ᠠᠯᠠᠱᠠ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠰᠢᠯᠭᠠᠨ ᠦᠨᠡᠯᠡᠬᠦ ᠠᠷᠭ᠎ᠠ
ᠨᠡᠶᠢᠲᠡᠯᠡᠭᠰᠡᠨ ᠴᠠᠭ᠄
2023/5/18
    ᠨᠢᠭᠡ᠂ ᠰᠢᠯᠭᠠᠨ ᠦᠨᠡᠯᠡᠬᠦ ᠵᠣᠷᠢᠯᠭ᠎ᠠ ᠵᠢᠴᠢ ᠵᠠᠷᠴᠢᠮ     ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠭᠤᠤᠯ ᠠᠷᠭ᠎ᠠ ᠵᠠᠮ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠥᠳᠡᠯᠦᠯ ᠪᠠᠶᠢᠳᠠᠯ ᠢ ᠣᠨᠣᠪᠴᠢᠲᠠᠶ ᠡᠵᠡᠮᠳᠡᠵᠦ᠂ ᠦᠨᠳᠦᠰᠦᠨ ᠱᠠᠲᠤᠨ ᠤ ᠦᠨᠡᠨ ᠪᠣᠳᠠᠲᠠᠶ ᠪᠠᠶᠢᠳᠠᠯ ᠢ ᠴᠠᠭ ᠲᠤᠬᠠᠶ ᠳᠤᠨᠢ ᠳᠠᠮᠵᠢᠭᠤᠯᠵᠤ ᠂ ᠠᠵᠢᠯ ᠤᠨ ᠰᠢᠨ᠎ᠡ ᠠᠬᠢᠴᠠ᠂ ᠰᠢᠨ᠎ᠡ ᠠᠰᠠᠭᠤᠳᠠᠯ᠂ ᠰᠢᠨ᠎ᠡ ᠰᠠᠨᠠᠭᠤᠯᠭ᠎ᠠ ᠶᠢ ᠲᠤᠰᠬᠠᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠮᠢᠶ᠎ᠠ ᠪᠥᠬᠦᠶ ᠯᠠᠪᠯᠠᠯᠲᠠ ᠶᠢᠨ ᠮᠡᠳᠡᠭᠡ ᠵᠠᠩᠭᠢ ᠬᠠᠩᠭᠠᠵᠤ᠂ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠵᠢᠷᠤᠮᠵᠢᠭᠤᠯᠤᠨ ᠠᠵᠢᠯᠯᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠶᠡᠷᠦᠩᠬᠡᠶᠢᠯᠡᠨ ᠰᠢᠯᠭᠠᠨ ᠦᠨᠡᠯᠡᠬᠦ ᠠᠷᠭ᠎ᠠ︾᠎ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠎ ᠶᠢ ᠲᠣᠭᠲᠠᠭᠠᠪᠠ᠃ ᠠᠷᠭ᠎ᠠ ᠨᠢ ᠦᠨᠡᠨ ᠠᠴᠠ ᠵᠥᠪ ᠢ ᠡᠷᠢᠬᠦ ᠪᠠ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠎ ᠢ ᠪᠠᠷᠢᠮᠲᠠᠯᠠᠵᠤ᠂ ᠰᠢᠯᠭᠠᠨ ᠲᠣᠭᠲᠠᠭᠠᠭᠳᠠᠭᠰᠠᠨ ᠨᠢᠬᠡᠴᠡ ᠎ ᠶᠢᠨ ᠮᠡᠳᠡᠭᠡ ᠵᠠᠩᠭᠢ ᠶᠢᠨ ᠠᠵᠢᠯ ᠤᠨ ᠡᠭᠦᠷᠭᠡ ᠶᠢ ᠪᠡᠶᠡᠯᠡᠭᠦᠯᠦᠭᠰᠡᠨ  ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠎ ᠢ ᠦᠨᠡᠨ ᠪᠣᠳᠠᠲᠠᠶ ᠎ ᠪᠠᠷ ᠲᠤᠰᠬᠠᠵᠤ᠂ ᠰᠢᠯᠭᠠᠨ ᠦᠨᠡᠯᠡᠭᠰᠡᠨ ᠦᠷ᠎ᠡ ᠳ᠋ᠦᠩ ᠎ ᠤᠨ ᠦᠨᠡᠨ ᠪᠣᠳᠠᠲᠠᠶ᠂ ᠪᠤᠰᠤᠳᠴᠢ᠂ ᠣᠨᠣᠪᠴᠢᠲᠠᠶ ᠪᠠᠶᠢᠬᠤ ᠎ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ᠂ ᠰᠢᠯᠭᠠᠨ ᠦᠨᠡᠯᠡᠬᠦ ᠡᠲᠡᠭᠡᠳ      ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ︶︔ ᠠᠶᠢᠮᠠᠭ ᠤᠨ ᠰᠢᠭᠤᠳ ᠬᠠᠷᠢᠶ᠎ᠠ ᠡᠯ᠎ᠡ ᠨᠢᠭᠡᠴᠡ ᠵᠢᠴᠢ ᠰᠠᠯᠠᠭ᠎ᠠ ᠮᠥᠴᠢᠷ︔ ᠠᠶᠢᠮᠠᠭ ᠲᠤ ᠰᠠᠭᠤᠭ᠎ᠠ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠨᠢᠭᠡᠴᠡ᠃      ᠭᠤᠷᠪᠠ᠂ ᠰᠢᠯᠭᠠᠨ ᠦᠨᠡᠯᠡᠬᠦ ᠠᠭᠤᠯᠭ᠎ᠠ      ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ︽ᠠᠯᠠᠱᠠ ᠶᠢᠨ ᠵᠠᠰᠠᠭ ᠤᠨ ᠮᠡᠳᠡᠭᠡ︾᠂ ︽ᠮᠡᠳᠡᠭᠡ ᠵᠠᠩᠭᠢ ᠶᠢᠨ ᠯᠠᠪᠯᠠᠯᠭ᠎ᠠ︾᠂ ︽ᠴᠢᠬᠤᠯᠠ ᠪᠠᠶᠢᠳᠠᠯ ᠤᠨ ᠲᠣᠪᠴᠢ ᠮᠡᠳᠡᠭᠡ︾ ᠵᠡᠷᠭᠡ 3 ᠮᠡᠳᠡᠭᠡ ᠵᠠᠩᠭᠢ ᠶᠢᠨ ᠲᠥᠷᠥᠯ ᠤᠨ ᠰᠡᠳᠬᠦᠯ ᠢ ᠬᠡᠪᠯᠡᠵᠦ᠂ ᠡᠭᠦᠨ ᠳᠤ᠂ ︽ᠠᠯᠠᠱᠠ ᠶᠢᠨ ᠵᠠᠰᠠᠭ ᠤᠨ ᠮᠡᠳᠡᠭᠡ︾᠎ ᠶᠢ ᠮᠡᠳᠡᠭᠦᠯᠦᠨ ᠬᠦᠷᠭᠡᠬᠦ ᠠᠭᠤᠯᠭ᠎ᠠ ᠨᠢ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠲᠣᠰ ᠨᠢᠭᠡᠴᠡ ᠶᠢᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠳᠠᠭᠠᠭᠠᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠡᠭᠦᠷᠭᠡ᠂ ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ ᠪᠠᠶᠢᠵᠤ᠂ ᠬᠠᠯᠠᠮᠰᠢᠯ ᠠᠰᠠᠭᠤᠳᠠᠯ᠂ ᠭᠤᠤᠯᠳᠠᠯᠭ᠎ᠠ᠂ ᠬᠢᠯᠠᠰ ᠴᠡᠭ᠂ ᠬᠦᠴᠢᠷ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠣᠯᠤᠨ᠎ᠠ᠃ ︽ᠠᠯᠠᠱᠠ ᠶᠢᠨ ᠵᠠᠰᠠᠭ ᠤᠨ ᠮᠡᠳᠡᠭᠡ︾᠎ ᠨᠢ ᠪᠠᠰᠠ ᠬᠠᠮᠤᠭ ᠤᠨ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠠᠭᠤᠯᠭ᠎ᠠ ᠲᠠᠢ ᠤᠶᠠᠯᠳᠤᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠬᠡᠪᠯᠡᠯ ᠤᠨ ᠠᠭᠤᠯᠭ᠎ᠠ ᠶᠢ ᠨᠡᠮᠡᠵᠦ ᠪᠠᠶᠢᠭᠤᠯᠤᠨ᠎ᠠ︔ ᠳᠡᠭᠡᠷᠡᠬᠢ ᠮᠡᠳᠡᠭᠡ ᠵᠠᠩᠭᠢ ᠶᠢ ᠵᠠᠷᠴᠢᠮ ᠳᠡᠭᠡᠷ᠎ᠡ ᠪᠠᠨ ᠲᠣᠰ ᠨᠢᠭᠡᠴᠡ ᠳᠤ ᠬᠤᠯᠪᠣᠭᠳᠠᠬᠤ ᠡᠩ ᠤᠨ ᠬᠤᠷᠠᠯ ᠤᠨ ᠲᠥᠷᠥᠯ᠂ ᠠᠵᠢᠯᠯᠠᠭ᠎ᠠ ᠡᠷᠬᠢᠯᠡᠬᠦ ᠲᠥᠷᠥᠯ᠂ ᠤᠳᠤᠷᠢᠳᠤᠯᠭ᠎ᠠ ᠶᠢᠨ ᠪᠠᠶᠢᠴᠠᠭᠠᠨ ᠦᠵᠡᠬᠦ ᠲᠥᠷᠥᠯ᠂ ᠰᠤᠷᠤᠯᠴᠠᠯᠭ᠎ᠠ ᠪᠣᠯᠪᠠᠰᠤᠷᠠᠭᠤᠯᠤᠯ ᠤᠨ ᠲᠥᠷᠥᠯ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠪᠣᠳᠣᠬᠤ ᠦᠭᠡᠶ᠃ ︽ᠮᠡᠳᠡᠭᠡ ᠵᠠᠩᠭᠢ ᠶᠢᠨ ᠯᠠᠪᠯᠠᠯᠲᠠ︾᠎ ᠶᠢᠨ ᠮᠡᠳᠡᠭᠦᠯᠦᠨ ᠬᠦᠷᠭᠡᠬᠦ ᠠᠭᠤᠯᠭ᠎ᠠ ᠨᠢ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠠᠶᠢᠮᠠᠭ ᠤᠨ ᠱᠠᠲᠤᠨ ᠤ ᠤᠳᠤᠷᠢᠳᠤᠯᠭ᠎ᠠ ᠶᠢᠨ ᠡᠵᠡᠮᠰᠢᠬᠦ ᠴᠢᠬᠤᠯᠠᠲᠠᠶ ᠴᠢᠬᠤᠯᠠ ᠶᠡᠭᠡ ᠪᠠᠴᠢᠮ ᠲᠥᠷᠥᠯ ᠤᠨ ᠮᠡᠳᠡᠭᠡ ᠵᠠᠩᠭᠢ᠂ ᠲᠤᠰᠬᠠᠶ ᠮᠡᠳᠡᠭᠦᠯᠦᠯᠲᠡ ᠶᠢᠨ ᠲᠥᠷᠥᠯ ᠤᠨ ᠮᠡᠳᠡᠭᠡ ᠵᠠᠩᠭᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠥᠷᠥᠯ ᠤᠨ ᠮᠡᠳᠡᠭᠡ ᠵᠠᠩᠭᠢ᠂ ᠠᠰᠠᠭᠤᠳᠠᠯ ᠤᠨ ᠰᠠᠨᠠᠭᠤᠯᠭ᠎ᠠ ᠵᠢᠴᠢ ᠪᠠᠶᠢᠴᠠᠭᠠᠨ ᠰᠤᠳᠤᠯᠤᠯᠲᠠ ᠶᠢᠨ ᠲᠥᠷᠥᠯ ᠤᠨ ᠮᠡᠳᠡᠭᠡ ᠵᠠᠩᠭᠢ ᠵᠡᠷᠭᠡ ᠪᠣᠯᠤᠨ᠎ᠠ᠃ ︽ᠴᠢᠬᠤᠯᠠ ᠪᠠᠶᠢᠳᠠᠯ ᠤᠨ ᠲᠣᠪᠴᠢ ᠮᠡᠳᠡᠭᠡ︾᠎ ᠶᠢᠨ ᠮᠡᠳᠡᠭᠦᠯᠦᠨ ᠬᠦᠷᠭᠡᠭᠰᠡᠨ ᠠᠭᠤᠯᠭ᠎ᠠ ᠨᠢ ᠡᠯ᠎ᠡ ᠬᠤᠰᠢᠭᠤ ᠣᠷᠣᠨ ᠳᠤ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠮᠠᠨ ᠤ ᠠᠶᠢᠮᠠᠭ ᠤᠨ ᠬᠠᠮᠢᠶ᠎ᠠ ᠪᠥᠬᠦᠶ ᠠᠵᠢᠯ ᠳᠤ ᠯᠠᠪᠯᠠᠯᠲᠠ ᠪᠣᠯᠭᠠᠵᠤ᠂ ᠯᠠᠪᠯᠠᠯᠲᠠ ᠶᠢᠨ ᠠᠴᠢ ᠬᠤᠯᠪᠣᠭᠳᠠᠯ ᠲᠠᠢ ᠪᠤᠰᠤᠳ ᠡᠯ᠎ᠡ ᠲᠥᠷᠥᠯ ᠤᠨ ᠮᠡᠳᠡᠭᠡ ᠵᠠᠩᠭᠢ ᠶᠢ ᠬᠠᠩᠭᠠᠨ᠎ᠠ᠃ ᠡᠭᠦᠨ ᠤ ᠬᠠᠮᠲᠤ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠨᠢ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠡᠳᠦᠷ ᠪᠦᠷᠢ ᠶᠢᠨ ᠮᠡᠳᠡᠭᠦᠯᠦᠨ ᠬᠦᠷᠭᠡᠭᠰᠡᠨ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠠᠰᠠᠭ ᠤᠨ ᠶᠠᠪᠤᠳᠠᠯ ᠤᠨ ᠲᠥᠷᠥᠯ᠂ ᠠᠰᠠᠭᠤᠳᠠᠯ ᠤᠨ ᠰᠠᠨᠠᠭᠤᠯᠭ᠎ᠠ ᠶᠢᠨ ᠲᠥᠷᠥᠯ᠂ ᠪᠠᠶᠢᠴᠠᠭᠠᠨ ᠰᠤᠳᠤᠯᠤᠯᠲᠠ ᠶᠢᠨ ᠲᠥᠷᠥᠯ ᠵᠡᠷᠭᠡ ᠮᠡᠳᠡᠭᠡ ᠵᠠᠩᠭᠢ ᠶᠢ ᠦᠨᠳᠦᠰᠦᠯᠡᠨ ᠰᠢᠯᠢᠳᠡᠭ ᠢ ᠨᠢ ᠰᠣᠩᠭᠤᠨ ᠬᠡᠷᠡᠭᠯᠡᠵᠦ᠂ ᠨᠠᠶᠢᠷᠠᠭᠤᠯᠤᠨ ᠡᠮᠬᠢᠳᠬᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠨᠢᠭᠡᠳᠦᠯᠲᠡᠶ ᠮᠡᠳᠡᠭᠦᠯᠦᠨ ᠬᠦᠷᠭᠡᠨ᠎ᠡ᠃      ︵ᠨᠢᠭᠡ︶ ᠡᠳᠦᠷ ᠳᠤᠲᠤᠮ ᠤᠨ ᠵᠠᠰᠠᠭ ᠤᠨ ᠶᠠᠪᠤᠳᠠᠯ ᠤᠨ ᠲᠦᠷᠦᠯ ᠤᠨ ᠮᠡᠳᠡᠭᠡ ᠵᠠᠩᠭᠢ      ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠡᠭᠡᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠳᠣᠬᠢ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠢᠯᠠᠩᠭᠤᠶ᠎ᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠤᠭᠰᠠᠨ ᠦᠷ᠎ᠡ ᠪᠦᠲᠦᠮᠵᠢ᠂ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠬᠤ ᠬᠡᠷᠡᠭᠲᠡᠶ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠨᠢ ᠦᠨᠡᠨ ᠪᠣᠳᠠᠲᠠᠶ᠂ ᠣᠨᠣᠪᠴᠢᠲᠠᠶ᠂ ᠪᠦᠬᠦ ᠲᠠᠯ᠎ᠠ ᠶᠢᠨ᠂ ᠴᠠᠭ ᠲᠤᠬᠠᠶ ᠳᠤᠨᠢ ᠪᠠᠶᠢᠬᠤ ᠵᠠᠷᠴᠢᠮ ᠢ ᠪᠠᠷᠢᠮᠲᠠᠯᠠᠵᠤ᠂ ᠲᠤᠰᠬᠠᠭᠰᠠᠨ ᠪᠠᠶᠢᠳᠠᠯ ᠨᠢ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠵᠤ᠂ ᠲᠤᠭ᠎ᠠ ᠪᠠᠷᠢᠮᠲᠠ᠂ ᠬᠡᠷᠡᠭ ᠤᠨ ᠵᠢᠱᠢᠶ᠎ᠡ ᠶᠢ ᠬᠢᠨᠠᠨ ᠬᠠᠷᠭᠤᠭᠤᠯᠵᠤ ᠣᠨᠣᠪᠴᠢᠲᠠᠶ ᠪᠠᠶᠢᠯᠭᠠᠵᠤ᠂ ᠠᠯᠳᠠᠭ᠎ᠠ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠮᠡᠳᠡᠭᠡ ᠵᠠᠩᠭᠢ ᠶᠢᠨ ᠭᠤᠣᠯ ᠴᠣᠭᠴᠠ ᠨᠢ ᠢᠯᠡ ᠲᠣᠳᠣ ᠲᠣᠪᠤᠶᠢᠮ᠎ᠠ᠂ ᠰᠡᠳᠦᠪ ᠨᠢ ᠨᠢᠭᠡᠳᠦᠯᠲᠡᠶ ᠪᠠᠶᠢᠵᠤ᠂ ᠲᠣᠪᠴᠢ ᠠᠪᠰᠠᠷᠬᠠᠨ ᠦᠰᠦᠭ ᠪᠠ ᠲᠥᠯᠥᠭᠡᠯᠡᠬᠦ ᠴᠢᠨᠠᠷᠲᠠᠶ ᠲᠤᠭ᠎ᠠ ᠪᠠᠷᠢᠮᠲᠠ ᠪᠠᠷ ᠬᠡᠷᠡᠭ ᠪᠣᠳᠠᠰ ᠤᠨ ᠬᠤᠷᠢᠶᠠᠩᠭᠤᠶᠢᠯᠠᠯ ᠪᠠ ᠬᠥᠭᠵᠢᠯᠲᠡ ᠶᠢᠨ ᠬᠠᠨᠳᠤᠰᠢ ᠶᠢ ᠲᠤᠰᠬᠠᠬᠤ ᠬᠡᠷᠡᠭᠲᠡᠶ︔ ᠮᠡᠳᠡᠭᠡ ᠵᠠᠩᠭᠢ ᠶᠢᠨ ᠠᠵᠢᠯᠲᠠᠳ ᠢ ᠨᠠᠷᠢᠯᠢᠭ ᠨᠠᠶᠢᠷᠠᠭᠤᠯᠤᠨ ᠰᠣᠩᠭᠤᠵᠤ᠂ ᠮᠡᠳᠡᠭᠡ ᠵᠠᠩᠭᠢ ᠶᠢ ᠴᠤᠭᠯᠠᠭᠤᠯᠬᠤ᠂ ᠠᠭᠤᠳᠠᠯᠤᠨ ᠡᠮᠬᠢᠯᠡᠬᠦ ᠪᠠ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠠᠰᠠᠭᠤᠳᠠᠯ ᠤᠨ ᠰᠠᠨᠠᠭᠤᠯᠭ᠎ᠠ ᠶᠢᠨ ᠲᠦᠷᠦᠯ ᠤᠨ ᠮᠡᠳᠡᠭᠡ ᠵᠠᠩᠭᠢ      ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠤᠨ ᠰᠠᠨᠠᠭᠤᠯᠭ᠎ᠠ ᠶᠢᠨ ᠲᠥᠷᠥᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠪᠠᠷ ᠣᠳᠣᠬᠠᠨ ᠤ ᠲᠣᠰ ᠭᠠᠵᠠᠷ ᠣᠷᠣᠨ᠂ ᠲᠣᠰ ᠬᠦᠷᠢᠶ᠎ᠡ ᠴᠠᠷᠠᠭ᠎ᠠ᠂ ᠲᠣᠰ ᠠᠵᠢᠯ ᠲᠥᠷᠥᠯ ᠤᠨ ᠬᠢᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠪᠤᠰᠤᠳᠴᠢ ᠠᠰᠠᠭᠤᠳᠠᠯ ᠪᠠ ᠪᠣᠳᠠᠲᠠᠶ ᠬᠦᠴᠢᠷᠳᠡᠯ ᠢ ᠲᠥᠪᠯᠡᠷᠡᠭᠦᠯᠦᠨ ᠲᠤᠰᠬᠠᠵᠤ᠂ ᠬᠦᠴᠢᠷ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠭᠤᠤᠯᠳᠠᠯᠭ᠎ᠠ ᠲᠠᠢ ᠵᠠᠳᠠᠯᠬᠤ ᠶᠢᠨ ᠬᠠᠮᠲᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠠᠨᠠᠭᠤᠯᠭ᠎ᠠ ᠳᠤᠷᠠᠳᠬᠤ ᠬᠡᠷᠡᠭᠲᠡᠶ᠃ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠪᠣᠳᠠᠲᠠᠶ ᠠᠵᠢᠯ ᠤᠨ ᠳᠤᠮᠳᠠ᠂ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠲᠠᠢ ᠵᠣᠬᠢᠴᠠᠭᠤᠯᠵᠤ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠤᠨ ᠲᠥᠷᠥᠯ ᠤᠨ ᠮᠡᠳᠡᠭᠡ ᠵᠠᠩᠭᠢ ᠶᠢ ᠨᠡᠪᠲᠡᠷᠡᠯᠴᠡᠨ ᠮᠡᠳᠡᠭᠦᠯᠵᠦ ᠪᠣᠯᠤᠨ᠎ᠠ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠰᠤᠷᠪᠤᠯᠵᠢᠯᠠᠨ ᠨᠠᠶᠢᠷᠠᠭᠤᠯᠵᠤ ᠡᠮᠬᠢᠳᠬᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ᠃      ︵ᠭᠤᠷᠪᠠ︶ ᠪᠠᠶᠢᠴᠠᠭᠠᠨ ᠰᠤᠳᠤᠯᠤᠯᠲᠠ ᠶᠢᠨ ᠲᠦᠷᠦᠯ ᠤᠨ ᠮᠡᠳᠡᠭᠡ ᠵᠠᠩᠭᠢ      ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ︽ᠲᠣᠮᠣ ᠮᠡᠳᠡᠭᠡ ᠵᠠᠩᠭᠢ︾᠂ ︽ᠶᠡᠬᠡᠪᠡᠷ ᠪᠠᠶᠢᠴᠠᠭᠠᠨ ᠰᠤᠳᠤᠯᠤᠯᠲᠠ ᠬᠢᠬᠦ︾ ᠦᠵᠡᠯ ᠰᠠᠨᠠᠭ᠎ᠠ ᠶᠢ ᠪᠣᠶ ᠪᠣᠯᠭᠠᠵᠤ᠂ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠦᠨᠵᠡᠭᠡᠶ ᠵᠠᠳᠠᠯᠤᠨ᠂ ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠪᠠᠷ ᠶᠡᠭᠡ ᠬᠡᠮᠵᠢᠶᠡᠨ ᠤ ᠮᠡᠳᠡᠭᠡ ᠵᠠᠩᠭᠢ ᠶᠢ ᠪᠠᠶᠢᠳᠠᠯ᠂ ᠵᠠᠳᠠᠯᠤᠯᠲᠠ᠂ ᠵᠢᠱᠢᠯᠲᠡ ᠲᠠᠢ᠂ ᠰᠠᠨᠠᠭᠤᠯᠭ᠎ᠠ ᠲᠠᠢ ᠥᠨᠳᠥᠷ ᠳᠡᠰ ᠳᠠᠪᠬᠤᠷᠭ᠎ᠠ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠡ ᠵᠠᠩᠭᠢ ᠪᠣᠯᠭᠠᠨ ᠡᠮᠬᠢᠯᠡᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢᠨ ᠲᠥᠷᠥᠯ ᠤᠨ ᠮᠡᠳᠡᠭᠡ ᠵᠠᠩᠭᠢ ᠨᠢ ᠦᠨᠡᠨ ᠠᠴᠠ ᠵᠥᠪ ᠢ ᠡᠷᠢᠵᠦ᠂ ᠪᠠᠶᠠᠷ ᠤᠨ ᠣᠴᠢᠷ ᠢᠶᠠᠨ ᠮᠡᠳᠡᠭᠦᠯᠵᠦ ᠵᠣᠪᠠᠨᠢᠯ ᠢᠶᠠᠨ ᠮᠡᠳᠡᠭᠦᠯᠬᠦ ᠥᠬᠡᠶ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠪᠣᠳᠠᠲᠠᠶ ᠪᠠᠶᠢᠳᠠᠯ ᠢ ᠡᠵᠡᠮᠰᠢᠬᠦ᠂ ᠠᠵᠢᠯ ᠢ ᠪᠦᠲᠦᠮᠵᠢᠲᠡᠶ ᠵᠢᠯᠣᠭᠤᠳᠬᠤ ᠳᠤ ᠦᠨᠳᠦᠰᠦᠯᠡᠯ ᠬᠠᠩᠭᠠᠬᠤ ᠬᠡᠷᠡᠭᠲᠡᠶ᠃      ︵ᠲᠦᠷᠪᠡ︶ ᠡᠬᠡ ᠪᠢᠴᠢᠭ ᠤᠨ ᠲᠦᠷᠦᠯ ᠤᠨ ᠮᠡᠳᠡᠭᠡ ᠵᠠᠩᠭᠢ      ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ᠂ ᠠᠶᠢᠮᠠᠭ ᠤᠨ ᠵᠠᠬᠢᠷᠭ᠎ᠠ ᠶᠢᠨ ᠡᠬᠡ ᠪᠢᠴᠢᠭ ᠪᠣᠯᠵᠣᠬᠤ ᠱᠠᠭᠠᠷᠳᠠᠯᠭ᠎ᠠ ᠶᠣᠰᠣᠭᠠᠷ᠂ ᠡᠬᠡ ᠪᠢᠴᠢᠭ ᠢ ᠨᠠᠷᠢᠨ ᠬᠢᠨᠠᠮᠠᠭᠠᠶ  ᠮᠡᠳᠡᠬᠦᠯᠵᠦ᠂ ᠭᠦᠨᠵᠡᠭᠡᠶ ᠵᠠᠳᠠᠯᠬᠤ᠂ ᠪᠦᠲᠦᠴᠡ ᠪᠠᠷ ᠵᠠᠳᠠᠯᠬᠤ ᠶᠢ ᠴᠢᠬᠤᠯᠠᠴᠢᠯᠠᠵᠤ᠂ ᠲᠤᠭ᠎ᠠ ᠪᠠᠷᠢᠮᠲᠠ ᠪᠠᠷ ᠲᠤᠯᠭᠠᠭᠤᠷᠢᠯᠠᠯ ᠪᠣᠯᠭᠠᠵᠤ᠂ ᠬᠡᠷᠡᠭ ᠤᠨ ᠵᠢᠱᠢᠶ᠎ᠡ ᠪᠠᠷ ᠦᠭᠡ ᠬᠡᠯᠡᠵᠦ᠂ ᠴᠢᠨᠠᠷ ᠰᠠᠶᠢᠲᠠᠶ ᠮᠡᠳᠡᠭᠡ ᠵᠠᠩᠭᠢ ᠪᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃      ᠳᠥᠷᠪᠡ᠂ ᠬᠤᠪᠢ ᠣᠯᠭᠤᠬᠤ ᠪᠠᠷᠢᠮᠵᠢᠶ᠎ᠠ ᠵᠢᠴᠢ ᠰᠢᠯᠭᠠᠨ ᠦᠨᠡᠯᠡᠬᠦ ᠠᠷᠭ᠎ᠠ      ︵ᠨᠢᠭᠡ︶ ᠮᠡᠳᠡᠭᠡ ᠵᠠᠩᠭᠢ ᠶᠢᠨ ᠬᠡᠷᠡᠭᠯᠡᠯᠲᠡ      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠡᠭᠡᠨ ᠬᠤᠪᠢ ᠲᠡᠮᠳᠡᠭᠯᠡᠬᠦ ᠦᠭᠡᠶ᠂ ᠬᠤᠪᠢ ᠪᠣᠳᠣᠬᠤ ᠠᠷᠭ᠎ᠠ ᠶᠢ ᠬᠡᠷᠡᠭᠯᠡᠨ᠎ᠡ᠃ ᠡᠯ᠎ᠡ ᠮᠡᠳᠡᠭᠡ ᠵᠠᠩᠭᠢ ᠮᠡᠳᠡᠭᠦᠯᠦᠨ ᠬᠦᠷᠭᠡᠬᠦ ᠨᠢᠭᠡᠴᠡ ᠶᠢᠨ ᠣᠯᠤᠭᠰᠠᠨ ᠬᠤᠪᠢ ᠨᠢ ᠴᠥᠮ ᠬᠤᠶᠠᠳᠤᠭᠠᠷ ᠲᠠᠰ ᠤᠨ ᠨᠢᠭᠡᠴᠡ ᠶᠢᠨ ᠣᠯᠤᠭᠰᠠᠨ ᠬᠤᠪᠢ ᠪᠠᠭᠲᠠᠨ᠎ᠠ᠃      ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠨ ᠭᠡᠷᠡᠭᠯᠡᠪᠡᠯ᠂ ᠮᠡᠳᠡᠭᠡ ᠵᠠᠩᠭᠢ ᠶᠢᠨ ᠰᠡᠳᠬᠦᠯ ᠤᠨ ᠬᠤᠪᠢ ᠪᠤᠳᠤᠬᠤ ᠪᠠᠷᠢᠮᠵᠢᠶ᠎ᠠ ᠨᠢ᠄ ︽ᠠᠯᠠᠱᠠ ᠶᠢᠨ ᠵᠠᠰᠠᠭ ᠤᠨ ᠮᠡᠳᠡᠭᠡ︾᠎ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠲᠥᠷᠥᠯ ᠤᠨ ᠮᠡᠳᠡᠭᠡ ᠵᠠᠩᠭᠢ ᠶᠢᠨ ᠵᠦᠢᠯ ᠨᠢᠭᠡᠪᠦᠷᠢ ᠶᠢ 5 ᠬᠤᠪᠢ ᠪᠤᠳᠤᠵᠤ᠂ ᠠᠰᠠᠭᠤᠳᠠᠯ ᠤᠨ ᠰᠠᠨᠠᠭᠤᠯᠭ᠎ᠠ ᠶᠢᠨ ᠲᠥᠷᠥᠯ ᠤᠨ ᠮᠡᠳᠡᠭᠡ ᠵᠠᠩᠭᠢ ᠶᠢ ᠵᠤᠷᠪᠤᠰ ᠪᠦᠷᠢ 10 ᠬᠤᠪᠢ ᠬᠡᠷᠡᠭᠯᠡᠵᠦ᠂ ᠠᠶᠢᠮᠠᠭ ᠤᠨ ᠭᠠᠳᠠᠨᠠᠬᠢ ᠬᠥᠳᠡᠯᠦᠩᠭᠦᠶ ᠪᠠᠶᠢᠳᠠᠯ ᠤᠨ ᠲᠥᠷᠥᠯ ᠤᠨ ᠮᠡᠳᠡᠭᠡ ᠵᠠᠩᠭᠢ ᠶᠢ ᠨᠢᠭᠡ ᠪᠦᠷᠢ 2 ᠬᠤᠪᠢ ᠪᠤᠳᠤᠨ᠎ᠠ︔ ︽ᠮᠡᠳᠡᠭᠡ ᠵᠠᠩᠭᠢ ᠶᠢᠨ ᠯᠠᠪᠯᠠᠯᠲᠠ︾ ᠨᠢᠭᠡ ᠪᠦᠷᠢ 5 ᠬᠤᠪᠢ ᠪᠤᠳᠤᠵᠤ᠂ ︽ᠴᠢᠬᠤᠯᠠ ᠪᠠᠶᠢᠳᠠᠯ ᠤᠨ ᠲᠣᠪᠴᠢ ᠮᠡᠳᠡᠭᠡ ︾᠎ ᠶᠢ ᠨᠢᠭᠡ ᠪᠦᠷᠢ 5 ᠬᠤᠪᠢ ᠪᠤᠳᠤᠨ᠎ᠠ᠃      ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤ ᠪᠥᠬᠦ ᠵᠢᠯ ᠳᠠᠬᠢ ᠮᠡᠳᠡᠭᠡ ᠵᠠᠩᠭᠢ ᠶᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠲᠤ  ᠭᠡᠷᠡᠭᠯᠡᠬᠦᠯᠬᠦ ᠦᠨᠳᠦᠰᠦᠨ ᠡᠭᠦᠷᠭᠡ᠄     1. ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ 160 ᠵᠤᠷᠪᠤᠰ ︵ᠪᠤᠶᠤ ᠬᠤᠪᠢ ᠣᠯᠣᠭᠰᠠᠨ ᠨᠢ 800 ᠬᠤᠪᠢ ᠠᠴᠠ ᠳᠣᠣᠷ᠎ᠠ ᠦᠭᠡᠢ︶︔     2. ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠬᠤᠶᠠᠷᠬᠤᠳᠳᠤᠭ ᠎ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ᠄ 80 ᠵᠤᠷᠪᠤᠰ ︵ᠪᠤᠶᠤ ᠣᠯᠤᠭᠰᠠᠨ ᠬᠤᠪᠢ ᠨᠢ 400 ᠬᠤᠪᠢ ᠠᠴᠠ ᠳᠣᠤᠷ᠎ᠠ ᠦᠭᠡᠶ︶︔     3. ᠤᠯᠠᠭᠠᠨᠪᠤᠬ᠎ᠠ ᠠᠮᠢ ᠠᠬᠤᠢ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ  ᠣᠷᠣᠨ᠄ 30 ᠵᠤᠷᠪᠤᠰ ︵ᠪᠤᠶᠤ ᠬᠤᠪᠢ ᠨᠢ 150 ᠬᠤᠪᠢ ᠠᠴᠠ ᠳᠣᠣᠷ᠎ᠠ ᠦᠭᠡᠢ︶︔     4. ᠠᠶᠢᠮᠠᠭ ᠤᠨ ᠵᠠᠬᠢᠷᠭ᠎ᠠ ᠶᠢᠨ ᠡᠯ᠎ᠡ ᠠᠵᠢᠯ ᠤᠨ ᠰᠠᠯᠠᠭ᠎ᠠ ᠮᠥᠴᠢᠷ᠄ 40 ᠵᠤᠷᠪᠤᠰ ︵ᠪᠤᠶᠤ ᠬᠤᠪᠢ ᠣᠯᠣᠭᠰᠠᠨ ᠨᠢ 200 ᠬᠤᠪᠢ ᠠᠴᠠ ᠳᠣᠣᠷ᠎ᠠ ᠦᠭᠡᠶ︶︔     5. ᠠᠶᠢᠮᠠᠭ ᠲᠤ ᠰᠠᠭᠤᠭ᠎ᠠ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠨᠢᠭᠡᠴᠡ᠄ 40 ᠵᠤᠷᠪᠤᠰ ᠠᠴᠠ ᠳᠤᠲᠠᠭᠤ ᠦᠭᠡᠢ ︵ᠪᠤᠶᠤ ᠣᠯᠣᠭᠰᠠᠨ ᠬᠤᠪᠢ ᠨᠢ 200 ᠬᠤᠪᠢ ᠠᠴᠠ ᠳᠣᠣᠷ᠎ᠠ ᠦᠭᠡᠢ︶︔     6᠂ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ ᠵᠡᠷᠭᠡ ᠪᠤᠰᠤᠳ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠠᠯᠠᠭ᠎ᠠ ᠮᠥᠴᠢᠷ᠄ 20 ᠵᠦᠢᠯ ︵ᠪᠤᠶᠤ ᠣᠯᠤᠭᠰᠠᠨ ᠬᠤᠪᠢ ᠨᠢ 100 ᠬᠤᠪᠢ ᠠᠴᠠ ᠳᠣᠣᠷ᠎ᠠ ᠪᠠᠶᠢᠵᠤ ᠪᠣᠯᠬᠤ ᠦᠭᠡᠢ︶᠃     ︵ᠬᠤᠶᠠᠷ︶ ᠱᠠᠩᠨᠠᠯ ᠤᠨ ᠬᠤᠪᠢ ᠨᠡᠮᠡᠬᠦ ᠪᠠᠷᠢᠮᠵᠢᠶ᠎ᠠ     ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠵᠦ᠂ ᠵᠤᠷᠪᠤᠰ ᠪᠦᠷᠢ ᠳᠤ 5 ᠬᠤᠪᠢ ᠨᠡᠮᠡᠨ᠎ᠡ︔ ︽ᠮᠡᠳᠡᠭᠡ ᠵᠠᠩᠭᠢ ᠶᠢᠨ ᠡᠬᠡ ᠪᠢᠴᠢᠭ ᠪᠣᠯᠵᠣᠬᠤ︾ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠠᠶᠢᠮᠠᠭ ᠤᠨ ᠤᠳᠤᠷᠢᠳᠤᠯᠭ᠎ᠠ ︵ᠪᠤᠶᠤ ᠤᠯᠤᠰ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ︶ ᠴᠣᠬᠤᠯᠠᠪᠤᠷᠢ ᠪᠦᠷᠢ ᠳᠤ 10 ᠬᠤᠪᠢ ᠨᠡᠮᠡᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︵ᠪᠤᠶᠤ ᠲᠥᠷᠥ ᠶᠢᠨ ᠶᠠᠪᠤᠳᠠᠯ ᠤᠨ ᠬᠤᠷᠢᠶ᠎ᠠ︶᠎ ᠳᠤ ᠵᠤᠷᠪᠤᠰ ᠪᠦᠷᠢ ᠳᠤ 20 ᠬᠤᠪᠢ ᠨᠡᠮᠡᠨ᠎ᠡ᠃     ᠢᠳᠡᠪᠬᠢᠲᠡᠶ ᠬᠥᠮᠦᠨ ᠲᠣᠮᠢᠯᠠᠨ ᠠᠵᠢᠯ ᠤᠨ ᠰᠢᠯᠵᠢᠭᠦᠯᠦᠨ ᠪᠣᠯᠪᠠᠰᠤᠷᠠᠭᠤᠯᠬᠤ ᠳᠤ ᠣᠷᠣᠯᠴᠠᠭᠤᠯᠬᠤ ᠶᠢᠨ ᠬᠠᠮᠲᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠨᠢᠭᠡᠴᠡ ᠶᠢᠨ ᠣᠨ ᠤ ᠦᠨᠳᠦᠰᠦᠨ ᠡᠭᠦᠷᠭᠡ ᠶᠢᠨ ᠬᠤᠪᠢ ᠶᠢᠨ ᠥᠷᠲᠡᠭ ᠤᠨ 20%᠎ ᠪᠠᠷ ᠬᠤᠪᠢ ᠨᠡᠮᠡᠨ᠎ᠡ᠃     ︵ᠭᠤᠷᠪᠠ︶ ᠠᠵᠢᠯ ᠤᠨ ᠠᠯᠳᠠᠭ᠎ᠠ ᠠᠴᠠ ᠬᠤᠪᠢ ᠬᠠᠰᠤᠬᠤ ᠪᠠᠷᠢᠮᠵᠢᠶ᠎ᠠ     1. ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠬᠡᠷᠪᠡ ᠵᠢᠯ ᠤᠨ ᠡᠴᠦᠰ ᠲᠤ ᠪᠦᠬᠦ ᠵᠢᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠦᠨᠳᠦᠰᠦᠨ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠪᠣᠯ ᠪᠦᠬᠦ ᠠᠶᠢᠮᠠᠭ ᠤᠨ ᠬᠡᠪᠴᠢᠶᠡᠨ ᠳᠤ ᠵᠠᠷᠯᠠᠨ ᠰᠢᠭᠦᠮᠵᠢᠯᠡᠨ᠎ᠡ᠃     2. ᠴᠢᠬᠤᠯᠠ ᠮᠡᠳᠡᠭᠡ ᠵᠠᠩᠭᠢ ᠶᠢ ᠤᠳᠠᠭᠠᠰᠢᠷᠠᠭᠤᠯᠬᠤ᠂ ᠣᠷᠬᠢᠭᠳᠠᠭᠤᠯᠬᠤ᠂ ᠮᠡᠳᠡᠭᠦᠯᠬᠦ ᠥᠬᠡᠶ ᠨᠢᠭᠤᠬᠤ᠂ ᠮᠡᠳᠡᠭᠡ ᠵᠠᠩᠭᠢ ᠶᠢᠨ ᠠᠭᠤᠯᠭ᠎ᠠ ᠨᠢ ᠬᠦᠨᠳᠦ ᠨᠣᠴᠢᠲᠠᠶ ᠪᠤᠷᠤᠭᠤᠳᠠᠵᠤ᠂ ᠤᠳᠠᠭ᠎ᠠ ᠪᠦᠷᠢ 20 ᠬᠤᠪᠢ ᠬᠠᠰᠤᠬᠤ ᠶᠢᠨ ᠬᠠᠮᠲᠤ ᠵᠣᠬᠢᠬᠤ ᠬᠡᠪᠴᠢᠶᠡᠨ ᠳᠤ ᠵᠠᠷᠯᠠᠨ ᠰᠢᠭᠦᠮᠵᠢᠯᠡᠨ᠎ᠡ᠂ ᠲᠡᠷᠡᠴᠢᠯᠡᠨ ᠪᠥᠬᠦ ᠵᠢᠯ ᠤᠨ ᠬᠥᠬᠢᠭᠦᠯᠦᠯ ᠳᠤ ᠣᠷᠣᠯᠴᠠᠬᠤ ᠥᠬᠡᠶ᠃     3. ᠡᠬᠡ ᠪᠢᠴᠢᠭ ᠪᠣᠯᠵᠣᠬᠤ ᠡᠭᠦᠷᠭᠡ ᠪᠠᠨ ᠤᠴᠢᠷ ᠰᠢᠯᠲᠠᠭᠠᠨ ᠦᠭᠡᠢ ᠪᠠᠷ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ᠂ ᠤᠳᠠᠭ᠎ᠠ ᠪᠦᠷᠢ 20 ᠬᠤᠪᠢ ᠬᠠᠰᠤᠨ᠎ᠠ᠃     ︵ᠲᠦᠷᠪᠡ︶ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠲᠤᠰᠢᠶᠠᠬᠤ ᠪᠠᠷᠢᠮᠵᠢᠶ᠎ᠠ     ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠳᠣᠰᠢᠶᠠᠬᠤ ᠪᠦᠬᠦ ᠵᠢᠯ ᠤᠨ ᠮᠡᠳᠡᠭᠡ ᠵᠠᠩᠭᠢ ᠶᠢ ᠬᠢᠨᠠᠨ ᠰᠢᠯᠭᠠᠭᠤᠯᠵᠤ ᠬᠤᠪᠢ ᠣᠯᠭᠤᠬᠤ ᠦᠶᠡᠰ ᠵᠠᠭᠤᠨ ᠤ ᠬᠤᠪᠢ ᠶᠢᠨ ᠳᠦᠷᠢᠮ ᠢᠶᠠᠷ ᠬᠤᠪᠢ ᠣᠯᠭᠤᠨ᠎ᠠ᠃ ᠡᠭᠦᠨ ᠳᠤ᠄ ᠦᠨᠳᠦᠰᠦᠨ ᠡᠭᠦᠷᠭᠡ ᠪᠠᠨ ᠪᠡᠶᠡᠯᠡᠭᠦᠯᠦᠭᠰᠡᠨ ᠬᠤᠰᠢᠭᠤ ᠣᠷᠣᠨ ᠪᠠ ᠰᠠᠯᠠᠭ᠎ᠠ ᠮᠥᠴᠢᠷ ᠠᠴᠠ ᠲᠣᠭᠲᠠᠭᠠᠭᠰᠠᠨ ᠬᠤᠪᠢ 99.8 ᠬᠤᠪᠢ ᠠᠴᠠ ᠡᠬᠢᠯᠡᠵᠦ ᠪᠠᠭᠤᠷᠠᠭᠤᠯᠤᠭᠰᠠᠨ ᠳᠠᠷᠠᠭᠠᠯᠠᠯ ᠢᠶᠠᠷ ᠨᠢ ᠨᠢᠭᠡᠳᠦᠭᠡᠷ ᠲᠤ ᠣᠷᠣᠵᠤ᠂ ᠨᠡᠷᠡᠰ ᠤᠨ ᠳᠠᠷᠠᠭᠠᠯᠠᠯ ᠢᠶᠠᠷ 0.2 ᠬᠤᠪᠢ ᠶᠢ ᠨᠢ ᠬᠠᠰᠣᠨ᠎ᠠ︔ ᠦᠨᠳᠦᠰᠦᠨ ᠡᠭᠦᠷᠭᠡ ᠪᠠᠨ ᠪᠡᠶᠡᠯᠡᠭᠦᠯᠦᠭᠰᠡᠨ ᠥᠬᠡᠶ ᠪᠣᠯᠪᠠᠴᠤ 50 %᠎ ᠶᠢᠨ ᠬᠤᠪᠢ ᠶᠢᠨ ᠲᠤᠭ᠎ᠠ ᠶᠢ 60 ᠬᠤᠪᠢ ᠠᠴᠠ ᠡᠬᠢᠯᠡᠵᠦ ᠪᠠᠭᠤᠷᠠᠭᠤᠯᠤᠨ᠎ᠠ︔ ᠰᠠᠯᠠᠭ᠎ᠠ ᠮᠥᠴᠢᠷ ᠤᠨ ᠨᠢᠭᠡᠳᠦᠭᠡᠷ ᠲᠤ 60 ᠬᠤᠪᠢ ᠶᠢ ᠪᠡᠶᠡᠯᠡᠭᠦᠯᠵᠦ ᠳᠡᠶᠢᠯᠦᠭᠰᠡᠨ ᠦᠭᠡᠢ᠂ ᠨᠡᠷᠡᠰ ᠤᠨ ᠳᠠᠷᠠᠭᠠᠯᠠᠯ ᠤᠨ ᠪᠠᠭᠤᠷᠠᠯᠲᠠ ᠶᠢᠨ ᠳᠠᠷᠠᠭᠠᠯᠠᠯ ᠢᠶᠠᠷ ᠳᠠᠷᠠᠭ᠎ᠠ ᠨᠢ 0.2 ᠬᠤᠪᠢ ᠶᠢ ᠬᠠᠰᠣᠨ᠎ᠠ︔ ᠦᠨᠳᠦᠰᠦᠨ ᠡᠭᠦᠷᠭᠡ ᠶᠢᠨ 50%᠎ ᠶᠢᠨ ᠬᠤᠪᠢ ᠶᠢᠨ ᠥᠷᠲᠡᠭ ᠲᠠᠢ ᠰᠠᠯᠠᠭ᠎ᠠ ᠮᠥᠴᠢᠷ ᠤᠨ ᠲᠣᠭᠲᠠᠭᠠᠭᠰᠠᠨ ᠬᠤᠪᠢ ᠶᠢ 30 ᠬᠤᠪᠢ ᠠᠴᠠ ᠡᠬᠢᠯᠡᠵᠦ ᠪᠠᠭᠤᠷᠠᠭᠤᠯᠤᠨ᠎ᠠ︔ ᠰᠠᠯᠠᠭ᠎ᠠ ᠮᠥᠴᠢᠷ ᠤᠨ ᠨᠢᠭᠡᠳᠦᠭᠡᠷ ᠲᠤ 30 ᠬᠤᠪᠢ ᠪᠡᠶᠡᠯᠡᠭᠦᠯᠵᠦ ᠳᠡᠶᠢᠯᠦᠭᠰᠡᠨ ᠦᠭᠡᠢ᠂ ᠮᠡᠳᠡᠭᠡ ᠵᠠᠩᠭᠢ ᠶᠢᠨ ᠰᠠᠯᠠᠭ᠎ᠠ ᠮᠥᠴᠢᠷ ᠲᠤ 0 ᠬᠤᠪᠢ ᠣᠯᠭᠤᠨ᠎ᠠ᠃     ᠲᠠᠪᠤ᠂ ᠪᠠᠶᠢᠳᠠᠯ ᠢ ᠵᠠᠷᠯᠠᠨ ᠮᠡᠳᠡᠭᠳᠡᠬᠦ ᠵᠢᠴᠢ ᠱᠠᠩᠨᠠᠵᠤ ᠲᠣᠷᠭᠠᠬᠤ ᠲᠣᠭᠲᠠᠴᠠ     ︵ᠨᠢᠭᠡ︶ ᠵᠠᠷᠯᠠᠨ ᠮᠡᠳᠡᠭᠳᠡᠬᠦ ᠠᠭᠤᠯᠭ᠎ᠠ     ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠢᠯᠭᠠᠨ ᠦᠨᠡᠯᠡᠬᠦ ᠠᠵᠢᠯ ᠢ ᠣᠨ ᠢᠶᠠᠷ ᠶᠠᠪᠤᠭᠳᠠᠭᠤᠯᠵᠤ᠂ ᠰᠢᠯᠭᠠᠨ ᠦᠨᠡᠯᠡᠬᠦ ᠴᠠᠭ ᠢ ᠲᠤᠬᠠᠶ ᠶᠢᠨ ᠵᠢᠯ ᠤᠨ 1 ᠰᠠᠷ᠎ᠠ — 12 ᠰᠠᠷ᠎ᠠ ᠪᠣᠯᠭᠠᠨ᠎ᠠ᠃ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠨᠢ ᠰᠠᠷ᠎ᠠ ᠪᠦᠷᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠢᠭᠡ ᠤᠳᠠᠭ᠎ᠠ ᠪᠦᠷᠢᠳᠬᠡᠬᠦ ᠶᠢᠨ ᠬᠠᠮᠲᠤ ᠨᠡᠶᠢᠲᠡᠯᠡᠵᠦ᠂ ᠵᠢᠯ ᠤᠨ ᠡᠴᠦᠰ ᠲᠤ ᠪᠥᠬᠦ ᠵᠢᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ ᠢ ᠪᠥᠬᠦ ᠠᠶᠢᠮᠠᠭ ᠤᠨ ᠬᠡᠪᠴᠢᠶᠡᠨ ᠳᠤ ᠵᠠᠷᠯᠠᠨ ᠮᠡᠳᠡᠭᠳᠡᠨ᠎ᠡ᠃ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠰᠠᠷ᠎ᠠ ᠪᠦᠷᠢ ᠵᠠᠷᠯᠠᠨ ᠮᠡᠳᠡᠭᠳᠡᠭᠰᠡᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢᠶᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠶᠢ ᠴᠠᠭ ᠲᠤᠬᠠᠶ ᠳᠤᠨᠢ ᠳᠣᠭᠢᠷᠠᠭᠤᠯᠵᠤ᠂ ᠲᠣᠰ ᠨᠢᠭᠡᠴᠡ ᠶᠢᠨ ᠢᠶᠠᠨ ᠮᠡᠳᠡᠭᠡ ᠵᠠᠩᠭᠢ ᠶᠢ ᠬᠤᠳᠠᠯᠳᠤᠨ ᠠᠪᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃     ︵ᠬᠤᠶᠠᠷ︶ ᠵᠥᠪ ᠲᠠᠯ᠎ᠠ ᠠᠴᠠ ᠤᠷᠮᠠᠰᠢᠭᠤᠯᠬᠤ     ᠵᠢᠯ ᠪᠦᠷᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠠᠮᠵᠢᠯᠲᠠ ᠪᠦᠲᠦᠮᠵᠢ ᠪᠠᠷ ᠲᠤᠪᠤᠶᠢᠮ᠎ᠠ᠂ ᠳᠠᠪᠰᠢᠯᠲᠠ ᠶᠢᠨ ᠬᠡᠮᠵᠢᠶ᠎ᠡ ᠪᠠᠷ ᠶᠡᠭᠡ ᠨᠢᠬᠡᠴᠡ ᠶᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠡᠯᠢᠶᠡᠳ ᠰᠠᠶᠢᠨ ᠪᠡᠶᠡᠯᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠣᠨ ᠤ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠤᠨ᠎ᠠ᠃     ︵ᠭᠤᠷᠪᠠ︶ ᠠᠵᠢᠯ ᠤᠨ ᠪᠠᠶᠢᠷᠢ ᠶᠢᠨ ᠳᠠᠳᠤᠯᠭ᠎ᠠ ᠪᠣᠯᠪᠠᠰᠤᠷᠠᠯ     ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠨᠢ ᠠᠵᠢᠯ ᠤᠨ ᠪᠠᠶᠢᠷᠢ ᠶᠢᠨ ᠪᠣᠳᠠᠲᠠᠶ ᠪᠣᠯᠪᠠᠰᠤᠷᠠᠭᠤᠯᠤᠯ ᠤᠨ ᠠᠷᠭ᠎ᠠ ᠠᠪᠴᠤ᠂ ᠡᠯ᠎ᠡ ᠨᠢᠭᠡᠴᠡ ᠶᠢᠨ ᠮᠡᠳᠡᠭᠡ ᠵᠠᠩᠭᠢᠴᠢ ᠶᠢ ᠡᠭᠡᠯᠵᠢᠯᠡᠨ ᠪᠣᠯᠪᠠᠰᠤᠷᠠᠭᠤᠯᠬᠤ ᠪᠠᠷ ᠪᠠᠶᠢᠨ᠎ᠠ᠃ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠲᠤᠰ ᠵᠢᠯ ᠤᠨ ᠡᠴᠦᠰ ᠲᠤ ᠳᠣᠷᠣᠭᠰᠢ ᠪᠠᠭᠤᠯᠭᠠᠭᠰᠠᠨ ︽ᠰᠢᠯᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢᠨ ᠮᠡᠳᠡᠭᠳᠡᠯ︾᠎ ᠢ ᠦᠨᠳᠦᠰᠦᠯᠡᠨ 1—2 ᠬᠥᠮᠦᠨ ᠢ ᠠᠵᠢᠯ ᠤᠨ ᠪᠠᠶᠢᠷᠢ ᠶᠢᠨ ᠳᠠᠳᠤᠯᠭ᠎ᠠ ᠬᠢᠬᠦ ᠳᠤ ᠣᠷᠣᠯᠴᠠᠭᠤᠯᠬᠤ ᠪᠠᠷ ᠲᠣᠭᠲᠠᠭᠠᠵᠤ᠂ ᠴᠠᠭ ᠨᠢ ᠶᠡᠷᠦ ᠳᠡᠭᠡᠨ 2 ᠰᠠᠷ᠎ᠠ ᠪᠣᠯᠣᠨ᠎ᠠ᠃ ᠪᠣᠯᠪᠠᠰᠤᠷᠠᠯ ᠳᠤ ᠣᠷᠣᠯᠴᠠᠭᠰᠠᠳ ᠮᠡᠳᠡᠭᠡ ᠵᠠᠩᠭᠢ ᠰᠤᠷᠪᠤᠯᠵᠢᠯᠠᠨ ᠨᠠᠶᠢᠷᠠᠭᠤᠯᠬᠤ ᠠᠵᠢᠯ ᠳᠤ ᠣᠷᠣᠯᠴᠠᠬᠤ ᠪᠠᠷ ᠳᠠᠮᠵᠢᠭᠤᠯᠤᠨ᠂ ᠨᠢᠭᠤᠷᠳᠠᠨ ᠵᠢᠯᠣᠭᠤᠳᠣᠯᠭ᠎ᠠ ᠬᠦᠯᠢᠶᠡᠵᠦ᠂ ᠮᠡᠳᠡᠭᠡ ᠵᠠᠩᠭᠢ ᠨᠠᠶᠢᠷᠠᠭᠤᠯᠬᠤ ᠴᠤᠪᠤᠷᠠᠯ ᠢ ᠰᠤᠷᠤᠯᠴᠠᠵᠤ ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠤᠬᠠᠮᠰᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃     ︵ᠲᠦᠷᠪᠡ︶ ᠵᠠᠷᠯᠠᠨ ᠰᠢᠬᠦᠮᠵᠢᠯᠡᠬᠦ     ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠢᠬᠤᠯᠠᠴᠢᠯᠠᠬᠤ ᠦᠭᠡᠶ᠂ ᠣᠯᠠᠨ ᠤᠳᠠᠭ᠎ᠠ ᠲᠦᠯᠬᠢᠯᠴᠡᠨ ᠤᠳᠠᠭᠠᠰᠢᠷᠠᠭᠤᠯᠤᠭᠠᠳ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠎ ᠤᠨ ᠣᠷᠳᠣᠨ  ᠤ ᠠᠯᠪᠠᠨ ᠲᠢᠩᠬᠢᠮ ᠳᠤ ᠮᠡᠳᠡᠭᠡ ᠵᠠᠩᠭᠢ ᠎ ᠶᠢ ᠰᠠᠭᠠᠲᠠᠭᠠᠭᠰᠠᠨ ᠨᠢᠭᠡᠴᠡ ᠪᠤᠶᠤ ᠪᠣᠯᠵᠣᠭᠰᠠᠨ ᠨᠢᠬᠡᠴᠡ  ᠶᠢᠨ ᠮᠡᠳᠡᠭᠦᠯᠦᠭᠰᠡᠨ ᠡᠬᠡ ᠪᠢᠴᠢᠭ  ᠎ ᠤᠨ ᠶᠠᠰᠤ ᠴᠢᠨᠠᠷ ᠨᠢ ᠠᠨᠠᠶ᠂ ᠮᠡᠳᠡᠭᠦᠯᠦᠨ ᠬᠦᠷᠭᠡᠬᠦ ᠶᠢᠨ ᠠᠷᠭ᠎ᠠ  ᠦᠭᠡᠶ ᠪᠠᠶᠢᠪᠠᠯ᠂ ᠠᠶᠢᠮᠠᠭ  ᠤᠨ ᠵᠠᠬᠢᠷᠭ᠎ᠠ ᠎ ᠶᠢᠨ ᠠᠯᠪᠠᠨ ᠬᠡᠷ ᠪᠠᠶᠢᠳᠠᠯ ᠎ ᠢ ᠦᠨᠳᠦᠰᠦᠯᠡᠨ ᠵᠠᠷᠯᠠᠨ ᠰᠢᠭᠦᠮᠵᠢᠯᠡᠨ᠎ᠡ᠃     ᠲᠣᠰ ᠠᠷᠭ᠎ᠠ ᠶᠢ 2023 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠡ ᠵᠠᠩᠭᠢ ᠶᠢᠨ ᠰᠠᠯᠠᠭ᠎ᠠ ᠠᠴᠠ ᠬᠠᠷᠢᠭᠤᠴᠠᠨ ᠲᠠᠶᠢᠯᠪᠤᠷᠢᠯᠠᠵᠤ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ 2016 ᠣᠨ ᠤ 4 ᠰᠠᠷ᠎ᠠ ᠶᠢᠨ 20᠎ ᠤ ᠡᠳᠦᠷ ᠨᠡᠶᠢᠲᠡᠯᠡᠭᠰᠡᠨ ︽ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠢᠯᠭᠠᠨ ᠲᠣᠭᠲᠠᠭᠠᠬᠤ ᠠᠷᠭ᠎ᠠ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ︹2016﹈ 37 ᠳ᠋ᠤᠭᠠᠷ ᠲᠣᠭᠠᠲᠤ︶᠎ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃        
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号