ᠡᠶᠢᠮᠦ ᠪᠠᠭᠰᠢ ᠶᠢᠨ ᠬᠠᠷᠢᠴᠠᠯ ᠢ 70% ᠠᠴᠠ ᠲᠠᠪᠠᠭᠤᠯᠤᠨ᠎ᠠ
ᠨᠡᠶᠢᠲᠡᠯᠡᠭᠰᠡᠨ ᠴᠠᠭ᠄
2023/5/17
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃      ︽ᠰᠠᠨᠠᠯ︾ ᠳᠤ ᠵᠢᠭᠠᠬᠤ ᠳᠠᠭᠠᠨ᠂ 2025 ᠣᠨ ᠪᠣᠯᠬᠤ ᠳᠤ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠩᠭᠢᠯᠠᠭ᠎ᠠ ᠶᠢᠨ ᠪᠠᠶᠢᠷᠢ ᠰᠠᠭᠤᠷᠢ ᠶᠢ ᠴᠢᠨᠠᠭᠰᠢᠳᠠ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠯᠢᠳᠡᠭ ᠬᠢᠴᠢᠶᠡᠯ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ︽ᠦᠵᠡᠯ ᠰᠠᠨᠠᠭ᠎ᠠ ᠤᠯᠤᠰ ᠲᠥᠷᠥ ᠶᠢᠨ ᠶᠡᠭᠡ ᠬᠢᠴᠢᠶᠡᠯ︾ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠦᠨᠡᠯᠡᠬᠦ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠡ ᠭᠡᠵᠡᠢ᠃      ︽ᠰᠠᠨᠠᠯ︾ ᠳᠤ ᠳᠤᠷᠠᠳᠬᠤ ᠳᠠᠭᠠᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠡᠷᠡᠭᠯᠡᠵᠦ᠂ 2025 ᠣᠨ ᠪᠣᠯᠬᠤ ᠳᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠬᠤ ᠲᠤᠰᠬᠠᠶ ᠪᠠᠭᠰᠢ ᠲᠣᠬᠢᠷᠠᠭᠤᠯᠬᠤ ᠬᠠᠷᠢᠴᠠᠯ ᠢ 70% ᠠᠴᠠ ᠲᠠᠪᠠᠭᠤᠯᠤᠨ᠎ᠠ ᠭᠡᠵᠡᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号