ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠢᠷᠡᠭᠦᠯᠵᠦ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠬᠦᠯᠦᠶ᠎ᠡ
ᠨᠡᠶᠢᠲᠡᠯᠡᠭᠰᠡᠨ ᠴᠠᠭ᠄
2023/4/6
    ——  ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠢ ᠰᠣᠷᠪᠣᠯᠵᠢᠯᠠᠭᠰᠠ ᠨᠢ     ︽ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠵᠣᠷᠢᠯᠲᠠ ᠪᠠ ᠲᠤᠰᠤᠯᠲᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠰᠦᠷᠦᠭᠵᠢᠯ ᠤᠨ ᠪᠠᠶᠢᠭᠤᠯᠤᠯᠲᠠ ᠶᠢ ᠳᠠᠶᠢᠴᠢᠯᠠᠨ ᠡᠭᠦᠳᠦᠨ ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠪᠠ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ᠂ ᠪᠣᠯᠪᠠᠰᠤᠨ ᠤ ᠬᠡᠪ ᠴᠢᠨᠠᠷ ᠢ ᠢᠯᠡᠳᠲᠡ ᠳᠡᠭᠡᠭᠰᠢᠯᠡᠭᠦᠯᠪᠡ᠃︾  ᠲᠦᠷᠦᠭᠦᠬᠡᠨ᠂ ᠪᠣᠯᠪᠠᠰᠣᠨ ᠬᠤᠲᠠ ᠶᠢ ᠪᠠᠶᠢᠭᠤᠯᠬᠤ ᠠᠵᠢᠯ ᠢ ᠬᠡᠷᠬᠢᠨ ᠠᠬᠢᠭᠤᠯᠬᠤ ᠲᠤᠬᠠᠶ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠢ ᠲᠤᠰᠬᠠᠶᠢᠯᠠᠨ ᠰᠤᠷᠪᠤᠯᠵᠢᠯᠠᠪᠠ᠃      ᠸᠠᠩ ᠯᠢ ᠵᠢᠶᠦ᠋ᠨ᠂ 2023 ᠣᠨ ᠳᠤ᠂ ᠡᠵᠡᠨ᠎ᠡ ᠬᠤᠰᠢᠭᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠵᠠᠰᠠᠯᠲᠠ ᠶᠢ ᠴᠢᠩᠭᠠᠳᠬᠠᠬᠤ ᠶᠢᠨ ᠬᠠᠮᠤᠭ ᠤᠨ ᠶᠡᠭᠡ ᠠᠬᠢᠭᠤᠯᠬᠤ ᠬᠦᠴᠦᠨ ᠪᠣᠯᠭᠠᠵᠤ᠂ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ᠂ ᠢᠯᠴᠢ ᠬᠠᠩᠭᠠᠬᠤ ᠤᠰᠤ ᠵᠠᠯᠠᠬᠤ ᠬᠤᠭᠤᠯᠠᠶ ᠲᠣᠤᠷ ᠢ ᠥᠭᠡᠷᠡᠴᠢᠯᠡᠬᠦ᠂ ᠬᠤᠲᠠ ᠶᠢᠨ ᠵᠠᠮ ᠢ ᠰᠡᠯᠪᠢᠨ ᠵᠠᠰᠠᠬᠤ ᠵᠡᠷᠭᠡ ᠣᠯᠠᠨ ᠲᠦᠮᠡᠨ ᠤ ᠬᠡᠷ ᠤᠨ ᠡᠭᠦᠳᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ ᠬᠡᠪᠡ᠃
     ︽ᠲᠦᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠤᠨ ᠵᠠᠰᠠᠵᠤ᠂ ᠬᠤᠳᠠ ᠶᠢ ᠴᠣᠭᠴᠠᠯᠠᠬᠤ ︽ᠰᠠᠭᠤᠷᠢ︾ ᠶᠢ ᠪᠠᠬᠢᠵᠢᠭᠦᠯᠬᠦ ᠲᠠᠯ᠎ᠠ ᠪᠠᠷ       ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠨᠢᠭᠡᠨ ᠣᠷᠳᠣ ᠬᠤᠭᠤᠴᠠᠭᠠᠲᠤ ᠴᠢᠨᠠᠷᠲᠠᠶ᠂ ᠰᠢᠰᠲ᠋ᠧᠮᠲᠦ ᠴᠢᠨᠠᠷᠲᠠᠶ ᠢᠨᠵᠧᠨᠧᠷᠢᠩ ᠪᠣᠯᠭᠠᠨ ᠠᠳᠬᠤᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠭᠠᠵᠠᠷ ᠤᠨ ᠲᠠᠰ ᠤᠨ ᠤᠳᠤᠷᠢᠳᠤᠯᠭ᠎ᠠ ᠬᠡᠰᠡᠭ ᠢ ᠳᠠᠭᠠᠭᠠᠴᠢᠯᠠᠬᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠲᠤᠤᠷᠵᠢᠯ ᠢ ᠳᠠᠭᠠᠭᠠᠴᠢᠯᠠᠬᠤ᠂ ᠺᠠᠳ᠋ᠷ ᠠᠵᠢᠯᠲᠠᠨ ᠠᠵᠢᠯᠴᠢᠨ ᠠᠰᠠᠷ ᠢ ᠳᠠᠭᠠᠭᠠᠴᠢᠯᠠᠬᠤ︾ ᠳᠥᠷᠪᠡᠨ ᠱᠠᠲᠤᠨ ᠤ ᠳᠠᠭᠠᠭᠠᠴᠢᠯᠠᠨ ᠬᠠᠷᠢᠯᠴᠠᠬᠤ ᠬᠠᠮᠢᠶᠠᠷᠤᠯᠲᠠ ᠶᠢᠨ ᠲᠦᠷᠢᠮ ᠪᠠ ︽ᠲᠣᠭᠤᠷᠢᠨ ᠪᠠᠶᠢᠴᠠᠭᠠᠬᠤ — ᠬᠠᠷᠢᠭᠤ ᠲᠤᠰᠬᠠᠬᠤ — ᠵᠣᠬᠢᠴᠠᠭᠤᠯᠬᠤ — ᠱᠠᠯᠠᠪᠳᠠᠭᠤᠯᠤᠨ ᠪᠠᠶᠢᠴᠠᠭᠠᠬᠤ︾ ᠲᠠᠪᠤᠨ ᠠᠯᠬᠤᠮ ᠤᠨ ᠠᠰᠠᠭᠤᠳᠠᠯ ᠢ  ᠰᠢᠢᠳᠪᠦᠷᠢᠯᠡᠬᠦ ᠴᠤᠪᠤᠷᠠᠯ ᠢ ᠪᠠᠶᠢᠭᠤᠯᠵᠤ᠂ ᠨᠢᠭᠡ ᠢᠵᠢ ᠳᠦᠷᠢᠮᠵᠢᠭᠰᠡᠨ᠂ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃ ᠡᠭᠦᠨ ᠤ ᠬᠠᠮᠲᠤ ᠨᠠᠮ ᠤᠨ ᠪᠠᠶᠢᠭᠤᠯᠤᠯᠲᠠ ᠪᠠᠷ ᠰᠦᠷᠦᠭᠵᠢᠯ ᠢ ᠳᠠᠶᠢᠴᠢᠯᠠᠨ ᠪᠠᠶᠢᠭᠤᠯᠬᠤ ᠶᠢ ᠠᠬᠢᠭᠤᠯᠬᠤ ᠶᠢ ᠰᠠᠶᠢᠲᠤᠷ ᠠᠳᠬᠤᠵᠤ᠂ ︽ᠲᠠᠪᠤᠨ ᠲᠥᠪ︾ ᠤᠨ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠪᠠᠶᠢᠭᠤᠯᠬᠤ ᠶᠢ ᠠᠬᠢᠭᠤᠯᠬᠤ ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ︽ᠰᠢᠨ᠎ᠡ ᠡᠨᠧᠷᠭᠢ︾ ᠪᠣᠯᠭᠠᠵᠤ᠂ ᠪᠥᠬᠦ ᠬᠤᠰᠢᠭᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ᠂ ᠡᠯ᠎ᠡ ᠵᠦᠢᠯ ᠤᠨ ᠡᠬᠢ ᠪᠠᠶᠠᠯᠢᠭ ᠪᠠ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠪᠠ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠭᠦᠨ᠎ᠡ᠃       ︽ᠠᠷᠬᠠᠭ ᠭᠡᠮ ᠤᠨ ᠡᠪᠡᠷᠰᠢᠶᠡᠯ︾ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠲᠠ ᠶᠢᠨ ︽ᠥᠩᠭᠡ ᠳᠦᠷᠬᠦ ᠴᠢᠨᠠᠷ ᠴᠢᠨᠰᠠᠭ᠎ᠠ︾ ᠶᠢ ᠳᠡᠭᠡᠭᠰᠢᠯᠡᠭᠦᠯᠬᠦ ᠲᠠᠯ᠎ᠠ ᠪᠠᠷ       ᠬᠦᠴᠦ ᠪᠠᠨ ᠲᠥᠪᠯᠡᠷᠡᠭᠦᠯᠦᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠭᠤᠤᠯᠳᠠᠯᠭ᠎ᠠ᠂ ᠬᠦᠴᠢᠷ ᠠᠰᠠᠭᠤᠳᠠᠯ ᠢ ᠠᠩᠬᠠᠷᠴᠤ᠂ ︽2023 ᠣᠨ ᠤ ᠡᠵᠡᠨ᠎ᠡ ᠬᠤᠰᠢᠭᠤᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾ ᠢ ᠨᠡᠶᠢᠲᠡᠯᠡᠵᠦ᠂ ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠬᠦ᠂ ᠰᠦᠯᠵᠢᠶ᠎ᠡ ᠪᠠᠷ ᠮᠡᠳᠡᠭᠦᠯᠬᠦ ᠮᠠᠲ᠋ᠧᠷᠢᠶᠠᠯ᠂ ᠠᠰᠠᠭᠤᠯᠲᠠ ᠶᠢᠨ ᠬᠠᠭᠤᠳᠠᠰᠤ ᠪᠠᠷ ︽ᠭᠤᠷᠪᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠪᠠᠶᠢᠴᠠᠭᠠᠵᠤ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ᠂ ᠵᠠᠮ ᠬᠠᠷᠢᠯᠴᠠᠭᠠᠨ ᠤ ᠡᠮᠬᠢ ᠳᠢᠭᠯᠢᠮ᠂ ᠵᠠᠮ ᠱᠤᠭᠤᠮ ᠤᠨ ᠳᠤᠷ᠎ᠠ ᠪᠠᠷ ᠢᠶᠠᠨ ᠲᠠᠲᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ᠂ ᠪᠣᠯᠪᠠᠰᠤᠨ ᠦᠢᠯᠡ ᠠᠵᠢᠯᠯᠠᠭ᠎ᠠ ᠵᠡᠷᠭᠡ 10 ᠶᠡᠭᠡ ︽ᠠᠷᠬᠠᠭ ᠭᠡᠮ︾ ᠢ ᠡᠮᠬᠢᠯᠡᠨ ᠭᠠᠷᠭᠠᠵᠤ᠂ ︽ᠨᠢᠭᠡ ᠠᠰᠠᠭᠤᠳᠠᠯ᠂ ᠨᠢᠭᠡ ᠤᠳᠤᠷᠢᠳᠤᠯᠭ᠎ᠠ᠂ ᠨᠢᠭᠡ ᠢᠵᠢ ᠬᠥᠮᠦᠨ᠂ ᠨᠢᠭᠡ ᠲᠥᠰᠦᠯ᠂ ᠡᠴᠦᠰ ᠲᠤᠨᠢ ᠲᠤᠯᠲᠠᠯ᠎ᠠ ᠠᠳᠬᠤᠬᠤ︾ ᠰᠢᠢᠳᠪᠦᠷᠢᠯᠡᠬᠦ ᠲᠣᠭᠲᠠᠴᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠵᠢᠭᠰᠠᠭᠠᠵᠤ᠂ ᠣᠨᠴᠣᠭᠤᠢ ᠬᠦᠴᠦᠨ᠂ ᠶᠡᠷᠦ ᠪᠤᠰᠤ ᠶᠢᠨ ᠭᠠᠪᠢᠶ᠎ᠠ ᠪᠠᠶᠢᠭᠤᠯᠵᠤ᠂ ᠬᠡᠪ ᠤᠨ ᠪᠤᠰᠤ ᠪᠠᠶᠢᠳᠠᠯ ᠠᠴᠠ ᠳᠠᠪᠠᠭᠰᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤᠮᠳᠠᠬᠢ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠨ᠎ᠠ᠃
     ︽ᠪᠣᠯᠪᠠᠰᠤᠨ ᠤ ᠬᠥᠮᠦᠵᠢᠯ︾ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠲᠠ ᠶᠢᠨ ︽ᠪᠣᠯᠪᠠᠰᠤᠨ ᠤ ᠬᠡᠪ ᠴᠢᠨᠠᠷ︾ ᠢ ᠬᠠᠳᠠᠭᠠᠯᠠᠬᠤ ᠲᠠᠯ᠎ᠠ ᠪᠠᠷ       ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ︾ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠦᠯᠢᠭᠡᠷ ᠳᠠᠭᠤᠷᠢᠶᠠᠯ ᠬᠠᠵᠠᠭᠤ ᠳᠤ ᠴᠢᠨᠢ︾ ᠰᠤᠷᠤᠯᠴᠠᠵᠤ ᠤᠬᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠱᠢᠶᠡᠴᠢ ᠨᠡᠶᠢᠲᠡᠯᠢᠭ ᠦᠢᠯᠡ ᠶᠠᠪᠤᠳᠠᠯ ᠢ ᠴᠡᠴᠡᠷᠯᠢᠭ᠂ ᠠᠭᠤᠳᠠᠮ ᠲᠠᠯᠠᠪᠠᠶ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠢᠳᠡᠪᠬᠢᠲᠡᠶ ᠠᠬᠢᠭᠤᠯᠣᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠡᠭᠦᠨ ᠤ ᠬᠠᠮᠲᠤ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠨ ᠤ ᠰᠢᠨ᠎ᠡ ᠰᠤᠷᠲᠠᠯ ᠢ ᠪᠠᠳᠠᠷᠠᠭᠤᠯᠤᠨ᠂ ᠪᠣᠯᠪᠠᠰᠤᠨ ᠬᠡᠪ ᠰᠤᠷᠲᠠᠯ ᠢ ᠪᠣᠶ ᠪᠣᠯᠭᠠᠵᠤ᠂ ᠪᠣᠯᠪᠠᠰᠤᠨ ᠪᠤᠰᠤ ᠦᠵᠡᠭᠳᠡᠯ ᠢ ᠢᠯᠡᠴᠢᠯᠡᠵᠦ᠂ ᠠᠷᠠᠳ ᠣᠯᠠᠨ ᠤ ᠪᠣᠯᠪᠠᠰᠤᠨ ᠤ ᠬᠡᠪ ᠴᠢᠨᠠᠷ ᠪᠠ ᠬᠤᠲᠠ ᠶᠢᠨ ᠪᠣᠯᠪᠠᠰᠤᠨ ᠤ ᠬᠡᠮᠵᠢᠶ᠎ᠡ ᠵᠡᠷᠭᠡ ︽ᠵᠥᠭᠡᠯᠡᠨ ᠪᠣᠳᠠᠲᠤ ᠬᠦᠴᠦᠨ︾ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃       ︽ᠲᠠᠷᠠᠭᠠᠴᠢ ᠶᠢᠨ ᠠᠯᠬᠤᠮ ᠳᠤ᠂ ᠪᠢᠳᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠠᠯᠲᠠ ᠪᠠᠨ ᠪᠠᠲᠤ ᠡᠵᠡᠮᠳᠡᠵᠦ᠂ ᠬᠤᠪᠢ ᠳᠠᠬᠢᠨ ᠴᠢᠷᠮᠠᠶᠢᠵᠤ᠂ ᠬᠦᠴᠢᠷ ᠢ ᠰᠦᠷᠦᠨ ᠤᠷᠤᠭᠰᠢᠯᠠᠵᠤ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ ᠪᠣᠯᠭᠠᠨ᠎ᠠ︾ ᠭᠡᠵᠦ ᠸᠠᠩ ᠯᠢ ᠵᠢᠶᠦ᠋ᠨ ᠬᠡᠯᠡᠪᠡ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号