ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠶᠠᠨ ᠱᠢ ᠦ᠋ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/5/10
    ᠡᠨᠡ ᠵᠢᠯ ᠪᠣᠯ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠵᠢᠯ ᠮᠥᠨ ᠂ ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠬᠤᠲᠠ ᠶᠢᠨ ᠳᠦᠷᠢ ᠲᠥᠷᠬᠦ ᠶᠢ ᠬᠡᠷᠬᠢᠨ ᠰᠠᠶᠢᠲᠤᠷ ᠬᠠᠮᠢᠶᠠᠷᠬᠤ ᠲᠤᠬᠠᠶ ᠲᠣᠰ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠶᠠᠨ ᠱᠢ ᠦ᠋ ᠶᠢ ᠰᠤᠷᠪᠤᠯᠵᠢᠯᠠᠪᠠ᠃       ᠯᠢᠶᠠᠨ ᠱᠢ ᠦ᠋᠂ ᠣᠶᠢᠷ᠎ᠠ ᠶᠢᠨ ᠵᠢᠯ ᠳᠤ᠂ ᠮᠠᠨ ᠤ ᠲᠣᠪᠴᠢᠶ᠎ᠠ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠯᠪᠠᠰᠣᠨ ᠬᠤᠲᠠ ᠶᠢ ᠡᠭᠦᠳᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠷ ᠠᠮᠢᠰᠬᠤᠯ ᠢ ᠪᠣᠶ ᠪᠣᠯᠭᠠᠬᠤ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠸᠢᠴᠠᠲ ᠤᠨ ᠳᠠᠪᠴᠠᠩ᠂ ︽ᠬᠤᠲᠠ ᠶᠢᠨ ᠬᠤᠳᠠᠯᠳᠤᠭ᠎ᠠ ᠠᠵᠤ ᠠᠬᠤᠶᠢᠯᠠᠯ ᠤᠨ ᠦᠢᠯᠡᠴᠢᠯᠡᠬᠡᠨ ᠤ ᠰᠦᠷᠦᠭᠵᠢᠯ︾᠂ ᠬᠤᠲᠠ ᠶᠢᠨ ᠲᠣᠭᠤᠷᠢᠭ ᠤᠨ ᠬᠤᠳᠠᠯᠳᠤᠭᠠᠨ ᠤ ᠡᠯᠧᠺᠲᠷᠣᠨ ᠳᠡᠯᠭᠡᠴᠡ᠂ ᠠᠵᠢᠯ ᠤᠨ ᠲᠡᠷᠭᠡ ᠬᠥᠰᠬᠡ ᠳᠤ ᠤᠷᠢᠶ᠎ᠠ ᠯᠣᠽᠦ᠋ᠩ ᠡᠯᠭᠦᠬᠦ ᠪᠠᠷ ᠳᠠᠮᠵᠢᠭᠤᠯᠤᠨ᠂ ᠪᠣᠯᠪᠠᠰᠣᠨ ᠬᠤᠲᠠ ᠶᠢ ᠡᠭᠦᠳᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠣᠨ ᠬᠤᠲᠠ ᠶᠢ ᠡᠭᠦᠳᠬᠦ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠪᠠ︔ ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠯᠴᠠᠵᠦ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠬᠠᠮᠲᠤᠪᠠᠷ ᠡᠭᠦᠳᠦᠨ ᠪᠠᠶᠢᠭᠤᠯᠵᠤ᠂ ᠪᠣᠯᠪᠠᠰᠤᠨ ᠤ ᠤᠯᠠᠮᠵᠢᠯᠠᠭᠴᠢ᠂ ᠦᠢᠯᠡᠳᠦᠯᠬᠡᠵᠢᠬᠦᠯᠦᠭᠴᠢ ᠪᠠ ᠬᠠᠮᠠᠭᠠᠯᠠᠭᠴᠢ ᠶᠢ ᠰᠠᠶᠢᠲᠤᠷ ᠬᠢᠪᠡ᠃     ᠯᠢᠶᠠᠨ ᠱᠢ ᠦ᠋᠂ ᠪᠢᠳᠡ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ ᠬᠤᠳᠠ ᠶᠢᠨ ᠬᠠᠮᠢᠶᠠᠷᠤᠯᠲᠠ ᠶᠢ ᠪᠠᠶᠢᠩᠭᠤᠵᠢᠭᠤᠯᠬᠤ᠂ ᠨᠠᠷᠢᠯᠢᠬᠵᠢᠭᠤᠯᠬᠤ ᠶᠢ ᠤᠶᠠᠯᠳᠤᠭᠤᠯᠵᠤ᠂ ᠡᠳᠦᠷ ᠳᠤᠳᠤᠮ ᠤᠨ ᠬᠠᠮᠢᠶᠠᠷᠤᠯᠲᠠ ᠶᠢ ᠪᠠᠶᠢᠩᠭᠤ ᠠᠳᠬᠤᠵᠤ᠂ ᠭᠤᠣᠯ ᠳᠡᠳ᠋ ᠵᠠᠮ᠂ ᠬᠤᠳᠠᠯᠳᠤᠭᠠᠨ ᠤ ᠶᠡᠭᠡ ᠵᠡᠭᠡᠯᠢ᠂ ᠵᠡᠭᠡᠯᠢ ᠭᠤᠳᠤᠮᠵᠢ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ︽ᠨᠠᠢᠮᠠᠨ ᠡᠮᠬᠢ ᠵᠠᠮᠪᠠᠷᠠᠭ᠎ᠠ ᠦᠬᠡᠢ︾᠂ ︽ᠬᠤᠭ ᠨᠣᠪᠰᠢ ᠪᠠᠷ ᠬᠤᠳᠠ ᠶᠢ ᠪᠦᠰᠡᠯᠡᠭᠰᠡᠨ︾᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠬᠡᠢ ᠪᠣᠬᠢᠷᠲᠤᠯ︾ ᠵᠡᠷᠭᠡ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠥᠷᠨᠢᠭᠦᠯᠪᠡ᠃ ᠡᠭᠦᠨ ᠤ ᠬᠠᠮᠲᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠷᠡᠭᠦᠯ ᠬᠠᠮᠠᠭᠠᠯᠠᠯ ᠢ ᠠᠩᠬᠠᠷᠴᠦ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠥᠯᠥ ᠦᠵᠡᠭᠳᠡᠬᠦ ᠬᠡᠰᠡᠭ ᠢ ᠪᠥᠬᠦ ᠲᠠᠯ᠎ᠠ ᠪᠠᠷ ᠴᠡᠪᠡᠷᠯᠡᠵᠦ᠂ ᠬᠤᠭ ᠨᠣᠪᠰᠢ ᠶᠢ ᠡᠳᠦᠷ ᠲᠡᠭᠡᠨ ᠴᠡᠪᠡᠷᠯᠡᠵᠦ᠂ ᠴᠡᠪᠡᠷ ᠲᠡᠭᠰᠢ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ︔ ᠵᠠᠮ᠂ ᠵᠠᠮ ᠤᠨ ᠳ᠋ᠧᠩ ᠵᠡᠷᠭᠡ ᠨᠡᠶᠢᠲᠡ ᠶᠢᠨ ᠪᠡᠯᠡᠳᠬᠡᠮᠵᠢ ᠶᠢ ᠠᠷᠠᠴᠢᠯᠠᠨ ᠬᠠᠮᠠᠭᠠᠯᠠᠬᠤ ᠪᠠ ᠪᠡᠯᠡᠳᠬᠡᠮᠵᠢ ᠶᠢ ᠰᠢᠨᠡᠳᠬᠡᠨ ᠵᠠᠰᠠᠬᠤ ᠶᠢ ᠴᠢᠩᠭᠠᠷᠠᠭᠤᠯᠵᠤ᠂ ᠬᠤᠲᠠ ᠶᠢᠨ ᠨᠡᠶᠢᠲᠡ ᠶᠢᠨ ᠪᠡᠯᠡᠳᠬᠡᠮᠵᠢ ᠶᠢ ᠬᠠᠮᠢᠶᠠᠷᠤᠨ ᠬᠠᠮᠠᠭᠠᠯᠠᠵᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠭᠡᠪᠡ᠃     ᠯᠢᠶᠠᠨ ᠱᠢ ᠦ᠋᠂ ᠪᠣᠯᠪᠠᠰᠣᠨ ᠬᠤᠲᠠ ᠶᠢ ᠡᠭᠦᠳᠬᠦ ᠳᠤ ᠡᠬᠢᠯᠡᠯᠲᠡ ᠪᠠᠶᠢᠬᠤ ᠠᠴᠠ ᠪᠢᠰᠢ ᠲᠡᠭᠦᠰᠬᠡᠯ ᠪᠠᠶᠢᠬᠤ ᠥᠬᠡᠶ᠃ ᠲᠠᠷᠠᠭᠠᠴᠢ ᠶᠢᠨ ᠠᠯᠬᠤᠮ ᠳᠤ᠂ ᠪᠢᠳᠡ ᠨᠠᠷᠢᠯᠢᠭᠵᠢᠭᠤᠯᠤᠭᠰᠠᠨ ᠬᠠᠮᠢᠶᠠᠷᠤᠯᠲᠠ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠡᠭᠦᠳᠦᠨ ᠪᠠᠶᠢᠭᠤᠯᠬᠤ᠂ ᠪᠣᠯᠪᠠᠰᠤᠨ ᠬᠤᠲᠠ ᠪᠠᠯᠭᠠᠰᠤ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠦᠢᠯᠡᠳᠦᠯ ᠦᠵᠡᠭᠦᠯᠦᠨ᠎ᠡ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号