ᠮᠠᠨ ᠤ ᠤᠷᠤᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠡ ᠬᠤᠶᠠᠷ ᠵᠢᠯ ᠳᠠᠷᠠᠭᠠᠯᠠᠨ 1000 ᠳ᠋ᠦᠩᠰᠢᠭᠤᠷ ᠺᠢᠯᠣᠸᠠᠲ ᠴᠠᠭ ᠢ ᠳᠠᠪᠠᠪᠠ
ᠨᠡᠶᠢᠲᠡᠯᠡᠭᠰᠡᠨ ᠴᠠᠭ᠄
2023/5/29
    ᠮᠠᠨ ᠤ ᠤᠷᠤᠨ ᠡᠬᠢ ᠪᠠᠶᠠᠯᠢᠭ ᠤᠨ ᠳᠠᠪᠠᠭᠤᠯᠢᠭ ᠪᠣᠯᠣᠨ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠵᠦ ᠲᠥᠯᠥ᠋ᠪᠯᠡᠭᠡ ᠪᠠᠨ ᠦᠷᠭᠦᠯᠵᠢᠯᠡᠨ ᠴᠢᠩᠭᠠᠳᠬᠠᠵᠤ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠳᠬᠤᠵᠤ᠂ ᠰᠢᠨ᠎ᠡ ᠡᠨᠧᠷᠭᠢ ᠶᠢᠨ ᠲᠤᠨᠤᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠡ ᠬᠤᠶᠠᠷ ᠵᠢᠯ ᠳᠠᠷᠠᠭᠠᠯᠠᠨ 1000 ᠳ᠋ᠦᠩᠰᠢᠭᠤᠷ ᠺᠢᠯᠣᠸᠠᠲ ᠴᠠᠭ ᠢ ᠳᠠᠪᠠᠪᠠ᠃     ᠤᠶᠢᠯᠠᠭᠠᠭᠰᠠᠨ ᠢᠶᠠᠷ ᠡᠨᠡ ᠵᠢᠯ ᠤᠨ 4 ᠰᠠᠷ᠎ᠠ ᠶᠢᠨ ᠰᠡᠭᠦᠯᠴᠢ ᠪᠤᠯᠳᠠᠯ᠎ᠠ ᠮᠠᠨ ᠤ ᠤᠷᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦ᠋ᠯᠲᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠣᠷ ᠲᠤ ᠨᠡᠶᠢᠯᠡᠭᠦᠯᠦ᠋ᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠡᠶᠢᠳᠡ 6700 ᠲᠦᠮᠡᠨ ᠺᠢᠯᠣᠸᠠᠲ ᠢ ᠳᠠᠪᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠳᠠ ᠶᠢᠨ ᠬᠡᠮᠵᠢᠶ᠎ᠡ ᠬᠤᠶᠠᠷ ᠵᠢᠯ ᠳᠠᠷᠠᠭᠠᠯᠠᠨ 1000 ᠳ᠋ᠦᠩᠰᠢᠭᠤᠷ ᠺᠢᠯᠣᠸᠠᠲ ᠴᠠᠭ ᠢ ᠳᠠᠪᠠᠵᠤ᠂ ᠨᠢᠳᠤᠨᠤᠨ 1335 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ ᠣᠷᠣᠨ ᠤ ᠶᠡᠷᠦᠩᠬᠡᠢ ᠴᠠᠬᠢᠯᠭᠠᠨ ᠭᠠᠷᠭᠠᠯᠳᠠ ᠶᠢᠨ ᠬᠡᠮᠵᠢᠶ᠎ᠡ ᠶᠢᠨ 20.6% ᠶᠢ ᠡᠵᠡᠯᠡᠪᠡ᠃ ᠢᠯᠠᠩᠭᠤᠶ᠎ᠠ ᠡᠨᠡ ᠵᠢᠯ ᠤᠨ ᠲᠦᠷᠦᠬᠦᠤ 4 ᠰᠠᠷ᠎ᠠ ᠳᠤ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 531 ᠲᠦᠮᠡᠨ ᠺᠢᠯᠣᠸᠠᠲ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠰᠢᠨ᠎ᠡ ᠪᠠᠷ ᠨᠡᠮᠡᠭᠳᠡᠭᠰᠡᠨ ᠳᠤᠤᠷ ᠲᠤ ᠨᠡᠶᠢᠯᠡᠭᠦᠯᠦ᠋ᠭᠰᠡᠨ ᠬᠡᠪᠴᠢᠶ᠎ᠡ ᠶᠢᠨ 5 ᠳᠠᠬᠢᠨ ᠪᠣᠯᠵᠠᠢ᠃ ᠡᠬᠦᠨ ᠠᠴᠠ ᠭᠠᠳᠠᠨ᠎ᠠ᠂ ᠬᠥᠬᠡᠬᠤᠲᠠ ᠪᠤᠭᠤᠲᠤ ᠣᠷᠳᠣᠰ ᠲᠤ ᠨᠡᠪᠲᠡᠷᠡᠬᠦ 4 ᠰᠠᠭᠤᠷᠢᠨ ᠢᠶᠠᠷ ᠰᠠᠭᠤᠷᠢ ᠪᠣᠯᠭᠠᠨ᠂ ᠰᠠᠯᠬᠢ ᠬᠡᠷᠡᠯ ᠢ ᠤᠰᠤᠲᠥ᠋ᠷᠥᠭᠵᠢᠭᠦᠯᠤᠨ ᠬᠠᠳᠠᠭᠠᠯᠠᠵᠤ ᠬᠡᠷᠡᠭᠯᠡᠬᠦ 4 ᠠᠵᠤ ᠦᠢᠯᠡᠰ ᠤᠨ ᠬᠡᠯᠬᠢᠶ᠎ᠡ ᠪᠠᠷ ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶᠢᠯᠠᠯ ᠤᠨ ᠣᠷᠣᠯᠴᠠᠯᠭ᠎ᠠ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦ᠋ᠭᠯᠡᠯ ᠪᠣᠯᠣᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠵᠤ᠂ ᠣᠳᠣᠬᠠᠨ ᠳᠤ 500 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠣᠨᠣᠭᠯᠠᠯ ᠢ ᠢᠵᠢ ᠪᠦᠷᠢᠳᠦᠭᠦᠯᠬᠦ ᠴᠢᠳᠠᠪᠦᠷᠢ ᠪᠤᠯᠤᠨ 1000 ᠳᠦᠮᠡᠨ ᠺᠢᠯᠤᠸᠠᠲ ᠤᠨ ᠭᠡᠷᠡᠯᠴᠢ ᠴᠡᠨᠡᠭ ᠤᠨ ᠲᠣᠨᠣᠭᠯᠠᠯ ᠦᠢᠯᠡᠳᠤᠨ ᠬᠠᠩᠭᠠᠬᠤ ᠴᠢᠳᠠᠪᠦᠷᠢ ᠶᠢ ᠨᠢᠭᠡᠨᠳᠡ ᠪᠦᠷᠢᠯᠳᠦᠬᠦᠯᠵᠡᠢ᠂ 50 ᠰᠠᠤᠷᠢ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠶᠢ ᠦᠢᠯᠡᠳᠪᠦᠷᠢᠯᠡᠬᠦ ᠴᠢᠳᠠᠪᠦᠷᠢ ᠶᠢ ᠪᠦᠷᠢᠯᠳᠦᠭᠦᠯᠵᠦ᠂ ᠡᠨᠧᠷᠭᠢ ᠬᠠᠳᠠᠭᠠᠯᠠᠬᠤ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠨᠢ 13 ᠲᠦᠮᠡᠨ ᠺᠢᠯᠣᠸᠠᠲ ᠤᠨ ᠮᠠᠰᠢᠨ ᠴᠤᠭᠴᠠᠯᠠᠪᠤᠷᠢ ᠶᠢᠨ ᠬᠡᠷᠡᠭᠴᠡᠭᠡ ᠶᠢ ᠬᠠᠩᠭᠠᠵᠤ ᠳᠡᠶ᠋ᠢᠯᠬᠦ ᠪᠣᠯᠭᠠᠪᠠ᠃ ᠡᠨᠡ ᠵᠢᠯ ᠠᠴᠠ ᠨᠠᠭᠠᠰᠢ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠢᠳ ᠬᠤᠵᠢᠳ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠠᠵᠢᠯᠯᠠᠭ᠎ᠠ ᠶᠢ 2 ᠤᠳᠠᠭ᠎ᠠ ᠦᠷᠨᠢᠬᠦᠯᠵᠦ᠂ 50 ᠰᠢᠬᠠᠮ ᠠᠵᠤ ᠠᠬᠤᠶᠢᠯᠠᠯ ᠲᠠᠢ ᠪᠡᠯᠡ ᠤᠷᠤᠭᠤᠯᠬᠤ ᠰᠠᠨᠠᠮᠵᠢ ᠶᠢᠨ ᠬᠡᠯᠡᠯᠴᠡᠭᠡᠷ ᠳᠤᠭᠳᠠᠵᠠᠢ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠣᠯᠣᠨ ᠲᠣᠨᠣᠭᠯᠠᠯ ᠦᠢᠯᠡᠳᠬᠦ ᠠᠵᠤ ᠠᠬᠤᠶᠢᠯᠠᠯ ᠳᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ 4 ᠰᠠᠷ᠎ᠠ ᠳᠤ ᠥᠪᠥᠷ ᠮᠣᠩᠭᠤᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠪᠦᠯᠦ᠋ᠭᠵᠢᠯ ᠤᠨ ᠬᠥᠭᠵᠢᠯᠲᠡ ᠶᠢᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠨᠣᠭᠯᠠᠯ ᠦᠢᠯᠡᠳᠬᠦ ᠠᠵᠤ ᠠᠬᠤᠶᠢᠯᠠᠯ ᠢ ᠬᠠᠪᠰᠤᠷᠤᠨ ᠪᠣᠷᠤᠯᠠᠭᠤᠯᠭ᠎ᠠ ᠶᠢᠨ ᠵᠠᠮ ᠰᠦᠪᠡᠭᠴᠢᠯᠡᠨ᠂ ᠵᠠᠬ᠎ᠠ ᠳᠡᠯᠭᠡᠭᠦᠷ ᠢ ᠥᠷᠭᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号