ᠡᠵᠡᠨ᠎ᠡ ᠬᠤᠰᠢᠭᠤᠨ ᠤ ᠲᠤᠮᠤ ᠰᠡᠯᠢᠭᠦᠷᠲᠦ ᠵᠢᠭᠠᠰᠤ ᠶᠢ ᠬᠦᠮᠦᠨ ᠤ ᠬᠦᠴᠦ ᠪᠠᠷ ᠦᠷᠡᠵᠢᠬᠦᠯᠬᠦ ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠪᠳᠤᠷᠭᠠᠨ ᠳᠠᠭᠠᠨ ᠣᠷᠤᠪᠠ
ᠨᠡᠶᠢᠲᠡᠯᠡᠭᠰᠡᠨ ᠴᠠᠭ᠄
2023/5/24
     ᠡᠨᠡ ᠵᠢᠯ᠂ ᠠᠯᠠᠱᠠ ᠠᠶᠢᠮᠠᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ᠂ ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠨᠢ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠧᠩ ᠰᠢᠶᠠᠩ ᠤᠰᠤᠨ ᠤ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠳᠤᠷᠠᠵᠤ᠂ ᠡᠵᠡᠨ᠎ᠡ ᠬᠤᠰᠢᠭᠤᠨ ᠤ ᠲᠤᠮᠤ ᠰᠡᠯᠢᠭᠦᠷᠲᠦ ᠵᠢᠭᠠᠰᠤ ᠶᠢ ᠬᠦᠮᠦᠨ ᠤ ᠬᠦᠴᠦ ᠪᠠᠷ ᠦᠷᠡᠵᠢᠬᠦᠯᠬᠦ ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠤᠨ᠂ ᠣᠳᠣᠬᠠᠨ ᠪᠣᠯᠬᠤ ᠳᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠰᠢᠪᠲᠤᠷᠭᠠᠨ ᠳᠠᠭᠠᠨ ᠣᠷᠣᠭᠰᠠᠨ ᠪᠠᠶᠢᠨ᠎ᠠ᠃      ᠡᠵᠡᠨ᠎ᠡ ᠬᠤᠰᠢᠭᠤᠨ ᠤ ᠲᠤᠮᠤ ᠰᠡᠯᠢᠭᠦᠷᠲᠦ ᠵᠢᠭᠠᠰᠤ ᠶᠢ ᠬᠦᠮᠦᠨ ᠤ ᠬᠦᠴᠦ ᠪᠠᠷ ᠦᠷᠡᠵᠢᠬᠦᠯᠬᠦ ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠰᠢᠷ᠎ᠠ ᠨᠠᠭᠤᠷ ᠤᠨ ᠤᠰᠤᠨ ᠴᠥᠭᠦᠷᠥᠮ ᠤᠨ ᠣᠶᠢᠷᠠᠯᠴᠠᠭ᠎ᠠ ᠪᠠᠶᠢᠵᠤ᠂ ᠨᠡᠶᠢᠲᠡ 5000 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠡᠭᠦᠨ ᠳᠤ ᠭᠤᠣᠯᠳᠠᠭᠤ ᠵᠢᠷᠠᠭᠠᠬᠠᠢ ᠶᠢ ᠪᠤᠶᠢᠵᠢᠭᠤᠯᠣᠨ ᠨᠡᠪᠴᠢᠬᠦᠯᠬᠦ ᠵᠢᠴᠢ ᠲᠡᠵᠢᠭᠡᠨ ᠦᠷᠡᠵᠢᠭᠦᠯᠬᠦ ᠴᠢᠳᠠᠮᠵᠢ ᠲᠠᠢ ᠭᠤᠷᠪᠠᠨ ᠳᠤᠯᠠᠭᠠᠨ ᠰᠠᠷᠠᠪᠴᠢ ᠪᠠᠶᠢᠭᠤᠯᠵᠤ᠂ ᠰᠠᠷᠠᠪᠴᠢ ᠪᠦᠷᠢ ᠶᠢᠨ ᠣᠷᠳᠣ ᠨᠢ 26 ᠮᠧᠲᠷ᠂ ᠥᠷᠭᠡᠨ ᠨᠢ 12 ᠮᠧᠲᠷ᠂ ᠥᠨᠳᠥᠷ ᠨᠢ 4 ᠮᠧᠲᠷ ᠪᠠᠶᠢᠵᠤ ᠰᠠᠷᠠᠪᠴᠢ ᠪᠦᠷᠢ ᠳᠤ ᠪᠠᠰᠠ ᠳ᠋ᠢᠶᠠᠮᠧᠲᠷ ᠨᠢ 5 ᠮᠧᠲᠷ ᠤᠨ ᠡᠷᠭᠢᠯᠲᠡᠲᠤ ᠤᠰᠤᠨ ᠤ ᠲᠡᠵᠢᠭᠡᠨ ᠦᠷᠡᠵᠢᠭᠦᠯᠬᠦ ᠤᠰᠤᠨ ᠴᠥᠭᠦᠷᠥᠮ 8 ᠶᠢ ᠲᠤᠬᠢᠷᠠᠭᠤᠯᠤᠨ᠂ ᠤᠰᠤ  ᠬᠠᠩᠭᠠᠵᠤ  ᠤᠰᠤ  ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠬᠦᠴᠢᠯᠲᠥ᠋ᠷᠥᠭᠴᠢ ᠬᠠᠩᠭᠠᠬᠤ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠪᠠᠶᠢᠭᠤᠯᠤᠭᠰᠠᠨ ᠪᠠᠶᠢᠨ᠎ᠠ᠃ ᠤᠳᠤᠬᠠᠨ ᠪᠣᠯᠬᠤ ᠳᠤ 2 ᠳᠤᠯᠠᠭᠠᠨ ᠰᠠᠷᠠᠪᠴᠢ ᠶᠢ ᠨᠢᠭᠡᠨᠲᠡ  ᠪᠠᠶᠢᠭᠤᠯᠵᠤ  ᠳᠠᠭᠤᠰᠬᠠᠨ᠂ ᠬᠡᠰᠡᠭ ᠲᠡᠵᠢᠭᠡᠨ ᠦᠷᠡᠵᠢᠭᠦᠯᠬᠦ ᠴᠥᠭᠦᠷᠥᠮ ᠴᠦ ᠠᠰᠢᠭᠯᠠᠯᠲᠠ ᠳᠤ ᠣᠷᠣᠵᠣ᠂ 3 ᠳ᠋ᠤᠭᠠᠷ ᠳᠤᠯᠠᠭᠠᠨ ᠰᠠᠷᠠᠪᠴᠢ ᠶᠢ ᠪᠠᠶᠢᠭᠤᠯᠬᠤ ᠱᠠᠳᠤᠨ ᠳᠤ ᠪᠠᠨ ᠪᠠᠶᠢᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠬᠤ ᠪᠠᠷ ᠪᠤᠢ᠃ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠪᠦᠷᠢ 500 ᠲᠦᠮᠡᠨ ᠵᠢᠷᠠᠭᠠᠬᠠᠢ ᠶᠢ ᠨᠡᠪᠴᠢᠭᠦᠯᠬᠦ ᠪᠤᠯᠤᠨ᠎ᠠ᠃      ᠠᠯᠠᠱᠠ ᠠᠶᠢᠮᠠᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠭᠡᠳᠦ ᠲᠠᠰ ᠤᠨ ᠤᠰᠤᠨ ᠤ ᠭᠠᠷᠤᠯᠲᠠ ᠶᠢᠨ ᠢᠨᠵᠧᠨᠧᠷ ᠯᠢᠶᠠᠩ ᠺᠧ ᠴᠢᠨ᠄ ︽ᠣᠲᠣ ᠨᠢᠭᠡᠨᠲᠡ 16 ᠰᠠᠭᠤᠷᠢ ᠡᠷᠭᠢᠯᠲᠡᠲᠦ ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠴᠥᠭᠦᠷᠥᠮ ᠢ ᠪᠠᠶᠢᠭᠤᠯᠵᠤ᠂ ᠪᠠᠰᠠ 8 ᠰᠠᠭᠤᠷᠢ ᠶᠢ ᠶᠠᠭ ᠪᠦᠲᠦᠭᠡᠨ ᠪᠠᠶᠢᠭᠤᠯᠵᠤ ᠪᠠᠶᠢᠨ᠎ᠠ᠂ ᠨᠢᠭᠡᠨᠳᠡ ᠪᠠᠶᠢᠭᠤᠯᠤᠭᠳᠠᠭᠰᠠᠨ 16 ᠰᠠᠭᠤᠷᠢ ᠦᠷᠡᠵᠢᠬᠦᠯᠬᠦ  ᠴᠦᠬᠦᠷᠦᠮ ᠳᠤ ᠨᠢᠭᠡᠨᠲᠡ ᠵᠢᠷᠠᠭᠠᠬᠠᠢ ᠶᠢ ᠦᠷᠡᠵᠢᠭᠦᠯᠦᠨ ᠨᠡᠪᠴᠢᠭᠦᠯᠵᠦ ᠡᠬᠢᠯᠡᠭᠰᠡᠨ᠃ ᠡᠨᠡ ᠵᠢᠯ ᠵᠢᠱᠢᠯᠲᠡ ᠪᠠᠷ ᠪᠠᠷᠤᠭ 100 ᠲᠦᠮᠡᠨ ᠳᠣᠮᠤ ᠰᠠᠯᠢᠭᠦᠷᠳᠤ ᠬᠡᠶᠢᠳᠦ ᠴᠤᠤᠬ᠎ᠠ ᠵᠢᠭᠠᠰᠤ ᠶᠢᠨ ᠵᠢᠷᠠᠭᠠᠬᠠᠢ ᠶᠢ ᠨᠡᠪᠴᠢᠭᠦᠯᠬᠦ ᠪᠣᠯᠣᠨ᠎ᠠ︾ ᠭᠡᠵᠦ ᠪᠠᠶᠢᠯ᠎ᠠ᠃      ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠮᠧᠩ ᠰᠢᠶᠠᠩ ᠤᠰᠤᠨ ᠤ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢ ᠯᠢ ᠵᠧᠨ ᠴᠤᠤ᠄ ︽ᠲᠣᠮᠣ ᠰᠡᠯᠢᠭᠦᠷᠲᠦ ᠵᠢᠭᠠᠰᠤ ᠶᠢ ᠬᠥᠮᠥᠨ ᠤ ᠬᠦᠴᠦ ᠪᠠᠷ ᠪᠠ ᠪᠠᠶᠢᠭᠠᠯᠢ ᠶᠢᠨ ᠬᠤᠶᠠᠷ ᠵᠦᠢᠯ ᠤᠨ ᠠᠷᠭ᠎ᠠ ᠪᠠᠷ ᠦᠷᠡᠵᠢᠭᠦᠯᠦᠨ ᠪᠤᠶᠢᠵᠢᠭᠤᠯᠳᠠᠭ᠂ ᠲᠡᠭᠦᠨ ᠤ ᠥᠨᠳᠡᠭᠡ ᠨᠢ ᠴᠠᠭᠠᠨ ᠥᠩᠭᠡ ᠲᠠᠢ ᠮᠥᠬᠦᠯᠢᠭ ᠬᠡᠯᠪᠡᠷᠢ ᠲᠠᠢ ᠪᠠᠶᠢᠵᠤ᠂ ᠭᠤᠣᠯᠳᠠᠭᠤ ᠤᠰᠤᠨ ᠤ ᠳᠤᠯᠠᠭᠠᠨ ᠪᠠ ᠤᠰᠤᠨ ᠤ ᠤᠷᠤᠰᠬᠠᠯ ᠢ ᠡᠵᠡᠮᠳᠡᠬᠦ ᠪᠠᠷ ᠳᠡᠮᠵᠢᠨ ᠨᠡᠪᠴᠢᠬᠦᠯᠦᠨ᠎ᠡ᠃ ᠨᠡᠪᠴᠢᠭᠡᠳ ᠪᠤᠶᠢᠵᠢᠭᠰᠠᠨ ᠤ ᠳᠠᠷᠠᠭ᠎ᠠ ᠵᠠᠮᠠᠭ ᠪᠣᠯᠣᠨ ᠵᠢᠵᠢᠭ ᠬᠤᠷᠣᠬᠠᠢ ᠵᠡᠷᠭᠡ ᠪᠠᠷ ᠨᠢᠯᠬ᠎ᠠ ᠵᠢᠷᠠᠭᠠᠬᠠᠢ ᠶᠢᠨ ᠥᠰᠦᠯᠲᠡ ᠶᠢᠨ ᠰᠢᠮ᠎ᠡ ᠳᠡᠵᠢᠭᠡᠯᠳᠤ ᠪᠣᠳᠠᠰ ᠪᠣᠯᠭᠠᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠬᠤ ᠪᠠᠷ ᠳᠠᠮᠵᠢᠨ ᠲᠡᠭᠦᠨ ᠤ ᠠᠮᠢᠳᠤᠷᠠᠬᠤ ᠨᠣᠷᠮ᠎ᠠ ᠶᠢ ᠨᠢ ᠳᠡᠭᠡᠭᠰᠢᠯᠡᠭᠦᠯᠳᠡᠭ︾ ᠭᠡᠵᠦ ᠪᠠᠶᠢᠪᠠ᠃      ᠤᠰᠤᠨ ᠤ ᠭᠠᠷᠤᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠳᠤᠯᠠᠭᠠᠨ ᠰᠠᠷᠠᠪᠴᠢ ᠶᠢᠨ ᠡᠷᠭᠢᠯᠲᠡᠲᠦ ᠤᠰᠤᠨ ᠴᠥᠭᠦᠷᠥᠮ ᠢᠶᠠᠷ ᠲᠣᠮᠣ ᠰᠡᠯᠢᠭᠦᠷᠲᠦ ᠵᠢᠭᠠᠰᠤ ᠶᠢ ᠲᠥᠷᠥᠯ ᠬᠤᠪᠢᠶᠠᠨ ᠨᠡᠪᠴᠢᠭᠦᠯᠦᠨ ᠲᠡᠵᠢᠭᠡᠨ ᠦᠷᠡᠵᠢᠭᠦᠯᠬᠦ ᠶᠢᠨ ᠬᠠᠮᠲᠤ ᠲᠣᠮᠣ ᠰᠡᠯᠢᠭᠦᠷᠲᠦ ᠵᠢᠭᠠᠰᠤ ᠶᠢᠨ ᠠᠮᠢᠳᠤ ᠪᠣᠳᠠᠰ ᠤᠨ ᠤᠬᠠᠭᠠᠨ ᠤ ᠣᠨᠴᠠᠯᠢᠭ ᠢ ᠰᠤᠳᠤᠯᠤᠨ ᠪᠠᠶᠢᠴᠠᠭᠠᠬᠤ ᠪᠠ ᠬᠠᠷᠢᠴᠠᠭᠤᠯᠵᠤ᠂ ᠥᠰᠦᠯᠲᠡ ᠶᠢᠨ ᠬᠤᠷᠳᠤᠴᠠ ᠪᠠ ᠡᠭᠦᠯᠳᠡᠷ ᠢ ᠢᠯᠭᠠᠨ ᠲᠣᠳᠣᠯᠠᠵᠤ ᠠᠩᠭᠢᠯᠠᠨ᠂ ᠹᠢᠽᠢᠺ ᠪᠠ ᠬᠢᠮᠢ ᠶᠢᠨ ᠡᠯᠧᠮᠧᠨ᠋ᠲ ᠤᠨ ᠲᠣᠰ ᠵᠢᠭᠠᠰᠤᠨ ᠳᠤ ᠦᠵᠡᠭᠦᠯᠬᠦ ᠨᠥᠯᠥᠭᠡ ᠶᠢ ᠬᠦᠢᠴᠡᠳ ᠰᠤᠳᠤᠯᠵᠤ᠂ ᠬᠡᠭᠡᠷ᠎ᠡ ᠶᠢᠨ ᠵᠢᠭᠠᠰᠤᠨ ᠤ ᠲᠥᠷᠥᠯ ᠤᠨ ᠲᠤᠭ᠎ᠠ ᠬᠡᠮᠵᠢᠶ᠎ᠡ ᠪᠠᠭᠠᠰᠤᠭᠰᠠᠨ ᠤ ᠰᠢᠭᠤᠳ ᠰᠢᠯᠲᠠᠭᠠᠨ ᠢ ᠵᠠᠳᠠᠯᠤᠨ ᠰᠢᠨᠵᠢᠯᠡᠬᠦ ᠪᠠᠷ ᠪᠤᠢ᠃ ᠣᠳᠣᠬᠠᠨ ᠳᠤ ᠲᠣᠮᠣ ᠰᠡᠯᠢᠭᠦᠷᠲᠦ ᠵᠢᠭᠠᠰᠤᠨ ᠳᠤ ᠬᠤᠶᠠᠷ ᠳᠡᠳ᠋ ᠲᠥᠷᠥᠯ ᠪᠠᠶᠢᠬᠤ ᠶᠢ ᠢᠯᠡᠷᠡᠬᠦᠯᠵᠦ᠂ ᠮᠥᠨᠴᠦ ᠡᠳᠡᠭᠡᠷ ᠬᠤᠶᠠᠷ ᠳᠡᠳ᠋ ᠲᠥᠷᠥᠯ ᠤᠨ ᠦᠷᠡᠵᠢᠵᠦ ᠥᠨᠳᠡᠭᠡᠯᠡᠬᠦ ᠪᠠ ᠠᠮᠢᠳᠤᠷᠠᠯ ᠤᠨ ᠵᠠᠩ ᠳᠠᠳᠬᠠᠯ ᠤᠨ ᠲᠤᠬᠠᠢ ᠵᠣᠬᠢᠬᠤ ᠬᠡᠮᠵᠢᠶᠠᠨ ᠤ ᠰᠤᠳᠤᠯᠭᠠᠨ ᠬᠢᠵᠦ ᠪᠠᠶᠢᠨ᠎ᠠ᠃ ᠡᠨᠡᠬᠦ ᠰᠠᠭᠤᠷᠢᠨ ᠭᠠᠵᠠᠷ ᠢ ᠪᠠᠶᠢᠭᠤᠯᠤᠭᠰᠠᠨ ᠨᠢ ᠬᠥᠮᠥᠨ ᠤ ᠬᠦᠴᠦ ᠪᠠᠷ ᠨᠡᠪᠴᠢᠭᠦᠯᠦᠨ ᠠᠮᠢᠳᠤᠷᠠᠭᠤᠯᠬᠤ ᠨᠣᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠰᠣᠪᠨᠠᠭᠤᠷ ᠳᠤ ᠬᠥᠮᠥᠨ ᠤ ᠬᠦᠴᠦ ᠪᠠᠷ ᠶᠡᠭᠡ ᠬᠡᠪᠴᠢᠶ᠎ᠡ ᠪᠠᠷ ᠥᠷᠡᠵᠢᠬᠦᠯᠦᠨ᠂ ᠲᠣᠮᠣ ᠰᠡᠯᠢᠭᠦᠷᠲᠦ ᠵᠢᠭᠠᠰᠤ ᠶᠢᠨ ᠪᠠᠶᠢᠭᠠᠯᠢ ᠶᠢᠨ ᠤᠰᠤᠨ ᠣᠷᠣᠨ ᠤ ᠲᠦᠷᠦᠯ ᠤᠨ ᠰᠦᠷᠦᠭ ᠤᠨ ᠲᠤᠭ᠎ᠠ ᠬᠡᠮᠵᠢᠶ᠎ᠡ ᠶᠢ ᠰᠡᠷᠭᠦᠭᠡᠬᠦ ᠳᠤ ᠠᠰᠢᠭᠲᠠᠢ ᠤᠶᠢᠯᠡᠳᠣᠯ ᠥᠵᠡᠬᠦᠯᠬᠦ ᠪᠣᠯᠣᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号