ᠪᠠᠶᠢᠭᠤᠯᠬᠤ ᠶᠢ ᠬᠠᠷᠢᠭᠤᠴᠠᠨ᠎ᠠ︔ | ︵ᠠᠷᠪᠠ︶ ᠰᠢᠯᠭᠠᠷᠠᠭᠤᠯᠬᠤ ᠪᠠ ᠱᠠᠩᠨᠠᠬᠤ ᠠᠵᠢᠯ ᠢ ᠳᠠᠭᠠᠭᠠᠨ ᠬᠢᠬᠦ ᠪᠤᠰᠤᠳ ᠵᠦᠢᠯ ᠤᠳ᠃ | ᠭᠤᠷᠪᠠᠳᠤᠭᠠᠷ ᠪᠦᠯᠦᠭ ᠬᠢᠨᠠᠨ ᠲᠣᠭᠲᠠᠭᠠᠬᠤ ᠨᠥᠬᠦᠴᠡᠯ | ᠨᠢᠭᠡᠳᠦᠭᠡᠷ ᠬᠡᠰᠡᠭ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ | ᠱᠠᠩᠨᠠᠯ | ᠠᠷᠪᠠᠨ ᠬᠤᠶᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠬᠤᠪᠢ ᠬᠥᠮᠦᠨ ᠪᠤᠶᠤ ᠪᠦᠯᠬᠦᠮ ᠨᠡᠶᠢᠲᠡ ᠳᠤ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠣᠨᠣᠯ ᠬᠢᠭᠡᠳ ᠦᠢᠯᠡᠳᠦᠯᠬᠡ ᠶᠢᠨ ᠲᠠᠯ᠎ᠠ ᠪᠠᠷ ᠬᠢ ᠡᠷᠳᠡᠮ | ᠰᠢᠨᠵᠢᠯᠡᠭᠡᠨ ᠤ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ ᠰᠤᠳᠤᠯᠭᠠᠨ ᠤ ᠦᠷ᠎ᠡ ᠪᠦᠲᠦᠭᠡᠯ ᠳᠤ ᠣᠯᠭᠤᠵᠤ᠂ | ᠠᠩᠬᠠᠨ ᠤ ᠡᠭᠦᠳᠦᠯᠲᠡ ᠶᠢᠨ ᠴᠢᠨᠠᠷᠲᠠᠶ᠂ ᠨᠡᠭᠡᠭᠡᠯᠲᠡ ᠶᠢᠨ ᠴᠢᠨᠠᠷᠲᠠᠶ ᠦᠷ᠎ᠡ ᠪᠦᠲᠦᠭᠡᠯ ᠢ ᠱᠠᠩᠨᠠᠬᠤ ᠶᠢ | ᠴᠢᠬᠤᠯᠠᠴᠢᠯᠠᠨ᠂ ᠰᠠᠭᠤᠷᠢ ᠰᠢᠨᠵᠢᠯᠡᠭᠡᠨ ᠤ ᠦᠷ᠎ᠡ ᠪᠦᠲᠦᠭᠡᠯ᠂ ᠤᠯᠠᠮᠵᠢᠯᠠᠯᠲᠤ ᠳᠠᠪᠠᠭᠤᠯᠢᠭ ᠰᠢᠨᠵᠢᠯᠡᠭᠡᠨ ᠤ ᠦᠷ᠎ᠡ | ᠪᠦᠲᠦᠭᠡᠯ ᠪᠠ ᠰᠢᠨ᠎ᠡ ᠪᠠᠷ ᠪᠣᠶ ᠪᠣᠯᠤᠭᠰᠠᠨ ᠰᠢᠨᠵᠢᠯᠡᠭᠡᠨ ᠤ ᠦᠷ᠎ᠡ ᠪᠦᠲᠦᠭᠡᠯ ᠢ ᠬᠠᠮᠲᠤ ᠳᠤᠨᠢ ᠬᠠᠷᠠᠭᠠᠯᠵᠠᠨ᠎ᠠ᠃ | ᠠᠷᠪᠠᠨ ᠭᠤᠷᠪᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ | ᠭᠤᠷᠪᠠᠳᠤᠭᠠᠷ ᠳᠡᠰ ᠤᠨ ᠱᠠᠩᠨᠠᠯ ᠭᠠᠷᠭᠠᠨ᠎ᠠ᠃ ᠨᠢᠭᠡᠳᠦᠭᠡᠷ ᠳᠡᠰ ᠤᠨ ᠱᠠᠩᠨᠠᠯ ᠨᠢ 1 ᠲᠥᠷᠥᠯ ᠠᠴᠠ ᠬᠡᠲᠦᠷᠡᠵᠦ | ᠪᠣᠯᠬᠤ ᠦᠭᠡᠢ᠂ ᠲᠥᠷᠥᠯ ᠪᠦᠷᠢ ᠶᠢᠨ ᠱᠠᠩᠨᠠᠯ ᠤᠨ ᠮᠥᠩᠭᠦ ᠨᠢ 1 . 5 ᠲᠦᠮᠡᠨ ᠲᠥᠭᠦᠷᠢᠭ︔ ᠬᠤᠶᠠᠳᠤᠭᠠᠷ | ᠳᠡᠰ ᠤᠨ ᠱᠠᠩᠨᠠᠯ ᠢ 2 ᠲᠥᠷᠥᠯ ᠠᠴᠠ ᠬᠡᠲᠦᠷᠡᠭᠦᠯᠵᠦ ᠪᠣᠯᠬᠤ ᠦᠭᠡᠶ᠂ ᠲᠥᠷᠥᠯ ᠪᠦᠷᠢ ᠶᠢᠨ ᠱᠠᠩᠨᠠᠯ ᠤᠨ ᠮᠥᠩᠭᠦ | ᠨᠢ 1 ᠲᠦᠮᠡᠨ ᠲᠥᠭᠦᠷᠢᠭ ᠪᠣᠯᠤᠨ᠎ᠠ︔ ᠭᠤᠷᠪᠠᠳᠤᠭᠠᠷ ᠳᠡᠰ ᠤᠨ ᠱᠠᠩᠨᠠᠯ ᠨᠢ 3 ᠲᠥᠷᠥᠯ ᠠᠴᠠ ᠬᠡᠲᠦᠷᠡᠵᠦ ᠪᠣᠯᠬᠤ | ᠦᠭᠡᠢ᠂ ᠲᠥᠷᠥᠯ ᠪᠦᠷᠢ ᠶᠢᠨ ᠱᠠᠩᠨᠠᠯ ᠤᠨ ᠮᠥᠩᠭᠦ ᠨᠢ 0 . 5 ᠲᠦᠮᠡᠨ ᠲᠥᠭᠦᠷᠢᠭ᠃ | ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷᠢᠮᠵᠢᠶ᠎ᠠ ᠨᠢ ᠳᠣᠣᠷᠠᠬᠢ ᠮᠡᠲᠦ᠄ | ︵ᠨᠢᠭᠡ︶ ᠨᠢᠭᠡᠳᠦᠭᠡᠷ ᠳᠡᠰ ᠤᠨ ᠱᠠᠩᠨᠠᠯ᠄ ᠰᠡᠳᠦᠪ ᠰᠣᠩᠭᠤᠭᠰᠠᠨ ᠨᠢ ᠴᠢᠬᠤᠯᠠ ᠶᠡᠭᠡ ᠠᠴᠢ | ᠬᠤᠯᠪᠣᠭᠳᠠᠯ ᠲᠠᠢ᠂ ᠬᠢᠴᠢᠶᠡᠯ ᠲᠥᠷᠥᠯ ᠤᠨ ᠡᠭᠦᠳᠦᠯᠲᠡ ᠶᠢᠨ ᠴᠢᠨᠠᠷᠲᠠᠶ ᠪᠤᠶᠤ ᠶᠠᠮᠠᠷ ᠨᠢᠭᠡᠨ ᠲᠤᠰᠬᠠᠶ ᠮᠡᠷᠭᠡᠵᠢᠯ ᠤᠨ | ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠭᠰᠡᠨ᠂ ᠡᠷᠳᠡᠮ ᠰᠢᠨᠵᠢᠯᠡᠭᠡᠨ ᠤ ᠰᠢᠨ᠎ᠡ ᠡᠭᠦᠳᠦᠯᠲᠡ ᠨᠢ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠴᠢᠬᠤᠯᠠ ᠶᠡᠭᠡ ᠨᠥᠯᠥᠭᠡ ᠲᠠᠢ᠂ ᠤᠯᠤᠰ ᠤᠨ ᠳᠣᠲᠣᠭᠠᠳᠤ ᠳᠤ ᠵᠣᠬᠢᠬᠤ | ᠨᠥᠯᠥᠭᠡ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠳᠤᠮᠳᠠ ᠰᠢᠢᠳᠪᠦᠷᠢᠯᠡᠬᠦ ᠴᠢᠬᠤᠯᠠᠲᠠᠶ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠬᠦ ᠳᠤ ᠴᠢᠬᠤᠯᠠ ᠦᠢᠯᠡᠳᠦᠯ ᠦᠵᠡᠭᠦᠯᠦᠭᠰᠡᠨ᠃ | ︵ᠬᠤᠶᠠᠷ︶ ᠬᠤᠶᠠᠳᠤᠭᠠᠷ ᠳᠡᠰ ᠤᠨ ᠱᠠᠩᠨᠠᠯ᠄ ᠰᠡᠳᠦᠪ ᠰᠣᠩᠭᠤᠭᠰᠠᠨ ᠨᠢ ᠴᠢᠬᠤᠯᠠ ᠠᠴᠢ | ᠬᠤᠯᠪᠣᠭᠳᠠᠯ ᠲᠠᠢ ᠪᠥᠭᠡᠳ ᠶᠠᠮᠠᠷ ᠨᠢᠭᠡᠨ ᠰᠢᠨᠵᠢᠯᠡᠭᠡᠨ ᠤ ᠰᠢᠰᠲ᠋ᠧᠮ ᠪᠤᠶᠤ ᠵᠠᠷᠢᠮ ᠰᠢᠨᠵᠢᠯᠡᠭᠡᠨ ᠤ ᠬᠥᠭᠵᠢᠯᠲᠡ ᠶᠢ | ᠲᠡᠭᠦᠯᠳᠡᠷᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠴᠢᠬᠤᠯᠠ ᠡᠷᠳᠡᠮ | ᠰᠢᠨᠵᠢᠯᠡᠭᠡᠨ ᠤ ᠦᠨ᠎ᠡ ᠥᠷᠲᠡᠭ ᠲᠠᠢ ᠪᠤᠶᠤ ᠪᠦᠬᠦ ᠠᠶᠢᠮᠠᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠳᠤᠮᠳᠠ ᠰᠢᠢᠳᠪᠦᠷᠢᠯᠡᠬᠦ ᠴᠢᠬᠤᠯᠠᠳᠠᠢ ᠪᠣᠳᠠᠲᠤ ᠠᠰᠠᠭᠤᠳᠠᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠃ | ︵ᠭᠤᠷᠪᠠ︶ ᠭᠤᠷᠪᠠᠳᠤᠭᠠᠷ ᠳᠡᠰ ᠤᠨ ᠱᠠᠩᠨᠠᠯ᠄ ᠰᠡᠳᠦᠪ ᠰᠣᠩᠭᠤᠭᠰᠠᠨ ᠨᠢ ᠨᠡᠯᠢᠶᠡᠳ ᠶᠡᠭᠡ ᠠᠴᠢ | ᠬᠤᠯᠪᠣᠭᠳᠠᠯ ᠲᠠᠢ᠂ ᠶᠠᠮᠠᠷ ᠨᠢᠭᠡᠨ ᠬᠢᠴᠢᠶᠡᠯ ᠲᠥᠷᠥᠯ ᠤᠨ ᠳᠣᠲᠣᠷ᠎ᠠ ᠶᠠᠮᠠᠷ ᠨᠢᠭᠡᠨ ᠲᠠᠯ᠎ᠠ ᠪᠠᠷ ᠰᠢᠨ᠎ᠡ ᠶᠢ ᠡᠭᠦᠳᠴᠦ᠂ | ᠵᠣᠬᠢᠬᠤ ᠡᠷᠳᠡᠮ ᠰᠢᠨᠵᠢᠯᠡᠭᠡᠨ ᠤ ᠦᠨ᠎ᠡ ᠥᠷᠲᠡᠭ ᠲᠠᠢ᠂ ᠠᠯᠠᠱᠠ ᠠᠶᠢᠮᠠᠭ ᠲᠤ ᠨᠡᠯᠢᠶᠡᠳ ᠶᠡᠭᠡ ᠨᠥᠯᠥᠭᠡ ᠲᠠᠢ | ᠪᠥᠭᠡᠳ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠳᠤ ᠨᠡᠯᠢᠶᠡᠳ ᠶᠡᠭᠡ | ᠬᠤᠪᠢ ᠨᠡᠮᠡᠷᠢ ᠲᠠᠢ᠃ | ᠠᠷᠪᠠᠨ ᠳᠥᠷᠪᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠰᠢᠯᠭᠠᠷᠠᠭᠤᠯᠬᠤ ᠬᠡᠪᠴᠢᠶ᠎ᠡ᠄ | ᠨᠢᠭᠡᠳᠦᠭᠡᠷ ᠵᠣᠬᠢᠶᠠᠭᠴᠢ ᠨᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ︵ᠠᠯᠠᠱᠠ ᠠᠶᠢᠮᠠᠭ ᠤᠨ ᠡᠯ᠎ᠡ | ᠱᠠᠲᠤᠨ ᠤ ᠡᠯ᠎ᠡ ᠲᠥᠷᠥᠯ ᠤᠨ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠪᠠᠭᠲᠠᠨ᠎ᠠ︶ ᠳᠤ ᠨᠡᠷ᠎ᠡ ᠪᠠᠨ ᠪᠢᠴᠢᠭᠰᠡᠨ | ᠪᠥᠭᠡᠳ ᠳᠣᠣᠷᠠᠬᠢ ᠭᠤᠷᠪᠠᠨ ᠨᠥᠬᠦᠴᠡᠯ ᠤᠨ ᠨᠢᠭᠡ ᠳᠤᠨᠢ ᠨᠡᠶᠢᠴᠡᠭᠰᠡᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠦᠷ᠎ᠡ ᠪᠦᠲᠦᠭᠡᠯ᠃ | ︵ᠨᠢᠭᠡ︶ ᠰᠢᠯᠭᠠᠷᠠᠭᠤᠯᠬᠤ ᠮᠡᠳᠡᠭᠳᠡᠯ ᠳᠤ ᠲᠣᠭᠲᠠᠭᠠᠭᠰᠠᠨ ᠬᠤᠭᠤᠴᠠᠭᠠᠨ ᠳᠤ ᠢᠯᠡ ᠪᠠᠷ ᠬᠡᠪᠯᠡᠭᠦᠯᠦᠭᠰᠡᠨ | ᠪᠠ ᠨᠡᠶᠢᠲᠡᠯᠡᠭᠰᠡᠨ ᠮᠥᠷᠲᠡᠭᠡᠨ ᠵᠣᠬᠢᠬᠤ ᠡᠷᠳᠡᠮ ᠰᠢᠨᠵᠢᠯᠡᠭᠡᠨ ᠤ ᠦᠨ᠎ᠡ ᠥᠷᠲᠡᠭ ᠲᠠᠢ ᠲᠤᠰᠬᠠᠶ ᠵᠣᠬᠢᠶᠠᠯ ᠪᠦᠲᠦᠭᠡᠯ | ᠂ ᠣᠷᠴᠢᠭᠤᠯᠤᠭᠰᠠᠨ ᠵᠣᠬᠢᠶᠠᠯ ᠪᠦᠲᠦᠭᠡᠯ᠂ ᠨᠠᠶᠢᠷᠠᠭᠤᠯᠤᠨ ᠵᠣᠬᠢᠶᠠᠭᠰᠠᠨ ᠵᠣᠬᠢᠶᠠᠯ ᠪᠦᠲᠦᠭᠡᠯ᠂ ᠡᠷᠲᠡᠨ ᠤ ᠨᠣᠮ | ᠪᠢᠴᠢᠭ ᠢ ᠡᠮᠬᠢᠯᠡᠬᠦ᠂ ᠣᠷᠣᠨ ᠨᠤᠲᠤᠭ ᠤᠨ ᠣᠶᠢᠯᠠᠯᠭ᠎ᠠ ᠶᠢᠨ ᠨᠣᠮ᠂ ᠪᠠᠭᠠᠵᠢ ᠪᠢᠴᠢᠭ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠩᠰᠢᠬᠤ ᠪᠢᠴᠢᠭ᠂ ᠥᠭᠦᠯᠡᠯ ᠵᠡᠷᠭᠡ᠃ | ︵ᠬᠤᠶᠠᠷ︶ ᠬᠡᠳᠦ᠋ᠢᠪᠡᠷ ᠢᠯᠡ ᠪᠠᠷ ᠬᠡᠪᠯᠡᠭᠰᠡᠨ ᠥᠬᠡᠶ ᠪᠠ ᠢᠯᠡ ᠪᠠᠷ ᠨᠡᠪᠲᠡᠷᠡᠭᠦᠯᠦᠭᠰᠡᠨ ᠥᠬᠡᠶ ᠪᠣᠯᠪᠠᠴᠤ | ᠬᠤᠰᠢᠭᠤ ᠭᠠᠵᠠᠷ ᠤᠨ ᠲᠠᠰ ︵ᠬᠤᠰᠢᠭᠤ ᠭᠠᠵᠠᠷ ᠤᠨ ᠲᠠᠰ ᠪᠠᠭᠲᠠᠨ᠎ᠠ︶ ᠠᠴᠠ ᠳᠡᠭᠡᠭᠰᠢᠬᠢ ᠨᠢᠭᠡᠴᠡ ᠭᠥᠯᠢᠶᠡᠨ | ᠠᠪᠴᠤ ᠬᠡᠷᠡᠭᠯᠡᠭᠰᠡᠨ᠂ ᠳᠡᠯᠭᠡᠷᠡᠭᠦᠯᠦᠭᠰᠡᠨ ᠪᠤᠶᠤ ᠠᠶᠢᠮᠠᠭ ᠤᠨ ᠱᠠᠲᠤᠨ ᠠᠴᠠ ᠳᠡᠭᠡᠭᠰᠢᠬᠢ ᠭᠤᠤᠯ ᠤᠳᠤᠷᠢᠳᠬᠤ | ᠺᠠᠳ᠋ᠷ ᠤᠨ ᠴᠣᠬᠤᠯᠠᠪᠤᠷᠢᠯᠠᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠯᠠᠪᠯᠠᠭ᠎ᠠ ᠶᠢᠨ ᠮᠡᠳᠡᠭᠦᠯᠦᠯᠲᠡ᠂ | ᠨᠤᠲᠠᠯᠠᠯᠲᠠ ᠶᠢᠨ ᠮᠡᠳᠡᠭᠦᠯᠦᠯᠲᠡ ᠵᠡᠷᠭᠡ᠃ | ︵ᠭᠤᠷᠪᠠ︶ ᠰᠤᠳᠤᠯᠬᠤ ᠠᠭᠤᠯᠭ᠎ᠠ ᠪᠤᠶᠤ ᠰᠤᠳᠤᠯᠬᠤ ᠠᠷᠭ᠎ᠠ ᠶᠢᠨ ᠲᠠᠯ᠎ᠠ ᠪᠠᠷ ᠵᠣᠬᠢᠬᠤ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢ ᠴᠢᠨᠠᠷ ᠲᠠᠢ ᠶᠡᠷᠦᠩᠬᠡᠶᠢᠯᠡᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠯ | ᠰᠢᠨᠵᠢᠯᠡᠭᠡᠨ ᠤ ᠰᠠᠯᠠᠭ᠎ᠠ ᠶᠢᠨ ᠦᠷ᠎ᠡ ᠪᠦᠲᠦᠭᠡᠯ᠃ | ᠳᠣᠣᠷ᠎ᠠ ᠵᠢᠭᠰᠠᠭᠠᠭᠰᠠᠨ ᠪᠠᠶᠢᠳᠠᠯ ᠰᠢᠯᠭᠠᠷᠠᠭᠤᠯᠬᠤ ᠬᠡᠪᠴᠢᠶᠡᠨ ᠳᠤ ᠪᠠᠶᠢᠬᠤ ᠦᠭᠡᠢ᠄ | ︵ᠨᠢᠭᠡ︶ ᠡᠷᠳᠡᠮ ᠰᠢᠨᠵᠢᠯᠡᠭᠡᠨ ᠤ ᠪᠤᠰᠤ ᠴᠢᠨᠠᠷᠲᠠᠢ ᠦᠷ᠎ᠡ ᠪᠦᠲᠦᠭᠡᠯ᠂ ᠵᠢᠱᠢᠶᠡᠯᠡᠪᠡᠯ ᠠᠵᠢᠯ ᠤᠨ | ᠳ᠋ᠦᠩᠨᠡᠯᠲᠡ᠂ ᠴᠠᠭ ᠤᠨ ᠪᠠᠶᠢᠳᠠᠯ ᠤᠨ ᠰᠣᠨᠢᠨ ᠮᠡᠳᠡᠭᠡ᠂ ᠤᠳᠬ᠎ᠠ ᠵᠣᠬᠢᠶᠠᠯ ᠤᠷᠠᠯᠢᠭ ᠤᠨ ᠪᠦᠲᠦᠭᠡᠯ᠂ ᠬᠥᠮᠦᠨ ᠤ | ᠨᠠᠮᠲᠠᠷ᠂ ᠳᠤᠷᠠᠰᠤᠮᠵᠢ᠂ ᠭᠡᠷ ᠤᠨ ᠴᠠᠳᠢᠭ᠂ ᠶᠡᠭᠡ ᠬᠡᠷᠡᠭ ᠶᠠᠪᠤᠳᠠᠯ ᠤᠨ ᠲᠡᠮᠳᠡᠭᠯᠡᠯ᠂ ᠣᠨ ᠤ ᠲᠤᠯᠢ᠂ ᠲᠦᠢᠮᠣ᠂ | ᠲᠤᠭ᠎ᠠ ᠪᠦᠷᠢᠳᠬᠡᠯ ᠤᠨ ᠮᠠᠲ᠋ᠧᠷᠢᠶᠠᠯ᠂ ᠤᠳᠤᠷᠢᠳᠤᠯᠭ᠎ᠠ ᠶᠢᠨ ᠶᠠᠷᠢᠶ᠎ᠠ᠂ ᠠᠯᠪᠠᠨ ᠪᠢᠴᠢᠭ᠂ ᠬᠠᠤᠯᠢ ᠴᠠᠭᠠᠵᠠ᠂ | ᠬᠠᠤᠯᠢ ᠲᠣᠭᠲᠠᠭᠠᠯ᠂ ᠡᠮᠬᠢᠳᠬᠡᠯ ᠵᠡᠷᠭᠡ︔ | ︵ᠬᠤᠶᠠᠷ︶ ᠵᠣᠬᠢᠶᠠᠯ ᠳᠠᠬᠢ ᠡᠮᠦᠨᠡᠬᠢ ᠦᠭᠡ ᠪᠤᠶᠤ ᠣᠷᠣᠰᠢᠯ︔ | ︵ᠭᠤᠷᠪᠠ︶ ᠦᠷ᠎ᠡ ᠪᠦᠲᠦᠭᠡᠯ ᠤᠨ ᠨᠢᠭᠡᠳᠦᠭᠡᠷ ᠪᠡᠶᠡᠯᠡᠭᠦᠯᠦᠭᠴᠢ ᠨᠢ ᠣᠳᠣ ᠶᠢᠨ ᠳᠡᠳ᠋ ᠲᠢᠩᠬᠢᠮ ᠤᠨ | ᠳᠡᠰ ᠠᠴᠠ ᠳᠡᠭᠡᠭᠰᠢᠬᠢ ᠨᠠᠮ ᠵᠠᠰᠠᠭ ᠤᠨ ᠤᠳᠤᠷᠢᠳᠬᠤ ᠺᠠᠳ᠋ᠷ ᠪᠣᠯᠬᠤ︔ | ︵ᠳᠥᠷᠪᠡ︶ ᠲᠢᠩᠬᠢᠮ ᠤᠨ ᠲᠠᠰ ᠤᠨ ᠱᠠᠩᠨᠠᠯ ᠠᠴᠠ ᠳᠡᠭᠡᠭᠦᠷ ᠪᠤᠶᠤ ᠲᠡᠩᠴᠡᠭᠦᠦ ᠦᠷ᠎ᠡ ᠪᠦᠲᠦᠭᠡᠯ ᠢ | ᠨᠢᠭᠡᠨᠲᠡ ᠣᠯᠤᠭᠰᠠᠨ︔ | ︵ᠲᠠᠪᠤ︶ ᠡᠯᠧᠺᠲᠷᠣᠨ ᠬᠡᠪᠯᠡᠭᠳᠡᠬᠦᠨ︔ | ︵ᠵᠢᠷᠭᠤᠭ᠎ᠠ︶ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ | ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠬᠤᠯᠪᠣᠭᠳᠠᠵᠤ᠂ ᠤᠯᠤᠰ ᠤᠨ ᠨᠢᠭᠤᠴᠠ ᠳᠤ | ᠲᠣᠭᠠᠴᠠᠭᠳᠠᠬᠤ ᠰᠤᠳᠤᠯᠭᠠᠨ ᠤ ᠦᠷ᠎ᠡ ᠪᠦᠲᠦᠭᠡᠯ︔ | ︵ᠲᠤᠯᠤᠭ᠎ᠠ︶ ᠦᠷ᠎ᠡ ᠪᠦᠲᠦᠭᠡᠯ ᠨᠢ ᠵᠣᠬᠢᠶᠠᠯ ᠪᠦᠲᠦᠭᠡᠯ ᠤᠨ ᠡᠷᠬᠡ ᠶᠢᠨ ᠬᠠᠷᠢᠶᠠᠯᠠᠯ ᠤᠨ | ᠮᠠᠷᠭᠤᠯᠳᠤᠭᠠᠨ ᠲᠠᠢ ᠪᠠᠶᠢᠬᠤ︔ | ︵ᠨᠠᠢᠮᠠ︶ ᠭᠠᠳᠠᠭᠠᠳᠤ ᠳᠤ ᠬᠡᠪᠯᠡᠭᠳᠡᠭᠰᠡᠨ ᠵᠣᠬᠢᠶᠠᠯ ᠪᠤᠶᠤ ᠨᠡᠶᠢᠲᠡᠯᠡᠭᠰᠡᠨ ᠥᠭᠦᠯᠡᠯ᠃ | ᠠᠷᠪᠠᠨ ᠲᠠᠪᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠥᠬᠦᠴᠡᠯ᠄ | ︵ᠨᠢᠭᠡ︶ ᠮᠡᠳᠡᠭᠦᠯᠦᠭᠰᠡᠨ ᠦᠷ᠎ᠡ ᠪᠦᠲᠦᠭᠡᠯ ᠨᠢ ︽ᠢᠯᠡ ᠪᠠᠷ ᠬᠡᠪᠯᠡᠭᠰᠡᠨ︾ ᠳᠤ ᠲᠣᠭᠠᠴᠠᠭᠳᠠᠬᠤ ᠭᠡᠳᠡᠭ | ᠨᠢ ᠤᠯᠤᠰ ᠤᠨ ᠰᠣᠨᠢᠨ ᠮᠡᠳᠡᠭᠡᠯᠡᠯ ᠬᠡᠪᠯᠡᠯ ᠤᠨ ᠵᠠᠬᠢᠷᠭ᠎ᠠ ᠠᠴᠠ ᠵᠥᠪᠰᠢᠶᠡᠷᠡᠭᠰᠡᠨ ᠵᠢᠩᠬᠢᠨᠢ ᠬᠡᠪᠯᠡᠯ ᠤᠨ | ᠬᠤᠷᠢᠶ᠎ᠠ ᠶᠢ ᠵᠢᠭᠠᠵᠤ ᠪᠠᠶᠢᠨ᠎ᠠ᠂ ᠡᠭᠦᠨ ᠢ ᠬᠡᠪᠯᠡᠯ ᠤᠨ ᠡᠷᠬᠡ ᠶᠢᠨ ᠨᠢᠭᠤᠷ ᠤᠨ ᠨᠢᠭᠡᠳᠦᠭᠡᠷ ᠬᠡᠪᠯᠡᠯ ᠤᠨ ᠠᠩᠬ᠎ᠠ | ᠤᠳᠠᠭ᠎ᠠ ᠬᠡᠪᠯᠡᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ︔ ︽ᠢᠯᠡ ᠪᠠᠷ ᠨᠡᠶᠢᠲᠡᠯᠡᠬᠦ︾ ᠭᠡᠳᠡᠭ ᠨᠢ ᠤᠯᠤᠰ ᠤᠨ | ᠰᠣᠨᠢᠨ ᠮᠡᠳᠡᠭᠡᠯᠡᠯ ᠬᠡᠪᠯᠡᠯ ᠤᠨ ᠵᠠᠬᠢᠷᠭ᠎ᠠ ᠠᠴᠠ ᠬᠡᠪᠯᠡᠭᠦᠯᠬᠦ ᠪᠠᠷ ᠵᠥᠪᠰᠢᠶᠡᠷᠡᠭᠰᠡᠨ ᠢᠯᠡ ᠰᠣᠨᠢᠨ ᠰᠡᠳᠬᠦᠯ ︵ | ᠳᠠᠷᠤᠢ CN ᠰᠡᠳᠬᠦᠯ ᠤᠨ ᠳ᠋ᠤᠭᠠᠷ ᠪᠣᠯᠤᠨ᠎ᠠ︶ ᠢ ᠵᠢᠭᠠᠵᠤ ᠪᠠᠶᠢᠨ᠎ᠠ᠃ | ︵ᠬᠤᠶᠠᠷ︶ ᠢᠯᠡ ᠪᠠᠷ ᠨᠡᠶᠢᠲᠡᠯᠡᠬᠦ ᠳᠤ ᠲᠣᠬᠢᠷᠠᠬᠤ ᠦᠭᠡᠶ ᠪᠣᠯᠪᠠᠴᠤ ᠠᠵᠤ ᠠᠬᠤᠶ ᠪᠤᠶᠤ ᠨᠡᠶᠢᠭᠡᠮ ᠤᠨ | ᠢᠯᠡᠷᠬᠡᠶ ᠦᠷ᠎ᠡ ᠠᠰᠢᠭ ᠪᠤᠶ ᠪᠣᠯᠤᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠯᠠᠪᠯᠠᠯᠭ᠎ᠠ ᠶᠢᠨ | ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ ᠵᠡᠷᠭᠡ ᠶᠢ ᠳᠡᠭᠡᠭᠰᠢ ᠮᠡᠳᠡᠭᠦᠯᠬᠦ ᠳᠡᠭᠡᠨ ᠡᠷᠬᠡᠪᠰᠢ ᠬᠤᠰᠢᠭᠤ | ᠭᠠᠵᠠᠷ ᠤᠨ ᠳᠡᠰ ᠠᠴᠠ ᠳᠡᠭᠡᠭᠰᠢᠬᠢ ᠪᠠᠶᠢᠭᠤᠯᠤᠯᠭ᠎ᠠ ᠨᠢᠭᠡᠴᠡ ᠶᠢᠨ ᠪᠢᠴᠢᠭ ᠮᠠᠲ᠋ᠧᠷᠢᠶᠠᠯ ᠬᠦᠯᠢᠶᠡᠨ ᠠᠪᠤᠭᠰᠠᠨ | ᠭᠡᠷᠡᠴᠢ ᠪᠤᠶᠤ ᠠᠶᠢᠮᠠᠭ ᠤᠨ ᠱᠠᠲᠤᠨ ᠠᠴᠠ ᠳᠡᠭᠡᠭᠰᠢᠬᠢ ᠭᠤᠣᠯ ᠤᠳᠤᠷᠢᠳᠬᠤ ᠺᠠᠳ᠋ᠷ ᠤᠨ ᠴᠣᠬᠤᠯᠠᠪᠤᠷᠢ ᠶᠢ | ᠳᠠᠭᠠᠯᠳᠤᠭᠤᠯᠬᠤ ᠬᠡᠷᠡᠭᠲᠡᠶ᠃ | ︵ᠭᠤᠷᠪᠠ︶ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠨᠢᠭᠡᠳᠦᠭᠡᠷ ᠪᠡᠶᠡᠯᠡᠭᠦᠯᠦᠭᠴᠢ ᠶᠢᠨ ᠨᠡᠷ᠎ᠡ ᠬᠠᠳᠠᠭᠰᠠᠨ | ᠨᠢᠭᠡᠴᠡ ᠨᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ︵ᠠᠯᠠᠱᠠ ᠠᠶᠢᠮᠠᠭ ᠤᠨ ᠡᠯ᠎ᠡ | ᠱᠠᠲᠤᠨ ᠤ ᠡᠯ᠎ᠡ ᠲᠥᠷᠥᠯ ᠤᠨ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠪᠠᠭᠲᠠᠨ᠎ᠠ︶ ᠪᠠᠶᠢᠬᠤ ᠬᠡᠷᠡᠭᠳᠡᠢ᠃ | ︵ᠲᠦᠷᠪᠡ︶ ᠬᠤᠶᠠᠷ ᠠᠴᠠ ᠳᠡᠭᠡᠭᠰᠢ ᠬᠥᠮᠦᠨ ᠬᠠᠮᠲᠤᠷᠠᠨ ᠪᠡᠶᠡᠯᠡᠬᠦᠯᠦᠭᠰᠡᠨ ᠦᠷ᠎ᠡ ᠪᠦᠲᠦᠭᠡᠯ ᠢᠶᠠᠨ ᠬᠤᠪᠢ | ᠬᠥᠮᠦᠨ ᠤ ᠨᠡᠷ᠎ᠡ ᠪᠠᠷ ᠮᠡᠳᠡᠭᠦᠯᠵᠦ ᠪᠣᠯᠬᠤ ᠤᠢᠭᠡᠢ᠂ ᠬᠡᠪᠯᠡᠯ ᠤᠨ ᠡᠷᠬᠡ ᠶᠢᠨ ᠬᠠᠭᠤᠳᠠᠰᠤᠨ ᠳᠡᠭᠡᠷᠡᠬᠢ | ᠵᠣᠬᠢᠶᠠᠭᠴᠢ ᠪᠠᠷ ᠨᠡᠷ᠎ᠡ ᠪᠠᠨ ᠪᠢᠴᠢᠵᠦ ᠮᠡᠳᠡᠭᠦᠯᠬᠦ ᠬᠡᠷᠡᠭᠲᠡᠢ᠃ ᠬᠡᠪᠯᠡᠯ ᠤᠨ ᠡᠷᠬᠡ ᠶᠢᠨ ᠬᠠᠭᠤᠳᠠᠰᠤᠨ ᠳᠡᠭᠡᠷ᠎ᠡ | ᠨᠡᠷ᠎ᠡ ᠪᠠᠨ ᠪᠢᠴᠢᠭᠰᠡᠨ ᠵᠥᠪᠯᠡᠭᠴᠢ᠂ ᠨᠠᠶᠢᠷᠠᠭᠤᠯᠬᠤ ᠭᠡᠰᠢᠭᠦᠨ᠂ ᠡᠷᠬᠢᠯᠡᠨ ᠬᠢᠨᠠᠬᠤ ᠳᠤ ᠮᠡᠳᠡᠭᠦᠯᠬᠦ ᠡᠷᠬᠡ ᠪᠠᠶᠢᠬᠤ | ᠦᠭᠡᠢ᠂ ᠮᠡᠳᠡᠭᠦᠯᠬᠦ ᠡᠷᠬᠡ ᠨᠢ ︽ᠡᠷᠬᠢᠯᠡᠨ ᠨᠠᠶᠢᠷᠠᠭᠤᠯᠤᠭᠴᠢ︾ ᠪᠤᠶᠤ ︽ᠵᠣᠬᠢᠶᠠᠭᠴᠢ︾ ᠳᠤ ᠬᠠᠷᠢᠶᠠᠯᠠᠭᠳᠠᠨ᠎ᠠ᠃ | ᠵᠣᠬᠢᠶᠠᠯ ᠳᠤ ᠭᠤᠤᠯ ᠵᠣᠬᠢᠶᠠᠯ ᠤᠨ ᠭᠠᠷᠴᠠᠭ ᠳᠤᠤᠷ᠎ᠠ ᠠᠩᠬ᠎ᠠ ᠤᠳᠠᠭ᠎ᠠ ᠢᠯᠡᠷᠡᠭᠰᠡᠨ ᠵᠣᠬᠢᠶᠠᠭᠴᠢ ᠶᠢᠨ ᠭᠠᠷ ᠤᠨ | ᠦᠰᠦᠭ ᠢᠶᠠᠷ ᠪᠠᠷᠢᠮᠵᠢᠶ᠎ᠠ ᠪᠣᠯᠭᠠᠨ᠎ᠠ᠃ | ︵ᠲᠠᠪᠤ︶ ᠮᠡᠳᠡᠭᠦᠯᠦᠭᠰᠡᠨ ᠦᠷ᠎ᠡ ᠪᠦᠲᠦᠭᠡᠯ ᠨᠢ ᠬᠠᠮᠤᠭ ᠤᠨ ᠠᠷᠪᠢᠨ ᠳᠠᠭᠠᠨ ᠲᠦᠷᠦᠭᠦᠦ ᠵᠢᠷᠭᠤᠭᠠᠨ | ᠵᠣᠬᠢᠶᠠᠭᠴᠢ ᠶᠢ ᠲᠠᠭᠯᠠᠵᠤ ᠪᠣᠯᠤᠨ᠎ᠠ᠃ | ︵ᠵᠢᠷᠭᠤᠭ᠎ᠠ︶ ᠬᠢᠨᠠᠨ ᠲᠣᠭᠲᠠᠭᠠᠯᠲᠠ ᠬᠢᠵᠦ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ᠂ ᠵᠥᠪᠯᠡᠯᠭᠡ ᠥᠭᠭᠦᠭᠰᠡᠨ ᠮᠡᠳᠡᠭᠦᠯᠦᠯᠲᠡ᠂ ᠨᠤᠲᠠᠯᠠᠯᠲᠠ ᠬᠢᠭᠰᠡᠨ | ᠮᠡᠳᠡᠭᠦᠯᠦᠯᠲᠡ ᠶᠢ ᠲᠤᠬᠠᠢ ᠶᠢᠨ ᠦᠶ᠎ᠡ ᠶᠢᠨ ᠰᠡᠳᠦᠪ ᠤᠨ ᠳᠤᠭᠤᠶᠢᠯᠠᠩ ᠤᠨ ᠨᠡᠷ᠎ᠡ ᠪᠠᠨ ᠪᠢᠴᠢᠭᠰᠡᠨ ᠬᠥᠮᠦᠨ ᠳᠤ | ᠮᠡᠳᠡᠭᠦᠯᠵᠦ᠂ ᠲᠤᠬᠠᠢ ᠶᠢᠨ ᠦᠶ᠎ᠡ ᠳᠤ ᠨᠡᠷ᠎ᠡ ᠪᠠᠨ ᠪᠢᠴᠢᠭᠰᠡᠨ ᠦᠭᠡᠢ ᠬᠥᠮᠦᠨ ᠢ ᠨᠡᠮᠡᠵᠦ ᠪᠣᠯᠬᠤ ᠦᠭᠡᠢ᠃ | ︵ᠳᠣᠯᠤᠭ᠎ᠠ︶ ᠮᠡᠳᠡᠭᠦᠯᠦᠭᠴᠢ ᠨᠢᠭᠡᠳᠦᠭᠡᠷ ᠪᠡᠶᠡᠯᠡᠭᠦᠯᠦᠭᠴᠢ ᠶᠢᠨ ᠪᠡᠶ᠎ᠡ ᠭᠠᠷᠤᠯ ᠢᠶᠠᠷ ᠵᠥᠪᠬᠡᠨ ᠨᠢᠭᠡ ᠯᠡ | ᠦᠷ᠎ᠡ ᠪᠦᠲᠦᠭᠡᠯ ᠭᠤᠶᠤᠴᠢᠯᠠᠨ ᠮᠡᠳᠡᠭᠦᠯᠵᠦ ᠪᠣᠯᠤᠨ᠎ᠠ᠂ ᠡᠭᠦᠨ ᠤ ᠬᠠᠮᠲᠤ ᠨᠢᠭᠡᠳᠦᠭᠡᠷ ᠪᠡᠶᠡᠯᠡᠭᠦᠯᠦᠭᠴᠢ ᠶᠢᠨ ᠪᠤᠰᠤ | ᠪᠡᠶ᠎ᠡ ᠭᠠᠷᠤᠯ ᠢᠶᠠᠷ ᠵᠥᠪᠬᠡᠨ ᠨᠢᠭᠡ ᠯᠡ ᠦᠷ᠎ᠡ ᠪᠦᠲᠦᠭᠡᠯ ᠭᠤᠶᠤᠴᠢᠯᠠᠨ ᠮᠡᠳᠡᠭᠦᠯᠬᠦ ᠳᠤ ᠣᠷᠣᠯᠴᠠᠵᠤ ᠪᠣᠯᠤᠨ᠎ᠠ᠃ | ︵ᠨᠠᠢᠮᠠ︶ ᠠᠳᠠᠯᠢ ᠨᠢᠭᠡᠨ ᠦᠷ᠎ᠡ ᠪᠦᠲᠦᠭᠡᠯ ᠢ ᠵᠥᠪᠬᠡᠨ ᠨᠢᠭᠡ ᠤᠳᠠᠭ᠎ᠠ ᠮᠡᠳᠡᠭᠦᠯᠵᠦ ᠪᠣᠯᠤᠨ᠎ᠠ᠂ ᠣᠯᠠᠨ | ᠠᠷᠭ᠎ᠠ ᠵᠠᠮ ᠢᠶᠠᠷ ᠮᠡᠳᠡᠭᠦᠯᠵᠦ ᠪᠣᠯᠬᠤ ᠦᠭᠡᠶ᠃ | ︵ᠶᠢᠰᠦ︶ ᠠᠳᠠᠯᠢ ᠨᠢᠭᠡ ᠵᠣᠬᠢᠶᠠᠭᠴᠢ ᠶᠢᠨ ᠠᠳᠠᠯᠢ ᠨᠢᠭᠡ ᠨᠣᠮ ᠤᠨ ᠨᠡᠷ᠎ᠡ ᠲᠠᠢ ᠤᠯᠡᠠ ᠪᠤᠳᠢ ᠶᠢᠨ | ᠵᠣᠬᠢᠶᠠᠯ ᠢ ᠲᠡᠩ ᠳᠡᠪᠲᠡᠷ ᠢᠶᠠᠷ ᠮᠡᠳᠡᠭᠦᠯᠵᠦ ᠪᠣᠯᠬᠤ ᠤᠢᠭᠡᠢ᠂ ᠤᠯᠡᠠ ᠪᠤᠳᠢ ᠶᠢᠨ ᠵᠣᠬᠢᠶᠠᠯ ᠢ ᠮᠡᠳᠡᠭᠦᠯᠬᠦ ᠳᠤ | ᠡᠴᠦᠰ ᠤᠨ ᠨᠢᠭᠡ ᠳᠡᠪᠲᠡᠷ ᠢ ᠬᠡᠪᠯᠡᠭᠰᠡᠨ ᠴᠠᠭ ᠤᠨ ᠬᠢᠵᠠᠭᠠᠷ ᠢᠶᠠᠷ ᠪᠠᠷᠢᠮᠵᠢᠶ᠎ᠠ ᠪᠣᠯᠭᠠᠨ᠎ᠠ᠃ | ︵ᠠᠷᠪᠠ︶ ᠤᠯᠠᠨ ᠬᠥᠮᠦᠨ ᠬᠠᠮᠲᠤᠷᠠᠨ ᠵᠣᠬᠢᠶᠠᠭᠰᠠᠨ᠂ ᠪᠡᠶ᠎ᠡ ᠪᠠᠨ ᠳᠠᠭᠠᠭᠠᠵᠤ ᠳᠡᠪᠲᠡᠷᠯᠡᠭᠰᠡᠨ ᠤᠯᠠᠨ | ᠡᠪᠬᠡᠮᠡᠯ ᠳᠡᠪᠲᠡᠷ ᠪᠤᠶᠤ ᠰᠢᠷᠢᠰ ᠴᠤᠪᠤᠷᠠᠯ ᠪᠢᠴᠢᠭ ᠢ ᠪᠦᠬᠦᠯᠢ ᠴᠣᠭᠴᠠ ᠪᠠᠷ ᠨᠢ ᠮᠡᠳᠡᠭᠦᠯᠦᠭᠰᠡᠨ ᠤ ᠳᠠᠷᠠᠭ᠎ᠠ ᠳᠠᠩ | ᠳᠡᠪᠲᠡᠷ ᠢᠶᠠᠷ ᠮᠡᠳᠡᠭᠦᠯᠵᠦ ᠪᠣᠯᠬᠤ ᠦᠭᠡᠢ︔ ᠪᠦᠬᠦᠯᠢ ᠴᠣᠭᠴᠠ ᠪᠠᠷ ᠭᠤᠶᠤᠴᠢᠯᠠᠨ ᠮᠡᠳᠡᠭᠦᠯᠬᠦ ᠳᠤ ᠬᠠᠮᠤᠭ ᠤᠨ | ᠰᠡᠭᠦᠯᠴᠢ ᠶᠢᠨ ᠨᠢᠭᠡ ᠳᠡᠪᠲᠡᠷ ᠢ ᠬᠡᠪᠯᠡᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ︔ ᠳᠠᠩ ᠳᠡᠪᠲᠡᠷ ᠢᠶᠠᠷ ᠮᠡᠳᠡᠭᠦᠯᠬᠦ ᠨᠢ | ᠳᠠᠩ ᠳᠡᠪᠲᠡᠷ ᠤᠨ ᠬᠡᠪᠯᠡᠯ ᠤᠨ ᠡᠷᠬᠡ ᠶᠢᠨ ᠨᠢᠭᠤᠷ ᠳᠡᠭᠡᠷᠡᠬᠢ ᠵᠣᠬᠢᠶᠠᠭᠴᠢ ᠪᠠᠷ ᠮᠡᠳᠡᠭᠦᠯᠦᠨ᠎ᠡ᠃ | ︵ᠠᠷᠪᠠᠨ ᠨᠢᠭᠡ︶ ᠵᠢᠩᠬᠢᠨᠢ ᠪᠠᠷ ᠬᠡᠪᠯᠡᠭᠦᠯᠦᠭᠰᠡᠨ ᠥᠭᠦᠯᠡᠯ ᠤᠨ ᠲᠡᠭᠦᠪᠦᠷᠢ ᠶᠢ ᠪᠦᠬᠦᠯᠢ ᠴᠣᠭᠴᠠ ᠪᠠᠷ ᠨᠢ | ᠭᠤᠶᠤᠴᠢᠯᠠᠨ ᠮᠡᠳᠡᠭᠦᠯᠵᠦ ᠪᠣᠯᠬᠤ ᠦᠭᠡᠶ᠂ ᠵᠥᠪᠬᠡᠨ ᠡᠮᠬᠢᠳᠬᠡᠯ ᠤᠨ ᠵᠣᠬᠢᠶᠠᠭᠴᠢ ᠶᠢᠨ ᠬᠤᠪᠢ ᠬᠥᠮᠦᠨ ᠵᠢᠴᠢ | ᠰᠡᠳᠦᠪ ᠡᠷᠬᠢᠯᠡᠭᠴᠢ ᠪᠤᠶᠤ ᠰᠡᠳᠦᠪ ᠤᠨ ᠳᠤᠭᠤᠶᠢᠯᠠᠩ ᠢᠶᠠᠷ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠨ᠎ᠡ᠃ | ︵ᠠᠷᠪᠠᠨ ᠬᠤᠶᠠᠷ︶ ᠵᠣᠬᠢᠶᠠᠯ ᠳᠠᠬᠢ ᠪᠦᠯᠦᠭ ᠬᠡᠰᠡᠭ ᠪᠠ ᠥᠭᠦᠯᠡᠯ ᠤᠨ ᠳᠣᠲᠣᠷᠠᠬᠢ ᠬᠡᠰᠡᠭ ᠠᠭᠤᠯᠭ᠎ᠠ ᠶᠢ | ᠠᠰ ᠲᠤᠨᠢ ᠮᠡᠳᠡᠭᠦᠯᠵᠦ ᠪᠣᠯᠬᠤ ᠦᠭᠡᠢ᠃ | ︵ᠠᠷᠪᠠᠨ ᠭᠤᠷᠪᠠ︶ ᠲᠤᠰᠬᠠᠢ ᠪᠦᠲᠦᠭᠡᠯ ᠢ ᠨᠢᠬᠡᠴᠡ ᠪᠠᠷ ᠵᠣᠬᠢᠶᠠᠭᠴᠢ ᠪᠣᠯᠭᠠᠭᠰᠠᠨ ᠪᠣᠯ ᠨᠢᠬᠡᠴᠡ ᠶᠢᠨ | ᠨᠡᠷ᠎ᠡ ᠪᠠᠷ ᠮᠡᠳᠡᠭᠦᠯᠦᠨ᠎ᠡ᠂ ᠬᠤᠪᠢ ᠬᠥᠮᠦᠨ ᠪᠤᠶᠤ ᠬᠡᠳᠦᠨ ᠬᠥᠮᠦᠨ ᠭᠠᠷ ᠤᠨ ᠤᠢᠰᠦᠭ ᠵᠢᠷᠤᠵᠤ ᠮᠡᠳᠡᠭᠦᠯᠵᠦ ᠪᠣᠯᠬᠤ | ᠤᠢᠭᠡᠢ᠃ | ︵ᠠᠷᠪᠠᠨ ᠲᠦᠷᠪᠡ︶ ᠠᠳᠠᠯᠢ ᠨᠢᠭᠡᠨ ᠨᠢᠭᠡᠳᠦᠭᠡᠷ ᠵᠦᠢᠯ ᠢ ᠪᠡᠶᠡᠯᠡᠭᠦᠯᠦᠭᠰᠡᠨ ᠬᠥᠮᠦᠨ᠂ ᠠᠳᠠᠯᠢ ᠨᠢᠭᠡᠨ | ᠰᠤᠳᠤᠯᠭᠠᠨ ᠤ ᠭᠤᠣᠯ ᠰᠡᠳᠦᠪ᠂ ᠦᠷ᠎ᠡ ᠪᠦᠲᠦᠭᠡᠯ ᠨᠢ ᠴᠥᠮ ᠲᠣᠭᠲᠠᠭᠰᠠᠨ ᠴᠠᠭ ᠤᠨ ᠬᠡᠪᠴᠢᠶᠡᠨ ᠳᠣᠲᠣᠷᠠᠬᠢ | ᠰᠢᠷᠢᠰ ᠥᠭᠦᠯᠡᠯ ᠪᠠᠶᠢᠵᠤ᠂ ᠲᠥᠯᠥᠭᠡᠯᠡᠭᠴᠢ ᠰᠡᠳᠦᠪ ᠭᠠᠷᠭᠠᠬᠤ ᠨᠡᠷ᠎ᠡ ᠪᠠᠷ ᠭᠤᠶᠤᠴᠢᠯᠠᠨ ᠮᠡᠳᠡᠭᠦᠯᠬᠦ ᠴᠢᠬᠤᠯᠠᠲᠠᠢ | ᠪᠠᠶᠢᠵᠤ᠂ ᠤᠯᠠᠨ ᠬᠥᠮᠦᠨ ᠤ ᠭᠤᠶᠤᠴᠢᠯᠠᠨ ᠮᠡᠳᠡᠭᠦᠯᠦᠭᠰᠡᠨ ᠲᠠᠢ ᠬᠤᠯᠪᠣᠭᠳᠠᠭᠰᠠᠨ ᠪᠠᠶᠢᠪᠠᠯ ᠲᠥᠯᠥᠭᠡᠯᠡᠭᠴᠢ | ᠪᠦᠲᠦᠭᠡᠯ ᠳᠡᠭᠡᠷ᠎ᠡ ᠨᠡᠷ᠎ᠡ ᠪᠢᠴᠢᠭᠰᠡᠨ ᠵᠣᠬᠢᠶᠠᠭᠴᠢ ᠪᠠᠷ ᠪᠠᠷᠢᠮᠵᠢᠶ᠎ᠠ ᠪᠣᠯᠭᠠᠨ᠎ᠠ᠃ | ︵ᠠᠷᠪᠠᠨ ᠲᠠᠪᠤ︶ ᠭᠠᠳᠠᠭᠠᠳᠤ ᠬᠡᠯᠡᠨ ᠤ ᠬᠡᠯᠪᠡᠷᠢ ᠪᠠᠷ ᠤᠯᠤᠰ ᠤᠨ ᠳᠣᠲᠣᠭᠠᠳᠤ ᠳᠤ ᠢᠯᠡ ᠪᠠᠷ | ᠨᠡᠶᠢᠲᠡᠯᠡᠭᠰᠡᠨ ᠥᠭᠦᠯᠡᠯ ᠢ ᠬᠢᠲᠠᠳ ᠬᠡᠯᠡ ᠪᠠᠷ ᠪᠦᠬᠦ ᠠᠭᠤᠯᠭ᠎ᠠ ᠶᠢ ᠨᠢ ᠣᠷᠴᠢᠭᠤᠯᠬᠤ ᠴᠢᠬᠤᠯᠠᠲᠠᠢ᠃ | ᠣᠷᠴᠢᠭᠤᠯᠭ᠎ᠠ ᠶᠢᠨ ᠥᠭᠦᠯᠡᠯ ᠨᠢ ᠭᠠᠳᠠᠭᠠᠳᠤ ᠬᠡᠯᠡᠨ ᠤ ᠤᠭ ᠮᠠᠲ᠋ᠧᠷᠢᠶᠠᠯ ᠢ ᠬᠠᠮᠲᠤ ᠳᠤᠨᠢ ᠮᠡᠳᠡᠭᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠥᠭᠦᠯᠡᠯ ᠳᠡᠭᠡᠨ ᠴᠢᠮᠡᠭᠡᠯᠡᠯ ᠤᠨ ᠵᠣᠬᠢᠶᠠᠭᠴᠢ ᠭᠡᠵᠦ ᠲᠣᠳᠣᠷᠬᠠᠶᠢᠯᠠᠭᠰᠠᠨ ᠪᠠᠶᠢᠪᠠᠯ᠂ | ᠦᠷ᠎ᠡ ᠪᠦᠲᠦᠭᠡᠯ ᠢᠶᠠᠨ ᠮᠡᠳᠡᠭᠦᠯᠬᠦ ᠦᠶ᠎ᠡ ᠳᠤ ᠴᠢᠮᠡᠭᠡᠯᠡᠯ ᠤᠨ ᠵᠣᠬᠢᠶᠠᠭᠴᠢ ᠬᠤᠶᠠᠳᠤᠭᠠᠷ ᠮᠡᠳᠡᠭᠦᠯᠦᠭᠴᠢ ᠪᠣᠯᠬᠤ ᠶᠢ | ᠵᠥᠪᠰᠢᠶᠡᠷᠡᠨ᠎ᠡ᠃ | ᠬᠤᠶᠠᠳᠤᠭᠠᠷ ᠬᠡᠰᠡᠭ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠡᠷᠡᠳᠦ ᠬᠦᠮᠦᠰ ᠤᠨ ᠱᠠᠩᠨᠠᠯ | ᠠᠷᠪᠠᠨ ᠵᠢᠷᠭᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠡᠷᠡᠳᠦ ᠬᠦᠮᠦᠰ ᠤᠨ ᠱᠠᠩᠨᠠᠯ ᠢ ᠨᠡᠶᠢᠭᠡᠮ ᠵᠢᠷᠤᠮᠲᠤ ᠡᠬᠡ ᠤᠯᠤᠰ ᠢᠶᠠᠨ ᠬᠠᠶᠢᠷᠠᠯᠠᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠵᠥᠪ ᠤᠯᠤᠰ ᠲᠥᠷᠥ ᠶᠢᠨ ᠴᠢᠭᠯᠡᠯ ᠪᠠ ᠡᠷᠳᠡᠮ ᠰᠢᠨᠵᠢᠯᠡᠭᠡᠨ ᠤ | ᠤᠳᠤᠷᠢᠳᠤᠮᠵᠢ ᠶᠢ ᠪᠠᠷᠢᠮᠳᠠᠯᠠᠨ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠮᠡᠷᠭᠡᠵᠢᠯ ᠤᠨ | ᠶᠣᠰᠣ ᠮᠣᠷᠠᠯ ᠤᠨ ᠵᠢᠷᠤᠮᠵᠢᠯ ᠢ ᠵᠢᠷᠤᠮᠯᠠᠨ᠂ ᠭᠦᠨ ᠭᠦᠨᠵᠡᠭᠡᠶ ᠡᠷᠳᠡᠮ ᠰᠢᠨᠵᠢᠯᠡᠭᠡᠨ ᠤ ᠬᠠᠷᠠᠴᠠ ᠲᠠᠢ᠂ ᠭᠦᠨ | ᠵᠤᠵᠠᠭᠠᠨ ᠡᠷᠳᠡᠮ ᠰᠢᠨᠵᠢᠯᠡᠭᠡᠨ ᠤ ᠰᠠᠭᠤᠷᠢ ᠪᠠ ᠭᠦᠨ ᠭᠦᠨᠵᠡᠭᠡᠶ ᠡᠷᠳᠡᠮ ᠰᠢᠨᠵᠢᠯᠡᠭᠡᠨ ᠤ ᠪᠦᠲᠦᠮᠵᠢ ᠲᠠᠢ᠂ ᠲᠤᠰ | ᠬᠦᠷᠢᠶ᠎ᠡ ᠬᠡᠪᠴᠢᠶᠡᠨ ᠳᠤ ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠪᠠ ᠨᠡᠯᠢᠶᠡᠳ ᠥᠨᠳᠥᠷ ᠡᠷᠳᠡᠮ | ᠰᠢᠨᠵᠢᠯᠡᠭᠡᠨ ᠤ ᠨᠡᠷ᠎ᠡ ᠬᠦᠨᠳᠦ ᠲᠠᠢ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠳᠣᠪᠣᠶᠢᠮ᠎ᠠ᠂ ᠠᠯᠠᠱᠠ ᠠᠶᠢᠮᠠᠭ ᠤᠨ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠦᠢᠯᠡᠰ ᠤᠨ ᠬᠥᠭᠵᠢᠯᠲᠡ ᠳᠠᠪᠰᠢᠯᠲᠠ ᠳᠤ ᠴᠢᠬᠤᠯᠠ ᠶᠡᠭᠡ | ᠬᠤᠪᠢ ᠨᠡᠮᠡᠷᠢ ᠦᠵᠡᠬᠦᠯᠦᠭᠰᠡᠨ᠂ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠳᠤ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ 20 ᠵᠢᠯ ᠠᠴᠠ ᠳᠡᠭᠡᠭᠰᠢ ᠬᠢᠭᠰᠡᠨ ᠲᠤᠰᠬᠠᠶ ᠮᠡᠷᠭᠡᠵᠢᠯᠲᠡᠨ | ᠡᠷᠳᠡᠮᠲᠡᠨ ᠳᠤ ᠣᠯᠭᠤᠨ᠎ᠠ᠃ | ᠠᠷᠪᠠᠨ ᠳᠣᠯᠣᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠡᠷᠡᠲᠦ ᠬᠥᠮᠦᠰ ᠤᠨ ᠱᠠᠩᠨᠠᠯ ᠤᠨ ᠬᠤᠭᠤᠴᠠᠭ᠎ᠠ ᠪᠦᠷᠢ ᠶᠢᠨ ᠣᠷᠣᠨ ᠲᠤᠭ᠎ᠠ ᠶᠢ 1 ᠠᠴᠠ ᠬᠡᠲᠦᠷᠡᠭᠦᠯᠵᠦ ᠪᠣᠯᠬᠤ | ᠦᠭᠡᠶ᠂ ᠱᠠᠩᠨᠠᠯ ᠤᠨ ᠮᠥᠩᠭᠦ ᠨᠢ 3 ᠲᠦᠮᠡᠨ ᠲᠥᠭᠦᠷᠢᠭ ᠪᠣᠯᠤᠨ᠎ᠠ᠃ | ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷᠢᠮᠵᠢᠶ᠎ᠠ ᠨᠢ ᠳᠣᠣᠷᠠᠬᠢ ᠮᠡᠲᠦ᠄ | ︵ᠨᠢᠭᠡ︶ ᠣᠨᠣᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠠᠩᠬᠠᠨ ᠤ ᠡᠭᠦᠳᠦᠯᠲᠡ ᠶᠢᠨ ᠴᠢᠨᠠᠷᠲᠠᠶ | ᠰᠤᠳᠤᠯᠭᠠᠨ ᠤ ᠦᠷ᠎ᠡ ᠪᠦᠲᠦᠭᠡᠯ ᠡᠯᠪᠡᠭ ᠪᠠᠶᠢᠵᠤ᠂ ᠲᠣᠰ ᠰᠢᠨᠵᠢᠯᠡᠭᠡᠨ ᠤ ᠬᠥᠭᠵᠢᠯᠲᠡ ᠶᠢ ᠠᠬᠢᠭᠤᠯᠬᠤ ᠳᠤ | ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠠᠶᠢᠮᠠᠭ ᠤᠨ ᠳᠣᠲᠣᠨ᠎ᠠ ᠭᠠᠳᠠᠨ᠎ᠠ ᠴᠢᠬᠤᠯᠠ ᠡᠷᠳᠡᠮ ᠰᠢᠨᠵᠢᠯᠡᠭᠡᠨ ᠤ | ᠨᠥᠯᠥᠭᠡ ᠭᠠᠷᠭᠠᠭᠰᠠᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠨ︔ | ︵ᠬᠤᠶᠠᠷ︶ ᠦᠢᠯᠡᠳᠦᠯᠭᠡ ᠬᠡᠷᠡᠭᠯᠡᠯᠲᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠵᠢᠴᠢ ᠠᠯᠠᠱᠠ | ᠠᠶᠢᠮᠠᠭ ᠤᠨ ᠰᠢᠢᠳᠪᠦᠷᠢᠳᠦ ᠪᠣᠳᠣᠯᠭ᠎ᠠ ᠶᠢᠨ ᠯᠠᠪᠯᠠᠯᠭ᠎ᠠ ᠪᠤᠶᠤ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠴᠢᠬᠤᠯᠠ ᠶᠡᠭᠡ ᠬᠤᠪᠢ ᠨᠡᠮᠡᠷᠢ | ᠦᠵᠡᠭᠦᠯᠵᠦ᠂ ᠰᠤᠳᠤᠯᠤᠯ ᠤᠨ ᠦᠷ᠎ᠡ ᠪᠦᠲᠦᠭᠡᠯ ᠨᠢ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ | ᠠᠬᠤᠶ ᠵᠡᠷᠭᠡ ᠬᠦᠷᠢᠶᠡᠨ ᠳᠤ ᠰᠠᠶᠢᠨ ᠰᠠᠶᠢᠬᠠᠨ ᠨᠡᠶᠢᠭᠡᠮ ᠤᠨ ᠦᠢᠯᠡᠳᠦᠯ ᠪᠣᠯᠤᠨ ᠠᠵᠤ ᠠᠬᠤᠶ ᠶᠢᠨ ᠦᠷ᠎ᠡ ᠠᠰᠢᠭ | ᠭᠠᠷᠭᠠᠭᠰᠠᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠨ᠃ | ᠠᠷᠪᠠᠨ ᠨᠠᠢᠮᠠᠳᠣᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠠᠷᠠᠲᠤ ᠬᠥᠮᠦᠰ ᠤᠨ ᠱᠠᠩᠨᠠᠯ ᠤᠨ ᠵᠢᠱᠢᠭᠳᠡᠭᠴᠢ ᠨᠢ ᠵᠠᠷᠴᠢᠮ ᠳᠡᠭᠡᠷ᠎ᠡ ᠪᠠᠨ ᠨᠠᠭᠠᠳᠤ ᠵᠠᠬ᠎ᠠ ᠳᠠᠭᠠᠨ ᠳᠤᠤᠷᠠᠬᠢ | ᠲᠠᠪᠤᠨ ᠵᠦᠢᠯ ᠤᠨ ᠨᠥᠬᠦᠴᠡᠯ ᠳᠣᠲᠣᠷᠠᠬᠢ ᠭᠤᠷᠪᠠᠨ ᠵᠦᠢᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ | ᠬᠡᠷᠡᠭᠲᠡᠶ ︵ᠵᠦᠢᠯ ᠪᠦᠷᠢ ᠶᠢᠨ ᠨᠥᠬᠦᠴᠡᠯ ᠳᠤᠤᠷᠠᠬᠢ ᠳᠤᠷ᠎ᠠ ᠶᠢᠨ ᠨᠢᠭᠡ ᠵᠦᠢᠯ ᠢ ᠬᠠᠩᠭᠠᠪᠠᠯ ᠪᠣᠯᠴᠢᠬᠠᠨ᠎ᠠ︶᠄ | ︵ᠨᠢᠭᠡ︶ ᠲᠥᠷᠥᠯ ᠵᠦᠢᠯ ᠤᠨ ᠨᠥᠬᠦᠴᠡᠯ | 1 . ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ᠂ ᠰᠤᠷᠭᠠᠨ | ᠬᠥᠮᠦᠵᠢᠯ ᠤᠨ ᠲᠢᠩᠬᠢᠮ ᠤᠨ ᠭᠤᠣᠯᠳᠠᠯᠭ᠎ᠠ ᠲᠠᠢ ᠲᠥᠷᠥᠯ ᠵᠦᠢᠯ ᠢ ᠡᠷᠬᠢᠯᠡᠨ ᠪᠡᠶᠡᠯᠡᠬᠦᠯᠦᠭᠰᠡᠨ︔ | 2 . ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ︵ | ᠥᠪᠥᠷ ᠮᠣᠩᠭᠤᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠷᠥᠯ | ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭ᠎ᠠ ᠶᠢᠨ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠭᠤᠤᠯᠳᠠᠯᠭ᠎ᠠ ᠲᠠᠢ | ᠲᠥᠷᠥᠯ ᠵᠦᠢᠯ︶ ᠢ 3 ᠵᠦᠢᠯ ᠠᠴᠠ ᠳᠡᠭᠡᠭᠰᠢ ᠡᠷᠬᠢᠯᠡᠨ ᠪᠡᠶᠡᠯᠡᠬᠦᠯᠦᠭᠰᠡᠨ︔ | 3 . ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠲᠥᠷᠥᠯ ᠵᠦᠢᠯ ᠢ ᠳᠠᠭᠤᠰᠬᠠᠭᠰᠠᠨ | ᠬᠢᠷᠢ ᠪᠦᠲᠦᠮᠵᠢ ᠨᠢ ᠰᠢᠯᠢᠳᠡᠭ ᠪᠣᠯ ᠬᠢᠨᠠᠨ ᠲᠣᠭᠲᠠᠭᠠᠯᠲᠠ ᠬᠢᠬᠦ ᠠᠴᠠ ᠬᠡᠯᠲᠦᠷᠢᠭᠦᠯᠦᠨ᠎ᠡ︔ | ︵ᠬᠤᠶᠠᠷ︶ ᠦᠷ᠎ᠡ ᠪᠦᠲᠦᠭᠡᠯ ᠤᠨ ᠨᠥᠬᠦᠴᠡᠯ | 4 . ᠨᠢᠭᠡᠳᠦᠭᠡᠷ ᠪᠡᠶᠡᠯᠡᠭᠦᠯᠦᠭᠰᠡᠨ ᠬᠥᠮᠦᠨ ᠤ ᠭᠠᠷᠤᠯ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ | ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠬᠥᠮᠥᠷᠭᠡ ᠳᠤ ᠰᠣᠩᠭᠤᠭᠳᠠᠭᠰᠠᠨ︔ | 5 . ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠨᠡᠷ᠎ᠡ ᠨᠦᠯᠦᠬᠡ ᠲᠠᠢ ᠰᠡᠳᠬᠦᠯ | ᠳᠡᠭᠡᠷ᠎ᠡ ᠨᠢᠭᠡᠳᠦᠭᠡᠷ ᠪᠡᠶᠡᠯᠡᠭᠦᠯᠦᠭᠴᠢ ᠶᠢᠨ ᠬᠤᠪᠢ ᠪᠠᠷ 3 ᠬᠤᠪᠢ ᠠᠴᠠ ᠳᠡᠭᠡᠭᠰᠢ ᠥᠭᠦᠯᠡᠯ ᠨᠡᠶᠢᠲᠡᠯᠡᠭᠰᠡᠨ︔ | 6 . ᠮᠤᠵᠢ ᠶᠠᠮᠤᠨ ᠤ ᠳᠡᠰ ᠤᠨ ᠵᠢᠩᠬᠢᠨᠢ ᠲᠤᠰᠢᠶᠠᠯ ︵ᠮᠤᠵᠢ ᠶᠠᠮᠤᠨ ᠤ ᠳᠡᠰ ᠤᠨ ᠵᠢᠩᠬᠢᠨᠢ ᠲᠤᠰᠢᠶᠠᠯ | ᠪᠠᠭᠲᠠᠨ᠎ᠠ︶ ᠠᠴᠠ ᠳᠡᠭᠡᠭᠰᠢᠬᠢ ᠤᠳᠤᠷᠢᠳᠬᠤ ᠬᠥᠮᠦᠨ ᠤ ᠴᠤᠬᠤᠯᠠᠪᠤᠷᠢᠯᠠᠭᠰᠠᠨ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ᠂ ᠵᠥᠪᠯᠡᠯᠭᠡ ᠥᠭᠭᠦᠭᠰᠡᠨ ᠮᠡᠳᠡᠭᠦᠯᠦᠯᠲᠡ᠂ ᠨᠤᠲᠠᠯᠠᠯᠲᠠ ᠬᠢᠭᠰᠡᠨ ᠮᠡᠳᠡᠭᠦᠯᠦᠯᠲᠡ︔ | ︵ᠭᠤᠷᠪᠠ︶ ᠱᠠᠩᠨᠠᠯ ᠪᠠ ᠢᠷᠠᠭᠤ ᠠᠯᠳᠠᠷ ᠤᠨ ᠨᠥᠬᠦᠴᠡᠯ | 7 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠬᠦᠷᠲᠡᠭᠴᠢ︔ | 8 . ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ︵ᠬᠤᠶᠠᠳᠤᠭᠠᠷ ᠳᠡᠰ ᠤᠨ ᠱᠠᠩᠨᠠᠯ ᠪᠠᠭᠲᠠᠨ᠎ᠠ︶ | ᠠᠴᠠ ᠳᠡᠭᠡᠭᠰᠢᠬᠢ ᠶᠢ ᠣᠯᠤᠭᠰᠠᠨ ᠨᠢᠭᠡᠳᠦᠭᠡᠷ ᠪᠡᠶᠡᠯᠡᠭᠦᠯᠦᠭᠴᠢ︔ | 9 . ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠵᠦ ᠦᠩᠭᠡᠷᠡᠭᠰᠡᠨ︔ | 10 . ᠲᠥᠪ ᠤᠨ ᠤᠬᠠᠭᠤᠯᠬᠤ ᠬᠡᠯᠲᠡᠰ ᠤᠨ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ ᠢ | ᠣᠯᠤᠭᠰᠠᠨ ᠨᠢᠭᠡᠳᠦᠭᠡᠷ ᠪᠡᠶᠡᠯᠡᠭᠦᠯᠦᠭᠴᠢ︔ | 11 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠭᠠᠨ | ᠰᠤᠷᠭᠠᠬᠤ ᠨᠡᠷᠡᠳᠤ ᠪᠠᠭᠰᠢ᠂ ᠵᠢᠭᠠᠨ ᠰᠤᠷᠭᠠᠬᠤ ᠲᠠᠪᠴᠠᠩ ᠤᠨ ᠰᠢᠨ᠎ᠡ ᠰᠣᠳᠣᠨ᠂ ᠵᠢᠭᠠᠨ ᠰᠤᠷᠭᠠᠬᠤ ᠪᠦᠯᠬᠦᠮ | ᠵᠡᠷᠭᠡ ᠢᠷᠠᠭᠤ ᠠᠯᠳᠠᠷ ᠢ ᠬᠦᠷᠳᠡᠭᠰᠡᠨ︔ | 12 . ᠤᠯᠤᠰ ᠤᠨ ᠲᠡᠰ ᠤᠨ ᠴᠢᠳᠠᠪᠤᠷᠢᠲᠠᠨ ᠵᠢᠴᠢ ᠱᠠᠩᠨᠠᠯ ᠤᠨ ᠲᠥᠯᠥᠪᠯᠡᠭᠡ ︵ᠴᠠᠩᠵᠢᠶᠠᠩ ᠡᠷᠳᠡᠮᠲᠡᠨ᠂ | ᠴᠠᠩᠵᠢᠶᠠᠩ ᠡᠷᠳᠡᠮᠲᠡᠨ ᠤ ᠵᠠᠯᠠᠭᠤᠴᠤᠳ ᠤᠨ ᠲᠥᠯᠥᠪᠯᠡᠭᠡ᠂ ᠤᠯᠤᠰ ᠤᠨ ᠮᠢᠩᠭᠠᠨ ᠬᠥᠮᠦᠨ ᠤ ᠲᠥᠯᠥᠪᠯᠡᠭᠡ᠂ | ᠤᠯᠤᠰ ᠤᠨ ᠲᠦᠮᠡᠨ ᠬᠥᠮᠦᠨ ᠤ ᠲᠥᠯᠥᠪᠯᠡᠭᠡ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ᠂ ᠤᠯᠤᠰ ᠤᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ | ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ᠂ ᠲᠥᠪ ᠤᠨ ᠤᠬᠠᠭᠤᠯᠬᠤ ᠬᠡᠯᠲᠡᠰ ᠤᠨ ︽ | ᠳᠥᠷᠪᠡᠨ ᠨᠢᠭᠡ ᠪᠦᠯᠦᠭ︾ ᠴᠢᠳᠠᠪᠤᠷᠢᠲᠠᠨ︶ ᠳᠤ ᠰᠣᠩᠭᠤᠭᠳᠠᠭᠰᠠᠨ︔ | ︵ᠳᠥᠷᠪᠡ︶ ᠲᠤᠰᠢᠶᠠᠯ ᠡᠭᠦᠷᠭᠡᠯᠡᠭᠰᠡᠨ ᠢ ᠪᠣᠳᠣᠯᠬᠢᠯᠠᠬᠤ ᠨᠥᠬᠦᠴᠡᠯ | 13 . ᠠᠺᠠᠳᠧᠮᠢᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ | ᠭᠡᠰᠢᠭᠦᠨ ᠪᠤᠶᠤ ᠰᠢᠨᠵᠢᠯᠡᠭᠡᠨ ᠤ ᠰᠠᠯᠠᠭ᠎ᠠ ᠶᠢᠨ ᠦᠨᠡᠯᠡᠨ ᠶᠠᠷᠢᠯᠴᠠᠬᠤ ᠳᠤᠭᠤᠶᠢᠯᠠᠩ ᠤᠨ ᠭᠡᠰᠢᠭᠦᠨ᠂ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠦᠨᠡᠯᠡᠨ ᠬᠢᠨᠠᠬᠤ ᠳᠤᠭᠤᠶᠢᠯᠠᠩ ᠤᠨ | ᠬᠤᠷᠠᠯᠳᠤᠭᠤᠯᠤᠭᠴᠢ᠂ ᠰᠤᠷᠭᠠᠨ ᠬᠥᠮᠦᠵᠢᠯ ᠤᠨ ᠶᠠᠮᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠵᠥᠪᠯᠡᠯ ᠤᠨ | ᠭᠡᠰᠢᠭᠦᠨ᠂ ᠰᠤᠷᠭᠠᠨ ᠬᠥᠮᠦᠵᠢᠯ ᠤᠨ ᠶᠠᠮᠤᠨ ᠤ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠷᠭᠠᠯᠲᠠ ᠶᠢ ᠵᠢᠯᠣᠭᠤᠳᠬᠤ | ᠵᠥᠪᠯᠡᠯ ᠤᠨ ᠭᠡᠰᠢᠭᠦᠨ ᠵᠡᠷᠭᠡ ᠴᠢᠬᠤᠯᠠ ᠡᠷᠳᠡᠮ ᠰᠢᠨᠵᠢᠯᠡᠭᠡᠨ ᠤ ᠲᠤᠰᠢᠶᠠᠯ ᠢ ᠡᠭᠦᠷᠭᠡᠯᠡᠵᠦ ᠦᠩᠭᠡᠷᠡᠭᠰᠡᠨ︔ | 14 . ᠪᠦᠬᠦ ᠤᠯᠤᠰ ᠤᠨ ᠴᠢᠨᠠᠷᠲᠠᠶ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠡᠷᠳᠡᠮ | ᠰᠢᠨᠵᠢᠯᠡᠭᠡᠨ ᠤ ᠪᠦᠯᠬᠦᠮ ᠤᠨ ᠪᠠᠶᠢᠩᠭᠤ ᠶᠢᠨ ᠬᠡᠷᠡᠭ ᠡᠷᠬᠢᠯᠡᠭᠴᠢ ᠠᠴᠠ ᠳᠡᠭᠡᠭᠰᠢ ᠲᠤᠰᠢᠶᠠᠯ ᠡᠭᠦᠷᠭᠡᠯᠡᠵᠦ | ᠥᠩᠭᠡᠷᠡᠭᠰᠡᠨ︔ | 15 . ᠵᠢᠩᠬᠢᠨᠢ ᠳᠡᠭᠡᠳᠦ ᠵᠡᠷᠭᠡ ᠶᠢᠨ ᠬᠤᠶᠠᠳᠤᠭᠠᠷ ᠳᠡᠰ ᠤᠨ ᠲᠤᠰᠬᠠᠢ ᠮᠡᠷᠭᠡᠵᠢᠯ ᠤᠨ ᠲᠤᠰᠢᠶᠠᠯ ᠲᠠᠢ︔ | ︵ᠲᠠᠪᠤ︶ ᠪᠤᠰᠤᠳ ᠨᠥᠬᠦᠴᠡᠯ | 16. ᠳᠡᠭᠡᠷᠡᠬᠢ ᠪᠠᠶᠢᠳᠠᠯ ᠠᠴᠠ ᠭᠠᠳᠠᠨ᠎ᠠ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠤᠶᠤ ᠡᠷᠳᠡᠮ ᠰᠢᠨᠵᠢᠯᠡᠭᠡᠨ ᠤ ᠴᠢᠬᠤᠯᠠ ᠢᠷᠠᠭᠤ | ᠠᠯᠳᠠᠷ ᠢ ᠣᠯᠤᠭᠰᠠᠨ᠃ | ᠠᠷᠪᠠ ᠶᠢᠰᠦᠳᠦᠭᠡᠷ ᠵᠦᠢᠯ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠠᠯᠠᠱᠠ ᠠᠶᠢᠮᠠᠭ ᠤᠨ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠨᠡᠷᠡᠳᠦ ᠬᠦᠮᠦᠰ ᠤᠨ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠵᠤ | ᠪᠣᠯᠬᠤ ᠥᠬᠡᠶ᠄ | ︵ᠨᠢᠭᠡ︶ ᠣᠳᠣ ᠳᠡᠳ᠋ ᠲᠢᠩᠬᠢᠮ ᠤᠨ ᠳᠡᠰ ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠤᠯᠭ᠎ᠠ ᠶᠢᠨ | ᠤᠳᠤᠷᠢᠳᠬᠤ ᠲᠤᠰᠢᠶᠠᠯ ᠳᠤ ᠪᠠᠶᠢᠬᠤ︔ | ︵ᠬᠤᠶᠠᠷ︶ ᠠᠵᠢᠯᠯᠠᠵᠤ ᠪᠠᠶᠢᠭ᠎ᠠ ᠨᠢᠭᠡᠴᠡ ᠨᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ | ︵ᠠᠯᠠᠱᠠ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠪᠠᠭᠲᠠᠨ᠎ᠠ︶ | ᠦᠭᠡᠶ︔ | ︵ᠭᠤᠷᠪᠠ︶ ᠭᠤᠣᠯ ᠰᠤᠳᠤᠯᠭᠠᠨ ᠤ ᠦᠷ᠎ᠡ ᠪᠦᠲᠦᠭᠡᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠠᠢ ᠳᠤ ᠬᠠᠷᠢᠶᠠᠯᠠᠭᠳᠠᠬᠤ ᠦᠭᠡᠢ ᠪᠠᠶᠢᠬᠤ︔ | ︵ᠲᠦᠷᠪᠡ︶ ᠬᠠᠭᠤᠯᠤᠭᠰᠠᠨ᠂ ᠬᠤᠯᠠᠭᠠᠶᠢᠯᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ | ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠲᠠᠢ ᠪᠠᠶᠢᠬᠤ᠃ | ᠬᠤᠷᠢᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠠᠷᠠᠲᠤ | ᠬᠥᠮᠦᠰ ᠤᠨ ᠱᠠᠩᠨᠠᠯ ᠤᠨ ᠵᠢᠱᠢᠭᠳᠡᠭᠴᠢ ᠶᠢᠨ ᠦᠷ᠎ᠡ ᠪᠦᠲᠦᠭᠡᠯ ᠪᠠ ᠬᠤᠪᠢ ᠨᠡᠮᠡᠷᠢ ᠨᠢ ᠱᠠᠩᠨᠠᠯ ᠣᠯᠭᠤᠬᠤ | ᠨᠥᠬᠦᠴᠡᠯ ᠳᠤ ᠬᠥᠷᠬᠦ ᠥᠬᠡᠶ ᠦᠶ᠎ᠡ ᠳᠤ᠂ ᠬᠢᠨᠠᠨ ᠲᠣᠭᠲᠠᠭᠠᠬᠤ ᠣᠨ ᠳᠤ ᠬᠤᠭᠤᠰᠣᠨ ᠪᠠᠶᠢᠵᠤ ᠪᠣᠯᠤᠨ᠎ᠠ᠃ | ᠭᠤᠷᠪᠠᠳᠤᠭᠠᠷ ᠬᠡᠰᠡᠭ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ | ᠱᠠᠩᠨᠠᠯ | ᠬᠤᠷᠢᠨ ᠨᠢᠭᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠢ ᠨᠡᠶᠢᠭᠡᠮ ᠵᠢᠷᠤᠮᠲᠤ ᠡᠬᠡ ᠤᠯᠤᠰ ᠢᠶᠠᠨ ᠬᠠᠶᠢᠷᠠᠯᠠᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠵᠥᠪ ᠤᠯᠤᠰ ᠲᠥᠷᠥ ᠶᠢᠨ ᠴᠢᠭᠯᠡᠯ ᠪᠠ | ᠡᠷᠳᠡᠮ ᠰᠢᠨᠵᠢᠯᠡᠭᠡᠨ ᠤ ᠤᠳᠤᠷᠢᠳᠤᠮᠵᠢ ᠶᠢ ᠪᠠᠷᠢᠮᠳᠠᠯᠠᠨ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠢ ᠵᠢᠷᠤᠮᠯᠠᠨ᠂ ᠯᠠᠪᠳᠠᠭᠤᠨ ᠪᠠᠲᠤᠲᠠᠶ ᠡᠷᠳᠡᠮ ᠰᠢᠨᠵᠢᠯᠡᠭᠡᠨ ᠤ | ᠰᠠᠭᠤᠷᠢ ᠪᠠ ᠤᠷᠢᠳᠠᠴᠢ ᠴᠢᠨᠠᠷᠲᠠᠶ ᠬᠠᠷᠠᠴᠠ ᠲᠠᠢ᠂ ᠲᠤᠰ ᠬᠦᠷᠢᠶᠡᠨ ᠳᠤ ᠨᠡᠯᠢᠶᠡᠳ ᠨᠥᠯᠥᠭᠡᠯᠡᠬᠦ ᠬᠦᠴᠦᠨ ᠲᠠᠢ | ᠰᠤᠳᠤᠯᠭᠠᠨ ᠤ ᠦᠷ᠎ᠡ ᠪᠦᠲᠦᠭᠡᠯ ᠭᠠᠷᠭᠠᠬᠤ ᠪᠠ ᠵᠣᠬᠢᠬᠤ ᠡᠷᠳᠡᠮ ᠰᠢᠨᠵᠢᠯᠡᠭᠡᠨ ᠤ ᠨᠡᠷ᠎ᠡ ᠬᠦᠨᠳᠦ ᠲᠠᠢ᠂ ᠠᠯᠤᠰ | ᠬᠡᠲᠦ ᠶᠢᠨ ᠬᠥᠭᠵᠢᠯᠲᠡ ᠶᠢᠨ ᠳᠠᠯᠳᠠ ᠴᠢᠨᠠᠷ ᠲᠠᠢ᠂ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠦᠢᠯᠡᠰ ᠤᠨ ᠬᠥᠭᠵᠢᠯᠲᠡ ᠳᠠᠪᠰᠢᠯᠲᠠ ᠳᠤ ᠨᠡᠯᠢᠶᠡᠳ ᠶᠡᠭᠡ ᠬᠤᠪᠢ ᠨᠡᠮᠡᠷᠢ ᠦᠵᠡᠬᠦᠯᠵᠦ᠂ 45 | ᠨᠠᠰᠤᠨ ᠠᠴᠠ ᠬᠡᠲᠦᠷᠡᠵᠦ ᠪᠣᠯᠬᠤ ᠥᠬᠡᠶ ︵︽ᠮᠡᠳᠡᠭᠳᠡᠯ︾ ᠢ ᠭᠤᠶᠤᠴᠢᠯᠠᠨ ᠮᠡᠳᠡᠭᠦᠯᠬᠦ ᠶᠢ ᠥᠷᠨᠢᠭᠦᠯᠦᠭᠰᠡᠨ | ᠡᠳᠦᠷ ᠢᠶᠠᠷ ᠪᠠᠷᠢᠮᠵᠢᠶ᠎ᠠ ᠪᠣᠯᠭᠠᠨ᠎ᠠ︶᠂ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠳᠤ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ 10 ᠵᠢᠯ ᠠᠴᠠ ᠳᠡᠭᠡᠭᠰᠢ ᠬᠢᠭᠰᠡᠨ ᠲᠤᠰᠬᠠᠶ ᠮᠡᠷᠭᠡᠵᠢᠯᠲᠡᠨ | ᠡᠷᠳᠡᠮᠲᠡᠨ ᠳᠤ ᠣᠯᠭᠤᠨ᠎ᠠ᠃ | ᠬᠤᠷᠢᠨ ᠬᠤᠶᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠤᠨ ᠬᠤᠭᠤᠴᠠᠭ᠎ᠠ ᠪᠦᠷᠢ ᠶᠢᠨ ᠣᠷᠣᠨ ᠲᠤᠭ᠎ᠠ ᠶᠢ 1 ᠠᠴᠠ ᠬᠡᠲᠦᠷᠡᠭᠦᠯᠵᠦ | ᠪᠣᠯᠬᠤ ᠥᠬᠡᠶ᠂ ᠱᠠᠩᠨᠠᠯ ᠤᠨ ᠮᠥᠩᠭᠦ ᠨᠢ 2 ᠲᠦᠮᠡᠨ ᠲᠥᠭᠦᠷᠢᠭ᠃ | ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷᠢᠮᠵᠢᠶ᠎ᠠ ᠨᠢ ᠳᠣᠣᠷᠠᠬᠢ ᠮᠡᠲᠦ᠄ | ︵ᠨᠢᠭᠡ︶ ᠣᠨᠣᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠡᠭᠦᠳᠦᠯᠲᠡ ᠶᠢᠨ ᠴᠢᠨᠠᠷᠲᠠᠶ ᠰᠤᠳᠤᠯᠭᠠᠨ ᠤ ᠦᠷ᠎ᠡ | ᠪᠦᠲᠦᠭᠡᠯ ᠲᠠᠢ ᠪᠠᠶᠢᠵᠤ᠂ ᠲᠣᠰ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ | ᠨᠡᠮᠡᠷᠢ ᠦᠵᠡᠭᠦᠯᠦᠭᠰᠡᠨ᠂ ᠠᠶᠢᠮᠠᠭ ᠤᠨ ᠳᠣᠲᠣᠨ᠎ᠠ ᠭᠠᠳᠠᠨ᠎ᠠ ᠵᠣᠬᠢᠬᠤ ᠡᠷᠳᠡᠮ ᠰᠢᠨᠵᠢᠯᠡᠭᠡᠨ ᠤ ᠨᠥᠯᠥᠭᠡ | ᠭᠠᠷᠭᠠᠭᠰᠠᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠨ᠃ | ︵ᠬᠤᠶᠠᠷ︶ ᠦᠢᠯᠡᠳᠦᠯᠭᠡ ᠬᠡᠷᠡᠭᠯᠡᠯᠲᠡ ᠶᠢᠨ ᠲᠠᠯ᠎ᠠ ᠪᠠᠷ᠂ ᠠᠯᠠᠱᠠ ᠠᠶᠢᠮᠠᠭ ᠤᠨ ᠰᠢᠢᠳᠪᠦᠷᠢᠳᠦ | ᠪᠣᠳᠣᠯᠭ᠎ᠠ ᠶᠢᠨ ᠯᠠᠪᠯᠠᠯᠭ᠎ᠠ ᠪᠤᠶᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠵᠦ᠂ ᠰᠤᠳᠤᠯᠤᠯ ᠤᠨ ᠦᠷ᠎ᠡ | ᠪᠦᠲᠦᠭᠡᠯ ᠨᠢ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠶ ᠵᠡᠷᠭᠡ ᠣᠨᠴᠠ ᠵᠠᠷᠢᠮ | ᠬᠦᠷᠢᠶᠡᠨ ᠳᠤ ᠵᠣᠬᠢᠬᠤ ᠨᠡᠶᠢᠭᠡᠮ ᠤᠨ ᠦᠢᠯᠡᠳᠦᠯ ᠪᠣᠯᠤᠨ ᠠᠵᠤ ᠠᠬᠤᠶ ᠶᠢᠨ ᠦᠷ᠎ᠡ ᠠᠰᠢᠭ ᠭᠠᠷᠭᠠᠭᠰᠠᠨ ᠭᠦᠨ | ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠨ᠃ | ᠬᠤᠷᠢᠨ ᠭᠤᠷᠪᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠤᠨ ᠵᠢᠱᠢᠭᠳᠡᠭᠴᠢ ᠨᠢ ᠵᠠᠷᠴᠢᠮ ᠳᠡᠭᠡᠷ᠎ᠡ ᠪᠠᠨ ᠨᠠᠭᠠᠳᠤ ᠵᠠᠬ᠎ᠠ ᠳᠠᠭᠠᠨ | ᠳᠤᠤᠷᠠᠬᠢ ᠲᠠᠪᠤᠨ ᠵᠦᠢᠯ ᠤᠨ ᠨᠥᠬᠦᠴᠡᠯ ᠳᠣᠲᠣᠷᠠᠬᠢ ᠭᠤᠷᠪᠠᠨ ᠵᠦᠢᠯ ᠤᠨ ᠨᠥᠬᠦᠴᠡᠯ ᠢ ᠪᠦᠷᠢᠯᠳᠦᠭᠦᠯᠦᠭᠰᠡᠨ | ᠪᠠᠶᠢᠬᠤ ᠬᠡᠷᠡᠭᠲᠡᠶ ︵ᠵᠦᠢᠯ ᠪᠦᠷᠢ ᠶᠢᠨ ᠨᠥᠬᠦᠴᠡᠯ ᠳᠤᠤᠷᠠᠬᠢ ᠳᠤᠷ᠎ᠠ ᠶᠢᠨ ᠨᠢᠭᠡ ᠵᠦᠢᠯ ᠢ ᠬᠠᠩᠭᠠᠪᠠᠯ ᠪᠣᠯᠴᠢᠬᠠᠨ᠎ᠠ︶ | ᠄ | ︵ᠨᠢᠭᠡ︶ ᠲᠥᠷᠥᠯ ᠵᠦᠢᠯ ᠤᠨ ᠨᠥᠬᠦᠴᠡᠯ | 1 . ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ᠂ ᠰᠤᠷᠭᠠᠨ | ᠬᠥᠮᠦᠵᠢᠯ ᠤᠨ ᠲᠢᠩᠬᠢᠮ ᠤᠨ ᠭᠤᠣᠯᠳᠠᠯᠭ᠎ᠠ ᠲᠠᠢ ᠲᠥᠷᠥᠯ ᠵᠦᠢᠯ ᠢ ᠡᠷᠬᠢᠯᠡᠭᠰᠡᠨ︔ | 2 . ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ︵ | ᠥᠪᠥᠷ ᠮᠣᠩᠭᠤᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠷᠥᠯ | ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ | ᠬᠤᠯᠪᠣᠭ᠎ᠠ ᠶᠢᠨ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠭᠤᠤᠯᠳᠠᠯᠭ᠎ᠠ ᠲᠠᠢ | ᠲᠥᠷᠥᠯ ᠵᠦᠢᠯ︶ ᠢ 2 ᠵᠦᠢᠯ ᠠᠴᠠ ᠳᠡᠭᠡᠭᠰᠢ ᠡᠷᠬᠢᠯᠡᠭᠰᠡᠨ︔ | 3 . ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠮ ᠰᠢᠨᠵᠢᠯᠡᠭᠡᠨ ᠤ ᠲᠥᠷᠥᠯ ᠵᠦᠢᠯ ᠢ ᠳᠠᠭᠤᠰᠬᠠᠭᠰᠠᠨ | ᠬᠢᠷᠢ ᠪᠦᠲᠦᠮᠵᠢ ᠨᠢ ᠰᠢᠯᠢᠳᠡᠭ ᠪᠤᠯ ᠬᠢᠨᠠᠨ ᠲᠣᠭᠲᠠᠭᠠᠯᠲᠠ ᠬᠢᠬᠦ ᠠᠴᠠ ᠬᠡᠯᠲᠦᠷᠢᠭᠦᠯᠦᠨ᠎ᠡ︔ | ︵ᠬᠤᠶᠠᠷ︶ ᠦᠷ᠎ᠡ ᠪᠦᠲᠦᠭᠡᠯ ᠤᠨ ᠨᠥᠬᠦᠴᠡᠯ | 4 . ᠨᠢᠭᠡᠳᠦᠭᠡᠷ ᠪᠡᠶᠡᠯᠡᠭᠦᠯᠦᠭᠰᠡᠨ ᠬᠥᠮᠦᠨ ᠤ ᠭᠠᠷᠤᠯ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ | ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠬᠥᠮᠥᠷᠭᠡ ᠳᠤ ᠰᠣᠩᠭᠤᠭᠳᠠᠭᠰᠠᠨ︔ | 5 . ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠨᠡᠷ᠎ᠡ ᠨᠦᠯᠦᠭᠡ ᠲᠠᠢ ᠰᠡᠳᠬᠦᠯ | ᠳᠡᠭᠡᠷ᠎ᠡ ᠨᠢᠭᠡᠳᠦᠭᠡᠷ ᠪᠡᠶᠡᠯᠡᠭᠦᠯᠦᠭᠴᠢ ᠶᠢᠨ ᠬᠤᠪᠢ ᠪᠠᠷ 2 ᠬᠤᠪᠢ ᠠᠴᠠ ᠳᠡᠭᠡᠭᠰᠢ ᠥᠭᠦᠯᠡᠯ ᠨᠡᠶᠢᠲᠡᠯᠡᠭᠰᠡᠨ︔ | 6 . ᠠᠶᠢᠮᠠᠭ ᠤᠨ ᠱᠠᠲᠤᠨ ᠠᠴᠠ ᠳᠡᠭᠡᠭᠰᠢᠬᠢ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠶᠢ ᠣᠯᠤᠭᠰᠠᠨ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠯᠠᠪᠯᠠᠭ᠎ᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ | ᠵᠡᠷᠭᠡ︔ | ︵ᠭᠤᠷᠪᠠ︶ ᠱᠠᠩᠨᠠᠯ ᠪᠠ ᠢᠷᠠᠭᠤ ᠠᠯᠳᠠᠷ ᠤᠨ ᠨᠥᠬᠦᠴᠡᠯ | 7 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠬᠦᠷᠲᠡᠭᠴᠢ︔ | 8 . ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠱᠠᠩᠨᠠᠯ ᠤᠨ ᠭᠤᠷᠪᠠᠳᠤᠭᠠᠷ ᠳᠡᠰ ᠤᠨ ᠱᠠᠩᠨᠠᠯ ︵ᠭᠤᠷᠪᠠᠳᠤᠭᠠᠷ ᠳᠡᠰ ᠤᠨ ᠱᠠᠩᠨᠠᠯ ᠪᠠᠭᠲᠠᠨ᠎ᠠ︶ | ᠠᠴᠠ ᠳᠡᠭᠡᠭᠰᠢᠬᠢ ᠶᠢ ᠣᠯᠤᠭᠰᠠᠨ ᠨᠢᠭᠡᠳᠦᠭᠡᠷ ᠪᠡᠶᠡᠯᠡᠭᠦᠯᠦᠭᠴᠢ︔ | 9 . ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ | ᠪᠦᠲᠦᠭᠡᠯ ᠤᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ︵ᠬᠤᠶᠠᠳᠤᠭᠠᠷ ᠳᠡᠰ ᠤᠨ ᠱᠠᠩᠨᠠᠯ ᠪᠠᠭᠲᠠᠨ᠎ᠠ︶ ᠢ | ᠭᠥᠷᠳᠡᠭᠰᠡᠨ ᠨᠢᠭᠡᠳᠦᠭᠡᠷ ᠪᠡᠶᠡᠯᠡᠭᠦᠯᠦᠭᠴᠢ︔ | 10 . ᠥᠪᠥᠷ ᠮᠣᠩᠭᠤᠯ ᠤᠨ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾ ᠢ ᠬᠦᠷᠳᠡᠭᠰᠡᠨ︔ | 11 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠭᠠᠨ | ᠰᠤᠷᠭᠠᠬᠤ ᠨᠡᠷᠡᠳᠤ ᠪᠠᠭᠰᠢ᠂ ᠵᠢᠭᠠᠨ ᠰᠤᠷᠭᠠᠬᠤ ᠲᠠᠪᠴᠠᠩ ᠤᠨ ᠰᠢᠨ᠎ᠡ ᠰᠣᠳᠣᠨ᠂ ᠵᠢᠭᠠᠨ ᠰᠤᠷᠭᠠᠬᠤ ᠪᠦᠯᠬᠦᠮ | ᠵᠡᠷᠭᠡ ᠲᠦᠷᠦᠯ ᠵᠦᠢᠯ ᠢ ᠬᠦᠷᠳᠡᠭᠰᠡᠨ︔ | 12 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ︽ | ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ︾ ᠶᠢᠨ A ᠲᠥᠷᠥᠯ ᠪᠤᠶᠤ | B ᠲᠥᠷᠥᠯ ᠤᠨ ᠴᠢᠳᠠᠪᠤᠷᠢᠲᠠᠨ ᠢ ᠭᠥᠷᠳᠡᠪᠡ︔ | 13 . ᠤᠯᠤᠰ ᠤᠨ ᠲᠡᠰ ᠤᠨ ᠴᠢᠳᠠᠪᠤᠷᠢᠲᠠᠨ ᠵᠢᠴᠢ ᠱᠠᠩᠨᠠᠯ ᠤᠨ ᠲᠥᠯᠥᠪᠯᠡᠭᠡ ︵ᠴᠠᠩᠵᠢᠶᠠᠩ ᠡᠷᠳᠡᠮᠲᠡᠨ᠂ | ᠴᠠᠩᠵᠢᠶᠠᠩ ᠡᠷᠳᠡᠮᠲᠡᠨ ᠤ ᠵᠠᠯᠠᠭᠤᠴᠤᠳ ᠤᠨ ᠲᠥᠯᠥᠪᠯᠡᠭᠡ᠂ ᠤᠯᠤᠰ ᠤᠨ ᠮᠢᠩᠭᠠᠨ ᠬᠥᠮᠦᠨ ᠤ ᠲᠥᠯᠥᠪᠯᠡᠭᠡ᠂ | ᠤᠯᠤᠰ ᠤᠨ ᠲᠦᠮᠡᠨ ᠬᠥᠮᠦᠨ ᠤ ᠲᠥᠯᠥᠪᠯᠡᠭᠡ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ᠂ ᠤᠯᠤᠰ ᠤᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ | ᠤᠯᠤᠰ ᠤᠨ ᠵᠠᠭᠤ ᠮᠢᠩᠭ᠎ᠠ ᠲᠦᠮᠡᠨ ᠴᠢᠳᠠᠪᠤᠷᠢᠲᠠᠨ ᠤ ᠢᠨᠵᠧᠨᠧᠷᠢᠩ᠂ ᠲᠥᠪ ᠤᠨ ᠤᠬᠠᠭᠤᠯᠬᠤ ᠬᠡᠯᠲᠡᠰ ᠤᠨ ︽ | ᠳᠥᠷᠪᠡᠨ ᠨᠢᠭᠡ ᠪᠦᠯᠦᠭ︾ ᠴᠢᠳᠠᠪᠤᠷᠢᠲᠠᠨ︶ ᠳᠤ ᠰᠣᠩᠭᠤᠭᠳᠠᠭᠰᠠᠨ︔ | ︵ᠳᠥᠷᠪᠡ︶ ᠲᠤᠰᠢᠶᠠᠯ ᠡᠭᠦᠷᠭᠡᠯᠡᠭᠰᠡᠨ ᠢ ᠪᠣᠳᠣᠯᠬᠢᠯᠠᠬᠤ ᠨᠥᠬᠦᠴᠡᠯ | 14 . ᠠᠺᠠᠳᠧᠮᠢᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠵᠥᠪᠯᠡᠯ ᠤᠨ | ᠭᠡᠰᠢᠭᠦᠨ ᠪᠤᠶᠤ ᠰᠢᠨᠵᠢᠯᠡᠭᠡᠨ ᠤ ᠰᠠᠯᠠᠭ᠎ᠠ ᠶᠢᠨ ᠦᠨᠡᠯᠡᠨ ᠶᠠᠷᠢᠯᠴᠠᠬᠤ ᠳᠤᠭᠤᠶᠢᠯᠠᠩ ᠤᠨ ᠭᠡᠰᠢᠭᠦᠨ᠂ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠦᠨᠡᠯᠡᠨ ᠬᠢᠨᠠᠬᠤ ᠳᠤᠭᠤᠶᠢᠯᠠᠩ ᠤᠨ | ᠬᠤᠷᠠᠯᠳᠤᠭᠤᠯᠤᠭᠴᠢ᠂ ᠰᠤᠷᠭᠠᠨ ᠬᠥᠮᠦᠵᠢᠯ ᠤᠨ ᠶᠠᠮᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠵᠥᠪᠯᠡᠯ ᠤᠨ | ᠭᠡᠰᠢᠭᠦᠨ᠂ ᠰᠤᠷᠭᠠᠨ ᠬᠥᠮᠦᠵᠢᠯ ᠤᠨ ᠶᠠᠮᠤᠨ ᠤ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠷᠭᠠᠯᠲᠠ ᠶᠢ ᠵᠢᠯᠣᠭᠤᠳᠬᠤ | ᠵᠥᠪᠯᠡᠯ ᠤᠨ ᠭᠡᠰᠢᠭᠦᠨ ᠵᠡᠷᠭᠡ ᠴᠢᠬᠤᠯᠠ ᠡᠷᠳᠡᠮ ᠰᠢᠨᠵᠢᠯᠡᠭᠡᠨ ᠤ ᠲᠤᠰᠢᠶᠠᠯ ᠢ ᠡᠭᠦᠷᠭᠡᠯᠡᠵᠦ ᠦᠩᠭᠡᠷᠡᠭᠰᠡᠨ︔ | 15 . ᠪᠦᠬᠦ ᠤᠯᠤᠰ ᠤᠨ ᠴᠢᠨᠠᠷᠲᠠᠶ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠡᠷᠳᠡᠮ ᠰᠢᠨᠵᠢᠯᠡᠭᠡᠨ ᠤ | ᠪᠦᠯᠬᠦᠮ ᠤᠨ ᠬᠡᠷᠡᠭ ᠡᠷᠬᠢᠯᠡᠭᠴᠢ ᠠᠴᠠ ᠳᠡᠭᠡᠭᠰᠢ ᠲᠤᠰᠢᠶᠠᠯ ᠡᠭᠦᠷᠭᠡᠯᠡᠵᠦ ᠥᠩᠭᠡᠷᠡᠭᠰᠡᠨ︔ | 16 . ᠳᠡᠳ᠋ ᠳᠡᠭᠡᠳᠦ ᠵᠡᠷᠭᠡ ︵ᠳᠡᠳ᠋ ᠳᠡᠭᠡᠳᠦ ᠵᠡᠷᠭᠡ ᠶᠢ ᠪᠠᠭᠲᠠᠭᠠᠨ᠎ᠠ︶ ᠶᠢᠨ ᠲᠤᠰᠬᠠᠢ ᠮᠡᠷᠭᠡᠵᠢᠯ ᠤᠨ | ᠲᠤᠰᠢᠶᠠᠯ ᠲᠠᠢ ᠪᠠᠶᠢᠬᠤ︔ | ︵ᠲᠠᠪᠤ︶ ᠪᠤᠰᠤᠳ ᠨᠥᠬᠦᠴᠡᠯ | 17 . ᠳᠡᠭᠡᠷᠡᠬᠢ ᠪᠠᠶᠢᠳᠠᠯ ᠠᠴᠠ ᠭᠠᠳᠠᠨ᠎ᠠ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠤᠶᠤ ᠡᠷᠳᠡᠮ ᠰᠢᠨᠵᠢᠯᠡᠭᠡᠨ ᠤ ᠴᠢᠬᠤᠯᠠ ᠢᠷᠠᠭᠤ | ᠠᠯᠳᠠᠷ ᠢ ᠣᠯᠤᠭᠰᠠᠨ᠃ | ᠬᠤᠷᠢᠨ ᠳᠥᠷᠪᠡᠳᠦᠭᠡᠷ ᠵᠦᠢᠯ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠠᠯᠠᠱᠠ ᠠᠶᠢᠮᠠᠭ ᠤᠨ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠣᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠤᠨ ᠰᠢᠯᠭᠠᠷᠠᠭᠤᠯᠤᠯᠲᠠ ᠳᠤ | ᠣᠷᠣᠯᠴᠠᠵᠤ ᠪᠣᠯᠬᠤ ᠥᠬᠡᠶ᠄ | ︵ᠨᠢᠭᠡ︶ ᠠᠵᠢᠯᠯᠠᠵᠤ ᠪᠠᠶᠢᠭ᠎ᠠ ᠨᠢᠭᠡᠴᠡ ᠨᠢ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ︵ | ᠠᠯᠠᠱᠠ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠭᠠᠳᠠᠭᠠᠳᠤ ᠳᠤ ᠰᠠᠭᠤᠭ᠎ᠠ ᠪᠠᠶᠢᠭᠤᠯᠤᠮᠵᠢ ᠪᠠᠭᠲᠠᠨ᠎ᠠ︶ | ᠪᠠᠶᠢᠬᠤ ᠦᠭᠡᠶ︔ | ︵ᠬᠤᠶᠠᠷ︶ ᠭᠤᠣᠯ ᠰᠤᠳᠤᠯᠭᠠᠨ ᠤ ᠦᠷ᠎ᠡ ᠪᠦᠲᠦᠭᠡᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠠᠢ ᠳᠤ ᠬᠠᠷᠢᠶᠠᠯᠠᠭᠳᠠᠬᠤ ᠦᠭᠡᠢ ᠪᠠᠶᠢᠬᠤ︔ | ︵ᠭᠤᠷᠪᠠ︶ ᠥᠩᠭᠡᠷᠡᠭᠰᠡᠨ ᠳᠤ ᠬᠠᠭᠤᠯᠤᠭᠰᠠᠨ᠂ ᠬᠤᠯᠠᠭᠠᠶᠢᠯᠠᠭᠰᠠᠨ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠭᠰᠠᠨ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠲᠠᠢ ᠪᠠᠶᠢᠭᠰᠠᠨ᠃ | ᠬᠤᠷᠢᠨ ᠲᠠᠪᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ | ᠭᠠᠷᠮᠠᠭᠠᠶᠢᠯᠠᠭᠴᠢ ᠶᠢᠨ ᠱᠠᠩᠨᠠᠯ ᠤᠨ ᠵᠢᠱᠢᠭᠳᠡᠭᠴᠢ ᠶᠢᠨ ᠦᠷ᠎ᠡ ᠪᠦᠲᠦᠭᠡᠯ ᠪᠠ ᠬᠤᠪᠢ ᠨᠡᠮᠡᠷᠢ ᠨᠢ ᠱᠠᠩᠨᠠᠯ ᠣᠯᠭᠤᠬᠤ | ᠨᠥᠬᠦᠴᠡᠯ ᠳᠤ ᠬᠥᠷᠬᠦ ᠥᠬᠡᠶ ᠦᠶ᠎ᠡ ᠳᠤ᠂ ᠬᠢᠨᠠᠨ ᠲᠣᠭᠲᠠᠭᠠᠬᠤ ᠣᠨ ᠳᠤ ᠬᠤᠭᠤᠰᠣᠨ ᠪᠠᠶᠢᠵᠤ ᠪᠣᠯᠤᠨ᠎ᠠ᠃ | ᠳᠥᠷᠪᠡᠳᠦᠭᠡᠷ ᠬᠡᠰᠡᠭ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠣᠭᠤᠢ ᠬᠤᠪᠢ ᠨᠡᠮᠡᠷᠢ ᠶᠢᠨ | ᠱᠠᠩᠨᠠᠯ | ᠬᠤᠷᠢᠨ ᠵᠢᠷᠭᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠢ ᠬᠤᠪᠢ ᠨᠡᠮᠡᠷᠢ ᠶᠢᠨ ᠱᠠᠩᠨᠠᠯ ᠢ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠦᠢᠯᠡᠳᠦᠯᠭᠡ ᠶᠢᠨ ᠬᠡᠷᠡᠭᠯᠡᠭᠡᠨ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮᠲᠤ | ᠡᠬᠡ ᠤᠯᠤᠰ ᠢᠶᠠᠨ ᠬᠠᠶᠢᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ | ᠵᠥᠪ ᠤᠯᠤᠰ ᠲᠥᠷᠥ ᠶᠢᠨ ᠴᠢᠭᠯᠡᠯ ᠪᠠ ᠡᠷᠳᠡᠮ ᠰᠢᠨᠵᠢᠯᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠠᠶᠢᠨ ᠰᠠᠶᠢᠬᠠᠨ | ᠰᠢᠨᠵᠢᠯᠡᠬᠦ ᠤᠬᠠᠭᠠᠨ ᠤ ᠶᠣᠰᠣ ᠮᠣᠷᠠᠯ ᠲᠠᠢ᠂ ᠠᠯᠠᠱᠠ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠭᠠᠳᠠᠨ᠎ᠠ | ᠠᠵᠢᠯᠯᠠᠵᠤ ᠪᠠᠶᠢᠭ᠎ᠠ ᠬᠤᠪᠢ ᠬᠥᠮᠦᠨ ᠪᠠ ᠪᠦᠯᠬᠦᠮ ᠨᠡᠶᠢᠲᠡ ᠳᠤ ᠣᠯᠭᠤᠨ᠎ᠠ᠃ | ᠬᠤᠷᠢᠨ ᠳᠣᠯᠣᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠶ ᠬᠤᠪᠢ ᠨᠡᠮᠡᠷᠢ ᠶᠢᠨ ᠱᠠᠩᠨᠠᠯ ᠤᠨ ᠬᠤᠭᠤᠴᠠᠭ᠎ᠠ ᠪᠦᠷᠢ ᠶᠢᠨ ᠣᠷᠣᠨ ᠲᠤᠭ᠎ᠠ ᠶᠢ 1 ᠠᠴᠠ | ᠬᠡᠲᠦᠷᠡᠭᠦᠯᠵᠦ ᠪᠣᠯᠬᠤ ᠦᠭᠡᠶ᠂ ᠱᠠᠩᠨᠠᠯ ᠤᠨ ᠮᠥᠩᠭᠦ ᠨᠢ 2 ᠲᠦᠮᠡᠨ ᠲᠥᠭᠦᠷᠢᠭ᠃ | ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷᠢᠮᠵᠢᠶ᠎ᠠ ᠨᠢ ᠳᠣᠣᠷᠠᠬᠢ ᠮᠡᠲᠦ᠄ | ᠵᠢᠱᠢᠭᠳᠡᠭᠴᠢ ᠬᠤᠪᠢ ᠬᠥᠮᠦᠨ ᠪᠠ ᠪᠦᠯᠬᠦᠮ ᠤᠨ ᠬᠢᠨ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠣᠯᠠᠨ ᠵᠢᠯ ᠤᠨ ᠰᠤᠳᠤᠯᠭᠠᠨ ᠬᠢᠵᠦ᠂ ᠲᠡᠭᠦᠨ ᠤ ᠦᠷ᠎ᠡ ᠪᠦᠲᠦᠭᠡᠯ ᠨᠢ ᠠᠯᠠᠱᠠ ᠠᠶᠢᠮᠠᠭ ᠤᠨ ᠠᠵᠤ | ᠠᠬᠤᠶ ᠨᠡᠶᠢᠭᠡᠮ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠴᠢᠬᠤᠯᠠ ᠰᠢᠢᠳᠪᠦᠷᠢᠳᠦ ᠪᠣᠳᠣᠯᠭ᠎ᠠ | ᠲᠣᠭᠲᠠᠭᠠᠬᠤ ᠳᠤ ᠯᠠᠪᠯᠠᠯᠲᠠ ᠦᠭᠭᠦᠭᠰᠡᠨ᠃ | ᠬᠤᠷᠢᠨ ᠨᠠᠢᠮᠠᠳᠣᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠶ ᠬᠤᠪᠢ ᠨᠡᠮᠡᠷᠢ ᠶᠢᠨ ᠱᠠᠩᠨᠠᠯ ᠤᠨ ᠵᠢᠱᠢᠭᠳᠡᠭᠰᠡᠨ ᠬᠤᠪᠢ ᠬᠥᠮᠦᠨ ᠪᠠ ᠪᠦᠯᠬᠦᠮ ᠤᠨ ᠠᠯᠠᠱᠠ | ᠠᠶᠢᠮᠠᠭ ᠲᠤ ᠠᠵᠢᠯᠯᠠᠵᠤ ᠪᠠᠶᠢᠭᠰᠠᠨ ᠬᠤᠭᠤᠴᠠᠭᠠᠨ ᠳᠠᠭᠠᠨ ᠭᠠᠷᠭᠠᠭᠰᠠᠨ ᠦᠷ᠎ᠡ ᠪᠦᠲᠦᠭᠡᠯ ᠪᠠ ᠬᠤᠪᠢ ᠨᠡᠮᠡᠷᠢ ᠶᠢ | ᠰᠢᠯᠭᠠᠷᠠᠭᠤᠯᠬᠤ ᠳᠤ ᠣᠷᠣᠯᠴᠠᠬᠤ ᠨᠥᠬᠦᠴᠡᠯ ᠪᠣᠯᠭᠠᠬᠤ ᠦᠭᠡᠶ᠃ | ᠬᠤᠷᠢ ᠶᠢᠰᠦᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠢ ᠬᠤᠪᠢ ᠨᠡᠮᠡᠷᠢ ᠶᠢᠨ ᠱᠠᠩᠨᠠᠯ ᠤᠨ ᠵᠢᠱᠢᠭᠳᠡᠭᠴᠢ ᠶᠢᠨ ᠦᠷ᠎ᠡ ᠪᠦᠲᠦᠭᠡᠯ ᠪᠠ ᠬᠤᠪᠢ ᠨᠡᠮᠡᠷᠢ ᠨᠢ ᠱᠠᠩᠨᠠᠯ | ᠣᠯᠭᠤᠬᠤ ᠨᠥᠬᠦᠴᠡᠯ ᠳᠤ ᠬᠥᠷᠬᠦ ᠥᠬᠡᠶ ᠦᠶ᠎ᠡ ᠳᠤ᠂ ᠬᠢᠨᠠᠨ ᠲᠣᠭᠲᠠᠭᠠᠬᠤ ᠣᠨ ᠳᠤ ᠬᠤᠭᠤᠰᠣᠨ ᠪᠠᠶᠢᠵᠤ | ᠪᠣᠯᠤᠨ᠎ᠠ᠃ | ᠳᠥᠷᠪᠡᠳᠦᠭᠡᠷ ᠪᠦᠯᠦᠭ ᠮᠡᠳᠡᠭᠦᠯᠬᠦ ᠪᠠ ᠬᠢᠷᠢ ᠬᠡᠮ ᠢ ᠬᠢᠨᠠᠨ ᠪᠠᠶᠢᠴᠠᠭᠠᠬᠤ | ᠭᠤᠴᠢᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ | ᠦᠷ᠎ᠡ ᠪᠦᠲᠦᠭᠡᠯ ᠤᠨ ᠱᠠᠩᠨᠠᠯ᠂ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠠᠷᠠᠲᠤ ᠬᠥᠮᠦᠰ ᠤᠨ ᠱᠠᠩᠨᠠᠯ᠂ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ᠂ ᠣᠨᠴᠣᠭᠤᠶ ᠬᠤᠪᠢ ᠨᠡᠮᠡᠷᠢ ᠶᠢᠨ | ᠱᠠᠩᠨᠠᠯ ᠢ ᠰᠢᠯᠭᠠᠷᠠᠭᠤᠯᠬᠤ ᠳᠤ ᠳᠤᠤᠷᠠᠬᠢ ᠳᠥᠷᠪᠡᠨ ᠵᠦᠢᠯ ᠤᠨ ᠠᠷᠭ᠎ᠠ ᠵᠠᠮ ᠢᠶᠠᠷ ᠭᠤᠶᠤᠴᠢᠯᠠᠨ ᠮᠡᠳᠡᠭᠦᠯᠵᠦ | ᠪᠣᠯᠤᠨ᠎ᠠ᠄ | ︵ᠨᠢᠭᠡ︶ ᠠᠯᠠᠱᠠ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠬᠠᠷᠢᠶ᠎ᠠ ᠨᠡᠶᠢᠭᠡᠮ ᠤᠨ | ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠᠷ ᠳᠡᠮᠵᠢᠨ ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠭᠤᠶᠤᠴᠢᠯᠠᠨ ᠮᠡᠳᠡᠭᠦᠯᠦᠨ᠎ᠡ︔ | ︵ᠬᠤᠶᠠᠷ︶ ᠡᠯ᠎ᠡ ᠬᠤᠰᠢᠭᠤ ᠣᠷᠣᠨ ᠤ ᠭᠤᠶᠤᠴᠢᠯᠠᠨ ᠮᠡᠳᠡᠭᠦᠯᠦᠭᠴᠢ ᠨᠢ ᠬᠤᠰᠢᠭᠤ ︵ᠣᠷᠣᠨ︶ ᠶᠢᠨ | ᠤᠬᠠᠭᠤᠯᠬᠤ ᠬᠡᠯᠲᠡᠰ ︵ᠨᠠᠮ ᠣᠯᠠᠨ ᠲᠦᠮᠡᠨ ᠤ ᠠᠵᠢᠯ ᠤᠨ ᠬᠡᠯᠲᠡᠰ︶ ᠢᠶᠠᠷ ᠳᠠᠮᠵᠢᠨ ᠰᠢᠯᠭᠠᠷᠠᠭᠤᠯᠬᠤ ᠺᠣᠮᠢᠰ ᠤᠨ | ᠠᠯᠪᠠᠨ ᠭᠡᠷ ᠲᠤ ᠭᠤᠶᠤᠴᠢᠯᠠᠨ ᠮᠡᠳᠡᠭᠦᠯᠦᠨ᠎ᠡ︔ | ︵ᠭᠤᠷᠪᠠ︶ ᠭᠤᠷᠪᠠᠨ ᠳᠡᠳ᠋ ᠳᠡᠭᠡᠳᠦ ᠳᠡᠰ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯᠲᠡᠨ ᠨᠡᠷ᠎ᠡ | ᠬᠤᠯᠪᠣᠭᠠᠯᠠᠨ ᠲᠠᠨᠢᠯᠴᠠᠭᠤᠯᠤᠭᠰᠠᠨ ᠭᠤᠶᠤᠴᠢᠯᠠᠨ ᠮᠡᠳᠡᠭᠦᠯᠦᠭᠴᠢᠳ ᠰᠢᠯᠭᠠᠷᠠᠭᠤᠯᠬᠤ ᠺᠣᠮᠢᠰ ᠤᠨ ᠠᠯᠪᠠᠨ ᠭᠡᠷ ᠲᠤ | ᠰᠢᠭᠤᠳ ᠭᠤᠶᠤᠴᠢᠯᠠᠨ ᠮᠡᠳᠡᠭᠦᠯᠵᠦ ᠪᠣᠯᠤᠨ᠎ᠠ︔ | ︵ᠳᠥᠷᠪᠡ︶ ᠪᠤᠰᠤᠳ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠦᠯᠦᠭᠴᠢ | ᠨᠢ ᠪᠠᠶᠢᠭ᠎ᠠ ᠨᠢᠭᠡᠴᠡ ᠪᠠᠷ ᠢᠶᠠᠨ ᠳᠠᠮᠵᠢᠭᠤᠯᠤᠨ ᠰᠢᠯᠭᠠᠷᠠᠭᠤᠯᠬᠤ ᠺᠣᠮᠢᠰ ᠤᠨ ᠠᠯᠪᠠᠨ ᠭᠡᠷ ᠲᠤ ᠮᠡᠳᠡᠭᠦᠯᠦᠨ᠎ᠡ᠃ | ᠭᠤᠴᠢᠨ ᠨᠢᠭᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠄ | ︵ᠨᠢᠭᠡ︶ ᠵᠣᠬᠢᠶᠠᠭᠴᠢ ᠶᠢᠨ ᠲᠠᠭᠯᠠᠨ ᠮᠡᠳᠡᠭᠦᠯᠦᠭᠰᠡᠨ ᠮᠠᠲ᠋ᠧᠷᠢᠶᠠᠯ᠃ ᠰᠢᠯᠭᠠᠷᠠᠭᠤᠯᠬᠤ ᠪᠠᠷ ᠭᠤᠶᠤᠴᠢᠯᠠᠬᠤ | ᠨᠥᠬᠦᠴᠡᠯ ᠳᠤ ᠨᠡᠶᠢᠴᠡᠬᠦ ᠬᠥᠮᠦᠨ ᠪᠦᠬᠦᠨ ᠪᠠᠶᠢᠭ᠎ᠠ ᠨᠢᠭᠡᠴᠡ ᠳᠡᠭᠡᠨ ᠭᠤᠶᠤᠴᠢᠯᠠᠯ ᠭᠠᠷᠭᠠᠵᠤ᠂ | ᠵᠥᠪᠰᠢᠶᠡᠷᠡᠭᠦᠯᠦᠭᠡᠳ᠂ ︽ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠤᠨ ᠰᠢᠯᠢᠳᠡᠭ ᠦᠷ᠎ᠡ ᠪᠦᠲᠦᠭᠡᠯ ᠢ ᠭᠤᠶᠤᠴᠢᠯᠠᠨ ᠮᠡᠳᠡᠭᠦᠯᠬᠦ ᠵᠢᠴᠢ ᠰᠢᠯᠭᠠᠷᠠᠭᠤᠯᠬᠤ ᠬᠦᠰᠦᠨᠦᠭᠲᠦ︾ ᠶᠢ | ᠨᠢᠭᠡ ᠬᠡᠯᠪᠡᠷᠢ ᠶᠢᠨ ᠬᠤᠶᠠᠷ ᠬᠤᠪᠢ ᠲᠠᠭᠯᠠᠨ᠎ᠠ᠃ ᠵᠣᠬᠢᠶᠠᠭᠴᠢ ᠭᠤᠶᠤᠴᠢᠯᠠᠨ ᠮᠡᠳᠡᠭᠦᠯᠬᠦ ᠳᠡᠭᠡᠨ ᠭᠤᠶᠤᠴᠢᠯᠠᠨ | ᠮᠡᠳᠡᠭᠦᠯᠦᠭᠰᠡᠨ ᠦᠷ᠎ᠡ ᠪᠦᠲᠦᠭᠡᠯ ᠤᠨ ᠣᠭ ᠮᠠᠲ᠋ᠧᠷᠢᠶᠠᠯ᠂ ᠭᠡᠷᠡᠴᠢᠯᠡᠯ ᠤᠨ ᠮᠠᠲ᠋ᠧᠷᠢᠶᠠᠯ ᠤᠨ ᠣᠭ ᠭᠡᠪ ᠪᠠ | ᠬᠠᠭᠤᠯᠪᠤᠷᠢ ᠶᠢ ᠬᠠᠮᠲᠤ ᠳᠤᠨᠢ ᠲᠤᠰᠢᠶᠠᠬᠤ ᠬᠡᠷᠡᠭᠲᠡᠶ᠃ | ︵ᠬᠤᠶᠠᠷ︶ ᠮᠡᠳᠡᠭᠦᠯᠦᠨ ᠬᠦᠷᠭᠡᠭᠰᠡᠨ ᠨᠢᠭᠡᠴᠡ᠃ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠡ ᠳᠤ | ᠭᠤᠶᠤᠴᠢᠯᠠᠨ ᠮᠡᠳᠡᠭᠦᠯᠦᠭᠴᠢᠳ ᠪᠠᠶᠢᠭ᠎ᠠ ᠨᠢᠭᠡᠴᠡ ᠳᠡᠭᠡᠨ ᠭᠤᠶᠤᠴᠢᠯᠠᠨ ᠮᠡᠳᠡᠭᠦᠯᠵᠦ᠂ ᠨᠢᠭᠡᠴᠡ ᠠᠴᠠ ᠠᠩᠬ᠎ᠠ | ᠬᠢᠨᠠᠭᠰᠠᠨ ᠤ ᠳᠠᠷᠠᠭ᠎ᠠ ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ ᠬᠤᠰᠢᠭᠤᠨ ︵ | ᠣᠷᠣᠨ︶ ᠤ ᠬᠠᠷᠢᠶ᠎ᠠ ᠨᠢᠭᠡᠴᠡ᠂ ᠪᠠᠶᠢᠭᠤᠯᠤᠮᠵᠢ᠂ ᠬᠤᠪᠢ ᠬᠥᠮᠦᠨ ᠬᠤᠰᠢᠭᠤᠨ ︵ᠣᠷᠣᠨ︶ ᠤ ᠤᠬᠠᠭᠤᠯᠬᠤ | ᠬᠡᠯᠲᠡᠰ ︵ᠨᠠᠮ ᠣᠯᠠᠨ ᠲᠦᠮᠡᠨ ᠤ ᠠᠵᠢᠯ ᠤᠨ ᠬᠡᠯᠲᠡᠰ︶ ᠲᠤ ᠮᠡᠳᠡᠭᠦᠯᠵᠦ᠂ ᠬᠤᠰᠢᠭᠤᠨ ︵ᠣᠷᠣᠨ︶ ᠤ | ᠤᠬᠠᠭᠤᠯᠬᠤ ᠬᠡᠯᠲᠡᠰ ︵ᠨᠠᠮ ᠣᠯᠠᠨ ᠲᠦᠮᠡᠨ ᠤ ᠠᠵᠢᠯ ᠤᠨ ᠬᠡᠯᠲᠡᠰ︶ ᠠᠩᠬ᠎ᠠ ᠬᠢᠨᠠᠭᠰᠠᠨ ᠤ ᠳᠠᠷᠠᠭ᠎ᠠ | ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠮᠡᠳᠡᠭᠦᠯᠦᠨ᠎ᠡ᠃ ᠭᠤᠷᠪᠠᠨ ᠳᠡᠳ᠋ ᠳᠡᠭᠡᠳᠦ ᠲᠠᠰ ᠠᠴᠠ ᠳᠡᠭᠡᠭᠰᠢᠬᠢ | ᠲᠤᠰᠬᠠᠶ ᠮᠡᠷᠭᠡᠵᠢᠯᠲᠡᠨ ᠨᠡᠷ᠎ᠡ ᠬᠤᠯᠪᠣᠭᠠᠯᠠᠨ ᠲᠠᠨᠢᠯᠴᠠᠭᠤᠯᠤᠭᠰᠠᠨ ᠭᠤᠶᠤᠴᠢᠯᠠᠨ ᠮᠡᠳᠡᠭᠦᠯᠦᠭᠴᠢ ᠨᠢ ᠰᠢᠯᠭᠠᠷᠠᠭᠤᠯᠬᠤ | ᠺᠣᠮᠢᠰ ᠤᠨ ᠠᠯᠪᠠᠨ ᠬᠡᠷ ᠲᠤ ᠰᠢᠭᠤᠳ ᠭᠤᠶᠤᠴᠢᠯᠠᠨ ᠮᠡᠳᠡᠭᠦᠯᠵᠦ ᠪᠣᠯᠤᠨ᠎ᠠ᠃ | ᠰᠢᠯᠭᠠᠷᠠᠭᠤᠯᠬᠤ ᠺᠣᠮᠢᠰ ᠤᠨ ᠠᠯᠪᠠᠨ ᠭᠡᠷ ᠨᠢ ᠵᠠᠷᠴᠢᠮ ᠳᠡᠭᠡᠷ᠎ᠡ ᠪᠠᠨ ᠬᠤᠪᠢ ᠬᠥᠮᠦᠨ ᠤ ᠮᠡᠳᠡᠭᠦᠯᠬᠦ ᠶᠢ ᠬᠦᠯᠢᠶᠡᠨ | ᠠᠪᠴᠤ ᠰᠢᠢᠳᠪᠦᠷᠢᠯᠡᠬᠦ ᠦᠭᠡᠶ᠃ | ︵ᠭᠤᠷᠪᠠ︶ ᠮᠡᠳᠡᠭᠦᠯᠦᠭᠰᠡᠨ ᠨᠢᠭᠡᠴᠡ ᠬᠢᠷᠢ ᠬᠡᠮ ᠢ ᠬᠢᠨᠠᠨ ᠪᠠᠶᠢᠴᠠᠭᠠᠬᠤ᠃ ᠡᠯ᠎ᠡ ᠮᠡᠳᠡᠭᠦᠯᠦᠭᠰᠡᠨ ᠨᠢᠭᠡᠴᠡ | ᠮᠡᠳᠡᠭᠦᠯᠦᠭᠰᠡᠨ ᠦᠷ᠎ᠡ ᠪᠦᠲᠦᠭᠡᠯ ᠤᠨ ᠬᠢᠷᠢ ᠬᠡᠮ ᠤᠨ ᠨᠥᠬᠦᠴᠡᠯ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ | ᠪᠠᠶᠢᠳᠠᠯ ᠢ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠬᠡᠷᠡᠭᠲᠡᠶ᠃ ᠬᠢᠷᠢ ᠬᠡᠮ ᠤᠨ ᠨᠥᠬᠦᠴᠡᠯ ᠳᠤ ᠨᠡᠶᠢᠴᠡᠬᠦ ᠦᠭᠡᠢ | ᠦᠷ᠎ᠡ ᠪᠦᠲᠦᠭᠡᠯ ᠢ ᠵᠣᠬᠢᠶᠠᠭᠴᠢ ᠲᠤᠰ ᠬᠥᠮᠦᠨ ᠳᠤᠨᠢ ᠪᠤᠴᠠᠭᠠᠵᠤ ᠥᠭᠭᠦᠨ᠎ᠡ᠃ | ᠭᠤᠴᠢᠨ ᠬᠤᠶᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠡᠷᠡᠳᠦ ᠬᠦᠮᠦᠰ ᠤᠨ ᠱᠠᠩᠨᠠᠯ᠂ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ | ᠄ | ︵ᠨᠢᠭᠡ︶ ᠬᠤᠪᠢ ᠬᠥᠮᠦᠨ ᠭᠤᠶᠤᠴᠢᠯᠠᠨ ᠮᠡᠳᠡᠭᠦᠯᠬᠦ᠃ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠨᠠᠷᠠᠲᠤ ᠬᠥᠮᠦᠰ ᠤᠨ ᠱᠠᠩᠨᠠᠯ ᠤᠨ ᠵᠢᠱᠢᠭᠳᠡᠭᠴᠢ ᠶᠢᠨ ᠨᠥᠬᠦᠴᠡᠯ ᠳᠤ ᠨᠡᠶᠢᠴᠡᠬᠦ ᠬᠤᠪᠢ | ᠬᠥᠮᠦᠨ ᠪᠦᠬᠦᠨ ︽ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠨᠠᠷᠠᠲᠤ | ᠬᠥᠮᠦᠰ ᠤᠨ ᠱᠠᠩᠨᠠᠯ ᠢ ᠭᠤᠶᠤᠴᠢᠯᠠᠨ ᠮᠡᠳᠡᠭᠦᠯᠬᠦ ᠵᠢᠴᠢ ᠬᠢᠨᠠᠨ ᠲᠣᠭᠲᠠᠭᠠᠬᠤ ᠬᠦᠰᠦᠨᠦᠭᠲᠦ︾ ᠶᠢ ᠲᠠᠭᠯᠠᠬᠤ ᠶᠢᠨ | ᠬᠠᠮᠲᠤ᠂ ᠲᠣᠰ ᠵᠢᠯ ᠤᠨ ᠰᠢᠯᠭᠠᠷᠠᠭᠤᠯᠬᠤ ᠮᠡᠳᠡᠭᠳᠡᠯ ᠤᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ 5 | ᠵᠦᠢᠯ ᠤᠨ ᠬᠤᠪᠢ ᠬᠥᠮᠦᠨ ᠤ ᠲᠥᠯᠥᠭᠡᠯᠡᠬᠦ ᠴᠢᠨᠠᠷᠲᠠᠶ ᠦᠷ᠎ᠡ ᠪᠦᠲᠦᠭᠡᠯ ᠢ ᠬᠠᠩᠭᠠᠨ᠎ᠠ᠃ ᠠᠯᠠᠱᠠ ᠠᠶᠢᠮᠠᠭ ᠤᠨ | ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠤᠨ | ᠵᠢᠱᠢᠭᠳᠡᠭᠴᠢ ᠶᠢᠨ ᠨᠥᠬᠦᠴᠡᠯ ᠳᠤ ᠨᠡᠶᠢᠴᠡᠬᠦ ᠬᠤᠪᠢ ᠬᠥᠮᠦᠨ ᠪᠦᠬᠦᠨ ︽ᠠᠯᠠᠱᠠ ᠠᠶᠢᠮᠠᠭ ᠤᠨ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠵᠢᠴᠢ | ᠬᠢᠨᠠᠨ ᠲᠣᠭᠲᠠᠭᠠᠬᠤ ᠬᠦᠰᠦᠨᠦᠭᠲᠦ︾ ᠶᠢ ᠲᠠᠭᠯᠠᠬᠤ ᠶᠢᠨ ᠬᠠᠮᠲᠤ᠂ ᠲᠤᠬᠠᠶ ᠶᠢᠨ ᠵᠢᠯ ᠤᠨ ᠰᠢᠯᠭᠠᠨ ᠰᠣᠩᠭᠤᠬᠤ | ᠮᠡᠳᠡᠭᠳᠡᠯ ᠤᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ 5 ᠵᠦᠢᠯ ᠤᠨ ᠬᠤᠪᠢ ᠬᠥᠮᠦᠨ ᠤ ᠲᠥᠯᠥᠭᠡᠯᠡᠬᠦ | ᠴᠢᠨᠠᠷᠲᠠᠶ ᠦᠷ᠎ᠡ ᠪᠦᠲᠦᠭᠡᠯ ᠢ ᠬᠠᠩᠭᠠᠨ᠎ᠠ᠃ ᠪᠤᠢ ᠪᠦᠬᠦᠢ ᠲᠥᠯᠥᠭᠡᠯᠡᠬᠦ ᠴᠢᠨᠠᠷᠲᠠᠶ ᠦᠷ᠎ᠡ ᠪᠦᠲᠦᠭᠡᠯ ᠤᠨ ᠨᠢᠭᠡᠳᠦᠭᠡᠷ | ᠪᠡᠶᠡᠯᠡᠭᠦᠯᠦᠭᠴᠢ ᠨᠢ ᠡᠷᠬᠡᠪᠰᠢ ᠮᠡᠳᠡᠭᠦᠯᠦᠭᠴᠢ ᠲᠤᠰ ᠬᠥᠮᠦᠨ ᠪᠠᠶᠢᠬᠤ ᠬᠡᠷᠡᠭᠲᠡᠶ᠃ ᠦᠷ᠎ᠡ ᠪᠦᠲᠦᠭᠡᠯ ᠨᠢ ᠡᠷᠬᠡᠪᠰᠢ | ᠤᠯᠤᠰ ᠤᠨ ᠳᠣᠲᠣᠭᠠᠳᠤ ᠳᠤ ᠢᠯᠡ ᠪᠠᠷ ᠬᠡᠪᠯᠡᠭᠰᠡᠨ ᠪᠠ ᠨᠡᠶᠢᠲᠡᠯᠡᠭᠰᠡᠨ ᠵᠣᠬᠢᠶᠠᠯ ᠪᠦᠲᠦᠭᠡᠯ᠂ ᠥᠭᠦᠯᠡᠯ ᠪᠤᠶᠤ | ᠬᠦᠯᠢᠶᠡᠨ ᠠᠪᠤᠭᠳᠠᠭᠰᠠᠨ ᠰᠤᠳᠤᠯᠭᠠᠨ ᠤ ᠮᠡᠳᠡᠭᠦᠯᠦᠯᠲᠡ ︵ᠨᠢᠭᠡ ᠶᠠᠩᠵᠤ ᠶᠢᠨ ᠬᠤᠶᠠᠷ ᠬᠤᠪᠢ︶ ᠶᠢ ᠲᠤᠰ ᠪᠦᠷᠢ | ᠨᠢᠭᠡ ᠬᠤᠪᠢ ᠲᠤᠰᠢᠶᠠᠵᠤ ᠪᠣᠯᠬᠤ ᠪᠥᠭᠡᠳ ᠬᠤᠪᠢ ᠬᠥᠮᠦᠨ ᠤ ᠣᠯᠤᠭᠰᠠᠨ ᠡᠷᠳᠡᠮ ᠰᠢᠨᠵᠢᠯᠡᠭᠡᠨ ᠤ ᠢᠷᠠᠭᠤ ᠠᠯᠳᠠᠷ | ︵ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠭᠡᠪ᠂ ᠬᠠᠭᠤᠯᠪᠤᠷᠢ ᠨᠢ ᠲᠤᠰ ᠪᠦᠷᠢ ᠨᠢᠭᠡ ᠬᠤᠪᠢ︶ ᠢ | ᠳᠠᠭᠠᠯᠳᠤᠭᠤᠯᠬᠤ ᠬᠡᠷᠡᠭᠲᠡᠶ᠃ | ︵ᠬᠤᠶᠠᠷ︶ ᠮᠡᠳᠡᠭᠦᠯᠦᠨ ᠬᠦᠷᠭᠡᠬᠦ ᠨᠢᠭᠡᠴᠡ᠃ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠡ ᠳᠤ | ᠭᠤᠶᠤᠴᠢᠯᠠᠨ ᠮᠡᠳᠡᠭᠦᠯᠦᠭᠴᠢᠳ ᠪᠠᠶᠢᠭ᠎ᠠ ᠨᠢᠭᠡᠴᠡ ᠳᠡᠭᠡᠨ ᠭᠤᠶᠤᠴᠢᠯᠠᠨ ᠮᠡᠳᠡᠭᠦᠯᠵᠦ᠂ ᠨᠢᠭᠡᠴᠡ ᠠᠴᠠ ᠠᠩᠬ᠎ᠠ | ᠬᠢᠨᠠᠭᠰᠠᠨ ᠤ ᠳᠠᠷᠠᠭ᠎ᠠ ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ ᠬᠤᠰᠢᠭᠤᠨ ︵ | ᠣᠷᠣᠨ︶ ᠤ ᠬᠠᠷᠢᠶ᠎ᠠ ᠨᠢᠭᠡᠴᠡ᠂ ᠪᠠᠶᠢᠭᠤᠯᠤᠮᠵᠢ᠂ ᠬᠤᠪᠢ ᠬᠥᠮᠦᠨ ᠬᠤᠰᠢᠭᠤᠨ ︵ᠣᠷᠣᠨ︶ ᠤ ᠤᠬᠠᠭᠤᠯᠬᠤ | ᠬᠡᠯᠲᠡᠰ ︵ᠨᠠᠮ ᠣᠯᠠᠨ ᠲᠦᠮᠡᠨ ᠤ ᠠᠵᠢᠯ ᠤᠨ ᠬᠡᠯᠲᠡᠰ︶ ᠲᠤ ᠮᠡᠳᠡᠬᠦᠯᠵᠦ᠂ ᠬᠤᠰᠢᠭᠤᠨ ︵ᠣᠷᠣᠨ︶ ᠤ | ᠤᠬᠠᠭᠤᠯᠬᠤ ᠬᠡᠯᠲᠡᠰ ︵ᠨᠠᠮ ᠣᠯᠠᠨ ᠲᠦᠮᠡᠨ ᠤ ᠠᠵᠢᠯ ᠤᠨ ᠬᠡᠯᠲᠡᠰ︶ ᠲᠤ ᠠᠩᠬ᠎ᠠ ᠬᠢᠨᠠᠭᠰᠠᠨ ᠤ ᠳᠠᠷᠠᠭ᠎ᠠ | ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ ᠭᠤᠷᠪᠠᠨ ᠳᠡᠳ᠋ ᠳᠡᠭᠡᠳᠦ ᠲᠠᠰ ᠠᠴᠠ | ᠳᠡᠭᠡᠭᠰᠢᠬᠢ ᠲᠤᠰᠬᠠᠶ ᠮᠡᠷᠭᠡᠵᠢᠯᠲᠡᠨ ᠨᠡᠷ᠎ᠡ ᠬᠤᠯᠪᠣᠭᠠᠯᠠᠨ ᠲᠠᠨᠢᠯᠴᠠᠭᠤᠯᠤᠭᠰᠠᠨ ᠭᠤᠶᠤᠴᠢᠯᠠᠨ ᠮᠡᠳᠡᠭᠦᠯᠦᠭᠴᠢ ᠨᠢ | ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠰᠢᠭᠤᠳ ᠭᠤᠶᠤᠴᠢᠯᠠᠨ ᠮᠡᠳᠡᠭᠦᠯᠵᠦ ᠪᠣᠯᠤᠨ᠎ᠠ᠃ | ︵ᠭᠤᠷᠪᠠ︶ ᠮᠡᠳᠡᠬᠦᠯᠬᠦ ᠨᠢᠭᠡᠴᠡ ᠬᠢᠷᠢ ᠬᠡᠮ ᠢ ᠬᠢᠨᠠᠨ ᠪᠠᠶᠢᠴᠠᠭᠠᠬᠤ᠃ ᠡᠯ᠎ᠡ ᠮᠡᠳᠡᠭᠦᠯᠬᠦ ᠨᠢᠭᠡᠴᠡ ᠨᠢ | ᠵᠢᠱᠢᠭᠳᠡᠭᠰᠡᠳ ᠤᠨ ᠨᠥᠬᠦᠴᠡᠯ ᠶᠣᠰᠣᠭᠠᠷ ᠮᠡᠳᠡᠭᠦᠯᠦᠭᠴᠢ ᠶᠢᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ | ᠪᠠᠶᠢᠴᠠᠭᠠᠯᠲᠠ ᠬᠢᠵᠦ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠦᠭᠡᠶ ᠮᠡᠳᠡᠭᠦᠯᠦᠭᠴᠢ ᠶᠢᠨ ᠮᠡᠳᠡᠭᠦᠯᠬᠦ ᠮᠠᠲ᠋ᠧᠷᠢᠶᠠᠯ | ᠢ ᠲᠤᠰ ᠬᠥᠮᠦᠨ ᠳᠤᠨᠢ ᠪᠤᠴᠠᠭᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠄ | ︵ᠨᠢᠭᠡ︶ ᠬᠤᠪᠢ ᠬᠥᠮᠦᠨ ᠭᠤᠶᠤᠴᠢᠯᠠᠨ ᠮᠡᠳᠡᠭᠦᠯᠬᠦ᠃ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠣᠨᠴᠣᠭᠤᠶ ᠬᠤᠪᠢ ᠨᠡᠮᠡᠷᠢ ᠶᠢᠨ ᠱᠠᠩᠨᠠᠯ ᠤᠨ ᠵᠢᠱᠢᠭᠳᠡᠭᠴᠢ ᠶᠢᠨ ᠨᠥᠬᠦᠴᠡᠯ ᠳᠤ ᠨᠡᠶᠢᠴᠡᠬᠦ | ᠬᠤᠪᠢ ᠬᠥᠮᠦᠨ ᠪᠠ ᠪᠦᠯᠬᠦᠮ ᠨᠡᠶᠢᠲᠡ ᠨᠢ ︽ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ | ᠤᠬᠠᠭᠠᠨ ᠤ ᠣᠨᠴᠣᠭᠤᠶ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠵᠢᠴᠢ ᠬᠢᠨᠠᠨ ᠲᠣᠭᠲᠠᠭᠠᠬᠤ | ᠬᠦᠰᠦᠨᠦᠭᠲᠦ︾ ᠶᠢ ᠲᠠᠭᠯᠠᠬᠤ ᠶᠢᠨ ᠬᠠᠮᠲᠤ᠂ ᠲᠤᠬᠠᠶ ᠶᠢᠨ ᠵᠢᠯ ᠤᠨ ᠰᠢᠯᠭᠠᠷᠠᠭᠤᠯᠬᠤ ᠮᠡᠳᠡᠭᠳᠡᠯ ᠳᠤ | ᠲᠣᠭᠲᠠᠭᠠᠭᠰᠠᠨ ᠬᠤᠭᠤᠴᠠᠭ᠎ᠠ ᠶᠢᠨ ᠳᠣᠲᠣᠷ᠎ᠠ ᠠᠯᠠᠱᠠ ᠠᠶᠢᠮᠠᠭ ᠢ ᠰᠤᠳᠤᠯᠬᠤ ᠳᠤ ᠬᠤᠯᠪᠣᠭᠳᠠᠬᠤ 3 ᠵᠦᠢᠯ ᠤᠨ | ᠲᠥᠯᠥᠭᠡᠯᠡᠬᠦ ᠴᠢᠨᠠᠷᠲᠠᠶ ᠦᠷ᠎ᠡ ᠪᠦᠲᠦᠭᠡᠯ ᠢ ᠬᠠᠩᠭᠠᠨ᠎ᠠ᠃ ᠦᠷ᠎ᠡ ᠪᠦᠲᠦᠭᠡᠯ ᠨᠢ ᠡᠷᠬᠡᠪᠰᠢ ᠢᠯᠡ ᠪᠠᠷ ᠬᠡᠪᠯᠡᠭᠰᠡᠨ | ᠪᠠ ᠨᠡᠶᠢᠲᠡᠯᠡᠭᠰᠡᠨ ᠵᠣᠬᠢᠶᠠᠯ ᠪᠦᠲᠦᠭᠡᠯ᠂ ᠥᠭᠦᠯᠡᠯ ᠪᠤᠶᠤ ᠬᠦᠯᠢᠶᠡᠨ ᠠᠪᠤᠭᠳᠠᠭᠰᠠᠨ ᠰᠤᠳᠤᠯᠭᠠᠨ ᠤ ᠮᠡᠳᠡᠭᠦᠯᠦᠯᠲᠡ | ︵ᠨᠢᠭᠡ ᠬᠡᠯᠪᠡᠷᠢ ᠶᠢᠨ ᠬᠤᠶᠠᠷ ᠬᠤᠪᠢ᠂ ᠥᠭᠦᠯᠡᠯ ᠢ ᠲᠤᠰ ᠪᠦᠷᠢ ᠨᠢᠭᠡ ᠬᠤᠪᠢ ᠲᠤᠰᠢᠶᠠᠵᠤ ᠪᠣᠯᠬᠤ ᠪᠠ | ᠬᠠᠭᠤᠯᠪᠤᠷᠢ︶ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠤᠨ ᠤᠭ ᠭᠡᠪ᠂ ᠬᠠᠭᠤᠯᠪᠤᠷᠢ ᠶᠢ ᠲᠤᠰ | ᠪᠦᠷᠢ ᠨᠢᠭᠡ ᠬᠤᠪᠢ ᠳᠠᠭᠠᠯᠳᠤᠭᠤᠯᠬᠤ ᠬᠡᠷᠡᠭᠲᠡᠶ᠃ | ︵ᠬᠤᠶᠠᠷ︶ ᠮᠡᠳᠡᠭᠦᠯᠦᠨ ᠬᠦᠷᠭᠡᠬᠦ ᠵᠢᠴᠢ ᠬᠢᠷᠢ ᠬᠡᠮ ᠢ ᠬᠢᠨᠠᠨ ᠪᠠᠶᠢᠴᠠᠭᠠᠬᠤ᠃ ᠮᠡᠳᠡᠭᠦᠯᠦᠭᠴᠢ ᠰᠢᠭᠤᠳ | ᠮᠡᠳᠡᠭᠦᠯᠬᠦ ᠮᠠᠲ᠋ᠧᠷᠢᠶᠠᠯ ᠢᠶᠠᠨ ᠰᠢᠯᠭᠠᠷᠠᠭᠤᠯᠬᠤ ᠺᠣᠮᠢᠰ ᠤᠨ ᠠᠯᠪᠠᠨ ᠭᠡᠷ ᠲᠤ ᠬᠦᠷᠭᠡᠨ᠎ᠡ᠃ ᠰᠢᠯᠭᠠᠨ ᠰᠣᠩᠭᠤᠬᠤ | ᠺᠣᠮᠢᠰ ᠤᠨ ᠠᠯᠪᠠᠨ ᠭᠡᠷ ᠨᠢ ᠮᠡᠳᠡᠭᠦᠯᠦᠭᠴᠢ ᠶᠢᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ | ᠨᠥᠬᠦᠴᠡᠯ ᠳᠤ ᠨᠡᠶᠢᠴᠡᠬᠦ ᠦᠭᠡᠶ ᠮᠡᠳᠡᠭᠦᠯᠦᠭᠴᠢ ᠶᠢᠨ ᠮᠡᠳᠡᠭᠦᠯᠦᠭᠰᠡᠨ ᠮᠠᠲ᠋ᠧᠷᠢᠶᠠᠯ ᠢ ᠲᠤᠰ ᠬᠥᠮᠦᠨ ᠳᠤᠨᠢ | ᠪᠤᠴᠠᠭᠠᠬᠤ ᠬᠡᠷᠡᠭᠲᠡᠶ᠃ | ᠲᠠᠪᠤᠳᠤᠭᠠᠷ ᠪᠦᠯᠦᠭ ᠬᠢᠨᠠᠨ ᠲᠣᠭᠲᠠᠭᠠᠬᠤ ᠳᠡᠰ ᠳᠠᠷᠠᠭᠠᠯᠠᠯ | ᠭᠤᠴᠢᠨ ᠳᠥᠷᠪᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠬᠤ ᠳᠤ ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ | ᠭᠡᠵᠦ ᠭᠤᠷᠪᠠᠨ ᠱᠠᠲᠤ ᠬᠤᠪᠢᠶᠠᠨ᠎ᠠ᠃ | ᠭᠤᠴᠢᠨ ᠲᠠᠪᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠢᠳᠡᠭ ᠦᠷ᠎ᠡ ᠪᠦᠲᠦᠭᠡᠯ ᠤᠨ ᠱᠠᠩᠨᠠᠯ ᠤᠨ ᠦᠨᠳᠦᠰᠦᠨ ᠬᠢᠨᠠᠨ ᠲᠣᠭᠲᠠᠭᠠᠬᠤ ᠲᠠᠰ ᠳᠠᠷᠠᠭᠠᠯᠠᠯ᠄ | ︵ᠨᠢᠭᠡ︶ ᠠᠩᠬᠠᠨ ᠤ ᠰᠢᠯᠭᠠᠷᠠᠭᠤᠯᠣᠯᠳᠠ᠃ ᠠᠩᠬᠠᠨ ᠤ ᠰᠢᠯᠭᠠᠷᠠᠭᠤᠯᠣᠯᠳᠠ ᠶᠢ ᠡᠯ᠎ᠡ ᠭᠤᠶᠤᠴᠢᠯᠠᠨ | ᠮᠡᠳᠡᠭᠦᠯᠬᠦ ᠨᠢᠭᠡᠴᠡ ᠶᠢᠨ ᠪᠠᠶᠢᠭᠤᠯᠤᠭᠰᠠᠨ ᠠᠩᠬᠠᠨ ᠤ ᠰᠢᠯᠭᠠᠷᠠᠭᠤᠯᠣᠯᠳᠠ ᠶᠢᠨ ᠳᠤᠭᠤᠶᠢᠯᠠᠩ ᠠᠴᠠ ᠵᠣᠬᠢᠶᠠᠨ | ᠪᠠᠶᠢᠭᠤᠯᠵᠤ ᠬᠢᠨᠠᠨ ᠲᠣᠭᠲᠠᠭᠠᠨ᠎ᠠ᠃ ᠡᠯ᠎ᠡ ᠨᠢᠭᠡᠴᠡ ᠶᠢᠨ ᠠᠩᠬ᠎ᠠ ᠰᠢᠯᠭᠠᠷᠠᠭᠤᠯᠬᠤ ᠳᠤᠭᠤᠶᠢᠯᠠᠩ ᠤᠨ | ᠪᠦᠷᠢᠯᠳᠦᠬᠦᠨ ᠢ 3 ᠬᠥᠮᠦᠨ ᠠᠴᠠ ᠳᠤᠲᠠᠭᠤ ᠦᠭᠡᠶ ᠪᠠᠶᠢᠯᠭᠠᠵᠤ᠂ ᠲᠤᠰ ᠲᠤᠰᠬᠠᠶ ᠮᠡᠷᠭᠡᠵᠢᠯ ᠪᠤᠶᠤ ᠲᠤᠰ ᠠᠵᠢᠯ | ᠲᠥᠷᠥᠯ ᠤᠨ ᠮᠡᠷᠭᠡᠵᠢᠯ ᠤᠨ ᠬᠢᠷᠢ ᠬᠡᠮ ᠲᠠᠢ ᠪᠥᠭᠡᠳ ᠵᠣᠬᠢᠬᠤ ᠨᠡᠷ᠎ᠡ ᠨᠦᠯᠦᠬᠡ ᠲᠠᠢ ᠬᠥᠮᠦᠰ ᠢᠶᠠᠷ ᠪᠦᠷᠢᠯᠳᠦᠭᠦᠯᠬᠦ | ᠬᠡᠷᠡᠭᠲᠡᠶ᠃ ᠠᠩᠬ᠎ᠠ ᠰᠢᠯᠭᠠᠷᠠᠭᠤᠯᠬᠤ ᠳᠤᠭᠤᠶᠢᠯᠠᠩ ᠳᠠᠬᠢᠨ ᠰᠢᠯᠭᠠᠷᠠᠭᠤᠯᠬᠤ ᠳᠤ ᠬᠠᠮᠤᠷᠤᠭᠳᠠᠭᠰᠠᠨ ᠦᠷ᠎ᠡ | ᠪᠦᠲᠦᠭᠡᠯ ᠢ ᠰᠣᠩᠭᠤᠨ ᠭᠠᠷᠭᠠᠵᠤ᠂ ᠠᠩᠬ᠎ᠠ ᠰᠢᠯᠭᠠᠷᠠᠭᠤᠯᠬᠤ ᠰᠠᠨᠠᠯ ᠢ ᠲᠠᠭᠯᠠᠨ ᠪᠢᠴᠢᠵᠦ᠂ ᠵᠣᠬᠢᠶᠠᠭᠴᠢ ᠶᠢᠨ | ᠮᠡᠳᠡᠭᠦᠯᠬᠦ ᠬᠦᠰᠦᠨᠦᠭᠲᠦ᠂ ᠭᠤᠶᠤᠴᠢᠯᠠᠨ ᠮᠡᠳᠡᠭᠦᠯᠦᠭᠰᠡᠨ ᠨᠢᠭᠡᠴᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠡᠷᠭᠡ | ᠮᠠᠲ᠋ᠧᠷᠢᠶᠠᠯ ᠲᠠᠢ ᠬᠠᠮᠲᠤ ᠳᠤᠨᠢ ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ ᠲᠤᠰᠢᠶᠠᠨ᠎ᠠ᠃ | ︵ᠬᠤᠶᠠᠷ︶ ᠳᠠᠬᠢᠨ ᠰᠢᠯᠭᠠᠷᠠᠭᠤᠯᠣᠯᠳᠠ᠃ ᠰᠢᠯᠢᠳᠡᠭ ᠦᠷ᠎ᠡ ᠪᠦᠲᠦᠭᠡᠯ ᠤᠨ ᠱᠠᠩᠨᠠᠯ ᠳᠤ ᠣᠷᠣᠯᠴᠠᠭᠰᠠᠨ | ᠪᠣᠳᠠᠲᠠᠶ ᠪᠠᠶᠢᠳᠠᠯ ᠢ ᠦᠵᠡᠵᠦ᠂ ᠣᠶᠢᠷᠠᠯᠴᠠᠭ᠎ᠠ ᠰᠢᠨᠵᠢᠯᠡᠭᠡᠨ ᠤ ᠰᠠᠯᠠᠭ᠎ᠠ ᠪᠠᠷ ᠡᠳᠦᠶ ᠲᠡᠳᠦᠶ ︵ᠨᠢᠭᠡ ᠪᠤᠶᠤ | ᠨᠢᠭᠡ ᠠᠴᠠ ᠳᠡᠭᠡᠭᠰᠢ︶ ᠳᠠᠬᠢᠨ ᠰᠢᠯᠭᠠᠷᠠᠭᠤᠯᠬᠤ ᠳᠤᠭᠤᠶᠢᠯᠠᠩ ᠢ ᠪᠦᠷᠢᠯᠳᠦᠭᠦᠯᠦᠨ᠎ᠡ᠃ ᠳᠠᠬᠢᠨ ᠰᠢᠯᠭᠠᠷᠠᠭᠤᠯᠬᠤ | ᠳᠤᠭᠤᠶᠢᠯᠠᠩ ᠪᠦᠷᠢ 35 ᠨᠡᠷᠡᠰ ᠰᠢᠯᠭᠠᠷᠠᠭᠤᠯᠬᠤ ᠺᠣᠮᠢᠰ ᠤᠨ ᠭᠡᠰᠢᠭᠦᠨ ᠢ ᠤᠷᠢᠵᠤ᠂ ᠰᠢᠯᠭᠠᠷᠠᠭᠤᠯᠬᠤ ᠺᠣᠮᠢᠰ ᠤᠨ | ᠭᠡᠰᠢᠭᠦᠨ ᠢ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠨ ᠤᠷᠢᠨ᠎ᠠ᠃ | ᠳᠠᠬᠢᠨ ᠰᠢᠯᠭᠠᠷᠠᠭᠤᠯᠬᠤ ᠳᠤᠭᠤᠶᠢᠯᠠᠩ ᠤᠨ ᠡᠭᠦᠷᠭᠡ ᠪᠣᠯ᠄ ᠰᠢᠯᠭᠠᠷᠠᠭᠤᠯᠬᠤ ᠺᠣᠮᠢᠰ ᠤᠨ ᠠᠯᠪᠠᠨ ᠭᠡᠷ ᠠᠴᠠ | ᠪᠠᠭᠤᠯᠭᠠᠭᠰᠠᠨ ᠳᠤᠭᠤᠶᠢᠯᠠᠩ ᠨᠢᠭᠡᠪᠦᠷᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠤᠨ | ᠰᠢᠯᠭᠠᠷᠠᠭᠤᠯᠬᠤ ᠣᠷᠣᠨ ᠲᠤᠭ᠎ᠠ ᠶᠢᠨ ᠶᠣᠰᠣᠭᠠᠷ᠂ ᠲᠤᠰ ︽ᠠᠷᠭ᠎ᠠ︾ ᠶᠢ ᠦᠨᠳᠦᠰᠦᠯᠡᠬᠦ ᠶᠢᠨ ᠬᠠᠮᠲᠤ ᠬᠤᠪᠢ | ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠰᠣᠬᠤᠷ ᠦᠨᠡᠯᠡᠬᠦ ᠠᠷᠭ᠎ᠠ ᠶᠢ ᠠᠪᠴᠤ᠂ ᠠᠩᠬ᠎ᠠ ᠬᠢᠨᠠᠭᠰᠠᠨ | ᠦᠷ᠎ᠡ ᠪᠦᠲᠦᠭᠡᠯ᠂ ᠭᠡᠷᠡᠴᠢᠯᠡᠭᠰᠡᠨ ᠮᠠᠲ᠋ᠧᠷᠢᠶᠠᠯ ᠢ ᠬᠢᠨᠠᠮᠠᠭᠠᠶ ᠬᠢᠨᠠᠨ ᠦᠵᠡᠵᠦ᠂ ᠪᠤᠰᠤᠳᠴᠢ ᠪᠥᠭᠡᠳ ᠭᠤᠣᠯᠴᠢ᠂ | ᠦᠨᠡᠨ ᠢ ᠪᠠᠷᠢᠮᠲᠠᠯᠠᠨ ᠬᠢᠨᠠᠨ ᠲᠣᠭᠲᠠᠭᠠᠯᠲᠠ ᠬᠢᠨ᠎ᠡ᠃ ᠰᠢᠯᠭᠠᠷᠠᠭᠤᠯᠬᠤ ᠺᠣᠮᠢᠰ ᠤᠨ ᠭᠡᠰᠢᠬᠦᠨ ᠨᠢᠭᠡᠪᠦᠷᠢ ᠨᠢ ᠪᠠᠶᠢᠭ᠎ᠠ | ᠳᠤᠭᠤᠶᠢᠯᠠᠩ ᠤᠨ ᠢᠶᠠᠨ ᠠᠳᠠᠯᠢ ᠨᠢᠭᠡᠨ ᠦᠷ᠎ᠡ ᠪᠦᠲᠦᠭᠡᠯ ᠳᠤ ᠲᠤᠰ ᠲᠤᠰ ᠬᠤᠪᠢ ᠥᠭᠭᠦᠨ᠎ᠡ᠃ ᠡᠯ᠎ᠡ ᠳᠠᠬᠢᠨ | ᠰᠢᠯᠭᠠᠷᠠᠭᠤᠯᠬᠤ ᠳᠤᠭᠤᠶᠢᠯᠠᠩ ᠨᠢ ᠦᠷ᠎ᠡ ᠪᠦᠲᠦᠭᠡᠯ ᠤᠨ ᠣᠯᠤᠭᠰᠠᠨ ᠬᠤᠪᠢ ᠶᠢ ᠦᠨᠳᠦᠰᠦᠯᠡᠨ ᠵᠢᠭᠰᠠᠭᠠᠵᠤ᠂ | ᠡᠮᠦᠨᠡᠬᠢ ᠶᠢᠨ ᠳᠣᠲᠣᠷ᠎ᠠ ᠠᠴᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠬᠦ ᠪᠠᠷ | ᠪᠠᠶᠢᠭ᠎ᠠ ᠦᠷ᠎ᠡ ᠪᠦᠲᠦᠭᠡᠯ ᠤᠨ ᠨᠡᠷᠡᠰ ᠢ ᠰᠣᠩᠭᠤᠨ ᠭᠠᠷᠭᠠᠵᠤ᠂ ᠰᠢᠯᠭᠠᠷᠠᠭᠤᠯᠬᠤ ᠺᠣᠮᠢᠰ ᠤᠨ ᠠᠯᠪᠠᠨ ᠬᠡᠷ ᠲᠤ | ᠮᠡᠳᠡᠭᠦᠯᠦᠨ᠎ᠡ᠃ | ︵ᠭᠤᠷᠪᠠ︶ ᠡᠴᠦᠰ ᠤᠨ ᠰᠢᠯᠭᠠᠷᠠᠭᠤᠯᠣᠯᠳᠠ᠃ ᠰᠢᠯᠭᠠᠷᠠᠭᠤᠯᠬᠤ ᠺᠣᠮᠢᠰ ᠤᠨ ᠠᠯᠪᠠᠨ ᠬᠡᠷ ᠨᠢ ᠱᠠᠩᠨᠠᠬᠤ ᠪᠠᠷ | ᠪᠠᠶᠢᠭ᠎ᠠ ᠦᠷ᠎ᠡ ᠪᠦᠲᠦᠭᠡᠯ ᠤᠨ ᠨᠡᠷᠡᠰ ᠢ ᠰᠢᠯᠭᠠᠷᠠᠭᠤᠯᠬᠤ ᠺᠣᠮᠢᠰ ᠲᠤ ᠲᠤᠰᠢᠶᠠᠵᠤ᠂ ᠰᠢᠯᠭᠠᠷᠠᠭᠤᠯᠬᠤ ᠺᠣᠮᠢᠰ ᠨᠢ | ᠡᠴᠦᠰ ᠤᠨ ᠰᠢᠯᠭᠠᠷᠠᠭᠤᠯᠬᠤ ᠬᠤᠷᠠᠯ ᠬᠤᠷᠠᠯᠳᠤᠭᠤᠯᠵᠤ ᠬᠢᠨᠠᠨ ᠲᠣᠭᠲᠠᠭᠠᠵᠤ ᠳᠠᠬᠢᠨ ᠰᠢᠯᠭᠠᠷᠠᠭᠤᠯᠵᠤ ᠭᠠᠷᠭᠠᠭᠰᠠᠨ | ᠦᠷ᠎ᠡ ᠳ᠋ᠦᠩ ᠢ ᠬᠢᠨᠠᠨ ᠲᠣᠭᠲᠠᠭᠠᠨ᠎ᠠ᠃ ᠡᠴᠦᠰ ᠤᠨ ᠰᠢᠯᠭᠠᠷᠠᠭᠤᠯᠣᠯᠳᠠ ᠶᠢᠨ ᠬᠤᠷᠠᠯ ᠳᠤ ᠵᠥᠪᠬᠡᠨ ᠦᠭᠡᠶᠢᠰᠬᠡᠬᠦ | ᠡᠷᠬᠡ ᠪᠠᠶᠢᠬᠤ ᠠᠴᠠ ᠪᠢᠰᠢ ᠨᠡᠷ᠎ᠡ ᠳᠤᠷᠠᠳᠬᠤ ᠡᠷᠬᠡ ᠪᠠᠶᠢᠬᠤ ᠦᠭᠡᠢ᠃ ᠰᠢᠯᠭᠠᠷᠠᠭᠤᠯᠬᠤ ᠺᠣᠮᠢᠰ ᠤᠨ ᠪᠦᠷᠢᠯᠳᠦᠬᠦᠨ ᠤ | ᠭᠤᠷᠪᠠᠨ ᠤ ᠬᠤᠶᠠᠷ ᠠᠴᠠ ᠳᠡᠭᠡᠭᠰᠢᠬᠢ ᠨᠢ ᠬᠤᠷᠠᠯ ᠳᠤ ᠣᠷᠣᠯᠴᠠᠭᠰᠠᠨ ᠪᠠᠶᠢᠪᠠᠯ ᠬᠦᠴᠦᠨ ᠲᠠᠢ᠃ | ᠭᠤᠴᠢᠨ ᠵᠢᠷᠭᠤᠳᠤᠭᠠᠷ ᠵᠦᠶ᠋ᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠨᠡᠷᠡᠳᠦ ᠬᠦᠮᠦᠰ ᠤᠨ ᠱᠠᠩᠨᠠᠯ᠂ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠤᠨ ᠦᠨᠳᠦᠰᠦᠨ ᠬᠢᠨᠠᠨ ᠲᠣᠭᠲᠠᠭᠠᠬᠤ | ᠲᠠᠰ ᠳᠠᠷᠠᠭᠠᠯᠠᠯ᠄ | ︵ᠨᠢᠭᠡ︶ ᠠᠩᠬᠠᠨ ᠤ ᠰᠢᠯᠭᠠᠷᠠᠭᠤᠯᠣᠯᠳᠠ᠃ ᠠᠩᠬᠠᠨ ᠤ ᠰᠢᠯᠭᠠᠷᠠᠭᠤᠯᠣᠯᠳᠠ ᠶᠢ ᠡᠯ᠎ᠡ ᠭᠤᠶᠤᠴᠢᠯᠠᠨ ᠮᠡᠳᠡᠭᠦᠯᠬᠦ | ᠨᠢᠬᠡᠴᠡ ᠶᠢᠨ ᠪᠠᠶᠢᠭᠤᠯᠤᠭᠰᠠᠨ ᠠᠩᠬᠠᠨ ᠤ ᠰᠢᠯᠭᠠᠷᠠᠭᠤᠯᠣᠯᠳᠠ ᠶᠢᠨ ᠳᠤᠭᠤᠶᠢᠯᠠᠩ ᠠᠴᠠ ᠵᠣᠬᠢᠶᠠᠨ ᠪᠠᠶᠢᠭᠤᠯᠵᠤ | ᠬᠢᠨᠠᠨ ᠲᠣᠭᠲᠠᠭᠠᠨ᠎ᠠ᠃ ᠠᠩᠬ᠎ᠠ ᠰᠢᠯᠭᠠᠷᠠᠭᠤᠯᠬᠤ ᠳᠤᠭᠤᠶᠢᠯᠠᠩ ᠤᠨ ᠪᠦᠷᠢᠯᠳᠦᠬᠦᠨ ᠨᠢ 3 ᠬᠥᠮᠦᠨ ᠠᠴᠠ ᠴᠥᠭᠡᠨ | ᠪᠠᠶᠢᠵᠤ ᠪᠣᠯᠬᠤ ᠦᠭᠡᠢ ᠪᠥᠭᠡᠳ ᠳᠡᠳ᠋ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠲᠤᠰᠢᠶᠠᠯ ᠲᠠᠢ ᠪᠠᠶᠢᠬᠤ | ᠬᠡᠷᠡᠭᠲᠡᠢ᠃ ᠠᠩᠬ᠎ᠠ ᠰᠢᠯᠭᠠᠷᠠᠭᠤᠯᠬᠤ ᠳᠤᠭᠤᠶᠢᠯᠠᠩ ᠮᠣᠷᠠᠯ ᠴᠢᠳᠠᠪᠤᠷᠢ ᠶᠢ ᠬᠤᠣᠰᠯᠠᠭᠤᠯᠬᠤ᠂ ᠰᠢᠯᠢᠳᠡᠭ ᠢ ᠨᠢ | ᠰᠣᠩᠭᠤᠨ ᠭᠠᠷᠭᠠᠬᠤ ᠵᠠᠷᠴᠢᠮ ᠢ ᠪᠠᠷᠢᠮᠲᠠᠯᠠᠵᠤ᠂ ᠵᠢᠱᠢᠭᠳᠡᠭᠰᠡᠳ ᠢ ᠰᠣᠩᠭᠤᠨ ᠭᠠᠷᠭᠠᠬᠤ ᠬᠡᠷᠡᠭᠲᠡᠢ᠃ | ︵ᠬᠤᠶᠠᠷ︶ ᠳᠠᠬᠢᠨ ᠰᠢᠯᠭᠠᠷᠠᠭᠤᠯᠣᠯᠳᠠ᠃ ᠳᠠᠬᠢᠨ ᠰᠢᠯᠭᠠᠷᠠᠭᠤᠯᠣᠯᠳᠠ ᠳᠤ ᠬᠤᠶᠠᠷ ᠭᠤᠭᠴᠤᠭ᠎ᠠ ᠬᠤᠪᠢᠶᠠᠨ᠎ᠠ᠃ | ᠴᠢᠳᠠᠪᠤᠷᠢᠲᠠᠨ ᠤ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠭᠰᠠᠨ ᠪᠣᠳᠠᠲᠠᠶ ᠪᠠᠶᠢᠳᠠᠯ ᠢ ᠦᠵᠡᠵᠦ᠂ ᠨᠢᠭᠡᠳᠦᠭᠡᠷ | ᠭᠤᠭᠴᠤᠭ᠎ᠠ ᠨᠢ ᠠᠳᠠᠯᠢᠪᠲᠤᠷ ᠬᠢᠴᠢᠶᠡᠯ ᠲᠥᠷᠥᠯ ᠢᠶᠠᠷ ᠪᠦᠷᠢᠯᠳᠦᠭᠰᠡᠨ ︵ᠨᠢᠭᠡ ᠪᠤᠶᠤ ᠨᠢᠭᠡ ᠠᠴᠠ ᠳᠡᠭᠡᠭᠰᠢ︶ | ᠳᠠᠬᠢᠨ ᠰᠢᠯᠭᠠᠷᠠᠭᠤᠯᠬᠤ ᠳᠤᠭᠤᠶᠢᠯᠠᠩ ᠪᠣᠯᠤᠨ᠎ᠠ᠃ ᠳᠠᠬᠢᠨ ᠰᠢᠯᠭᠠᠷᠠᠭᠤᠯᠬᠤ ᠳᠤᠭᠤᠶᠢᠯᠠᠩ 35 ᠨᠡᠷᠡᠰ | ᠰᠢᠯᠭᠠᠷᠠᠭᠤᠯᠬᠤ ᠺᠣᠮᠢᠰ ᠤᠨ ᠭᠡᠰᠢᠭᠦᠨ ᠢ ᠤᠷᠢᠵᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠢ ᠥᠪᠡᠷᠲᠡᠭᠡᠨ ᠵᠠᠰᠠᠬᠤ | ᠣᠷᠣᠨ ᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠨ ᠤᠷᠢᠨ᠎ᠠ᠃ ᠠᠵᠢᠯ ᠨᠢᠭᠡᠲᠡᠨ ᠤ ᠲᠤᠰᠬᠠᠢ | ᠮᠡᠷᠭᠡᠵᠢᠯᠲᠡᠨ ᠭᠦᠢᠴᠡᠳ ᠦᠨᠡᠯᠡᠨ ᠶᠠᠷᠢᠯᠴᠠᠭᠰᠠᠨ ᠰᠠᠭᠤᠷᠢᠨ ᠳᠡᠭᠡᠷ᠎ᠡ ᠵᠥᠷᠢᠶᠡᠲᠦ ᠲᠣᠭᠠᠨ ᠤ ᠫᠢᠶᠣᠣ ᠥᠭᠭᠦᠭᠰᠡᠨ | ᠪᠠᠶᠢᠪᠠᠯ᠂ ᠣᠯᠤᠭᠰᠠᠨ ᠫᠢᠶᠣᠣ ᠶᠢᠨ ᠬᠢᠨᠢ ᠬᠤᠶᠠᠷ ᠬᠤᠪᠢ ᠶᠢᠨ ᠨᠢᠭᠡ ᠠᠴᠠ ᠬᠡᠲᠦᠷᠡᠭᠰᠡᠨ ᠵᠢᠱᠢᠭᠳᠡᠭᠰᠡᠳ ᠳᠠᠷᠤᠢ | ᠢᠯᠠᠭᠰᠠᠨ ᠢᠶᠠᠷ ᠪᠤᠳᠤᠨ᠎ᠠ᠃ ᠲᠣᠰ ᠭᠤᠭᠴᠤᠭ᠎ᠠ ᠳᠤ ᠢᠯᠠᠭᠰᠠᠨ ᠵᠢᠱᠢᠭᠳᠡᠭᠰᠡᠳ ᠤᠨ ᠶᠡᠷᠦᠩᠬᠡᠶ ᠲᠤᠭ᠎ᠠ ᠶᠢ ᠱᠠᠩᠨᠠᠯ | ᠣᠯᠤᠭᠰᠠᠨ ᠬᠥᠮᠦᠨ ᠤ ᠲᠤᠭ᠎ᠠ ᠶᠢᠨ ᠭᠤᠷᠪᠠᠨ ᠳᠠᠬᠢᠨ ᠤ ᠳᠣᠲᠣᠷ᠎ᠠ ᠬᠢᠵᠠᠭᠠᠷᠯᠠᠨ᠎ᠠ᠃ | ᠬᠤᠶᠠᠳᠤᠭᠠᠷ ᠭᠤᠭᠴᠤᠭ᠎ᠠ ᠨᠢ ᠨᠢᠭᠡᠳᠦᠭᠡᠷ ᠭᠤᠭᠴᠤᠭ᠎ᠠ ᠳᠤ ᠢᠯᠠᠭᠰᠠᠨ ᠵᠢᠱᠢᠭᠳᠡᠭᠰᠡᠳ ᠢ ᠵᠥᠷᠢᠶᠡᠲᠦ | ᠲᠣᠭᠠᠨ ᠤ ᠫᠢᠶᠣᠣ ᠥᠭᠬᠦ ᠠᠷᠭ᠎ᠠ ᠪᠠᠷ ᠬᠢᠨᠠᠨ ᠲᠣᠭᠲᠠᠭᠠᠨ᠎ᠠ᠂ ᠣᠯᠤᠭᠰᠠᠨ ᠫᠢᠶᠣᠣ ᠨᠢ ᠭᠤᠷᠪᠠᠨ ᠤ ᠬᠤᠶᠠᠷ | ᠬᠤᠪᠢ ᠠᠴᠠ ᠬᠡᠲᠦᠷᠡᠭᠰᠡᠨ ᠵᠢᠱᠢᠭᠳᠡᠭᠰᠡᠳ ᠢ ᠱᠠᠩᠨᠠᠯ ᠬᠦᠷᠲᠡᠭᠴᠢ ᠪᠠᠷ ᠵᠢᠱᠢᠨ ᠲᠣᠭᠲᠠᠭᠠᠨ᠎ᠠ᠃ ᠰᠢᠯᠭᠠᠷᠠᠭᠤᠯᠬᠤ | ᠶᠠᠪᠤᠴᠠ ᠳᠤ ᠮᠡᠳᠡᠭᠦᠯᠦᠭᠰᠡᠨ ᠬᠥᠮᠦᠨ ᠳᠤ ᠬᠠᠭᠤᠯᠬᠤ᠂ ᠬᠤᠯᠠᠭᠠᠶᠢᠯᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ | ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ | ᠰᠢᠯᠭᠠᠷᠠᠭᠤᠯᠬᠤ ᠳᠤ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ︔ ᠭᠤᠤᠯ ᠪᠣᠯᠬᠤ ᠰᠤᠳᠤᠯᠭᠠᠨ ᠤ | ᠦᠷ᠎ᠡ ᠪᠦᠲᠦᠭᠡᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠶ ᠳᠤ ᠬᠠᠷᠢᠶᠠᠯᠠᠭᠳᠠᠬᠤ ᠥᠬᠡᠶ | ᠪᠠᠶᠢᠪᠠᠯ᠂ ᠪᠠᠰᠠ ᠰᠢᠯᠭᠠᠷᠠᠭᠤᠯᠣᠯᠳᠠ ᠳᠤ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠬᠡᠷᠡᠭᠲᠡᠶ᠃ | ᠠᠩᠬ᠎ᠠ ᠰᠢᠯᠭᠠᠷᠠᠭᠤᠯᠬᠤ ᠪᠠ ᠳᠠᠬᠢᠨ ᠰᠢᠯᠭᠠᠷᠠᠭᠤᠯᠬᠤ ᠨᠢᠭᠡᠳᠦᠭᠡᠷ ᠭᠤᠭᠴᠤᠭ᠎ᠠ ᠳᠠᠭᠤᠰᠤᠭᠰᠠᠨ ᠤ ᠳᠠᠷᠠᠭ᠎ᠠ᠂ | ᠰᠢᠯᠭᠠᠷᠠᠭᠤᠯᠤᠭᠰᠠᠨ ᠦᠷ᠎ᠡ ᠳ᠋ᠦᠩ ᠢᠶᠠᠨ ᠭᠠᠳᠠᠭᠰᠢ ᠨᠡᠶᠢᠲᠡᠯᠡᠵᠦ᠂ ᠡᠭᠡᠯᠵᠢ ᠪᠦᠷᠢ ᠶᠢᠨ ᠨᠡᠶᠢᠲᠡ ᠳᠤ ᠵᠠᠷᠯᠠᠬᠤ | ᠬᠤᠭᠤᠴᠠᠭ᠎ᠠ ᠬᠢᠵᠠᠭᠠᠷ ᠨᠢ ᠲᠠᠪᠤᠨ ᠡᠳᠦᠷ ᠪᠣᠯᠤᠨ᠎ᠠ᠃ | ︵ᠭᠤᠷᠪᠠ︶ ᠡᠴᠦᠰ ᠤᠨ ᠰᠢᠯᠭᠠᠷᠠᠭᠤᠯᠣᠯᠳᠠ᠃ ᠰᠢᠯᠭᠠᠷᠠᠭᠤᠯᠬᠤ ᠺᠣᠮᠢᠰ ᠤᠨ ᠠᠯᠪᠠᠨ ᠬᠡᠷ ᠨᠢ ᠱᠠᠩᠨᠠᠯ | ᠭᠥᠷᠳᠡᠬᠦ ᠬᠥᠮᠦᠰ ᠤᠨ ᠨᠡᠷᠡᠰ ᠢ ᠰᠢᠯᠭᠠᠷᠠᠭᠤᠯᠬᠤ ᠺᠣᠮᠢᠰ ᠲᠤ ᠲᠤᠰᠢᠶᠠᠵᠤ᠂ ᠰᠢᠯᠭᠠᠷᠠᠭᠤᠯᠬᠤ ᠺᠣᠮᠢᠰ ᠨᠢ ᠡᠴᠦᠰ ᠤᠨ | ᠰᠢᠯᠭᠠᠷᠠᠭᠤᠯᠬᠤ ᠬᠤᠷᠠᠯ ᠬᠤᠷᠠᠯᠳᠤᠭᠤᠯᠵᠤ ᠬᠢᠨᠠᠨ ᠲᠣᠭᠲᠠᠭᠠᠵᠤ ᠳᠠᠬᠢᠨ ᠰᠢᠯᠭᠠᠷᠠᠭᠤᠯᠵᠤ ᠭᠠᠷᠭᠠᠭᠰᠠᠨ ᠦᠷ᠎ᠡ | ᠳ᠋ᠦᠩ ᠢ ᠬᠢᠨᠠᠨ ᠲᠣᠭᠲᠠᠭᠠᠨ᠎ᠠ᠃ ᠡᠴᠦᠰ ᠤᠨ ᠰᠢᠯᠭᠠᠷᠠᠭᠤᠯᠣᠯᠳᠠ ᠶᠢᠨ ᠬᠤᠷᠠᠯ ᠳᠤ ᠵᠥᠪᠬᠡᠨ ᠦᠭᠡᠶᠢᠰᠬᠡᠬᠦ ᠡᠷᠬᠡ | ᠪᠠᠶᠢᠬᠤ ᠠᠴᠠ ᠪᠢᠰᠢ ᠨᠡᠷ᠎ᠡ ᠳᠤᠷᠠᠳᠬᠤ ᠡᠷᠬᠡ ᠪᠠᠶᠢᠬᠤ ᠦᠭᠡᠢ᠃ ᠰᠢᠯᠭᠠᠷᠠᠭᠤᠯᠬᠤ ᠺᠣᠮᠢᠰ ᠤᠨ ᠪᠦᠷᠢᠯᠳᠦᠬᠦᠨ ᠤ | ᠭᠤᠷᠪᠠᠨ ᠤ ᠬᠤᠶᠠᠷ ᠠᠴᠠ ᠳᠡᠭᠡᠭᠰᠢᠬᠢ ᠨᠢ ᠬᠤᠷᠠᠯ ᠳᠤ ᠣᠷᠣᠯᠴᠠᠭᠰᠠᠨ ᠪᠠᠶᠢᠪᠠᠯ ᠬᠦᠴᠦᠨ ᠲᠠᠢ᠃ | ᠭᠤᠴᠢᠨ ᠳᠣᠯᠣᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠴᠣᠭᠤᠢ ᠬᠤᠪᠢ ᠨᠡᠮᠡᠷᠢ ᠶᠢᠨ ᠱᠠᠩᠨᠠᠯ ᠤᠨ ᠵᠢᠱᠢᠭᠳᠡᠭᠴᠢ ᠬᠤᠪᠢ ᠬᠥᠮᠦᠨ ᠪᠠ ᠪᠦᠯᠬᠦᠮ ᠨᠡᠶᠢᠲᠡ ᠶᠢ ᠳᠠᠬᠢᠨ | ᠰᠢᠯᠭᠠᠷᠠᠭᠤᠯᠬᠤ ᠭᠤᠭᠴᠤᠭ᠎ᠠ ᠳᠤ ᠰᠢᠭᠤᠳ ᠣᠷᠣᠭᠤᠯᠤᠨ᠎ᠠ᠃ ᠵᠢᠱᠢᠭᠳᠡᠭᠰᠡᠳ ᠲᠤ ᠠᠵᠢᠯ ᠨᠢᠭᠡᠲᠡᠨ ᠤ ᠲᠤᠰᠬᠠᠢ | ᠮᠡᠷᠭᠡᠵᠢᠯᠲᠡᠨ ᠠᠴᠠ ᠭᠦᠢᠴᠡᠳ ᠦᠨᠡᠯᠡᠨ ᠶᠠᠷᠢᠯᠴᠠᠭᠰᠠᠨ ᠰᠠᠭᠤᠷᠢᠨ ᠳᠡᠭᠡᠷ᠎ᠡ ᠵᠥᠷᠢᠶᠡᠲᠦ ᠲᠣᠭᠠᠨ ᠤ ᠫᠢᠶᠣᠣ | ᠥᠭᠴᠦ᠂ ᠣᠯᠤᠭᠰᠠᠨ ᠫᠢᠶᠣᠣ ᠶᠢᠨ ᠬᠢᠨᠢ ᠭᠤᠷᠪᠠᠨ ᠤ ᠬᠤᠶᠠᠷ ᠬᠤᠪᠢ ᠠᠴᠠ ᠬᠡᠲᠦᠷᠡᠭᠰᠡᠨ ᠵᠢᠱᠢᠭᠳᠡᠭᠰᠡᠳ ᠨᠢ | ᠨᠡᠷ᠎ᠡ ᠳᠤᠷᠠᠳᠬᠤ ᠪᠠᠷ ᠪᠠᠶᠢᠭ᠎ᠠ ᠱᠠᠩᠨᠠᠯ ᠬᠦᠷᠳᠡᠭᠴᠢ ᠪᠣᠯᠤᠨ᠎ᠠ᠃ | ᠭᠤᠴᠢᠨ ᠨᠠᠢᠮᠠᠳᠣᠭᠠᠷ ᠵᠦᠢᠯ ᠡᠯ᠎ᠡ ᠭᠤᠶᠤᠴᠢᠯᠠᠨ ᠮᠡᠳᠡᠭᠦᠯᠬᠦ ᠨᠢᠭᠡᠴᠡ ᠨᠢ ᠰᠢᠯᠭᠠᠷᠠᠭᠤᠯᠬᠤ ᠺᠣᠮᠢᠰ ᠤᠨ ᠠᠯᠪᠠᠨ | ᠭᠡᠷ ᠤᠨ ᠨᠡᠶᠢᠲᠡᠯᠡᠭᠰᠡᠨ ᠴᠠᠭ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠠᠩᠬ᠎ᠠ ᠰᠢᠯᠭᠠᠷᠠᠭᠤᠯᠬᠤ ᠶᠢ | ᠲᠣᠬᠢᠷᠠᠭᠤᠯᠵᠤ ᠪᠣᠯᠤᠨ᠎ᠠ᠂ ᠭᠡᠬᠦ ᠳᠡᠭᠡᠨ ᠰᠢᠯᠭᠠᠷᠠᠭᠤᠯᠬᠤ ᠪᠣᠳᠠᠲᠠᠶ ᠴᠠᠭ᠂ ᠭᠠᠵᠠᠷ ᠵᠢᠴᠢ ᠰᠢᠯᠭᠠᠷᠠᠭᠤᠯᠬᠤ ᠲᠤᠰᠬᠠᠶ | ᠮᠡᠷᠭᠡᠵᠢᠯᠲᠡᠨ ᠤ ᠨᠡᠷᠡᠰ ᠢ ᠡᠷᠬᠡᠪᠰᠢ ᠨᠢᠭᠡ ᠭᠠᠷᠠᠭ ᠤᠨ ᠡᠮᠦᠨ᠎ᠡ ᠰᠢᠯᠭᠠᠷᠠᠭᠤᠯᠬᠤ ᠺᠣᠮᠢᠰ ᠤᠨ ᠠᠯᠪᠠᠨ ᠭᠡᠷ ᠲᠤ | ᠮᠡᠳᠡᠭᠦᠯᠵᠦ᠂ ᠠᠯᠪᠠᠨ ᠭᠡᠷ ᠤᠨ ᠬᠢᠨᠠᠨ ᠵᠢᠯᠣᠭᠤᠳᠬᠤ ᠶᠢ ᠬᠦᠯᠢᠶᠡᠬᠦ ᠬᠡᠷᠡᠭᠲᠡᠶ᠃ | ᠭᠤᠴᠢ ᠶᠢᠰᠦᠳᠦᠭᠡᠷ ᠵᠦᠢᠯ ᠠᠩᠬᠠᠨ ᠤ ᠰᠢᠯᠭᠠᠷᠠᠭᠤᠯᠣᠯᠳᠠ ᠪᠠ ᠳᠠᠬᠢᠨ ᠰᠢᠯᠭᠠᠷᠠᠭᠤᠯᠣᠯᠳᠠ ᠶᠢᠨ | ᠬᠤᠭᠤᠴᠠᠭᠠᠨ ᠳᠤ ᠭᠤᠶᠤᠴᠢᠯᠠᠨ ᠮᠡᠳᠡᠭᠦᠯᠦᠭᠴᠢ ᠵᠢᠴᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠵᠡᠯ | ᠤᠬᠠᠮᠰᠠᠷ ᠤᠨ ᠬᠡᠯᠪᠡᠷᠢ ᠶᠢᠨ ᠬᠡᠯᠪᠡᠷᠢᠯ ᠢ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠶ᠂ ᠬᠡᠷᠪᠡ ᠪᠤᠷᠤᠭᠤ ᠦᠵᠡᠯ | ᠰᠠᠨᠠᠭᠠᠨ ᠤ ᠤᠷᠤᠰᠬᠠᠯ ᠪᠣᠯᠤᠨ ᠪᠤᠷᠤᠭᠤ ᠦᠵᠡᠯᠲᠡ ᠶᠢ ᠳᠡᠯᠭᠡᠷᠡᠬᠦᠯᠦᠨ ᠲᠠᠷᠬᠠᠭᠠᠬᠤ ᠵᠡᠷᠭᠡ ᠠᠰᠠᠭᠤᠳᠠᠯ ᠣᠷᠣᠰᠢᠵᠤ | ᠪᠠᠶᠢᠪᠠᠯ᠂ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠡᠷᠬᠡᠪᠰᠢ ᠡᠷᠡᠰ ᠬᠦᠴᠦᠨ ᠥᠬᠡᠶ ᠪᠣᠯᠭᠠᠬᠤ ᠬᠡᠷᠡᠭᠲᠡᠶ᠃ | ᠳᠥᠴᠢᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠬᠤ ᠺᠣᠮᠢᠰ ᠡᠴᠦᠰ ᠤᠨ ᠰᠢᠯᠭᠠᠷᠠᠭᠤᠯᠤᠯᠲᠠ ᠶᠢᠨ ᠬᠤᠷᠠᠯ ᠬᠤᠷᠠᠯᠳᠤᠭᠤᠯᠵᠤ ᠳᠠᠬᠢᠨ | ᠰᠢᠯᠭᠠᠷᠠᠭᠤᠯᠤᠯᠲᠠ ᠪᠠᠷ ᠰᠢᠯᠭᠠᠷᠠᠭᠤᠯᠤᠭᠰᠠᠨ ᠦᠷ᠎ᠡ ᠳ᠋ᠦᠩ ᠳᠤ ᠡᠴᠦᠰ ᠤᠨ ᠰᠢᠯᠭᠠᠷᠠᠭᠤᠯᠣᠯᠳᠠ ᠬᠢᠨ᠎ᠡ᠃ | ᠡᠴᠦᠰ ᠤᠨ ᠰᠢᠯᠭᠠᠷᠠᠭᠤᠯᠣᠯᠳᠠ ᠶᠢᠨ ᠬᠤᠷᠠᠯ ᠳᠤ ᠵᠥᠪᠬᠡᠨ ᠦᠭᠡᠶᠢᠰᠬᠡᠬᠦ ᠡᠷᠬᠡ ᠪᠠᠶᠢᠬᠤ ᠠᠴᠠ ᠪᠢᠰᠢ ᠨᠡᠷ᠎ᠡ | ᠳᠤᠷᠠᠳᠬᠤ ᠡᠷᠬᠡ ᠪᠠᠶᠢᠬᠤ ᠦᠭᠡᠢ᠃ ᠰᠢᠯᠭᠠᠷᠠᠭᠤᠯᠬᠤ ᠺᠣᠮᠢᠰ ᠤᠨ ᠪᠦᠷᠢᠯᠳᠦᠬᠦᠨ ᠤ ᠭᠤᠷᠪᠠᠨ ᠤ ᠬᠤᠶᠠᠷ ᠠᠴᠠ | ᠳᠡᠭᠡᠭᠰᠢᠬᠢ ᠨᠢ ᠬᠤᠷᠠᠯ ᠳᠤ ᠣᠷᠣᠯᠴᠠᠭᠰᠠᠨ ᠪᠠᠶᠢᠪᠠᠯ ᠬᠦᠴᠦᠨ ᠲᠠᠢ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠬᠤ ᠪᠠ ᠣᠨᠳᠣᠣ ᠰᠠᠨᠠᠯ | ᠳᠥᠴᠢᠨ ᠨᠢᠭᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠤᠭᠰᠠᠨ ᠦᠷ᠎ᠡ ᠳ᠋ᠦᠩ ᠢ ᠰᠢᠯᠭᠠᠷᠠᠭᠤᠯᠬᠤ ᠺᠣᠮᠢᠰ ᠤᠨ ᠠᠯᠪᠠᠨ ᠬᠡᠷ ᠠᠴᠠ ᠨᠡᠶᠢᠭᠡᠮ ᠳᠤ ᠢᠯᠡ | ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ ᠲᠤᠯᠤᠭᠠᠨ ᠡᠳᠦᠷ ᠪᠣᠯᠤᠨ᠎ᠠ᠃ | ᠳᠥᠴᠢᠨ ᠬᠤᠶᠠᠳᠤᠭᠠᠷ ᠵᠦᠢᠯ ᠨᠡᠶᠢᠲᠡ ᠳᠤ ᠵᠠᠷᠯᠠᠬᠤ ᠬᠤᠭᠤᠴᠠᠭᠠᠨ ᠳᠤ᠂ ᠰᠢᠯᠭᠠᠷᠠᠭᠤᠯᠬᠤ ᠺᠣᠮᠢᠰ ᠤᠨ ᠠᠯᠪᠠᠨ | ᠭᠡᠷ ᠠᠴᠠ ᠣᠨᠳᠣᠣ ᠰᠠᠨᠠᠯ᠂ ᠬᠤᠪᠢ ᠬᠥᠮᠦᠨ ᠪᠤᠶᠤ ᠪᠦᠯᠬᠦᠮ ᠤᠨ ᠭᠠᠷ ᠤᠨ ᠦᠰᠦᠭ ᠵᠢᠷᠤᠭᠰᠠᠨ ᠪᠢᠴᠢᠭ ᠢᠶᠠᠷ | ᠵᠠᠭᠠᠯᠳᠤᠭᠰᠠᠨ ᠰᠠᠨᠠᠯ ᠢ ᠣᠯᠪᠠᠯ᠂ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠨᠢᠭᠤᠴᠠ ᠶᠢ | ᠬᠠᠮᠠᠭᠠᠯᠠᠬᠤ ᠬᠡᠷᠡᠭᠲᠡᠶ᠃ ᠰᠢᠯᠭᠠᠷᠠᠭᠤᠯᠬᠤ ᠺᠣᠮᠢᠰ ᠤᠨ ᠠᠯᠪᠠᠨ ᠭᠡᠷ ᠪᠠᠶᠢᠴᠠᠭᠠᠭᠰᠠᠨ ᠤ ᠳᠠᠷᠠᠭ᠎ᠠ ᠰᠢᠢᠳᠪᠦᠷᠢᠯᠡᠬᠦ | ᠰᠠᠨᠠᠯ ᠢᠶᠠᠨ ᠳᠤᠷᠠᠳᠴᠤ᠂ ᠰᠢᠯᠭᠠᠷᠠᠭᠤᠯᠬᠤ ᠺᠣᠮᠢᠰ ᠤᠨ ᠠᠯᠪᠠᠨ ᠭᠡᠷ ᠤᠨ ᠬᠤᠷᠠᠯ ᠳᠤ ᠳᠡᠪᠰᠢᠭᠦᠯᠵᠦ ᠬᠢᠨᠠᠨ | ᠵᠥᠪᠯᠡᠭᠦᠯᠵᠦ ᠲᠣᠭᠲᠠᠭᠠᠯᠭᠠᠨ᠎ᠠ᠃ ᠰᠢᠢᠳᠪᠦᠷᠢᠯᠡᠭᠰᠡᠨ ᠦᠷ᠎ᠡ ᠳ᠋ᠦᠩ ᠢ ᠵᠠᠭᠠᠯᠳᠤᠭᠴᠢ ᠳᠤ ᠴᠠᠭ ᠲᠤᠬᠠᠶ ᠳᠤᠨᠢ | ᠬᠠᠷᠢᠭᠤᠯᠲᠠ ᠥᠭᠭᠦᠨ᠎ᠡ᠃ | ᠳᠥᠴᠢᠨ ᠭᠤᠷᠪᠠᠳᠤᠭᠠᠷ ᠵᠦᠢᠯ ᠳᠠᠬᠢᠨ ᠰᠢᠯᠭᠠᠷᠠᠭᠤᠯᠬᠤ ᠵᠢᠴᠢ ᠠᠩᠬ᠎ᠠ ᠰᠢᠯᠭᠠᠷᠠᠭᠤᠯᠬᠤ ᠳᠤ ᠴᠥᠮ ᠴᠢᠩᠭ᠎ᠠ | ᠵᠠᠶᠢᠯᠠᠬᠤ ᠳᠦᠷᠢᠮ ᠢ ᠬᠡᠷᠡᠭᠵᠢᠭᠦᠯᠦᠨ᠎ᠡ᠂ ᠲᠤᠬᠠᠶᠢᠯᠠᠪᠠᠯ ᠰᠢᠯᠭᠠᠷᠠᠭᠤᠯᠬᠤ ᠺᠣᠮᠢᠰ ᠤᠨ ᠭᠡᠰᠢᠭᠦᠨ ᠢ ᠳᠠᠬᠢᠨ | ᠰᠢᠯᠭᠠᠷᠠᠭᠤᠯᠬᠤ ᠳᠤ᠂ ᠠᠩᠬ᠎ᠠ ᠰᠢᠯᠭᠠᠷᠠᠭᠤᠯᠬᠤ ᠺᠣᠮᠢᠰ ᠤᠨ ᠭᠡᠰᠢᠭᠦᠨ ᠲᠤᠰᠠᠭᠠᠷ ᠢᠶᠠᠨ ᠮᠡᠳᠡᠭᠦᠯᠬᠦ ᠪᠤᠶᠤ ᠬᠤᠷᠰᠢᠵᠤ | ᠪᠠᠶᠢᠭᠠᠳ ᠦᠷ᠎ᠡ ᠪᠦᠲᠦᠭᠡᠯ ᠢᠶᠠᠨ ᠪᠡᠶᠡᠯᠡᠭᠦᠯᠦᠭᠰᠡᠨ ᠪᠠᠶᠢᠪᠠᠯ ᠴᠥᠮ ᠰᠢᠯᠭᠠᠷᠠᠭᠤᠯᠬᠤ ᠠᠵᠢᠯ ᠳᠤ ᠣᠷᠣᠯᠴᠠᠵᠤ | ᠪᠣᠯᠬᠤ ᠦᠭᠡᠶ᠃ ᠠᠯᠠᠱᠠ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠠᠵᠢᠯᠲᠠᠳ | ᠰᠢᠯᠭᠠᠷᠠᠭᠤᠯᠬᠤ ᠺᠣᠮᠢᠰ ᠤᠨ ᠭᠡᠰᠢᠭᠦᠨ ᠤ ᠬᠤᠪᠢ ᠪᠠᠷ ᠰᠢᠯᠭᠠᠷᠠᠭᠤᠯᠬᠤ ᠠᠵᠢᠯ ᠳᠤ ᠣᠷᠣᠯᠴᠠᠵᠤ ᠪᠣᠯᠬᠤ ᠥᠬᠡᠶ᠃ | ᠳᠥᠴᠢᠨ ᠳᠥᠷᠪᠡᠳᠦᠭᠡᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠬᠤ ᠠᠵᠢᠯ ᠳᠤ ᠣᠷᠣᠯᠴᠠᠭᠰᠠᠨ ᠠᠵᠢᠯᠲᠠᠳ ᠰᠢᠯᠭᠠᠷᠠᠭᠤᠯᠬᠤ ᠠᠵᠢᠯ ᠤᠨ ᠰᠠᠬᠢᠯᠭ᠎ᠠ ᠪᠠᠲᠤ ᠶᠢ ᠡᠷᠬᠡᠪᠰᠢ | ᠴᠢᠩᠭ᠎ᠠ ᠵᠢᠷᠤᠮᠯᠠᠬᠤ ᠬᠡᠷᠡᠭᠲᠡᠶ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠠᠤᠯᠢ ᠶᠣᠰᠣ ᠶᠢ ᠵᠥᠷᠢᠴᠡᠵᠦ | ᠪᠣᠯᠬᠤ ᠥᠬᠡᠶ᠃ ᠰᠢᠯᠭᠠᠷᠠᠭᠤᠯᠬᠤ ᠠᠵᠢᠯ ᠤᠨ ᠬᠠᠮᠤᠭ ᠤᠨ ᠳᠡᠭᠡᠳᠦ ᠪᠠᠶᠢᠭᠤᠯᠤᠮᠵᠢ ᠶᠢᠨ ᠠᠵᠢᠯᠲᠠᠨ ᠰᠢᠯᠭᠠᠷᠠᠭᠤᠯᠬᠤ | ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠪᠠᠯ᠂ ᠠᠯᠠᠱᠠ ᠠᠶᠢᠮᠠᠭ ᠤᠨ ᠰᠢᠯᠭᠠᠷᠠᠭᠤᠯᠬᠤ ᠠᠵᠢᠯ ᠤᠨ | ᠬᠠᠮᠤᠭ ᠤᠨ ᠳᠡᠭᠡᠳᠦ ᠪᠠᠶᠢᠭᠤᠯᠤᠮᠵᠢ ᠠᠴᠠ ᠰᠢᠯᠭᠠᠷᠠᠭᠤᠯᠬᠤ ᠠᠵᠢᠯ ᠳᠤ ᠣᠷᠣᠯᠴᠠᠬᠤ ᠬᠢᠷᠢ ᠬᠡᠮ ᠢ ᠨᠢ ᠬᠦᠴᠦᠨ | ᠦᠭᠡᠶ ᠪᠣᠯᠭᠠᠨ᠎ᠠ᠃ ᠪᠤᠰᠤᠳ ᠠᠵᠢᠯᠲᠠᠨ ᠰᠢᠯᠭᠠᠷᠠᠭᠤᠯᠬᠤ ᠰᠠᠬᠢᠯᠭ᠎ᠠ ᠪᠠᠲᠤ ᠶᠢ ᠵᠥᠷᠢᠴᠡᠭᠰᠡᠨ ᠪᠣᠯ ᠰᠢᠯᠭᠠᠷᠠᠭᠤᠯᠬᠤ | ᠺᠣᠮᠢᠰ ᠤᠨ ᠠᠯᠪᠠᠨ ᠭᠡᠷ ᠠᠴᠠ ᠰᠢᠯᠭᠠᠷᠠᠭᠤᠯᠬᠤ ᠠᠵᠢᠯ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠶ | ᠪᠣᠯᠭᠠᠨ᠎ᠠ᠃ ᠶᠠᠯ᠎ᠠ ᠪᠣᠯᠣᠭᠰᠠᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠴᠢᠨ ᠲᠠᠪᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠢ ᠰᠢᠯᠭᠠᠷᠠᠭᠤᠯᠬᠤ ᠳᠤ ᠣᠷᠣᠯᠴᠠᠭᠰᠠᠨ ᠬᠤᠪᠢ ᠬᠥᠮᠦᠨ ᠪᠤᠶᠤ ᠪᠦᠯᠬᠦᠮ ᠨᠡᠶᠢᠲᠡ ᠨᠢ ᠬᠤᠳᠠᠯ ᠬᠡᠯᠡᠵᠦ | ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠰᠢᠯᠭᠠᠷᠠᠭᠤᠯᠬᠤ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠭᠤᠷᠪᠠᠨ ᠬᠤᠭᠤᠴᠠᠭᠠᠨ ᠤ ᠳᠣᠲᠣᠷ᠎ᠠ ᠠᠯᠠᠱᠠ | ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ | ᠥᠬᠡᠶ︔ ᠨᠢᠭᠡᠨᠲᠡ ᠱᠠᠩᠨᠠᠯ ᠣᠯᠤᠭᠰᠠᠨ ᠪᠠᠶᠢᠪᠠᠯ᠂ ᠱᠠᠩᠨᠠᠯ ᠤᠯᠬᠤ ᠬᠢᠷᠢ ᠬᠡᠮ ᠢ ᠨᠢ ᠬᠠᠰᠤᠵᠤ᠂ ᠱᠠᠩᠨᠠᠯ | ᠣᠯᠤᠭᠰᠠᠨ ᠦᠨᠡᠮᠯᠡᠯ ᠪᠣᠯᠤᠨ ᠱᠠᠩᠨᠠᠯ ᠤᠨ ᠮᠥᠩᠭᠦ ᠶᠢ ᠨᠢ ᠬᠤᠷᠢᠶᠠᠵᠤ ᠠᠪᠤᠨ᠎ᠠ︔ ᠡᠷᠬᠡ ᠳᠤ ᠬᠠᠯᠳᠠᠭᠰᠠᠨ ᠪᠠᠶᠢᠪᠠᠯ | ᠂ ᠬᠠᠤᠯᠢ ᠶᠣᠰᠣᠭᠠᠷ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠳᠣᠯᠣᠳᠤᠭᠠᠷ ᠪᠦᠯᠦᠭ ᠬᠥᠬᠢᠭᠦᠯᠦᠨ ᠱᠠᠩᠨᠠᠬᠤ | ᠳᠥᠴᠢᠨ ᠵᠢᠷᠭᠤᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡ ᠳᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠰᠢᠯᠭᠠᠷᠠᠭᠤᠯᠬᠤ ᠺᠣᠮᠢᠰ ᠤᠨ | ᠠᠯᠪᠠᠨ ᠬᠡᠷ ᠠᠴᠠ ᠳᠤᠷᠠᠳᠤᠯᠭ᠎ᠠ ᠳᠡᠪᠰᠢᠭᠦᠯᠵᠦ᠂ ᠠᠯᠠᠱᠠ ᠠᠶᠢᠮᠠᠭ ᠤᠨ ᠵᠠᠬᠢᠷᠭ᠎ᠠ ᠠᠴᠠ ᠱᠠᠩᠨᠠᠯ ᠭᠥᠷᠳᠡᠭᠰᠡᠳ ᠢ | ᠬᠥᠬᠢᠭᠦᠯᠦᠨ ᠱᠠᠩᠨᠠᠬᠤ ᠬᠡᠷᠡᠭᠲᠡᠶ᠃ | ᠳᠥᠴᠢᠨ ᠳᠣᠯᠣᠳᠤᠭᠠᠷ ᠵᠦᠢᠯ ᠠᠯᠠᠱᠠ ᠠᠶᠢᠮᠠᠭ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠱᠠᠩᠨᠠᠯ ᠢ ᠬᠦᠷᠲᠡᠭᠰᠡᠨ ᠬᠤᠪᠢ ᠬᠥᠮᠦᠨ ᠪᠠ ᠪᠦᠯᠬᠦᠮ ᠨᠡᠶᠢᠲᠡ ᠳᠤ ᠠᠯᠠᠱᠠ ᠠᠶᠢᠮᠠᠭ ᠤᠨ ᠵᠠᠬᠢᠷᠭ᠎ᠠ ᠠᠴᠠ | ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃ ᠪᠦᠯᠬᠦᠮ ᠤᠨ ᠦᠨᠡᠮᠯᠡᠯ᠂ ᠱᠠᠩᠨᠠᠯ ᠤᠨ ᠮᠥᠩᠭᠦ ᠶᠢ | ᠪᠦᠯᠬᠦᠮ ᠤᠨ ᠬᠠᠷᠢᠭᠤᠴᠠᠯᠭᠠᠲᠠᠨ ᠳᠤ ᠣᠯᠭᠤᠨ᠎ᠠ︔ ᠱᠠᠩᠨᠠᠯ ᠣᠯᠤᠭᠰᠠᠨ ᠦᠨᠡᠮᠯᠡᠯ ᠳᠤ ᠪᠦᠯᠬᠦᠮ ᠤᠨ ᠨᠡᠷᠡᠶᠢᠳᠦᠯ | ᠪᠤᠶᠤ ᠵᠢᠷᠭᠤᠭᠠᠨ ᠭᠡᠰᠢᠭᠦᠨ ᠢ ᠲᠠᠭᠯᠠᠵᠤ ᠪᠣᠯᠤᠨ᠎ᠠ᠃ | ᠳᠥᠴᠢᠨ ᠨᠠᠢᠮᠠᠳᠣᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | |