ᠬᠤᠸᠠᠩ ᠶᠠ ᠯᠢ ᠯᠢ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠪᠠ ᠴᠢᠳᠠᠪᠤᠷᠢᠲᠠᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/22
     5 ᠳ᠋ᠤᠭᠠᠷ ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠪᠠ ᠴᠢᠳᠠᠪᠤᠷᠢᠲᠠᠨ ᠤ ᠠᠵᠢᠯ ᠢ ᠪᠠᠶᠢᠴᠠᠭᠠᠨ ᠰᠤᠳᠤᠯᠪᠠ᠃      ᠬᠤᠸᠠᠩ ᠶᠠ ᠯᠢ᠂ ᠯᠢ ᠵᠥᠩ ᠽᠧᠩ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠵᠢᠭᠠᠨ ᠰᠤᠷᠭᠠᠯᠲᠠ ᠶᠢᠨ ᠠᠰᠠᠷ᠂ ᠲᠤᠷᠰᠢᠯᠲᠠ ᠶᠢᠨ ᠲᠠᠰᠤᠭ᠂ ᠡᠯᠧᠺᠲᠷᠣᠨ ᠤᠩᠰᠢᠯᠭ᠎ᠠ ᠶᠢᠨ ᠲᠠᠰᠤᠭ᠂ ᠰᠣᠷᠣᠭᠴᠢ ᠶᠢᠨ ᠪᠠᠶᠢᠷᠢ ᠪᠠᠷ ᠲᠤᠭᠤᠷᠢᠨ ᠦᠵᠡᠵᠦ᠂ ᠰᠤᠷᠭᠠᠭᠤᠯᠢ ᠶᠢᠨ ᠪᠠᠭᠰᠢ ᠶᠢᠨ ᠲᠣᠬᠢᠷᠠᠭᠤᠯᠤᠯᠲᠠ᠂ ᠰᠣᠷᠣᠭᠴᠢ ᠶᠢᠨ ᠬᠡᠪᠴᠢᠶ᠎ᠡ᠂ ᠰᠣᠷᠣᠭᠴᠢ ᠶᠢᠨ ᠶᠡᠭᠡ ᠳᠡᠭᠡᠳᠦ ᠰᠤᠷᠭᠠᠭᠤᠯᠢ ᠳᠤ ᠳᠡᠪᠰᠢᠭᠰᠡᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠵᠢᠴᠢ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠶᠠ ᠯᠢ᠂ ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠠᠯᠠᠱᠠ ᠶᠢᠨ ᠣᠯᠠᠨ ᠲᠦᠮᠡᠨ ᠰᠤᠷᠭᠠᠨ ᠬᠥᠮᠦᠵᠢᠯ ᠢ ᠮᠠᠰᠢ ᠶᠡᠭᠡ ᠬᠦᠰᠡᠨ ᠡᠷᠡᠮᠡᠯᠵᠡᠵᠦ ᠪᠠᠶᠢᠨ᠎ᠠ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠡᠯ᠎ᠡ ᠬᠤᠰᠢᠭᠤ ᠲᠣᠭᠤᠷᠢᠭ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠲᠦᠮᠵᠢᠲᠡᠶ ᠨᠢᠬᠡᠳᠭᠡᠨ ᠨᠡᠶᠢᠯᠡᠭᠦᠯᠵᠦ᠂ ᠠᠶᠢᠮᠠᠭ ᠤᠨ ᠭᠠᠳᠠᠨᠠᠬᠢ ᠨᠠᠷᠠᠲᠤ ᠰᠤᠷᠭᠠᠭᠤᠯᠢ ᠲᠠᠢ ᠢᠳᠡᠪᠬᠢᠲᠡᠶ ᠬᠠᠮᠲᠤᠷᠠᠯᠴᠠᠨ᠂ ᠬᠦᠴᠦᠨ ᠢᠶᠠᠨ ᠲᠥᠪᠯᠡᠷᠡᠭᠦᠯᠦᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠠᠵᠤ ᠠᠬᠤᠶᠢᠯᠠᠯ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠂ ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ ᠭᠡᠪᠡ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠬᠥᠮᠦᠨ ᠬᠥᠮᠦᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠵᠤ᠂ ᠰᠤᠷᠤᠭᠴᠢᠳ ᠲᠤ ᠴᠠᠭ ᠢᠮᠠᠭᠲᠠ ᠦᠭᠡᠢ ᠰᠤᠷᠭᠠᠨ ᠬᠥᠮᠦᠵᠢᠯ ᠤᠨ ᠨᠥᠯᠥᠭᠡ ᠶᠢ ᠬᠦᠷᠲᠡᠭᠡᠬᠦ ᠬᠡᠷᠡᠭᠲᠡᠢ ᠭᠡᠪᠡ᠃      ᠳᠠᠷᠠᠭ᠎ᠠ ᠨᠢ᠂ ᠬᠤᠸᠠᠩ ᠶᠠ ᠯᠢ᠂ ᠯᠢ ᠵᠥᠩ ᠽᠧᠩ ᠰᠤᠷᠭᠠᠨ ᠬᠥᠮᠦᠵᠢᠯ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠳᠤ ᠢᠷᠡᠵᠦ᠂ ᠴᠢᠳᠠᠪᠤᠷᠢᠲᠠᠨ ᠤᠷᠢᠨ ᠤᠷᠤᠭᠤᠯᠬᠤ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠣᠶᠢᠯᠠᠭᠠᠪᠠ᠃ ᠬᠤᠸᠠᠩ ᠶᠠ ᠯᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠦᠯᠡᠳᠡᠭᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠴᠢᠳᠠᠪᠤᠷᠢᠲᠠᠨ ᠤ ᠲᠠᠭᠠᠯᠠᠮᠵᠢᠲᠠᠢ ᠤᠷᠴᠢᠨ ᠲᠤᠭᠤᠷᠢᠨ ᠳᠤ ᠠᠵᠢᠯᠯᠠᠵᠦ ᠠᠮᠢᠳᠤᠷᠠᠬᠤ ᠢ ᠪᠠᠲᠤᠯᠠᠬᠤ ᠬᠡᠷᠡᠭᠳᠡᠢ ᠭᠡᠪᠡ᠃      ᠠᠶᠢᠮᠠᠭ ᠤᠨ ᠤᠳᠤᠷᠢᠳᠤᠯᠭ᠎ᠠ  ᠸᠧᠶ ᡁᠢ ᠭᠦᠸᠧ᠂ ᠯᠸᠢ ᠬᠠᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号