ᠨᠢᠭᠡ᠂ ᠲᠥᠷᠥᠯ ᠵᠦᠢᠯ ᠢ ᠰᠣᠩᠭᠤᠬᠤ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠢᠨᠠᠨ | ᠲᠣᠭᠲᠠᠭᠠᠭᠰᠠᠨ ︵ᠪᠤᠶᠤ ᠡᠭᠦᠯᠳᠡᠷ ᠣᠷᠣᠭᠤᠯᠵᠤ ᠳᠠᠩᠰᠠᠯᠠᠭᠰᠠᠨ︶᠂ ᠲᠤᠬᠠᠢ ᠶᠢᠨ ᠭᠠᠵᠠᠷ ᠲᠤ ᠨᠢᠭᠡᠨᠲᠡ ᠳᠠᠷᠢᠭᠰᠠᠨ | ᠪᠥᠭᠡᠳ ᠰᠢᠯᠢᠳᠡᠭ ᠰᠠᠶᠢᠨ ᠢᠯᠡᠷᠡᠯ ᠲᠠᠢ ᠨᠢᠭᠳᠠᠴᠠ ᠰᠠᠶᠢᠳᠠᠢ᠂ ᠨᠢᠷᠤᠭᠤ ᠪᠦᠬᠡ᠂ ᠥᠨᠳᠥᠷ ᠤᠨᠠᠯᠲᠠ ᠲᠠᠢ᠂ | ᠮᠠᠰᠢᠨ ᠢᠶᠠᠷ ᠨᠠᠷᠢᠯᠢᠭ ᠲᠣᠭᠠᠯᠠᠨ ᠳᠠᠷᠢᠬᠤ ᠪᠠ ᠮᠠᠰᠢᠨ ᠢᠶᠠᠷ ᠬᠤᠷᠢᠶᠠᠬᠤ ᠳᠤ ᠲᠣᠬᠢᠷᠠᠬᠤ ᠲᠥᠷᠥᠯ ᠵᠦᠢᠯ ᠢ | ᠰᠣᠩᠭᠤᠨ᠎ᠠ᠃ ᠦᠷ᠎ᠡ ᠶᠢᠨ ᠮᠥᠬᠦᠯᠢᠭ ᠢ ᠮᠠᠰᠢᠨ ᠢᠶᠠᠷ ᠰᠢᠭᠤᠳ ᠬᠤᠷᠢᠶᠠᠬᠤ ᠳᠤ ᠡᠭᠦᠯᠳᠡᠷ ᠤᠨ ᠰᠡᠭᠦᠯᠴᠢ ᠶᠢᠨ | ᠬᠤᠭᠤᠴᠠᠭᠠᠨ ᠤ ᠤᠰᠤ ᠠᠯᠳᠠᠬᠤ ᠨᠢ ᠬᠤᠷᠳᠤᠨ ᠪᠠᠶᠢᠬᠤ ᠶᠢ ᠱᠠᠭᠠᠷᠳᠠᠵᠤ᠂ ᠦᠷᠡᠵᠢᠯ ᠤᠨ ᠬᠤᠭᠤᠴᠠᠭ᠎ᠠ ᠨᠢ | ᠲᠤᠬᠠᠢ ᠶᠢᠨ ᠭᠠᠵᠠᠷ ᠤᠨ ᠲᠦᠷᠦᠭᠦᠦ ᠬᠤᠷᠢᠶᠠᠬᠤ ᠡᠭᠦᠯᠳᠡᠷ ᠤᠨ ᠦᠷᠡᠵᠢᠯ ᠤᠨ ᠬᠤᠭᠤᠴᠠᠭ᠎ᠠ ᠠᠴᠠ 5 — 7 | ᠡᠳᠦᠷ ᠣᠬᠤᠷ ︵ᠡᠰᠡᠬᠦᠯ᠎ᠡ ≥10℃ ᠤᠨ ᠬᠥᠳᠡᠯᠭᠡᠭᠡᠨ ᠤ ᠬᠤᠷᠠᠮᠳᠤᠭᠰᠠᠨ ᠳᠤᠯᠠᠭᠠᠨ ᠤ ᠬᠡᠮᠵᠢᠶ᠎ᠡ ᠨᠢ 150 | — 200℃ ᠪᠠᠭ᠎ᠠ ᠪᠠᠶᠢᠬᠤ ᠶᠢ ᠱᠠᠭᠠᠷᠳᠠᠨ᠎ᠠ᠃ ᠦᠷ᠎ᠡ ᠶᠢᠨ ᠶᠠᠰᠤ ᠴᠢᠨᠠᠷ ᠨᠢ ︽ᠠᠮᠤ ᠪᠤᠳᠠᠭᠠᠨ ᠤ | ᠲᠠᠷᠢᠮᠠᠯ ᠤᠨ ᠦᠷ᠎ᠡ ᠶᠢᠨ ᠶᠠᠰᠤ ᠴᠢᠨᠠᠷ ᠤᠨ ᠪᠠᠷᠢᠮᠵᠢᠶ᠎ᠠ — ᠦᠶᠡᠲᠦ ᠠᠮᠤ ᠶᠢᠨ ᠲᠦᠷᠦᠯ︾ ︵GB4404.1 | ︶ ᠤᠨ ᠲᠠᠩ ᠮᠥᠬᠦᠯᠢᠭ ᠢᠶᠠᠷ ᠲᠠᠷᠢᠬᠤ ᠦᠷ᠎ᠡ ᠶᠢᠨ ᠶᠠᠰᠤ ᠴᠢᠨᠠᠷ ᠤᠨ ᠲᠤᠬᠠᠢ ᠲᠣᠭᠲᠠᠭᠠᠯ ᠳᠤ ᠨᠡᠶᠢᠴᠡᠭᠰᠡᠨ ᠪᠠᠶᠢᠬᠤ | ᠬᠡᠷᠡᠭᠲᠡᠢ᠃ ᠦᠷ᠎ᠡ ᠬᠤᠳᠠᠯᠳᠤᠨ ᠠᠪᠬᠤ ᠳᠤ ᠪᠠᠨ ᠪᠠᠭᠯᠠᠭᠠᠲᠠᠶ ᠦᠷ᠎ᠡ ᠶᠢ ᠰᠣᠩᠭᠤᠵᠤ ᠬᠤᠳᠠᠯᠳᠤᠨ ᠠᠪᠬᠤ | ᠬᠡᠷᠡᠭᠲᠡᠢ᠃ | ᠬᠤᠶᠠᠷ᠂ ᠨᠢᠭᠲᠠ ᠳᠠᠷᠢᠵᠤ ᠤᠷᠭᠤᠭᠤᠯᠬᠤ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠢ | ᠂ ᠦᠢᠯᠡᠳᠪᠦᠷᠢᠯᠡᠬᠦ ᠨᠥᠬᠦᠴᠡᠯ ᠪᠣᠯᠣᠨ ᠲᠥᠷᠥᠯ ᠵᠦᠢᠯ ᠤᠨ ᠣᠨᠴᠠᠯᠢᠭ ᠰᠢᠨᠵᠢ᠂ ᠭᠠᠷᠤᠯᠲᠠ ᠶᠢᠨ ᠬᠠᠷᠠᠯᠲᠠ ᠶᠢ | ᠦᠨᠳᠦᠰᠦᠯᠡᠨ᠂ ᠰᠠᠭᠤᠷᠢ ᠶᠢᠨ ᠮᠥᠷ ᠤᠨ ᠵᠠᠢ ᠶᠢ ᠵᠦᠢ ᠵᠣᠬᠢᠰᠲᠠᠢ ᠲᠣᠬᠢᠷᠠᠭᠤᠯᠵᠤ᠂ ᠨᠢᠭᠲᠠᠴᠠ ᠶᠢᠨ | ᠲᠣᠬᠢᠷᠠᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠩ ᠤᠨ ᠶᠡᠭᠡ ᠲᠠᠷᠢᠶᠠᠨ ᠤ ᠲᠠᠷᠢᠮᠠᠯ ᠤᠨ | ᠬᠡᠮᠵᠢᠶ᠎ᠡ ᠨᠢ ᠡᠩ ᠤᠨ ᠨᠢᠭᠲᠠᠴᠠ ᠠᠴᠠ ᠮᠦ ᠪᠦᠷᠢ ᠳᠤ 500 — 1000 ᠰᠠᠭᠤᠷᠢ ᠨᠡᠮᠡᠭᠳᠡᠨ᠎ᠡ᠃ ᠡᠭᠦᠨ ᠳᠤ᠂ | ᠵᠡᠭᠦᠨ ᠬᠡᠰᠡᠭ ᠤᠨ ᠭᠠᠵᠠᠷ ᠣᠷᠣᠨ ᠤ ᠬᠤᠭᠤᠯᠠᠢ ︵ᠨᠡᠯᠦᠭᠡᠷ︶ ᠶᠢᠨ ᠤᠰᠤᠯᠠᠯᠲᠠ ᠶᠢᠨ ᠭᠠᠵᠠᠷ ᠲᠤ ᠳᠠᠷᠢᠬᠤ | ᠨᠢᠭᠲᠠᠴᠠ ᠨᠢ 5000 — 6000 ᠰᠠᠭᠤᠷᠢ \ ᠮᠦ᠂ ᠳᠤᠰᠤᠯᠭᠠᠨ ᠤᠰᠤᠯᠠᠬᠤ ᠨᠥᠬᠦᠴᠡᠯ ᠲᠠᠢ ᠭᠠᠵᠠᠷ ᠲᠤ | ᠳᠠᠷᠢᠬᠤ ᠨᠢᠭᠲᠠᠴᠠ ᠨᠢ 5500 — 6500 ᠰᠠᠭᠤᠷᠢ \ ᠮᠦ︔ ᠳᠤᠮᠳᠠ ᠪᠠ ᠪᠠᠷᠠᠭᠤᠨ ᠬᠡᠰᠡᠭ ᠤᠨ ᠭᠠᠵᠠᠷ | ᠣᠷᠣᠨ ᠨᠢ ᠬᠡᠷᠡᠯ ᠢᠯᠴᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠤᠭᠤᠯᠠᠢ ︵ᠨᠡᠯᠦᠭᠡᠷ︶ ᠤᠰᠤᠯᠠᠯᠲᠠ ᠶᠢᠨ | ᠭᠠᠵᠠᠷ ᠲᠤ ᠳᠠᠷᠢᠬᠤ ᠨᠢᠭᠲᠠᠴᠠ ᠨᠢ 5000 — 6000 ᠰᠠᠭᠤᠷᠢ / ᠮᠦ᠂ ᠳᠤᠰᠤᠯᠭᠠᠨ ᠤᠰᠤᠯᠠᠬᠤ | ᠨᠥᠬᠦᠴᠡᠯ ᠲᠠᠢ ᠪᠣᠯ ᠳᠤᠮᠳᠠ ᠪᠠ ᠣᠷᠣᠢ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ ᠳᠤ ᠡᠩ ᠤᠨ ᠳᠠᠷᠢᠬᠤ | ᠨᠢᠭᠲᠠᠴᠠ ᠨᠢ 6000 — 7000 ᠰᠠᠭᠤᠷᠢ / ᠮᠦ᠂ ᠳᠤᠮᠳᠠ ᠪᠠ ᠡᠷᠲᠡ ᠪᠣᠯᠪᠠᠰᠤᠷᠠᠬᠤ ᠡᠭᠦᠯᠳᠡᠷ ᠨᠢ | 6500 — 7000 ᠰᠠᠭᠤᠷᠢ / ᠮᠦ ᠪᠣᠯᠣᠨ᠎ᠠ᠃ | ᠭᠤᠷᠪᠠ᠂ ᠭᠠᠵᠠᠷ ᠢ ᠨᠠᠷᠢᠯᠢᠭ ᠲᠡᠭᠰᠢᠯᠡᠬᠦ ᠲᠠᠷᠢᠬᠤ ᠠᠴᠠ ᠪᠠᠨ ᠡᠮᠦᠨ᠎ᠡ ᠨᠠᠮᠤᠷ ᠭᠦᠨ ᠤᠷᠪᠠᠭᠤᠯᠬᠤ ᠪᠤᠶᠤ | ᠬᠠᠪᠤᠷ ᠭᠦᠨ ᠰᠤᠯᠠᠷᠠᠭᠤᠯᠵᠤ ᠨᠠᠷᠢᠯᠢᠭ ᠲᠡᠭᠰᠢᠯᠡᠬᠦ ᠠᠷᠭ᠎ᠠ ᠶᠢ ᠬᠡᠷᠡᠭᠯᠡᠨ᠎ᠡ᠃ ᠤᠷᠪᠠᠭᠤᠯᠬᠤ ᠭᠦᠨ ᠤ ᠬᠡᠮᠵᠢᠶ᠎ᠡ ᠶᠢ | 30 ᠰᠡᠨᠲ᠋ᠢᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ 3 — 4 ᠵᠢᠯ ᠠᠯᠤᠰᠯᠠᠬᠤ ᠪᠦᠷᠢ ᠨᠢᠭᠡ ᠤᠳᠠᠭ᠎ᠠ | ᠭᠦᠨ ᠤᠷᠪᠠᠭᠤᠯᠤᠨ᠎ᠠ︔ ᠰᠤᠯᠠᠷᠠᠭᠤᠯᠬᠤ ᠭᠦᠨ ᠤ ᠬᠡᠮᠵᠢᠶ᠎ᠡ ᠶᠢ 35 ᠰᠡᠨᠲ᠋ᠢᠮᠧᠲᠷ ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠂ ᠭᠦᠨ ᠤᠷᠪᠠᠭᠤᠯᠬᠤ ᠦᠭᠡᠢ ᠵᠢᠯ ᠳᠤ ᠭᠦᠨ ᠰᠤᠯᠠᠷᠠᠭᠤᠯᠬᠤ ᠠᠵᠢᠯ ᠬᠢᠨ᠎ᠡ︔ ᠭᠠᠵᠠᠷ ᠢ | ᠲᠡᠭᠰᠢᠯᠡᠬᠦ ᠳᠤ ᠴᠢᠭᠢᠭ ᠲᠤ ᠵᠣᠬᠢᠴᠠᠭᠤᠯᠤᠨ ᠬᠢᠵᠦ᠂ ᠲᠡᠭᠰᠢᠯᠡᠭᠰᠡᠨ ᠭᠠᠵᠠᠷ ᠤᠨ ᠬᠥᠷᠥᠰᠥ ᠶᠢᠨ ᠳᠡᠭᠡᠷ᠎ᠡ ᠨᠢ | ᠰᠡᠪᠰᠡᠭᠡᠷ ᠳᠣᠣᠷ᠎ᠠ ᠨᠢ ᠴᠤᠯᠠ ᠪᠠᠶᠢᠵᠤ᠂ ᠰᠡᠪᠰᠡᠭᠡᠷ ᠰᠢᠷᠣᠢ ᠶᠢᠨ ᠵᠤᠵᠠᠭᠠᠨ ᠨᠢ 5 ᠰᠠᠨᠲ᠋ᠢᠮᠧᠳ᠋ᠷ ᠠᠴᠠ ᠬᠡᠲᠦᠷᠡᠬᠦ | ᠦᠭᠡᠢ ᠪᠠᠶᠢᠵᠤ᠂ ︽ᠵᠢᠭᠳᠡ᠂ ᠲᠡᠭᠰᠢ᠂ ᠰᠤᠯᠠ᠂ ᠨᠢᠩᠭ᠎ᠠ᠂ ᠴᠡᠪᠡᠷ᠂ ᠴᠢᠬᠢᠭ︾ ᠭᠡᠬᠦ ᠵᠢᠷᠭᠤᠭᠠᠨ ᠥᠰᠥᠭ ᠤᠨ | ᠪᠠᠷᠢᠮᠵᠢᠶ᠎ᠠ ᠳᠤ ᠬᠦᠷᠦᠭᠦᠯᠦᠨ᠎ᠡ᠃ | ᠳᠥᠷᠪᠡ᠂ ᠮᠠᠰᠢᠨ ᠢᠶᠠᠷ ᠨᠠᠷᠢᠯᠢᠭ ᠲᠠᠷᠢᠬᠤ ᠨᠠᠬᠢᠶᠠᠯᠠᠬᠤ ᠨᠤᠷᠮ᠎ᠠ ᠨᠢ 96% ᠠᠴᠠ ᠥᠨᠳᠥᠷ ᠰᠢᠯᠢᠳᠡᠭ | ᠦᠷ᠎ᠡ ᠶᠢ ᠰᠣᠩᠭᠤᠨ᠎ᠠ᠃ ᠲᠠᠷᠢᠬᠤ ᠠᠴᠠ ᠡᠮᠦᠨ᠎ᠡ ᠦᠷ᠎ᠡ ᠶᠢ ᠨᠠᠷᠢᠨ ᠰᠣᠩᠭᠤᠵᠤ ᠲᠡᠰ ᠬᠤᠪᠢᠶᠠᠨ᠂ ᠮᠥᠬᠦᠯᠢᠭ ᠤᠨ | ᠳ᠋ᠢᠶᠠᠮᠧᠳ᠋ᠷ ᠨᠢ ᠠᠳᠠᠯᠢ ᠶᠢ ᠨᠢ ᠨᠢᠭᠡᠳᠦᠯᠲᠡᠢ ᠲᠠᠷᠢᠨ᠎ᠠ︔ ᠵᠠᠮᠴᠢᠯᠠᠬᠤ ᠰᠢᠰᠲ᠋ᠧᠮ ᠢ ᠲᠣᠬᠢᠷᠠᠭᠤᠯᠵᠤ ᠬᠡᠷᠡᠭᠯᠡᠨ᠂ ᠲᠠᠩ | ᠮᠥᠬᠦᠯᠢᠭ ᠤᠨ ᠨᠠᠷᠢᠯᠢᠭ ᠬᠡᠮᠵᠢᠶᠡᠨ ᠤ ᠦᠷ᠎ᠡ ᠰᠠᠴᠤᠬᠤ ᠮᠠᠰᠢᠨ ᠢ ᠬᠡᠷᠡᠭᠯᠡᠵᠦ ᠪᠤᠯᠤᠨ᠎ᠠ᠂ ᠦᠷ᠎ᠡ ᠰᠠᠴᠤᠬᠤ᠂ | ᠪᠣᠷᠳᠣᠭᠤᠷ ᠣᠷᠣᠭᠤᠯᠬᠤ᠂ ᠳᠤᠰᠤᠯᠭᠠᠨ ᠤᠰᠤᠯᠠᠬᠤ ᠪᠦᠰᠡ ᠪᠤᠯᠠᠬᠤ ᠵᠡᠷᠭᠡ ᠶᠢ ᠨᠢᠭᠡ ᠯᠡ ᠤᠳᠠᠭ᠎ᠠ ᠳᠤ | ᠪᠡᠶᠡᠯᠡᠭᠦᠯᠵᠦ᠂ ᠪᠣᠷᠳᠣᠭᠤᠷ ᠲᠠᠢ ᠳᠠᠷᠢᠬᠤ ᠳᠤ ᠪᠠᠨ ᠦᠷ᠎ᠡ᠂ ᠪᠣᠷᠳᠣᠭᠤᠷ ᠢ ᠰᠠᠯᠭᠠᠬᠤ ᠬᠡᠷᠡᠭᠲᠡᠢ᠃ ᠭᠦᠢᠴᠡᠳ | ᠴᠢᠬᠢᠭ᠂ ᠲᠣᠬᠢᠷᠠᠮᠵᠢᠲᠠᠢ ᠬᠤᠭᠤᠴᠠᠭᠠᠨ ᠳᠤ ᠲᠠᠷᠢᠬᠤ ᠪᠠ ᠤᠰᠤ ᠳᠤᠰᠤᠯᠭᠠᠨ ᠴᠢᠬᠢ ᠶᠢ ᠵᠡᠷᠭᠡᠴᠡᠭᠦᠯᠬᠦ ᠵᠡᠷᠭᠡ | ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠴᠢᠬᠢ ᠶᠢ ᠵᠢᠭᠳᠡ᠂ ᠲᠡᠭᠰᠢ᠂ ᠪᠦᠷᠢᠨ ᠪᠦᠲᠦᠨ᠂ ᠳᠣᠷᠪᠢᠲᠠᠢ | ᠪᠠᠶᠢᠯᠭᠠᠬᠤ ᠶᠢ ᠪᠠᠲᠤᠯᠠᠵᠤ᠂ ᠰᠦᠷᠦᠭᠵᠢᠯ ᠤᠨ ᠵᠢᠭᠳᠡ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠪᠤ᠂ ᠵᠦᠢ ᠵᠣᠬᠢᠰᠲᠠᠢ ᠳᠤᠰᠤᠯᠭᠠᠨ ᠤᠰᠤᠯᠠᠬᠤ ᠪᠣᠷᠣᠭᠠᠨ ᠤ ᠬᠡᠮᠵᠢᠶ᠎ᠡ᠂ ᠤᠰᠤᠯᠠᠯᠲᠠ ᠶᠢᠨ ᠠᠷᠭ᠎ᠠ ᠮᠠᠶ᠋ᠢᠭ | ᠂ ᠬᠥᠷᠥᠰᠥᠨ ᠤ ᠴᠢᠭᠢᠭ ᠤᠨ ᠪᠠᠶᠢᠳᠠᠯ ᠪᠠ ᠤᠰᠤ ᠬᠠᠳᠠᠭᠠᠯᠠᠬᠤ ᠴᠢᠳᠠᠪᠤᠷᠢ ᠵᠡᠷᠭᠡ ᠡᠯᠧᠮᠧᠨ᠋ᠲ ᠢ ᠦᠨᠳᠦᠰᠦᠯᠡᠵᠦ | ᠤᠰᠤᠯᠠᠯᠲᠠ ᠶᠢᠨ ᠲᠤᠭ᠎ᠠ ᠪᠠ ᠤᠰᠤᠯᠠᠯᠲᠠ ᠶᠢᠨ ᠬᠡᠮᠵᠢᠶ᠎ᠡ ᠶᠢ ᠲᠣᠭᠲᠠᠭᠠᠨ᠎ᠠ᠃ ᠶᠡᠷᠦ ᠳᠤ ᠪᠠᠨ ᠳᠠᠷᠢᠭᠰᠠᠨ ᠤ | ᠳᠠᠷᠠᠭᠠᠬᠢ 3 ᠡᠳᠦᠷ ᠤᠨ ᠳᠣᠲᠣᠷ᠎ᠠ᠂ ᠳᠤᠰᠤᠯᠭᠠᠨ ᠤᠰᠤᠯᠠᠬᠤ ᠪᠦᠰᠡ ᠪᠠᠷ ᠨᠢᠭᠡ ᠤᠳᠠᠭ᠎ᠠ ᠳᠤᠰᠤᠯᠭᠠᠨ | ᠤᠰᠤᠯᠠᠨ᠎ᠠ᠂ ᠤᠰᠤᠯᠠᠬᠤ ᠬᠡᠮᠵᠢᠶ᠎ᠡ ᠨᠢ 15 — 20m3/ ᠮᠦ᠂ ᠴᠢᠭᠢᠭᠲᠦᠭᠦᠯᠵᠦ ᠦᠩᠭᠡᠷᠡᠭᠰᠡᠨ ᠳᠠᠷᠢᠬᠤ | ᠵᠠᠮ ᠨᠢ 5cm ᠣᠷᠴᠢᠮ ᠪᠠᠶᠢᠪᠠᠯ ᠵᠣᠬᠢᠨ᠎ᠠ᠂ ᠳᠤᠰᠤᠯᠭᠠᠵᠤ ᠴᠢᠬᠢ ᠭᠠᠷᠭᠠᠬᠤ ᠪᠠᠷ ᠳᠠᠮᠵᠢᠨ ᠴᠢᠬᠢ ᠶᠢᠨ ᠶᠠᠰᠤ | ᠴᠢᠨᠠᠷ ᠪᠠ ᠵᠢᠭᠳᠡ ᠬᠡᠮᠵᠢᠶ᠎ᠡ ᠶᠢ ᠪᠠᠲᠤᠯᠠᠨ᠎ᠠ᠃ ᠬᠦᠴᠦᠨ ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠨᠡᠯᠢᠶᠡᠳ | ᠭᠦᠢᠴᠡᠳ᠂ ᠬᠥᠷᠥᠰᠥ ᠰᠢᠷᠣᠢ ᠶᠢᠨ ᠤᠰᠤ ᠪᠣᠷᠳᠣᠭᠤᠷ ᠢ ᠬᠠᠳᠠᠭᠠᠯᠠᠬᠤ ᠪᠠᠷ ᠰᠠᠶᠢᠨ ᠭᠠᠵᠠᠷ ᠤᠨ ᠦᠷᠡᠵᠢᠯ ᠤᠨ | ᠬᠤᠭᠤᠴᠠᠭ᠎ᠠ ᠨᠢ ᠶᠡᠷᠦ ᠳᠤ ᠪᠠᠨ ᠳᠠᠷᠢᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ ᠰᠠᠯᠠᠭᠠᠯᠠᠬᠤ ᠬᠤᠭᠤᠴᠠᠭ᠎ᠠ ︵ | 6 ᠨᠠᠪᠴᠢ ᠳᠡᠯᠭᠡᠬᠦ︶᠂ ᠪᠠᠭ᠎ᠠ ᠲᠡᠯᠪᠡᠭᠡᠯᠡᠬᠦ ᠬᠤᠭᠤᠴᠠᠭ᠎ᠠ ︵9 ᠨᠠᠪᠴᠢ ᠳᠡᠯᠭᠡᠬᠦ︶᠂ ᠶᠡᠭᠡ ᠲᠡᠯᠪᠡᠭᠡᠯᠡᠬᠦ | ᠬᠤᠭᠤᠴᠠᠭ᠎ᠠ ︵12 ᠨᠠᠪᠴᠢ ᠳᠡᠯᠭᠡᠬᠦ︶᠂ ᠡᠷ᠎ᠡ ᠲᠦᠷᠦᠭᠦᠳᠡᠬᠦ ᠬᠤᠭᠤᠴᠠᠭ᠎ᠠ᠂ ᠮᠢᠨᠳᠠᠰᠤ ᠪᠥᠭᠡᠯᠵᠢᠬᠦ ᠬᠤᠭᠤᠴᠠᠭ᠎ᠠ | ᠂ ᠡᠭᠡᠳᠡᠩ ᠴᠢᠳᠬᠤᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 15 ᠡᠳᠦᠷ︶᠂ ᠰᠦ | ᠪᠣᠯᠪᠠᠰᠤᠷᠠᠬᠤ ᠬᠤᠭᠤᠴᠠᠭ᠎ᠠ ︵ᠮᠢᠨᠳᠠᠰᠤ ᠪᠥᠭᠡᠯᠵᠢᠭᠰᠡᠨ ᠤ ᠳᠠᠷᠠᠭᠠᠬᠢ 30 ᠡᠳᠦᠷ︶ ᠳᠤ 6 ᠤᠳᠠᠭ᠎ᠠ ᠠᠴᠠ 8 | ᠤᠳᠠᠭ᠎ᠠ ᠳᠤᠰᠤᠯᠭᠠᠨ ᠤᠰᠤᠯᠠᠵᠤ᠂ ᠤᠳᠠᠭ᠎ᠠ ᠪᠦᠷᠢ ᠶᠢᠨ ᠤᠰᠤᠯᠠᠬᠤ ᠤᠰᠤᠨ ᠤ ᠬᠡᠮᠵᠢᠶ᠎ᠡ ᠨᠢ 20 — | 30m3/ ᠮᠦ ᠳᠤ ᠬᠦᠷᠦᠨ᠎ᠡ︔ ᠬᠦᠴᠦᠨ ᠲᠠᠢ ᠬᠤᠷ᠎ᠠ ᠲᠤᠨᠤᠳᠠᠰᠤ ᠶᠢᠨ ᠬᠡᠮᠵᠢᠶ᠎ᠡ ᠪᠠᠷ ᠭᠦᠢᠴᠡᠳ ᠪᠤᠰᠤ ᠪᠤᠶᠤ | ᠤᠰᠤ ᠪᠣᠷᠳᠣᠭᠤᠷ ᠬᠠᠳᠠᠭᠠᠯᠠᠬᠤ ᠦᠷ᠎ᠡ ᠠᠰᠢᠭ ᠢᠶᠠᠷ ᠪᠠᠷᠤᠭᠲᠠᠢ ᠭᠠᠵᠠᠷ ᠲᠤ ᠳᠤᠰᠤᠯᠭᠠᠨ ᠤᠰᠤᠯᠠᠬᠤ ᠲᠤᠭ᠎ᠠ ᠪᠠ | ᠳᠤᠰᠤᠯᠭᠠᠨ ᠤᠰᠤᠯᠠᠬᠤ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠵᠦ ᠪᠣᠯᠣᠨ᠎ᠠ᠃ | ᠵᠢᠷᠭᠤᠭ᠎ᠠ᠂ ᠬᠤᠭᠤᠴᠠᠭ᠎ᠠ ᠬᠤᠪᠢᠶᠠᠨ ᠪᠣᠷᠳᠣᠭᠤᠷ ᠣᠷᠣᠭᠤᠯᠬᠤ ᠡᠷᠳᠡᠨᠢ ᠰᠢᠰᠢ ᠶᠢᠨ ᠤᠨᠠᠯᠲᠠ ᠶᠢᠨ | ᠬᠠᠷᠠᠯᠲᠠ ᠪᠠ ᠭᠠᠵᠠᠷ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠨ ᠬᠥᠷᠥᠰᠥ ᠶᠢ ᠬᠡᠮᠵᠢᠨ ᠨᠠᠶᠢᠷᠠᠯᠭ᠎ᠠ ᠲᠠᠢ | ᠪᠣᠷᠳᠣᠭᠤᠷ ᠣᠷᠣᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ ᠮᠦ ᠪᠦᠷᠢ ᠳᠤ 2 — 3 ᠲᠣᠨ ᠴᠢᠨᠠᠷ | ᠰᠠᠶᠢᠲᠠᠢ ᠣᠷᠭᠠᠨᠢᠭ ᠪᠣᠷᠳᠣᠭᠤᠷ ᠪᠤᠶᠤ ᠨᠠᠷᠢᠯᠢᠭ ᠣᠷᠭᠠᠨᠢᠭ ᠪᠣᠷᠳᠣᠭᠤᠷ 1 ᠲᠣᠨ ᠣᠷᠴᠢᠮ ᠣᠷᠣᠭᠤᠯᠵᠤ ᠪᠣᠯᠣᠨ᠎ᠠ᠃ | ᠭᠤᠤᠷᠰᠤ ᠪᠠᠷ ᠤᠰᠤᠯᠠᠬᠤ ᠭᠠᠵᠠᠷ ᠲᠤ ᠬᠤᠶᠠᠷ ᠤᠳᠠᠭ᠎ᠠ ᠪᠣᠷᠳᠣᠭᠤᠷ ᠣᠷᠣᠭᠤᠯᠵᠤ ᠪᠣᠯᠣᠨ᠎ᠠ᠂ ᠳᠠᠷᠤᠢ ᠪᠦᠬᠦ | ᠹᠣᠰᠹᠣᠷ ᠪᠣᠷᠳᠣᠭᠤᠷ᠂ 30% — 40% ᠶᠢᠨ ᠠᠽᠣᠲ ᠪᠣᠷᠳᠣᠭᠤᠷ ︵ᠬᠡᠷᠪᠡ ᠦᠷ᠎ᠡ ᠶᠢᠨ ᠪᠣᠷᠳᠣᠭᠤᠷ ᠲᠠᠢ | ᠪᠣᠯ ᠬᠡᠷᠡᠭᠯᠡᠬᠦ ᠬᠡᠮᠵᠢᠶ᠎ᠡ ᠶᠢ ᠨᠢ ᠵᠣᠬᠢᠬᠤ ᠬᠡᠮᠵᠢᠶ᠎ᠡ ᠪᠠᠷ ᠪᠠᠭᠠᠰᠬᠠᠵᠤ ᠪᠣᠯᠣᠨ᠎ᠠ︶ ᠪᠠ 70% ᠶᠢᠨ ᠺᠠᠯᠢ | ᠪᠣᠷᠳᠣᠭᠤᠷ ᠢᠶᠠᠷ ᠰᠠᠭᠤᠷᠢ ᠪᠣᠷᠳᠣᠭᠤᠷ ᠪᠣᠯᠭᠠᠨ ᠣᠷᠣᠭᠤᠯᠵᠤ᠂ ᠦᠯᠡᠳᠡᠭᠰᠡᠨ ᠪᠣᠷᠳᠣᠭᠤᠷ ᠢ ᠪᠦᠷᠢᠶᠡᠨ ᠤ | ᠠᠮᠠᠰᠠᠷ ᠤᠨ ᠬᠤᠭᠤᠴᠠᠭᠠᠨ ᠠᠴᠠ ᠡᠮᠦᠨ᠎ᠡ ᠨᠢᠭᠡ ᠯᠡ ᠤᠳᠠᠭ᠎ᠠ ᠳᠤ ᠮᠠᠰᠢᠨ ᠢᠶᠠᠷ ᠨᠡᠮᠡᠵᠦ ᠣᠷᠣᠭᠤᠯᠤᠨ᠎ᠠ᠃ ᠪᠠᠰᠠ | ᠠᠯᠭᠤᠷ ᠬᠢᠵᠠᠭᠠᠷᠯᠠᠬᠤ ᠪᠣᠷᠳᠣᠭᠤᠷ ᠬᠡᠷᠡᠭᠯᠡᠵᠦ᠂ ᠪᠣᠷᠳᠣᠭᠤᠷ ᠤᠨ ᠦᠢᠯᠡᠳᠦᠯ ᠬᠢᠭᠡᠳ ᠠᠭᠤᠯᠤᠭᠳᠠᠴᠠ ᠶᠢ ᠨᠢ | ᠦᠨᠳᠦᠰᠦᠯᠡᠨ ᠪᠣᠷᠳᠣᠭᠤᠷ ᠣᠷᠣᠭᠤᠯᠬᠤ ᠬᠡᠮᠵᠢᠶ᠎ᠡ ᠶᠢ ᠨᠢ ᠲᠣᠭᠲᠠᠭᠠᠵᠤ᠂ ᠨᠢᠭᠡ ᠯᠡ ᠤᠳᠠᠭ᠎ᠠ ᠬᠡᠷᠡᠭᠯᠡᠬᠦ | ᠮᠠᠰᠢᠨ ᠢᠶᠠᠷ ᠪᠣᠷᠳᠣᠭᠤᠷ ᠣᠷᠣᠭᠤᠯᠬᠤ ᠶᠢ ᠪᠡᠶᠡᠯᠡᠭᠦᠯᠵᠦ ᠪᠣᠯᠣᠨ᠎ᠠ᠃ ᠳᠤᠰᠤᠯᠭᠠᠨ ᠤᠰᠤᠯᠠᠬᠤ ᠭᠠᠵᠠᠷ ᠲᠤ ᠤᠰᠤᠨ | ᠳᠤᠰᠤᠯ ᠲᠠᠢ ᠬᠠᠮᠲᠤ ᠪᠣᠷᠳᠣᠭᠤᠷ ᠤᠷᠤᠭᠤᠯᠤᠨ᠎ᠠ᠂ ᠡᠭᠦᠨ ᠳᠤ ᠦᠷ᠎ᠡ ᠶᠢᠨ ᠪᠣᠷᠳᠣᠭᠤᠷ ᠬᠡᠷᠡᠭᠯᠡᠬᠦ ᠬᠡᠮᠵᠢᠶ᠎ᠡ᠄ ᠴᠡᠪᠡᠷ | ᠠᠽᠣᠲ ︵N︶ 3 — 5kg / ᠮᠦ᠂ ᠴᠡᠪᠡᠷ ᠹᠣᠰᠹᠣᠷ ︵P2O5︶ 5 — 7kg / ᠮᠦ᠂ ᠴᠡᠪᠡᠷ | ᠺᠠᠯᠢ ︵K2O︶ 3 — 5kg / ᠮᠦ︔ ᠨᠡᠮᠡᠯᠲᠡ ᠪᠣᠷᠳᠣᠭᠤᠷ ᠬᠡᠷᠡᠭᠯᠡᠬᠦ ᠬᠡᠮᠵᠢᠶ᠎ᠡ᠄ ᠤᠰᠤᠨ | ᠳᠤᠰᠤᠯ ᠢ ᠲᠠᠭᠠᠨ 5~7 ᠤᠳᠠᠭ᠎ᠠ ᠪᠣᠷᠳᠣᠭᠤᠷ ᠣᠷᠣᠭᠤᠯᠵᠤ᠂ ᠴᠡᠪᠡᠷ ᠠᠽᠣᠲ ︵N︶ ᠢ 15 — 17kg | / ᠮᠦ᠂ ᠹᠣᠰᠹᠣᠷ ︵P2O5︶ ᠢ 3 — 5kg/ ᠮᠦ᠂ ᠺᠠᠯᠢ ︵K2O︶ ᠶᠢ 5 — 7kg/ ᠮᠦ | ᠨᠡᠮᠡᠵᠦ ᠣᠷᠣᠭᠤᠯᠤᠨ᠎ᠠ᠃ | ᠳᠣᠯᠤᠭ᠎ᠠ᠂ ᠬᠢᠮᠢ ᠶᠢᠨ ᠡᠵᠡᠮᠰᠢᠯ ᠢᠶᠠᠷ ᠨᠠᠯᠠᠨ ᠤᠨᠠᠬᠤ ᠠᠴᠠ ᠰᠡᠷᠭᠡᠶᠢᠯᠡᠬᠦ ᠨᠢᠭᠲᠠᠴᠠ ᠨᠢ 4500 ᠰᠠᠭᠤᠷᠢ | / ᠮᠦ ᠠᠴᠠ ᠶᠡᠭᠡ᠂ ᠥᠰᠦᠯᠲᠡ ᠨᠢ ᠬᠡᠲᠦ ᠰᠠᠶᠢᠨ᠂ ᠡᠭᠦᠯᠳᠡᠷ ᠤᠨ ᠤᠨᠠᠬᠤ ᠶᠢ ᠳᠠᠭᠠᠭᠠᠬᠤ ᠴᠢᠨᠠᠷ ᠢᠶᠠᠷ ᠠᠨᠠᠢ ᠪᠠ | ᠨᠠᠯᠠᠨ ᠤᠨᠠᠬᠤ ᠪᠠᠶᠢᠳᠠᠯ ᠦᠷᠭᠦᠯᠵᠢ ᠡᠭᠦᠰᠳᠡᠭ ᠭᠠᠵᠠᠷ ᠣᠷᠣᠨ ᠤ ᠬᠡᠰᠡᠭ ᠭᠠᠵᠠᠷ ᠲᠤ ᠡᠷᠳᠡᠨᠢ ᠰᠢᠰᠢ ᠶᠢᠨ 6 — | 8 ᠶᠢᠨ ᠨᠠᠪᠴᠢᠨ ᠤ ᠬᠤᠭᠤᠴᠠᠭᠠᠨ ᠳᠤ ᠬᠢᠮᠢ ᠶᠢᠨ ᠡᠵᠡᠮᠰᠢᠯ ᠤᠨ ᠡᠮ ᠢ ᠰᠦᠷᠴᠢᠵᠦ ᠪᠣᠯᠣᠨ᠎ᠠ᠂ ᠵᠢᠱᠢᠶᠡᠯᠡᠪᠡᠯ ᠢᠦᠢ | ᠬᠤᠸᠠᠩ ᠶᠢᠨ᠂ ᠲᠣᠨ ᠲᠢᠶᠠᠨ ᠪᠤᠤ᠂ ᠤᠰᠤᠮᠠᠭ ᠡᠲ᠋ᠧᠨ ᠵᠡᠷᠭᠡ ᠶᠢ ᠰᠦᠷᠴᠢᠵᠦ᠂ ᠰᠠᠭᠤᠷᠢ ᠬᠡᠰᠡᠭ ᠤᠨ ᠦᠶ᠎ᠡ ᠶᠢᠨ | ᠤᠷᠲᠤ ᠶᠢᠨ ᠬᠡᠮᠵᠢᠶ᠎ᠡ ᠶᠢ ᠬᠢᠵᠠᠭᠠᠷᠯᠠᠵᠤ᠂ ᠡᠰᠢ ᠰᠦᠷᠡᠯ ᠤᠨ ᠬᠦᠴᠦᠯᠡᠴᠡ ᠶᠢ ᠨᠡᠮᠡᠭᠳᠡᠭᠦᠯᠦᠨ ᠨᠠᠯᠠᠨ ᠤᠨᠠᠬᠤ ᠶᠢ | ᠤᠷᠢᠳᠴᠢᠯᠠᠨ ᠰᠡᠷᠭᠡᠶᠢᠯᠡᠨ᠎ᠡ᠃ | ᠨᠠᠢᠮᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠴᠢᠬᠢᠯᠡᠬᠦ ᠬᠤᠭᠤᠴᠠᠭᠠᠨ ᠤ | ᠬᠤᠣᠷᠲᠤ ᠬᠤᠷᠣᠬᠠᠢ ᠶᠢ ᠭᠤᠣᠯᠳᠠᠭᠤ ᠦᠷ᠎ᠡ ᠶᠢᠨ ᠪᠠᠭᠯᠠᠭ᠎ᠠ ᠪᠠᠷ ᠰᠡᠷᠭᠡᠶᠢᠯᠡᠨ ᠡᠵᠡᠮᠳᠡᠵᠦ᠂ ᠳᠤᠮᠳᠠ ᠪᠠ | ᠰᠡᠭᠦᠯᠴᠢ ᠶᠢᠨ ᠬᠤᠭᠤᠴᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠥᠨᠳᠥᠷ ᠭᠠᠵᠠᠷ ᠤᠨ ᠵᠠᠪᠰᠠᠷ ᠲᠠᠢ ᠡᠮ | ᠰᠦᠷᠴᠢᠬᠦ ᠮᠠᠰᠢᠨ ᠪᠤᠶᠤ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠨᠢᠰᠬᠡᠯ ᠢᠶᠠᠷ ᠡᠮ ᠰᠦᠷᠴᠢᠨ | ᠰᠡᠷᠭᠡᠶᠢᠯᠡᠨ ᠵᠠᠰᠠᠵᠤ ᠪᠣᠯᠣᠨ᠎ᠠ᠃ | ᠶᠢᠰᠦ᠂ ᠮᠠᠰᠢᠨᠴᠢᠯᠠᠯᠲᠠ ᠪᠠᠷ ᠬᠤᠷᠢᠶᠠᠬᠤ ᠲᠠᠷᠢᠮᠠᠯ ᠤᠨ ᠮᠥᠷ ᠤᠨ ᠵᠠᠢ ᠵᠢᠴᠢ ᠠᠵᠢᠯ ᠤᠨ ᠶᠠᠰᠤ ᠴᠢᠨᠠᠷ ᠤᠨ | ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠬᠤᠷᠢᠶᠠᠬᠤ ᠮᠠᠰᠢᠨ ᠢ ᠰᠣᠩᠭᠤᠬᠤ ᠬᠡᠷᠡᠭᠲᠡᠢ᠃ ᠡᠷᠳᠡᠨᠢ ᠰᠢᠰᠢ ᠨᠢ | ᠪᠦᠷᠢᠨ ᠪᠣᠯᠪᠠᠰᠤᠷᠠᠭᠰᠠᠨ ︵ᠮᠦᠬᠦᠯᠢᠭ ᠰᠦᠨ ᠤᠳᠠᠰᠤ ᠪᠦᠷᠢᠮᠦᠰᠦᠨ ᠠᠷᠢᠯᠵᠤ᠂ ᠰᠠᠭᠤᠷᠢ ᠬᠡᠰᠡᠭ ᠲᠤ ᠬᠠᠷ᠎ᠠ | ᠳᠠᠪᠬᠤᠷᠭ᠎ᠠ ᠢᠯᠡᠷᠡᠬᠦ︶ ᠤ ᠳᠠᠷᠠᠭ᠎ᠠ ᠵᠢᠮᠢᠰ ᠤᠨ ᠲᠦᠷᠦᠭᠦᠦ ᠶᠢ ᠬᠤᠷᠢᠶᠠᠵᠤ ᠪᠣᠯᠣᠨ᠎ᠠ᠂ ᠬᠤᠷᠢᠶᠠᠭᠰᠠᠨ ᠤ ᠳᠠᠷᠠᠭ᠎ᠠ | ᠴᠠᠭ ᠲᠤᠬᠠᠢ ᠳᠤ ᠨᠢ ᠬᠠᠲᠠᠭᠠᠵᠤ ᠬᠥᠮᠥᠷᠭᠡ ᠳᠤ ᠬᠠᠳᠠᠭᠠᠯᠠᠨ᠎ᠠ᠃ ᠦᠷ᠎ᠡ ᠶᠢᠨ ᠮᠥᠬᠦᠯᠢᠭ ᠢ ᠮᠠᠰᠢᠨ ᠢᠶᠠᠷ ᠰᠢᠭᠤᠳ | ᠬᠤᠷᠢᠶᠠᠬᠤ ᠨᠢ ᠪᠣᠯᠪᠠᠰᠤᠷᠠᠭᠰᠠᠨ ᠤ ᠳᠠᠷᠠᠭ᠎ᠠ 2 — 4 ᠭᠠᠷᠠᠭ ᠤᠨ ᠳᠣᠲᠣᠷ᠎ᠠ ᠦᠷ᠎ᠡ ᠶᠢᠨ ᠮᠥᠬᠦᠯᠢᠭ ᠤᠨ | ᠤᠰᠤᠨ ᠤ ᠠᠭᠤᠯᠤᠭᠳᠠᠴᠠ ᠶᠢ 25% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠦᠶ᠎ᠡ ᠳᠤ᠂ ᠬᠠᠮ ᠬᠤᠷᠢᠶᠠᠬᠤ | ᠮᠠᠰᠢᠨ ᠢᠶᠠᠷ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠶᠢᠨ ᠬᠠᠮᠲᠤ ᠡᠰᠢ ᠰᠦᠷᠡᠯ ᠢ ᠬᠡᠮᠬᠡᠯᠦᠨ | ᠰᠢᠢᠳᠪᠦᠷᠢᠯᠡᠨ᠎ᠡ᠃ ᠬᠤᠷᠢᠶᠠᠭᠰᠠᠨ ᠤ ᠳᠠᠷᠠᠭ᠎ᠠ᠂ ᠦᠷ᠎ᠡ ᠶᠢ ᠨᠢ ᠴᠠᠭ ᠲᠤᠬᠠᠢ ᠳᠤ ᠨᠢ ᠬᠠᠳᠠᠭᠠᠵᠤ ᠬᠠᠳᠠᠭᠠᠯᠠᠬᠤ | ᠪᠤᠶᠤ ᠪᠣᠷᠣᠯᠠᠭᠤᠯᠬᠤ ᠬᠡᠷᠡᠭᠲᠡᠢ᠃ | ᠠᠷᠪᠠ᠂ ᠡᠰᠢ ᠰᠦᠷᠡᠯ ᠢ ᠠᠰᠢᠭᠯᠠᠬᠤ ᠡᠪᠡᠰᠦ ᠪᠣᠷᠳᠤᠭ᠎ᠠ ᠶᠢ ᠲᠡᠭᠦᠵᠦ ᠪᠣᠭᠤᠵᠢᠯᠠᠬᠤ ᠮᠠᠰᠢᠨ ᠢᠶᠠᠷ ᠡᠰᠢ | ᠰᠦᠷᠡᠯ ᠢ ᠪᠣᠭᠤᠵᠢᠯᠠᠵᠤ ᠪᠣᠷᠳᠤᠭ᠎ᠠ ᠪᠣᠯᠭᠠᠨ᠎ᠠ︔ ᠡᠰᠡᠬᠦᠯ᠎ᠡ ᠡᠰᠢ ᠰᠦᠷᠡᠯ ᠢ ᠲᠠᠷᠢᠶᠠᠨ ᠳᠤ ᠣᠷᠣᠭᠤᠯᠬᠤ | ᠮᠠᠰᠢᠨ ᠢᠶᠠᠷ ᠡᠰᠢ ᠰᠦᠷᠡᠯ ᠢ 3 — 5 ᠰᠡᠨᠲ᠋ᠢᠮᠧᠲᠷ ᠪᠣᠯᠲᠠᠯ᠎ᠠ ᠬᠡᠮᠬᠡᠯᠬᠦ ᠶᠢᠨ ᠬᠠᠮᠲᠤ ᠤᠷᠪᠠᠭᠤᠯᠬᠤ ᠠᠨᠵᠢᠰᠤ ᠪᠠᠷ | 30 ᠰᠡᠨᠲ᠋ᠢᠮᠧᠲᠷ ᠤᠷᠪᠠᠭᠤᠯᠤᠨ ᠬᠠᠭᠠᠯᠪᠤᠷᠢᠯᠠᠵᠤ ᠲᠠᠷᠢᠶᠠᠨ ᠳᠤ ᠪᠤᠴᠠᠭᠠᠨ᠎ᠠ᠃ ᠡᠰᠡᠬᠦᠯ᠎ᠡ ᠡᠰᠢ ᠰᠦᠷᠡᠯ ᠢ | ᠲᠠᠷᠢᠶᠠᠨ ᠳᠤ ᠪᠦᠷᠭᠦᠭᠦᠯᠦᠨ ᠬᠠᠶᠠᠵᠤ᠂ ᠳᠠᠷᠠᠭ᠎ᠠ ᠵᠢᠯ ᠳᠤ ᠨᠢ ᠬᠠᠭᠠᠯᠪᠤᠷᠢᠯᠠᠬᠤ ᠦᠭᠡᠢ ᠪᠠᠷ ᠳᠠᠷᠢᠬᠤ ᠮᠠᠰᠢᠨ ᠢᠶᠠᠷ | ᠬᠠᠭᠠᠯᠪᠤᠷᠢᠯᠠᠬᠤ ᠦᠭᠡᠢ ᠪᠠᠷ ᠳᠠᠷᠢᠨ᠎ᠠ᠃ |