ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠦ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠴᠠ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠬᠦᠮᠦᠰ ᠪᠠ ᠣᠨᠴᠠ ᠬᠦᠴᠢᠷᠳᠡᠯᠲᠡᠶ ᠬᠥᠮᠦᠰ ᠤᠨ ᠭᠡᠷ ᠪᠦᠯᠢ ᠳᠤ ᠴᠠᠬᠢᠯᠭᠠᠨ ᠤ ᠨᠥᠬᠦᠪᠥᠷᠢ ᠤᠯᠭᠤᠪᠠ
ᠨᠡᠶᠢᠲᠡᠯᠡᠭᠰᠡᠨ ᠴᠠᠭ᠄
2023/5/25
     ᠬᠦᠴᠢᠷᠳᠡᠯᠲᠡᠶ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠶ ᠪᠠᠷ ᠴᠠᠬᠢᠯᠭᠠᠨ ᠬᠡᠷᠡᠭᠯᠡᠭᠦᠯᠬᠦ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ︽ᠠᠷᠠᠳ ᠢᠶᠠᠷ ᠦᠨᠳᠦᠰᠦ ᠪᠣᠯᠭᠠᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ᠂ ᠠᠷᠠᠳ ᠲᠤ ᠦᠢᠯᠡᠴᠢᠯᠡᠬᠦ︾ ᠠᠵᠢᠯ ᠤᠨ ᠣᠨᠣᠯᠵᠢᠬᠤᠨ ᠢ ᠦᠢᠯᠡᠳᠦᠯᠭᠡᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠪᠠ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠨᠥᠬᠦᠴᠡᠯ ᠢ ᠢᠳᠡᠪᠬᠢᠲᠡᠶ ᠪᠠᠷ ᠰᠠᠶᠢᠵᠢᠷᠠᠭᠤᠯᠬᠤ ᠶᠢᠨ ᠲᠤᠰᠠᠳᠠ᠂ ᠣᠶᠢᠷ᠎ᠠ ᠳᠤ᠂ ᠠᠯᠠᠱᠠ ᠠᠶᠢᠮᠠᠭ ᠤᠨ ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠦ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠴᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠵᠢᠱᠢᠶ᠎ᠡ ᠦᠵᠡᠭᠦᠯᠬᠦ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ ᠲᠤ 2023 ᠣᠨ ᠤ ᠨᠢᠭᠡᠳᠦᠭᠡᠷ ᠤᠯᠠᠷᠢᠯ ᠤᠨ ᠴᠠᠬᠢᠯᠭᠠᠨ ᠤ ᠨᠥᠬᠦᠪᠥᠷᠢ ᠮᠥᠩᠭᠦ  ᠶᠢ  ᠣᠯᠭᠤᠪᠠ᠃ ᠲᠣᠰ ᠤᠳᠠᠭᠠᠨ ᠤ ᠴᠠᠬᠢᠯᠭᠠᠨ ᠤ ᠨᠥᠬᠦᠪᠥᠷᠢ ᠮᠦᠩᠬᠦ ᠶᠢᠨ ᠤᠯᠭᠤᠯᠲᠠ ᠳᠤ ᠨᠡᠶᠢᠲᠡ 32 ᠡᠷᠦᠬᠡ 50 ᠬᠥᠮᠦᠨ ᠬᠤᠯᠪᠣᠭᠳᠠᠵᠤ᠂ 597.67 ᠲᠥᠭᠦᠷᠢᠭ ᠤᠨ ᠪᠠᠯᠠ ᠮᠥᠩᠭᠦ ᠲᠠᠷᠬᠠᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号