ᠸᠠᠩ ᠯᠢ ᠰᠢᠶᠠ ᠪᠥᠬᠦ ᠣᠷᠣᠨ ᠤ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2023/4/3
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠸᠠᠩ ᠯᠢ ᠰᠢᠶᠠ ᠪᠦᠬᠦ ᠣᠷᠣᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠪᠤᠶᠢᠮ᠎ᠠ ᠠᠰᠠᠭᠤᠳᠠᠯ ᠢ ᠵᠠᠷᠯᠠᠨ ᠨᠡᠶᠢᠳᠡᠯᠡᠵᠤ᠂ ᠤᠴᠢᠷ ᠰᠢᠯᠲᠠᠭᠠᠨ ᠢ ᠨᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃     ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠤᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ‍ᠦᠶ᠎ᠡ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠪᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠦᠨᠳᠤᠷᠴᠡ ᠠᠴᠠ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠷᠢᠨ ᠬᠢᠨᠠᠮᠠᠭᠠᠢ ᠦᠭᠡᠢ᠂ ᠬᠠᠲᠠᠭᠤ ᠲᠠᠢ ᠨᠢ ᠬᠠᠯᠳᠠᠬᠤ ᠦᠭᠡᠢ ᠪᠠ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠲᠦᠢᠯᠪᠤᠷᠢᠲᠠᠢ ᠵᠢᠭᠰᠠᠭᠠᠨ ᠪᠠᠶᠢᠴᠠᠭᠠᠬᠤ ᠦᠬᠡᠢ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠨᠢ ᠬᠠᠰᠢ ᠶᠠᠰᠢ ᠪᠠᠷ ᠥᠩᠭᠡᠷᠡᠭᠡᠬᠦ ᠬᠡᠯᠪᠡᠷᠢᠴᠢᠯᠡᠬᠦ ᠵᠡᠷᠭᠡ ᠲᠤᠪᠤᠶᠢᠮ᠎ᠠ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠨᠢᠭᠡ ᠳᠤ᠂ ᠬᠦᠴᠦᠨ ᠢᠶᠠᠨ ᠲᠦᠪᠯᠡᠷᠡᠭᠦᠯᠦᠨ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠠᠪᠴᠤ ᠠᠭᠤᠷᠬᠠᠢ ᠶᠢᠨ ᠠᠮᠤᠷ ᠲᠦᠪᠰᠢᠨ ᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠠᠬᠢᠭᠤᠯᠵᠤ᠂ ᠠᠩᠬ᠎ᠠ ᠠᠯᠬᠤᠮ ᠤᠨ ᠵᠢᠷᠤᠵᠤ ᠲᠦᠯᠦᠪᠯᠡᠭᠰᠡᠨ ᠶᠤᠰᠤᠭᠠᠷ ᠬᠢᠬᠦ ᠦᠭᠡᠢ ᠲᠦᠷᠢᠮ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ᠂ ᠬᠠᠤᠯᠢ ᠲᠣᠭᠲᠠᠭᠠᠯ ᠠᠴᠠ ᠵᠥᠷᠢᠴᠡᠨ ᠰᠠᠯᠭᠠᠨ ᠳᠠᠭᠠᠭᠠᠴᠢᠯᠠᠬᠤ᠂ ᠲᠠᠭᠠᠭᠠᠴᠢᠯᠠᠭᠤᠯᠬᠤ᠂ ᠳᠠᠭᠠᠭᠠᠴᠢᠯᠠᠬᠤ᠂ ︽ᠲᠣᠷᠭᠠᠬᠳᠠᠪᠠᠴᠤ ᠵᠠᠯᠠᠷᠠᠭᠤᠯᠬᠤ ᠦᠭᠡᠢ︾ ᠪᠠᠶᠢᠬᠤ 3 ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠬᠤᠶᠠᠷ ᠲᠤ᠂ ᠬᠦᠴᠦᠨ ᠢᠶᠠᠨ ᠲᠦᠪᠯᠡᠷᠡᠭᠦᠯᠦᠨ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠠᠪᠴᠤ ᠠᠶᠤᠯ ᠲᠦᠭᠰᠢᠭᠦᠷᠢ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ 9 ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳ ᠨᠢᠭᠡ ᠪᠠᠷ ᠮᠥᠷᠳᠡᠨ ᠵᠢᠯᠣᠭᠤᠳᠴᠤ᠂ ᠬᠠᠷᠢᠯᠴᠠᠨ ᠪᠠᠶᠢᠴᠠᠭᠠᠵᠤ ᠬᠠᠷᠢᠯᠴᠠᠨ ᠰᠤᠷᠤᠯᠴᠠᠬᠤ ᠶᠢ ᠭᠦᠨᠵᠡᠭᠡᠶᠢᠷᠡᠭᠦᠯᠵᠦ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠬᠦᠴᠦᠨ ᠢᠶᠠᠨ ᠲᠦᠪᠯᠡᠷᠡᠭᠦᠯᠦᠨ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠠᠪᠴᠤ ᠣᠳᠣᠬᠠᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠶᠢ ᠪᠤᠲᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠴᠢᠩᠭ᠎ᠠ ᠪᠤᠰᠤ᠂ ᠠᠵᠢᠯ ᠲᠥᠷᠥᠯ ᠤᠨ ᠬᠠᠮᠢᠶᠠᠷᠤᠯᠲᠠ ᠵᠢᠷᠤᠮᠵᠢᠩᠭᠤᠢ ᠪᠤᠰᠤ᠂ ᠠᠶᠤᠯᠭᠦᠢ ᠦᠢᠯᠡᠳᠪᠦᠷᠢᠯᠡᠯ ᠤᠨ ᠬᠠᠲᠠᠭᠤ ᠠᠷᠭ᠎ᠠ ᠬᠡᠮᠵᠢᠶ᠎ᠡ ᠴᠢᠩᠭ᠎ᠠ ᠪᠢᠰᠢ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ︾ ᠶᠢ ᠬᠥᠮᠦᠨ ᠨᠢᠭᠡ ᠪᠦᠷᠢ ᠳᠤ ᠨᠠᠶᠢᠳᠠᠪᠤᠷᠢᠵᠢᠭᠤᠯᠤᠭᠰᠠᠨ ᠦᠭᠡᠢ ᠵᠡᠷᠭᠡ 5 ᠲᠥᠷᠥᠯ ᠤᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠲᠦᠢᠯ ᠢᠶᠠᠷ ᠰᠡᠳᠭᠢᠯ ᠲᠠᠯᠪᠢᠵᠤ᠂ ᠲᠦᠢᠯ ᠢᠶᠠᠷ ᠠᠩᠬᠠᠷᠤᠯ ᠲᠠᠯᠪᠢᠵᠤ᠂ ᠲᠦᠢᠯ ᠢᠶᠠᠷ ᠬᠠᠷᠢᠭᠤᠴᠠᠵᠤ ᠶᠡᠭᠡ ᠪᠠᠷ ᠵᠢᠭᠰᠠᠭᠠᠨ ᠪᠠᠶᠢᠴᠠᠭᠠᠬᠤ ᠶᠡᠭᠡ ᠪᠠᠷ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠸᠠᠩ ᡁᠢ ᠴᠢᠶᠠᠩ᠂ ᠶᠤᠤ ᠶᠦᠩ ᠪᠥᠸᠧ᠂ ᠪᠠᠢ ᠴᠢᠩ ᠶᠤᠸᠠᠨ ᠲᠤᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号