ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ  ᠮᠠᠨ ᠤ ᠠᠶᠢᠮᠠᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/5/23
     5 ᠳ᠋ᠤᠭᠠᠷ ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠰᠠᠶᠢᠲᠤᠷ ᠰᠠᠬᠢᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠶᠢ ᠭᠦᠭᠵᠢᠬᠡᠨ᠂ ᠠᠵᠤ ᠠᠬᠤᠶ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠳᠤᠷ ᠪᠡᠶᠡᠯᠡᠭᠦᠯᠦᠨ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠬᠦᠢᠴᠡᠳᠭᠡᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠤᠬᠠᠮᠰᠠᠷ ᠠᠴᠠ ᠪᠠᠨ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ ᠠᠵᠢᠯ ᠢᠶᠠᠨ ᠥᠷᠨᠢᠭᠦᠯᠵᠦ᠂ ᠡᠮᠦᠨ᠎ᠡ ᠨᠢ ᠬᠤᠰᠢᠭᠤᠷᠠᠨ ᠳᠠᠭᠤᠷᠢᠶᠠᠯ ᠪᠣᠯᠵᠣ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠯᠠᠱᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号