ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠶᠢᠨ ᠪᠣᠯᠪᠠᠰᠤᠷᠠᠯ ᠤᠨ ᠠᠩᠬᠢ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2023/5/15
    5 ᠰᠠᠷ᠎ᠠ ᠶᠢᠨ 11 ᠤ ᠡᠳᠦᠷ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠶᠢᠨ ᠪᠣᠯᠪᠠᠰᠤᠷᠠᠯ ᠤᠨ ᠠᠩᠬᠢ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠭ᠎ᠠ ᠡᠬᠢᠯᠡᠵᠦ᠂ ᠪᠦᠬᠦ ᠣᠷᠣᠨ ᠤ 74 ᠨᠡᠷᠡᠰ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠠᠷᠤᠭ᠎ᠠ ᠣᠷᠣᠯᠴᠠᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠵᠧᠩ ᠭᠤᠸᠠᠩ ᠵᠣᠣ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠠᠷᠤᠭ᠎ᠠ᠂ ᠢᠯᠠᠩᠭᠤᠶ᠎ᠠ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠨᠠᠷ ᠤᠯᠤᠰ ᠲᠥᠷᠥ ᠶᠢᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠴᠢᠳᠠᠪᠤᠷᠢ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶ᠋ᠯᠡᠴᠢᠯᠡᠬᠦ ᠶᠢ ᠪᠠᠲᠤᠯᠠᠬᠤ ᠴᠢᠳᠠᠪᠤᠷᠢ᠂ ᠤᠳᠤᠷᠢᠳᠬᠤ ᠪᠠᠭ ᠢ ᠠᠳᠬᠤᠬᠤ ᠡᠩᠨᠡᠭᠡ ᠶᠢ ᠳᠠᠶᠢᠴᠢᠯᠠᠬᠤ ᠴᠢᠳᠠᠪᠤᠷᠢ ᠪᠠᠨ ᠦᠨᠡᠨ ᠬᠦ ᠲᠡᠭᠡᠭᠰᠢᠯᠡᠭᠦᠯᠵᠦ᠂ ᠰᠢᠨ᠎ᠡ ᠪᠠᠶᠢᠳᠠᠯ ᠰᠢᠨ᠎ᠡ ᠬᠤᠪᠢᠷᠠᠯᠲᠠ ᠳᠤ ᠢᠳᠡᠪᠬᠢᠲᠡᠶ ᠵᠣᠬᠢᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠬᠥᠭᠵᠢᠯᠲᠡ ᠶᠢ ᠡᠷᠢᠯᠬᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠶ᠋ᠯᠡᠴᠢᠯᠡᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号