ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ | ᠠᠵᠤ ᠠᠬᠤᠶ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠠᠯᠠᠱᠠ | ᠠᠶᠢᠮᠠᠭ ᠤᠨ ᠰᠠᠭᠤᠷᠢ ᠲᠦᠬᠦᠬᠡᠷᠦᠮᠵᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠦᠬᠦᠬᠡᠷᠦᠮᠵᠢ ᠶᠢᠨ ᠰᠢᠰᠲ᠋ᠧᠮ ᠢ ᠲᠦᠷᠬᠡᠨ | ᠪᠠᠶᠢᠭᠤᠯᠬᠤ ᠶᠢᠨ ᠲᠤᠰᠠᠳᠠ᠂ ᠠᠯᠠᠱᠠ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠲᠣᠰ | ᠲᠥᠰᠦᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠬᠤᠷᠳᠤᠴᠠ ᠶᠢ ᠲᠦᠷᠭᠡᠳᠬᠡᠬᠦ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ | ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠣᠯᠣᠨ ᠬᠥᠭᠵᠢᠯᠲᠡ ᠶᠢᠨ ᠵᠠᠭᠪᠤᠷ ᠢ ᠰᠢᠯᠢᠳᠡᠭᠵᠢᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ᠃ 2025 ᠣᠨ ᠪᠣᠯᠬᠤ ᠳᠤ᠂ ᠵᠠᠮ | ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠪᠠᠷᠠᠭᠠᠨ ᠤ ᠭᠦᠢᠯᠭᠡᠭᠡ᠂ ᠬᠤᠲᠠ ᠶᠢᠨ ᠶᠠᠪᠤᠳᠠᠯ ᠵᠡᠷᠭᠡ ᠰᠠᠭᠤᠷᠢ | ᠪᠡᠯᠡᠳᠬᠡᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠪᠦᠲᠦᠮᠵᠢᠲᠡᠶ ᠪᠠᠬᠢᠵᠢᠭᠦᠯᠵᠦ᠂ ᠰᠦᠯᠵᠢᠶᠡᠨ ᠤ ᠦᠷ᠎ᠡ ᠠᠰᠢᠭ ᠢ | ᠢᠯᠡᠳᠲᠡ ᠳᠡᠭᠡᠭᠰᠢᠯᠡᠭᠦᠯᠦᠨ᠂ ᠣᠳᠣᠬᠢᠴᠢᠯᠠᠯᠲᠠ ᠶᠢᠨ ᠬᠢᠷᠢ ᠲᠦᠪᠰᠢᠨ ᠢ ᠰᠢᠨ᠎ᠡ ᠰᠢᠪᠲᠤᠯᠤᠯᠲᠠ ᠲᠠᠢ ᠪᠣᠯᠭᠠᠵᠤ᠂ | ᠰᠠᠭᠤᠷᠢ ᠪᠡᠯᠡᠳᠬᠡᠮᠵᠢ ᠶᠢᠨ ᠲᠦᠢᠯ ᠤᠨ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠷᠠᠭᠤᠯᠤᠨ᠂ ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠪᠣᠳᠠᠲᠤ ᠬᠡᠷᠡᠭᠴᠡᠭᠡ ᠲᠠᠢ᠂ | ᠣᠶᠤᠨᠴᠢ ᠪᠥᠭᠡᠳ ᠪᠣᠬᠢᠷᠲᠤᠯ ᠥᠬᠡᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠣᠳᠣᠬᠢᠴᠢᠯᠠᠭᠰᠠᠨ ᠰᠠᠭᠤᠷᠢ | ᠪᠡᠯᠡᠳᠬᠡᠮᠵᠢ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠣᠣᠷ ᠰᠦᠯᠵᠢᠶ᠎ᠠ ᠶᠢᠨ ᠭᠡᠯᠪᠡᠷᠢ ᠶᠢᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠶᠢ | ᠴᠢᠩᠭᠠᠳᠬᠠᠨ᠎ᠠ | 1. ᠵᠠᠮ ᠬᠠᠷᠢᠯᠴᠠᠭᠠᠨ ᠤ ᠬᠦᠷᠢᠶ᠎ᠡ | ᠣᠯᠠᠨ ᠱᠠᠲᠤ ᠳᠠᠪᠬᠤᠷᠭ᠎ᠠ ᠪᠦᠬᠦᠢ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠦᠨ᠎ᠡ᠃ ᠣᠷᠣᠨ | ᠪᠦᠰᠡ ᠶᠢᠨ ᠣᠷᠣᠨ ᠵᠠᠢ᠂ ᠬᠤᠲᠠ ᠪᠠᠯᠭᠠᠰᠤᠵᠢᠯᠲᠠ ᠶᠢᠨ ᠪᠠᠶᠢᠷᠢᠯᠠᠭᠤᠯᠤᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠵᠢᠴᠢ ᠵᠢᠭᠤᠯᠴᠢᠯᠠᠯ ᠤᠨ ᠵᠠᠮ ᠬᠠᠷᠢᠯᠴᠠᠭᠠᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ︽ᠤᠮᠠᠷᠠᠰᠢ ᠨᠡᠭᠡᠭᠡᠬᠦ ᠡᠮᠦᠨᠡᠰᠢ ᠪᠠᠨ ᠰᠢᠯᠢᠳᠡᠭ᠂ ᠪᠠᠷᠠᠭᠤᠨᠰᠢ ᠪᠠᠨ ᠬᠤᠯᠪᠣᠭᠠᠯᠠᠵᠤ ᠵᠡᠭᠦᠨ | ᠵᠦᠭ ᠢᠶᠠᠨ ᠥᠷᠭᠡᠳᠬᠡᠬᠦ᠂ ᠳᠣᠲᠣᠭᠠᠳᠤ ᠳᠠᠭᠠᠨ ᠰᠠᠭᠠᠳ ᠥᠬᠡᠶ ᠭᠠᠳᠠᠭᠰᠢ ᠬᠦᠷᠭᠡᠬᠦ︾ ᠵᠠᠮ ᠲᠡᠭᠡᠭᠡᠪᠦᠷᠢ ᠶᠢᠨ ᠶᠡᠭᠡ | ᠵᠠᠮ ᠢ ᠪᠥᠬᠦ ᠲᠠᠯ᠎ᠠ ᠪᠠᠷ ᠪᠠᠶᠢᠭᠤᠯᠵᠤ᠂ ︽ᠰᠠᠭᠠᠳ ᠥᠬᠡᠶ ᠨᠡᠪᠲᠡᠷᠡᠬᠦ ᠳᠥᠭᠦᠮ ᠳᠥᠲᠡ᠂ ᠨᠡᠭᠡᠭᠡᠯᠲᠡ ᠲᠠᠢ | ᠠᠭᠤᠰᠤᠯᠴᠠᠭᠰᠠᠨ᠂ ᠠᠮᠤᠷ ᠲᠦᠪᠰᠢᠨ ᠪᠣᠬᠢᠷᠲᠤᠯ ᠥᠬᠡᠶ᠂ ᠣᠶᠤᠨᠴᠢ ᠥᠨᠳᠥᠷ ᠪᠦᠲᠦᠮᠵᠢᠲᠡᠶ︾ | ᠣᠳᠣᠬᠢᠴᠢᠯᠠᠭᠰᠠᠨ ᠵᠠᠰᠠᠮᠠᠯ ᠵᠠᠮ ᠤᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ | ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ︵G1817︶ ᠤᠨ ᠪᠠᠶᠠᠨᠬᠤᠳᠳᠤᠭ ᠠᠴᠠ ᠪᠠᠶᠠᠨᠬᠤᠲᠠ | ᠬᠦᠷᠲᠡᠯᠡᠬᠢ ᠵᠠᠰᠠᠮᠠᠯ ᠵᠠᠮ᠂ ᠤᠯᠤᠰ ᠤᠨ ᠵᠠᠮ 213 ᠱᠤᠭᠤᠮ ᠤᠨ ᠳ᠋ᠦᠩᠹᠧᠩ ᠰᠠᠨᠰᠠᠷ ᠤᠨ ᠬᠤᠳᠠ ᠠᠴᠠ ᠠᠷᠪᠠᠨ | ᠳᠥᠷᠪᠡᠳᠦᠭᠡᠷ ᠰᠠᠭᠤᠷᠢᠨ ᠭᠠᠵᠠᠷ ᠬᠦᠷᠬᠦ ᠵᠠᠰᠠᠮᠠᠯ ᠵᠠᠮ᠂ ᠤᠯᠤᠰ ᠤᠨ ᠵᠠᠮ 331 ᠱᠤᠭᠤᠮ ᠤᠨ ᠵᠠᠮ ᠤᠨ | ᠬᠤᠳᠳᠤᠭ ᠠᠴᠠ ᠰᠢᠬᠢᠷᠯᠢᠭ ᠬᠤᠳᠳᠤᠭ ᠬᠦᠷᠲᠡᠯᠡᠬᠢ ᠵᠠᠰᠠᠮᠠᠯ ᠵᠠᠮ᠂ ᠤᠯᠤᠰ ᠤᠨ ᠵᠠᠮ 627 ᠱᠤᠭᠤᠮ ᠤᠨ | ᠡᠵᠡᠨ᠎ᠡ ᠬᠤᠰᠢᠭᠤᠨ ᠠᠴᠠ ᠬᠤᠯᠤᠰᠤᠲᠤ ᠬᠥᠷᠬᠦ ᠬᠡᠰᠡᠭ ᠤᠨ ᠵᠠᠰᠠᠮᠠᠯ ᠵᠠᠮ᠂ ᠮᠤᠵᠢ ᠶᠢᠨ ᠵᠠᠮ 315 ᠱᠤᠭᠤᠮ ᠤᠨ | ᠲᠡᠮᠡᠭᠡᠲᠦ ᠠᠴᠠ ᠡᠦ ᠸᠧᠢ ᠬᠦᠷᠬᠦ ᠬᠡᠰᠡᠭ ᠤᠨ ᠵᠠᠰᠠᠮᠠᠯ ᠵᠠᠮ᠂ ᠮᠤᠵᠢ ᠶᠢᠨ ᠵᠠᠮ 228 ᠱᠤᠭᠤᠮ ᠤᠨ ᠸᠧᠢ ᠺᠧᠩ | ᠴᠢᠦᠸᠠᠨ ᠠᠴᠠ ᠪᠠᠳᠠᠶ ᠶᠢᠨ ᠵᠢᠷᠠᠨ ᠪᠠᠯᠭᠠᠰᠤ ᠬᠦᠷᠲᠡᠯᠡᠬᠢ ᠵᠠᠰᠠᠮᠠᠯ ᠵᠠᠮ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ | ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ᠣᠳᠣᠬᠢᠴᠢᠯᠠᠭᠰᠠᠨ ᠲᠡᠮᠦᠷ ᠵᠠᠮ ᠤᠨ ᠲᠣᠣᠷ ᠢ ᠪᠠᠶᠢᠭᠤᠯᠤᠨ᠎ᠠ᠃ ︽ᠭᠤᠷᠪᠠᠨ ᠬᠥᠨᠳᠡᠯᠡᠨ ᠳᠥᠷᠪᠡᠨ ᠭᠤᠯᠳᠤ | ︾ ᠲᠡᠮᠦᠷ ᠵᠠᠮ ᠤᠨ ᠲᠣᠤᠷ ᠤᠨ ᠪᠦᠲᠦᠴᠡ ᠶᠢ ᠲᠦᠷᠭᠡᠳᠬᠡᠨ ᠲᠡᠭᠦᠯᠳᠡᠷᠵᠢᠭᠦᠯᠵᠦ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠪᠣᠭᠤᠮᠲᠠ ᠶᠢᠨ ᠲᠡᠮᠦᠷ ᠵᠠᠮ᠂ ᠲᠦᠷᠭᠡᠨ ᠬᠤᠷᠳᠤ ᠶᠢᠨ ᠠᠶᠠᠨᠴᠢᠳ ᠤᠨ ᠲᠡᠭᠡᠭᠡᠪᠦᠷᠢ ᠶᠢᠨ | ᠲᠡᠮᠦᠷ ᠵᠠᠮ᠂ ᠡᠩ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠡᠮᠦᠷ ᠵᠠᠮ ᠪᠣᠯᠤᠨ ᠠᠵᠤ | ᠦᠢᠯᠡᠳᠪᠦᠷᠢ ᠶᠢᠨ ᠲᠥᠪᠯᠡᠷᠡᠭᠰᠡᠨ ᠣᠷᠣᠨ ᠵᠢᠴᠢ ᠠᠵᠤ ᠦᠢᠯᠡᠳᠪᠦᠷᠢ ᠠᠭᠤᠷᠬᠠᠶ ᠶᠢᠨ ᠣᠷᠣᠨ ᠤ ᠲᠡᠮᠦᠷ ᠵᠠᠮ ᠢ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ᠃ ᠢᠷᠭᠠᠢ ᠠᠴᠠ ᠪᠠᠶᠠᠨᠬᠤᠳᠠ ᠬᠥᠷᠬᠦ ᠰᠠᠯᠪᠤᠷᠢ ᠱᠤᠭᠤᠮ ᠤᠨ ᠲᠡᠮᠦᠷ | ᠵᠠᠮ᠂ ᠯᠢᠨᠾᠧ ᠠᠴᠠ ᠬᠠᠮᠢ ᠬᠥᠷᠬᠦ ᠲᠡᠮᠦᠷ ᠵᠠᠮ ︵ᠥᠪᠥᠷ ᠮᠣᠩᠭᠤᠯ ᠤᠨ ᠬᠡᠰᠡᠭ︶ ᠤᠨ ᠴᠢᠳᠠᠮᠵᠢ ᠶᠢ ᠥᠷᠭᠡᠳᠬᠡᠨ | ᠥᠭᠡᠷᠡᠴᠢᠯᠡᠬᠦ᠂ ᠦᠬᠠᠶ ᠶᠢᠨ ᠪᠠᠷᠠᠭᠤᠨ ᠬᠡᠰᠡᠭ ᠠᠴᠠ ᠵᠢᠷᠠᠲᠠᠶ ᠬᠥᠷᠬᠦ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ | ᠥᠭᠡᠷᠡᠴᠢᠯᠡᠯᠲᠡ᠂ ᠠᠯᠠᠱᠠ ᠪᠠᠷᠠᠭᠤᠨ ᠬᠤᠰᠢᠭᠤᠨ ᠤ ᠲᠠᠯ᠎ᠠ ᠬᠠᠷ᠎ᠠ ᠬᠢᠮᠢ ᠶᠢᠨ ᠠᠵᠤ ᠦᠢᠯᠡᠳᠪᠦᠷᠢ ᠶᠢᠨ ᠲᠡᠮᠦᠷ | ᠵᠠᠮ ᠤᠨ ᠲᠤᠰᠬᠠᠶ ᠱᠤᠭᠤᠮ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶᠠᠨ᠋ᠣ᠋ᠪᠣᠭ᠎ᠠ ᠠᠵᠤ ᠦᠢᠯᠡᠳᠪᠦᠷᠢ ᠶᠢᠨ | ᠬᠦᠷᠢᠶᠡᠯᠡᠩ ᠤᠨ ᠲᠡᠮᠦᠷ ᠵᠠᠮ ᠤᠨ ᠲᠤᠰᠬᠠᠶ ᠱᠤᠭᠤᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠬᠢᠨ᠎ᠡ︔ ᠵᠢᠦᠴᠢᠦᠸᠠᠨ ᠠᠴᠠ ᠡᠵᠡᠨ᠎ᠠ ᠭᠦᠷᠬᠦ ᠲᠡᠮᠦᠷ ᠵᠠᠮ᠂ ᠥᠯᠵᠡᠶ ᠪᠣᠭᠤᠮᠲᠠ ᠠᠴᠠ ᠰᠤᠬᠤᠨᠲᠤ ᠬᠥᠷᠬᠦ | ᠲᠡᠮᠦᠷ ᠵᠠᠮ᠂ ᠴᠠᠭᠠᠨ ᠳᠡᠷᠡᠰᠦᠨ ᠠᠴᠠ ᠵᠢᠷᠠᠲᠠᠶ ᠬᠥᠷᠬᠦ ᠲᠡᠮᠦᠷ ᠵᠠᠮ᠂ ᠪᠣᠩᠬᠤᠨ ᠠᠴᠠ ᠪᠠᠶᠠᠨᠬᠤᠲᠠ ᠬᠥᠷᠬᠦ ᠲᠡᠮᠦᠷ | ᠵᠠᠮ᠂ ᠳᠤᠮᠳᠠᠳᠤ ᠮᠣᠩᠭᠤᠯ ᠤᠨ ᠴᠡᠭᠡ - ᠨᠠᠷᠢᠨ ᠰᠣᠬᠠᠶᠢᠲᠤ ᠶᠢᠨ ᠬᠢᠯᠢ ᠠᠯᠤᠰᠯᠠᠭᠰᠠᠨ ᠲᠡᠮᠦᠷ ᠵᠠᠮ ᠵᠡᠷᠭᠡ ᠲᠥᠷᠥᠯ | ᠵᠦᠢᠯ ᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ︶ | ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠬᠦᠭᠡᠷᠦᠮᠵᠢ ᠶᠢ ᠥᠷᠭᠡᠨ ᠬᠠᠮᠣᠷᠣᠭᠤᠯᠣᠨᠠ᠃ ᠨᠢᠰᠬᠡᠯ ᠤᠨ | ᠪᠠᠭᠤᠳᠠᠯ ᠤᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠳᠡᠮ ᠬᠡᠷᠡᠭᠯᠡᠭᠡᠨ ᠤ | ᠠᠭᠠᠷ ᠤᠨ ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ᠂ ᠰᠠᠯᠪᠤᠷᠢ ᠱᠤᠭᠤᠮ ᠤᠨ ᠲᠡᠭᠡᠭᠡᠪᠦᠷᠢ ᠶᠢᠨ ᠬᠠᠷᠢᠯᠴᠠᠨ | ᠨᠥᠬᠦᠪᠥᠷᠢᠯᠡᠬᠦ ᠠᠭᠠᠷ ᠠᠶᠠᠯᠠᠯ ᠤᠨ ᠱᠤᠭᠤᠮ ᠢ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ | ᠂ ᠠᠯᠠᠱᠠ ᠪᠠᠷᠠᠭᠤᠨ ᠬᠤᠰᠢᠭᠤᠨ ᠤ ᠨᠢᠰᠬᠡᠯ ᠤᠨ ᠪᠠᠭᠤᠳᠠᠯ᠂ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠤᠨ | ᠵᠠᠷᠤᠯᠭ᠎ᠠ ᠪᠠᠷ ᠲᠤᠯᠭᠠᠭᠤᠷᠢᠯᠠᠯ ᠪᠣᠯᠭᠠᠬᠤ ᠶᠢ ᠠᠬᠢᠭᠤᠯᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢᠶᠠᠷ | ᠬᠠᠪᠰᠤᠷᠤᠮᠵᠢ ᠪᠣᠯᠭᠠᠭᠰᠠᠨ ᠣᠯᠠᠨ ᠶᠠᠩᠵᠤ ᠶᠢᠨ᠂ ᠪᠣᠰᠤᠭ᠎ᠠ ᠴᠣᠭᠴᠠᠲᠤ ᠠᠭᠠᠷ ᠤᠨ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠪᠠᠶᠢᠭᠤᠯᠬᠤ ᠶᠢ ᠠᠬᠢᠭᠤᠯᠵᠤ᠂ ᠣᠶᠢᠷ᠎ᠠ ᠵᠠᠮ ᠤᠨ ᠲᠡᠭᠡᠭᠡᠪᠦᠷᠢ ᠶᠢᠨ ᠰᠦᠯᠵᠢᠶ᠎ᠡ᠂ ᠠᠵᠢᠯ ᠳᠤ ᠭᠠᠷᠬᠤ | ᠠᠭᠠᠷ ᠤᠨ ᠲᠡᠭᠡᠭᠡᠪᠦᠷᠢ ᠶᠢᠨ ᠰᠦᠯᠵᠢᠶ᠎ᠡ᠂ ᠰᠠᠯᠪᠤᠷᠢ ᠱᠤᠭᠤᠮ ᠤᠨ ᠠᠭᠠᠷ ᠤᠨ ᠲᠡᠭᠡᠭᠡᠪᠦᠷᠢ ᠶᠢᠨ ᠰᠦᠯᠵᠢᠶ᠎ᠡ ᠵᠡᠷᠭᠡ | ᠭᠤᠷᠪᠠᠨ ᠰᠦᠯᠵᠢᠶᠡᠨ ᠤ ᠠᠭᠤᠰᠤᠯᠴᠠᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ | ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ︶ | 2. ᠡᠨᠧᠷᠭᠢ ᠶᠢᠨ ᠬᠦᠷᠢᠶ᠎ᠡ | ᠴᠠᠬᠢᠯᠭᠠᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ᠃ ᠴᠠᠬᠢᠯᠭᠠᠨ ᠲᠣᠤᠷ ᠤᠨ | ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠢᠭᠡᠨᠲᠡ ᠪᠠᠶᠢᠭᠤᠯᠣᠭᠰᠠᠨ ᠵᠢᠷᠠᠲᠠᠶ— | ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ 500 ᠺᠢᠯᠣᠸᠠᠲ ᠤᠨ ᠭᠤᠤᠯ ᠲᠣᠤᠷ ᠤᠨ ᠪᠦᠷᠢᠯᠳᠦᠴᠡ ᠶᠢᠨ | ᠰᠠᠭᠤᠷᠢᠨ ᠳᠡᠭᠡᠷ᠎ᠡ᠂ ᠴᠠᠭ ᠲᠤᠨᠢ ᠳᠣᠭᠢᠷᠠᠭᠤᠯᠤᠨ ᠳᠠᠷᠤᠯᠲᠠ ᠶᠢ ᠳᠡᠭᠡᠭᠰᠢᠯᠡᠭᠦᠯᠦᠨ ᠰᠢᠶᠠᠩ ᠲᠠᠢ — ᠠᠯᠲᠠᠨ᠂ | ᠠᠯᠲᠠᠨ —ᠬᠤᠯᠠᠳᠠᠬᠢᠨ ᠢ ᠲᠣᠭᠲᠠᠭᠠᠭᠴᠢ ᠬᠤᠷᠢᠶ᠎ᠠ— ᠲᠩᠷᠢ ︽ᠨᠢᠭᠡ ᠭᠤᠯᠳᠤ︾ 500 ᠺᠢᠯᠣᠸᠠᠲ ᠤᠨ ᠭᠤᠤᠯ | ᠲᠣᠤᠷ ᠤᠨ ᠪᠦᠲᠦᠴᠡ ᠶᠢ ᠪᠥᠲᠥᠭᠡᠨ ᠪᠠᠶᠢᠭᠤᠯᠵᠤ᠂ ᠠᠶᠢᠮᠠᠭ ᠤᠨ ᠳᠣᠲᠣᠷᠠᠬᠢ 500 ᠺᠢᠯᠣᠸᠠᠲ ᠤᠨ ᠭᠤᠤᠯ | ᠲᠣᠤᠷ ᠤᠨ ᠴᠠᠭᠠᠷᠢᠭ ᠲᠣᠤᠷ ᠤᠨ ᠪᠦᠲᠦᠴᠡ ᠶᠢ ᠴᠢᠷᠮᠠᠶᠢᠨ ᠪᠣᠶ ᠪᠣᠯᠭᠠᠵᠤ᠂ ᠠᠶᠢᠮᠠᠭ ᠤᠨ ᠳᠣᠲᠣᠷᠠᠬᠢ ᠴᠠᠬᠢᠯᠭᠠᠨ | ᠲᠣᠤᠷ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠯᠤᠭ᠎ᠠ ᠵᠣᠯᠭᠠᠭᠤᠯᠬᠤ ᠶᠢ ᠤᠯᠠᠮ ᠨᠢᠭᠡ | ᠠᠯᠬᠤᠮ ᠴᠢᠩᠭᠠᠳᠬᠠᠨ᠎ᠠ᠃ ᠳ᠋ᠦᠩᠰᠢᠭᠤᠷ ᠺᠢᠯᠣᠸᠠᠲ ᠤᠨ ᠲᠠᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠲᠣᠮᠣ | ᠰᠠᠭᠤᠷᠢᠨ ᠭᠠᠵᠠᠷ ᠪᠣᠯᠤᠨ ᠭᠠᠳᠠᠭᠰᠢ ᠳᠠᠮᠵᠢᠭᠤᠯᠬᠤ ᠳᠦᠬᠦᠷ ᠱᠤᠭᠤᠮ ᠤᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ︽ᠲᠣᠤᠷ ᠲᠠᠬᠢ ᠲᠣᠤᠷ︾ | ᠤᠨ ᠣᠨᠴᠠ ᠥᠨᠳᠥᠷ ᠬᠦᠴᠦᠳᠡᠯᠲᠦ ᠪᠤᠶᠤ ᠬᠡᠳᠦ ᠥᠨᠳᠥᠷ ᠬᠦᠴᠦᠳᠡᠯᠲᠦ ᠭᠠᠳᠠᠭᠰᠢ ᠴᠠᠬᠢᠯᠭᠠᠨ ᠬᠦᠷᠭᠡᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠤ ᠶᠠ 500 | ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ ᠰᠢᠶᠠᠩ ᠳ᠋ᠧ 220 ᠺᠢᠯᠣᠸᠠᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ᠂ ᠠ ᠭᠤᠸᠠᠩ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | ᠰᠢᠨ᠎ᠡ ᠬᠡᠯᠪᠡᠷᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠶᠢᠨ | ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠠᠴᠠ ᠡᠯᠡᠰᠦ ᠮᠠᠩᠬ᠎ᠠ᠂ ᠭᠤᠪᠢ ᠴᠥᠯ ᠢᠶᠠᠷ ᠭᠤᠣᠯ ᠪᠣᠯᠭᠠᠭᠰᠠᠨ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠶᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠬᠡᠪᠴᠢᠶᠡᠵᠢᠬᠦᠯᠦᠨ ᠨᠡᠭᠡᠭᠡᠨ | ᠬᠥᠭᠵᠢᠭᠦᠯᠬᠦ ᠶᠢ ᠶᠡᠬᠡᠪᠡᠷ ᠠᠬᠢᠭᠤᠯᠤᠨ᠎ᠠ᠃ ᠠᠯᠠᠱᠠ—ᠱᠠᠩᠬᠤ ᠶᠢᠨ ᠰᠦᠮ᠎ᠡ ᠶᠢᠨ 160 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ᠂ ᠠᠯᠠᠱᠠ ᠠᠭᠤᠯᠠ ᠶᠢᠨ ᠨᠡᠪᠲᠡᠷᠡᠬᠦ ᠵᠠᠮ ᠤᠨ ᠰᠢᠨ᠎ᠡ ᠡᠨᠧᠷᠭᠢ ᠶᠢᠨ ᠰᠠᠭᠤᠷᠢᠨ | ᠭᠠᠵᠠᠷ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠠᠭᠠᠴᠢ ᠶᠢᠨ | ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠦᠷᠭᠦᠯᠵᠢᠯᠡᠨ ᠰᠠᠶᠢᠲᠤᠷ ᠬᠢᠨ᠎ᠠ᠃ ᠠᠯᠠᠱᠠ— ᠪᠤᠭᠤᠲᠤ— ᠬᠥᠬᠡᠬᠤᠲᠠ— ᠤᠯᠠᠭᠠᠨᠴᠠᠪ ᠤᠨ | ᠬᠡᠷᠡᠯ ᠴᠡᠨᠡᠭ ᠤᠨ 800kV ᠴᠢᠯᠦᠭᠡᠳᠡᠢ ᠲᠣᠭᠲᠠᠮᠠᠯ ᠭᠦᠶᠦᠳᠡᠯ ᠤᠨ ᠣᠨᠴᠠ ᠥᠨᠳᠥᠷ ᠬᠦᠴᠦᠳᠡᠯᠲᠦ ᠣᠷᠣᠨ ᠤ | ᠳᠣᠲᠣᠷᠠᠬᠢ ᠴᠠᠬᠢᠯᠭᠠᠨ ᠬᠦᠷᠭᠡᠬᠦ ᠨᠡᠪᠲᠡᠷᠡᠯ ᠵᠠᠮ ᠢ ᠠᠬᠢᠭᠤᠯᠵᠤ᠂ ᠠᠯᠠᠱᠠ ᠬᠢᠭᠡᠳ ᠦᠬᠠᠶ᠂ ᠣᠷᠳᠣᠰ ᠤᠨ ᠮᠧᠩ | ᠰᠢ᠂ ᠨᠢᠩᠰᠢᠶᠠ ᠶᠢᠨ ᠢᠷᠭᠠᠶ ᠶᠢᠨ ᠨᠢᠩ ᠳ᠋ᠦᠩ᠂ ᠳᠡᠷᠡᠰᠦᠨ᠂ ᠡᠤ ᠵᠥᠩ᠂ ᠱᠢ ᠽᠦᠶ ᠱᠠᠨ ᠵᠡᠷᠭᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠤ ᠵᠢᠱᠢᠶ᠎ᠡ ᠦᠵᠡᠭᠦᠯᠬᠦ᠂ ᠡᠬᠢ | ᠰᠤᠷᠪᠤᠯᠵᠢ ᠲᠣᠤᠷ ᠤᠨ ᠳᠠᠭᠠᠭᠠᠴᠠ ᠶᠢᠨ ᠬᠠᠳᠠᠭᠠᠯᠠᠯᠲᠠ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠨᠧᠷᠭᠢ ᠶᠢᠨ | ᠲᠣᠪᠴᠢᠶ᠎ᠠ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | ᠲᠣᠰᠣ ᠬᠡᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ᠃ ᠰᠢᠲᠠᠮᠠᠬᠠᠶ ᠬᠡᠶ ᠶᠢᠨ ᠡᠬᠢ | ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠵᠢᠷᠠᠲᠠᠶ ᠴᠢᠯᠠᠭᠤᠨ | ᠲᠣᠰᠣᠨ ᠤ ᠠᠭᠤᠷᠬᠠᠶ ᠶᠢᠨ ︽ᠭᠠᠷᠤᠯᠲᠠ ᠪᠠᠨ ᠨᠡᠮᠡᠭᠳᠡᠭᠦᠯᠬᠦ︾ ᠢᠨᠵᠧᠨᠧᠷᠢᠩ ᠢ ᠠᠬᠢᠭᠤᠯᠤᠨ᠎ᠠ︔ ᠢᠷᠭᠠᠢ ᠡᠵᠡᠨ᠎ᠡ | ᠬᠤᠲᠣᠭᠤᠷ ᠢᠶᠠᠷ ᠭᠤᠤᠯᠳᠠᠯᠭ᠎ᠠ ᠲᠠᠢ ᠰᠢᠪᠲᠤᠯᠤᠯᠲᠠ ᠬᠢᠬᠦ ᠣᠷᠣᠨ ᠪᠦᠰᠡ ᠪᠣᠯᠭᠠᠵᠤ᠂ ᠬᠠᠶᠢᠨ ᠰᠢᠨᠵᠢᠬᠦ | ᠡᠷᠴᠢᠮ ᠢᠶᠠᠨ ᠴᠢᠩᠭᠠᠷᠠᠭᠤᠯᠤᠨ᠂ ᠬᠠᠳᠠᠭᠠᠯᠠᠭᠳᠠᠴᠠ ᠶᠢ ᠨᠡᠮᠡᠭᠳᠡᠭᠦᠯᠬᠦ ᠶᠢ ᠪᠡᠶᠡᠯᠡᠬᠦᠯᠦᠨ᠎ᠡ︔ ᠶᠠᠪᠠᠷᠠᠢ ᠶᠢᠨ | ᠬᠤᠲᠣᠭᠤᠷ ᠢᠶᠠᠷ ᠪᠡᠯᠡᠳᠬᠡᠯ ᠳᠠᠯᠳᠠ ᠬᠦᠴᠦᠨ ᠲᠠᠢ ᠣᠷᠣᠨ ᠪᠦᠰᠡ ᠪᠣᠯᠭᠠᠵᠤ᠂ ᠬᠠᠳᠠᠭᠠᠯᠠᠬᠤ ᠰᠤᠳᠤᠯᠭᠠᠨ ᠢ | ᠭᠤᠤᠯᠳᠠᠯᠭ᠎ᠠ ᠲᠠᠢ ᠭᠦᠨᠵᠡᠭᠡᠶᠢᠷᠡᠭᠦᠯᠦᠨ᠂ ᠬᠠᠶᠢᠨ ᠰᠢᠨᠵᠢᠯᠡᠬᠦ ᠶᠢ ᠴᠢᠷᠮᠠᠶᠢᠨ ᠪᠡᠶᠡᠯᠡᠭᠦᠯᠵᠦ᠂ ᠰᠢᠲᠠᠮᠠᠬᠠᠶ ᠬᠡᠢ ᠶᠢᠨ | ᠭᠠᠷᠤᠯᠲᠠ ᠶᠢᠨ ᠲᠣᠭᠲᠠᠭᠤᠨ ᠤ ᠳᠤᠮᠳᠠ ᠳᠡᠭᠡᠭᠰᠢᠯᠡᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠡᠨᠧᠷᠭᠢ ᠶᠢᠨ ᠲᠣᠪᠴᠢᠶ᠎ᠠ︶ | 3. ᠤᠰᠤᠨ ᠠᠰᠢᠭᠯᠠᠯᠲᠠ ᠶᠢᠨ ᠬᠦᠷᠢᠶ᠎ᠡ | ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠢ | ᠠᠷᠪᠢᠯᠠᠨ ᠠᠰᠢᠭᠯᠠᠬᠤ ᠪᠠᠷ ᠳᠠᠮᠵᠢᠭᠤᠯᠤᠨ᠂ ᠤᠰᠤᠨ ᠰᠤᠷᠪᠤᠯᠵᠢ ᠶᠢᠨ ᠭᠠᠵᠠᠷ᠂ ᠤᠰᠤ ᠲᠠᠲᠠᠬᠤ ᠢᠨᠵᠧᠨᠧᠷᠢᠩ᠂ | ᠣᠳᠣᠬᠢᠴᠢᠯᠠᠭᠰᠠᠨ ᠤᠰᠤᠯᠠᠯᠲᠠ ᠶᠢᠨ ᠣᠷᠣᠨ ᠪᠣᠯᠤᠨ ᠬᠥᠳᠡᠭᠡ ᠲᠣᠰᠬᠤᠨ ᠤ ᠠᠶᠤᠯ ᠦᠭᠡᠶ ᠤᠤᠭᠤᠬᠤ ᠤᠰᠤ ᠶᠢ | ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠪᠦᠲᠦᠭᠡᠨ ᠪᠠᠶᠢᠭᠤᠯᠵᠤ᠂ ᠤᠰᠤ ᠬᠠᠩᠭᠠᠬᠤ ᠠᠶᠤᠯ | ᠦᠭᠡᠶ ᠶᠢ ᠴᠢᠩᠭᠠᠷᠠᠭᠤᠯᠤᠨ᠎ᠠ᠃ ᠠᠯᠠᠱᠠ ᠠᠶᠢᠮᠠᠭ ᠤᠨ ᠳᠤᠮᠳᠠ ᠪᠠᠭ᠎ᠠ ᠭᠤᠤᠯ ᠮᠥᠷᠡᠨ ᠢ ᠵᠠᠰᠠᠬᠤ᠂ ᠮᠠᠯᠵᠢᠬᠤ | ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ ᠲᠠᠷᠢᠶᠠᠨ ᠭᠠᠵᠠᠷ ᠤᠨ ᠪᠡᠯᠡᠳᠬᠡᠯ ᠡᠬᠢ | ᠪᠠᠶᠠᠯᠢᠭ ᠢ ᠨᠡᠭᠡᠭᠡᠨ ᠠᠰᠢᠭᠯᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠤᠰᠤᠨ ᠤ ᠶᠠᠪᠤᠳᠠᠯ ᠤᠨ | ᠲᠣᠪᠴᠢᠶ᠎ᠠ︶ | ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯ ᠤᠨ ᠰᠣᠳᠠᠯ ᠢ | ᠴᠡᠭᠴᠡᠯᠡᠨ ᠵᠠᠰᠠᠬᠤ᠂ ᠭᠤᠣᠯ ᠮᠥᠷᠡᠨ ᠢ ᠵᠠᠰᠠᠬᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠳᠠᠯᠠᠩ ᠢ ᠪᠠᠷᠢᠮᠵᠢᠶ᠎ᠠ ᠳᠤ | ᠬᠦᠷᠦᠭᠦᠯᠬᠦ ᠪᠠ ᠭᠤᠤᠯ ᠤᠨ ᠰᠣᠳᠠᠯ ᠢ ᠵᠠᠰᠠᠬᠤ ᠢᠨᠵᠧᠨᠧᠷᠢᠩ ︵ᠠᠯᠠᠱᠠ ᠠᠶᠢᠮᠠᠭ ᠤᠨ ᠬᠡᠰᠡᠭ︶ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠤᠰᠤᠨ ᠤ ᠶᠠᠪᠤᠳᠠᠯ ᠤᠨ | ᠲᠣᠪᠴᠢᠶ᠎ᠠ︶ | ᠤᠰᠤᠨ ᠤ ᠠᠮᠢ ᠠᠬᠤᠶ ᠣᠷᠴᠢᠨ ᠲᠣᠭᠤᠷᠢᠨ ᠤ ᠰᠡᠷᠭᠦᠭᠡᠯᠲᠡ ᠶᠢ ᠴᠢᠩᠭᠠᠳᠬᠠᠨ᠎ᠠ᠃ ᠭᠠᠵᠠᠷ ᠳᠣᠤᠷᠠᠬᠢ | ᠤᠰᠤ ᠶᠢ ᠬᠠᠮᠠᠭᠠᠯᠠᠬᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠢᠭᠡᠳ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ | ᠴᠢᠩᠭᠠᠳᠬᠠᠨ᠎ᠠ᠃ ᠤᠯᠠᠭᠠᠨᠪᠤᠬ᠎ᠠ ᠶᠢᠨ ᠡᠯᠡᠰᠦ ᠶᠢᠨ ᠠᠮᠢ ᠠᠬᠤᠢ ᠶᠢ ᠪᠠᠬᠢᠵᠢᠬᠦᠯᠬᠦ᠂ ᠡᠵᠡᠨ᠎ᠡ ᠬᠤᠰᠢᠭᠤᠨ ᠤ | ᠰᠤᠪᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠨ ᠰᠡᠷᠭᠦᠭᠡᠬᠦ᠂ ᠬᠠᠷ᠎ᠠ ᠭᠤᠤᠯ ᠤᠨ ᠰᠠᠪᠠ ᠭᠠᠵᠠᠷ ᠤᠨ | ᠠᠮᠢ ᠠᠬᠤᠢ ᠶᠢ ᠰᠡᠷᠭᠦᠭᠡᠬᠦ᠂ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠢ ᠵᠠᠰᠠᠬᠤ ᠪᠠ ᠵᠠᠰᠠᠨ ᠰᠡᠷᠭᠦᠭᠡᠬᠦ | ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠠᠵᠤ ᠦᠢᠯᠡᠰ ᠤᠨ ᠳᠡᠰ ᠳᠠᠪᠰᠢᠬᠤ ᠶᠢ ᠴᠢᠩᠭᠠᠳᠬᠠᠨ᠂ ᠰᠠᠭᠤᠷᠢ ᠲᠦᠬᠦᠭᠡᠷᠥᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ | 1. ᠮᠡᠳᠡᠭᠡ ᠵᠠᠩᠭᠢ ᠶᠢᠨ ᠬᠦᠷᠢᠶ᠎ᠡ | ᠤᠯᠠᠮᠵᠢᠯᠠᠯᠲᠤ ᠰᠠᠭᠤᠷᠢ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠲᠣᠣᠷ ᠰᠦᠯᠵᠢᠶ᠎ᠠ ᠶᠢᠨ ᠰᠠᠭᠤᠷᠢ ᠪᠡᠯᠡᠳᠭᠡᠮᠵᠢ ᠶᠢᠨ ᠳᠡᠭᠡᠳᠦ ᠬᠤᠷᠳᠦ ᠶᠢᠨ ᠨᠣᠷᠮ᠎ᠠ᠂ ᠠᠵᠢᠯ ᠤᠨ ᠬᠤᠷᠣᠠᠠᠳᠡᠯ | ᠲᠣᠣᠷ᠎ᠠ᠂ ᠨᠡᠶᠢᠳᠡᠪᠦᠷᠢᠳᠡᠢ ᠵᠠᠯᠭᠠᠯᠳᠣᠵᠦ ᠳᠡᠰ ᠳᠡᠪᠰᠢᠬᠦᠯᠬᠦ ᠶᠢ ᠠᠬᠢᠭᠤᠯᠵᠦ᠂ ᠣᠷᠣᠨ ᠪᠦᠰᠡ ᠶᠢᠨ ᠦᠷᠭᠡᠨ | ᠪᠦᠰᠡᠳᠣ ᠲᠣᠣᠷ ᠰᠦᠯᠵᠢᠶ᠎ᠠ ᠶᠢᠨ ᠳᠥᠭᠡᠮᠡᠯᠵᠢᠯᠳᠡ ᠶᠢᠨ ᠨᠣᠷᠮ᠎ᠠ ᠪᠠ ᠲᠣᠣᠷ ᠰᠦᠯᠵᠢᠶ᠎ᠠ ᠶᠢᠨ ᠦᠢᠯᠡᠴᠢᠯᠡᠭᠡᠨ ᠤ | ᠶᠠᠰᠣ ᠴᠢᠨᠡᠷ ᠢ ᠳᠡᠭᠡᠭᠰᠢᠯᠡᠬᠦᠯᠥᠨ᠂ ᠭᠤᠣᠯ ᠪᠣᠯᠬᠤ ᠲᠣᠣᠷ ᠰᠦᠯᠵᠢᠶ᠎ᠠ ᠶᠢᠨ ᠳᠡᠮᠵᠢᠭᠤᠯᠵᠤ ᠰᠣᠯᠢᠯᠴᠠᠬᠤ | ᠴᠢᠳᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠢᠨᠲ᠋ᠧᠷ ᠰᠦᠯᠵᠢᠶ᠎ᠠ ᠶᠢᠨ ᠣᠷᠣᠰᠬᠠᠯ ᠤᠨ ᠬᠡᠮᠵᠢᠶ᠎ᠡ ᠶᠢᠨ | ᠠᠴᠢᠶᠠᠯᠠᠬᠤ ᠴᠢᠳᠡᠪᠦᠷᠢ ᠪᠠ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠴᠢᠳᠡᠪᠦᠷᠢ ᠶᠢ ᠳᠡᠭᠡᠭᠰᠢᠯᠡᠬᠦᠯᠥᠨ᠎ᠠ | ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠬᠡᠷ︶ | ᠤᠲᠠᠰᠤ ᠦᠭᠡᠶ ᠴᠢᠮᠡᠭᠡ ᠬᠤᠯᠪᠣᠭᠠᠨ ᠤ ᠰᠦᠯᠵᠢᠶᠡᠨ ᠤ ᠲᠥᠬᠦᠭᠡᠷᠦᠮᠵᠢ ᠶᠢ ᠳᠡᠭᠦᠯᠳᠡᠷᠵᠢᠬᠦᠯᠦᠨ᠎ᠡ᠃ | 5G ᠶᠢᠨ ᠰᠠᠭᠤᠷᠢ ᠥᠷᠲᠡᠭᠡ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠡᠮᠬᠢ ᠵᠢᠷᠤᠮ ᠲᠠᠢ ᠠᠬᠢᠭᠤᠯᠵᠤ᠂ | ᠬᠤᠲᠠ ᠪᠠᠯᠭᠠᠰᠤᠨ ᠤ ᠭᠤᠤᠯ ᠣᠷᠣᠨ ᠪᠦᠰᠡ᠂ ᠵᠠᠮ ᠬᠠᠷᠢᠯᠴᠠᠭᠠᠨ ᠤ ᠪᠣᠭᠤᠮᠳᠠ᠂ ᠣᠯᠠᠨ ᠨᠡᠶᠢᠲᠡ ᠶᠢᠨ ᠲᠠᠯᠠᠪᠤᠷ ᠢ | ᠭᠤᠤᠯᠳᠠᠯᠭ᠎ᠠ ᠲᠠᠢ ᠬᠠᠮᠤᠷᠴᠤ᠂ ᠠᠵᠤ ᠦᠢᠯᠡᠰ ᠤᠨ ᠬᠡᠷᠡᠭᠯᠡᠭᠡᠨ ᠤ ᠣᠷᠣᠨ ᠪᠦᠰᠡ ᠵᠢᠴᠢ ᠬᠤᠳᠠᠯᠳᠤᠭᠠᠨ ᠤ ᠵᠡᠭᠡᠯᠢ | ᠲᠣᠭᠤᠷᠢᠭ ᠤᠨ ᠴᠢᠨᠠᠷ ᠰᠠᠶᠢᠲᠠᠶ ᠪᠦᠷᠬᠦᠴᠡ ᠶᠢ ᠤᠷᠢᠳᠠᠪᠠᠷ ᠪᠠᠲᠤᠯᠠᠨ᠎ᠠ᠃ ᠵᠢᠷᠭᠤᠳᠤᠭᠠᠷ ᠦᠶ᠎ᠡ ᠶᠢᠨ ᠤᠲᠠᠰᠤ | ᠥᠬᠡᠶ ᠰᠦᠯᠵᠢᠶ᠎ᠡ ︵Wi - Fi6︶ ᠶᠢᠨ ᠮᠡᠷᠭᠡᠵᠢᠯ ᠢ ᠰᠦᠪᠡᠭᠴᠢᠯᠡᠨ ᠬᠡᠷᠡᠭᠯᠡᠵᠦ᠂ ᠤᠲᠠᠰᠤ ᠥᠬᠡᠶ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠂ ᠨᠡᠶᠢᠲᠡ ᠶᠢᠨ ᠠᠰᠠᠷᠠᠮᠵᠢ ᠶᠢᠨ ᠤᠲᠠᠰᠤ ᠥᠬᠡᠶ ᠰᠦᠯᠵᠢᠶᠡᠨ ᠤ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠠᠰᠠᠭ ᠵᠠᠬᠢᠷᠭᠠᠨ ᠤ ᠠᠵᠢᠯ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠬᠤᠳᠠᠯᠳᠤᠭᠠᠨ ᠤ | ᠲᠠᠯᠠᠪᠤᠷ ᠵᠡᠷᠭᠡ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠤᠨ ᠤᠲᠠᠰᠤ ᠥᠬᠡᠶ ᠰᠦᠯᠵᠢᠶ᠎ᠡ ᠶᠢᠨ | ᠬᠠᠮᠤᠷᠬᠤ ᠶᠢ ᠲᠦᠷᠭᠡᠳᠬᠡᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠬᠡᠷ︶ | ᠳ᠋ᠠᠶᠢᠲ᠋ᠠ ᠶᠢᠨ ᠲᠥᠪ ᠢ ᠪᠠᠶᠢᠭᠤᠯᠤᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠠᠬᠢᠭᠤᠯᠵᠤ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠭᠰᠠᠨ | ᠤᠶᠤᠨᠴᠢᠯᠠᠭᠰᠠᠨ ᠲᠦᠪᠰᠢᠨ ᠢ ᠳᠡᠭᠡᠭᠰᠢᠯᠡᠬᠦᠯᠦᠨ᠎ᠡ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ | ᠨᠡᠭᠡᠭᠡᠯᠳᠡ ᠶᠢᠨ ᠣᠷᠣᠨ ᠤ ᠮᠡᠳᠡᠭᠡ ᠵᠠᠩᠬᠢᠴᠢᠯᠠᠯᠳᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠦᠷᠬᠡᠨ | ᠪᠠᠶᠢᠭᠤᠯᠵᠤ᠂ ᠠᠯᠠᠱᠠ ᠠᠶᠢᠮᠠᠭ ᠤᠨ ᠤᠶᠤᠨᠴᠢᠯᠠᠭᠰᠠᠨ ᠬᠠᠮᠢᠶᠠᠷᠤᠯᠲᠠ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠪᠥᠬᠦ ᠲᠠᠯ᠎ᠠ ᠪᠠᠷ | ᠲᠠᠰ ᠳᠡᠪᠰᠢᠭᠦᠯᠵᠦ᠂ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠤᠷᠲᠤᠳᠬᠠᠵᠤ᠂ | ᠠᠶᠢᠮᠠᠭ᠂ ᠬᠤᠰᠢᠭᠤ ᠣᠷᠣᠨ᠂ ᠰᠤᠮᠤ ᠪᠠᠯᠭᠠᠰᠤ ᠶᠢ ᠪᠦᠷᠢᠨ ᠪᠥᠷᠬᠦᠭᠦᠯᠬᠦ᠂ ᠨᠡᠶᠢᠭᠡᠮ ᠲᠣᠭᠤᠷᠢᠭ᠂ ᠵᠡᠭᠡᠯᠢ | ᠭᠤᠳᠤᠮᠵᠢ᠂ ᠭᠠᠴᠠᠭ᠎ᠠ ᠲᠣᠰᠬᠤᠨ ᠢ ᠠᠮᠢᠳᠤᠯᠢᠭ ᠢᠶᠠᠷ ᠣᠷᠣᠭᠤᠯᠬᠤ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ | ᠳ᠋ᠠᠶᠢᠲ᠋ᠠ ᠵᠢᠴᠢ ᠨᠡᠶᠢᠭᠡᠮ ᠤᠨ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠪᠥᠬᠦ ᠠᠶᠢᠮᠠᠭ ᠤᠨ ᠨᠢᠭᠡᠳᠦᠯᠲᠡᠶ ᠳ᠋ᠠᠶᠢᠲ᠋ᠠ ᠶᠢᠨ | ᠲᠥᠪ᠂ ᠲᠣᠮᠣ ᠳ᠋ᠠᠶᠢᠲ᠋ᠠ ᠶᠢᠨ ᠡᠬᠢ ᠪᠠᠶᠠᠯᠢᠭ ᠤᠨ ᠬᠦᠮᠦᠷᠭᠡ ᠶᠢ ᠪᠠᠶᠢᠭᠤᠯᠤᠨ᠂ ᠪᠥᠬᠦ ᠠᠶᠢᠮᠠᠭ ᠤᠨ | ᠲᠥᠪᠯᠡᠷᠡᠭᠦᠯᠦᠭᠰᠡᠨ ᠳᠣᠭᠢᠷᠠᠭᠤᠯᠤᠨ ᠵᠢᠯᠣᠭᠤᠳᠬᠤ ᠲᠥᠪ ᠢ ᠪᠠᠶᠢᠭᠤᠯᠬᠤ ᠶᠢ ᠠᠬᠢᠭᠤᠯᠵᠤ᠂ ᠡᠯ᠎ᠡ ᠠᠵᠢᠯ ᠲᠥᠷᠥᠯ | ᠡᠯ᠎ᠡ ᠬᠦᠷᠢᠶᠡᠨ ᠤ ᠳ᠋ᠠᠶᠢᠲ᠋ᠠ ᠶᠢ ᠶᠡᠷᠦᠩᠬᠡᠶᠢᠯᠡᠨ ᠵᠠᠳᠠᠯᠬᠤ ᠪᠠ ᠲᠡᠭᠦᠰᠬᠡᠯ ᠦᠵᠦᠭᠦᠷ ᠤᠨ ᠬᠡᠷᠡᠭᠯᠡᠯᠲᠡ ᠶᠢ ᠠᠬᠢᠭᠤᠯᠤᠨ | ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ | ᠠᠮᠤᠷ ᠲᠦᠪᠰᠢᠨ ᠢ ᠪᠠᠲᠤᠯᠠᠵᠤ᠂ ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠦᠨ᠂ ᠰᠠᠶᠢᠨ ᠰᠠᠶᠢᠬᠠᠨ ᠲᠣᠭᠠᠴᠢᠯᠠᠭᠰᠠᠨ ᠣᠷᠴᠢᠨ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ | ᠄ ᠠᠶᠢᠮᠠᠭ ᠤᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠴᠢᠯᠠᠯᠳᠠ ᠶᠢᠨ | ᠬᠤᠷᠢᠶᠠᠨ ᠤ ᠠᠯᠪᠠᠨ ᠬᠡᠷ᠂ ᠠᠶᠢᠮᠠᠭ ᠤᠨ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠳᠪᠦᠷᠢ ᠮᠡᠳᠡᠭᠡ | ᠵᠠᠩᠬᠢᠴᠢᠯᠠᠯᠳᠠ ᠶᠢᠨ ᠲᠣᠪᠴᠢᠶ᠎ᠠ᠂ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠬᠡᠷ︶ | 2. ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠢᠳᠡᠪᠬᠢᠲᠡᠶ ᠪᠠᠷ | ᠪᠤᠢ ᠪᠣᠯᠭᠠᠨ᠎ᠠ᠃ ᠴᠠᠭᠠᠨ ᠭᠤᠶᠣᠣ᠂ ᠲᠡᠮᠡᠭᠡ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ | ᠴᠢᠩᠭᠠᠳᠬᠠᠵᠤ᠂ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠴᠠᠭᠠᠨ ᠭᠤᠶᠣᠣ ᠶᠢᠨ | ᠲᠣᠮᠣ ᠲᠥᠷᠥᠯ ᠵᠦᠢᠯ ᠢ ᠨᠡᠭᠡᠭᠡᠨ ᠬᠥᠭᠵᠢᠭᠦᠯᠬᠦ ᠪᠠ ᠠᠵᠤ ᠦᠢᠯᠡᠰᠵᠢᠭᠦᠯᠬᠦ︾ ᠲᠥᠷᠥᠯ ᠵᠦᠢᠯ ᠢ ᠬᠡᠷᠡᠭᠵᠢᠭᠦᠯᠵᠦ᠂ | ᠠᠯᠠᠱᠠ ᠶᠢᠨ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠣᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ | ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠭᠢ᠂ ᠰᠢᠨ᠎ᠡ ᠮᠠᠲ᠋ᠧᠷᠢᠶᠠᠯ ᠤᠨ ᠬᠦᠷᠢᠶᠡᠨ ᠤ | ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠥᠷᠨᠢᠭᠦᠯᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠳᠤ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠢᠳᠡᠪᠬᠢᠲᠡᠶ ᠪᠠᠷ ᠪᠠᠶᠢᠭᠤᠯᠵᠤ᠂ 2025 | ᠣᠨ ᠤ ᠡᠴᠦᠰ ᠪᠣᠯᠬᠤ ᠳᠤ᠂ 15 ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠤᠯᠬᠤ ᠪᠠᠷ ᠴᠢᠷᠮᠠᠶᠢᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 3. ᠪᠠᠷᠠᠭᠠᠨ ᠤ ᠭᠦᠢᠯᠭᠡᠭᠡᠨ ᠤ ᠬᠦᠷᠢᠶ᠎ᠡ | ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠦᠷᠭᠡᠨ ᠪᠠᠶᠢᠭᠤᠯᠣᠨ᠎ᠠ᠃ ᠪᠥᠬᠦ ᠠᠶᠢᠮᠠᠭ ᠤᠨ | ᠪᠠᠷᠠᠭᠠᠨ ᠤ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ | ᠠᠬᠢᠭᠤᠯᠵᠤ᠂ ᠣᠳᠣᠬᠢᠴᠢᠯᠠᠭᠰᠠᠨ ᠪᠣᠭᠤᠮᠲᠠ ᠶᠢᠨ ᠨᠡᠭᠡᠭᠡᠯᠲᠡ ᠪᠠᠷ ᠭᠤᠤᠯ ᠴᠣᠭᠴᠠ ᠪᠣᠯᠭᠠᠭᠰᠠᠨ᠂ ᠰᠦᠯᠵᠢᠶ᠎ᠡ ᠶᠢᠨ | ᠪᠠᠷᠠᠭᠠᠨ ᠤ ᠲᠡᠭᠡᠭᠡᠪᠦᠷᠢ᠂ ᠴᠢᠷᠦᠭᠦᠯ ᠲᠡᠷᠭᠡ ᠪᠠᠷ ᠲᠡᠭᠡᠭᠡᠪᠦᠷᠢᠯᠡᠬᠦ ᠪᠠᠷ ᠬᠤᠶᠠᠷ ᠵᠢᠭᠦᠷ ᠪᠣᠯᠭᠠᠭᠰᠠᠨ᠂ ᠬᠤᠲᠠ | ᠬᠥᠳᠡᠭᠡ ᠶᠢᠨ ᠳᠣᠭᠢᠷᠠᠭᠤᠯᠤᠨ ᠬᠦᠷᠭᠡᠬᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠪᠠᠷ ᠨᠥᠬᠦᠪᠥᠷᠢ | ᠪᠣᠯᠭᠠᠭᠰᠠᠨ ᠪᠠᠷᠠᠭᠠᠨ ᠤ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠦᠷᠬᠡᠨ ᠪᠣᠶ ᠪᠣᠯᠭᠠᠵᠤ᠂ | ᠪᠠᠷᠠᠭᠠᠨ ᠤ ᠲᠡᠭᠡᠭᠡᠪᠦᠷᠢ ᠶᠢ ᠥᠨᠳᠥᠷ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠥᠯᠵᠡᠶ ᠪᠣᠭᠤᠮᠲᠠ ᠶᠢᠨ | ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ | ᠲᠣᠭᠤᠷᠢᠭ᠂ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ︶ | ᠲᠥᠪᠯᠡᠷᠡᠭᠦᠯᠬᠦ ᠲᠠᠷᠬᠠᠭᠠᠬᠤ ᠵᠥᠭᠡᠭᠡᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠰᠠᠮᠠᠯ ᠵᠠᠮ ᠲᠡᠮᠦᠷ ᠵᠠᠮ ᠠᠭᠠᠷ ᠠᠶᠠᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠶᠡᠷᠦᠩᠬᠡᠶᠢᠯᠡᠭᠰᠡᠨ ᠪᠡᠶᠡᠲᠦ ᠵᠠᠮ ᠬᠠᠷᠢᠯᠴᠠᠭᠠᠨ ᠤ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃ ᠲᠡᠮᠦᠷ | ᠵᠠᠮ ᠤᠨ ᠲᠣᠤᠷ ᠤᠨ ᠪᠦᠲᠦᠴᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡᠨᠲᠡ ᠪᠠᠶᠢᠭ᠎ᠠ ᠵᠠᠮ | ᠱᠤᠭᠤᠮ ᠤᠨ ᠴᠢᠳᠠᠪᠤᠷᠢ ᠪᠠᠨ ᠥᠷᠭᠡᠳᠬᠡᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠴᠢᠩᠭᠠᠳᠬᠠᠨ᠂ ᠰᠢᠨ᠎ᠡ | ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ᠂ | ᠭᠤᠤᠯᠳᠠᠯᠭ᠎ᠠ ᠲᠠᠢ ᠠᠵᠤ ᠠᠬᠤᠶᠢᠯᠠᠯ ᠵᠡᠷᠭᠡ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠲᠡᠮᠦᠷ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠬᠠᠷᠢᠴᠠᠯ ᠢ ᠳᠡᠭᠡᠭᠰᠢᠯᠡᠭᠦᠯᠵᠦ᠂ ᠵᠠᠰᠠᠮᠠᠯ ᠵᠠᠮ | ᠲᠡᠮᠦᠷ ᠵᠠᠮ ᠢ ᠤᠶᠠᠯᠳᠤᠭᠤᠯᠤᠭᠰᠠᠨ ᠬᠠᠮᠲᠤᠷᠠᠭᠰᠠᠨ ᠲᠡᠭᠡᠭᠡᠪᠦᠷᠢ ᠶᠢᠨ ᠪᠠᠷᠠᠭ᠎ᠠ ᠶᠢᠨ ᠭᠦᠢᠯᠭᠡᠭᠡᠨ ᠤ ᠲᠡᠭᠡᠭᠡᠪᠦᠷᠢ ᠶᠢᠨ | ᠠᠷᠭ᠎ᠠ ᠮᠠᠶ᠋ᠢᠭ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠢᠷᠭᠠᠶ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ | ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠲᠣ ᠶᠢᠨ ᠪᠠᠶᠢᠭ᠎ᠠ ᠨᠢᠰᠬᠡᠯ ᠤᠨ ᠪᠠᠭᠤᠳᠠᠯ ᠤᠨ | ᠪᠡᠯᠡᠳᠬᠡᠮᠵᠢ ᠶᠢ ᠠᠰᠢᠭᠯᠠᠨ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶ | ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡ ᠶᠢ ᠲᠦᠷᠬᠡᠨ ᠬᠥᠭᠵᠢᠭᠦᠯᠦᠨ᠎ᠡ᠃ ᠬᠥᠳᠡᠭᠡ ᠲᠣᠰᠬᠤᠨ ᠤ | ᠪᠠᠷᠠᠭᠠᠨ ᠤ ᠭᠦᠢᠯᠭᠡᠭᠡᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ | ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭ᠎ᠠ᠂ ᠰᠢᠦᠳᠠᠨ ᠤ ᠶᠠᠪᠤᠳᠠᠯ ᠲᠦᠷᠭᠡᠨ ᠬᠦᠷᠭᠡᠬᠦ᠂ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠ ᠲᠣᠬᠢᠷᠠᠭᠤᠯᠤᠨ ᠬᠦᠷᠭᠡᠬᠦ | ᠲᠣᠤᠷ ᠴᠡᠭ ᠢ ᠣᠯᠠᠨ ᠴᠢᠳᠠᠮᠵᠢ ᠪᠠᠷ ᠬᠠᠮᠲᠤᠪᠠᠷ ᠬᠡᠷᠡᠭᠯᠡᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠵᠠᠮ | ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠬᠤᠲᠠ ᠶᠢᠨ ᠲᠣᠭᠤᠷᠢᠭ ᠪᠠ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ | ᠰᠢᠯᠢᠳᠡᠭᠵᠢᠭᠦᠯᠦᠨ ᠳᠣᠭᠢᠷᠠᠭᠤᠯᠵᠤ᠂ ᠢᠯᠡᠭᠡᠨ ᠬᠦᠷᠭᠡᠬᠦ ᠰᠦᠯᠵᠢᠶᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠣᠪᠴᠢᠶ᠎ᠠ︶ | ︵ᠭᠤᠷᠪᠠ︶ ᠬᠤᠲᠠ ᠪᠠᠯᠭᠠᠰᠤᠨ ᠤ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠭᠤᠤᠯ ᠪᠣᠯᠬᠤ ᠨᠢᠰᠬᠡᠯ ᠤᠨ ᠪᠠᠭᠤᠳᠠᠯ᠂ ᠲᠡᠮᠦᠷ ᠵᠠᠮ ᠪᠣᠯᠤᠨ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠶᠢᠨ | ᠥᠷᠲᠡᠭᠡ ᠲᠠᠯᠠᠪᠤᠷ ᠤᠨ ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ | ᠲᠦᠰᠢᠭᠯᠡᠨ᠂ ᠵᠠᠰᠠᠮᠠᠯ ᠵᠠᠮ ᠨᠡᠪᠲᠡᠷᠡᠭᠦᠯᠬᠦ ᠨᠥᠬᠦᠴᠡᠯ ᠢ ᠰᠠᠶᠢᠵᠢᠷᠠᠭᠤᠯᠤᠨ᠂ ᠳᠡᠭᠡᠳᠦ ᠬᠤᠷᠳᠤ ᠶᠢᠨ ᠵᠠᠰᠠᠮᠠᠯ ᠵᠠᠮ | ᠪᠣᠯᠤᠨ ᠤᠯᠤᠰ ᠮᠤᠵᠢ ᠶᠢᠨ ᠡᠩ ᠤᠨ ᠭᠤᠤᠯ ᠱᠤᠭᠤᠮ ᠢᠶᠠᠷ ᠭᠤᠤᠯ ᠪᠣᠯᠭᠠᠭᠰᠠᠨ᠂ ᠮᠠᠯᠵᠢᠬᠤ ᠲᠠᠷᠢᠶᠠᠯᠠᠬᠤ | ᠣᠷᠣᠨ ᠤ ᠵᠠᠰᠠᠮᠠᠯ ᠵᠠᠮ ᠢᠶᠠᠷ ᠪᠦᠷᠬᠦᠴᠡ ᠪᠣᠯᠭᠠᠭᠰᠠᠨ᠂ ᠭᠠᠳᠠᠭᠰᠢ ᠰᠠᠭᠠᠳ ᠦᠭᠡᠶ ᠨᠡᠪᠲᠡᠷᠡᠭᠦᠯᠬᠦ ᠵᠠᠰᠠᠮᠠᠯ ᠵᠠᠮ ᠤᠨ | ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠪᠠᠶᠢᠭᠤᠯᠤᠨ᠎ᠠ᠃ ᠬᠤᠲᠠ ᠪᠠᠯᠭᠠᠰᠤ ᠶᠢᠨ ᠵᠠᠮ ᠬᠠᠷᠢᠯᠴᠠᠭᠠᠨ ᠤ ᠳᠣᠲᠣᠭᠠᠳᠤ | ᠡᠷᠭᠢᠯᠲᠡ ᠪᠠ ᠭᠠᠳᠠᠭᠠᠳᠤ ᠣᠷᠴᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠵᠡᠭᠡᠯᠢ ᠭᠤᠳᠤᠮᠵᠢ ᠶᠢ ᠥᠭᠡᠷᠡᠴᠢᠯᠡᠬᠦ | ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ︽ᠮᠤᠬᠤᠷ ᠵᠠᠮ︾ ᠢ ᠨᠡᠪᠳᠡᠷᠡᠬᠦᠯᠦᠨ᠎ᠡ᠃ 2025 ᠣᠨ | ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠬᠥᠮᠦᠨ ᠳᠤᠮᠳᠠᠴᠢ ᠶᠢᠨ ᠬᠤᠲᠠ ᠶᠢᠨ ᠵᠠᠮ ᠤᠨ ᠲᠠᠯᠠᠪᠠᠶ ᠶᠢ | 36 ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ | ᠠᠬᠢᠭᠤᠯᠬᠤ ᠲᠥᠪ︶ | ᠠᠮᠢᠳᠤᠷᠠᠯ ᠤᠨ ᠦᠢᠯᠡᠴᠢᠯᠡᠭᠡᠨ ᠤ ᠡᠯ᠎ᠡ ᠲᠥᠷᠥᠯ ᠤᠨ ᠪᠡᠯᠡᠳᠬᠡᠮᠵᠢ ᠶᠢ ᠳᠡᠭᠦᠯᠳᠡᠷᠵᠢᠬᠦᠯᠦᠨ᠎ᠡ᠃ ᠬᠤᠲᠠ | ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠵᠤ᠂ | ᠬᠠᠭᠤᠴᠢᠨ ᠰᠠᠭᠤᠭᠠᠯᠢ ᠲᠣᠭᠤᠷᠢᠭ ᠤᠨ ᠣᠷᠣᠨ ᠰᠠᠭᠤᠴᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ | ᠲᠣᠭᠤᠷᠢᠭ ᠤᠨ ᠤᠶᠤᠨᠲᠤ ᠤᠰᠤᠨ ᠤ ᠶᠠᠪᠤᠳᠠᠯ ᠵᠢᠴᠢ ᠵᠠᠮ ᠤᠨ ᠬᠠᠭᠤᠴᠢᠨ ᠤᠰᠤ ᠬᠠᠩᠭᠠᠬᠤ ᠬᠤᠭᠤᠯᠠᠶ ᠲᠣᠤᠷ ᠢ | ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠦᠶᠡᠷ ᠢ | ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠨᠡᠮᠡᠭᠳᠡᠭᠦᠯᠵᠦ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠲᠥᠷᠥᠯ ᠬᠤᠪᠢᠶᠠᠨ ᠬᠠᠶᠠᠬᠤ᠂ | ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠰᠢᠰᠲ᠋ᠧᠮ ᠢ ᠲᠦᠷᠬᠡᠨ ᠪᠠᠶᠢᠭᠤᠯᠬᠤ ᠬᠡᠷᠡᠭᠲᠡᠶ᠃ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ | ᠰᠢᠢᠳᠪᠦᠷᠢᠯᠡᠬᠦ ᠪᠡᠯᠡᠳᠬᠡᠮᠵᠢ ᠶᠢ ᠲᠦᠷᠬᠡᠨ ᠪᠠᠶᠢᠭᠤᠯᠵᠤ᠂ ᠣᠲᠣ ᠶᠢᠨ ᠪᠠᠶᠢᠭ᠎ᠠ ᠬᠡᠰᠡᠭ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠪᠣᠬᠢᠷ ᠤᠰᠤ ᠶᠢ | ᠰᠢᠢᠳᠪᠦᠷᠢᠯᠡᠬᠦ ᠴᠢᠳᠠᠪᠤᠷᠢ ᠶᠢ ᠪᠣᠳᠠᠲᠤ ᠪᠠᠶᠢᠳᠠᠯ ᠲᠠᠢ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ | 2025 ᠣᠨ ᠤ ᠰᠡᠭᠦᠯᠴᠢ ᠪᠣᠯᠬᠤ ᠳᠤ᠂ ᠪᠥᠬᠦ ᠠᠶᠢᠮᠠᠭ ᠤᠨ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠠᠶᠢᠭᠤᠯᠬᠤ ᠬᠠᠷᠢᠴᠠᠯ ᠤᠨ ᠨᠣᠷᠮ᠎ᠠ ᠶᠢ 70% ᠳᠤ ᠬᠦᠷᠦᠭᠦᠯᠦᠨ᠎ᠡ᠃ | ᠢᠯᠴᠢ ᠬᠠᠩᠭᠠᠬᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠢᠯᠴᠢ | ᠬᠠᠩᠭᠠᠬᠤ ᠳᠠᠭᠠᠭᠠᠴᠠ᠂ ᠢᠯᠴᠢ ᠬᠠᠩᠭᠠᠬᠤ ᠲᠠᠯᠠᠪᠠᠶ ᠬᠢᠭᠡᠳ ᠬᠤᠭᠤᠯᠠᠶ ᠶᠢᠨ ᠲᠣᠤᠷ ᠤᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠵᠡᠷᠭᠡ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠵᠦᠢ ᠵᠣᠬᠢᠰᠲᠠᠶ ᠲᠣᠭᠲᠠᠭᠠᠨ᠂ | ᠬᠤᠲᠠ ᠪᠠᠯᠭᠠᠰᠤ ᠶᠢᠨ ᠢᠯᠴᠢ ᠬᠠᠩᠭᠠᠬᠤ ᠬᠤᠭᠤᠯᠠᠶ ᠲᠣᠤᠷ᠂ ᠬᠤᠲᠠ ᠪᠠᠯᠭᠠᠰᠤ ᠶᠢᠨ ᠪᠠᠴᠢᠮ ᠪᠠᠶᠢᠳᠠᠯ ᠢ | ᠠᠷᠭᠠᠴᠠᠬᠤ᠂ ᠣᠷᠭᠢᠯ ᠢ ᠲᠣᠬᠢᠷᠠᠭᠤᠯᠬᠤ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠬᠡᠨ | ᠠᠬᠢᠭᠤᠯᠣᠨ᠎ᠠ᠃ ᠬᠤᠰᠢᠭᠤ ᠣᠷᠣᠨ ᠢᠶᠠᠷ ᠨᠢᠬᠡᠴᠡ ᠪᠣᠯᠭᠠᠵᠤ᠂ ᠴᠡᠪᠡᠷ ᠳᠤᠯᠠᠭᠠᠯᠠᠭ᠎ᠠ ᠶᠢᠨ ᠲᠥᠯᠥᠪᠵᠢᠭᠦᠯᠭᠡ ᠲᠠᠢ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠨᠡᠭᠦᠷᠡᠰᠦ ᠴᠠᠬᠢᠯᠭᠠᠨ ᠢᠶᠠᠷ ᠴᠡᠪᠡᠷ | ᠳᠤᠯᠠᠭᠠᠯᠠᠭ᠎ᠠ ᠬᠠᠩᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠲᠠᠮᠠᠬᠠᠶ ᠬᠡᠶ ᠶᠢᠨ ᠬᠤᠭᠤᠯᠠᠶ | ᠵᠡᠷᠭᠡ ᠬᠠᠭᠤᠴᠢᠷᠠᠭᠰᠠᠨ ᠵᠦᠢᠯ ᠢ ᠰᠢᠨᠡᠳᠬᠡᠨ ᠥᠭᠡᠷᠡᠴᠢᠯᠡᠬᠦ ᠲᠥᠰᠦᠯ ᠢ ᠲᠣᠭᠲᠠᠭᠠᠵᠤ᠂ ᠬᠤᠲᠠ ᠪᠠᠯᠭᠠᠰᠤ ᠶᠢᠨ | ᠰᠢᠲᠠᠮᠠᠬᠠᠶ ᠬᠡᠶ ᠶᠢᠨ ᠬᠤᠭᠤᠯᠠᠶ ᠲᠣᠤᠷ ᠤᠨ ᠥᠭᠡᠷᠡᠴᠢᠯᠡᠯᠲᠡ ᠶᠢ ᠠᠬᠢᠭᠤᠯᠤᠨ᠂ ᠠᠯᠠᠱᠠ ᠪᠠᠷᠠᠭᠤᠨ ᠬᠤᠰᠢᠭᠤᠨ ᠤ | ᠪᠠᠳᠠᠢ ᠶᠢᠨ ᠵᠢᠷᠠᠨ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ | ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠲᠣᠤᠷ ᠤᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶᠠᠨ ᠬᠠᠳᠠᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠣᠨᠣᠯᠵᠢᠬᠤᠨ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠠᠮᠢ | ᠠᠬᠤᠶ ᠶᠢᠨ ᠰᠢᠰᠲ᠋ᠧᠮ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ | ᠬᠠᠮᠠᠭᠠᠯᠠᠯ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠰᠣᠶᠣᠯ ᠪᠡᠶ᠎ᠡ ᠶᠢᠨ ᠲᠠᠮᠢᠷ ᠵᠡᠷᠭᠡ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷᠰᠢ | ᠰᠠᠭᠠᠳ ᠦᠭᠡᠢ ᠪᠠᠶᠢᠬᠤ ᠪᠠ ᠨᠠᠰᠤᠲᠠᠨ ᠳᠤ ᠲᠣᠬᠢᠷᠠᠬᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠠᠬᠢᠭᠤᠯᠵᠤ᠂ ᠬᠤᠲᠠ ᠶᠢᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠣᠷᠣᠨ | ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠣᠷᠣᠨ ᠪᠦᠰᠡ ᠶᠢᠨ | ᠳᠣᠲᠣᠷᠠᠬᠢ ᠭᠤᠤᠯᠳᠠᠯᠭ᠎ᠠ ᠲᠠᠢ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠬᠦᠨᠳᠦ ᠶᠡᠭᠡ ᠬᠢᠵᠢᠭ ᠤᠨ ᠪᠠᠶᠢᠳᠠᠯ ᠢ | ᠠᠪᠤᠷᠠᠨ ᠵᠠᠰᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠠᠯᠠᠱᠠ ᠠᠶᠢᠮᠠᠭ ᠤᠨ ᠲᠥᠪ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭᠠᠨ ᠤ ᠶᠡᠷᠦᠩᠬᠡᠶᠢᠯᠡᠭᠰᠡᠨ ᠠᠰᠠᠷ᠂ ᠪᠣᠭᠤᠮᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠪᠡᠯᠡᠳᠬᠡᠮᠵᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠵᠡᠷᠭᠡ︶ | ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭ᠎ᠠ ᠶᠢᠨ ᠲᠣᠮᠥ | ᠲᠤᠭ᠎ᠠ ᠪᠡᠷᠢᠮᠳᠡ ᠶᠢ ᠠᠰᠢᠠᠠᠯᠠᠬᠤ ᠬᠢᠷᠢ ᠭᠡᠮᠵᠢᠶ᠎ᠠ ᠶᠢ ᠳᠡᠭᠡᠭᠰᠢᠯᠡᠬᠦᠯᠵᠦ᠂ ᠳᠡᠷᠬᠡ ᠵᠤᠠᠠᠰᠣᠬᠤ ᠡᠬᠢ ᠪᠠᠶᠠᠯᠢᠭ ᠢ | ᠡᠮᠬᠢᠯᠡᠨ ᠨᠡᠶᠢᠯᠡᠬᠦᠯᠵᠦ᠂ ᠰᠣᠯᠡ ᠬᠠᠶᠠᠭᠳᠠᠵᠤ ᠪᠠᠶᠢᠭ᠎ᠠ ᠵᠤᠭᠰᠤᠭᠠᠯ ᠢ ᠰᠤᠯᠠᠯᠠᠨ ᠭᠠᠷᠭᠠᠵᠦ᠂ ᠬᠠᠮᠳᠣᠪᠡᠷ ᠬᠦᠷᠲᠡᠵᠦ | ᠭᠡᠷᠡᠭᠯᠡᠬᠦ ᠶᠢ ᠠᠬᠢᠭᠤᠯᠥᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠲᠣᠤᠷ ᠰᠦᠯᠵᠢᠶ᠎ᠡ ᠶᠢᠨ ᠰᠢᠰᠲ᠋ᠧᠮᠵᠢ ᠶᠢ ᠲᠦᠷᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠨᠡᠶᠢᠭᠡᠮ ᠨᠡᠶᠢᠲᠡ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠳᠠᠬᠢ ᠲᠣᠬᠢᠷᠠᠭᠤᠯᠤᠨ ᠪᠠᠶᠢᠭᠤᠯᠬᠤ ᠨᠣᠷᠮ᠎ᠠ ᠶᠢ ᠶᠡᠷᠦᠩᠬᠡᠶ ᠲᠡᠷᠭᠡ ᠵᠣᠭᠰᠣᠭᠠᠬᠤ ᠪᠠᠶᠢᠷᠢ ᠶᠢᠨ | 10% ᠠᠴᠠ ᠳᠣᠤᠷ᠎ᠠ ᠪᠠᠶᠢᠯᠭᠠᠬᠤ ᠦᠭᠡᠢ ᠪᠠᠷ ᠴᠢᠷᠮᠠᠶᠢᠨ᠎ᠠ᠃ ᠤᠶᠤᠨᠴᠢᠯᠠᠭᠰᠠᠨ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠡᠷᠡᠭᠵᠢᠭᠦᠯᠵᠦ᠂ ᠲᠤᠰ | ᠭᠠᠵᠠᠷ ᠲᠤ ᠲᠣᠬᠢᠷᠠᠬᠤ ᠤᠶᠤᠨᠲᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠣᠭᠲᠠᠭᠠᠵᠤ᠂ ᠠᠶᠢᠮᠠᠭ ᠤᠨ ᠱᠠᠲᠤᠨ ᠤ ᠨᠢᠭᠡᠳᠦᠯᠲᠡᠶ ᠲᠥᠯᠥᠪᠯᠡᠬᠦ᠂ ᠬᠤᠰᠢᠭᠤ ᠣᠷᠣᠨ ᠬᠠᠮᠲᠤᠪᠠᠷ ᠪᠠᠶᠢᠭᠤᠯᠬᠤ᠂ | ᠨᠡᠶᠢᠭᠡᠮ ᠲᠣᠭᠤᠷᠢᠭ ᠤᠨ ᠬᠠᠮᠲᠤᠪᠠᠷ ᠡᠳ᠋ᠯᠡᠬᠦ ᠰᠡᠳᠬᠢᠴᠡ ᠶᠣᠰᠣᠭᠠᠷ ᠨᠢᠭᠡᠳᠦᠯᠲᠡᠶ ᠤᠶᠤᠨᠲᠤ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ | ᠲᠣᠭᠠᠴᠢᠯᠠᠯᠲᠠ ᠪᠠᠷ ᠬᠤᠲᠠ ᠪᠠᠯᠭᠠᠰᠤᠨ ᠤ ᠬᠥᠭᠵᠢᠯᠲᠡ ᠪᠠ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ | ᠠᠬᠢᠭᠤᠯᠵᠤ᠂ ᠠᠶᠢᠮᠠᠭ᠂ ᠬᠤᠰᠢᠭᠤ ᠣᠷᠣᠨ ᠢ ᠨᠢᠭᠡ ᠴᠣᠭᠴᠠᠵᠢᠭᠤᠯᠤᠭᠰᠠᠨ ᠬᠤᠲᠠ ᠶᠢᠨ ᠠᠵᠢᠯᠯᠠᠭᠠᠨ ᠤ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠪᠠ ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ | ᠨᠠᠮᠳᠠᠭᠤᠯᠵᠤ ᠬᠠᠮᠢᠶᠠᠷᠤᠨ ᠡᠵᠡᠮᠳᠡᠬᠦ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ CIM ︵ | ᠬᠤᠲᠠ ᠶᠢᠨ ᠮᠡᠳᠡᠭᠡ ᠵᠠᠩᠭᠢ ᠶᠢᠨ ᠵᠠᠭᠪᠤᠷ︶ ᠤᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ | ᠬᠤᠲᠠ ᠶᠢᠨ ᠣᠶᠤᠨᠴᠢ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ︽ | ᠲᠥᠯᠥᠪᠵᠢᠭᠦᠯᠭᠡ᠂ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ︾ ᠶᠢᠨ ᠪᠥᠬᠦ ᠶᠠᠪᠤᠴᠠ ᠶᠢ ᠮᠡᠳᠡᠭᠡ | ᠵᠠᠩᠭᠢᠵᠢᠯᠲᠠ᠂ ᠤᠶᠤᠨᠴᠢᠯᠠᠯᠲᠠ᠂ ᠰᠢᠨᠵᠢᠯᠡᠬᠦ ᠤᠬᠠᠭᠠᠨᠴᠢᠯᠠᠭᠰᠠᠨ ᠴᠢᠭᠯᠡᠯ ᠳᠠᠰᠢ ᠬᠥᠭᠵᠢᠭᠦᠯᠬᠦ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | ︵ᠲᠦᠷᠪᠡ︶ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠳᠦᠬᠦᠭᠡᠷᠥᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ | ᠭᠠᠵᠠᠷ ᠤᠨ ᠰᠠᠭᠤᠷᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ | ᠳᠡᠮᠵᠢᠯᠭᠡ ᠶᠢ ᠴᠢᠩᠭᠠᠳᠬᠠᠨ᠂ ᠭᠠᠵᠠᠷ ᠰᠢᠷᠣᠶ ᠶᠢ ᠲᠡᠭᠰᠢᠯᠡᠬᠦ᠂ ᠤᠰᠤᠯᠠᠬᠤ ᠤᠰᠤ ᠵᠠᠯᠠᠬᠤ᠂ ᠲᠠᠷᠢᠶᠠᠨ ᠭᠠᠵᠠᠷ ᠤᠨ | ᠵᠠᠮ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠲᠠᠷᠢᠶᠠᠨ ᠭᠠᠵᠠᠷ ᠤᠨ ᠴᠠᠬᠢᠯᠭᠠᠨ ᠳᠠᠮᠵᠢᠭᠤᠯᠵᠤ ᠲᠦᠭᠡᠭᠡᠬᠦ᠂ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ | ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠠᠯᠠᠱᠠ ᠠᠶᠢᠮᠠᠭ ᠤᠨ ᠲᠠᠷᠢᠶᠠᠨ ᠭᠠᠵᠠᠷ ᠤᠨ ᠪᠡᠯᠡᠳᠬᠡᠯ | ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠢᠨᠠᠯᠲᠠ | ᠬᠠᠮᠢᠶᠠᠷᠤᠯᠲᠠ ᠬᠢᠭᠡᠳ ᠬᠠᠮᠢᠶᠠᠷᠴᠤ ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢ ᠨᠢᠭᠡᠳᠦᠯᠲᠡᠶ ᠵᠢᠷᠤᠭ ᠢᠶᠠᠷ | ᠬᠥᠮᠥᠷᠭᠡ ᠳᠤ ᠣᠷᠣᠭᠤᠯᠬᠤ ᠶᠢ ᠥᠷᠨᠢᠭᠦᠯᠵᠦ᠂ ᠬᠥᠳᠡᠯᠦᠩᠭᠦᠶ ᠬᠢᠨᠠᠨ ᠬᠡᠮᠵᠢᠯᠲᠡ ᠪᠠ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ︶ | ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢ ᠳᠡᠬᠦᠯᠳᠡᠷᠵᠢᠬᠦᠯᠦᠨ᠎ᠡ᠃ ︽ᠳᠥᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠵᠠᠮ ᠤᠨ ᠭᠦᠢᠯᠭᠡᠭᠡᠨ ᠤ | ᠲᠦᠭᠵᠢᠷᠡᠯ ᠢ ᠰᠠᠭᠠᠳ ᠦᠭᠡᠢ ᠨᠡᠪᠲᠡᠷᠡᠭᠦᠯᠵᠦ᠂ ᠬᠥᠳᠡᠭᠡ ᠲᠣᠰᠬᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠡᠷᠭᠡ ᠳᠡᠰ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠡᠯ᠎ᠡ | ᠭᠤᠭᠴᠤᠭ᠎ᠠ ᠶᠢ ᠬᠠᠮᠤᠷᠤᠭᠰᠠᠨ ᠬᠦᠢᠳᠡᠨ ᠬᠡᠯᠬᠢᠶᠡᠲᠦ ᠢᠳᠡᠭᠡᠨ ᠢ ᠢᠳᠡᠪᠬᠢᠲᠡᠶ ᠬᠥᠭᠵᠢᠭᠦᠯᠵᠦ᠂ ᠪᠥᠬᠦ ᠶᠠᠪᠤᠴᠠ ᠳᠤ | ︽ᠬᠡᠯᠬᠢᠶ᠎ᠡ︾ ᠶᠢᠨ ᠦᠬᠡᠷ ᠬᠤᠨᠢ᠂ ᠲᠡᠮᠡᠭᠡ ᠵᠡᠷᠭᠡ ᠴᠢᠨᠠᠷ ᠰᠠᠶᠢᠲᠠᠶ ᠮᠢᠬᠠᠨ ᠤ ᠲᠥᠷᠥᠯ ᠤᠨ ᠬᠦᠢᠳᠡᠨ ᠬᠡᠯᠬᠢᠶᠡᠲᠦ | ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠢᠲᠤᠯᠵᠤ ᠡᠳ᠋ᠰᠢᠭᠦᠯᠬᠦ | ᠬᠤᠲᠠ ᠬᠥᠳᠡᠭᠡ ᠶᠢᠨ ᠬᠦᠢᠳᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠮ | ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ | ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠰᠢᠤᠳᠠᠨ ᠤ ᠶᠠᠪᠤᠳᠠᠯ ᠤᠨ ᠲᠣᠪᠴᠢᠶ᠎ᠠ︶ | ᠬᠥᠳᠡᠭᠡ ᠲᠣᠰᠬᠤᠨ ᠤ ᠠᠮᠢᠳᠤᠷᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠭᠦᠯᠳᠡᠷᠵᠢᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠣᠷᠴᠢᠨ ᠲᠣᠭᠤᠷᠢᠨ ᠢ ᠴᠡᠭᠴᠡᠯᠡᠨ | ᠵᠠᠰᠠᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠵᠡᠷᠭᠡ ᠠᠵᠢᠯ ᠢ ᠭᠦᠨᠵᠡᠭᠡᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ | ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠲᠦᠷᠬᠡᠨ ᠬᠡᠷᠡᠭᠵᠢᠭᠦᠯᠦᠨ᠎ᠡ᠃ ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠤ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ | ᠬᠢᠭᠡᠳ ᠰᠠᠭᠤᠷᠢ ᠪᠡᠯᠡᠳᠬᠡᠮᠵᠢ ᠶᠢ ᠠᠳᠠᠯᠢ ᠲᠡᠭᠰᠢ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠬᠦ ᠶᠢ ᠠᠬᠢᠭᠤᠯᠵᠤ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠪᠠᠶᠢᠭᠤᠯᠤᠭᠰᠠᠨ | ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠦᠭᠦᠯᠦᠨ᠎ᠡ᠃ | ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠴᠢᠯᠠᠭᠰᠠᠨ ᠬᠥᠳᠡᠭᠡ | ᠲᠣᠰᠬᠤᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠥᠷᠭᠡᠨ ᠪᠦᠰᠡᠲᠦ ᠲᠣᠤᠷ ᠰᠦᠯᠵᠢᠶ᠎ᠡ ᠶᠢ ᠲᠣᠰᠬᠤᠨ ᠪᠠ | ᠡᠷᠦᠬᠡ ᠳᠤ ᠣᠷᠣᠭᠤᠯᠬᠤ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠮᠡᠯ ᠲᠣᠤᠷ ᠰᠦᠯᠵᠢᠶ᠎ᠡ ᠶᠢᠨ | ᠪᠦᠷᠬᠦᠴᠡ ᠶᠢᠨ ᠨᠣᠷᠮ᠎ᠠ ᠶᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠲᠣᠮᠣ | ᠳ᠋ᠠᠶᠢᠲ᠋ᠠ ᠶᠢᠨ ᠰᠢᠨ᠎ᠡ ᠶᠢ ᠡᠭᠦᠳᠦᠨ ᠬᠡᠷᠡᠭᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠬᠡᠷ | ︶ | ︵ᠲᠠᠪᠤ︶ ᠠᠶᠣᠯ ᠦᠬᠡᠢ ᠶᠢᠨ ᠪᠠᠲᠤᠯᠠᠭᠠᠨ ᠤ ᠰᠠᠭᠤᠷᠢ ᠲᠦᠬᠦᠭᠡᠷᠥᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ | ᠠᠮᠤ ᠪᠤᠳᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠵᠡᠷᠭᠡ ᠶᠢ ᠨᠥᠭᠡᠴᠡᠯᠡᠬᠦ ᠴᠢᠳᠠᠪᠤᠷᠢ ᠶᠢ | ᠳᠡᠭᠡᠭᠰᠢᠯᠡᠬᠦᠯᠦᠨ᠎ᠡ᠃ ᠦᠢᠯᠡᠴᠢᠯᠡᠭᠡᠨ ᠤ ᠬᠤᠷᠸ᠎ᠠ ᠲᠣᠬᠢᠷᠠᠭᠤᠯᠭ᠎ᠠ ᠡᠵᠡᠮᠰᠢᠯ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠬᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠪᠠ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠠᠷᠢᠮᠵᠢᠶᠠᠵᠢᠭᠰᠠᠨ ᠬᠥᠮᠥᠷᠭᠡ ᠶᠢᠨ ᠬᠠᠷᠢᠴᠠᠯ ᠢ ᠳᠡᠭᠡᠭᠰᠢᠯᠡᠭᠦᠯᠵᠦ᠂ ᠪᠦᠬᠦ | ᠠᠶᠢᠮᠠᠭ ᠤᠨ ᠨᠥᠭᠡᠴᠡᠯᠡᠬᠦ ᠠᠮᠤ ᠪᠤᠳᠠᠭᠠᠨ ᠤ ᠬᠡᠪᠴᠢᠶ᠎ᠡ ᠲᠠᠢ ᠵᠣᠬᠢᠴᠠᠭᠰᠠᠨ ᠣᠳᠣᠬᠢᠴᠢᠯᠠᠭᠰᠠᠨ ᠠᠮᠤ ᠪᠤᠳᠠᠭᠠᠨ ᠤ | ᠬᠥᠮᠥᠷᠭᠡ ᠶᠢ ᠪᠠᠶᠢᠭᠤᠯᠵᠤ᠂ ᠠᠮᠤ ᠪᠤᠳᠠᠭᠠᠨ ᠤ ᠬᠥᠮᠥᠷᠭᠡ ᠶᠢ ᠡᠷᠴᠢᠮᠵᠢᠭᠦᠯᠬᠦ᠂ ᠬᠡᠪᠴᠢᠶᠡᠵᠢᠭᠦᠯᠬᠦ ᠬᠢᠷᠢ ᠲᠦᠪᠰᠢᠨ ᠢ | ᠳᠡᠭᠡᠭᠰᠢᠯᠡᠭᠦᠯᠵᠦ᠂ ᠲᠥᠪ ᠤᠨ ᠨᠥᠭᠡᠴᠡᠯᠡᠬᠦ ᠠᠮᠤ ᠪᠤᠳᠠᠭᠠᠨ ᠤ ᠠᠯᠠᠱᠠ ᠶᠢᠨ ᠰᠢᠭᠤᠳ ᠬᠠᠷᠢᠶ᠎ᠠ ᠬᠥᠮᠥᠷᠭᠡ ᠶᠢᠨ | ᠬᠢᠵᠠᠭᠠᠷᠲᠤ ᠺᠣᠮᠫᠠᠨᠢ ᠶᠢᠨ ᠠᠮᠤ ᠪᠤᠳᠠᠭᠠᠨ ᠤ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡ᠂ ᠡᠵᠡᠨ᠎ᠡ | ᠬᠤᠰᠢᠭᠤᠨ ᠤ ᠠᠮᠤ ᠪᠤᠳᠠᠭᠠᠨ ᠤ ᠪᠣᠬᠢᠷᠲᠤᠯ ᠦᠭᠡᠶ ᠨᠥᠭᠡᠴᠡᠯᠡᠬᠦ ᠬᠥᠮᠥᠷᠭᠡ ᠶᠢ ᠳᠡᠰ ᠳᠡᠪᠰᠢᠭᠦᠯᠦᠨ ᠥᠭᠡᠷᠡᠴᠢᠯᠡᠬᠦ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠤᠰᠢᠭᠤᠨ ᠤ ᠣᠷᠣᠨ | ᠨᠤᠲᠤᠭ ᠤᠨ ᠨᠥᠭᠡᠴᠡ ᠶᠢ ᠨᠡᠮᠡᠭᠳᠡᠭᠦᠯᠬᠦ ᠶᠢ ᠵᠣᠷᠢᠭᠵᠢᠭᠤᠯᠵᠤ᠂ ᠲᠡᠵᠢᠭᠡᠯ ᠪᠣᠷᠳᠤᠭ᠎ᠠ ᠬᠡᠷᠡᠭᠯᠡᠬᠦ ᠠᠮᠤ ᠪᠤᠳᠠᠭᠠᠨ ᠤ | ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠣᠷᠣᠨ ᠪᠦᠰᠡ ᠶᠢᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ | ᠪᠠᠷᠠᠭ᠎ᠠ ᠨᠥᠭᠡᠴᠡᠯᠡᠬᠦ ᠳᠦᠷᠢᠮ ᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠪᠠᠴᠢᠮ ᠳᠤᠲᠠᠭᠳᠠᠵᠤ ᠪᠠᠶᠢᠭ᠎ᠠ | ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ | ᠴᠢᠩᠭᠠᠳᠬᠠᠨ᠎ᠠ᠃ ᠥᠨᠳᠥᠷ ᠪᠦᠲᠦᠮᠵᠢᠲᠡᠶ ᠪᠥᠭᠡᠳ ᠵᠢᠷᠤᠮᠵᠢᠭᠰᠠᠨ᠂ ᠲᠥᠪᠯᠡᠷᠡᠩᠭᠦᠶ ᠨᠢᠭᠡᠳᠦᠯᠲᠡᠶ ᠬᠤᠳᠠᠯᠳᠤᠨ | ᠠᠪᠴᠤ ᠨᠥᠭᠡᠴᠡᠯᠡᠬᠦ᠂ ᠡᠭᠡᠯᠵᠢᠯᠡᠭᠦᠯᠬᠦ ᠪᠠ ᠬᠥᠳᠡᠯᠭᠡᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠨᠥᠭᠡᠴᠡᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠡᠳ᠋ ᠪᠣᠳᠠᠰ ᠤᠨ ᠨᠥᠭᠡᠴᠡᠯᠡᠯᠲᠡ ᠶᠢ | ᠳᠠᠮᠵᠢᠭᠤᠯᠬᠤ ᠴᠢᠳᠠᠪᠤᠷᠢ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠴᠢᠬᠤᠯᠠ ᠲᠣᠣᠷ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠥᠪᠰᠢᠨ ᠤ ᠰᠡᠷᠭᠡᠶᠢᠯᠡᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠠᠭᠠᠷᠢᠯᠲᠠ ᠶᠢ ᠰᠡᠷᠭᠡᠶᠢᠯᠡᠬᠦ᠂ ᠸᠢᠷᠦ᠋ᠰ ᠢ ᠰᠡᠷᠭᠡᠶᠢᠯᠡᠬᠦ᠂ | ᠲᠠᠮᠪᠠᠷᠠᠬᠤ ᠠᠴᠠ ᠰᠡᠷᠭᠡᠶᠢᠯᠡᠬᠦ᠂ ᠥᠭᠡᠷᠡᠲᠡᠭᠦᠯᠬᠦ ᠠᠴᠠ ᠰᠡᠷᠭᠡᠶᠢᠯᠡᠬᠦ᠂ ᠵᠠᠳᠠᠷᠠᠬᠤ ᠠᠴᠠ ᠰᠡᠷᠭᠡᠶᠢᠯᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠪᠠ ᠲᠤᠭ᠎ᠠ | ᠪᠠᠷᠢᠮᠲᠠ ᠶᠢᠨ ᠠᠮᠤᠷ ᠲᠦᠪᠰᠢᠨ ᠢ ᠪᠠᠲᠤᠯᠠᠵᠤ᠂ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠹᠢᠽᠢᠺ ᠤᠨ | ᠪᠣᠳᠠᠲᠤ ᠴᠣᠭᠴᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ 5G᠂ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ | ᠮᠡᠷᠭᠡᠵᠢᠯ ᠤᠨ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠬᠡᠷᠡᠭᠯᠡᠯᠲᠡ ᠶᠢ ᠳᠡᠮᠵᠢᠵᠦ᠂ ᠰᠦᠯᠵᠢᠶᠡᠨ ᠤ | ᠠᠮᠤᠷ ᠲᠦᠪᠰᠢᠨ ᠤ ᠪᠠᠶᠢᠳᠠᠯ ᠢ ᠮᠡᠳᠡᠷᠡᠬᠦ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠤᠯᠤᠰ ᠤᠨ | ᠳᠣᠲᠣᠭᠠᠳᠤ ᠶᠢᠨ ᠨᠢᠭᠤᠴᠠ ᠲᠡᠮᠳᠡᠭ ᠤᠨ ᠮᠡᠷᠭᠡᠵᠢᠯ ᠪᠠ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠭᠤᠤᠯ | ᠮᠡᠷᠭᠡᠵᠢᠯ ᠪᠠ ᠵᠠᠩᠭᠢᠯᠠᠭ᠎ᠠ ᠶᠢᠨ ᠲᠥᠬᠦᠭᠡᠷᠦᠮᠵᠢ ᠶᠢᠨ ᠡᠵᠡᠨ ᠮᠡᠳᠡᠵᠦ ᠡᠵᠡᠮᠳᠡᠵᠦ ᠪᠣᠯᠬᠤ ᠬᠢᠷᠢ ᠬᠡᠮᠵᠢᠶ᠎ᠡ ᠶᠢ | ᠳᠡᠭᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶ᠎ᠠ ᠶᠢᠨ ᠢᠨᠲ᠋ᠧᠷ | ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠴᠢᠮᠡᠭᠡ ᠬᠤᠯᠪᠣᠭ᠎ᠠ ᠶᠢ ᠬᠠᠮᠢᠶᠠᠷᠬᠤ | ᠠᠯᠪᠠᠨ ᠬᠡᠷ︶ | ᠬᠢᠯᠢ ᠬᠢᠵᠠᠭᠠᠷ ᠣᠷᠣᠨ ᠤ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠬᠤᠶᠠᠷ ᠪᠣᠭᠤᠮᠲᠠ ᠬᠤᠶᠠᠷ ᠬᠦᠷᠢᠶᠡᠯᠡᠩ ᠲᠣᠭᠤᠷᠢᠭ ᠨᠢᠭᠡ ᠰᠠᠭᠤᠷᠢᠨ ᠭᠠᠵᠠᠷ ᠨᠢᠭᠡ ᠬᠠᠭᠤᠷᠠᠶ ᠭᠠᠷᠠᠮ︾ ᠢᠶᠠᠷ | ᠲᠦᠰᠢᠭ ᠪᠣᠯᠭᠠᠵᠤ᠂ ᠪᠣᠭᠤᠮᠲᠠ ᠶᠢᠨ ᠪᠠᠶᠢᠴᠠᠭᠠᠨ ᠰᠢᠯᠭᠠᠬᠤ᠂ ᠬᠢᠯᠢ ᠠᠯᠤᠰᠯᠠᠭᠰᠠᠨ ᠲᠡᠮᠦᠷ ᠵᠠᠮ᠂ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ᠂ ᠶᠡᠷᠦᠩᠬᠡᠶᠢᠯᠡᠭᠰᠡᠨ | ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ᠂ ᠤᠶᠤᠨᠴᠢᠯᠠᠭᠰᠠᠨ ᠪᠡᠯᠡᠳᠬᠡᠮᠵᠢ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠷᠭᠡᠳᠬᠡᠵᠦ᠂ ᠣᠳᠣᠬᠢᠴᠢᠯᠠᠭᠰᠠᠨ ᠪᠣᠭᠤᠮᠲᠠ ᠶᠢᠨ | ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠤᠶᠤᠨᠲᠤ ᠪᠣᠭᠤᠮᠲᠠ ᠶᠢᠨ | ᠢᠨᠵᠧᠨᠧᠷᠢᠩ ᠢ ᠲᠦᠷᠬᠡᠨ ᠬᠡᠷᠡᠭᠵᠢᠭᠦᠯᠵᠦ᠂ ᠴᠡᠭᠡ ᠪᠣᠭᠤᠮᠲᠠ ᠶᠢᠨ ᠵᠢᠯᠣᠭᠤᠴᠢ ᠥᠬᠡᠶ ᠬᠢᠯᠢ ᠠᠯᠤᠰᠯᠠᠭᠰᠠᠨ | ᠲᠡᠭᠡᠭᠡᠪᠦᠷᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠡᠨ ᠭᠠᠳᠠᠨᠠᠬᠢ | ᠰᠠᠭᠤᠷᠢᠨ ᠭᠠᠵᠠᠷ᠂ ᠰᠦᠯᠵᠢᠶᠡᠨ ᠳᠡᠭᠡᠷᠡᠬᠢ ᠲᠠᠪᠴᠠᠩ᠂ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ | ᠵᠡᠷᠭᠡ ᠶᠢ ᠨᠢᠭᠡ ᠴᠣᠭᠴᠠᠵᠢᠭᠤᠯᠤᠭᠰᠠᠨ ᠣᠶᠤᠨᠴᠢ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠵᠠᠭᠪᠤᠷ ᠢ | ᠳᠡᠯᠭᠡᠷᠡᠭᠦᠯᠵᠦ᠂ ᠣᠶᠤᠨᠴᠢ ᠪᠠᠷᠠᠭᠠᠨ ᠤ ᠭᠦᠢᠯᠭᠡᠭᠡ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠵᠡᠷᠭᠡ ᠵᠢᠱᠢᠶ᠎ᠡ | ᠦᠵᠡᠭᠦᠯᠬᠦ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠴᠢᠮᠡᠭᠡ ᠬᠤᠯᠪᠣᠭ᠎ᠠ | ᠶᠢ ᠬᠠᠮᠢᠶᠠᠷᠬᠤ ᠠᠯᠪᠠᠨ ᠬᠡᠷ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠴᠠᠭᠤᠯᠤᠨ ᠠᠬᠢᠭᠤᠯᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ | ᠮᠥᠴᠢᠷ ᠤᠳ ᠴᠢᠬᠤᠯᠠ ᠶᠡᠭᠡ ᠲᠥᠷᠥᠯ ᠵᠦᠢᠯ ᠤᠨ ᠬᠠᠮᠲᠤᠷᠠᠭᠰᠠᠨ ᠬᠤᠷᠠᠯ᠂ ᠤᠳᠤᠷᠢᠳᠤᠯᠭ᠎ᠠ ᠳᠠᠭᠠᠭᠠᠴᠢᠯᠠᠨ | ᠬᠠᠷᠢᠯᠴᠠᠬᠤ ᠵᠡᠷᠭᠡ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ | ᠴᠢᠩᠭᠠᠳᠬᠠᠨ᠂ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ ᠶᠢᠨ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠨᠡᠶᠢᠯᠡᠮᠡᠯ | ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠤᠨ ᠬᠥᠲᠥᠯᠦᠨ | ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠢ ᠪᠥᠲᠥᠭᠡᠨ ᠪᠠᠶᠢᠭᠤᠯᠵᠤ᠂ | ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠡᠬᠢᠯᠡᠭᠦᠯᠵᠦ᠂ ᠨᠢᠭᠡ ᠪᠦᠯᠦᠭ ᠢ ᠠᠬᠢᠭᠤᠯᠵᠤ᠂ ᠬᠥᠭᠵᠢᠯᠲᠡ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠠᠶᠢᠮᠠᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠵᠣᠬᠢᠬᠤ ᠬᠡᠮᠵᠢᠶ᠎ᠡ ᠪᠠᠷ ᠤᠷᠢᠳᠴᠢᠯᠠᠨ ᠠᠬᠢᠭᠤᠯᠤᠨ᠎ᠠ᠃ | ︵ᠬᠤᠶᠠᠷ︶ ᠬᠦᠴᠦᠨ ᠵᠦᠢᠯ ᠤᠨ ᠲᠤᠯᠭᠠᠭᠤᠷᠢᠯᠠᠯ ᠢ ᠪᠠᠲᠤᠯᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠠᠮᠢ | ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠣᠳᠤᠭ ᠪᠡᠯᠴᠢᠭᠡᠷ᠂ ᠤᠰᠤᠨ ᠤ ᠶᠠᠪᠤᠳᠠᠯ ᠵᠡᠷᠭᠡ ᠰᠠᠯᠠᠭ᠎ᠠ | ᠮᠥᠴᠢᠷ ᠤᠳ ᠭᠠᠵᠠᠷ ᠬᠡᠷᠡᠭᠯᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠢᠵᠢ ᠪᠥᠷᠢᠳᠦᠭᠦᠯᠬᠦ ᠠᠷᠭ᠎ᠠ | ᠬᠡᠮᠵᠢᠶ᠎ᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠭᠠᠵᠠᠷ ᠬᠡᠷᠡᠭᠯᠡᠬᠦ᠂ ᠣᠷᠴᠢᠨ ᠲᠣᠭᠤᠷᠢᠨ ᠤ ᠦᠨᠡᠯᠡᠨ | ᠵᠢᠱᠢᠯᠲᠡ᠂ ᠪᠠᠷᠢᠯᠭ᠎ᠠ ᠪᠠᠷᠢᠬᠤ ᠵᠥᠪᠰᠢᠶᠡᠷᠡᠯ ᠵᠡᠷᠭᠡ ᠭᠠᠷᠳᠠᠮ ᠢ ᠭᠦᠢᠴᠡᠳᠭᠡᠬᠦ ᠶᠢ ᠲᠦᠷᠭᠡᠳᠬᠡᠨ᠂ ᠤᠯᠤᠰ᠂ | ᠥᠪᠡᠷᠲᠡᠭᠡᠨ ᠵᠠᠰᠠᠬᠤ ᠣᠷᠣᠨ ᠤ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠬᠤ ᠵᠦᠢᠯᠡᠰ ᠢ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠵᠤ᠂ ᠪᠥᠬᠦ ᠶᠠᠪᠤᠴᠠ ᠳᠤ ᠠᠩᠬᠠᠷᠴᠤ ᠭᠦᠢᠴᠡᠳᠭᠡᠬᠦ ᠬᠡᠷᠡᠭᠲᠡᠶ︔ ᠣᠷᠣᠨ | ᠨᠤᠲᠤᠭ ᠤᠨ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠬᠤ ᠵᠦᠢᠯᠡᠰ ᠢ ᠬᠠᠤᠯᠢ ᠲᠣᠭᠲᠠᠭᠠᠯ ᠳᠤ ᠨᠡᠶᠢᠴᠡᠭᠰᠡᠨ | ᠰᠠᠭᠤᠷᠢᠨ ᠳᠡᠭᠡᠷ᠎ᠡ᠂ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ | ᠨᠡᠭᠦᠯᠭᠡᠬᠦ᠂ ᠬᠤᠲᠠ ᠶᠢᠨ ᠶᠠᠪᠤᠳᠠᠯ ᠢ ᠢᠵᠢ ᠪᠥᠷᠢᠳᠦᠭᠦᠯᠬᠦ᠂ ᠪᠥᠲᠥᠭᠡᠨ ᠪᠠᠶᠢᠭᠤᠯᠵᠤ ᠠᠵᠢᠯᠯᠠᠭᠤᠯᠬᠤ ᠵᠡᠷᠭᠡ | ᠲᠠᠯ᠎ᠠ ᠪᠠᠷ ᠠᠬᠢᠭᠤᠯᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ︵ᠭᠤᠷᠪᠠ︶ ᠪᠡᠯᠡ ᠮᠥᠩᠭᠦᠨ ᠤ ᠠᠷᠭ᠎ᠠ ᠵᠠᠮ ᠢ ᠦᠷᠭᠡᠳᠬᠡᠨ᠎ᠡ᠃ ᠲᠥᠷᠥᠯ ᠵᠦᠢᠯ ᠢ ᠲᠠᠨᠢᠯᠴᠠᠭᠤᠯᠬᠤ᠂ | ᠨᠡᠪᠲᠡᠷᠡᠯᠴᠡᠨ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ | ᠣᠷᠣᠨ ᠤ ᠮᠠᠨ ᠤ ᠠᠶᠢᠮᠠᠭ ᠤᠨ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ᠂ ᠲᠤᠰᠬᠠᠶ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠵᠢᠴᠢ ᠵᠢᠭᠡᠯᠡᠯᠭᠡ ᠶᠢᠨ ᠲᠡᠮᠳᠡᠭᠲᠦ ᠶᠢᠨ | ᠪᠠᠯᠠ ᠮᠥᠩᠭᠦ ᠶᠢ ᠳᠣᠭᠢᠷᠠᠭᠤᠯᠬᠤ ᠬᠡᠪᠴᠢᠶ᠎ᠡ ᠪᠠᠨ ᠨᠡᠮᠡᠭᠳᠡᠭᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭᠠᠨ ᠤ ᠵᠠᠭᠪᠤᠷ ᠢ ᠵᠢᠷᠤᠮᠵᠢᠭᠤᠯᠤᠨ ᠡᠮᠬᠢ ᠵᠢᠷᠤᠮ ᠲᠠᠢ ᠪᠠᠷ ᠠᠬᠢᠭᠤᠯᠵᠤ᠂ ᠠᠵᠤ | ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ | ᠲᠠᠷᠬᠠᠭᠠᠬᠤ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠺᠣᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠳᠡᠩᠰᠡᠯᠡᠵᠦ ᠲᠠᠷᠬᠠᠭᠠᠬᠤ ᠶᠢ ᠳᠡᠮᠵᠢᠵᠦ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠴᠤᠭᠯᠠᠭᠤᠯᠤᠨ᠎ᠠ᠃ | ︵ᠲᠦᠷᠪᠡ︶ ᠱᠠᠯᠠᠪᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ | ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠬᠡᠷᠡᠭᠲᠡᠶ᠃ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ | ᠮᠥᠴᠢᠷ ᠤᠳ ᠲᠥᠷᠥᠯ ᠵᠦᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠪᠠ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠠᠷᠢᠯᠢᠬᠵᠢᠭᠤᠯᠵᠤ᠂ ᠲᠥᠷᠥᠯ ᠵᠦᠢᠯ ᠢ ᠬᠢᠨᠠᠨ ᠬᠠᠷᠭᠤᠭᠤᠯᠬᠤ᠂ | ᠨᠥᠭᠡᠴᠡᠯᠡᠬᠦ᠂ ᠬᠥᠮᠥᠷᠭᠡ ᠳᠤ ᠣᠷᠣᠭᠤᠯᠬᠤ᠂ ᠬᠥᠳᠡᠯᠦᠩᠭᠦᠶ ᠪᠠᠷ ᠰᠢᠨᠡᠳᠬᠡᠬᠦ ᠠᠵᠢᠯ ᠢ ᠰᠠᠶᠢᠲᠤᠷ ᠬᠢᠵᠦ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠬᠤᠷᠳᠤᠴᠠ ᠪᠠᠨ ᠳᠡᠭᠡᠭᠰᠢᠯᠡᠭᠦᠯᠦᠨ | ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠡᠯ᠎ᠡ ᠬᠤᠰᠢᠭᠤ ᠣᠷᠣᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠳᠡᠭᠡᠷ᠎ᠡ ᠨᠢᠭᠡ | ᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢᠶᠠᠨ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ᠂ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ | ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠶ᠃ | |