ᠥᠪᠡᠷᠲᠡᠭᠡᠨ ᠵᠠᠰᠠᠬᠤ ᠣᠷᠣᠨ ᠤ 2023 ᠣᠨ ᠤ ᠬᠤᠶᠠᠳᠤᠭᠠᠷ ᠤᠳᠠᠭ᠎ᠠ ᠶᠢᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠲᠤᠭᠤᠷᠢᠭ ᠰᠢᠷᠡᠭᠡᠨ ᠤ ᠬᠤᠷᠠᠯ — ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠢ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/10
    5 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ 2023 ᠣᠨ ᠤ ᠬᠤᠶᠠᠳᠤᠭᠠᠷ ᠤᠳᠠᠭ᠎ᠠ ᠶᠢᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠲᠤᠭᠤᠷᠢᠭ ᠰᠢᠷᠡᠭᠡᠨ ᠤ ᠬᠤᠷᠠᠯ — ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠢ ᠶᠠᠷᠢᠯᠴᠠᠬᠤ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠢ ᠡᠷᠬᠢᠯᠡᠪᠡ᠃     ᠬᠤᠸᠠᠩ ᡁᠢ ᠴᠢᠶᠠᠩ᠂ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠲᠠᠢ ᠬᠤᠯᠪᠣᠭᠳᠠᠵᠤ᠂ ᠮᠠᠨ ᠤ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠥᠬᠦ ᠤᠯᠤᠰ ᠤᠨ ᠳᠤᠮᠳᠠ ᠵᠡᠷᠭᠡ ᠶᠢ ᠲᠦᠪᠰᠢᠨ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠯᠠ ᠮᠦᠩᠬᠦ ᠬᠤᠷᠠᠮᠳᠤᠭᠤᠯᠬᠤ᠂ ᠭᠠᠵᠠᠷ ᠰᠢᠷᠣᠶ᠂ ᠴᠠᠬᠢᠯᠭᠠᠨ ᠤ ᠦᠨ᠎ᠡ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠰᠢᠶ᠋ᠳᠪᠦᠷᠢᠯᠡᠬᠦ ᠪᠠᠷ ᠭᠤᠤᠯ ᠪᠣᠯᠭᠠᠨ᠂ ︽ᠨᠢᠭᠡ ᠠᠰᠠᠭᠤᠳᠠᠯ ᠳᠤ ᠨᠢᠭᠡ ᠠᠷᠭ᠎ᠠ ᠪᠣᠳᠣᠯᠭ᠎ᠠ ᠠᠪᠴᠤ︾᠂ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠰᠢᠶ᠋ᠳᠪᠦᠷᠢᠯᠡᠵᠦ᠂ ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯᠲᠠᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ᠂ ᠪᠣᠳᠠᠲᠤ ᠴᠣᠭᠴᠠ ᠶᠢᠨ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠷᠲᠡᠬᠡᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ 15 ᠠᠵᠤ ᠠᠬᠤᠶᠢᠯᠠᠯ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号