ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ | ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 649 ᠳ᠋ᠦ᠋ᠭᠡᠷ ᠲᠣᠭᠠᠲᠤ | ︶᠂ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ﹀ ᠢ | ᠳᠠᠷᠤᠮᠠᠯᠯᠠᠨ ᠳᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ | ᠲᠠᠷᠬᠠᠭᠠᠭᠰᠠᠨ ︹2020︺ 18 ᠳ᠋ᠤᠭᠠᠷ ᠲᠣᠭᠠᠲᠤ︶᠂ ︽︿ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠠᠷᠠᠳ ᠤᠨ | ᠶᠠᠪᠤᠳᠠᠯ ᠤᠨ ᠶᠠᠮᠤᠨ ᠤ ᠮᠡᠳᠡᠭᠳᠡᠯ︾ ︵ᠠᠷᠠᠳ ᠲᠠᠷᠬᠠᠭᠠᠭᠰᠠᠨ ︹2021︺ 57 ᠳ᠋ᠤᠭᠠᠷ ᠲᠣᠭᠠᠲᠤ︶᠂ ︽ | ᠠᠷᠠᠳ ᠤᠨ ᠶᠠᠪᠤᠳᠠᠯ ᠤᠨ ᠶᠠᠮᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ︵ᠠᠷᠠᠳ ᠲᠠᠷᠬᠠᠭᠠᠭᠰᠠᠨ ︹2022︺ 83 ᠳ᠋ᠤᠭᠠᠷ ᠲᠣᠭᠠᠲᠤ︶ | ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠠᠯᠪᠠᠨ ᠬᠡᠷ︶᠂ ᠲᠣᠰ ᠠᠷᠭ᠎ᠠ ᠶᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠠᠶᠢᠮᠠᠭ ᠤᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠪᠥᠬᠦ ᠠᠶᠢᠮᠠᠭ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠪᠠ ᠬᠠᠮᠢᠶ᠎ᠠ ᠪᠥᠬᠦᠶ | ᠦᠢᠯᠡᠴᠢᠯᠡᠭᠡ ᠶᠢ ᠴᠢᠩᠭᠠᠳᠬᠠᠵᠤ᠂ ᠪᠥᠬᠦ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠵᠢᠯ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠬᠤ ᠬᠡᠷᠡᠭᠲᠡᠶ︔ ᠡᠯ᠎ᠡ ᠬᠤᠰᠢᠭᠤ ︵ ᠣᠷᠣᠨ︶ ᠶᠢᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ | ᠳᠣᠷᠣᠭᠰᠢ ᠪᠠᠭᠤᠯᠭᠠᠭᠰᠠᠨ ᠬᠤᠰᠢᠭᠤ ︵ᠣᠷᠣᠨ︶᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠬᠢᠨᠠᠨ ᠬᠠᠷᠭᠤᠭᠤᠯᠵᠤ ᠨᠤᠲᠠᠯᠠᠬᠤ ᠳᠤ ᠬᠤᠯᠪᠣᠭᠳᠠᠭᠰᠠᠨ ᠵᠦᠢᠯᠡᠰ ᠢ ᠡᠷᠬᠡ ᠮᠡᠳᠡᠯ ᠤᠨ | ᠬᠡᠪᠴᠢᠶ᠎ᠡ ᠶᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠬᠠᠮᠲᠤ ᠳᠤᠨᠢ ᠪᠠᠭᠤᠯᠭᠠᠬᠤ ᠶᠢ | ᠳᠠᠭᠠᠯᠳᠤᠨ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠡᠷᠬᠡ ᠣᠯᠭᠤᠵᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠭᠦᠢᠴᠡᠳᠬᠡᠨ᠎ᠡ᠃ ᠬᠤᠰᠢᠭᠤ | ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠦᠷᠦᠭᠦᠯᠡᠨ ᠬᠢᠨᠠᠨ ᠬᠠᠮᠢᠶᠠᠷᠴᠤ ᠰᠢᠯᠭᠠᠨ | ᠬᠢᠨᠠᠬᠤ ᠠᠷᠭ᠎ᠠ ᠶᠢ ᠲᠣᠭᠲᠠᠭᠠᠵᠤ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠭᠦᠨ ᠤ | ᠬᠠᠮᠲᠤ ᠡᠷᠦᠬᠡ ᠳᠤ ᠣᠷᠣᠵᠤ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠤᠭᠤᠴᠢᠨ ᠪᠠᠶᠢᠴᠠᠭᠠᠬᠤ | ᠨᠣᠷᠮ᠎ᠠ ᠶᠢ 30% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ | ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠲᠣᠭᠲᠠᠭᠠᠬᠤ ᠳᠤ | ᠳᠣᠤᠷᠠᠬᠢ ᠵᠠᠷᠴᠢᠮ ᠢ ᠪᠠᠷᠢᠮᠲᠠᠯᠠᠨ᠎ᠠ᠄ | ︵ᠬᠤᠶᠠᠷ︶ ᠬᠡᠯᠡᠯᠭᠡ ᠶᠢ ᠨᠢᠭᠡᠳᠬᠡᠬᠦ᠂ ᠲᠣᠭᠠᠴᠠᠭ᠎ᠠ ᠶᠢ ᠨᠢᠭᠡᠳᠦᠯᠲᠡᠢ ᠪᠣᠯᠭᠠᠬᠤ ᠵᠠᠷᠴᠢᠮ ᠢ ᠪᠠᠷᠢᠮᠲᠠᠯᠠᠨ᠎ᠠ᠃ | ᠭᠡᠷ ᠪᠦᠯᠢ ᠶᠢᠨ ᠣᠷᠣᠯᠭ᠎ᠠ ᠳᠤ ᠪᠦᠬᠦ ᠠᠶᠢᠮᠠᠭ ᠤᠨ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠠᠷᠭ᠎ᠠ ᠮᠠᠶ᠋ᠢᠭ ᠢᠶᠠᠷ | ᠲᠣᠭᠠᠴᠠᠭ᠎ᠠ ᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠶᠢ | ᠲᠣᠭᠲᠠᠭᠠᠨ᠎ᠠ᠃ | ︵ᠭᠤᠷᠪᠠ︶ ᠠᠪᠤᠷᠠᠨ ᠲᠤᠰᠠᠯᠠᠬᠤ ᠪᠦᠷᠢ ᠵᠠᠪᠠᠯ ᠬᠠᠷᠭᠤᠭᠤᠯᠬᠤ ᠵᠠᠷᠴᠢᠮ ᠢ ᠪᠠᠷᠢᠮᠲᠠᠯᠠᠨ᠎ᠠ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠭᠰᠠᠨ ᠭᠡᠷ ᠪᠦᠯᠢ ᠶᠢ ᠡᠷᠦᠬᠡ ᠳᠤ ᠬᠦᠷᠴᠦ ᠪᠠᠶᠢᠴᠠᠭᠠᠬᠤ | ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠨᠢᠭᠡᠨᠲᠡ ᠬᠦᠷᠲᠡᠭᠰᠡᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠳᠠᠬᠢᠨ ᠬᠢᠨᠠᠬᠤ ᠶᠢ ᠬᠡᠷᠡᠭᠵᠢᠭᠦᠯᠵᠦ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ | ᠪᠤᠴᠠᠭᠠᠬᠤ ᠶᠣᠰᠣᠲᠠᠶ ᠶᠢ ᠨᠢ ᠴᠥᠮ ᠪᠤᠴᠠᠭᠠᠬᠤ︾ ᠶᠢ ᠦᠨᠡᠨ ᠬᠦ ᠪᠠᠲᠤᠯᠠᠵᠤ᠂ ᠠᠷᠠᠳ ᠤᠨ ᠦᠨᠳᠦᠰᠦᠨ | ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠳᠠᠭᠠᠭᠠᠨ ᠪᠠᠲᠤᠯᠠᠬᠤ ᠬᠡᠷᠡᠭᠲᠡᠶ᠃ | ︵ᠲᠦᠷᠪᠡ︶ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃ ᠠᠵᠢᠯ ᠤᠨ ᠳᠡᠰ | ᠳᠠᠷᠠᠭᠠᠯᠠᠯ ᠢ ᠢᠯᠡ ᠪᠣᠯᠭᠠᠵᠤ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠵᠦ᠂ ᠬᠢᠨᠠᠨ | ᠬᠠᠷᠭᠤᠭᠤᠯᠵᠤ ᠨᠤᠲᠠᠯᠠᠬᠤ ᠶᠠᠪᠤᠴᠠ ᠶᠢᠨ ᠢᠯᠡ ᠲᠣᠳᠣ᠂ ᠬᠢᠨᠠᠨ ᠬᠠᠷᠭᠤᠭᠤᠯᠵᠤ ᠨᠤᠲᠠᠯᠠᠭᠰᠠᠨ ᠦᠷ᠎ᠡ ᠳ᠋ᠦᠩ ᠤᠨ | ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠨ᠎ᠠ᠃ | ︵ᠲᠠᠪᠤ︶ ᠪᠠᠷᠢᠮᠵᠢᠶ᠎ᠠ ᠶᠣᠰᠣᠭᠠᠷ ᠪᠠᠲᠤᠯᠠᠭ᠎ᠠ ᠣᠯᠭᠤᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠪᠥᠬᠦ ᠠᠶᠢᠮᠠᠭ ᠤᠨ ᠨᠢᠭᠡᠳᠦᠯᠲᠡᠶ ᠪᠠᠲᠤᠯᠠᠭ᠎ᠠ ᠶᠢᠨ ᠪᠠᠷᠢᠮᠵᠢᠶ᠎ᠠ ᠶᠢ | ᠬᠡᠷᠡᠭᠵᠢᠭᠦᠯᠵᠦ᠂ ᠲᠥᠷᠥᠯ ᠬᠤᠪᠢᠶᠠᠨ ᠪᠠᠲᠤᠯᠠᠬᠤ ᠡᠲᠡᠭᠡᠳ ᠢ ᠵᠦᠶ ᠵᠣᠬᠢᠰᠲᠠᠶ ᠲᠣᠭᠲᠠᠭᠠᠵᠤ᠂ ᠬᠦᠴᠢᠷᠳᠡᠯᠲᠡᠶ | ᠣᠯᠠᠨ ᠲᠦᠮᠡᠨ ᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠵᠥᠷᠢᠶ᠎ᠡ ᠶᠢ ᠨᠥᠬᠦᠪᠥᠷᠢᠯᠡᠵᠦ ᠠᠪᠤᠷᠠᠨ | ᠲᠤᠰᠠᠯᠠᠬᠤ ᠶᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ | ᠃ | ︵ᠵᠢᠷᠭᠤᠭ᠎ᠠ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠵᠠᠷᠴᠢᠮ ᠢ ᠪᠠᠷᠢᠮᠲᠠᠯᠠᠨ᠂ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠬᠤᠲᠠ ᠬᠥᠳᠡᠭᠡ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠢ ᠲᠡᠩᠴᠡᠭᠦᠷᠢᠰᠢᠭᠦᠯᠦᠨ | ᠬᠥᠭᠵᠢᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ | ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠬᠥᠳᠡᠭᠡ ᠶᠢᠨ ᠵᠥᠷᠢᠶ᠎ᠡ᠂ ᠣᠷᠣᠨ ᠪᠦᠰᠡ ᠶᠢᠨ ᠵᠥᠷᠢᠶ᠎ᠡ ᠶᠢ ᠠᠯᠬᠤᠮ | ᠠᠯᠬᠤᠮ ᠢᠶᠠᠷ ᠪᠠᠭᠠᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠪᠣᠯᠤᠨ ᠬᠤᠲᠠ ᠪᠠᠯᠭᠠᠰᠤᠨ ᠤ | ᠰᠠᠭᠤᠭᠠᠯᠢ ᠠᠷᠠᠳ ᠲᠤ ᠠᠳᠠᠯᠢ ᠲᠡᠭᠰᠢ ᠣᠯᠭᠤᠮᠵᠢ ᠬᠦᠷᠲᠡᠭᠡᠬᠦ ᠬᠡᠷᠡᠭᠲᠡᠶ᠃ | ᠬᠤᠶᠠᠳᠤᠭᠠᠷ ᠪᠦᠯᠦᠭ ᠬᠢᠷᠢ ᠭᠡᠮ ᠢ ᠳᠣᠭᠳᠠᠭᠠᠬᠤ ᠨᠥᠬᠦᠴᠡᠯ | ᠳᠥᠷᠪᠡᠳᠦᠭᠡᠷ ᠵᠦᠢᠯ ᠳᠣᠭᠳᠠᠭᠠᠭᠳᠠᠬᠤ ᠡᠲᠡᠭᠡᠳ᠃ ᠠᠯᠠᠱᠠ ᠠᠶᠢᠮᠠᠭ ᠤᠨ ᠡᠷᠦᠬᠡ ᠠᠮᠠ ᠲᠠᠢ ᠮᠥᠷᠲᠡᠭᠡᠨ | ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ | ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠶᠢᠨ ᠬᠠᠮᠲᠤ | ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠳᠤ ᠨᠡᠶᠢᠴᠡᠭᠰᠡᠨ ᠭᠡᠷ ᠪᠦᠯᠢ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ | ᠲᠠᠪᠤᠳᠤᠭᠠᠷ ᠵᠦᠢᠯ ᠭᠤᠶᠤᠴᠢᠯᠠᠭᠴᠢ ᠪᠤᠶᠤ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠳᠤ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠳᠣᠤᠷᠠᠬᠢ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠤᠨ᠎ᠠ᠄ | ︵ᠨᠢᠭᠡ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠠᠩᠰᠠ | ᠪᠠᠶᠢᠭ᠎ᠠ ᠭᠠᠵᠠᠷ ᠨᠢ ᠨᠢᠭᠡ ᠬᠤᠰᠢᠭᠤ ︵ᠣᠷᠣᠨ︶ ᠳᠤ ᠪᠠᠭᠲᠠᠬᠤ ᠦᠭᠡᠶ᠃ ᠡᠭᠦᠨ ᠳᠤ ᠨᠢᠭᠡ ᠡᠷᠦᠬᠡ ᠠᠮᠠ ᠶᠢᠨ | ᠪᠠᠶᠢᠭ᠎ᠠ ᠭᠠᠵᠠᠷ ᠨᠢ ᠪᠠᠶᠢᠩᠭᠤ ᠰᠠᠭᠤᠭ᠎ᠠ ᠭᠠᠵᠠᠷ ᠲᠠᠢ ᠨᠢᠭᠡᠳᠦᠯᠲᠡᠶ ᠭᠡᠷ ᠪᠦᠯᠢ ᠶᠢᠨ ᠪᠦᠷᠢᠯᠳᠦᠬᠦᠨ ᠨᠢ ᠡᠷᠦᠬᠡ | ᠠᠮᠠ ᠶᠢᠨ ᠪᠠᠶᠢᠭ᠎ᠠ ᠭᠠᠵᠠᠷ ᠲᠠᠭᠠᠨ ᠭᠤᠶᠤᠴᠢᠯᠠᠯ ᠳᠤᠷᠠᠳᠬᠤ ᠶᠢᠨ ᠬᠠᠮᠲᠤ ᠭᠤᠶᠤᠴᠢᠯᠠᠭᠰᠠᠨ ᠪᠤᠰᠤ ᠭᠡᠷ ᠪᠦᠯᠢ ᠶᠢᠨ | ᠪᠦᠷᠢᠯᠳᠦᠬᠦᠨ ᠤ ᠰᠠᠭᠤᠭ᠎ᠠ ᠭᠠᠵᠠᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠦᠭᠡᠶ ᠵᠡᠷᠭᠡ ᠪᠤᠰᠤᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠪᠣᠯᠤᠨ᠎ᠠ᠃ | ︵ᠬᠤᠶᠠᠷ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠪᠠᠶᠢᠭ᠎ᠠ ᠭᠠᠵᠠᠷ | ᠬᠢᠭᠡᠳ ᠪᠠᠶᠢᠩᠭᠤ ᠰᠠᠭᠤᠭ᠎ᠠ ᠭᠠᠵᠠᠷ ᠨᠢ ᠴᠥᠮ ᠨᠢᠭᠡ ᠬᠤᠰᠢᠭᠤ ︵ᠣᠷᠣᠨ︶ ᠳᠤ ᠪᠠᠶᠢᠬᠤ ᠦᠭᠡᠢ ᠪᠣᠯ | ᠲᠣᠮᠢᠯᠠᠭᠰᠠᠨ ᠨᠢᠭᠡ ᠭᠡᠷ ᠪᠦᠯᠢ ᠶᠢᠨ ᠪᠦᠷᠢᠯᠳᠦᠬᠦᠨ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ | ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠣᠷᠣᠰᠢᠨ ᠰᠠᠭᠤᠭ᠎ᠠ ᠭᠠᠵᠠᠷ ᠤᠨ ᠬᠢᠵᠦ ᠥᠭᠭᠦᠭᠰᠡᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠦᠭᠡᠶ ᠵᠡᠷᠭᠡ ᠪᠤᠰᠤᠳ ᠭᠡᠷᠡᠴᠢ ᠮᠠᠲ᠋ᠧᠷᠢᠶᠠᠯ ᠢᠶᠠᠨ ᠬᠠᠩᠭᠠᠵᠤ | ᠥᠭᠬᠦ ᠬᠡᠷᠡᠭᠲᠡᠶ᠃ | ︵ᠭᠤᠷᠪᠠ︶ ᠠᠯᠠᠱᠠ ᠠᠶᠢᠮᠠᠭ ᠲᠤ ᠬᠠᠮᠲᠤ ᠠᠮᠢᠳᠤᠷᠠᠵᠤ ᠪᠠᠶᠢᠭ᠎ᠠ ᠪᠣᠯᠪᠠᠴᠤ ᠠᠯᠠᠱᠠ ᠠᠶᠢᠮᠠᠭ ᠤᠨ ᠡᠷᠦᠬᠡ | ᠠᠮᠠ ᠦᠭᠡᠢ ᠬᠡᠷ ᠪᠦᠯᠢ ᠶᠢᠨ ᠪᠦᠷᠢᠯᠳᠦᠬᠦᠨ ᠪᠠᠶᠢᠪᠠᠯ᠂ ᠠᠯᠠᠱᠠ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠬᠡᠷ | ᠪᠦᠯᠢ ᠶᠢᠨ ᠪᠦᠷᠢᠯᠳᠦᠬᠦᠨ ᠭᠤᠶᠤᠴᠢᠯᠠᠯ ᠭᠠᠷᠭᠠᠵᠤ᠂ ᠠᠯᠠᠱᠠ ᠠᠶᠢᠮᠠᠭ ᠤᠨ ᠪᠤᠰᠤ ᠡᠷᠦᠬᠡ ᠠᠮᠠ ᠶᠢᠨ ᠲᠠᠩᠰᠠ ᠲᠠᠢ | ᠬᠡᠷ ᠪᠦᠯᠢ ᠶᠢᠨ ᠪᠦᠷᠢᠯᠳᠦᠬᠦᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠭᠰᠡᠨ ᠥᠬᠡᠶ ᠵᠡᠷᠭᠡ ᠪᠤᠰᠤᠳ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ | ︵ᠲᠦᠷᠪᠡ︶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠭᠡᠷ ᠪᠠᠶᠢᠰᠢᠩ ᠳᠤ ᠨᠡᠭᠦᠵᠦ ᠣᠷᠣᠬᠤ ᠬᠦᠴᠢᠷᠳᠡᠯ ᠲᠠᠢ | ᠡᠲᠡᠭᠡᠳ᠂ ᠨᠥᠬᠦᠴᠡᠯ ᠳᠤ ᠨᠡᠶᠢᠴᠡᠵᠤ ᠦᠷᠭᠦᠯᠵᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠪᠠᠯ᠂ ᠤᠤᠯ ᠤᠨ ᠭᠤᠶᠤᠴᠢᠯᠠᠨ ᠭᠦᠢᠴᠡᠳᠬᠡᠭᠰᠡᠨ ᠭᠠᠵᠠᠷ ᠲᠤ ᠣᠴᠢᠵᠤ ᠦᠷᠭᠦᠯᠵᠢᠯᠡᠨ ᠪᠠᠲᠤᠯᠠᠬᠤ ᠭᠠᠷᠳᠠᠮ | ᠭᠦᠢᠴᠡᠳᠬᠡᠵᠦ ᠪᠣᠯᠤᠨ᠎ᠠ᠃ ᠨᠢᠭᠡᠨᠲᠡ ᠵᠣᠭᠰᠣᠭᠠᠭᠠᠳ ᠳᠠᠬᠢᠨ ᠭᠤᠶᠤᠴᠢᠯᠠᠬᠤ ᠴᠢᠬᠤᠯᠠᠲᠠᠶ ᠪᠣᠯ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠵᠠᠷᠴᠢᠮ ᠶᠣᠰᠣᠭᠠᠷ ᠪᠣᠳᠠᠲᠠᠶ ᠰᠠᠭᠤᠭ᠎ᠠ ᠭᠠᠵᠠᠷ ᠲᠤ ᠬᠦᠷᠴᠦ ᠳᠠᠭᠢᠵᠤ ᠭᠤᠶᠤᠴᠢᠯᠠᠨ | ᠬᠦᠢᠴᠡᠳᠭᠡᠬᠦ ᠬᠡᠷᠡᠭᠲᠡᠶ᠃ | ︵ᠲᠠᠪᠤ︶ ᠡᠷᠦᠬᠡ ᠠᠮᠠ ᠨᠢ ᠳᠣᠤᠷᠠᠬᠢ ᠣᠨᠴᠣᠭᠤᠶ ᠰᠢᠯᠲᠠᠭᠠᠨ ᠠᠴᠠ ᠪᠣᠯᠣᠭᠠᠳ ᠨᠡᠭᠦᠯᠭᠡᠨ ᠬᠡᠷᠡᠭᠯᠡᠬᠦ ᠶᠢᠨ | ᠠᠷᠭ᠎ᠠ ᠦᠭᠡᠶ ᠪᠣᠯ ᠡᠷᠦᠬᠡ ᠶᠢᠨ ᠡᠵᠡᠨ ᠪᠤᠶᠤ ᠲᠡᠭᠦᠨ ᠤ ᠭᠤᠤᠯ ᠪᠣᠯᠬᠤ ᠭᠡᠷ ᠪᠦᠯᠢ ᠶᠢᠨ ᠪᠦᠷᠢᠯᠳᠦᠬᠦᠨ ᠤ ᠡᠷᠦᠬᠡ | ᠠᠮᠠ ᠶᠢᠨ ᠪᠠᠶᠢᠭ᠎ᠠ ᠭᠠᠵᠠᠷ ᠲᠤ ᠭᠤᠶᠤᠴᠢᠯᠠᠯ ᠭᠠᠷᠭᠠᠵᠤ ᠪᠣᠯᠤᠨ᠎ᠠ᠃ | 1. ᠬᠤᠲᠠ ᠶᠢᠨ ᠨᠤᠷᠠᠭᠠᠵᠤ ᠨᠡᠭᠦᠯᠭᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠰᠢᠨᠡᠳᠬᠡᠬᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠴᠠ ᠪᠣᠯᠣᠭᠠᠳ ᠬᠥᠮᠦᠨ ᠪᠠ | ᠡᠷᠦᠬᠡ ᠶᠢ ᠰᠠᠯᠭᠠᠵᠤ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠰᠢᠨ᠎ᠡ ᠰᠠᠭᠤᠭ᠎ᠠ ᠭᠠᠵᠠᠷ ᠲᠤ ᠨᠡᠭᠦᠯᠭᠡᠨ | ᠣᠷᠣᠭᠤᠯᠣᠭᠠᠳᠣᠢ᠃ | 2. ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠨᠢ ᠴᠥᠮ ᠪᠤᠰᠤᠳ ᠬᠥᠮᠦᠰ ᠤᠨ ᠡᠷᠦᠬᠡ ᠠᠮᠠ ᠶᠢᠨ | ᠲᠠᠩᠰᠠ ᠳᠤ ᠲᠦᠰᠢᠭᠯᠡᠭᠰᠡᠨ ᠪᠥᠭᠡᠳ ᠡᠷᠦᠬᠡ ᠠᠮᠠ ᠶᠢᠨ ᠪᠠᠶᠢᠭ᠎ᠠ ᠭᠠᠵᠠᠷ ᠤᠨ ᠬᠡᠷ ᠪᠠᠶᠢᠰᠢᠩ ᠢ ᠥᠭᠡᠷᠡᠴᠢᠯᠡᠨ | ᠪᠠᠶᠢᠭᠤᠯᠤᠭᠰᠠᠨ ᠪᠤᠶᠤ ᠨᠤᠷᠠᠭᠠᠵᠤ ᠨᠡᠭᠦᠯᠭᠡᠭᠰᠡᠨ ᠵᠡᠷᠭᠡ ᠰᠢᠯᠲᠠᠭᠠᠨ ᠠᠴᠠ ᠪᠣᠯᠵᠣ ᠨᠢᠭᠡᠨᠲᠡ ᠪᠠᠶᠢᠬᠤ ᠥᠬᠡᠶ | ᠪᠣᠯᠣᠭᠰᠠᠨ᠃ | 3. ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ | ᠪᠠᠶᠢᠳᠠᠯ᠃ | ︵ᠵᠢᠷᠭᠤᠭ᠎ᠠ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠬᠤᠲᠠ | ᠪᠠᠯᠭᠠᠰᠤᠨ ᠤ ᠡᠷᠦᠬᠡ ᠠᠮᠠ ᠶᠢᠨ ᠳᠠᠩᠰᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ | ᠳᠠᠩᠰᠠ ᠲᠠᠢ ᠮᠥᠷᠲᠡᠭᠡᠨ ᠡᠷᠦᠬᠡ ᠠᠮᠠ ᠰᠢᠯᠵᠢᠭᠦᠯᠬᠦ ᠨᠥᠬᠦᠴᠡᠯ ᠢ ᠪᠦᠷᠢᠯᠳᠦᠭᠦᠯᠦᠭᠡᠳᠦᠶ ᠪᠣᠯ ᠭᠤᠶᠤᠴᠢᠯᠠᠭᠴᠢ ᠶᠢᠨ | ᠤᠷᠲᠤ ᠬᠤᠭᠤᠴᠠᠭᠠᠨ ᠤ ᠣᠷᠣᠰᠢᠨ ᠰᠠᠭᠤᠭ᠎ᠠ ᠭᠠᠵᠠᠷ ᠢᠶᠠᠷ ᠨᠢ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠪᠤᠶᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠤᠶᠤᠴᠢᠯᠠᠬᠤ ᠬᠡᠷᠡᠭᠲᠡᠶ᠃ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠬᠤᠰᠢᠭᠤᠨ ︵ᠣᠷᠣᠨ︶ | ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠬᠤᠲᠠ ᠪᠠᠯᠭᠠᠰᠤ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ ᠬᠤᠲᠠ ᠬᠥᠳᠡᠭᠡ ᠶᠢᠨ ᠪᠤᠰᠤ ᠨᠢᠭᠡ | ᠴᠣᠭᠴᠠᠵᠢᠭᠰᠠᠨ ᠬᠤᠰᠢᠭᠤ ᠵᠠᠷᠴᠢᠮ ᠳᠡᠭᠡᠷ᠎ᠡ ᠪᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ | ᠳᠠᠩᠰᠠ ᠲᠠᠢ ᠰᠠᠭᠤᠭᠠᠯᠢ ᠠᠷᠠᠳ ᠤᠷᠲᠤ ᠬᠤᠭᠤᠴᠠᠭ᠎ᠠ ᠪᠠᠷ ᠬᠤᠲᠠ ᠪᠠᠯᠭᠠᠰᠤᠨ ᠳᠤ ᠰᠠᠭᠤᠵᠤ ᠪᠠᠶᠢᠬᠤ ᠮᠥᠷᠲᠡᠭᠡᠨ | ᠦᠢᠯᠡᠳᠪᠦᠷᠢᠯᠡᠯ ᠤᠨ ᠬᠡᠷᠡᠭᠰᠡᠯ ᠦᠭᠡᠶ ᠪᠣᠯ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ | ︵ᠳᠣᠯᠤᠭ᠎ᠠ︶ ᠠᠯᠠᠱᠠ ᠠᠶᠢᠮᠠᠭ ᠤᠨ ᠡᠷᠦᠬᠡ ᠠᠮᠠ ᠲᠠᠢ ᠰᠠᠭᠤᠭᠠᠯᠢ ᠠᠷᠠᠳ ᠣᠷᠣᠰᠢᠨ ᠰᠠᠭᠤᠭ᠎ᠠ | ᠭᠠᠵᠠᠷ ᠲᠠᠭᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠣᠨ᠎ᠠ᠂ ᠲᠡᠳᠡᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠨᠤᠲᠠᠯᠠᠬᠤ᠂ ᠪᠡᠯᠡ ᠮᠥᠩᠭᠦ ᠣᠯᠭᠤᠬᠤ ᠵᠡᠷᠭᠡ ᠠᠵᠢᠯ ᠢ | ᠡᠷᠦᠬᠡ ᠠᠮᠠ ᠶᠢᠨ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠭᠡᠷ︶ ᠠᠴᠠ ᠬᠠᠷᠢᠭᠤᠴᠠᠵᠤ᠂ ᠬᠤᠰᠢᠭᠤ ︵ ᠣᠷᠣᠨ︶ ᠶᠢᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠦᠯᠢᠶᠡᠨ ᠠᠪᠴᠤ ᠰᠢᠢᠳᠪᠦᠷᠢᠯᠡᠨ | ᠂ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠵᠢᠷᠭᠤᠳᠤᠭᠠᠷ ᠵᠦᠢᠯ ᠬᠠᠮᠲᠤ ᠠᠮᠢᠳᠣᠷᠠᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠡᠷ ᠲᠤ᠄ | ︵ᠨᠢᠭᠡ︶ ᠬᠠᠨᠢ ᠨᠥᠬᠦᠷ︔ | ︵ᠬᠤᠶᠠᠷ︶ ᠨᠠᠰᠤᠨ ᠳᠤ ᠬᠦᠷᠦᠭᠡᠳᠦᠢ ᠬᠡᠦᠬᠡᠳ︔ | ︵ᠭᠤᠷᠪᠠ︶ ᠨᠠᠰᠤᠨ ᠳᠤ ᠬᠦᠷᠦᠭᠰᠡᠨ ᠪᠣᠯᠪᠠᠴᠤ ᠲᠤᠰᠠᠭᠠᠷ ᠠᠮᠢᠳᠤᠷᠠᠵᠤ ᠳᠡᠶᠢᠯᠬᠦ ᠦᠭᠡᠢ ᠦᠷ᠎ᠡ ᠬᠡᠦᠬᠡᠳ᠂ | ᠡᠭᠦᠨ ᠳᠤ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ | ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠦᠷ᠎ᠡ ᠬᠡᠦᠬᠡᠳ ᠪᠠᠭᠲᠠᠨ᠎ᠠ︔ | | ︵ᠲᠦᠷᠪᠡ︶ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ ᠡᠭᠦᠷᠭᠡ ᠲᠠᠢ ᠪᠥᠭᠡᠳ ᠤᠷᠲᠤ | ᠬᠤᠭᠤᠴᠠᠭ᠎ᠠ ᠪᠠᠷ ᠬᠠᠮᠲᠤ ᠰᠠᠭᠤᠵᠦ ᠪᠠᠶᠢᠭ᠎ᠠ ᠪᠤᠰᠤᠳ ᠬᠦᠮᠦᠰ᠃ | ᠳᠣᠣᠷᠠᠬᠢ ᠬᠥᠮᠥᠰ ᠢ ᠬᠠᠮᠳᠣ ᠠᠮᠢᠳᠣᠷᠠᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠳᠤ ᠪᠣᠳᠣᠵᠤ | ᠣᠷᠣᠭᠤᠯᠬᠤ ᠦᠭᠡᠢ᠄ | ︵ᠨᠢᠭᠡ︶ ᠦᠷᠭᠦᠯᠵᠢᠯᠡᠨ 3 ᠵᠢᠯ ᠠᠴᠠ ᠳᠡᠭᠡᠭᠰᠢ ︵3 ᠵᠢᠯ ᠢ ᠪᠠᠭᠲᠠᠭᠠᠨ᠎ᠠ︶ ᠭᠡᠷ ᠪᠦᠯᠢ ᠠᠴᠠ ᠰᠠᠯᠵᠤ | ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠠᠵᠢᠯᠲᠠᠨ︔ | ︵ᠬᠤᠶᠠᠷ︶ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ᠂ ᠬᠤᠣᠷ᠎ᠠ ᠲᠠᠲᠠᠬᠤ ᠶᠢ ᠵᠣᠭᠰᠣᠭᠠᠬᠤ ᠭᠠᠵᠠᠷ ᠲᠤ | ᠠᠯᠪᠠᠳᠠᠯᠭ᠎ᠠ ᠪᠠᠷ ᠬᠤᠣᠷ᠎ᠠ ᠳᠠᠳᠠᠬᠤ ᠶᠢ ᠵᠣᠭᠰᠣᠭᠠᠯᠭᠠᠵᠦ ᠪᠠᠶᠢᠭ᠎ᠠ ᠬᠥᠮᠦᠰ︔ | ︵ᠭᠤᠷᠪᠠ︶ ᠠᠯᠪᠠ ᠬᠠᠭᠠᠵᠤ ᠪᠠᠶᠢᠭ᠎ᠠ ᠠᠯᠪᠠᠨ ᠴᠡᠷᠢᠭ ︵ᠬᠤᠶᠠᠷ ᠵᠢᠯ ᠤᠨ ᠠᠯᠪᠠᠨ ᠵᠢᠷᠤᠮ ᠤᠨ ᠴᠡᠷᠢᠭ ᠢ | ᠵᠢᠭᠠᠵᠤ ᠪᠠᠶᠢᠨ᠎ᠠ︶ ︔ | ︵ᠲᠦᠷᠪᠡ︶ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠦᠮᠦᠰ︔ | ︵ᠳᠠᠪᠤ︶ ᠬᠤᠰᠢᠭᠤ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠤᠰ ᠵᠦᠢᠯ ᠤᠨ ᠵᠠᠷᠴᠢᠮ ᠪᠠ | ᠬᠤᠯᠪᠣᠭᠳᠠᠯ ᠪᠦᠬᠦᠢ ᠳᠡᠰ ᠳᠠᠷᠠᠭᠠᠯᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠪᠤᠰᠤᠳ ᠬᠦᠮᠦᠰ᠃ | ᠳᠣᠯᠣᠳᠤᠭᠠᠷ ᠵᠦᠢᠯ ᠳᠣᠤᠷᠠᠬᠢ ᠪᠠᠶᠢᠳᠠᠯ ᠤᠨ ᠨᠢᠭᠡ ᠳᠤᠨᠢ ᠨᠡᠶᠢᠴᠡᠬᠦ ᠬᠥᠮᠦᠰ ᠲᠤᠰᠠᠭᠠᠷ ᠭᠤᠶᠣᠴᠢᠯᠠᠵᠦ | ᠪᠣᠯᠤᠨ᠎ᠠ᠄ | ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠳᠠᠬᠢ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ | ᠲᠠᠰ ᠤᠨ ᠬᠦᠨᠳᠦ ᠵᠡᠮᠳᠡᠭᠴᠦᠳ ᠪᠣᠯᠤᠨ ᠭᠤᠷᠪᠠᠳᠤᠭᠠᠷ ᠲᠠᠰ ᠤᠨ ᠣᠶᠤᠨ ᠤ ᠵᠡᠮᠳᠡᠭ᠂ ᠭᠤᠷᠪᠠᠳᠤᠭᠠᠷ ᠲᠠᠰ ᠤᠨ | ᠣᠶᠤᠨ ᠤ ᠵᠡᠮᠳᠡᠭ ᠬᠦᠮᠦᠰ︔ | ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠳᠣᠲᠣᠷ᠎ᠠ | ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ ᠬᠥᠮᠦᠰ︔ | ︵ᠭᠤᠷᠪᠠ︶ ᠭᠡᠷ ᠪᠦᠯᠢ ᠠᠴᠠ ᠰᠠᠯᠵᠤ᠂ ᠱᠠᠰᠢᠨ ᠰᠤᠷᠳᠠᠬᠤᠨ ᠤ ᠲᠠᠯᠠᠪᠤᠷ ᠲᠤ 3 ᠵᠢᠯ ᠠᠴᠠ ᠲᠡᠭᠡᠭᠰᠢ | ᠰᠠᠭᠤᠵᠤ ᠪᠠᠶᠢᠭ᠎ᠠ ᠠᠮᠢᠳᠤᠷᠠᠯ ᠨᠢ ᠬᠦᠴᠢᠷᠲᠡᠢ ᠱᠠᠰᠢᠨ ᠤ ᠠᠵᠢᠯᠲᠠᠨ᠃ | ︵ᠲᠦᠷᠪᠡ︶ ᠨᠠᠰᠤᠨ ᠳᠤ ᠬᠦᠷᠦᠭᠰᠡᠨ ᠬᠦᠨᠳᠦ ᠵᠡᠮᠳᠡᠭᠴᠦᠳ︔ | ︵ᠳᠠᠪᠤ︶ ᠬᠤᠰᠢᠭᠤ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ | ᠣᠨᠴᠣᠭᠤᠶ ᠬᠦᠴᠢᠷᠳᠡᠯᠲᠡᠶ ᠬᠥᠮᠦᠰ︔ | ︵ᠵᠢᠷᠭᠤᠭ᠎ᠠ︶ ︽ᠭᠠᠭᠴᠠ ᠬᠥᠮᠦᠨ ᠤ ᠡᠷᠦᠬᠡ︾ ᠶᠢᠨ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠳᠤ ᠣᠷᠣᠭᠤᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠪᠠᠲᠤᠯᠠᠭ᠎ᠠ ᠶᠢᠨ ᠪᠠᠷᠢᠮᠵᠢᠶ᠎ᠠ ᠶᠣᠰᠣᠭᠠᠷ ᠪᠥᠬᠦ | ᠲᠣᠭᠠᠨ ᠤ ᠪᠠᠲᠤᠯᠠᠭ᠎ᠠ ᠬᠠᠩᠭᠠᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠨᠢ ᠡᠩ ᠤᠨ ᠪᠠᠶᠢᠳᠠᠯ ᠳᠣᠤᠷ᠎ᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ᠂ ᠭᠡᠷ ᠪᠦᠯᠢ ᠶᠢᠨ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠠᠯᠠᠱᠠ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ 2 ᠳᠠᠬᠢᠨ ᠠᠴᠠ ᠳᠣᠤᠷ᠎ᠠ ᠪᠠᠶᠢᠬᠤ ᠮᠥᠷᠲᠡᠭᠡᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠦᠬᠦᠢ | ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠤᠶ᠃ | ᠭᠤᠷᠪᠠᠳᠤᠭᠠᠷ ᠪᠦᠯᠦᠭ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ | ᠨᠠᠢᠮᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠭᠡᠷ ᠪᠦᠯᠢ ᠪᠠᠷ | ᠨᠢᠭᠡᠴᠡ ᠪᠣᠯᠭᠠᠵᠤ᠂ ᠭᠤᠶᠤᠴᠢᠯᠠᠭᠰᠠᠨ ᠭᠡᠷ ᠪᠦᠯᠢ ᠪᠠᠷ ᠠᠯᠠᠱᠠ ᠠᠶᠢᠮᠠᠭ ᠤᠨ ᠪᠠᠶᠢᠩᠭᠤ ᠰᠠᠭᠤᠭ᠎ᠠ ᠡᠷᠦᠬᠡ | ᠠᠮᠠ ᠲᠠᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠨᠢᠭᠡᠨ ᠪᠦᠷᠢᠯᠳᠦᠬᠦᠨ ᠢ ᠭᠤᠶᠤᠴᠢᠯᠠᠭᠴᠢ ᠪᠣᠯᠭᠠᠬᠤ ᠪᠠᠷ | ᠲᠣᠭᠲᠠᠭᠠᠵᠤ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠬᠤᠶᠠᠷ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠭᠡᠷ︶ ᠳᠤ ᠭᠤᠶᠤᠴᠢᠯᠠᠯ ᠭᠠᠷᠭᠠᠵᠤ ᠪᠣᠯᠤᠨ᠎ᠠ᠃ | ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢᠶᠠᠷ ᠭᠤᠶᠤᠴᠢᠯᠠᠬᠤ ᠳᠤ ᠬᠦᠴᠢᠷᠳᠡᠯ ᠲᠠᠢ ᠪᠣᠯ᠂ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠪᠤᠰᠤᠳ ᠬᠥᠮᠦᠨ ᠳᠤ ᠨᠠᠶᠢᠳᠠᠵᠤ ᠣᠷᠣᠯᠠᠨ ᠭᠤᠶᠤᠴᠢᠯᠠᠯ | ᠭᠠᠷᠭᠠᠵᠤ ᠪᠣᠯᠤᠨ᠎ᠠ᠃ ᠨᠠᠶᠢᠳᠠᠬᠤ ᠡᠷᠭᠦᠳᠡᠯ ᠭᠠᠷᠭᠠᠬᠤ ᠳᠤ ᠵᠣᠬᠢᠬᠤ ᠨᠠᠶᠢᠳᠠᠯᠭ᠎ᠠ ᠶᠢᠨ ᠪᠢᠴᠢᠭ ᠪᠠᠷᠢᠮᠲᠠ ᠪᠠᠶᠢᠬᠤ | ᠬᠡᠷᠡᠭᠲᠡᠢ᠃ | ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠨᠢ ᠠᠵᠢᠯ ᠤᠨ ᠳᠤᠮᠳᠠ ᠨᠥᠬᠦᠴᠡᠯ ᠳᠤ ᠨᠡᠶᠢᠴᠡᠭᠰᠡᠨ ᠬᠦᠴᠢᠷᠳᠡᠯᠲᠡᠶ ᠭᠡᠷ ᠪᠦᠯᠢ ᠶᠢ ᠣᠯᠵᠤ ᠮᠡᠳᠡᠪᠡᠯ᠂ ᠭᠡᠬᠦ ᠳᠡᠭᠡᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠦᠭᠡᠶ ᠪᠣᠯ᠂ ᠲᠡᠳᠡᠨ ᠤ ᠬᠠᠮᠲᠤᠪᠠᠷ ᠠᠮᠢᠳᠤᠷᠠᠵᠤ | ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠠᠮᠢᠶ᠎ᠠ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠶ᠃ | ᠶᠢᠰᠦᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠤ᠂ ᠬᠠᠮᠲᠤᠪᠠᠷ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠳᠣᠤᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠶ᠄ | ︵ᠨᠢᠭᠡ︶ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠤᠶᠤᠴᠢᠯᠠᠬᠤ ᠮᠠᠲ᠋ᠧᠷᠢᠶᠠᠯ ᠢ ᠲᠤᠰᠢᠶᠠᠨ᠎ᠠ᠄ | 1. ᠭᠡᠷ ᠪᠦᠯᠢ ᠶᠢᠨ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠃ | 2. ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠤᠨ ᠲᠣᠳᠣᠷᠬᠠᠶᠢᠯᠠᠯᠲᠠ᠂ ᠬᠡᠷ ᠪᠦᠯᠢ ᠶᠢᠨ ᠪᠦᠷᠢᠯᠳᠦᠬᠦᠨ ᠤ ᠪᠣᠶ | ᠪᠥᠬᠦᠶ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠪᠠᠶᠢᠳᠠᠯ ᠤᠨ ᠲᠣᠳᠣᠷᠬᠠᠶᠢᠯᠠᠯᠲᠠ᠂ ᠡᠯ᠎ᠡ ᠵᠦᠢᠯ ᠤᠨ ᠨᠡᠶᠢᠭᠡᠮ ᠤᠨ | ᠪᠠᠲᠤᠯᠠᠭ᠎ᠠ ᠶᠢᠨ ᠪᠠᠶᠢᠳᠠᠯ ᠤᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ᠃ | 3. ᠬᠦᠮᠦᠨ ᠪᠠ ᠡᠷᠦᠬᠡ ᠶᠢ ᠰᠠᠯᠭᠠᠬᠤ ᠭᠡᠷ ᠪᠦᠯᠢ ᠨᠢ ᠣᠳᠣ ᠶᠢᠨ ᠭᠡᠷ ᠪᠦᠯᠢ ᠶᠢᠨ ᠪᠦᠷᠢᠯᠳᠦᠬᠦᠨ ᠤ ᠰᠠᠭᠤᠭ᠎ᠠ | ᠭᠠᠵᠠᠷ ᠤᠨ ᠪᠠᠶᠢᠳᠠᠯ ᠤᠨ ᠲᠣᠳᠣᠷᠬᠠᠶᠢᠯᠠᠯᠲᠠ ᠶᠢ ᠬᠠᠩᠭᠠᠬᠤ ᠬᠡᠷᠡᠭᠲᠡᠢ᠃ | 4. ᠳᠤᠮᠳᠠ ᠵᠡᠷᠭᠡ ᠶᠢᠨ ᠲᠤᠰᠬᠠᠢ ᠮᠡᠷᠭᠡᠵᠢᠯ᠂ ᠶᠡᠭᠡ ᠰᠤᠷᠭᠠᠭᠤᠯᠢ ᠳᠤ ᠪᠠᠶᠢᠭ᠎ᠠ ᠰᠤᠷᠤᠭᠴᠢ ᠡᠯᠰᠡᠬᠦ | ᠮᠡᠳᠡᠭᠳᠡᠯ ᠤᠨ ᠪᠢᠴᠢᠭ ᠪᠤᠶᠤ ᠰᠤᠷᠭᠠᠭᠤᠯᠢ ᠳᠤ ᠪᠠᠶᠢᠬᠤ ᠦᠨᠡᠮᠯᠡᠯ ᠤᠨ ᠮᠠᠲ᠋ᠧᠷᠢᠶᠠᠯ᠂ ᠰᠤᠷᠭᠠᠨ ᠬᠥᠮᠦᠵᠢᠯ ᠤᠨ | ᠵᠠᠷᠤᠯᠭ᠎ᠠ ᠶᠢᠨ ᠭᠡᠷᠡᠴᠢ ᠪᠠᠷᠢᠮᠲᠠ ᠪᠠ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠢ᠃ | 5. ᠵᠡᠮᠳᠡᠭᠴᠦᠳ ᠬᠦᠴᠦᠨ ᠪᠦᠬᠦᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ | ᠦᠨᠡᠮᠯᠡᠯ ᠢ ᠬᠠᠩᠭᠠᠬᠤ ᠬᠡᠷᠡᠭᠲᠡᠶ᠃ | 6. ᠤᠵᠢᠭ ᠡᠪᠡᠳᠴᠢᠲᠡᠶ ᠬᠥᠮᠦᠰ ᠣᠨᠴᠣᠭᠤᠢ ᠡᠪᠡᠳᠴᠢᠨ ᠤ ᠲᠥᠷᠥᠯ ᠤᠨ ᠡᠭᠦᠳᠡᠨ ᠡᠮᠨᠡᠯᠭᠡ ᠶᠢᠨ | ᠡᠮᠴᠢᠯᠡᠭᠡᠨ ᠤ ᠦᠨᠡᠮᠯᠡᠯ ᠪᠤᠶᠤ ᠪᠤᠰᠤᠳ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠃ | 7. ᠬᠦᠨᠳᠦ ᠶᠡᠭᠡ ᠡᠪᠡᠳᠴᠢᠨ ᠲᠠᠢ ᠬᠥᠮᠥᠰ ᠲᠤ ᠣᠨᠣᠰᠢᠯᠠᠭᠰᠠᠨ ᠪᠢᠴᠢᠭ ᠪᠤᠶᠤ ᠡᠮᠨᠡᠯᠭᠡ ᠠᠴᠠ ᠭᠠᠷᠤᠭᠰᠠᠨ | ᠭᠡᠷᠡᠴᠢ᠂ ᠡᠮᠴᠢᠯᠡᠭᠡᠨ ᠤ ᠵᠠᠷᠤᠳᠠᠯ ᠤᠨ ᠭᠡᠷᠡᠴᠢ ᠪᠠ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠢ᠃ | 8᠂ ᠪᠤᠰᠤᠳ ᠬᠠᠩᠭᠠᠬᠤ ᠴᠢᠬᠤᠯᠠᠳᠠᠢ ᠮᠠᠲ᠋ᠧᠷᠢᠶᠠᠯ᠃ | ︵ᠬᠤᠶᠠᠷ︶ ᠡᠯ᠎ᠡ ᠬᠤᠰᠢᠭᠤ ︵ᠣᠷᠣᠨ︶ ᠶᠢ ᠵᠣᠷᠢᠭᠵᠢᠭᠤᠯᠣᠨ ᠭᠤᠶᠤᠴᠢᠯᠠᠬᠤ ᠭᠤᠭᠴᠤᠭ᠎ᠠ ᠳᠠᠬᠢ | ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠭᠤᠶᠤᠴᠢᠯᠠᠭᠴᠢ ᠱᠠᠭᠠᠷᠳᠠᠯᠭ᠎ᠠ | ᠶᠣᠰᠣᠭᠠᠷ ᠵᠡᠮᠳᠡᠭᠴᠦᠳ ᠤᠨ ᠪᠠᠶᠢᠳᠠᠯ ᠤᠨ ᠲᠣᠳᠣᠷᠬᠠᠶᠢᠯᠠᠯᠲᠠ᠂ ᠬᠡᠷ ᠪᠦᠯᠢ ᠶᠢᠨ ᠣᠷᠣᠯᠭ᠎ᠠ ᠶᠢᠨ ᠭᠡᠷᠡᠴᠢ᠂ ᠬᠡᠷ | ᠪᠦᠯᠢ ᠶᠢᠨ ᠡᠳ᠋ ᠬᠥᠷᠥᠩᠭᠡ ᠶᠢᠨ ᠭᠡᠷᠡᠴᠢ ᠨᠢ ᠦᠨᠡᠨ ᠪᠣᠳᠠᠲᠠᠶ ᠪᠥᠭᠡᠳ ᠬᠦᠴᠦᠨ ᠲᠠᠢ᠂ ᠮᠡᠳᠡᠭᠳᠡᠬᠦ ᠬᠠᠮᠢᠶ᠎ᠠ ᠪᠥᠬᠦᠶ | ᠱᠠᠭᠠᠷᠳᠠᠯᠭ᠎ᠠ ᠳᠤ ᠨᠡᠶᠢᠴᠡᠵᠦ ᠪᠠᠶᠢᠪᠠᠯ᠂ ᠬᠤᠯᠪᠣᠭᠳᠠᠯ ᠪᠥᠬᠦᠶ ᠭᠡᠷᠡᠴᠢ ᠶᠢ ᠳᠠᠭᠢᠵᠤ ᠠᠪᠬᠤ ᠥᠬᠡᠶ ᠪᠠᠶᠢᠵᠤ ᠪᠣᠯᠤᠨ᠎ᠠ | ᠃ | ︵ᠭᠤᠷᠪᠠ︶ ᠠᠮᠠᠯᠠᠯᠲᠠ ᠶᠢᠨ ᠬᠠᠩᠭᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ᠃ | | ︵ᠲᠦᠷᠪᠡ︶ ᠡᠷᠬᠡ ᠣᠯᠭᠤᠬᠤ ᠭᠠᠷ ᠭᠦᠢᠴᠡᠳᠬᠡᠯ ᠢ ᠭᠦᠢᠴᠡᠳᠬᠡᠵᠦ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠲᠡᠭᠦᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠶᠢ ᠵᠥᠪᠰᠢᠶᠡᠷᠡᠨ᠎ᠡ︔ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠬᠤᠭᠤᠴᠠᠭᠠᠨ ᠳᠤ ᠡᠳᠦᠷ ᠲᠤᠳᠤᠮ ᠤᠨ | ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠬᠦᠯᠢᠶᠡᠨ᠎ᠡ᠃ | ︵ᠲᠠᠪᠤ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠶᠢ ᠥᠷᠨᠢᠭᠦᠯᠬᠦ ᠳᠤ ᠢᠳᠡᠪᠬᠢᠲᠡᠢ | ᠬᠠᠮᠵᠢᠯᠴᠠᠨ᠎ᠠ᠃ | ︵ᠵᠢᠷᠭᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠠᠵᠢᠯ ᠠᠯᠳᠠᠭᠰᠠᠨ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠲᠠᠢ ᠨᠢ ᠠᠵᠢᠯ ᠣᠯᠭᠤᠬᠤ ᠰᠠᠯᠠᠭ᠎ᠠ | ᠮᠥᠴᠢᠷ ᠤᠨ ᠵᠣᠬᠢᠶᠠᠨ ᠪᠠᠶᠢᠭᠤᠯᠤᠭᠰᠠᠨ ᠠᠵᠢᠯ ᠣᠯᠭᠤᠬᠤ ᠪᠣᠯᠪᠠᠰᠤᠷᠠᠭᠤᠯᠤᠯ ᠳᠤ ᠣᠷᠣᠯᠴᠠᠬᠤ ᠶᠢᠨ ᠬᠠᠮᠲᠤ | ᠢᠳᠡᠪᠬᠢᠲᠡᠶ ᠪᠠᠷ ᠠᠵᠢᠯ ᠣᠯᠵᠤ᠂ ᠬᠥᠳᠡᠯᠮᠦᠷᠢᠯᠡᠬᠦ ᠴᠢᠳᠠᠪᠤᠷᠢ ᠲᠠᠢ ᠨᠢ ᠨᠡᠶᠢᠭᠡᠮ ᠲᠣᠭᠤᠷᠢᠭ ᠤᠨ ᠵᠣᠬᠢᠶᠠᠨ | ᠪᠠᠶᠢᠭᠤᠯᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ ᠬᠠᠮᠲᠤᠷᠠᠭᠰᠠᠨ ᠰᠡᠷᠭᠡᠶᠢᠯᠡᠯᠲᠡ | ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯᠯᠠᠭ᠎ᠠ ᠳᠤ ᠣᠷᠣᠯᠴᠠᠬᠤ ᠬᠡᠷᠡᠭᠲᠡᠶ᠃ | ︵ᠳᠤᠯᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠨᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠡᠭᠦᠷᠭᠡ ᠪᠠᠨ ᠢᠳᠡᠪᠬᠢᠲᠡᠶ ᠭᠦᠢᠴᠡᠳᠬᠡᠬᠦ ᠬᠡᠷᠡᠭᠲᠡᠶ᠃ | | ᠠᠷᠪᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠲᠤᠰᠢᠶᠠᠭᠰᠠᠨ ᠮᠠᠲ᠋ᠧᠷᠢᠶᠠᠯ ᠳᠤ | ᠬᠢᠨᠠᠨ ᠪᠠᠶᠢᠴᠠᠭᠠᠯᠲᠠ ᠬᠢᠵᠦ᠂ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠪᠡᠯ᠂ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠮᠠᠲ᠋ᠧᠷᠢᠶᠠᠯ ᠨᠢ ᠪᠦᠷᠢᠨ ᠭᠦᠢᠴᠡᠳ ᠦᠭᠡᠶ ᠪᠣᠯ᠂ ᠪᠤᠶ | ᠪᠦᠬᠦᠢ ᠲᠣᠭᠲᠠᠭᠠᠭᠰᠠᠨ ᠮᠠᠲ᠋ᠧᠷᠢᠶᠠᠯ ᠢ ᠨᠥᠬᠦᠵᠦ ᠭᠦᠢᠴᠡᠭᠡᠬᠦ ᠬᠡᠷᠡᠭᠲᠡᠶ᠃ ᠤᠯᠤᠰ ᠪᠤᠶᠤ ᠣᠷᠣᠨ ᠨᠤᠲᠤᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠣᠯᠤᠭᠰᠠᠨ ᠬᠠᠮᠢᠶ᠎ᠠ ᠪᠥᠬᠦᠶ | ᠮᠠᠲ᠋ᠧᠷᠢᠶᠠᠯ ᠢ ᠲᠤᠰᠢᠶᠠᠬᠤ ᠥᠬᠡᠶ ᠪᠠᠶᠢᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠭᠤᠶᠤᠴᠢᠯᠠᠯ ᠳᠤ᠂ ᠭᠤᠶᠤᠴᠢᠯᠠᠭᠴᠢ ᠬᠢᠭᠡᠳ ᠲᠡᠭᠦᠨ ᠤ ᠬᠠᠮᠲᠤ ᠠᠮᠢᠳᠤᠷᠠᠵᠤ | ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠠᠷᠲᠠᠨ | ᠭᠦᠢᠴᠡᠳᠬᠡᠬᠦ ᠠᠵᠢᠯᠲᠠᠨ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ | ᠵᠥᠪᠯᠡᠯ ᠤᠨ ᠪᠦᠷᠢᠯᠳᠦᠬᠦᠨ ᠨᠢ ᠣᠶᠢᠷ᠎ᠠ ᠲᠥᠷᠥᠯ ᠰᠠᠳᠤᠨ ᠤ ᠬᠠᠷᠢᠴᠠᠭ᠎ᠠ ᠲᠠᠢ ᠪᠣᠯ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠭᠡᠷ︶ ᠲᠤᠰᠠᠭᠠᠷ ᠪᠦᠷᠢᠳᠬᠡᠨ ᠳᠠᠩᠰᠠᠯᠠᠬᠤ ᠬᠡᠷᠡᠭᠲᠡᠶ᠃ | ᠳᠥᠷᠪᠡᠳᠦᠭᠡᠷ ᠪᠦᠯᠦᠭ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ | ᠠᠷᠪᠠᠨ ᠬᠤᠶᠠᠳᠤᠭᠠᠷ ᠵᠦᠢᠯ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠭᠡᠳᠡᠭ ᠨᠢ ᠬᠠᠮᠲᠤᠪᠠᠷ ᠠᠮᠢᠳᠤᠷᠠᠵᠤ | ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠪᠠᠶᠢᠭ᠎ᠠ ᠪᠦᠬᠦ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ | ᠬᠥᠷᠥᠩᠭᠡ ᠶᠢ ᠵᠢᠭᠠᠵᠤ ᠪᠤᠶ᠃ | ᠠᠷᠪᠠᠨ ᠭᠤᠷᠪᠠᠳᠤᠭᠠᠷ ᠵᠦᠢᠯ ᠭᠡᠷ ᠪᠦᠯᠢ ᠶᠢᠨ ᠣᠷᠣᠯᠭ᠎ᠠ ᠭᠡᠳᠡᠭ ᠨᠢ ᠬᠠᠮᠲᠤ ᠳᠠᠭᠠᠨ ᠠᠮᠢᠳᠤᠷᠠᠵᠤ ᠪᠠᠶᠢᠭ᠎ᠠ ᠭᠡᠷ | ᠪᠦᠯᠢ ᠶᠢᠨ ᠪᠦᠷᠢᠯᠳᠦᠬᠦᠨ ᠤ ᠲᠣᠭᠲᠠᠭᠰᠠᠨ ᠬᠤᠭᠤᠴᠠᠭᠠᠨ ᠳᠣᠲᠣᠷ᠎ᠠ ᠣᠯᠤᠭᠰᠠᠨ ᠪᠦᠬᠦ ᠪᠡᠯᠡᠨ ᠵᠣᠭᠤᠰ ᠵᠢᠴᠢ | ᠪᠣᠳᠠᠲᠤ ᠶᠠᠭᠤᠮ᠎ᠠ ᠶᠢᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠭᠤᠤᠯᠳᠠᠭᠤ᠄ | ︵ᠨᠢᠭᠡ︶ ᠴᠠᠯᠢᠩ ᠤᠨ ᠴᠢᠨᠠᠷᠳᠠᠢ ᠣᠷᠤᠯᠭ᠎ᠠ᠃ ᠴᠠᠯᠢᠩ ᠤᠨ ᠴᠢᠨᠠᠷᠲᠠᠶ ᠣᠷᠣᠯᠭ᠎ᠠ ᠭᠡᠳᠡᠭ ᠨᠢ ᠠᠵᠢᠯ | ᠣᠯᠤᠭᠰᠠᠳ ᠤᠨ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠤᠭᠰᠠᠨ ᠪᠦᠬᠦ ᠬᠥᠳᠡᠯᠮᠦᠷᠢ ᠶᠢᠨ ᠬᠥᠯᠥᠰᠥ | ᠣᠯᠭᠤᠮᠵᠢ ᠪᠣᠯᠤᠨ ᠡᠯ᠎ᠡ ᠵᠦᠢᠯ ᠤᠨ ᠠᠰᠠᠷᠠᠮᠵᠢ ᠶᠢ ᠵᠢᠭᠠᠵᠤ ᠪᠠᠶᠢᠬᠤ ᠶᠢᠨ ᠬᠠᠮᠲᠤ ᠴᠢᠬᠤᠯᠠ ᠪᠦᠬᠦᠢ ᠠᠵᠢᠯ ᠣᠯᠬᠤ | ᠥᠪᠡᠷ ᠤᠨ ᠥᠷᠲᠡᠭ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃ | ︵ᠬᠤᠶᠠᠷ︶ ᠡᠵᠡᠩᠨᠡᠯᠳᠡ ᠶᠢᠨ ᠴᠡᠪᠡᠷ ᠣᠷᠤᠯᠭ᠎ᠠ᠃ ᠡᠵᠡᠩᠨᠡᠯᠲᠡ ᠶᠢᠨ ᠴᠡᠪᠡᠷ ᠣᠷᠣᠯᠭ᠎ᠠ ᠨᠢ ᠦᠢᠯᠡᠳᠪᠦᠷᠢᠯᠡᠯ | ᠡᠵᠡᠩᠨᠡᠯᠲᠡ ᠵᠢᠴᠢ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠬᠢᠵᠦ ᠣᠯᠤᠭᠰᠠᠨ ᠪᠦᠬᠦ ᠡᠵᠡᠩᠨᠡᠯᠲᠡ ᠶᠢᠨ | ᠣᠷᠣᠯᠭ᠎ᠠ ᠠᠴᠠ ᠡᠵᠡᠩᠨᠡᠯᠲᠡ ᠶᠢᠨ ᠵᠠᠷᠤᠳᠠᠯ᠂ ᠦᠢᠯᠡᠳᠪᠦᠷᠢᠯᠡᠯ ᠤᠨ ᠴᠢᠨᠠᠷᠲᠠᠶ ᠲᠣᠭᠲᠠᠮᠠᠯ ᠬᠥᠷᠥᠩᠭᠡ ᠶᠢᠨ ᠡᠯᠡᠭᠳᠡᠯ | ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠪᠤᠶ ᠪᠣᠯᠤᠭᠰᠠᠨ ᠬᠠᠮᠢᠶ᠎ᠠ ᠪᠦᠬᠦᠢ ᠭᠠᠶᠢᠯᠢ ᠰᠦᠢᠳᠬᠡᠯ ᠢ | ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠲᠠᠷᠢᠬᠤ᠂ ᠲᠡᠵᠢᠭᠡᠨ ᠦᠷᠡᠵᠢᠭᠦᠯᠬᠦ᠂ | ᠴᠤᠭᠯᠠᠭᠤᠯᠬᠤ ᠪᠠ ᠡᠳ᠋ᠰᠢᠭᠦᠯᠬᠦ ᠵᠡᠷᠭᠡ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ | ᠠᠬᠤᠢ ᠶᠢᠨ ᠦᠢᠯᠡᠳᠪᠦᠷᠢᠯᠡᠯ ᠤᠨ ᠣᠷᠣᠯᠭ᠎ᠠ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠠᠷᠠᠯᠵᠢᠶ᠎ᠠ ᠶᠢᠨ ᠦᠢᠯᠡᠰ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠥᠵᠢᠯ᠂ ᠡᠷᠡᠭᠦᠯ | ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠡᠵᠡᠩᠨᠡᠯᠲᠡ ᠪᠠ ᠲᠥᠯᠥᠪᠦᠷᠢ ᠲᠠᠢ | ᠦᠢᠯᠡᠴᠢᠯᠡᠭᠡᠨ ᠤ ᠠᠵᠢᠯᠯᠠᠭ᠎ᠠ ᠡᠷᠬᠢᠯᠡᠭᠰᠡᠨ ᠣᠷᠣᠯᠭ᠎ᠠ ᠵᠡᠷᠭᠡ ᠪᠠᠭᠲᠠᠨ᠎ᠠ᠃ | ︵ᠭᠤᠷᠪᠠ︶ ᠡᠳ᠋ ᠬᠥᠷᠥᠩᠭᠡ ᠶᠢᠨ ᠴᠡᠪᠡᠷ ᠣᠷᠣᠯᠭ᠎ᠠ᠃ ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ ᠬᠥᠳᠡᠯᠬᠦ | ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠵᠢᠭᠠᠵᠤ ᠭᠠᠷᠭᠠᠭᠠᠳ᠂ ᠡᠰᠡᠬᠦᠯ᠎ᠡ ᠬᠥᠳᠡᠯᠬᠦ ᠬᠥᠷᠥᠩᠭᠡ ᠪᠠ ᠥᠯᠥ | ᠬᠥᠳᠡᠯᠬᠦ ᠬᠥᠷᠥᠩᠭᠡ ᠶᠢ ᠪᠤᠰᠤᠳ ᠪᠠᠶᠢᠭᠤᠯᠤᠮᠵᠢ᠂ ᠨᠢᠬᠡᠴᠡ ᠪᠤᠶᠤ ᠬᠤᠪᠢ ᠬᠥᠮᠦᠨ ᠳᠤ ᠲᠤᠰᠢᠶᠠᠨ | ᠬᠡᠷᠡᠭᠯᠡᠭᠦᠯᠬᠦ ᠶᠢᠨ ᠬᠠᠮᠲᠤ ᠬᠠᠮᠢᠶ᠎ᠠ ᠪᠥᠬᠦᠶ ᠵᠠᠷᠤᠳᠠᠯ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ᠂ ᠡᠭᠦᠨ ᠳᠤ | ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠶ | ᠳᠠᠭᠠᠳᠬᠠᠯ ᠤᠨ ᠪᠠᠯᠠ ᠣᠷᠣᠭᠤᠯᠤᠯᠲᠠ᠂ ᠪᠤᠰᠤᠳ ᠰᠲ᠋ᠣᠺ ᠤᠨ ᠬᠦᠦ ᠮᠥᠩᠭᠦ ᠪᠠ ᠠᠰᠢᠭ ᠣᠯᠵᠠᠪᠤᠷᠢ ᠵᠡᠷᠭᠡ | ᠣᠷᠣᠯᠭ᠎ᠠ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠠᠰᠢᠭ ᠬᠤᠪᠢᠶᠠᠷᠢᠯᠠᠯᠲᠠ ᠪᠠ ᠪᠤᠰᠤᠳ ᠬᠥᠳᠡᠯᠬᠦ | ᠬᠥᠷᠥᠩᠭᠡ ᠶᠢᠨ ᠣᠷᠣᠯᠭ᠎ᠠ ᠵᠢᠴᠢ ᠭᠠᠵᠠᠷ ᠰᠢᠷᠣᠶ ᠶᠢ ᠰᠢᠯᠵᠢᠭᠦᠯᠦᠨ ᠲᠦᠷᠢᠶᠡᠰᠦᠯᠡᠭᠦᠯᠵᠦ ᠳᠠᠭᠠᠭᠠᠴᠢᠯᠠᠭᠤᠯᠬᠤ᠂ ᠬᠡᠷ | ᠬᠥᠷᠥᠩᠭᠡ ᠶᠢ ᠲᠦᠷᠢᠶᠡᠰᠦᠯᠡᠭᠦᠯᠬᠦ ᠪᠤᠶᠤ ᠰᠢᠯᠵᠢᠭᠦᠯᠬᠦ ᠵᠢᠴᠢ ᠥᠯᠥ ᠬᠥᠳᠡᠯᠬᠦ ᠬᠥᠷᠥᠩᠭᠡ ᠶᠢᠨ ᠪᠤᠰᠤᠳ ᠣᠷᠣᠯᠭ᠎ᠠ | ᠵᠡᠷᠭᠡ ᠪᠠᠭᠲᠠᠨ᠎ᠠ᠃ | ︵ᠳᠥᠷᠪᠡ︶ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ᠃ ᠰᠢᠯᠵᠢᠯᠳᠡ ᠶᠢᠨ ᠴᠢᠨᠠᠷᠳᠠᠢ ᠴᠡᠪᠡᠷ | ᠣᠷᠣᠯᠭ᠎ᠠ ᠶᠢᠨ ᠭᠡᠨᠡᠳᠳᠡ ᠶᠢᠨ ᠴᠢᠨᠠᠷᠳᠠᠢ ᠵᠠᠷᠤᠯᠭ᠎ᠠ ᠶᠢ ᠬᠠᠰᠤᠵᠤ ᠰᠢᠯᠵᠢᠭᠦᠯᠦᠭᠰᠡᠨ ᠤ ᠳᠠᠷᠠᠭᠠᠬᠢ ᠣᠷᠤᠯᠭ᠎ᠠ ᠶᠢ | ᠬᠡᠯᠡᠨ᠎ᠡ᠃ ᠡᠭᠦᠨ ᠳᠤ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯ ᠤᠯᠤᠰ᠂ ᠪᠠᠶᠢᠭᠤᠯᠣᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠠᠭᠤᠭᠠᠯᠢ ᠠᠷᠠᠳ ᠤᠨ ᠡᠯ᠎ᠡ | ᠵᠦᠢᠯ ᠤᠨ ᠪᠠᠶᠢᠩᠭᠤ ᠶᠢᠨ ᠴᠢᠨᠠᠷᠲᠠᠢ ᠰᠢᠯᠵᠢᠭᠦᠯᠦᠨ ᠥᠭᠬᠦ ᠪᠠ ᠰᠠᠭᠤᠭᠠᠯᠢ ᠠᠷᠠᠳ ᠤᠨ ᠬᠤᠭᠤᠷᠣᠨᠳᠣᠬᠢ | ᠪᠠᠶᠢᠩᠭᠤ ᠶᠢᠨ ᠴᠢᠨᠠᠷᠲᠠᠢ ᠣᠷᠣᠯᠭ᠎ᠠ ᠶᠢᠨ ᠰᠢᠯᠵᠢᠯᠲᠡ ᠶᠢ ᠵᠢᠭᠠᠵᠤ ᠪᠠᠶᠢᠨ᠎ᠠ᠂ ᠡᠭᠦᠨ ᠳᠤ ᠠᠰᠠᠷᠠᠨ ᠲᠡᠵᠢᠭᠡᠬᠦ | ᠵᠠᠷᠤᠳᠠᠯ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ | ᠨᠦᠭᠴᠢᠭᠰᠡᠳ ᠤᠨ ᠭᠡᠷ ᠪᠦᠯᠢ ᠶᠢᠨ ᠨᠥᠬᠦᠪᠥᠷᠢ ᠮᠥᠩᠭᠦ᠂ ᠲᠥᠯᠥᠪᠦᠷᠢ ᠶᠢᠨ ᠣᠷᠣᠯᠭ᠎ᠠ᠂ ᠬᠦᠯᠢᠶᠡᠨ ᠠᠪᠬᠤ | ᠣᠷᠣᠯᠭ᠎ᠠ ᠵᠡᠷᠭᠡ ᠪᠠᠭᠲᠠᠨ᠎ᠠ︔ ᠰᠢᠯᠵᠢᠭᠦᠯᠬᠦ ᠴᠢᠨᠠᠷᠲᠠᠢ ᠵᠠᠷᠤᠯᠭ᠎ᠠ ᠨᠢ ᠰᠠᠭᠤᠭᠠᠯᠢ ᠠᠷᠠᠳ ᠤᠨ ᠤᠯᠤᠰ᠂ ᠠᠵᠤ | ᠠᠬᠤᠢᠯᠠᠯ ᠠᠵᠢᠯ ᠦᠢᠯᠡᠰ ᠤᠨ ᠨᠢᠭᠡᠴᠡ᠂ ᠨᠡᠢᠭᠡᠮ ᠤᠨ ᠵᠣᠬᠢᠶᠠᠨ ᠪᠠᠢᠭᠤᠯᠤᠯᠲᠠ᠂ ᠰᠠᠭᠤᠭᠠᠯᠢ ᠠᠷᠠᠳ ᠲᠤ | ᠪᠠᠢᠩᠭᠤ ᠶᠢᠨ ᠴᠢᠨᠠᠷᠲᠠᠢ ᠰᠢᠯᠵᠢᠭᠦᠯᠬᠦ ᠵᠠᠷᠤᠯᠭ᠎ᠠ ᠶᠢ ᠵᠢᠭᠠᠵᠤ ᠪᠠᠶᠢᠨ᠎ᠠ᠂ ᠡᠭᠦᠨ ᠳᠤ ᠲᠤᠰᠢᠶᠠᠬᠤ ᠭᠠᠶᠢᠯᠢ ᠶᠢᠨ | ᠵᠣᠭᠤᠰ᠂ ᠨᠡᠶᠢᠭᠡᠮ ᠤᠨ ᠡᠯ᠎ᠡ ᠵᠦᠢᠯ ᠤᠨ ᠪᠠᠲᠤᠯᠠᠭ᠎ᠠ ᠶᠢᠨ ᠵᠠᠷᠤᠯᠭ᠎ᠠ᠂ ᠠᠰᠠᠷᠠᠨ ᠲᠡᠵᠢᠭᠡᠬᠦ ᠵᠠᠷᠤᠯᠭ᠎ᠠ ᠵᠢᠴᠢ | ᠪᠠᠢᠩᠭᠤ ᠶᠢᠨ ᠴᠢᠨᠠᠷᠲᠠᠢ ᠰᠢᠯᠵᠢᠭᠦᠯᠬᠦ ᠪᠤᠰᠤᠳ ᠵᠠᠷᠤᠯᠭ᠎ᠠ ᠵᠡᠷᠭᠡ ᠶᠢ ᠪᠠᠭᠲᠠᠭᠠᠨ᠎ᠠ᠃ | ᠪᠣᠳᠠᠲᠤ ᠶᠠᠭᠤᠮ᠎ᠠ ᠶᠢᠨ ᠣᠷᠣᠯᠭ᠎ᠠ ᠶᠢ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ | ᠂ ᠦᠨᠡᠯᠡᠨ ᠵᠢᠱᠢᠭᠰᠡᠨ ᠥᠷᠲᠡᠭ ᠪᠤᠶᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠨᠢᠭᠡ ᠲᠣᠭᠲᠠᠭᠰᠠᠨ | ᠬᠠᠷᠢᠴᠠᠯ ᠢᠶᠠᠷ ᠨᠤᠭᠤᠯᠤᠨ ᠪᠣᠳᠣᠵᠤ ᠭᠡᠷ ᠪᠦᠯᠢ ᠶᠢᠨ ᠣᠷᠣᠯᠭ᠎ᠠ ᠳᠤ ᠪᠣᠳᠣᠨ ᠣᠷᠣᠭᠤᠯᠤᠨ᠎ᠠ᠃ | ︵ᠲᠠᠪᠤ︶ ᠪᠤᠰᠤᠳ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠡᠷ | ᠪᠦᠯᠢ ᠶᠢᠨ ᠣᠷᠣᠯᠭ᠎ᠠ ᠶᠢᠨ ᠲᠥᠷᠥᠯ ᠵᠦᠢᠯ ᠢ ᠪᠣᠳᠣᠵᠤ ᠣᠷᠣᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠭᠡᠷ ᠪᠦᠯᠢ ᠶᠢᠨ ᠣᠷᠣᠯᠭ᠎ᠠ ᠶᠢ ᠭᠤᠶᠤᠴᠢᠯᠠᠭᠰᠠᠨ ᠭᠡᠷ ᠪᠦᠯᠢ ᠶᠢᠨ ᠪᠣᠳᠠᠲᠤ | ᠪᠠᠶᠢᠳᠠᠯ ᠢᠶᠠᠷ ᠪᠠᠷᠢᠮᠵᠢᠶ᠎ᠠ ᠪᠣᠯᠭᠠᠵᠤ᠂ ᠪᠣᠳᠠᠲᠠᠶ ᠣᠷᠣᠯᠭ᠎ᠠ ᠣᠯᠬᠤ ᠶᠢᠨ ᠠᠷᠭ᠎ᠠ ᠦᠭᠡᠶ ᠪᠣᠯ ᠬᠥᠳᠡᠯᠮᠦᠷᠢ | ᠬᠦᠴᠦᠨ ᠤ ᠢᠯᠡᠳᠬᠡᠮᠵᠢ ᠶᠢᠨ ᠠᠷᠭ᠎ᠠ ᠪᠠᠷ ᠭᠡᠷ ᠪᠦᠯᠢ ᠶᠢᠨ ᠣᠷᠣᠯᠭ᠎ᠠ ᠶᠢ ᠪᠣᠳᠣᠨ᠎ᠠ᠃ | ︵ᠨᠢᠭᠡ︶ ᠴᠠᠯᠢᠩ ᠤᠨ ᠴᠢᠨᠠᠷᠲᠠᠢ ᠤᠷᠤᠯᠭ᠎ᠠ ᠶᠢ ᠮᠠᠭᠠᠳᠯᠠᠬᠤ | 1. ᠨᠢᠭᠡᠴᠡ ᠶᠢᠨ ᠠᠵᠢᠯᠯᠠᠵᠤ ᠪᠠᠶᠢᠭ᠎ᠠ ᠬᠥᠮᠦᠰ ᠤᠨ ᠪᠣᠳᠠᠲᠠᠶ ᠠᠪᠤᠭᠰᠠᠨ ᠴᠠᠯᠢᠩ ᠬᠥᠯᠥᠰᠥ ᠶᠢ | ᠨᠢᠭᠡᠴᠡ ᠠᠴᠠ ᠨᠢ ᠬᠠᠮᠢᠶ᠎ᠠ ᠪᠦᠬᠦᠢ ᠣᠷᠣᠯᠭ᠎ᠠ ᠶᠢᠨ ᠮᠠᠲ᠋ᠧᠷᠢᠶᠠᠯ ᠪᠤᠶᠤ ᠲᠤᠰ ᠬᠥᠮᠦᠨ ᠨᠢ ᠴᠠᠯᠢᠩ ᠣᠯᠭᠤᠬᠤ | ᠪᠠᠩᠬᠢ ᠶᠢᠨ 3 ᠰᠠᠷ᠎ᠠ ᠣᠷᠴᠢᠮ ᠤᠨ ᠴᠠᠯᠢᠩ ᠤᠨ ᠨᠠᠷᠢᠨ ᠳᠠᠩᠰᠠ ᠶᠢ ᠬᠠᠩᠭᠠᠨ᠎ᠠ᠃ | 2. ᠠᠶᠢᠮᠠᠭ ᠤᠨ ᠳᠤᠳᠤᠷᠠᠬᠢ ᠳᠤᠭᠲᠠᠮᠠᠯ ᠠᠵᠢᠯᠯᠠᠬᠤ ᠭᠠᠵᠠᠷ ᠦᠭᠡᠢ ᠬᠦᠮᠦᠨ ᠤ ᠰᠠᠷ᠎ᠠ ᠶᠢᠨ ᠤᠷᠤᠯᠭ᠎ᠠ ᠶᠢ | ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠪᠠᠷ ᠪᠤᠳᠤᠨ᠎ᠠ᠂ ᠡᠷᠦᠭᠡ ᠳᠤ ᠤᠷᠤᠵᠤ ᠪᠠᠶᠢᠴᠠᠭᠠᠯᠭᠠᠬᠤ᠂ ᠵᠡᠷᠭᠡᠯᠡᠳᠡᠭᠡ | ᠠᠶᠢᠯ ᠢᠶᠠᠷ ᠰᠤᠷᠪᠤᠯᠵᠢᠯᠠᠬᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠢᠶᠠᠷ ᠰᠤᠷᠪᠤᠯᠵᠢᠯᠠᠨ ᠬᠠᠷᠭᠤᠭᠤᠯᠵᠦ | ᠤᠷᠤᠯᠭ᠎ᠠ ᠶᠢᠨ ᠪᠠᠶᠢᠳᠠᠯ ᠢ ᠪᠤᠳᠠᠳᠤ ᠪᠠᠶᠢᠳᠠᠯ ᠢ ᠦᠨᠳᠦᠰᠦᠯᠡᠨ ᠪᠤᠳᠤᠳᠠᠭ᠃ ᠭᠠᠳᠠᠭᠰᠢ ᠭᠠᠷᠴᠤ ᠬᠦᠴᠦ | ᠶᠠᠪᠤᠭᠰᠠᠳ ᠣᠷᠣᠯᠭ᠎ᠠ ᠶᠢᠨ ᠭᠡᠷᠡᠴᠢ ᠮᠠᠲ᠋ᠧᠷᠢᠶᠠᠯ ᠬᠠᠩᠭᠠᠬᠤ ᠦᠭᠡᠶ ᠪᠥᠭᠡᠳ ᠣᠷᠣᠯᠭ᠎ᠠ ᠶᠢ ᠨᠢ ᠬᠢᠨᠠᠨ | ᠬᠠᠷᠭᠤᠭᠤᠯᠬᠤ ᠶᠢᠨ ᠠᠷᠭ᠎ᠠ ᠦᠭᠡᠶ ᠪᠣᠯ᠂ 6 ᠰᠠᠷ᠎ᠠ — 10 ᠰᠠᠷ᠎ᠠ ᠶᠢᠨ ᠠᠵᠢᠯᠯᠠᠭᠰᠠᠨ ᠴᠠᠭ ᠢᠶᠠᠷ ᠣᠨ ᠤ | ᠬᠦᠴᠦ ᠶᠠᠪᠤᠭᠰᠠᠳ ᠤᠨ ᠣᠷᠣᠯᠭ᠎ᠠ ᠶᠢ ᠪᠣᠳᠣᠵᠤ᠂ ᠲᠤᠰ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠢ | ᠦᠨᠳᠦᠰᠦᠯᠡᠨ᠂ ᠭᠡᠷ ᠤᠨ ᠭᠠᠳᠠᠨ᠎ᠠ ᠬᠥᠳᠡᠯᠮᠦᠷᠢ ᠬᠢᠬᠦ ᠪᠦᠲᠦᠮᠵᠢᠲᠡᠶ ᠴᠠᠭ ᠬᠤᠭᠤᠴᠠᠭ᠎ᠠ ᠶᠢ ᠪᠣᠳᠣᠬᠤ ᠬᠡᠷᠡᠭᠲᠡᠶ᠃ | ᠪᠤᠳᠤᠬᠤ ᠲᠣᠮᠢᠶ᠎ᠠ ᠨᠢ ᠳᠣᠤᠷᠠᠬᠢ ᠮᠡᠲᠦ᠄ | ᠠᠶᠢᠮᠠᠭ ᠤᠨ ᠳᠣᠲᠣᠷᠠᠬᠢ ᠬᠥᠯᠥᠰᠥᠨ ᠠᠵᠢᠯ ᠬᠢᠭᠰᠡᠳ ᠤᠨ ᠬᠤᠪᠢ ᠬᠥᠮᠦᠨ ᠤ ᠵᠢᠯ ᠤᠨ ᠣᠷᠣᠯᠭ᠎ᠠ = ᠬᠤᠪᠢ | ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠲᠦᠷᠦᠭᠦᠤ ᠵᠢᠯ ᠤᠨ ᠠᠯᠠᠱᠠ ᠠᠶᠢᠮᠠᠭ ᠤᠨ ᠬᠠᠮᠤᠭ ᠤᠨ | ᠳᠣᠤᠷ᠎ᠠ ᠴᠠᠯᠢᠩ ᠤᠨ ᠪᠠᠷᠢᠮᠵᠢᠶ᠎ᠠ × ᠪᠣᠳᠠᠲᠠᠶ ᠬᠥᠯᠥᠰᠥᠨ ᠠᠵᠢᠯ ᠬᠢᠭᠰᠡᠨ ᠰᠠᠷ᠎ᠠ ᠶᠢᠨ ᠲᠤᠭ᠎ᠠ ᠪᠣᠯᠤᠨ᠎ᠠ᠃ | ᠭᠠᠳᠠᠭᠰᠢ ᠭᠠᠷᠴᠤ ᠬᠦᠴᠦ ᠶᠠᠪᠤᠭᠰᠠᠳ ᠤᠨ ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ | ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠬᠥᠯᠥᠰᠥᠨ ᠠᠵᠢᠯ ᠬᠢᠵᠦ ᠪᠠᠶᠢᠭ᠎ᠠ ᠭᠠᠵᠠᠷ ᠣᠷᠣᠨ ᠤ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 6 ᠰᠠᠷ᠎ᠠ— 10 ᠰᠠᠷ᠎ᠠ ︵ᠪᠣᠳᠠᠲᠠᠶ ᠠᠵᠢᠯ ᠬᠢᠵᠦ ᠪᠠᠶᠢᠭ᠎ᠠ | ᠴᠠᠭ ᠢᠶᠠᠷ ᠲᠣᠭᠲᠠᠭᠠᠨ᠎ᠠ︶᠃ | ︵ᠬᠤᠶᠠᠷ︶ ᠡᠵᠡᠩᠨᠡᠯᠲᠡ ᠶᠢᠨ ᠴᠡᠪᠡᠷ ᠣᠷᠣᠯᠭ᠎ᠠ ᠶᠢ ᠮᠠᠭᠠᠳᠯᠠᠬᠤ | 1. ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠲᠣᠭᠠᠴᠠᠭ᠎ᠠ | ᠲᠤᠰ ᠭᠠᠵᠠᠷ ᠣᠷᠣᠨ ᠤ ᠠᠳᠠᠯᠢ ᠲᠠᠷᠢᠮᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠪᠣᠳᠠᠲᠠᠶ ᠤᠨᠠᠯᠲᠠ | ᠶᠢᠨ ᠲᠣᠭᠠᠴᠠᠭ᠎ᠠ ᠬᠢᠵᠦ᠂ ᠪᠣᠳᠠᠲᠠᠶ ᠤᠨᠠᠯᠲᠠ ᠶᠢ ᠲᠣᠭᠲᠠᠭᠠᠵᠤ ᠳᠡᠶᠢᠯᠬᠦ ᠦᠭᠡᠶ ᠪᠣᠯ ᠲᠤᠬᠠᠶ ᠶᠢᠨ ᠭᠠᠵᠠᠷ ᠤᠨ | ᠳᠡᠭᠡᠷ᠎ᠡ ᠵᠢᠯ ᠤᠨ ᠠᠳᠠᠯᠢ ᠲᠠᠰ ᠤᠨ ᠲᠠᠷᠢᠮᠠᠯ ᠤᠨ ᠳᠤᠮᠳᠠᠴᠢ ᠤᠨᠠᠯᠲᠠ ᠪᠠᠷ ᠲᠣᠭᠠᠴᠠᠭ᠎ᠠ ᠬᠢᠨ᠎ᠡ᠃ | 2. ᠮᠠᠯᠵᠢᠬᠤ ᠲᠠᠷᠢᠶᠠᠯᠠᠬᠤ ᠣᠷᠣᠨ ᠤ ᠲᠡᠵᠢᠭᠡᠨ ᠦᠷᠡᠵᠢᠭᠦᠯᠬᠦ ᠦᠢᠯᠡᠰ ᠤᠨ ᠣᠷᠣᠯᠭ᠎ᠠ ᠶᠢᠨ ᠲᠣᠭᠠᠴᠠᠭ᠎ᠠ ᠬᠢᠬᠦ | ︵1︶ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠶᠢᠨ ᠴᠡᠪᠡᠷ ᠣᠷᠣᠯᠭ᠎ᠠ ᠶᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠲᠤᠬᠠᠶ ᠶᠢᠨ ᠵᠢᠯ ᠤᠨ ᠬᠡᠮᠵᠢᠨ ᠪᠤᠳᠤᠭᠰᠠᠨ ᠯᠠᠪᠯᠠᠯᠳᠠ ᠶᠢᠨ ᠥᠷᠲᠡᠭ ᠢᠶᠠᠷ ᠬᠢᠨᠠᠨ | ᠲᠣᠭᠲᠠᠭᠠᠨ᠎ᠠ᠃ | ︵2︶ ᠦᠬᠡᠷ ᠬᠤᠨᠢ ᠭᠠᠭ᠋ᠠᠢ ᠵᠡᠷᠭᠡ ᠶᠢᠨ ᠵᠢᠯ ᠤᠨ ᠴᠡᠪᠡᠷ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ | ᠶᠣᠰᠣᠭᠠᠷ᠂ ᠲᠤᠰ ᠲᠤᠰ ᠤᠳᠤ ᠪᠠᠶᠢᠭ᠎ᠠ ᠦᠬᠡᠷ ᠬᠤᠨᠢ ᠭᠠᠭ᠋ᠠᠢ ᠵᠡᠷᠭᠡ ᠶᠢᠨ ᠲᠤᠭ᠎ᠠ ᠬᠡᠮᠵᠢᠶ᠎ᠡ ᠪᠠᠷ ᠲᠠᠷᠢᠶᠠᠯᠠᠬᠤ | ᠣᠷᠣᠨ ᠤ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠶᠢᠨ ᠵᠢᠯ ᠤᠨ ᠣᠷᠣᠯᠭ᠎ᠠ ᠶᠢ | ᠲᠥᠰᠦᠭᠡᠯᠡᠨ ᠪᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠨᠢ ᠭᠡᠷ ᠪᠦᠯᠢ ᠶᠢᠨ ᠦᠨᠳᠦᠰᠦᠨ ᠦᠢᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠬᠦᠯᠦᠰᠢᠨ ᠤ ᠮᠠᠯ᠂ ᠦᠬᠡᠷ᠂ ᠮᠣᠷᠢ᠂ ᠯᠠᠭᠤᠰᠠ᠂ ᠡᠯᠵᠢᠭᠡ᠂ ᠭᠠᠭ᠋ᠠᠢ ᠵᠡᠷᠭᠡ 3 ᠠᠴᠠ | ᠳᠣᠷᠣᠭᠰᠢ᠂ ᠬᠤᠨᠢ 50 ᠠᠴᠠ ᠳᠣᠷᠣᠭᠰᠢ᠂ ᠲᠡᠮᠡᠭᠡ 7 ᠠᠴᠠ ᠳᠣᠷᠣᠭᠰᠢ᠂ ᠲᠠᠬᠢᠶ᠎ᠠ᠂ ᠨᠤᠭᠤᠰᠤ᠂ ᠭᠠᠯᠠᠭᠤ ᠵᠡᠷᠭᠡ | 100 ᠠᠴᠠ ᠳᠣᠷᠣᠭᠰᠢ ᠪᠣᠯ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠶ᠂ ᠬᠡᠲᠦᠷᠡᠭᠰᠡᠨ | ᠬᠡᠰᠡᠭ ᠢ ᠲᠤᠬᠠᠶ ᠶᠢᠨ ᠭᠠᠵᠠᠷ ᠤᠨ ᠲᠣᠭᠲᠠᠭᠠᠯ ᠶᠣᠰᠣᠭᠠᠷ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠨ᠎ᠡ᠃ | ᠡᠩ ᠤᠨ ᠪᠠᠶᠢᠳᠠᠯ ᠳᠣᠣᠷ᠎ᠠ ᠠᠶᠢᠯ ᠡᠷᠦᠭᠡ ᠪᠠᠷ ᠮᠠᠯ ︵ᠭᠡᠷ ᠤᠨ ᠵᠢᠭᠦᠷᠲᠡᠨ︶ ᠢ ᠪᠠᠶᠢᠴᠠᠭᠠᠯᠭᠠᠳᠠᠭ ᠲᠤᠭ᠎ᠠ ᠬᠡᠮᠵᠢᠶ᠎ᠡ | ᠪᠠᠷ ᠪᠠᠷᠢᠮᠵᠢᠶ᠎ᠠ ᠪᠣᠯᠭᠠᠨ᠎ᠠ᠃ | 3. ᠭᠡᠷ ᠪᠦᠯᠢ ᠶᠢᠨ ᠪᠤᠰᠤᠳ ᠦᠢᠯᠡᠳᠪᠦᠷᠢᠯᠡᠯ᠂ ᠡᠵᠡᠩᠨᠡᠯᠲᠡ ᠵᠢᠴᠢ ᠲᠥᠯᠥᠪᠦᠷᠢ ᠲᠠᠢ ᠦᠢᠯᠡᠴᠢᠯᠡᠭᠡᠨ ᠤ | ᠠᠵᠢᠯᠯᠠᠭ᠎ᠠ ᠬᠢᠵᠦ ᠪᠠᠶᠢᠭ᠎ᠠ ᠣᠯᠵᠠᠪᠤᠷᠢ ᠶᠢ ᠮᠠᠭᠠᠳᠯᠠᠬᠤ | ︵1︶ ᠭᠡᠷ ᠪᠦᠯᠢ ᠶᠢᠨ ᠳᠠᠷᠢᠬᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ ᠵᠢᠴᠢ ᠡᠳ᠋ᠰᠢᠭᠦᠯᠬᠦ ᠵᠡᠷᠭᠡ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠣᠷᠣᠯᠭ᠎ᠠ ᠶᠢ ᠡᠯ᠎ᠡ | ᠱᠠᠲᠤᠨ ᠤ ᠲᠠᠷᠢᠶᠠᠯᠠᠩ᠂ ᠣᠶ ᠰᠢᠭᠤᠶ᠂ ᠵᠢᠭᠠᠰᠤᠨ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠮᠠᠭᠠᠳᠯᠠᠨ | ᠲᠣᠭᠲᠠᠭᠠᠵᠤ ᠥᠩᠭᠡᠷᠡᠭᠰᠡᠨ ᠪᠠᠶᠢᠪᠠᠯ᠂ ᠯᠠᠪᠯᠠᠯᠳᠠ ᠶᠢᠨ ᠥᠷᠲᠡᠭ ᠢᠶᠠᠷ ᠬᠢᠨᠠᠨ ᠲᠣᠭᠲᠠᠭᠠᠨ᠎ᠠ᠃ ᠬᠠᠮᠢᠶ᠎ᠠ ᠪᠥᠬᠦᠶ | ᠰᠠᠯᠠᠭ᠎ᠠ ᠮᠥᠴᠢᠷ ᠮᠠᠭᠠᠳᠯᠠᠨ ᠲᠣᠭᠲᠠᠭᠠᠬᠤ ᠯᠠᠪᠯᠠᠯᠳᠠ ᠶᠢᠨ ᠬᠡᠮᠵᠢᠭᠳᠡᠯ ᠢ ᠨᠡᠶᠢᠲᠡᠯᠡᠭᠰᠡᠨ ᠥᠬᠡᠶ ᠪᠠᠶᠢᠪᠠᠯ᠂ ᠡᠯ᠎ᠡ | ᠬᠤᠰᠢᠭᠤ ︵ᠣᠷᠣᠨ︶ ᠵᠢᠯ ᠪᠦᠷᠢ ᠳᠡᠷᠢᠶᠡᠯᠡᠩ ᠣᠢ ᠰᠢᠭᠤᠢ ᠮᠠᠯ ᠠᠵᠦ ᠠᠬᠤᠢ ᠵᠢᠭᠠᠰᠣᠨ ᠦᠢᠯᠡᠰ ᠵᠡᠷᠭᠡ | ᠪᠤᠳᠡᠳᠡᠢ ᠪᠠᠶᠢᠳᠠᠯ ᠢ ᠦᠨᠳᠣᠰᠣᠯᠡᠨ᠂ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠨᠢᠭᠡᠳᠭᠡᠬᠦ ᠶᠢᠨ ᠬᠠᠮᠳᠣ | ᠢᠯᠡ ᠨᠡᠶᠢᠳᠡᠯᠡᠵᠦ᠂ ᠣᠯᠡᠨ ᠳᠥᠮᠡᠨ ᠤ ᠨᠡᠶᠢᠳᠡᠮ ᠮᠡᠳᠡᠷᠡᠬᠦ ᠶᠢ ᠦᠨᠡᠨᠬᠦ ᠪᠠᠳᠣᠯᠠᠨ᠎ᠠ᠃ | ︵2︶ ᠭᠡᠷ ᠪᠦᠯᠢ ᠪᠠᠷ ᠨᠢᠭᠡᠴᠡ ᠪᠣᠯᠭᠠᠨ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠠᠷᠠᠯᠵᠢᠶ᠎ᠠ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠦᠢᠯᠡᠰ ᠪᠠ | ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠡᠵᠡᠩᠨᠡᠯᠲᠡ ᠵᠢᠴᠢ ᠪᠤᠰᠤᠳ ᠲᠦᠯᠦᠪᠦᠷᠢ ᠲᠠᠢ ᠦᠢᠯᠡᠴᠢᠯᠡᠭᠡᠨ ᠤ | ᠠᠵᠢᠯᠯᠠᠭ᠎ᠠ ᠡᠷᠬᠢᠯᠡᠵᠦ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠡᠵᠡᠩᠨᠡᠬᠦ ᠪᠤᠶᠤ ᠬᠤᠷᠰᠢᠶ᠎ᠠ | ᠡᠵᠡᠩᠨᠡᠬᠦ ᠳᠤ ᠬᠠᠷᠢᠶᠠᠯᠠᠭᠳᠠᠨ᠎ᠠ᠂ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠭᠰᠠᠳ ᠤᠨ ᠣᠷᠣᠯᠭ᠎ᠠ ᠶᠢ ᠡᠯ᠎ᠡ | ᠬᠤᠰᠢᠭᠤ ︵ᠣᠷᠣᠨ︶ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠶᠣᠰᠣᠭᠠᠷ | ᠮᠠᠭᠠᠳᠯᠠᠬᠤ ᠯᠠᠪᠯᠠᠯᠳᠠ ᠶᠢᠨ ᠬᠡᠮᠵᠢᠭᠳᠡᠯ ᠢ ᠨᠡᠶᠢᠲᠡᠯᠡᠬᠦ ᠪᠤᠶᠤ ᠪᠣᠳᠠᠲᠤ ᠪᠠᠶᠢᠳᠠᠯ ᠢ ᠦᠨᠳᠦᠰᠦᠯᠡᠨ ᠮᠠᠭᠠᠳᠯᠠᠬᠤ | ᠬᠡᠷᠡᠭᠲᠡᠶ᠃ | ︵ᠭᠤᠷᠪᠠ︶ ᠡᠳ᠋ ᠬᠦᠷᠦᠩᠭᠡ ᠶᠢᠨ ᠴᠡᠪᠡᠷ ᠤᠷᠤᠯᠭ᠎ᠠ ᠶᠢᠨ ᠮᠠᠭᠠᠳᠯᠠᠨ ᠳᠤᠭᠲᠠᠭᠠᠯᠲᠠ | 1. ᠬᠥᠳᠡᠯᠬᠦ ᠬᠥᠷᠥᠩᠭᠡ ᠶᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ ᠶᠢ ᠮᠠᠭᠠᠳᠯᠠᠨ ᠲᠣᠭᠲᠠᠭᠠᠬᠤ | ︵1︶ ᠪᠣᠳᠠᠰ ᠤᠨ ᠪᠤᠰᠤ ᠡᠳ᠋ ᠬᠥᠷᠥᠩᠭᠡ᠂ ᠣᠨᠴᠠ ᠵᠥᠪᠰᠢᠶᠡᠷᠡᠬᠦ ᠡᠷᠬᠡ᠂ ᠲᠤᠰᠬᠠᠶ ᠠᠰᠢᠭ ᠵᠡᠷᠭᠡ ᠶᠢᠨ | ᠣᠷᠣᠯᠭ᠎ᠠ ᠶᠢ ᠬᠡᠯᠡᠯᠴᠡᠭᠡᠷ ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ | ᠭᠠᠶᠢᠯᠢ ᠲᠤᠰᠢᠶᠠᠬᠤ ᠦᠨ᠎ᠡ ᠥᠷᠲᠡᠭ ᠢᠶᠠᠷ ᠮᠠᠭᠠᠳᠯᠠᠨ ᠲᠣᠭᠲᠠᠭᠠᠨ᠎ᠠ᠃ | ︵2︶ ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ | ᠴᠢᠨᠠᠷᠲᠠᠢ ᠳᠠᠭᠠᠳᠬᠠᠯ ᠤᠨ ᠪᠡᠯᠡ ᠣᠷᠣᠭᠤᠯᠤᠯᠲᠠ ᠵᠢᠴᠢ ᠪᠤᠰᠤᠳ ᠰᠲ᠋ᠣᠺ ᠤᠨ ᠬᠦᠦ ᠮᠥᠩᠭᠦ ᠪᠠ ᠠᠰᠢᠭ | ᠣᠯᠵᠠᠪᠤᠷᠢ ᠵᠡᠷᠭᠡ ᠣᠷᠣᠯᠭ᠎ᠠ ᠶᠢ ᠪᠠᠩᠬᠢ᠂ ᠳᠠᠭᠠᠳᠬᠠᠯ᠂ ᠲᠡᠮᠳᠡᠭᠲᠦ ᠵᠡᠷᠭᠡ ᠪᠠᠶᠢᠭᠤᠯᠤᠮᠵᠢ ᠶᠢᠨ ᠬᠠᠩᠭᠠᠭᠰᠠᠨ | ᠲᠤᠭ᠎ᠠ ᠪᠠᠷᠢᠮᠲᠠ ᠪᠠᠷ ᠮᠠᠭᠠᠳᠯᠠᠨ ᠲᠣᠭᠲᠠᠭᠠᠵᠤ᠂ ᠬᠠᠩᠭᠠᠵᠤ ᠳᠡᠶᠢᠯᠬᠦ ᠦᠭᠡᠢ ᠪᠣᠯ ᠲᠤᠬᠠᠢ ᠶᠢᠨ ᠬᠥᠮᠥᠨ ᠠᠴᠠ | ᠬᠠᠮᠢᠶ᠎ᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ ᠪᠠ ᠠᠮᠠᠯᠠᠯᠲᠠ ᠶᠢ ᠬᠠᠩᠭᠠᠨ᠎ᠠ᠃ | ︵3︶ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠠᠰᠢᠭ ᠬᠤᠪᠢᠶᠠᠷᠢᠯᠠᠬᠤ ᠳᠤ ᠲᠤᠬᠠᠢ ᠶᠢᠨ ᠬᠥᠮᠥᠨ | ᠬᠠᠮᠲᠤ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ | ᠲᠣᠳᠣᠷᠬᠠᠶᠢᠯᠠᠯᠲᠠ ᠬᠢᠨ᠎ᠡ᠃ | ︵4︶ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠶᠢ ᠬᠠᠮᠢᠶ᠎ᠠ ᠪᠥᠬᠦᠶ ᠪᠠᠶᠢᠭᠤᠯᠤᠮᠵᠢ ᠶᠢᠨ ᠮᠠᠭᠠᠳᠯᠠᠨ | ᠲᠣᠭᠲᠠᠭᠠᠭᠰᠠᠨ ᠥᠷᠲᠡᠭ ᠪᠤᠶᠤ ᠭᠡᠷ᠎ᠡ ᠵᠡᠷᠭᠡ ᠮᠠᠲ᠋ᠧᠷᠢᠶᠠᠯ ᠤᠨ ᠶᠣᠰᠣᠭᠠᠷ ᠮᠠᠭᠠᠳᠯᠠᠨ ᠲᠣᠭᠲᠠᠭᠠᠵᠤ᠂ ᠭᠡᠷᠡᠴᠢ | ᠮᠠᠲ᠋ᠧᠷᠢᠶᠠᠯ ᠥᠬᠡᠶ ᠪᠣᠯ ᠲᠤᠬᠠᠶ ᠶᠢᠨ ᠬᠥᠮᠦᠨ ᠠᠴᠠ ᠬᠠᠮᠢᠶ᠎ᠠ ᠪᠥᠬᠦᠶ ᠪᠠᠶᠢᠳᠠᠯ ᠤᠨ ᠲᠣᠳᠣᠷᠬᠠᠶᠢᠯᠠᠯ ᠬᠠᠩᠭᠠᠨ᠎ᠠ᠃ | 2. ᠦᠯᠦ ᠬᠦᠳᠡᠯᠬᠦ ᠬᠦᠷᠦᠩᠭᠡ ᠶᠢ ᠲᠦᠷᠢᠶᠡᠰᠦᠯᠡᠨ ᠰᠢᠯᠵᠢᠭᠦᠯᠵᠦ ᠥᠭᠭᠦᠭᠰᠡᠨ ᠣᠷᠣᠯᠭ᠎ᠠ ᠶᠢ ᠮᠠᠭᠠᠳᠯᠠᠨ | ᠲᠣᠭᠲᠠᠭᠠᠬᠤ | ︵1︶ ᠬᠤᠪᠢ ᠬᠥᠮᠥᠨ ᠤ ᠳᠠᠭᠠᠭᠠᠴᠢᠯᠠᠭᠰᠠᠨ ᠭᠠᠵᠠᠷ ᠰᠢᠷᠣᠢ᠂ ᠣᠶᠢᠲᠤ ᠭᠠᠵᠠᠷ᠂ ᠬᠠᠳᠤᠯᠠᠩ ᠪᠡᠯᠴᠢᠭᠡᠷ | ᠵᠡᠷᠭᠡ ᠶᠢᠨ ᠡᠵᠡᠩᠨᠡᠯᠲᠡ ᠶᠢᠨ ᠡᠷᠬᠡ ᠪᠤᠶᠤ ᠭᠠᠵᠠᠷ ᠰᠢᠷᠣᠢ᠂ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠲᠤ ︵ | ᠺᠣᠮᠫᠠᠨᠢ︶ ᠰᠢᠯᠵᠢᠭᠦᠯᠦᠨ ᠲᠦᠷᠢᠶᠡᠰᠦᠯᠡᠭᠦᠯᠬᠦ᠂ ᠲᠥᠪᠯᠡᠷᠡᠭᠦᠯᠦᠨ ᠡᠵᠡᠩᠨᠡᠪᠡᠯ᠂ ᠳᠠᠭᠠᠭᠠᠴᠢᠯᠠᠯᠲᠠ ᠶᠢᠨ ᠵᠠᠷᠤᠳᠠᠯ | ᠪᠣᠯᠤᠨ ᠤᠯᠤᠰ ᠠᠴᠠ ᠥᠭᠭᠦᠭᠰᠡᠨ ᠡᠯ᠎ᠡ ᠵᠦᠢᠯ ᠤᠨ ᠲᠠᠷᠢᠮᠠᠯ ᠤᠨ ᠨᠥᠬᠦᠪᠥᠷᠢ ᠶᠢ ᠪᠣᠳᠠᠲᠠᠶ ᠪᠠᠷ ᠲᠤᠰᠢᠶᠠᠭᠰᠠᠨ | ᠶᠣᠰᠣᠭᠠᠷ ᠬᠢᠨᠠᠨ ᠲᠣᠭᠲᠠᠭᠠᠨ᠎ᠠ᠃ | ︵2︶ ᠭᠡᠷ ᠪᠠᠶᠢᠰᠢᠩ ᠲᠦᠷᠢᠶᠡᠰᠦᠯᠡᠭᠦᠯᠦᠭᠰᠡᠨ ᠢ ᠪᠣᠯ ᠲᠦᠷᠢᠶᠡᠰᠦᠯᠡᠭᠦᠯᠬᠦ ᠬᠡᠯᠡᠯᠴᠡᠭᠡᠷ ᠤᠨ ᠶᠣᠰᠣᠭᠠᠷ | ᠨᠤᠲᠠᠯᠠᠵᠤ᠂ ᠬᠡᠯᠡᠯᠴᠡᠭᠡᠷ ᠬᠠᠩᠭᠠᠵᠤ ᠳᠡᠶᠢᠯᠬᠦ ᠦᠭᠡᠶ ᠪᠣᠯ ᠡᠷᠭᠢᠨ ᠲᠣᠭᠤᠷᠢᠨ ᠤ ᠭᠡᠷ ᠪᠠᠶᠢᠰᠢᠩ ᠤᠨ | ᠲᠦᠷᠢᠶᠡᠰᠦᠯᠡᠭᠦᠯᠬᠦ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠮᠠᠭᠠᠳᠯᠠᠨ ᠳᠣᠭᠳᠠᠭᠠᠬᠤ ᠬᠡᠷᠡᠭᠲᠡᠶ᠃ | ︵3︶ ᠭᠡᠷ ᠬᠥᠷᠥᠩᠭᠡ ᠶᠢ ᠬᠢᠮᠳᠠ ᠪᠠᠷ ᠬᠤᠳᠠᠯᠳᠤᠬᠤ ᠳᠤ᠂ ᠬᠢᠮᠳᠠ ᠦᠨ᠎ᠡ ᠪᠠᠷ ᠬᠤᠳᠠᠯᠳᠤᠬᠤ | ᠵᠥᠪᠳᠡᠯᠴᠡᠬᠡᠷ ᠲᠠᠢ ᠪᠠᠶᠢᠪᠠᠯ ᠵᠥᠪᠯᠡᠯᠴᠡᠭᠡᠷ ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ | ᠲᠣᠭᠲᠠᠭᠠᠭᠰᠠᠨ ᠭᠠᠶᠢᠯᠢ ᠲᠤᠰᠢᠶᠠᠬᠤ ᠦᠨ᠎ᠡ ᠥᠷᠲᠡᠭ ᠢᠶᠠᠷ ᠮᠠᠭᠠᠳᠯᠠᠨ ᠲᠣᠭᠲᠠᠭᠠᠵᠤ᠂ ᠬᠢᠮᠳᠠ ᠦᠨ᠎ᠡ ᠪᠠᠷ | ᠬᠤᠳᠠᠯᠳᠤᠬᠤ ᠵᠥᠪᠳᠡᠯᠴᠡᠬᠡᠷ ᠢ ᠬᠠᠩᠭᠠᠵᠤ ᠳᠡᠶᠢᠯᠬᠦ ᠦᠭᠡᠶ ᠪᠣᠯ ᠡᠷᠭᠢᠨ ᠲᠣᠭᠤᠷᠢᠨ ᠤ ᠭᠡᠷ ᠪᠠᠶᠢᠰᠢᠩ ᠤᠨ ᠦᠨ᠎ᠡ | ᠬᠠᠩᠰᠢ ᠪᠠᠷ ᠯᠠᠪᠯᠠᠯᠲᠠ ᠪᠣᠯᠭᠠᠵᠤ ᠮᠠᠭᠠᠳᠯᠠᠨ ᠳᠣᠭᠳᠠᠭᠠᠨ᠎ᠠ᠃ | ︵4︶ ᠨᠤᠷᠠᠭᠠᠵᠤ ᠨᠡᠭᠦᠯᠭᠡᠭᠰᠡᠨ ᠤ ᠨᠥᠬᠦᠪᠥᠷᠢ ᠪᠠ ᠭᠠᠵᠠᠷ ᠲᠠᠲᠠᠪᠤᠷᠢᠯᠠᠭᠰᠠᠨ ᠤ ᠨᠥᠬᠦᠪᠥᠷᠢ ᠶᠢ ᠪᠣᠳᠠᠲᠠᠶ | ᠨᠥᠬᠦᠵᠦ ᠲᠥᠯᠥᠬᠦ ᠵᠣᠭᠤᠰ ᠤᠨ ᠲᠤᠭ᠎ᠠ ᠪᠠᠷ ᠪᠣᠳᠣᠵᠤ᠂ ᠥᠪᠡᠷ ᠢᠶᠠᠨ ᠰᠠᠭᠤᠬᠤ ᠭᠡᠷ ᠪᠤᠶᠤ ᠬᠥᠮᠦᠨ ᠪᠦᠷᠢ ᠶᠢᠨ | ᠳᠤᠮᠳᠠᠴᠢ ᠣᠷᠣᠨ ᠰᠠᠭᠤᠴᠠ ᠶᠢᠨ ᠲᠠᠯᠠᠪᠠᠶ ᠶᠢ 35 ᠳᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠬᠦ ᠦᠭᠡᠶ | ᠬᠤᠶᠠᠷ ᠢᠵᠢ ᠣᠷᠣᠨ ᠰᠠᠭᠤᠴᠠ ᠵᠢᠴᠢ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ | ᠵᠠᠷᠤᠯᠭ᠎ᠠ ᠶᠢ ᠲᠤᠰᠢᠶᠠᠭᠰᠠᠨ ᠤ ᠳᠠᠷᠠᠭ᠎ᠠ᠂ ᠬᠠᠤᠯᠢ ᠪᠠᠷ ᠲᠣᠭᠲᠠᠭᠠᠭᠰᠠᠨ ᠠᠰᠢᠭ ᠬᠦᠷᠲᠡᠭᠴᠢ ᠪᠣᠯᠤᠨ ᠨᠡᠶᠢᠭᠡᠮ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠢᠯᠡᠭᠦᠴᠡ ᠠᠮᠢ ᠨᠠᠰᠤᠨ ᠤ ᠵᠢᠯ ᠢᠶᠠᠷ ᠭᠡᠷ ᠪᠦᠯᠢ ᠶᠢᠨ | ᠵᠢᠯ ᠤᠨ ᠣᠷᠣᠯᠭ᠎ᠠ ᠶᠢ ᠨᠤᠭᠤᠯᠤᠨ ᠪᠣᠳᠣᠵᠤ ᠪᠣᠯᠤᠨ᠎ᠠ᠃ | ︵ᠲᠦᠷᠪᠡ︶ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ ᠶᠢ ᠮᠠᠭᠠᠳᠯᠠᠬᠤ | 1. ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠠᠵᠢᠯ ᠠᠴᠠ ᠠᠮᠠᠷᠠᠭᠰᠠᠨ ᠪᠠᠭᠤᠭᠰᠠᠨ ᠮᠥᠩᠭᠦ᠂ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ᠂ ᠨᠦᠭᠴᠢᠭᠰᠡᠳ ᠤᠨ ᠭᠡᠷ ᠪᠦᠯᠢ ᠶᠢᠨ ᠨᠥᠬᠦᠪᠦᠷᠢ ᠮᠥᠩᠭᠦ ᠵᠡᠷᠭᠡ ᠶᠢ | ᠤᠯᠤᠰ᠂ ᠪᠠᠶᠢᠭᠤᠯᠣᠯᠭ᠎ᠠ ᠨᠢᠬᠡᠴᠡ᠂ ᠨᠡᠶᠢᠭᠡᠮ ᠤᠨ ᠪᠦᠯᠬᠦᠮ ᠠᠴᠠ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ | ᠰᠠᠯᠠᠭ᠎ᠠ ᠮᠥᠴᠢᠷ ᠤᠨ ᠨᠡᠶᠢᠭᠡᠮᠴᠢᠯᠡᠬᠦ ᠪᠠᠷ ᠳᠠᠮᠵᠢᠨ ᠣᠯᠭᠤᠭᠰᠠᠨ ᠪᠣᠯ ᠮᠥᠩᠭᠦᠨ ᠭᠦᠢᠯᠭᠡᠭᠡᠨ ᠤ ᠰᠠᠯᠠᠭ᠎ᠠ | ᠮᠥᠴᠢᠷ ᠤᠨ ᠳᠠᠩᠰᠠᠨ ᠳᠤ ᠣᠷᠣᠭᠤᠯᠬᠤ ᠵᠣᠭᠤᠰ ᠤᠨ ᠲᠤᠭ᠎ᠠ ᠪᠠᠷ ᠮᠠᠭᠠᠳᠯᠠᠨ ᠲᠣᠭᠲᠠᠭᠠᠨ᠎ᠠ᠃ ᠨᠡᠶᠢᠭᠡᠮᠴᠢᠯᠡᠭᠰᠡᠨ | ᠪᠤᠰᠤ ᠣᠯᠭᠤᠬᠤ ᠪᠤᠶᠤ ᠪᠡᠯᠡᠨ ᠵᠣᠭᠤᠰ ᠣᠯᠭᠤᠬᠤ ᠳᠤ᠂ ᠨᠢᠭᠡᠴᠡ ᠠᠴᠠ ᠬᠠᠮᠢᠶ᠎ᠠ ᠪᠦᠬᠦᠢ ᠮᠠᠲ᠋ᠧᠷᠢᠶᠠᠯ ᠢ ᠭᠠᠷᠭᠠᠵᠤ | ᠥᠭᠬᠦ ᠶᠢᠨ ᠬᠠᠮᠲᠤ ᠲᠦᠷᠦᠭᠦᠦ 3 ᠰᠠᠷ᠎ᠠ ᠳᠤ ᠪᠡᠯᠡ ᠮᠥᠩᠭᠦ ᠣᠯᠭᠤᠭᠰᠠᠨ ᠪᠠᠩᠬᠢ ᠶᠢᠨ ᠨᠠᠷᠢᠨ ᠳᠠᠩᠰᠠ ᠶᠢ | ᠬᠠᠩᠭᠠᠬᠤ ᠬᠡᠷᠡᠭᠲᠡᠶ᠃ | 2. ᠠᠰᠠᠷᠠᠨ ᠲᠡᠵᠢᠭᠡᠬᠦ ᠵᠠᠷᠤᠳᠠᠯ ᠢ ᠮᠠᠭᠠᠳᠯᠠᠨ ᠲᠣᠭᠲᠠᠭᠠᠬᠤ ᠳᠤ ᠪᠣᠳᠠᠲᠠᠢ ᠡᠭᠦᠰᠦᠭᠰᠡᠨ ᠲᠤᠭ᠎ᠠ ᠬᠡᠮᠵᠢᠶᠡᠨ ᠤ | ᠭᠡᠷᠡᠴᠢ ᠪᠠᠷᠢᠮᠲᠠ ᠪᠠᠷ ᠪᠣᠳᠣᠨ᠎ᠠ︔ ᠵᠥᠪᠯᠡᠯᠴᠡᠭᠡᠷ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠪᠣᠯ ᠬᠠᠤᠯᠢ | ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠪᠣᠳᠣᠨ᠎ᠠ︔ ᠠᠰᠠᠷᠠᠨ ᠲᠡᠵᠢᠭᠡᠬᠦ | ᠵᠠᠷᠤᠳᠠᠯ ᠤᠨ ᠣᠷᠣᠯᠭ᠎ᠠ ᠶᠢ ᠵᠠᠷᠴᠢᠮ ᠳᠡᠭᠡᠷ᠎ᠡ ᠪᠠᠨ ᠠᠰᠠᠷᠠᠨ ᠲᠡᠵᠢᠭᠡᠬᠦ ᠬᠠᠤᠯᠢ ᠴᠠᠭᠠᠵᠠ ᠶᠢᠨ ᠪᠢᠴᠢᠭ ᠬᠠᠷ᠎ᠠ ᠳᠤ | ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠪᠣᠳᠣᠨ᠎ᠠ︔ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ | ᠦᠭᠡᠢ ᠪᠣᠯ᠂ ᠠᠰᠠᠷᠠᠨ ᠲᠡᠵᠢᠭᠡᠬᠦ ᠵᠠᠷᠤᠳᠠᠯ ᠢ ᠪᠣᠳᠣᠬᠤ ᠠᠷᠭ᠎ᠠ ᠶᠢ ᠵᠠᠷᠴᠢᠮ ᠳᠡᠭᠡᠷ᠎ᠡ ᠪᠠᠨ ᠣᠷᠣᠯᠭ᠎ᠠ ᠶᠢᠨ ᠵᠣᠬᠢᠬᠤ | ᠬᠠᠷᠢᠴᠠᠯ ᠢᠶᠠᠷ ᠲᠣᠭᠠᠴᠠᠭ᠎ᠠ ᠬᠢᠨ᠎ᠠ᠂ ᠪᠣᠳᠠᠲᠠᠶ ᠪᠠᠶᠢᠳᠠᠯ ᠢ ᠳᠣᠣᠷᠠᠬᠢ ᠠᠷᠭ᠎ᠠ ᠬᠡᠯᠪᠡᠷᠢ ᠪᠠᠷ ᠪᠣᠳᠣᠨ᠎ᠠ᠄ | ︵1︶ ᠦᠷ᠎ᠡ ᠬᠡᠦᠬᠡᠳ ᠨᠢ ᠡᠴᠢᠭᠡ ᠡᠬᠡ ᠶᠢᠨ ᠢᠶᠠᠨ ᠦᠨᠳᠦᠰᠦᠨ ᠠᠰᠠᠷᠠᠨ ᠲᠡᠵᠢᠭᠡᠬᠦ ᠵᠠᠷᠤᠳᠠᠯ ᠢ ᠠᠴᠢᠯᠠᠨ | ᠲᠡᠵᠢᠭᠡᠬᠦ ᠬᠦᠮᠦᠨ ᠤ ᠣᠷᠣᠯᠭ᠎ᠠ ᠶᠢᠨ 5%—8% ᠪᠠᠷ ᠲᠣᠭᠠᠴᠠᠨ ᠪᠣᠳᠣᠨ᠎ᠠ᠃ | ︵2︶ ᠡᠴᠢᠭᠡ ᠡᠬᠡ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠳᠡᠬᠦ ᠪᠠᠷ ᠭᠤᠶᠤᠴᠢᠯᠠᠬᠤ | ᠦᠶ᠎ᠡ ᠳᠤ᠂ ᠪᠤᠶ ᠪᠦᠬᠦᠢ ᠦᠷ᠎ᠡ ᠬᠡᠦᠬᠡᠳ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠡᠷᠬᠡ ᠣᠯᠭᠤᠵᠤ | ᠪᠠᠶᠢᠭᠠᠳ ᠲᠡᠭᠦᠨ ᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠳᠣᠤᠷᠠᠬᠢ | ᠪᠠᠶᠢᠳᠠᠯ ᠢᠶᠠᠷ ᠳᠣᠭᠳᠠᠭᠠᠯᠭᠠᠬᠤ ᠬᠡᠷᠡᠭᠲᠡᠶ᠄ | ᠦᠷ᠎ᠡ ᠬᠡᠦᠬᠡᠳ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ ᠪᠤᠶᠤ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠣᠯ ᠠᠪᠤ ᠪᠤᠶᠤ ᠡᠬᠡ ᠶᠢᠨ ᠢᠶᠠᠨ ᠨᠢᠭᠡ ᠲᠠᠯ᠎ᠠ ᠶᠢᠨ ᠠᠰᠠᠷᠠᠨ | ᠲᠡᠵᠢᠭᠡᠬᠦ ᠵᠠᠷᠤᠳᠠᠯ = ᠰᠠᠷ᠎ᠠ ᠶᠢᠨ ᠴᠠᠯᠢᠩ ᠤᠨ ᠶᠡᠷᠦᠩᠬᠡᠢ ᠲᠤᠭ᠎ᠠ ᠶᠢᠨ 8%᠃ | ᠦᠷ᠎ᠡ ᠬᠡᠦᠬᠡᠳ ᠨᠢ ᠳᠣᠭᠳᠠᠭᠰᠠᠨ ᠠᠵᠢᠯ ᠤᠨ ᠣᠷᠣᠯᠭ᠎ᠠ ᠦᠭᠡᠢ᠂ ᠠᠶᠢᠮᠠᠭ ᠤᠨ ᠳᠣᠲᠣᠷ᠎ᠠ ᠠᠵᠢᠯ ᠬᠥᠳᠡᠯᠮᠦᠷᠢ | ᠬᠢᠵᠦ ᠪᠠᠶᠢᠭ᠎ᠠ ᠬᠥᠮᠥᠨ ᠪᠠᠶᠢᠪᠠᠯ᠂ ᠡᠴᠢᠭᠡ ᠪᠤᠶᠤ ᠡᠵᠢ ᠶᠢᠨ ᠬᠢᠨ ᠤ ᠵᠢᠯ ᠤᠨ ᠠᠰᠠᠷᠠᠨ ᠲᠡᠵᠢᠭᠡᠬᠦ ᠵᠠᠷᠤᠳᠠᠯ = | ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠠᠯᠠᠱᠠ ᠠᠶᠢᠮᠠᠭ ᠤᠨ ᠰᠠᠷ᠎ᠠ ᠶᠢᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 5% × ᠪᠣᠳᠠᠲᠠᠢ ᠬᠥᠯᠥᠰᠥᠨ ᠠᠵᠢᠯ ᠬᠢᠭᠰᠡᠨ ᠰᠠᠷ᠎ᠠ ᠶᠢᠨ | ᠲᠤᠭ᠎ᠠ ᠪᠣᠯᠣᠨ᠎ᠠ᠃ | ᠦᠷ᠎ᠡ ᠬᠡᠦᠬᠡᠳ ᠨᠢ ᠭᠠᠳᠠᠭᠰᠢ ᠭᠠᠷᠴᠤ ᠬᠦᠴᠦ ᠶᠠᠪᠤᠭᠰᠠᠳ ᠲᠤ᠂ ᠠᠪᠤ ᠪᠤᠶᠤ ᠡᠵᠢ ᠶᠢᠨ ᠨᠢᠭᠡ ᠲᠠᠯ᠎ᠠ ᠶᠢᠨ | ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ | ᠵᠢᠯ ᠤᠨ ᠬᠦᠴᠦ ᠶᠠᠪᠤᠭᠰᠠᠳ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 5% × | 6 ᠰᠠᠷ᠎ᠠ —10 ᠰᠠᠷ᠎ᠠ ︵ᠪᠣᠳᠠᠲᠠᠶ ᠠᠵᠢᠯᠯᠠᠬᠤ ᠴᠠᠭ ᠢᠶᠠᠷ ᠲᠣᠭᠲᠠᠭᠠᠨ᠎ᠠ︶᠃ | ᠦᠷ᠎ᠡ ᠬᠡᠦᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠰᠠᠭᠤᠵᠤ᠂ ᠲᠠᠷᠢᠶᠠᠯᠠᠩ ᠤᠨ ᠦᠢᠯᠡᠳᠪᠦᠷᠢᠯᠡᠯ | ᠡᠵᠡᠩᠨᠡᠯᠲᠡ ᠬᠢᠭᠰᠡᠨ ᠪᠤᠶᠤ ᠮᠠᠯ ᠠᠵᠤ ᠠᠬᠤᠶ ᠦᠭᠡᠶ ᠪᠣᠯ᠂ ᠠᠪᠤ ᠪᠤᠶᠤ ᠡᠵᠢ ᠶᠢᠨ ᠨᠢᠭᠡ ᠲᠠᠯ᠎ᠠ ᠶᠢᠨ ᠬᠢᠨ ᠤ | ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ | ᠵᠢᠯ ᠤᠨ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ × 12 ᠰᠠᠷ᠎ᠠ ᠪᠣᠯᠤᠨ᠎ᠠ᠃ | ᠦᠷ᠎ᠡ ᠬᠡᠦᠬᠡᠳ ᠨᠢ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠬᠢᠭᠰᠡᠨ ᠪᠣᠯ ᠡᠴᠢᠭᠡ ᠪᠤᠶᠤ | ᠡᠬᠡ ᠳᠡᠭᠡᠨ ᠣᠨ ᠤ ᠠᠰᠠᠷᠠᠨ ᠲᠡᠵᠢᠭᠡᠬᠦ ᠵᠠᠷᠤᠳᠠᠯ ᠥᠭᠴᠦ᠂ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ | ᠵᠢᠯ ᠤᠨ ᠴᠡᠪᠡᠷ ᠣᠷᠣᠯᠭ᠎ᠠ ᠶᠢᠨ 2.5% ᠪᠠᠷ ᠪᠣᠳᠣᠨ᠎ᠠ᠃ | ᠦᠷ᠎ᠡ ᠬᠡᠦᠬᠡᠳ ᠨᠢ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠵᠡᠩᠨᠡᠯᠲᠡ ᠪᠤᠶᠤ ᠬᠤᠷᠰᠢᠶ᠎ᠠ ᠡᠵᠡᠩᠨᠡᠪᠡᠯ᠂ | ᠡᠴᠢᠭᠡ ᠪᠤᠶᠤ ᠡᠬᠡ ᠳᠤ ᠥᠭᠭᠦᠭᠰᠡᠨ ᠵᠢᠯ ᠤᠨ ᠠᠰᠠᠷᠠᠨ ᠲᠡᠵᠢᠭᠡᠬᠦ ᠵᠠᠷᠤᠳᠠᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠠᠴᠠ ᠭᠠᠷᠭᠠᠵᠤ ᠥᠭᠭᠦᠭᠰᠡᠨ ᠪᠦᠬᠦ ᠵᠢᠯ ᠤᠨ ᠲᠤᠰᠢᠶᠠᠭᠰᠠᠨ ᠭᠠᠶᠢᠯᠢ ᠶᠢᠨ ᠮᠥᠩᠭᠦ ᠶᠢᠨ 10% ᠪᠠᠷ | ᠬᠠᠷᠭᠤᠭᠤᠯᠤᠨ ᠲᠣᠭᠲᠠᠭᠠᠵᠤ᠂ ᠭᠠᠶᠢᠯᠢ ᠲᠤᠰᠢᠶᠠᠭᠰᠠᠨ ᠦᠭᠡᠢ ᠲᠡᠮᠳᠡᠭᠯᠡᠯ ᠢ ᠨᠢ ᠲᠤᠬᠠᠢ ᠶᠢᠨ ᠵᠢᠯ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 50% ᠪᠠᠷ ᠪᠤᠳᠤᠨ᠎ᠠ᠃ | ᠠᠰᠠᠷᠠᠨ ᠲᠡᠵᠢᠭᠡᠬᠦ ᠡᠭᠦᠷᠭᠡ ᠪᠦᠬᠦᠢ ᠦᠷ᠎ᠡ ᠬᠡᠦᠬᠡᠳ᠂ ᠶᠠᠭ ᠬᠡᠷᠡᠭᠯᠡᠵᠦ ᠪᠠᠶᠢᠭ᠎ᠠ ᠵᠢᠵᠢᠭ ᠰᠠᠭᠤᠳᠠᠯ ᠤᠨ ᠮᠠᠰᠢᠨ | ᠂ ᠲᠣᠮᠣ ᠬᠡᠯᠪᠡᠷᠢ ᠶᠢᠨ ᠮᠧᠬᠠᠨᠢᠭ᠂ ᠲᠡᠭᠡᠭᠡᠪᠦᠷᠢ ᠶᠢᠨ ᠲᠡᠷᠭᠡ ᠬᠥᠰᠬᠡ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ | ᠵᠡᠷᠭᠡ ᠡᠳ᠋ ᠬᠥᠷᠥᠩᠭᠡ ᠲᠠᠢ ᠪᠠᠶᠢᠪᠠᠯ᠂ ᠲᠡᠷᠭᠡ ᠬᠤᠳᠠᠯᠳᠤᠨ ᠠᠪᠬᠤ ᠦᠨ᠎ᠡ ᠶᠢ ᠦᠨᠳᠦᠰᠦᠯᠡᠨ ᠵᠢᠯ ᠳᠠᠷᠠᠭᠠᠯᠠᠨ | ᠡᠯᠡᠭᠳᠡᠯ ᠢᠶᠠᠷ ᠪᠣᠳᠤᠪᠠᠯ᠂ ᠣᠳᠣᠬᠠᠨ ᠤ ᠥᠷᠲᠡᠭ ᠤᠨ 2% ᠢᠶᠠᠷ ᠪᠤᠳᠤᠨ᠎ᠠ︔ 2 ᠠᠴᠠ ᠳᠡᠭᠡᠭᠰᠢ ︵ᠬᠤᠶᠠᠷ ᠢ | ᠪᠠᠭᠲᠠᠭᠠᠨ᠎ᠠ︶ ᠭᠡᠷ ᠬᠦᠷᠦᠩᠭᠡ ᠲᠠᠢ ᠪᠣᠯ ︵ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠶᠢ 35 | ᠳᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠣᠯ ᠡᠭᠦᠨ ᠳᠤ ᠪᠠᠭᠲᠠᠬᠤ ᠦᠭᠡᠢ︶ 2 ᠪᠠ ᠲᠡᠭᠦᠨ ᠠᠴᠠ | ᠳᠡᠭᠡᠭᠰᠢᠬᠢ ᠭᠡᠷ ᠬᠥᠷᠥᠩᠭᠡ ᠶᠢ ᠵᠠᠬ᠎ᠠ ᠳᠡᠯᠭᠡᠭᠦᠷ ᠤᠨ ᠲᠦᠷᠢᠶᠡᠰᠦᠯᠡᠬᠦ ᠦᠨ᠎ᠡ ᠬᠠᠩᠰᠢ ᠪᠠᠷ ᠣᠷᠣᠯᠭ᠎ᠠ ᠶᠢ ᠲᠣᠭᠠᠴᠠᠨ | ᠪᠣᠳᠣᠵᠤ᠂ ᠠᠰᠠᠷᠠᠨ ᠲᠡᠵᠢᠭᠡᠬᠦ ᠵᠠᠷᠤᠳᠠᠯ ᠢ ᠪᠣᠳᠣᠬᠤ ᠣᠷᠣᠯᠭ᠎ᠠ ᠶᠢᠨ ᠰᠠᠭᠤᠷᠢ ᠲᠤᠭ᠎ᠠ ᠳᠤ ᠣᠷᠣᠭᠤᠯᠤᠨ᠎ᠠ︔ | ᠪᠣᠳᠠᠲᠠᠶ ᠥᠭᠬᠦ ᠵᠣᠭᠤᠰ ᠤᠨ ᠲᠤᠭ᠎ᠠ ᠨᠢ ᠳᠡᠭᠡᠷ᠎ᠡ ᠳᠤᠷᠠᠳᠤᠭᠰᠠᠨ ᠪᠣᠳᠣᠬᠤ ᠪᠠᠷᠢᠮᠵᠢᠶ᠎ᠠ ᠠᠴᠠ ᠥᠨᠳᠥᠷ ᠪᠠᠶᠢᠪᠠᠯ | ᠂ ᠪᠣᠳᠠᠲᠠᠶ ᠥᠭᠬᠦ ᠵᠣᠭᠤᠰ ᠤᠨ ᠲᠤᠭ᠎ᠠ ᠪᠠᠷ ᠪᠣᠳᠣᠨ᠎ᠠ︔ ᠪᠣᠳᠠᠲᠠᠶ ᠥᠭᠬᠦ ᠲᠤᠭ᠎ᠠ ᠨᠢ ᠳᠡᠭᠡᠷ᠎ᠡ ᠳᠤᠷᠠᠳᠤᠭᠰᠠᠨ | ᠪᠣᠳᠣᠬᠤ ᠪᠠᠷᠢᠮᠵᠢᠶ᠎ᠠ ᠠᠴᠠ ᠳᠣᠤᠷ᠎ᠠ ᠪᠠᠶᠢᠪᠠᠯ᠂ ᠳᠡᠭᠡᠷ᠎ᠡ ᠳᠤᠷᠠᠳᠤᠭᠰᠠᠨ ᠪᠣᠳᠣᠬᠤ ᠪᠠᠷᠢᠮᠵᠢᠶ᠎ᠠ ᠪᠠᠷ ᠪᠣᠳᠣᠨ᠎ᠠ᠃ | ︵3︶ ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠤᠨ ᠠᠰᠠᠷᠠᠨ ᠲᠡᠵᠢᠭᠡᠬᠦ ᠵᠠᠷᠤᠳᠠᠯ ᠢ ᠬᠠᠤᠯᠢ | ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠶ ᠲᠣᠭᠲᠠᠭᠠᠭᠰᠠᠨ ᠪᠠᠶᠢᠪᠠᠯ᠂ ᠬᠠᠤᠯᠢ ᠴᠠᠭᠠᠵᠠ ᠶᠢᠨ ᠪᠢᠴᠢᠭ | ᠬᠠᠷ᠎ᠠ ᠶᠢᠨ ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠪᠢᠴᠢᠭ ᠬᠠᠷ᠎ᠠ ᠦᠭᠡᠶ ᠪᠣᠯ ᠠᠰᠠᠷᠠᠨ ᠲᠡᠵᠢᠭᠡᠬᠦ | ᠵᠠᠷᠤᠳᠠᠯ ᠢ ᠬᠤᠪᠢ ᠬᠥᠮᠦᠨ ᠤ ᠰᠠᠷ᠎ᠠ ᠶᠢᠨ ᠶᠡᠷᠦᠩᠬᠡᠶ ᠣᠷᠣᠯᠭ᠎ᠠ ᠶᠢᠨ 20% ᠪᠠᠷ ᠥᠭᠬᠦ ᠬᠡᠷᠡᠭᠲᠡᠶ᠃ ᠬᠤᠶᠠᠷ ᠠᠴᠠ | ᠳᠡᠭᠡᠭᠰᠢ ᠦᠷ᠎ᠡ ᠬᠡᠦᠬᠡᠳ ᠤᠨ ᠵᠠᠷᠤᠳᠠᠯ ᠢ ᠡᠭᠦᠷᠭᠡᠯᠡᠵᠦ ᠪᠠᠶᠢᠪᠠᠯ᠂ ᠬᠠᠷᠢᠴᠠᠯ ᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ | ᠂ ᠭᠡᠪᠡᠴᠦ ᠡᠩ ᠤᠨ ᠪᠠᠶᠢᠳᠠᠯ ᠳᠤ ᠰᠠᠷ᠎ᠠ ᠶᠢᠨ ᠶᠡᠷᠦᠩᠬᠡᠶ ᠣᠷᠣᠯᠭ᠎ᠠ ᠶᠢᠨ 50% ᠠᠴᠠ ᠬᠡᠲᠦᠷᠡᠭᠦᠯᠵᠦ ᠪᠣᠯᠬᠤ | ᠦᠭᠡᠶ᠃ | ᠠᠰᠠᠷᠠᠨ ᠲᠡᠵᠢᠭᠡᠬᠦ ᠵᠠᠷᠤᠳᠠᠯ ᠢ ᠪᠣᠳᠠᠲᠠᠢ ᠥᠭᠴᠦ ᠪᠠᠶᠢᠭ᠎ᠠ ᠪᠠᠶᠢᠳᠠᠯ ᠶᠣᠰᠣᠭᠠᠷ ᠮᠠᠭᠠᠳᠯᠠᠨ ᠲᠣᠭᠲᠠᠭᠠᠬᠤ | ᠬᠡᠷᠡᠭᠲᠡᠢ᠃ | ︵4︶ ᠨᠢᠭᠡ ᠦᠷ᠎ᠡ ᠬᠡᠦᠬᠡᠳ ᠨᠢ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠲᠥᠷᠥᠯ ᠵᠦᠢᠯ ᠳᠠᠪᠲᠠᠬᠤ | ᠦᠶ᠎ᠡ ᠳᠤ ᠣᠷᠣᠯᠭ᠎ᠠ ᠪᠣᠯᠤᠨ ᠠᠰᠠᠷᠠᠨ ᠲᠡᠵᠢᠭᠡᠬᠦ ᠵᠠᠷᠤᠳᠠᠯ ᠢ ᠨᠡᠶᠢᠯᠡᠭᠦᠯᠦᠨ ᠪᠣᠳᠣᠬᠤ ᠬᠡᠷᠡᠭᠲᠡᠶ᠃ | 3. ᠬᠠᠤᠯᠢ ᠳᠤ ᠲᠣᠭᠲᠠᠭᠠᠭᠰᠠᠨ ᠠᠰᠠᠷᠠᠨ ᠲᠡᠵᠢᠭᠡᠭᠴᠢ᠂ ᠲᠡᠳᠬᠦᠨ ᠲᠡᠵᠢᠭᠡᠭᠴᠢ ᠨᠢ ᠳᠣᠣᠷᠠᠬᠢ ᠪᠠᠶᠢᠳᠠᠯ ᠤᠨ | ᠨᠢᠭᠡ ᠳᠤ ᠨᠡᠶᠢᠴᠡᠭᠰᠡᠨ ᠪᠠᠶᠢᠪᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠢ ᠬᠢᠨᠠᠨ | ᠲᠣᠭᠲᠠᠭᠠᠬᠤ ᠦᠭᠡᠢ ᠪᠤᠶᠤ ᠳᠤᠲᠠᠭᠤ ᠬᠢᠨᠠᠨ ᠲᠣᠭᠲᠠᠭᠠᠵᠤ ᠪᠣᠯᠤᠨ᠎ᠠ᠄ | ︵1︶ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠣᠳᠣᠬᠠᠨ ᠳᠤ ᠬᠦᠨᠳᠦ ᠣᠨᠴᠠ ᠶᠡᠭᠡ ᠡᠪᠡᠳᠴᠢᠨ ᠳᠤ | ᠨᠡᠷᠪᠡᠭᠳᠡᠭᠰᠡᠨ︔ | ︵2︶ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠥᠮᠦᠰ︔ | ︵3︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ︔ | ︵4︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠬᠥᠮᠦᠰ︔ | ︵5︶ ᠴᠡᠷᠢᠭ ᠤᠨ ᠠᠯᠪᠠ ᠬᠠᠭᠠᠵᠤ ᠪᠠᠶᠢᠭ᠎ᠠ ᠬᠦᠮᠦᠨ ︵ᠬᠤᠶᠠᠷ ᠵᠢᠯ ᠤᠨ ᠠᠯᠪᠡᠨ ᠤ ᠴᠡᠷᠢᠭ ᠢ ᠵᠢᠭᠠᠨ᠎ᠠ︶︔ | | ︵6︶ ᠡᠴᠢᠭᠡ ᠡᠬᠡ ᠪᠤᠶᠤ ᠦᠷ᠎ᠡ ᠬᠡᠦᠬᠡᠳ ᠨᠢ ᠵᠠᠯᠭᠠᠭᠠᠪᠠᠷ 3 ᠵᠢᠯ ᠠᠴᠠ ᠳᠡᠭᠡᠭᠰᠢ ︵3 ᠵᠢᠯ ᠪᠠᠭᠲᠠᠨ᠎ᠠ︶ | ᠭᠡᠷ ᠠᠴᠠ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠠᠵᠢᠯᠲᠠᠨ︔ | ︵7︶ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ᠂ ᠬᠤᠣᠷ᠎ᠠ ᠲᠠᠲᠠᠬᠤ ᠶᠢ ᠵᠣᠭᠰᠣᠭᠠᠬᠤ ᠭᠠᠵᠠᠷ ᠲᠤ | ᠠᠯᠪᠠᠳᠠᠯᠭ᠎ᠠ ᠪᠠᠷ ᠬᠤᠣᠷ᠎ᠠ ᠳᠠᠳᠠᠬᠤ ᠶᠢ ᠵᠣᠭᠰᠣᠭᠠᠯᠭᠠᠵᠦ ᠪᠠᠶᠢᠭ᠎ᠠ ᠬᠥᠮᠦᠰ︔ | ︵8︶ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠦᠮᠦᠰ︔ | ︵9︶ ᠡᠯ᠎ᠡ ᠬᠤᠰᠢᠭᠤ ︵ᠣᠷᠣᠨ︶ ᠶᠢᠨ ᠲᠣᠭᠲᠠᠭᠠᠭᠰᠠᠨ ᠪᠤᠰᠤᠳ ᠪᠠᠶᠢᠳᠠᠯ᠃ | 4. ᠲᠥᠯᠥᠪᠦᠷᠢ ᠶᠢᠨ ᠣᠷᠣᠯᠭ᠎ᠠ ᠶᠢ ᠨᠤᠲᠠᠯᠠᠨ ᠲᠣᠭᠲᠠᠭᠠᠬᠤ᠃ ᠵᠠᠮ ᠬᠠᠷᠢᠯᠴᠠᠭᠠᠨ ᠤ ᠠᠳᠡᠯ᠂ ᠡᠷᠡᠭᠦᠦ ᠶᠢᠨ | ᠬᠡᠷᠡᠭ ᠤᠨ ᠬᠥᠨᠥᠭᠡᠯ᠂ ᠢᠷᠭᠡᠨ ᠤ ᠬᠡᠷᠡᠭ ᠤᠨ ᠬᠤᠬᠢᠷᠠᠯ ᠵᠡᠷᠭᠡ ᠰᠢᠯᠲᠠᠭᠠᠨ ᠠᠴᠠ ᠪᠣᠯᠵᠤ ᠲᠥᠯᠥᠪᠦᠷᠢ ᠣᠯᠤᠭᠰᠠᠨ | ᠪᠣᠯ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠵᠢᠭᠰᠠᠭᠠᠭᠰᠠᠨ ᠠᠮᠢᠳᠤᠷᠠᠯ ᠤᠨ ᠵᠠᠷᠤᠳᠠᠯ ᠢ ᠨᠢ ᠨᠥᠬᠦᠪᠥᠷᠢᠯᠡᠬᠦ ᠳᠤ | ᠬᠡᠷᠡᠭᠯᠡᠭᠰᠡᠨ ᠬᠡᠰᠡᠭ ᠢᠶᠠᠷ ᠨᠢ ᠬᠡᠷᠡᠭᠵᠢᠭᠦᠯᠦᠨ᠎ᠡ᠃ | 5. ᠥᠪ ᠬᠥᠷᠥᠩᠭᠡ ᠶᠢᠨ ᠣᠷᠣᠯᠭ᠎ᠠ᠂ ᠪᠡᠯᠡᠭᠯᠡᠨ ᠬᠦᠷᠭᠡᠯᠲᠡ ᠶᠢ ᠬᠦᠯᠢᠶᠡᠨ ᠠᠪᠤᠭᠰᠠᠨ ︵ᠪᠡᠯᠡᠭᠯᠡᠨ | ᠬᠦᠷᠭᠡᠭᠰᠡᠨ︶ ᠣᠷᠣᠯᠭ᠎ᠠ ᠶᠢ ᠮᠠᠭᠠᠳᠯᠠᠨ ᠲᠣᠭᠲᠠᠭᠠᠬᠤ ᠬᠡᠷᠡᠭᠲᠡᠶ᠃ ᠠᠯᠪᠠᠨ ᠭᠡᠷᠡᠴᠢᠯᠡᠭᠡᠨ ᠤ ᠰᠠᠯᠠᠭ᠎ᠠ ᠮᠥᠴᠢᠷ ᠤᠨ | ᠠᠯᠪᠠᠨ ᠭᠡᠷᠡᠴᠢᠯᠡᠭᠡ ᠬᠢᠵᠦ ᠥᠩᠭᠡᠷᠡᠭᠰᠡᠨ ᠪᠡᠯᠡᠭᠯᠡᠨ ᠬᠦᠷᠭᠡᠬᠦ ᠳᠤ ᠠᠯᠪᠠᠨ ᠭᠡᠷᠡᠴᠢᠯᠡᠭᠡᠨ ᠤ ᠦᠨᠡᠮᠯᠡᠯ ᠳᠤ | ᠳᠣᠭᠳᠠᠭᠠᠭᠰᠠᠨ ᠥᠷᠲᠡᠭ ᠢᠶᠠᠷ ᠬᠢᠨᠠᠨ ᠲᠣᠭᠲᠠᠭᠠᠬᠤ ᠬᠡᠷᠡᠭᠲᠡᠶ᠃ ᠠᠯᠪᠠᠨ ᠭᠡᠷᠡᠴᠢᠯᠡᠭᠡ ᠦᠭᠡᠶ ᠪᠣᠯ ᠪᠣᠳᠠᠲᠠᠶ | ᠨᠤᠲᠠᠯᠠᠭᠰᠠᠨ ᠢ ᠦᠨᠳᠦᠰᠦᠯᠡᠨ᠎ᠡ᠃ | ᠠᠷᠪᠠᠨ ᠲᠠᠪᠤᠳᠤᠭᠠᠷ ᠵᠦᠢᠯ ᠭᠡᠷ ᠪᠦᠯᠢ ᠶᠢᠨ ᠪᠦᠷᠢᠯᠳᠦᠬᠦᠨ ᠤ ᠣᠯᠤᠭᠰᠠᠨ ᠳᠣᠤᠷᠠᠬᠢ ᠮᠡᠲᠦ ᠣᠷᠣᠯᠭ᠎ᠠ ᠶᠢ ᠭᠡᠷ | ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠶ᠄ | ︵ᠨᠢᠭᠡ︶ ᠤᠯᠤᠰ ᠠᠴᠠ ᠲᠣᠭᠲᠠᠭᠠᠭᠰᠠᠨ ᠬᠠᠷᠠᠭᠠᠯᠵᠠᠯ ᠤᠨ ᠠᠰᠠᠷᠠᠮᠵᠢ ᠶᠢᠨ ᠮᠥᠩᠭᠦ᠂ ᠲᠥᠯᠥᠪᠯᠡᠭᠡᠲᠦ | ᠦᠷᠡᠵᠢᠯ ᠤᠨ ᠱᠠᠩᠨᠠᠯ ᠬᠢᠭᠡᠳ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠱᠠᠩᠨᠠᠯ ᠤᠨ ᠮᠥᠩᠭᠦ᠂ ᠦᠨᠡᠨ | ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠵᠡᠷᠭᠡ ᠱᠠᠩᠨᠠᠯ ᠤᠨ ᠴᠢᠨᠠᠷᠲᠠᠢ ᠨᠥᠬᠦᠪᠥᠷᠢ︔ | ︵ᠬᠤᠶᠠᠷ︶ ᠡᠮ ᠡᠮᠨᠡᠯᠭᠡ ᠶᠢᠨ ᠠᠪᠤᠷᠠᠨ ᠲᠤᠰᠠᠯᠠᠬᠤ ᠮᠥᠩᠭᠦ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ | ᠂ ᠰᠤᠷᠭᠠᠨ ᠬᠥᠮᠦᠵᠢᠯ ᠤᠨ ᠨᠥᠬᠦᠪᠥᠷᠢ ᠮᠥᠩᠭᠦ᠂ ᠭᠠᠮᠰᠢᠭᠳᠠᠭᠰᠠᠨ ᠠᠷᠠᠳ ᠤᠨ ᠭᠠᠮᠰᠢᠭᠳᠠᠭᠰᠠᠨ ᠪᠠᠶᠢᠳᠠᠯ ᠢ | ᠦᠨᠳᠦᠰᠦᠯᠡᠨ ᠦᠭᠭᠦᠰᠡᠨ ᠭᠠᠮᠰᠢᠭ ᠠᠴᠠ ᠠᠪᠤᠷᠠᠬᠤ ᠵᠣᠭᠤᠰ ᠡᠳ᠋ ᠪᠣᠳᠠᠰ ᠵᠡᠷᠭᠡ ᠵᠠᠰᠠᠭ ᠤᠨ ᠣᠷᠳᠣᠨ ᠤ | ᠣᠯᠭᠤᠭᠰᠠᠨ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ︔ | ︵ᠭᠤᠷᠪᠠ︶ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠪᠠ ᠥᠨᠳᠥᠷ ᠨᠠᠰᠤᠨ ᠤ ᠨᠡᠮᠡᠭᠦᠷᠢ᠂ | ᠨᠠᠰᠤᠲᠠᠶᠢᠴᠤᠳ ᠤᠨ ᠬᠠᠷᠠᠭᠠᠯᠵᠠᠯ ᠤᠨ ᠮᠥᠩᠭᠦ ᠵᠡᠷᠭᠡ︔ | ︵ᠲᠦᠷᠪᠡ︶ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠪᠤᠶᠤ ᠳᠠᠭᠤᠰᠬᠠᠭᠰᠠᠨ ᠠᠴᠠ ᠪᠣᠯᠵᠤ | ᠬᠥᠳᠡᠯᠮᠦᠷᠢᠯᠡᠭᠴᠢᠳ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠣᠯᠤᠭᠰᠠᠨ ᠠᠵᠤ ᠠᠬᠤᠶ ᠶᠢᠨ | ᠨᠥᠬᠦᠪᠥᠷᠢ ᠮᠥᠩᠭᠦ ᠠᠴᠠ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠡᠰᠡᠭ ᠢᠶᠠᠨ ᠲᠤᠰᠢᠶᠠᠬᠤ ᠬᠡᠷᠡᠭᠲᠡᠶ︔ | ︵ᠲᠠᠪᠤ︶ ᠠᠵᠢᠯᠲᠠᠨ ᠠᠵᠢᠯᠴᠢᠨ ᠠᠵᠢᠯ ᠠᠴᠠ ᠪᠣᠯᠵᠤ ᠭᠡᠮᠲᠦᠭᠰᠡᠨ ᠠᠴᠠ ᠬᠠᠤᠯᠢ ᠶᠣᠰᠣᠭᠠᠷ ᠬᠦᠷᠳᠡᠬᠦ ᠨᠢᠭᠡ | ᠤᠳᠠᠭ᠎ᠠ ᠶᠢᠨ ᠴᠢᠨᠠᠷᠲᠠᠶ ᠵᠡᠮᠳᠡᠭ ᠤᠨ ᠲᠤᠰᠠᠯᠠᠮᠵᠢ ᠶᠢᠨ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠡᠮᠨᠡᠭᠦᠯᠬᠦ | ᠲᠤᠰᠠᠯᠠᠮᠵᠢ ᠶᠢᠨ ᠮᠥᠩᠭᠦ ᠪᠣᠯᠤᠨ ᠵᠡᠮᠳᠡᠭ ᠤᠨ ᠠᠵᠢᠯ ᠣᠯᠬᠤ ᠲᠤᠰᠠᠯᠠᠮᠵᠢ ᠶᠢᠨ ᠮᠥᠩᠭᠦ︔ | ︵ᠵᠢᠷᠭᠤᠭ᠎ᠠ︶ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ︔ | ︵ᠳᠤᠯᠤᠭ᠎ᠠ︶ ᠬᠠᠤᠯᠢ ᠪᠠᠷ ᠲᠤᠭᠲᠠᠭᠠᠭᠰᠠᠨ ᠪᠤᠰᠤ ᠠᠰᠠᠷᠠᠨ ᠲᠡᠵᠢᠭᠡᠬᠦ ᠬᠦᠮᠦᠨ ᠤ ᠥᠭᠭᠦᠭᠰᠡᠨ ᠠᠴᠢᠯᠠᠨ | ᠲᠡᠵᠢᠭᠡᠬᠦ ᠵᠠᠷᠤᠳᠠᠯ︔ | ︵ᠨᠠᠢᠮᠠ︶ ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤ ᠵᠢᠴᠢ 60 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠤᠨ ᠠᠰᠠᠷᠠᠵᠤ ᠪᠠᠶᠢᠭ᠎ᠠ ᠨᠠᠰᠤᠨ ᠳᠤ ᠬᠦᠷᠦᠭᠰᠡᠨ ᠬᠦᠨᠳᠦ ᠵᠡᠮᠳᠡᠭᠴᠦᠳ ᠢ ᠲᠦᠰᠢᠭᠯᠡᠨ | ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠭᠬᠦ | ᠠᠰᠠᠷᠠᠨ ᠲᠡᠵᠢᠭᠡᠬᠦ ᠵᠠᠷᠤᠳᠠᠯ ᠢ ᠪᠣᠯ ᠪᠠᠶᠢᠳᠠᠯ ᠢ ᠨᠢ ᠦᠵᠡᠵᠦ ᠪᠠᠶᠢᠭᠠᠳ ᠵᠣᠬᠢᠰᠲᠠᠶ ᠬᠡᠯᠲᠦᠷᠢᠭᠦᠯᠵᠦ ᠪᠣᠯᠤᠨ᠎ᠠ︔ | ︵ᠶᠢᠰᠦ︶ ᠠᠵᠤ ᠠᠬᠤᠶᠢᠯᠠᠯ ᠤᠨ ᠣᠨᠴᠣᠭᠤᠢ ᠠᠵᠢᠯ ᠲᠥᠷᠥᠯ ᠤᠨ ᠰᠢᠮ᠎ᠡ ᠲᠡᠵᠢᠭᠡᠯ ᠤᠨ ᠨᠥᠬᠦᠪᠥᠷᠢ᠂ | ᠥᠨᠳᠥᠷ ᠳᠤᠯᠠᠭᠠᠨ ᠤ ᠨᠥᠬᠦᠪᠥᠷᠢ ᠵᠡᠷᠭᠡ︔ | ︵ᠠᠷᠪᠠ︶ ᠵᠠᠰᠠᠭ ᠤᠨ ᠣᠷᠳᠣᠨ ᠪᠤᠶᠤ ᠨᠢᠭᠡᠴᠡ ᠠᠴᠠ ᠠᠵᠢᠯ ᠠᠴᠠ ᠪᠠᠨ ᠠᠮᠠᠷᠠᠭᠰᠠᠳ ᠲᠤ ᠣᠯᠭᠤᠭᠰᠠᠨ | ᠪᠠᠶᠠᠷ ᠤᠨ ᠡᠳᠦᠷ ᠤᠨ ᠲᠣᠬᠤᠨᠢᠭᠤᠯᠬᠤ ᠮᠥᠩᠭᠦ︔ | ︵ᠠᠷᠪᠠᠨ ᠨᠢᠭᠡ︶ ᠠᠮᠢᠳᠤᠯᠢᠭ ᠢᠶᠠᠷ ᠠᠵᠢᠯ ᠣᠯᠭᠤᠬᠤ ᠨᠥᠬᠦᠪᠥᠷᠢ ᠪᠠ ᠨᠡᠶᠢᠭᠡᠮ ᠤᠨ ᠳᠠᠭᠠᠳᠬᠠᠯ ᠤᠨ | ᠨᠥᠬᠦᠪᠥᠷᠢ︔ | ︵ᠠᠷᠪᠠᠨ ᠬᠤᠶᠠᠷ︶ ︽ᠣᠷᠣᠨ ᠰᠠᠭᠤᠴᠠ ᠨᠤᠷᠠᠭᠠᠵᠤ ᠨᠡᠭᠦᠯᠭᠡᠬᠦ ᠬᠡᠯᠡᠯᠴᠡᠭᠡᠷ︾ ᠤᠨ ᠲᠣᠭᠲᠠᠭᠠᠯ ᠶᠣᠰᠣᠭᠠᠷ | ᠣᠯᠤᠭᠰᠠᠨ ᠭᠡᠷ ᠨᠡᠭᠦᠯᠭᠡᠬᠦ ᠲᠤᠰᠠᠯᠠᠮᠵᠢ ᠶᠢᠨ ᠵᠠᠷᠤᠳᠠᠯ᠂ ᠲᠦᠷ ᠴᠠᠭ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ︔ | ︵ᠠᠷᠪᠠᠨ ᠭᠤᠷᠪᠠ︶ ᠣᠷᠣᠰᠢᠭᠤᠯᠭ᠎ᠠ ᠶᠢᠨ ᠵᠠᠷᠤᠳᠠᠯ ᠪᠠ ᠨᠢᠭᠡ ᠯᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ | ᠮᠥᠩᠭᠦ᠃ | ︵ᠠᠷᠪᠠᠨ ᠳᠦᠷᠪᠡ︶ ᠬᠥᠮᠦᠨ ᠤ ᠪᠡᠶ᠎ᠡ ᠶᠢᠨ ᠭᠡᠮᠲᠦᠯ ᠢ ᠰᠡᠷᠭᠡᠶᠢᠯᠡᠬᠦ ᠶᠢᠨ ᠲᠥᠯᠥᠭᠡ ᠣᠯᠭᠤᠭᠰᠠᠨ | ᠠᠮᠢᠳᠤᠷᠠᠯ ᠤᠨ ᠵᠠᠷᠤᠳᠠᠯ ᠠᠴᠠ ᠭᠠᠳᠠᠨᠠᠬᠢ ᠬᠡᠰᠡᠭ︔ | ︵ᠠᠷᠪᠠᠨ ᠲᠠᠪᠤ︶ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ | ᠲᠣᠭᠲᠠᠭᠠᠭᠰᠠᠨ ᠪᠤᠰᠤᠳ ᠣᠷᠣᠯᠭ᠎ᠠ᠃ | ᠠᠷᠪᠠᠨ ᠵᠢᠷᠭᠤᠳᠤᠭᠠᠷ ᠵᠦᠢᠯ ᠭᠡᠷ ᠪᠦᠯᠢ ᠶᠢᠨ ᠡᠷᠬᠡᠪᠰᠢ ᠵᠠᠷᠣᠴᠠᠭᠤᠯᠬᠤ ᠵᠠᠷᠤᠯᠭ᠎ᠠ ᠶᠢ ᠰᠠᠭᠤᠯᠭᠠᠨ ᠬᠠᠰᠤᠬᠤ | ᠬᠡᠷᠡᠭᠲᠡᠶ᠃ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠵᠡᠮᠳᠡᠭ᠂ ᠬᠦᠨᠳᠦ ᠶᠡᠭᠡ | ᠡᠪᠡᠳᠴᠢᠨ ᠳᠤ ᠨᠡᠷᠪᠡᠭᠳᠡᠭᠰᠡᠨ ᠵᠡᠷᠭᠡ ᠳᠤ ᠨᠡᠮᠡᠭᠳᠡᠭᠰᠡᠨ ᠵᠠᠶᠢᠯᠠᠰᠢ ᠦᠭᠡᠶ ᠵᠠᠷᠤᠯᠭ᠎ᠠ᠂ ᠴᠢᠬᠤᠯᠠ ᠪᠦᠬᠦᠢ ᠠᠵᠢᠯ | ᠣᠯᠭᠤᠬᠤ ᠥᠪᠡᠷ ᠤᠨ ᠥᠷᠲᠡᠭ ᠵᠡᠷᠭᠡ ᠶᠢ ᠭᠡᠷ ᠪᠦᠯᠢ ᠶᠢᠨ ᠣᠷᠣᠯᠭ᠎ᠠ ᠳᠤ ᠲᠣᠭᠠᠴᠠᠭ᠎ᠠ ᠬᠢᠬᠦ ᠦᠶ᠎ᠡ ᠳᠤ | ᠲᠣᠭᠲᠠᠭᠠᠯ ᠶᠣᠰᠣᠭᠠᠷ ᠵᠣᠬᠢᠬᠤ ᠬᠡᠮᠵᠢᠶ᠎ᠡ ᠪᠠᠷ ᠬᠠᠰᠤᠵᠤ ᠪᠣᠯᠤᠨ᠎ᠠ᠃ | ︵ᠨᠢᠭᠡ︶ ᠭᠤᠶᠤᠴᠢᠯᠠᠬᠤ ᠴᠠᠭ ᠠᠴᠠ ᠡᠮᠦᠨ᠎ᠡ 12 ᠰᠠᠷ᠎ᠠ ᠶᠢᠨ ᠳᠣᠲᠣᠷ᠎ᠠ᠂ ᠬᠦᠨᠳᠦ ᠣᠨᠴᠠ ᠶᠡᠭᠡ | ᠡᠪᠡᠳᠴᠢᠨ ᠳᠤ ᠨᠡᠷᠪᠡᠭᠳᠡᠭᠰᠡᠳ ᠡᠮᠨᠡᠯᠭᠡ ᠳᠤ ᠰᠠᠭᠤᠵᠤ ᠡᠮᠨᠡᠨ ᠵᠠᠰᠠᠭᠤᠯᠤᠭᠰᠠᠨ ᠪᠠ ᠤᠳᠠᠭᠠᠨ ᠴᠢᠨᠠᠷᠲᠠᠶ | ᠡᠪᠡᠳᠴᠢᠨ ᠳᠤ ᠨᠡᠷᠪᠡᠭᠳᠡᠭᠰᠡᠳ ᠡᠮᠨᠡᠯᠭᠡ ᠳᠤ ᠰᠠᠭᠤᠵᠤ ᠡᠮᠨᠡᠨ ᠵᠠᠰᠠᠭᠤᠯᠤᠭᠰᠠᠨ ᠬᠥᠮᠦᠰ ᠤᠨ ᠡᠮ ᠡᠮᠨᠡᠯᠭᠡ ᠶᠢᠨ | ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭ᠎ᠠ ᠪᠠ ᠡᠮ ᠡᠮᠨᠡᠯᠭᠡ ᠶᠢᠨ ᠠᠪᠤᠷᠠᠨ | ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠪᠤᠶᠤ ᠪᠤᠰᠤᠳ ᠰᠠᠯᠠᠭ᠎ᠠ ᠮᠥᠴᠢᠷ ᠳᠠᠬᠢᠨᠲᠠ ᠳᠠᠩᠰᠠ | ᠲᠠᠶᠢᠯᠬᠤ ᠪᠠ ᠠᠪᠤᠷᠠᠨ ᠲᠤᠰᠠᠯᠠᠭᠰᠠᠨ ᠤ ᠳᠠᠷᠠᠭ᠎ᠠ᠂ ᠬᠤᠪᠢ ᠬᠥᠮᠦᠨ ᠤ ᠪᠣᠳᠠᠲᠠᠶ ᠥᠪᠡᠰᠦᠪᠡᠨ ᠭᠠᠷᠭᠠᠬᠤ | ᠬᠡᠰᠡᠭ ᠤᠨ ᠡᠮ ᠡᠮᠨᠡᠯᠭᠡ ᠶᠢᠨ ᠵᠠᠷᠤᠳᠠᠯ︔ | ︵ᠬᠤᠶᠠᠷ︶ ᠡᠮᠴᠢᠯᠡᠭᠡᠨ ᠤ ᠲᠠᠭᠠᠳᠬᠠᠯ ᠢ ᠲᠣᠰᠢᠶᠠᠭᠠᠳᠤᠢ ᠡᠮᠴᠢᠯᠡᠭᠡᠨ ᠤ ᠲᠠᠭᠠᠳᠬᠠᠯ ᠤᠨ ᠲᠠᠩᠰᠠ ᠳᠡᠶᠢᠯᠵᠦ | ᠲᠡᠶᠢᠯᠬᠦ ᠦᠭᠡᠢ ᠬᠦᠴᠢᠷᠳᠡᠯᠳᠡᠢ ᠭᠡᠷ ᠪᠦᠯᠢ ᠨᠢ ᠡᠮ ᠡᠮᠨᠡᠯᠭᠡ ᠶᠢᠨ ᠵᠠᠷᠣᠳᠡᠯ ᠤᠨ ᠶᠡᠷᠦᠩᠭᠡᠢ ᠲᠤᠭ᠎ᠠ ᠶᠢᠨ | 60% ᠠᠴᠠ ᠲᠣᠣᠷ᠎ᠠ ᠪᠠᠶᠢᠯᠭᠠᠬᠤ ᠦᠭᠡᠢ ᠪᠠᠷ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠣᠵᠦ᠂ | ᠡᠮᠴᠢᠯᠡᠭᠡᠨ ᠤ ᠪᠠᠶᠢᠭᠤᠯᠥᠮᠵᠢ ᠶᠢᠨ ᠡᠮᠴᠢᠯᠡᠭᠡᠨ ᠬᠢᠬᠦ ᠴᠢᠬᠤᠯᠡᠳᠡᠢ ᠡᠪᠡᠳᠴᠢᠨ ᠤ ᠲᠡᠣᠭᠡ᠂ ᠣᠨᠣᠰᠢᠯᠠᠯᠳᠠ ᠶᠢᠨ | ᠪᠢᠴᠢᠭ ᠵᠢᠴᠢ ᠡᠮ ᠡᠮᠨᠡᠯᠭᠡ ᠶᠢᠨ ᠵᠠᠷᠣᠳᠡᠯ ᠤᠨ ᠫᠢᠶᠤᠤ ᠪᠡᠷᠢᠮᠳᠡ ᠶᠢᠨ ᠤᠭ ᠵᠦᠢᠯ ᠢ ᠬᠠᠩᠭᠠᠬᠤ ᠭᠡᠷᠡᠭᠳᠡᠢ︔ | ︵ᠭᠤᠷᠪᠠ︶ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠬᠦᠨᠳᠦ ᠵᠡᠮᠳᠡᠭ | ᠪᠤᠶᠤ ᠬᠦᠨᠳᠦ ᠡᠪᠡᠳᠴᠢᠨ ᠲᠠᠢ ᠣᠷᠳᠣ ᠬᠤᠭᠤᠴᠠᠭ᠎ᠠ ᠪᠠᠷ ᠰᠤᠪᠢᠯᠠᠬᠤ ᠴᠢᠬᠤᠯᠠᠲᠠᠶ ᠪᠠᠶᠢᠪᠠᠯ᠂ ᠰᠤᠪᠢᠯᠠᠯᠲᠠ ᠶᠢᠨ | ᠵᠠᠷᠤᠳᠠᠯ ᠢ ︽ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ | ︹2021︺ 43 ᠳ᠋ᠤᠭᠠᠷ ᠲᠣᠭᠠᠲᠤ ᠪᠠᠷ ᠯᠠᠪᠯᠠᠯᠲᠠ ᠪᠣᠯᠭᠠᠨ᠎ᠠ︶ ᠳᠤᠮᠳᠠ ︽ᠬᠥᠳᠡᠯᠮᠦᠷᠢᠯᠡᠬᠦ ᠴᠢᠳᠠᠪᠤᠷᠢ ᠪᠠᠨ | ᠪᠦᠷᠢᠮᠦᠰᠦᠨ ᠠᠯᠳᠠᠭᠰᠠᠨ︾᠂ ︽ᠬᠥᠳᠡᠯᠮᠦᠷᠢᠯᠡᠬᠦ ᠴᠢᠳᠠᠪᠤᠷᠢ ᠪᠠᠨ ᠬᠠᠭᠠᠰ ᠠᠯᠳᠠᠭᠰᠠᠨ︾ ᠲᠠᠢ ᠬᠠᠷᠢᠴᠠᠭᠤᠯᠣᠨ | ᠣᠯᠭᠤᠬᠤ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢᠨ ᠨᠥᠬᠦᠪᠥᠷᠢ ᠵᠠᠷᠤᠳᠠᠯ︔ | ︵ᠲᠦᠷᠪᠡ︶ ᠰᠤᠷᠭᠠᠭᠤᠯᠢ ᠳᠤ ᠪᠠᠶᠢᠭ᠎ᠠ ᠤᠶᠤᠲᠠᠳ ᠤᠨ ᠰᠤᠷᠤᠯᠭ᠎ᠠ ᠪᠠ ᠠᠮᠢᠳᠤᠷᠠᠯ ᠤᠨ ᠵᠠᠷᠤᠳᠠᠯ ᠢ ᠵᠢᠯ | ᠪᠦᠷᠢ 8000 ᠲᠥᠭᠦᠷᠢᠭ ᠤᠨ ᠪᠠᠷᠢᠮᠵᠢᠶ᠎ᠠ ᠪᠠᠷ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠨ᠎ᠠ︔ | ︵ᠲᠠᠪᠤ︶ ᠭᠡᠷ ᠪᠠᠶᠢᠰᠢᠩ ᠤᠨ ᠦᠮᠴᠢᠯᠡᠬᠦ ᠡᠷᠬᠡ ᠶᠢ ᠭᠤᠶᠤᠴᠢᠯᠠᠭᠴᠢ ᠶᠢᠨ ᠭᠡᠷ ᠪᠠᠶᠢᠰᠢᠩ ᠤᠨ ᠳᠦᠷᠢᠶᠡᠰᠦᠯᠡᠯ | ︵ᠬᠦᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠶᠢ 35 ᠳᠡᠭᠰᠢ ᠳᠦᠷᠪᠡᠯᠵᠢᠨ ᠮᠧᠲᠷ ᠠᠴᠠ | ᠬᠡᠲᠦᠷᠡᠭᠦᠯᠵᠦ ᠪᠣᠯᠬᠤ ᠦᠭᠡᠢ︶ ᠤᠨ ᠵᠠᠷᠤᠳᠠᠯ ᠢ ᠭᠡᠷ ᠪᠦᠯᠢ ᠶᠢᠨ ᠴᠢᠬᠤᠯᠠ ᠬᠡᠷᠡᠭᠴᠡᠭᠡ ᠪᠦᠬᠦᠢ ᠵᠠᠷᠤᠯᠭ᠎ᠠ ᠪᠠᠷ ᠭᠡᠷ | ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠡᠭᠡᠨ ᠲᠤᠬᠠᠢ ᠶᠢᠨ ᠭᠠᠵᠠᠷ ᠤᠨ ᠣᠯᠠᠨ ᠨᠡᠶᠢᠲᠡ ᠶᠢᠨ | ᠳᠦᠷᠢᠶᠡᠰᠦᠯᠡᠯ ᠤᠨ ᠭᠡᠷ ᠪᠠᠶᠢᠰᠢᠩ ᠤᠨ ᠳᠦᠷᠢᠶᠡᠰᠦᠯᠡᠯ ᠤᠨ ᠵᠠᠷᠤᠳᠠᠯ ᠢ ᠵᠣᠬᠢᠰᠲᠠᠢ ᠪᠠᠷ ᠰᠠᠭᠤᠯᠭᠠᠨ ᠠᠪᠴᠤ | ᠪᠣᠯᠣᠨ᠎ᠠ︔ | ︵ᠵᠢᠷᠭᠤᠭ᠎ᠠ︶ ᠭᠤᠷᠪᠠᠳᠠᠬᠢ ᠡᠲᠡᠭᠡᠳ ᠤᠨ ᠬᠠᠷᠢᠭᠤᠴᠠᠯᠭᠠᠲᠠᠨ ᠤ ᠵᠠᠮ ᠬᠠᠷᠢᠯᠴᠠᠭᠠᠨ ᠤ ᠠᠳᠡᠯ᠂ ᠡᠷᠡᠭᠦᠦ ᠶᠢᠨ | ᠬᠡᠷᠡᠭ ᠪᠠ ᠬᠤᠣᠷ᠎ᠠ ᠲᠠᠲᠠᠬᠤ᠂ ᠪᠡᠶ᠎ᠡ ᠪᠠᠨ ᠵᠡᠮᠳᠡᠭ ᠪᠣᠯᠭᠠᠬᠤ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠤᠨ ᠲᠠᠩᠰᠠ ᠲᠠᠶᠢᠯᠤᠭᠰᠠᠨ ᠥᠬᠡᠶ ᠡᠮ ᠡᠮᠨᠡᠯᠭᠡ ᠶᠢᠨ ᠵᠠᠷᠤᠳᠠᠯ ᠢ ᠬᠡᠷ ᠪᠦᠯᠢ ᠶᠢᠨ ᠴᠢᠬᠤᠯᠠ ᠬᠡᠷᠡᠭᠴᠡᠭᠡᠨ ᠤ | ᠴᠢᠨᠠᠷᠲᠠᠶ ᠵᠠᠷᠤᠯᠭ᠎ᠠ ᠶᠢᠨ ᠬᠡᠪᠴᠢᠶᠡᠨ ᠳᠤ ᠣᠷᠣᠭᠤᠯᠬᠤ ᠥᠬᠡᠶ︔ | ︵ᠳᠤᠯᠤᠭ᠎ᠠ︶ ᠰᠠᠷ᠎ᠠ ᠪᠦᠷᠢ ᠭᠡᠷ ᠪᠦᠯᠢ ᠶᠢᠨ ᠴᠢᠬᠤᠯᠠ ᠪᠦᠬᠦᠢ ᠵᠠᠷᠤᠯᠭ᠎ᠠ ᠶᠢᠨ ᠲᠤᠭ᠎ᠠ = ᠭᠤᠶᠤᠴᠢᠯᠠᠬᠤ | ᠴᠠᠭ ᠠᠴᠠ ᠡᠮᠦᠨ᠎ᠡ 12 ᠰᠠᠷ᠎ᠠ ᠶᠢᠨ ᠳᠣᠲᠣᠷ᠎ᠠ ᠥᠪᠡᠷᠲᠡᠭᠡᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠤᠨ | ᠨᠡᠶᠢᠯᠡᠪᠦᠷᠢ ᠪᠣᠯᠣᠨ᠎ᠠ᠃ | ᠠᠷᠪᠠᠨ ᠳᠣᠯᠣᠳᠤᠭᠠᠷ ᠵᠦᠢᠯ ᠭᠡᠷ ᠪᠦᠯᠢ ᠶᠢᠨ ᠡᠳ᠋ ᠬᠥᠷᠥᠩᠭᠡ ᠭᠡᠳᠡᠭ ᠨᠢ ᠬᠠᠮᠲᠤᠪᠠᠷ ᠠᠮᠢᠳᠤᠷᠠᠵᠤ ᠪᠠᠶᠢᠭ᠎ᠠ | ᠭᠡᠷ ᠪᠦᠯᠢ ᠶᠢᠨ ᠪᠦᠷᠢᠯᠳᠦᠬᠦᠨ ᠤ ᠡᠵᠡᠮᠰᠢᠵᠦ ᠪᠦᠬᠦᠢ ᠪᠦᠬᠦ ᠬᠥᠳᠡᠯᠬᠦ ᠬᠥᠷᠥᠩᠭᠡ ᠪᠣᠯᠤᠨ ᠦᠯᠦ ᠬᠥᠳᠡᠯᠬᠦ | ᠬᠥᠷᠥᠩᠭᠡ ᠶᠢ ᠵᠢᠭᠠᠵᠤ ᠪᠤᠶ᠃ ᠬᠥᠳᠡᠯᠬᠦ ᠬᠥᠷᠥᠩᠭᠡ ᠳᠤ ᠭᠤᠣᠯᠳᠠᠭᠤ ᠪᠠᠩᠬᠢ ᠶᠢᠨ ᠬᠠᠳᠠᠭᠠᠯᠠᠮᠵᠢ᠂ ᠲᠡᠮᠳᠡᠭᠲᠦ᠂ | ᠰᠠᠭᠤᠷᠢ ᠮᠥᠩᠭᠦ᠂ ᠬᠤᠳᠠᠯᠳᠤᠭᠠᠨ ᠤ ᠳᠠᠭᠠᠳᠬᠠᠯ᠂ ᠠᠪᠴᠠᠭᠠᠨ ᠤ ᠡᠷᠬᠡ᠂ ᠢᠨᠲ᠋ᠧᠷ ᠰᠦᠯᠵᠢᠶᠡᠨ ᠤ ᠮᠥᠩᠭᠦᠨ | ᠭᠦᠢᠯᠭᠡᠭᠡᠨ ᠤ ᠡᠳ᠋ ᠬᠥᠷᠥᠩᠭᠡ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ᠂ ᠲᠡᠷᠭᠡ ᠬᠥᠰᠬᠡ ᠵᠡᠷᠭᠡ ᠪᠠᠭᠲᠠᠨ᠎ᠠ᠃ | ᠥᠯᠥ ᠬᠥᠳᠡᠯᠬᠦ ᠬᠥᠷᠥᠩᠭᠡ ᠳᠤ ᠭᠤᠤᠯᠳᠠᠭᠤ ᠭᠡᠷ ᠪᠠᠶᠢᠰᠢᠩ᠂ ᠣᠶ ᠮᠣᠳᠣ ᠵᠡᠷᠭᠡ ᠲᠣᠭᠲᠠᠮᠠᠯ ᠪᠣᠳᠠᠰ ᠢ ᠪᠠᠭᠲᠠᠭᠠᠨ᠎ᠠ | ᠃ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠢᠶᠠᠨ ᠠᠷᠭᠠᠴᠠᠬᠤ ᠴᠢᠬᠤᠯᠠ ᠪᠦᠬᠦᠢ ᠡᠳ᠋ ᠬᠥᠷᠥᠩᠭᠡ ᠶᠢ ᠪᠣᠯ ᠭᠡᠷ | ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠢ ᠮᠠᠭᠠᠳᠯᠠᠬᠤ ᠦᠶ᠎ᠡ ᠳᠤ ᠬᠡᠯᠲᠦᠷᠢᠭᠦᠯᠵᠦ ᠪᠣᠯᠤᠨ᠎ᠠ᠃ | ᠠᠷᠪᠠᠨ ᠨᠠᠢᠮᠠᠳᠣᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠭᠡᠷ ᠪᠦᠯᠢ ᠶᠢᠨ | ᠡᠳ᠋ ᠬᠥᠷᠥᠩᠭᠡ ᠨᠢ ᠳᠣᠤᠷᠠᠬᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠭᠡᠷ ᠪᠦᠯᠢ ᠶᠢᠨ ᠪᠦᠷᠢᠯᠳᠦᠬᠦᠨ ᠳᠤ ᠨᠣᠭᠳᠠᠬᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢ | ᠲᠤᠬᠠᠶ ᠶᠢᠨ ᠵᠢᠯ ᠤᠨ ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠦᠯᠵᠦ ᠪᠣᠯᠬᠤ ᠥᠬᠡᠶ︔ | ︵ᠬᠤᠶᠠᠷ︶ ᠭᠡᠷ ᠪᠦᠯᠢ ᠶᠢᠨ ᠪᠦᠷᠢᠯᠳᠦᠬᠦᠨ ᠨᠢ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ | ᠦᠭᠡᠢ ᠲᠡᠷᠭᠡ ᠬᠥᠰᠬᠡ ︵ᠡᠩ ᠤᠨ ᠬᠤᠶᠠᠷ ᠬᠦᠷᠳᠦᠲᠦ ᠮᠣᠲ᠋ᠣᠷ᠂ ᠭᠤᠷᠪᠠᠨ ᠬᠦᠷᠳᠦᠲᠦ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡ᠂ ᠵᠡᠮᠳᠡᠭᠴᠦᠳ ᠤᠨ ᠴᠢᠳᠠᠮᠵᠢ ᠶᠢᠨ ᠴᠢᠨᠠᠷᠲᠠᠶ ᠲᠡᠷᠭᠡ ᠬᠥᠰᠬᠡ᠂ ᠨᠠᠰᠤᠲᠠᠶᠢᠴᠤᠳ ᠤᠨ | ᠶᠠᠪᠠᠭᠠᠨ ᠮᠠᠰᠢᠨᠲᠤ ᠲᠡᠷᠭᠡ︶ ᠣᠩᠭᠤᠴᠠ︔ | ︵ᠭᠤᠷᠪᠠ︶ ᠬᠡᠷ ᠪᠦᠯᠢ ᠶᠢᠨ ᠪᠦᠷᠢᠯᠳᠦᠬᠦᠨ ᠨᠢ ᠪᠠᠷᠢᠮᠵᠢᠶ᠎ᠠ ᠠᠴᠠ ᠬᠡᠲᠦᠷᠡᠭᠰᠡᠨ ᠳᠡᠭᠡᠳᠦ ᠲᠠᠰ ᠤᠨ ᠬᠡᠷ ᠤᠨ | ᠴᠠᠬᠢᠯᠭᠠᠨ ᠬᠡᠷᠡᠭᠰᠡᠯ ︵ᠪᠣᠳᠠᠲᠠᠶ ᠡᠯ᠎ᠡ ᠬᠤᠰᠢᠭᠤ ᠣᠷᠣᠨ ᠨᠢ ᠭᠠᠵᠠᠷ ᠣᠷᠣᠨ ᠤ ᠪᠣᠳᠠᠲᠠᠶ ᠪᠠᠶᠢᠳᠠᠯ ᠢ | ᠦᠨᠳᠦᠰᠦᠯᠡᠨ ᠲᠣᠭᠲᠠᠭᠠᠨ᠎ᠠ︶︔ | ︵ᠲᠦᠷᠪᠡ︶ ᠭᠡᠷ ᠪᠦᠯᠢ ᠳᠤ ᠵᠥᠪᠬᠡᠨ ᠨᠢᠭᠡ ᠢᠵᠢ 120 ᠳᠡᠭᠰᠢ ᠳᠦᠷᠪᠡᠯᠵᠢᠨ ᠮᠧᠲᠷ ᠠᠴᠠ ᠳᠣᠷᠣᠭᠰᠢ | ᠣᠷᠣᠨ ᠰᠠᠭᠤᠴᠠ ᠪᠤᠶᠤ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 35 ᠳᠡᠭᠰᠢ ᠳᠦᠷᠪᠡᠯᠵᠢᠨ | ᠮᠧᠲᠷ ᠠᠴᠠ ᠬᠡᠲᠦᠷᠡᠬᠦ ᠦᠭᠡᠢ ᠬᠤᠶᠠᠷ ᠣᠷᠣᠨ ᠰᠠᠭᠤᠴᠠ ᠲᠠᠢ᠂ ᠲᠦᠷᠢᠶᠡᠰᠦᠯᠡᠭᠰᠡᠨ ᠦᠬᠡᠢ ᠪᠤᠶᠤ ᠬᠡᠷᠡᠭᠯᠡᠭᠰᠡᠨ | ᠦᠭᠡᠢ᠃ | ᠠᠷᠪᠠ ᠶᠢᠰᠦᠳᠦᠭᠡᠷ ᠵᠦᠢᠯ ᠭᠡᠷ ᠪᠦᠯᠢ ᠶᠢᠨ ᠪᠡᠯᠡ ᠣᠷᠣᠭᠤᠯᠤᠯᠲᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ᠄ | ︵ᠨᠢᠭᠡ︶ ᠭᠡᠷ ᠪᠦᠯᠢ ᠶᠢᠨ ᠪᠦᠷᠢᠯᠳᠦᠬᠦᠨ ᠨᠢ ᠭᠠᠵᠠᠷ ᠰᠢᠷᠣᠶ᠂ ᠭᠡᠷ ᠪᠠᠶᠢᠰᠢᠩ᠂ ᠪᠡᠯᠡᠨ ᠮᠥᠩᠭᠦ᠂ ᠮᠡᠷᠭᠡᠵᠢᠯ | ᠵᠡᠷᠭᠡ ᠪᠠᠷ ᠬᠤᠪᠢ ᠣᠷᠣᠭᠤᠯᠵᠤ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠵᠤ᠂ ᠲᠡᠭᠦᠨ ᠤ ᠬᠤᠪᠢ | ᠣᠷᠣᠭᠤᠯᠤᠭᠰᠠᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠰᠲ᠋ᠣᠺ ᠤᠨ ᠡᠷᠬᠡ ᠶᠢᠨ | ᠬᠠᠷᠢᠴᠠᠯ ᠪᠠ ᠲᠡᠭᠦᠨ ᠤ ᠦᠢᠯᠡᠳᠪᠦᠷᠢᠯᠡᠯ ᠤᠨ ᠠᠵᠢᠯᠯᠠᠭ᠎ᠠ ᠶᠢᠨ ᠪᠠᠶᠢᠳᠠᠯ ᠢ ᠦᠨᠳᠦᠰᠦᠯᠡᠨ ᠲᠡᠳᠡᠨ ᠤ ᠭᠡᠷ | ᠪᠦᠯᠢ ᠶᠢᠨ ᠣᠷᠣᠯᠭ᠎ᠠ ᠶᠢ ᠬᠢᠨᠠᠨ ᠲᠣᠭᠲᠠᠭᠠᠨ᠎ᠠ︔ | ︵ᠬᠤᠶᠠᠷ︶ ᠬᠡᠷ ᠪᠦᠯᠢ ᠶᠢᠨ ᠪᠦᠷᠢᠯᠳᠦᠬᠦᠨ ᠡᠵᠡᠩᠨᠡᠯᠲᠡ ᠶᠢᠨ ᠠᠵᠢᠯᠯᠠᠭ᠎ᠠ ᠬᠢᠬᠦ ᠳᠤ ᠦᠢᠯᠡᠳᠪᠦᠷᠢ | ᠬᠤᠳᠠᠯᠳᠤᠭ᠎ᠠ ᠪᠤᠶᠤ ᠬᠤᠷᠰᠢᠶᠠᠨ ᠤ ᠳᠠᠩᠰᠠᠯᠠᠭᠤᠯᠤᠭᠰᠠᠨ ᠲᠡᠮᠳᠡᠭᠯᠡᠯ ᠦᠭᠡᠢ ᠪᠣᠯᠪᠠᠴᠤ ᠦᠷᠭᠦᠯᠵᠢ ᠬᠥᠯᠥᠰᠥᠨ | ᠠᠵᠢᠯᠴᠢᠨ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠠᠶᠢᠪᠠᠯ᠂ ᠡᠯ᠎ᠡ ᠬᠤᠰᠢᠭᠤ ︵ᠣᠷᠣᠨ︶ ᠪᠣᠳᠠᠲᠤ | ᠪᠠᠶᠢᠳᠠᠯ ᠢ ᠦᠨᠳᠦᠰᠦᠯᠡᠨ ᠮᠠᠭᠠᠳᠯᠠᠨ᠎ᠠ᠃ | ᠬᠤᠷᠢᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠨ 3 ᠠᠵᠢᠯᠯᠠᠬᠤ | ᠡᠳᠦᠷ ᠤᠨ ᠳᠣᠲᠣᠷ᠎ᠠ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠠᠵᠢᠯ ᠢ ᠡᠬᠢᠯᠡᠭᠦᠯᠬᠦ ᠬᠡᠷᠡᠭᠲᠡᠶ | ᠃ ᠪᠠᠶᠢᠴᠠᠭᠠᠯᠲᠠ ᠶᠢ ᠡᠷᠦᠬᠡ ᠳᠤ ᠬᠦᠷᠴᠦ ᠪᠠᠶᠢᠴᠠᠭᠠᠬᠤ᠂ ᠬᠥᠷᠰᠢ ᠵᠡᠷᠭᠡᠯᠡᠳᠡᠭᠡ ᠪᠠᠨ ᠰᠤᠷᠪᠤᠯᠵᠢᠯᠠᠬᠤ᠂ ᠵᠠᠬᠢᠳᠠᠯ | ᠴᠢᠮᠡᠭᠡ ᠪᠠᠷ ᠭᠡᠷᠡᠴᠢ ᠠᠪᠬᠤ ᠪᠤᠶᠤ ᠬᠤᠰᠢᠭᠤᠨ ︵ ᠣᠷᠣᠨ︶ ᠤ ᠠᠷᠠᠳ ᠤᠨ ᠶᠠᠪᠤᠳᠠᠯ ᠤᠨ ᠲᠣᠪᠴᠢᠶ᠎ᠠ ᠳᠤ | ᠳᠡᠪᠰᠢᠭᠦᠯᠦᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠠᠷᠭ᠎ᠠ | ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃ | ᠭᠡᠷ ᠪᠦᠯᠢ ᠶᠢᠨ ᠪᠦᠷᠢᠯᠳᠦᠬᠦᠨ ᠤ ᠪᠠᠶᠢᠩᠭᠤ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ | ᠨᠢᠭᠡᠳᠦᠯ ᠦᠭᠡᠶ ᠪᠠᠶᠢᠪᠠᠯ᠂ ᠪᠠᠶᠢᠩᠭᠤ ᠰᠠᠭᠤᠭ᠎ᠠ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠭᠡᠷ ᠪᠦᠯᠢ ᠶᠢᠨ ᠠᠵᠤ ᠠᠬᠤᠶ ᠶᠢᠨ | ᠪᠠᠶᠢᠳᠠᠯ ᠤᠨ ᠪᠠᠶᠢᠴᠠᠭᠠᠯᠲᠠ᠂ ᠬᠥᠳᠡᠯᠦᠩᠭᠦᠶ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠬᠠᠮᠵᠢᠯᠴᠠᠨ | ᠥᠷᠨᠢᠭᠦᠯᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠳᠣᠤᠷᠠᠬᠢ | ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ | ᠪᠠᠶᠢᠳᠠᠯ ᠢ ᠪᠠᠶᠢᠴᠠᠭᠠᠨ ᠬᠠᠷᠭᠤᠭᠤᠯᠵᠤ ᠪᠣᠯᠤᠨ᠎ᠠ᠃ ᠳᠤᠭᠤᠶᠢᠯᠠᠩ ᠪᠦᠷᠢ ᠶᠢᠨ ᠪᠠᠶᠢᠴᠠᠭᠠᠬᠤ ᠠᠵᠢᠯᠲᠠᠨ ᠨᠢ 2 | ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ᠃ | ︵ᠨᠢᠭᠡ︶ ᠡᠷᠦᠬᠡ ᠳᠤ ᠬᠦᠷᠴᠦ ᠪᠠᠶᠢᠴᠠᠭᠠᠯᠲᠠ ᠬᠢᠨ᠎ᠡ᠃ ᠪᠠᠶᠢᠴᠠᠭᠠᠬᠤ ᠠᠵᠢᠯᠲᠠᠨ ᠭᠤᠶᠤᠴᠢᠯᠠᠭᠰᠠᠨ ᠭᠡᠷ | ᠪᠦᠯᠢ ᠳᠤ ᠬᠦᠷᠴᠦ ᠲᠡᠭᠦᠨ ᠤ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ | ᠰᠠᠭᠤᠬᠤ᠂ ᠬᠡᠷᠡᠭᠯᠡᠬᠦ ᠵᠡᠷᠭᠡ ᠪᠣᠳᠠᠲᠠᠢ ᠠᠮᠢᠳᠤᠷᠠᠯ ᠤᠨ ᠪᠠᠶᠢᠳᠠᠯ ᠢ ᠣᠶᠢᠯᠠᠭᠠᠨ᠎ᠠ᠃ ᠡᠷᠦᠬᠡ ᠳᠤ ᠬᠦᠷᠴᠦ | ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠡᠷᠦᠬᠡ ᠳᠤ ᠬᠦᠷᠴᠦ ᠪᠠᠶᠢᠴᠠᠭᠠᠯᠲᠠ | ᠬᠢᠬᠦ ᠬᠦᠰᠦᠨᠦᠭᠲᠦ ᠶᠢ ᠲᠠᠭᠯᠠᠬᠤ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠤᠨ ᠲᠤᠬᠠᠶ ᠶᠢᠨ ᠭᠠᠵᠠᠷ ᠲᠤ ᠪᠠᠶᠢᠭ᠎ᠠ | ᠬᠠᠮᠲᠤ ᠶᠢᠨ ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠶ᠃ | | ︵ᠬᠤᠶᠠᠷ︶ ᠬᠥᠷᠰᠢ ᠵᠡᠷᠭᠡᠯᠡᠳᠡᠭᠡ ᠶᠢᠨ ᠰᠤᠷᠪᠤᠯᠵᠢᠯᠠᠭ᠎ᠠ᠃ ᠪᠠᠶᠢᠴᠠᠭᠠᠬᠤ ᠠᠵᠢᠯᠲᠠᠨ ᠭᠡᠷ ᠪᠦᠯᠢ ᠶᠢᠨ ᠪᠠᠶᠢᠭ᠎ᠠ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠪᠠᠶᠢᠴᠠᠭᠠᠯᠲᠠ ᠬᠢᠨ᠎ᠡ᠃ ᠰᠠᠭᠤᠭᠠᠯᠢ ᠠᠷᠠᠳ ᠤᠨ | ᠵᠥᠪᠯᠡᠯ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠠ ᠪᠣᠳᠠᠲᠠᠢ ᠠᠮᠢᠳᠤᠷᠠᠯ ᠤᠨ ᠪᠠᠶᠢᠳᠠᠯ ᠢ ᠰᠤᠷᠪᠤᠯᠵᠢᠯᠠᠨ | ᠣᠶᠢᠯᠠᠭᠠᠨ᠎ᠠ᠃ | ︵ᠭᠤᠷᠪᠠ︶ ᠵᠠᠬᠢᠳᠠᠯ ᠢᠶᠠᠷ ᠭᠡᠷᠡᠴᠢ ᠠᠪᠤᠨ᠎ᠠ᠃ ᠪᠠᠶᠢᠴᠠᠭᠠᠭᠴᠢ ᠠᠴᠠ ᠵᠠᠬᠢᠳᠠᠯ ᠴᠢᠮᠡᠭᠡ ᠵᠡᠷᠭᠡ ᠠᠷᠭ᠎ᠠ | ᠮᠠᠶ᠋ᠢᠭ ᠢᠶᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ | ᠠᠪᠣᠨ᠎ᠠ᠃ | ︵ᠲᠦᠷᠪᠡ︶ ᠪᠤᠰᠤᠳ ᠪᠠᠶᠢᠴᠠᠭᠠᠬᠤ ᠠᠷᠭ᠎ᠠ ᠬᠡᠯᠪᠡᠷᠢ᠃ | ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠦᠶ᠎ᠡ ᠳᠤ᠂ ᠡᠮᠦᠨᠡᠬᠢ ᠵᠦᠢᠯ ᠳᠤ ᠲᠣᠭᠲᠠᠭᠠᠭᠰᠠᠨ | ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ ᠳᠡᠰ ᠳᠠᠷᠠᠭᠠᠯᠠᠯ ᠢ ᠣᠳᠠᠰᠣ᠂ | ᠸᠢᠳᠢᠤ᠋ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠡᠯ᠎ᠡ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠤᠮᠤ | ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠳᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ | ᠵᠠᠩᠭᠢ ᠶᠢ ᠬᠠᠷᠭᠤᠭᠤᠯᠵᠤ ᠳᠡᠪᠰᠢᠭᠦᠯᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ᠂ ᠮᠡᠳᠡᠭᠡ ᠵᠠᠩᠭᠢ ᠶᠢ | ᠬᠠᠷᠭᠤᠭᠤᠯᠬᠤ ᠲᠠᠰ ᠳᠠᠷᠠᠭᠠᠯᠠᠯ ᠢ ᠡᠬᠢᠯᠡᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠲᠤᠪᠠᠷ | ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ᠂ ᠭᠠᠶᠢᠯᠢ ᠲᠤᠰᠢᠶᠠᠭᠰᠠᠨ ᠲᠡᠮᠳᠡᠭᠯᠡᠯ᠂ | ᠲᠤᠰᠢᠶᠠᠭᠰᠠᠨ ᠨᠡᠶᠢᠭᠡᠮ ᠤᠨ ᠳᠠᠭᠠᠳᠬᠠᠯ ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠳᠡᠩᠰᠡᠯᠡᠯᠲᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ | ᠲᠡᠷᠭᠡ ᠣᠩᠭᠤᠴᠠ ᠶᠢ ᠳᠡᠩᠰᠡᠯᠡᠨ ᠲᠡᠮᠳᠡᠭᠯᠡᠬᠦ ᠵᠢᠴᠢ ᠪᠠᠩᠬᠢ ᠶᠢᠨ ᠬᠠᠳᠠᠭᠠᠯᠠᠮᠵᠢ᠂ ᠬᠤᠳᠠᠯᠳᠤᠭᠠᠨ ᠤ ᠳᠠᠭᠠᠳᠬᠠᠯ᠂ | ᠲᠡᠮᠳᠡᠭᠯᠡᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ | ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠬᠤ ᠬᠡᠷᠡᠭᠲᠡᠶ᠃ ᠠᠶᠢᠮᠠᠭ ᠤᠨ ᠱᠠᠲᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠬᠠᠷᠭᠤᠭᠤᠯᠬᠤ ᠪᠠᠶᠢᠭᠤᠯᠤᠮᠵᠢ ᠨᠢ ᠡᠯ᠎ᠡ ᠬᠤᠰᠢᠭᠤ ︵ᠤᠷᠤᠨ︶ ᠪᠣᠯᠤᠨ ᠠᠶᠢᠮᠠᠭ ᠤᠨ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠤᠷᠠᠳᠤᠭᠰᠠᠨ ᠬᠠᠷᠭᠤᠭᠤᠯᠬᠤ ᠪᠤᠶᠤ ᠳᠠᠬᠢᠨ ᠬᠢᠨᠠᠬᠤ ᠳᠤ | ᠨᠠᠶᠢᠳᠠᠵᠤ ᠬᠠᠷᠭᠤᠭᠤᠯᠬᠤ ᠠᠵᠢᠯ ᠥᠷᠨᠢᠭᠦᠯᠬᠦ ᠶᠢ ᠬᠠᠷᠢᠭᠤᠴᠠᠬᠤ ᠶᠢᠨ ᠬᠠᠮᠲᠤ᠂ ᠡᠷᠦᠬᠡ ᠳᠤ ᠣᠷᠣᠵᠤ ᠰᠤᠭᠤᠴᠢᠨ | ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠤᠭᠤᠴᠢᠨ ᠪᠠᠶᠢᠴᠠᠭᠠᠬᠤ ᠨᠣᠷᠮ᠎ᠠ ᠶᠢ 5% ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠶ ᠶᠢ ᠬᠠᠷᠭᠤᠭᠤᠯᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ︾ ᠢᠶᠠᠷ ᠳᠠᠮᠵᠢᠭᠤᠯᠤᠨ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠡᠳᠦᠷ | ᠲᠤᠲᠤᠮ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ | ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ᠂ ᠬᠠᠤᠯᠢ ᠴᠠᠭᠠᠵᠠ᠂ ᠡᠮᠴᠢᠯᠡᠭᠡᠨ ᠤ | ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ᠂ ᠭᠠᠶᠢᠯᠢ ᠶᠢᠨ | ᠶᠠᠪᠤᠳᠠᠯ᠂ ᠮᠥᠩᠭᠦᠨ ᠭᠦᠢᠯᠭᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ᠂ ᠪᠠᠩᠬᠢ ᠵᠡᠷᠭᠡ ᠰᠠᠯᠠᠭ᠎ᠠ | ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠪᠠᠶᠢᠴᠠᠭᠠᠬᠤ ᠴᠢᠬᠤᠯᠠᠲᠠᠶ | ᠬᠥᠮᠦᠰ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠥᠷᠨᠢᠭᠦᠯᠬᠦ ᠶᠢᠨ ᠬᠠᠮᠲᠤ | ᠬᠠᠷᠢᠴᠠᠭᠤᠯᠬᠤ ᠮᠡᠳᠡᠭᠦᠯᠦᠯᠲᠡ ᠭᠠᠷᠭᠠᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠬᠡᠷᠡᠭᠲᠡᠶ᠃ | ᠡᠯ᠎ᠡ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ | ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠬᠡᠷ ᠪᠦᠯᠢ ᠶᠢᠨ ᠤᠰᠤ᠂ ᠴᠠᠬᠢᠯᠭᠠᠨ᠂ ᠰᠢᠲᠠᠮᠠᠬᠠᠶ ᠬᠡᠶ᠂ ᠴᠢᠮᠡᠭᠡ | ᠬᠤᠯᠪᠣᠭ᠎ᠠ ᠵᠡᠷᠭᠡ ᠡᠳᠦᠷ ᠲᠤᠲᠤᠮ ᠤᠨ ᠠᠮᠢᠳᠤᠷᠠᠯ ᠤᠨ ᠵᠠᠷᠤᠳᠠᠯ ᠵᠢᠴᠢ ᠥᠨᠳᠥᠷ ᠰᠦᠢᠳᠬᠡᠯ ᠬᠤᠷᠢᠶᠠᠬᠤ | ᠰᠤᠷᠭᠠᠭᠤᠯᠢ ᠳᠤ ᠰᠤᠷᠤᠯᠴᠠᠵᠤ ᠪᠠᠶᠢᠭ᠎ᠠ ︵ᠨᠠᠶᠢᠳᠠᠯᠭ᠎ᠠ ᠪᠠᠷ ᠣᠷᠣᠬᠤ᠂ ᠭᠠᠳᠠᠭᠠᠳᠤ ᠳᠤ ᠭᠠᠷᠴᠤ ᠵᠢᠭᠤᠯᠴᠢᠯᠠᠬᠤ ᠶᠢ | ᠪᠠᠭᠲᠠᠭᠠᠨ᠎ᠠ︶᠂ ᠭᠠᠳᠠᠭᠠᠳᠤ ᠳᠤ ᠭᠠᠷᠴᠤ ᠵᠢᠭᠤᠯᠴᠢᠯᠠᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ | ᠣᠶᠢᠯᠠᠭᠠᠨ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠦᠨᠡᠯᠡᠨ ᠵᠢᠱᠢᠯᠲᠡ ᠬᠢᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ | ᠬᠠᠷᠭᠤᠭᠤᠯᠤᠨ᠂ ᠨᠥᠬᠦᠴᠡᠯ ᠳᠤ ᠨᠡᠶᠢᠴᠡᠬᠦ ᠥᠬᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠭᠤᠶᠤᠴᠢᠯᠠᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | ᠭᠤᠶᠤᠴᠢᠯᠠᠭᠴᠢ ᠳᠤ ᠣᠨᠳᠣᠤ ᠰᠠᠨᠠᠯ ᠲᠠᠢ ᠪᠠᠶᠢᠪᠠᠯ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ | ᠬᠡᠷᠡᠭᠲᠡᠶ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠮᠠᠲ᠋ᠧᠷᠢᠶᠠᠯ ᠢ ᠬᠦᠯᠢᠶᠡᠨ ᠠᠪᠤᠭᠰᠠᠨ 5 | ᠠᠵᠢᠯᠯᠠᠬᠤ ᠡᠳᠦᠷ ᠤᠨ ᠳᠣᠲᠣᠷ᠎ᠠ ᠳᠠᠬᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠳᠠᠪᠲᠠᠨ | ᠪᠠᠶᠢᠴᠠᠭᠠᠭᠠᠳ ᠬᠢᠷᠢ ᠲᠡᠩᠴᠡᠭᠰᠡᠨ ᠳᠤᠨᠢ ᠦᠷᠭᠦᠯᠵᠢᠯᠡᠨ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢᠶᠠᠨ | ᠬᠢᠨᠠᠭᠤᠯᠬᠤ ᠬᠡᠷᠡᠭᠲᠡᠶ᠃ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠴᠠᠭ ᠲᠤᠬᠠᠶ ᠳᠤᠨᠢ | ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠪᠤᠶ ᠪᠦᠬᠦᠢ ᠪᠠᠶᠢᠴᠠᠭᠠᠭᠰᠠᠨ ᠮᠠᠲ᠋ᠧᠷᠢᠶᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠰᠢᠰᠲ᠋ᠧᠮ ᠤᠨ ᠳᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠵᠤ᠂ ᠠᠷᠠᠳᠴᠢᠯᠠᠯ ᠢᠶᠠᠷ ᠦᠨᠡᠯᠡᠬᠦ ᠪᠠ ᠳᠡᠭᠡᠳᠦ | ᠱᠠᠲᠤᠨ ᠠᠴᠠ ᠬᠢᠨᠠᠨ ᠬᠠᠷᠭᠤᠭᠤᠯᠵᠤ ᠨᠤᠲᠠᠯᠠᠬᠤ᠂ ᠬᠠᠷᠢᠭᠤ ᠰᠤᠷᠪᠤᠯᠵᠢᠯᠠᠵᠤ ᠰᠣᠭᠤᠴᠢᠨ ᠪᠠᠶᠢᠴᠠᠭᠠᠬᠤ ᠳᠤ | ᠬᠡᠷᠡᠭᠯᠡᠨ᠎ᠠ᠃ | ᠬᠤᠷᠢᠨ ᠲᠠᠪᠤᠳᠤᠭᠠᠷ ᠵᠦᠢᠯ ᠭᠤᠶᠤᠴᠢᠯᠠᠭᠴᠢ ᠪᠠ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠨ᠂ ᠲᠡᠳᠬᠦᠬᠦ︶ ᠲᠡᠵᠢᠭᠡᠭᠴᠢ ᠶᠢᠨ | ᠭᠡᠷ ᠪᠦᠯᠢ ᠶᠢᠨ ᠣᠷᠣᠯᠭ᠎ᠠ ᠵᠡᠷᠭᠡ ᠮᠡᠳᠡᠭᠡ ᠵᠠᠩᠭᠢ ᠨᠢ ᠲᠡᠭᠦᠨ ᠤ ᠢᠯᠡᠷᠬᠡᠶᠢᠯᠡᠯᠲᠡ ᠪᠠ ᠲᠠᠭᠯᠠᠨ ᠮᠡᠳᠡᠭᠦᠯᠦᠭᠰᠡᠨ | ᠪᠠᠶᠢᠳᠠᠯ ᠨᠢ ᠨᠡᠶᠢᠴᠡᠬᠦ ᠦᠭᠡᠢ ᠪᠣᠯ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢᠶᠠᠨ ᠡᠴᠦᠰᠯᠡᠭᠦᠯᠬᠦ ᠶᠢᠨ | ᠬᠠᠮᠲᠤ ᠳᠣᠣᠷᠠᠬᠢ ᠪᠠᠶᠢᠳᠠᠯ ᠢᠶᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠬᠢᠨᠠᠨ ᠬᠠᠷᠭᠤᠭᠤᠯᠤᠭᠰᠠᠨ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠭᠡᠷ | ᠪᠦᠯᠢ ᠶᠢᠨ ᠣᠷᠣᠯᠭ᠎ᠠ ᠨᠢ ᠬᠡᠪ ᠤᠨ ᠨᠡᠮᠡᠭᠳᠡᠯ ᠳᠤ ᠳᠣᠭᠠᠴᠢᠭᠳᠠᠪᠠᠯ᠂ ᠭᠡᠷ ᠪᠦᠯᠢ ᠶᠢᠨ ᠬᠥᠮᠥᠨ ᠳᠤᠮᠳᠠᠴᠢ ᠶᠢᠨ | ᠣᠷᠣᠯᠭ᠎ᠠ ᠶᠢ ᠳᠠᠬᠢᠨ ᠰᠢᠨ᠎ᠡ ᠪᠠᠷ ᠲᠣᠭᠠᠴᠠᠨ᠎ᠠ᠃ | ︵ᠬᠤᠶᠠᠷ︶ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠨᠡᠷ᠎ᠡ | ᠳᠣᠤᠷᠠᠬᠢ ᠪᠤᠢ ᠪᠦᠬᠦᠢ ᠲᠡᠷᠭᠡ ᠬᠥᠰᠬᠡ ᠨᠢ ᠦᠨᠡᠨ ᠳᠡᠭᠡᠨ ᠭᠡᠭᠡᠭᠳᠡᠭᠰᠡᠨ᠂ ᠬᠡᠷᠡᠭᠯᠡᠭᠡᠨ ᠠᠴᠠ ᠭᠠᠷᠭᠠᠭᠰᠠᠨ ᠪᠣᠯᠪᠠᠴᠤ | ᠬᠡᠷᠡᠭᠯᠡᠭᠡᠨ ᠠᠴᠠ ᠭᠠᠷᠭᠠᠭᠰᠠᠨ ᠭᠠᠷ ᠭᠦᠢᠴᠡᠳᠬᠡᠯ ᠦᠭᠡᠢ᠂ ᠠᠷᠠᠯᠵᠢᠶᠠᠯᠠᠭᠰᠠᠨ ᠪᠣᠯᠪᠠᠴᠤ ᠡᠷᠦᠬᠡ ᠠᠮᠠ ᠦᠭᠡᠢ | ᠵᠡᠷᠭᠡ ᠪᠠᠶᠢᠳᠠᠯ ᠳᠤ ᠭᠤᠶᠤᠴᠢᠯᠠᠭᠴᠢ ᠠᠴᠠ ᠪᠢᠴᠢᠭ ᠤᠨ ᠲᠣᠳᠣᠷᠬᠠᠶᠢᠯᠠᠯᠲᠠ ᠪᠠ ᠭᠡᠷᠡᠴᠢ ᠮᠠᠲ᠋ᠧᠷᠢᠶᠠᠯ ᠬᠠᠩᠭᠠᠬᠤ | ᠬᠡᠷᠡᠭᠲᠡᠶ᠃ ᠪᠣᠳᠠᠲᠠᠶ ᠲᠠᠢ ᠤᠶᠠᠯᠳᠤᠭᠤᠯᠬᠤ ᠠᠷᠭ᠎ᠠ ᠥᠬᠡᠶ᠂ ᠳᠠᠩᠰᠠᠯᠠᠭᠤᠯᠤᠭᠰᠠᠨ ᠲᠡᠷᠭᠡ ᠬᠥᠰᠬᠡ ᠶᠢ ᠪᠠᠶᠢᠴᠠᠭᠠᠨ | ᠭᠠᠷᠭᠠᠬᠤ ᠶᠢᠨ ᠠᠷᠭ᠎ᠠ ᠥᠬᠡᠶ ᠪᠠᠶᠢᠪᠠᠯ᠂ ᠲᠤᠬᠠᠶ ᠶᠢᠨ ᠭᠠᠵᠠᠷ ᠤᠨ ᠰᠣᠨᠢᠨ ᠳᠤ ᠨᠡᠶᠢᠲᠡᠯᠡᠭᠰᠡᠨ ᠢᠯᠡᠷᠬᠡᠶᠢᠯᠡᠯᠲᠡ ᠪᠠᠨ | 30 ᠡᠳᠦᠷ ᠤᠨ ᠳᠠᠷᠠᠭ᠎ᠠ ᠳᠠᠬᠢᠨ ᠭᠤᠶᠤᠴᠢᠯᠠᠯ ᠭᠠᠷᠭᠠᠬᠤ ᠬᠡᠷᠡᠭᠲᠡᠶ︔ | ︵ᠭᠤᠷᠪᠠ︶ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠢᠴᠢ | ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠲᠠᠭᠯᠠᠨ ᠪᠢᠴᠢᠭᠰᠡᠨ | ᠣᠷᠣᠯᠭ᠎ᠠ ᠨᠢ ᠬᠢᠨᠠᠨ ᠬᠠᠷᠭᠤᠭᠤᠯᠤᠭᠰᠠᠨ ᠪᠠᠶᠢᠳᠠᠯ ᠯᠤᠭ᠎ᠠ ᠨᠡᠶᠢᠴᠡᠬᠦ ᠦᠭᠡᠢ᠂ ᠬᠠᠷᠭᠤᠭᠤᠯᠤᠭᠰᠠᠨ ᠦᠷ᠎ᠡ | ᠳ᠋ᠦᠩ ᠢᠶᠠᠨ ᠮᠡᠳᠡᠷᠡᠬᠦ ᠦᠭᠡᠢ ᠪᠣᠯ ᠬᠠᠷᠭᠤᠭᠤᠯᠤᠭᠰᠠᠨ ᠦᠷ᠎ᠡ ᠳ᠋ᠦᠩ ᠨᠢ ᠪᠤᠷᠤᠭᠤ ᠪᠠᠶᠢᠬᠤ ᠮᠠᠲ᠋ᠧᠷᠢᠶᠠᠯ ᠢ | ᠬᠠᠩᠭᠠᠵᠤ ᠳᠡᠶᠢᠯᠬᠦ ᠦᠭᠡᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠮᠬᠢ ᠵᠢᠷᠤᠮ ᠢ ᠬᠦᠨᠳᠦ ᠨᠣᠴᠢᠲᠠᠢ | ᠰᠠᠮᠠᠭᠤᠷᠠᠭᠤᠯᠤᠭᠰᠠᠨ ᠪᠠᠶᠢᠪᠠᠯ᠂ ᠳᠣᠰ ᠬᠥᠮᠦᠨ ᠢ ᠦᠨᠡᠨᠴᠢ ᠢᠲᠡᠭᠡᠮᠵᠢ ᠦᠭᠡᠢ ᠬᠥᠮᠥᠰ ᠤᠨ ᠨᠡᠷᠡᠰ ᠲᠤ ᠲᠡᠮᠳᠡᠭᠯᠡᠨ | ᠣᠷᠣᠭᠤᠯᠵᠤ᠂ ᠲᠤᠰ ᠭᠤᠶᠤᠴᠢᠯᠠᠭᠴᠢ ᠵᠢᠴᠢ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠬᠥᠳᠡᠯᠮᠦᠷᠢ ᠬᠦᠴᠦᠨ ᠢ ᠮᠠᠭᠠᠳᠯᠠᠬᠤ | ᠬᠤᠷᠢᠨ ᠵᠢᠷᠭᠤᠳᠤᠭᠠᠷ ᠵᠦᠢᠯ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠨ ᠲᠣᠭᠲᠠᠭᠠᠬᠤ ᠳᠤ ᠭᠤᠤᠯᠳᠠᠭᠤ ᠨᠠᠰᠤ | ᠵᠢᠯ᠂ ᠵᠡᠮᠳᠡᠭ ᠤᠨ ᠬᠡᠮᠵᠢᠶ᠎ᠡ᠂ ᠡᠪᠡᠳᠴᠢᠨ ᠡᠮᠭᠡᠭ ᠤᠨ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ | ᠦᠨᠳᠦᠰᠦᠯᠡᠨ ᠮᠠᠭᠠᠳᠯᠠᠨ ᠲᠣᠭᠲᠠᠭᠠᠨ᠎ᠠ᠃ ︽ᠠᠯᠠᠱᠠ ᠠᠶᠢᠮᠠᠭ ᠤᠨ ᠬᠥᠳᠡᠯᠮᠦᠷᠢ ᠬᠦᠴᠦᠨ ᠤ ᠢᠯᠡᠳᠬᠡᠮᠵᠢ ᠶᠢ | ᠲᠥᠰᠦᠭᠡᠯᠡᠨ ᠪᠤᠳᠤᠬᠤ ᠪᠠᠷᠢᠮᠵᠢᠶ᠎ᠠ ᠵᠢᠴᠢ ᠣᠷᠣᠯᠠᠬᠤ ᠨᠣᠮᠧᠷ ᠤᠨ ᠬᠦᠰᠦᠨᠦᠭᠲᠦ︾ ᠶᠢ ᠨᠠᠷᠢᠨ ᠦᠵᠡ᠃ | ︽ᠬᠥᠳᠡᠯᠮᠦᠷᠢ ᠬᠦᠴᠦᠨ ᠤ ᠢᠯᠡᠳᠬᠡᠮᠵᠢ︾ ᠵᠡᠷᠭᠡ ᠠᠷᠭ᠎ᠠ ᠮᠠᠶ᠋ᠢᠭ ᠢ ᠠᠪᠴᠤ ᠭᠤᠶᠤᠴᠢᠯᠠᠭᠰᠠᠨ ᠭᠡᠷ | ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠤ ᠭᠡᠷ ᠪᠦᠯᠢ ᠶᠢᠨ ᠪᠦᠷᠢᠯᠳᠦᠬᠦᠨ ᠤ ᠪᠣᠳᠠᠲᠠᠶ ᠪᠠᠶᠢᠳᠠᠯ ᠢ | ᠪᠤᠰᠤᠳᠴᠢ ᠪᠠᠷ ᠪᠣᠳᠣᠯᠬᠢᠯᠠᠵᠤ᠂ ᠦᠨᠡᠨᠬᠦ ᠠᠵᠢᠯ ᠣᠯᠬᠤ ᠳᠤ ᠪᠡᠷᠬᠡᠲᠡᠶ ᠪᠤᠶᠤ ᠨᠡᠯᠢᠶᠡᠳ ᠤᠷᠲᠤ ᠬᠤᠭᠤᠴᠠᠭ᠎ᠠ ᠪᠠᠷ | ᠣᠷᠣᠯᠭ᠎ᠠ ᠣᠯᠬᠤ ᠶᠢᠨ ᠠᠷᠭ᠎ᠠ ᠦᠭᠡᠶ ᠪᠠᠶᠢᠪᠠᠯ᠂ ᠭᠡᠷ ᠪᠦᠯᠢ ᠶᠢᠨ ᠪᠣᠳᠠᠲᠠᠶ ᠬᠦᠴᠢᠷᠳᠡᠯ ᠤᠨ ᠪᠠᠶᠢᠳᠠᠯ ᠢ | ᠦᠨᠳᠦᠰᠦᠯᠡᠨ ᠶᠡᠷᠦᠩᠬᠡᠶᠢᠯᠡᠨ ᠮᠠᠭᠠᠳᠯᠠᠨ᠎ᠠ᠃ ᠪᠠᠶᠢᠴᠠᠭᠠᠨ ᠰᠤᠷᠪᠤᠯᠵᠢᠯᠠᠬᠤ᠂ ᠬᠤᠪᠢ ᠬᠥᠮᠦᠨ ᠠᠮᠠᠯᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠪᠠᠶᠢᠭ᠎ᠠ ᠬᠥᠮᠦᠰ ᠤᠨ ᠪᠣᠳᠠᠲᠠᠶ ᠠᠵᠢᠯ ᠬᠢᠵᠦ | ᠪᠠᠶᠢᠬᠤ ᠶᠢ ᠬᠢᠨᠠᠨ ᠮᠠᠭᠠᠳᠯᠠᠵᠤ ᠪᠠᠶᠢᠪᠠᠯ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠬᠥᠳᠡᠯᠮᠦᠷᠢ ᠶᠢᠨ | ᠣᠷᠣᠯᠭ᠎ᠠ ᠶᠢ ᠨᠢ ᠬᠢᠨᠠᠨ ᠲᠣᠭᠲᠠᠭᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠵᠡᠮᠳᠡᠭᠴᠦᠳ ᠤᠨ ᠬᠥᠳᠡᠯᠮᠦᠷᠢ ᠬᠦᠴᠦᠨ ᠤ ᠢᠯᠡᠳᠬᠡᠮᠵᠢ ᠲᠤᠭ᠎ᠠ ᠶᠢ | ᠮᠠᠭᠠᠳᠯᠠᠬᠤ ᠶᠢ ᠵᠡᠮᠳᠡᠭᠴᠦᠳ ᠤᠨ ᠲᠥᠷᠥᠯ ᠵᠦᠢᠯ ᠪᠣᠯᠤᠨ ᠵᠡᠮᠳᠡᠭ ᠤᠨ ᠳᠡᠰ ᠶᠣᠰᠣᠭᠠᠷ ᠨᠤᠲᠠᠯᠠᠨ ᠲᠣᠭᠲᠠᠭᠠᠨ᠎ᠠ᠃ | ᠣᠯᠠᠨ ᠵᠦᠢᠯ ᠤᠨ ᠵᠡᠮᠳᠡᠭ ᠪᠣᠯ ᠵᠡᠮᠳᠡᠭ ᠪᠣᠯᠤᠭᠰᠠᠨ ᠨᠡᠯᠢᠶᠡᠳ ᠬᠦᠨᠳᠦ ᠲᠠᠰ ᠤᠨ ᠶᠣᠰᠣᠭᠠᠷ ᠬᠤᠪᠢ ᠬᠥᠮᠦᠨ ᠤ | ᠬᠥᠳᠡᠯᠮᠦᠷᠢ ᠬᠦᠴᠦᠨ ᠤ ᠢᠯᠡᠳᠬᠡᠮᠵᠢ ᠶᠢ ᠮᠠᠭᠠᠳᠯᠠᠬᠤ ᠬᠡᠷᠡᠭᠲᠡᠶ᠃ ᠨᠢᠭᠡᠨᠲᠡ ᠲᠠᠮᠪᠠᠷᠠᠭᠰᠠᠨ ᠪᠤᠶᠤ ᠪᠡᠶ᠎ᠡ ᠪᠠᠨ | ᠳᠠᠭᠠᠭᠠᠵᠤ ᠳᠡᠶᠢᠯᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠥᠮᠦᠨ ᠵᠡᠮᠳᠡᠭ ᠦᠨᠡᠮᠯᠡᠯ ᠠᠪᠤᠭᠰᠠᠨ ᠥᠬᠡᠶ | ᠪᠠᠶᠢᠪᠠᠯ᠂ ᠡᠯ᠎ᠡ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠠᠯᠪᠠᠨ ᠬᠡᠷ︶ ᠰᠤᠷᠪᠤᠯᠵᠢᠯᠠᠨ ᠪᠠᠶᠢᠴᠠᠭᠠᠬᠤ᠂ ᠬᠢᠨᠠᠨ ᠬᠠᠮᠠᠭᠠᠯᠠᠭᠴᠢ ᠶᠢᠨ ᠪᠢᠴᠢᠭ ᠤᠨ | ᠲᠣᠳᠣᠷᠬᠠᠶᠢᠯᠠᠯᠲᠠ ᠬᠠᠩᠭᠠᠵᠤ᠂ ᠪᠣᠳᠠᠲᠤ ᠪᠠᠶᠢᠳᠠᠯ ᠢ ᠬᠡᠷᠡᠴᠢᠯᠡᠨ᠎ᠡ᠃ | ᠬᠤᠷᠢᠨ ᠨᠠᠢᠮᠠᠳᠣᠭᠠᠷ ᠵᠦᠢᠯ ᠬᠠᠮᠲᠤ ᠠᠮᠢᠳᠤᠷᠠᠵᠤ ᠪᠠᠶᠢᠭ᠎ᠠ ᠬᠦᠨᠳᠦ ᠵᠡᠮᠳᠡᠭ ᠪᠤᠶᠤ ᠬᠦᠨᠳᠦ ᠡᠪᠡᠳᠴᠢᠲᠡᠶ ᠭᠡᠷ | ᠪᠦᠯᠢ ᠶᠢᠨ ᠪᠦᠷᠢᠯᠳᠦᠬᠦᠨ ᠨᠢ ᠬᠡᠪ ᠤᠨ ᠪᠠᠶᠢᠳᠠᠯ ᠢᠶᠠᠷ ᠠᠵᠢᠯᠯᠠᠵᠤ ᠳᠡᠶᠢᠯᠬᠦ ᠦᠭᠡᠶ ᠪᠣᠯ᠂ ᠲᠡᠭᠦᠨ ᠤ ᠲᠤᠰ | ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠤᠤᠯ ᠤᠨ ᠢᠯᠡᠳᠬᠡᠮᠵᠢ ᠶᠢᠨ 50% ᠪᠠᠷ ᠪᠦᠳᠦᠨ᠎ᠡ︔ 2 | ᠨᠡᠷᠡᠰ ᠬᠦᠨᠳᠦ ᠵᠡᠮᠳᠡᠭ ᠪᠤᠶᠤ ᠬᠦᠨᠳᠦ ᠡᠪᠡᠳᠴᠢᠨ ᠲᠠᠢ ᠪᠤᠶᠤ ᠬᠥᠳᠡᠯᠮᠦᠷᠢᠯᠡᠬᠦ ᠴᠢᠳᠠᠪᠤᠷᠢ ᠦᠭᠡᠶ ᠭᠡᠷ ᠪᠦᠯᠢ ᠶᠢᠨ | ᠪᠦᠷᠢᠯᠳᠦᠬᠦᠨ ᠢ ᠬᠠᠷᠠᠭᠠᠯᠵᠠᠬᠤ ᠴᠢᠬᠤᠯᠠᠳᠠᠢ᠂ ᠠᠵᠢᠯᠯᠠᠵᠤ ᠳᠡᠶᠢᠯᠬᠦ ᠦᠭᠡᠶ ᠪᠣᠯ ᠲᠤᠰ ᠬᠥᠮᠦᠨ ᠤ ᠬᠥᠳᠡᠯᠮᠦᠷᠢ | ᠬᠦᠴᠦᠨ ᠤ ᠢᠯᠡᠳᠬᠡᠮᠵᠢ ᠶᠢ ᠨᠢ 0 ᠪᠠᠷ ᠪᠣᠳᠣᠨ᠎ᠠ᠃ ᠬᠥᠬᠦᠭᠦᠯᠵᠦ ᠪᠠᠶᠢᠭ᠎ᠠ ᠬᠤᠭᠤᠴᠠᠭᠠᠨ ᠤ ᠡᠮᠡᠭᠲᠡᠶᠢᠴᠦᠳ ᠪᠣᠯ | ᠨᠢᠯᠬ᠎ᠠ ᠬᠡᠦᠬᠡᠳ ᠲᠥᠷᠥᠭᠰᠡᠨ ᠡᠳᠦᠷ ᠠᠴᠠ ᠡᠬᠢᠯᠡᠨ 6 ᠰᠠᠷ᠎ᠠ ᠪᠣᠯᠲᠠᠯ᠎ᠠ ᠬᠥᠳᠡᠯᠮᠦᠷᠢ ᠶᠢᠨ ᠬᠦᠴᠦᠨ ᠤ | ᠢᠯᠡᠳᠬᠡᠮᠵᠢ ᠶᠢ 0 ᠪᠠᠷ ᠪᠣᠳᠣᠨ᠎ᠠ᠃ | ᠵᠢᠷᠭᠤᠳᠤᠭᠠᠷ ᠪᠦᠯᠦᠭ ᠬᠢᠨᠠᠨ ᠬᠠᠷᠭᠤᠭᠤᠯᠵᠤ ᠨᠤᠲᠠᠯᠠᠬᠤ | ᠬᠤᠷᠢ ᠶᠢᠰᠦᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠬᠡᠷ ᠪᠦᠯᠢ ᠶᠢᠨ | ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ᠂ ᠠᠩᠬ᠎ᠠ ᠬᠢᠨᠠᠭᠰᠠᠨ | ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠰᠠᠨ ᠬᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠢ ᠢᠯᠡ ᠨᠡᠶᠢᠲᠡᠯᠡᠬᠦ ᠬᠡᠷᠡᠭᠲᠡᠶ᠃ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ | ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯ ᠥᠬᠡᠶ᠂ ᠣᠷᠣᠰᠢᠨ ᠰᠠᠭᠤᠭ᠎ᠠ | ᠭᠠᠵᠠᠷ ᠲᠤᠨᠢ ᠭᠤᠶᠤᠴᠢᠯᠠᠭᠰᠠᠨ ᠪᠠᠶᠢᠪᠠᠯ᠂ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ | ᠠᠯᠪᠠᠨ ᠬᠡᠷ︶ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ᠂ ᠬᠡᠷ ᠪᠦᠯᠢ ᠶᠢᠨ | ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ | ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ | ᠬᠡᠷ︶ ᠲᠤ ᠬᠠᠩᠭᠠᠵᠤ ᠥᠭᠬᠦ ᠬᠡᠷᠡᠭᠲᠡᠶ︔ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ | ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠠᠩᠬ᠎ᠠ ᠬᠢᠨᠠᠭᠰᠠᠨ ᠰᠠᠨᠠᠯ ᠢ ᠭᠤᠶᠤᠴᠢᠯᠠᠭᠴᠢ ᠶᠢᠨ | ᠰᠠᠭᠤᠭ᠎ᠠ ᠭᠠᠵᠠᠷ ᠪᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ | ᠴᠥᠮ ᠢᠯᠡ ᠨᠡᠶᠢᠲᠡᠯᠡᠬᠦ ᠬᠡᠷᠡᠭᠲᠡᠶ᠃ | ᠭᠤᠴᠢᠳᠤᠭᠠᠷ ᠵᠦᠢᠯ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠡᠳ ᠣᠨᠳᠣᠤ ᠰᠠᠨᠠᠯ ᠥᠬᠡᠶ ᠪᠠᠶᠢᠪᠠᠯ᠂ | ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠴᠠᠭ | ᠲᠤᠬᠠᠶ ᠳᠤᠨᠢ ᠳᠤᠷᠠᠳᠬᠤ ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢᠶᠠᠨ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶᠂ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠠᠯᠪᠠᠨ ᠬᠡᠷ︶ ᠭᠤᠶᠤᠴᠢᠯᠠᠬᠤ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ᠂ ᠠᠩᠬ᠎ᠠ ᠬᠢᠨᠠᠭᠰᠠᠨ ᠰᠠᠨᠠᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ | ᠬᠤᠰᠢᠭᠤᠨ ︵ ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ | ᠬᠦᠷᠭᠡᠬᠦ ᠬᠡᠷᠡᠭᠲᠡᠶ᠃ | ᠢᠯᠡ ᠨᠡᠶᠢᠲᠡᠯᠡᠭᠡᠳ ᠣᠨᠳᠣᠤ ᠰᠠᠨᠠᠯ ᠲᠠᠢ ᠪᠣᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ | ᠨᠢ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠢ ᠵᠣᠬᠢᠶᠠᠨ | ᠪᠠᠶᠢᠭᠤᠯᠬᠤ ᠪᠤᠶᠤ ᠠᠷᠠᠳᠴᠢᠯᠠᠯ ᠢᠶᠠᠷ ᠦᠨᠡᠯᠡᠯᠲᠡ ᠬᠢᠬᠦ ᠬᠡᠷᠡᠭᠲᠡᠶ᠃ ᠪᠠᠶᠢᠴᠠᠭᠠᠬᠤ ᠪᠤᠶᠤ ᠠᠷᠠᠳᠴᠢᠯᠠᠯ ᠢᠶᠠᠷ | ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ | ᠬᠠᠷᠭᠤᠭᠤᠯᠵᠤ ᠨᠤᠲᠠᠯᠠᠬᠤ ᠰᠠᠨᠠᠯ ᠢᠶᠠᠨ ᠴᠠᠭ ᠲᠤᠬᠠᠶ ᠳᠤᠨᠢ ᠳᠣᠷᠠᠳᠣᠨ᠎ᠠ᠃ ᠬᠢᠨᠠᠨ ᠬᠠᠷᠭᠤᠭᠤᠯᠵᠤ ᠨᠤᠲᠠᠯᠠᠬᠤ ᠡᠷᠬᠡ | ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ | ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ | ᠂ ᠭᠤᠶᠤᠴᠢᠯᠠᠬᠤ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ | ᠦᠷ᠎ᠡ ᠳ᠋ᠦᠩ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠲᠠᠢ ᠬᠠᠮᠲᠤ ᠬᠤᠰᠢᠭᠤᠨ ︵ᠣᠷᠣᠨ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠠᠷᠠᠳᠴᠢᠯᠠᠯ ᠢᠶᠠᠷ ᠦᠨᠡᠯᠡᠬᠦ᠃ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷ | ᠪᠦᠯᠢ ᠳᠤ ᠪᠣᠯ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠨᠡᠶᠢᠲᠡᠯᠡᠬᠦ ᠳᠤ ᠣᠨᠳᠣᠤ | ᠰᠠᠨᠠᠯ ᠲᠠᠢ ᠪᠣᠯ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠶᠢ ᠥᠷᠨᠢᠭᠦᠯᠵᠦ ᠪᠣᠯᠤᠨ᠎ᠠ᠃ ᠭᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠭᠡᠷ︶ 5 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ︵ᠰᠠᠭᠤᠭᠠᠯᠢ ᠠᠷᠠᠳ︶ ᠤ | ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ | ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢᠶᠠᠷ ᠨᠢᠭᠡᠴᠡ ᠪᠣᠯᠭᠠᠨ ᠭᠤᠶᠤᠴᠢᠯᠠᠭᠴᠢ ᠶᠢᠨ ᠭᠡᠷ ᠪᠦᠯᠢ ᠶᠢᠨ | ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠤᠨ ᠪᠤᠰᠤᠳᠴᠢ ᠴᠢᠨᠠᠷ᠂ ᠦᠨᠡᠨ | ᠪᠣᠳᠠᠲᠤ ᠴᠢᠨᠠᠷ ᠢ ᠠᠷᠠᠳᠴᠢᠯᠠᠯ ᠢᠶᠠᠷ ᠦᠨᠡᠯᠡᠬᠦ ᠬᠡᠷᠡᠭᠲᠡᠶ᠃ ᠭᠤᠶᠤᠴᠢᠯᠠᠭᠴᠢ ᠶᠢᠨ ᠰᠠᠭᠤᠭ᠎ᠠ ᠭᠠᠵᠠᠷ ᠨᠢ ᠡᠷᠦᠬᠡ | ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯ ᠦᠭᠡᠶ ᠮᠥᠷᠲᠡᠭᠡᠨ ᠰᠠᠭᠤᠭ᠎ᠠ ᠭᠠᠵᠠᠷ ᠲᠠᠭᠠᠨ ᠭᠤᠶᠤᠴᠢᠯᠠᠪᠠᠯ᠂ | ᠡᠩ ᠤᠨ ᠪᠠᠶᠢᠳᠠᠯ ᠳᠤ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠴᠠ | ᠠᠷᠠᠳᠴᠢᠯᠠᠯ ᠢᠶᠠᠷ ᠦᠨᠡᠯᠡᠵᠦ᠂ ᠣᠨᠴᠣᠭᠤᠢ ᠪᠠᠶᠢᠳᠠᠯ ᠤᠨ ᠳᠣᠣᠷ᠎ᠠ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ | ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠴᠠ ᠠᠷᠠᠳᠴᠢᠯᠠᠯ ᠢᠶᠠᠷ ᠦᠨᠡᠯᠡᠵᠦ ᠪᠣᠯᠣᠨ᠎ᠠ᠃ | ᠭᠤᠴᠢᠨ ᠬᠤᠶᠠᠳᠤᠭᠠᠷ ᠵᠦᠢᠯ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ | ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠤᠮᠤ ᠪᠠᠯᠭᠠᠰᠤ ︵ᠵᠡᠭᠡᠯᠢ ᠭᠤᠳᠤᠮᠵᠢ ᠶᠢᠨ | ᠠᠯᠪᠠᠨ ᠬᠡᠷ︶ ᠶᠢᠨ ᠳᠡᠭᠡᠭᠰᠢ ᠮᠡᠳᠡᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠪᠠ ᠠᠩᠬ᠎ᠠ ᠬᠢᠨᠠᠭᠰᠠᠨ ᠰᠠᠨᠠᠯ ᠵᠡᠷᠭᠡ ᠮᠠᠲ᠋ᠧᠷᠢᠶᠠᠯ ᠢ | ᠣᠯᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ | ᠳᠣᠷᠠᠳᠣᠨ᠎ᠠ᠃ | ᠲᠤᠰᠠᠭᠠᠷ ᠪᠦᠷᠢᠳᠬᠡᠨ ᠳᠠᠩᠰᠠᠯᠠᠭᠤᠯᠬᠤ ᠪᠤᠶᠤ ᠬᠢᠨᠠᠨ ᠬᠠᠷᠭᠤᠭᠤᠯᠵᠤ ᠨᠤᠲᠠᠯᠠᠬᠤ ᠱᠠᠲᠤᠨ ᠳᠤ ᠵᠠᠭᠠᠯᠳᠤᠯᠭ᠎ᠠ᠂ | ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠤᠶᠤᠴᠢᠯᠠᠯ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠡᠷᠦᠬᠡ ᠳᠠᠷᠠᠭᠠᠯᠠᠨ ᠪᠠᠶᠢᠴᠠᠭᠠᠬᠤ | ᠬᠡᠷᠡᠭᠲᠡᠶ᠃ ᠨᠥᠬᠦᠴᠡᠯ ᠪᠦᠷᠢᠯᠳᠦᠭᠦᠯᠦᠭᠰᠡᠨ ᠦᠶ᠎ᠡ ᠳᠤ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ | ᠨᠢ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠰᠠᠭᠤᠭᠠᠯᠢ ᠠᠷᠠᠳ ᠤᠨ ᠵᠥᠪᠯᠡᠯ ᠢ ᠤᠷᠢᠵᠤ ᠬᠥᠮᠦᠨ ᠲᠣᠮᠢᠯᠠᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠵᠥᠪᠰᠢᠶᠡᠷᠡᠯ ᠳᠤ ᠣᠷᠣᠯᠴᠠᠭᠤᠯᠵᠤ᠂ ᠭᠤᠶᠤᠴᠢᠯᠠᠭᠰᠠᠨ ᠭᠡᠷ ᠪᠦᠯᠢ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠨ ᠬᠠᠷᠭᠤᠭᠤᠯᠵᠤ ᠨᠤᠲᠠᠯᠠᠬᠤ ᠰᠠᠨᠠᠯ | ᠳᠤᠷᠠᠳᠴᠤ ᠪᠣᠯᠤᠨ᠎ᠠ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶ ᠪᠣᠯ᠂ ᠬᠤᠰᠢᠭᠤ ︵ᠣᠷᠣᠨ︶ | ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠡᠷᠡᠭᠲᠡᠶ᠃ ᠨᠥᠬᠦᠴᠡᠯ | ᠪᠦᠷᠢᠳᠦᠭᠰᠡᠨ ᠦᠶ᠎ᠡ ᠳᠤ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ | ᠭᠡᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠢ ᠤᠷᠢᠵᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠯ ᠳᠤ ᠬᠥᠮᠦᠨ ᠲᠣᠮᠢᠯᠠᠨ ᠣᠷᠣᠯᠴᠠᠭᠤᠯᠵᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠨ ᠬᠠᠷᠭᠤᠭᠤᠯᠵᠤ | ᠨᠤᠲᠠᠯᠠᠬᠤ ᠰᠠᠨᠠᠯ ᠳᠤᠷᠠᠳᠴᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠢᠨᠠᠨ | ᠬᠠᠷᠭᠤᠭᠤᠯᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ ᠬᠠᠮᠲᠤ᠂ | ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ ᠨᠤᠲᠠᠯᠠᠨ ᠵᠥᠪᠰᠢᠶᠡᠷᠡᠬᠦ ᠲᠣᠭᠲᠠᠭᠠᠯ | ᠭᠠᠷᠭᠠᠭᠰᠠᠨ ᠡᠳᠦᠷ ᠠᠴᠠ ᠡᠬᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠨ᠎ᠠ᠃ | ᠨᠥᠬᠦᠴᠡᠯ ᠳᠤ ᠨᠡᠶᠢᠴᠡᠬᠦ ᠦᠭᠡᠶ ᠭᠤᠶᠤᠴᠢᠯᠠᠯ ᠢ ᠨᠤᠲᠠᠯᠠᠨ ᠵᠥᠪᠰᠢᠶᠡᠷᠡᠵᠦ ᠪᠣᠯᠬᠤ ᠦᠭᠡᠶ ᠪᠥᠭᠡᠳ ᠲᠣᠭᠲᠠᠭᠠᠯ | ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ | ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃ | ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ | ᠬᠡᠷ︶ ᠳᠤ ᠪᠠᠭᠤᠯᠭᠠᠭᠰᠠᠨ ᠥᠬᠡᠶ ᠬᠤᠰᠢᠭᠤ ︵ ᠣᠷᠣᠨ︶ ᠶᠢ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ | ᠵᠥᠪᠰᠢᠶᠡᠷᠡᠬᠦ ᠶᠢᠨ ᠬᠠᠮᠲᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ ᠨᠤᠲᠠᠯᠠᠨ ᠵᠥᠪᠰᠢᠶᠡᠷᠡᠭᠰᠡᠨ | ᠡᠳᠦᠷ ᠳᠠᠷᠠᠭ᠎ᠠ ᠰᠠᠷ᠎ᠠ ᠠᠴᠠ ᠡᠬᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠣᠯᠭᠤᠨ᠎ᠠ᠃ | ᠨᠥᠬᠦᠴᠡᠯ ᠳᠤ ᠨᠡᠶᠢᠴᠡᠬᠦ ᠥᠬᠡᠶ ᠭᠤᠶᠤᠴᠢᠯᠠᠯ ᠢ ᠨᠤᠲᠠᠯᠠᠨ ᠵᠥᠪᠰᠢᠶᠡᠷᠡᠵᠦ ᠪᠣᠯᠬᠤ ᠥᠬᠡᠶ ᠪᠥᠭᠡᠳ ᠲᠣᠭᠲᠠᠭᠠᠯ | ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ | ᠢᠶᠠᠷ ᠳᠠᠮᠵᠢᠭᠤᠯᠤᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ | ᠨᠤᠲᠠᠯᠠᠬᠤ ᠠᠵᠢᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ | ᠪᠡᠶᠡᠯᠡᠭᠦᠯᠬᠦ ᠬᠡᠷᠡᠭᠲᠡᠶ︔ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ | ᠠᠯᠪᠠᠨ ᠭᠡᠷ︶ ᠬᠤᠰᠢᠭᠤ ︵ᠣᠷᠣᠨ︶ ᠳᠤ ᠪᠠᠭᠤᠯᠭᠠᠵᠤ᠂ ᠭᠥᠯᠢᠶᠡᠨ ᠠᠪᠤᠭᠰᠠᠨ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠨᠡᠶᠢᠲᠡᠯᠡᠭᠰᠡᠨ ᠳᠤ ᠣᠨᠳᠣᠤ ᠰᠠᠨᠠᠯ ᠲᠠᠢ᠂ ᠬᠥᠮᠦᠨ ᠪᠠ | ᠡᠷᠦᠬᠡ ᠶᠢ ᠰᠠᠯᠭᠠᠬᠤ᠂ ᠣᠨᠳᠣᠤ ᠭᠠᠵᠠᠷ ᠭᠤᠶᠤᠴᠢᠯᠠᠨ ᠭᠦᠢᠴᠡᠳᠬᠡᠬᠦ ᠪᠤᠶᠤ ᠭᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠪᠠᠶᠢᠴᠠᠭᠠᠬᠤ ᠳᠤ ᠨᠡᠯᠢᠶᠡᠳ ᠬᠦᠴᠢᠷᠲᠡᠶ ᠪᠠᠶᠢᠬᠤ ᠵᠡᠷᠭᠡ ᠣᠨᠴᠣᠭᠤᠶ ᠪᠠᠶᠢᠳᠠᠯ ᠭᠠᠷᠪᠠᠯ᠂ 45 ᠠᠵᠢᠯᠯᠠᠬᠤ | ᠡᠳᠦᠷ ᠬᠦᠷᠲᠡᠯ᠎ᠡ ᠤᠷᠲᠤᠳᠬᠠᠵᠤ ᠪᠣᠯᠤᠨ᠎ᠠ᠃ | ᠭᠤᠴᠢᠨ ᠲᠠᠪᠤᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠢᠨᠠᠨ | ᠬᠠᠷᠭᠤᠭᠤᠯᠵᠤ ᠨᠤᠲᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ | ᠬᠢᠭᠡᠳ ᠠᠯᠠᠱᠠ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠶ | ᠵᠥᠷᠢᠶᠡᠲᠦ ᠲᠤᠭ᠎ᠠ ᠪᠠᠷ ᠪᠣᠳᠣᠨ᠎ᠠ᠃ ᠪᠠᠲᠤᠯᠠᠭ᠎ᠠ ᠶᠢᠨ ᠵᠣᠭᠤᠰ ᠤᠨ ᠲᠤᠭ᠎ᠠ ᠶᠢ ᠬᠢᠨᠠᠨ ᠲᠣᠭᠲᠠᠭᠠᠭᠰᠠᠨ | ᠭᠤᠶᠤᠴᠢᠯᠠᠭᠴᠢ ᠶᠢᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠬᠢᠭᠡᠳ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶᠡᠲᠦ ᠲᠤᠭ᠎ᠠ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠤᠭ᠎ᠠ ᠪᠠᠷ ᠦᠷᠡᠵᠢᠭᠦᠯᠵᠦ ᠪᠣᠳᠣᠬᠤ ᠬᠡᠷᠡᠭᠲᠡᠶ᠃ | ᠨᠥᠬᠦᠴᠡᠯ ᠳᠤ ᠨᠡᠶᠢᠴᠡᠬᠦ ᠰᠤᠷᠤᠯᠴᠠᠵᠤ ᠪᠠᠶᠢᠭ᠎ᠠ ᠤᠶᠤᠲᠠᠳ ᠢ ᠪᠠᠲᠤᠯᠠᠬᠤ ᠳᠤ ᠪᠠᠷᠢᠮᠵᠢᠶ᠎ᠠ ᠶᠣᠰᠣᠭᠠᠷ ᠪᠦᠬᠦ | ᠲᠤᠭ᠎ᠠ ᠪᠠᠷ ᠨᠢ ᠪᠠᠲᠤᠯᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠭᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠶᠢᠨ ᠣᠪᠣᠭ ᠨᠡᠷ᠎ᠡ᠂ ᠭᠡᠷ | ᠪᠦᠯᠢ ᠶᠢᠨ ᠪᠦᠷᠢᠯᠳᠦᠬᠦᠨ ᠤ ᠲᠤᠭ᠎ᠠ᠂ ᠪᠠᠲᠤᠯᠠᠭ᠎ᠠ ᠶᠢᠨ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠨᠡᠶᠢᠲᠡᠯᠡᠬᠦ | ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ | ᠬᠡᠷ︶᠂ ᠬᠤᠰᠢᠭᠤᠨ ︵ᠣᠷᠣᠨ︶ ᠳᠤ ᠪᠠᠭᠤᠯᠭᠠᠭᠰᠠᠨ ᠥᠬᠡᠶ ᠪᠣᠯ᠂ ᠬᠤᠰᠢᠭᠤ ︵ᠣᠷᠣᠨ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ᠮᠡᠳᠡᠭᠡ ᠵᠠᠩᠭᠢ ᠶᠢ ᠨᠡᠶᠢᠲᠡᠯᠡᠬᠦ ᠳᠤ ᠬᠤᠪᠢ ᠬᠥᠮᠦᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠂ | ᠬᠠᠮᠢᠶ᠎ᠠ ᠥᠬᠡᠶ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠥᠬᠡᠶ᠃ | ᠭᠤᠴᠢᠨ ᠳᠣᠯᠣᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠴᠢᠮ | ᠳᠡᠭᠡᠷ᠎ᠡ ᠪᠠᠨ ᠨᠡᠶᠢᠭᠡᠮᠴᠢᠯᠡᠨ ᠣᠯᠭᠤᠬᠤ ᠶᠢ ᠬᠡᠷᠡᠭᠵᠢᠭᠦᠯᠵᠦ᠂ ᠪᠠᠩᠬᠢ᠂ ᠢᠲᠡᠭᠡᠮᠵᠢ ᠶᠢᠨ ᠬᠤᠷᠰᠢᠶ᠎ᠠ ᠵᠡᠷᠭᠡ ᠣᠷᠣᠯᠠᠨ | ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠳᠠᠩᠰᠠᠨ ᠳᠤ ᠰᠠᠷ᠎ᠠ ᠪᠠᠷ ᠣᠯᠭᠤᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠪᠤᠶᠤ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠠᠵᠢᠯᠲᠠᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠠᠪᠬᠤ ᠳᠤ ᠬᠡᠷᠡᠭᠯᠡᠬᠦ ᠪᠠᠩᠬᠢ ᠶᠢᠨ | ᠬᠠᠳᠠᠭᠠᠯᠠᠮᠵᠢ ᠶᠢᠨ ᠳᠡᠪᠲᠡᠷ ᠪᠤᠶᠤ ᠪᠠᠩᠬᠢ ᠶᠢᠨ ᠺᠠᠷᠲ ᠢ ᠣᠷᠣᠯᠠᠨ ᠬᠠᠳᠠᠭᠠᠯᠠᠵᠤ ᠬᠠᠮᠢᠶᠠᠷᠬᠤ ᠳᠤ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠲᠠᠢ ᠪᠢᠴᠢᠭ ᠤᠨ ᠬᠡᠯᠡᠯᠴᠡᠭᠡᠷ ᠲᠣᠭᠲᠠᠬᠤ ᠶᠢᠨ | ᠬᠠᠮᠲᠤ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠶ᠃ | ᠭᠤᠴᠢ ᠶᠢᠰᠦᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠣᠯᠤᠭᠰᠠᠨ ᠤ ᠳᠠᠷᠠᠭ᠎ᠠ | ᠠᠮᠢᠳᠤᠷᠠᠯ ᠨᠢ ᠮᠥᠨ ᠬᠦ ᠬᠦᠴᠢᠷᠳᠡᠯᠲᠡᠶ ᠨᠠᠰᠤᠲᠠᠳ᠂ ᠨᠠᠰᠤᠨ ᠳᠤ ᠦᠯᠦ ᠬᠦᠷᠦᠭᠰᠡᠳ᠂ ᠬᠦᠨᠳᠦ ᠵᠡᠮᠳᠡᠭ ᠪᠠ | ᠬᠦᠨᠳᠦ ᠡᠪᠡᠳᠴᠢᠲᠡᠨ ᠳᠤ ᠠᠶᠢᠮᠠᠭ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠴᠢᠬᠤᠯᠠ ᠪᠦᠬᠦᠢ ᠠᠷᠭ᠎ᠠ | ᠬᠡᠮᠵᠢᠶ᠎ᠡ ᠠᠪᠴᠤ ᠠᠮᠢᠳᠤᠷᠠᠯ ᠤᠨ ᠪᠠᠲᠤᠯᠠᠭ᠎ᠠ ᠣᠯᠭᠤᠬᠤ ᠬᠡᠷᠡᠭᠲᠡᠶ᠃ | ᠳᠥᠴᠢᠳᠦᠭᠡᠷ ᠵᠦᠢᠯ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠭᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠵᠡᠷᠭᠡ ᠳᠡᠰ ᠳᠠᠷᠠᠭᠠᠯᠠᠯ ᠢ ᠳᠠᠮᠵᠢᠭᠰᠠᠨ | ᠦᠭᠡᠶ ᠪᠣᠯ ᠶᠠᠮᠠᠷᠪᠠ ᠭᠡᠷ ᠪᠦᠯᠢ ᠪᠤᠶᠤ ᠬᠤᠪᠢ ᠬᠥᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠰᠢᠭᠤᠳ ᠣᠷᠣᠭᠤᠯᠵᠤ ᠪᠣᠯᠬᠤ ᠦᠭᠡᠶ᠃ | ᠳᠥᠴᠢᠨ ᠨᠢᠭᠡᠳᠦᠭᠡᠷ ᠵᠦᠢᠯ ᠳᠣᠤᠷᠠᠬᠢ ᠪᠠᠶᠢᠳᠠᠯ ᠲᠠᠢ ᠪᠣᠯ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ | ᠪᠤᠶᠤ ᠬᠦᠷᠲᠡᠵᠦ ᠪᠣᠯᠬᠤ ᠦᠭᠡᠶ᠄ | ︵ᠨᠢᠭᠡ︶ ᠭᠤᠶᠤᠴᠢᠯᠠᠬᠤ ᠲᠠᠯ᠎ᠠ ᠪᠠᠷ | 1. ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠭᠰᠡᠨ ᠦᠭᠡᠶ᠂ ᠬᠠᠮᠢᠶ᠎ᠠ ᠪᠦᠬᠦᠢ ᠮᠠᠲ᠋ᠧᠷᠢᠶᠠᠯ ᠢ | ᠦᠨᠡᠨ ᠪᠣᠳᠠᠲᠠᠶ ᠪᠠᠷ ᠬᠠᠩᠭᠠᠬᠤ ᠦᠭᠡᠶ ᠪᠤᠶᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ | ᠪᠠᠶᠢᠭᠤᠯᠤᠯᠭ᠎ᠠ ᠲᠠᠢ ᠬᠠᠮᠵᠢᠯᠴᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠭᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠬᠠᠷᠭᠤᠭᠤᠯᠬᠤ᠂ ᠦᠨᠡᠯᠡᠨ ᠶᠠᠷᠢᠯᠴᠠᠬᠤ᠂ ᠢᠯᠡ ᠨᠡᠶᠢᠲᠡᠯᠡᠬᠦ ᠵᠡᠷᠭᠡ ᠠᠵᠢᠯ ᠢ ᠬᠢᠭᠰᠡᠨ ᠦᠭᠡᠶ ᠪᠠᠶᠢᠬᠤ᠃ | 2. ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ ᠮᠡᠳᠡᠭᠦᠯᠬᠦ ᠳᠡᠭᠡᠨ ᠬᠠᠮᠢᠶᠠᠷᠤᠯᠲᠠ ᠶᠢᠨ | ᠪᠠᠶᠢᠭᠤᠯᠤᠮᠵᠢ ᠯᠤᠭ᠎ᠠ ︽ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠯᠭᠠᠬᠤ ᠪᠠᠷ ᠨᠠᠶᠢᠳᠠᠵᠤ | ᠡᠷᠬᠡ ᠣᠯᠭᠤᠬᠤ ᠪᠢᠴᠢᠭ︾ ᠪᠤᠶᠤ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠪᠠᠷ | ᠭᠤᠶᠣᠴᠢᠯᠠᠭᠰᠠᠨ ᠭᠡᠷ ᠪᠦᠯᠢ ᠶᠢᠨ ᠢᠯᠡ ᠠᠮᠠᠯᠠᠯᠲᠠ ᠶᠢᠨ ᠪᠢᠴᠢᠭ︾ ᠵᠡᠷᠭᠡ ᠬᠠᠮᠢᠶ᠎ᠠ ᠪᠦᠬᠦᠢ ᠵᠥᠪᠯᠡᠯᠴᠡᠭᠡᠷ ᠲᠤ | ᠭᠠᠷ ᠤᠨ ᠦᠰᠦᠭ ᠵᠢᠷᠤᠬᠤ ᠶᠢ ᠵᠥᠪᠰᠢᠶᠡᠷᠡᠬᠦ ᠦᠭᠡᠶ᠃ | 3. ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠵᠦᠢ ᠵᠣᠬᠢᠰᠲᠠᠶ ᠲᠠᠶᠢᠯᠪᠤᠷᠢᠯᠠᠯᠲᠠ ᠬᠢᠵᠦ ᠳᠡᠶᠢᠯᠬᠦ ᠦᠭᠡᠶ᠂ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯᠲᠠᠨ ᠤ ᠬᠢᠨᠠᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ᠃ | ︵ᠬᠤᠶᠠᠷ︶ ᠭᠡᠷ ᠪᠦᠯᠢ ᠶᠢᠨ ᠤᠷᠤᠯᠭ᠎ᠠ ᠶᠢᠨ ᠲᠠᠯ᠎ᠠ ᠪᠠᠷ | 1. ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠬᠡᠲᠦᠷᠡᠭᠰᠡᠨ᠃ ᠭᠡᠷ ᠪᠦᠯᠢ ᠶᠢᠨ ᠰᠠᠷ᠎ᠠ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠪᠣᠯᠪᠠᠴᠤ ᠪᠣᠳᠠᠲᠠᠶ ᠠᠮᠢᠳᠤᠷᠠᠯ ᠤᠨ ᠬᠢᠷᠢ ᠬᠡᠮᠵᠢᠶ᠎ᠡ ᠨᠢ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ ᠥᠨᠳᠥᠷ ᠪᠠᠶᠢᠬᠤ᠃ ᠭᠡᠷ ᠪᠦᠯᠢ ᠨᠢ | ᠬᠡᠳᠦ᠋ᠢᠪᠡᠷ ᠠᠵᠢᠯ ᠣᠯᠤᠭᠰᠠᠨ ᠬᠥᠮᠦᠨ ᠦᠭᠡᠶ ᠪᠣᠯᠪᠠᠴᠤ ᠪᠤᠰᠤᠳ ᠠᠮᠢᠳᠤᠷᠠᠯ ᠤᠨ ᠢᠷᠡᠯᠲᠡ ᠲᠠᠢ ᠪᠥᠭᠡᠳ ᠡᠳᠦᠷ | ᠲᠤᠲᠤᠮ ᠤᠨ ᠠᠮᠢᠳᠤᠷᠠᠯ ᠤᠨ ᠬᠢᠷᠢ ᠬᠡᠮᠵᠢᠶ᠎ᠡ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ | ᠥᠨᠳᠥᠷ ᠪᠠᠶᠢᠬᠤ ᠬᠡᠷᠡᠭᠲᠡᠶ᠃ | 2. ᠭᠤᠶᠤᠴᠢᠯᠠᠭᠰᠠᠨ ᠮᠠᠲ᠋ᠧᠷᠢᠶᠠᠯ ᠨᠢ ᠭᠡᠷ ᠪᠦᠯᠢ ᠶᠢᠨ ᠦᠨᠡᠨ ᠪᠣᠳᠠᠲᠠᠶ ᠣᠷᠣᠯᠭ᠎ᠠ᠂ ᠭᠡᠷ ᠪᠦᠯᠢ ᠶᠢᠨ ᠡᠳ᠋ | ᠬᠥᠷᠥᠩᠭᠡ ᠶᠢᠨ ᠮᠡᠳᠡᠭᠡ ᠵᠠᠩᠭᠢ ᠬᠢᠭᠡᠳ ᠭᠡᠷ ᠪᠦᠯᠢ ᠶᠢᠨ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ | ᠵᠣᠷᠢᠭᠤᠳᠠ ᠨᠢᠭᠤᠭᠰᠠᠨ᠃ | 3. ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠠᠴᠠ ᠡᠮᠦᠨ᠎ᠡ ᠤᠷᠤᠭ ᠰᠠᠯᠬᠤ᠂ ᠪᠡᠯᠡᠭᠯᠡᠵᠦ ᠥᠭᠬᠦ᠂ | ᠰᠢᠯᠵᠢᠭᠦᠯᠦᠨ ᠥᠭᠬᠦ ᠵᠡᠷᠭᠡ ᠬᠡᠯᠪᠡᠷᠢ ᠪᠠᠷ ᠥᠪᠡᠷ ᠤᠨ ᠣᠯᠬᠤ ᠶᠣᠰᠣᠲᠠᠶ ᠡᠳ᠋ ᠬᠥᠷᠥᠩᠭᠡ ᠪᠤᠶᠤ ᠬᠤᠪᠢ ᠶᠢᠨ | ᠲᠤᠭ᠎ᠠ ᠪᠠᠨ ᠦᠨ᠎ᠡ ᠲᠥᠯᠥᠪᠦᠷᠢ ᠦᠭᠡᠶ ᠪᠠᠷ ᠬᠠᠶᠠᠬᠤ᠂ ᠡᠰᠡᠬᠦᠯ᠎ᠡ ᠬᠠᠤᠯᠢ ᠪᠠᠷ ᠲᠣᠭᠲᠠᠭᠠᠭᠰᠠᠨ ᠣᠯᠬᠤ ᠶᠣᠰᠣᠲᠠᠶ | ᠠᠰᠠᠷᠠᠨ ᠲᠡᠵᠢᠭᠡᠬᠦ ᠵᠠᠷᠤᠳᠠᠯ ᠵᠡᠷᠭᠡ ᠬᠠᠤᠯᠢ ᠶᠣᠰᠣᠭᠠᠷ ᠣᠯᠬᠤ ᠶᠣᠰᠣᠲᠠᠶ ᠪᠤᠰᠤᠳ ᠬᠠᠤᠯᠢ ᠶᠣᠰᠣᠨ ᠤ | ᠣᠷᠣᠯᠭ᠎ᠠ ᠶᠢ ᠲᠠᠶᠠᠭᠳᠠᠭᠰᠠᠨ᠃ | 4. ᠭᠡᠷ ᠪᠠᠶᠢᠰᠢᠩ ᠬᠤᠳᠠᠯᠳᠤᠬᠤ᠂ ᠡᠳ᠋ ᠬᠥᠷᠥᠩᠭᠡ ᠶᠢ ᠨᠢᠭᠤᠨ ᠳᠠᠯᠳᠠᠯᠠᠬᠤ ᠪᠤᠶᠤ ᠵᠣᠷᠢᠭᠤᠳᠠ ᠡᠷᠦᠬᠡ | ᠬᠤᠪᠢᠶᠠᠬᠤ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠠᠶᠢᠯᠠᠭᠰᠠᠨ ᠦᠢᠯᠡ ᠠᠵᠢᠯᠯᠠᠭ᠎ᠠ ᠠᠴᠠ ᠪᠣᠯᠵᠤ | ᠠᠵᠤ ᠠᠬᠤᠶ ᠶᠢᠨ ᠢᠷᠡᠯᠳᠡ ᠦᠭᠡᠶ᠂ ᠠᠮᠢᠳᠤᠷᠠᠯ ᠨᠢ ᠬᠦᠴᠢᠷᠲᠡᠶ ᠬᠠᠭᠤᠷᠮᠠᠭ ᠦᠵᠡᠭᠳᠡᠯ ᠭᠠᠷᠤᠭᠰᠠᠨ᠃ | 5. ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ | ᠳᠠᠭᠠᠭᠠᠴᠢᠯᠠᠭᠰᠠᠨ ᠭᠠᠵᠠᠷ ᠰᠢᠷᠣᠢ ᠪᠠᠨ ᠬᠠᠶᠠᠵᠤ ᠳᠠᠷᠢᠶᠠᠯᠠᠭᠰᠠᠨ ᠦᠬᠡᠢ᠃ | ︵ᠭᠤᠷᠪᠠ︶ ᠭᠡᠷ ᠪᠦᠯᠢ ᠶᠢᠨ ᠡᠳ᠋ ᠬᠦᠷᠦᠩᠭᠡ ᠶᠢᠨ ᠲᠠᠯ᠎ᠠ ᠪᠠᠷ | 1. ᠲᠤᠰ ᠠᠷᠭ᠎ᠠ ᠳᠤ ᠲᠣᠭᠲᠠᠭᠠᠭᠰᠠᠨ ᠭᠡᠷ ᠪᠦᠯᠢ ᠶᠢᠨ ᠡᠳ᠋ ᠬᠥᠷᠥᠩᠭᠡ ᠶᠢ ᠮᠠᠭᠠᠳᠯᠠᠬᠤ ᠪᠠᠷᠢᠮᠵᠢᠶ᠎ᠠ ᠠᠴᠠ | ᠳᠠᠪᠠᠭᠤᠯᠣᠭᠰᠠᠨ᠃ | 2. ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ | ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ᠂ ᠨᠥᠬᠦᠪᠥᠷᠢ ᠮᠥᠩᠭᠦ᠂ ᠨᠤᠷᠠᠭᠠᠵᠤ ᠨᠡᠭᠦᠯᠭᠡᠬᠦ ᠲᠥᠯᠥᠪᠦᠷᠢ ᠮᠥᠩᠭᠦ ᠶᠢ | ᠲᠣᠭᠲᠠᠭᠠᠯ ᠶᠣᠰᠣᠭᠠᠷ ᠰᠠᠭᠤᠯᠭᠠᠨ ᠬᠠᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠪᠡᠯᠡ ᠮᠥᠩᠭᠦ ᠶᠢ ᠭᠡᠷ ᠪᠦᠯᠢ ᠶᠢᠨ | ᠪᠦᠷᠢᠯᠳᠦᠬᠦᠨ ᠤ ᠨᠠᠰᠤ ᠵᠢᠯ ᠤᠨ ᠶᠣᠰᠣᠭᠠᠷ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ᠃ | ︵ᠲᠦᠷᠪᠡ︶ ᠭᠡᠷ ᠪᠦᠯᠢ ᠶᠢᠨ ᠬᠡᠷᠡᠭᠯᠡᠭᠡᠨ ᠤ ᠲᠠᠯ᠎ᠠ ᠪᠠᠷ | 1. ᠬᠡᠷ ᠪᠦᠯᠢ ᠶᠢᠨ ᠪᠦᠷᠢᠯᠳᠦᠬᠦᠨ ᠨᠡᠷ ᠦᠷᠭᠦᠯᠵᠢ ᠳᠡᠭᠡᠳᠦ ᠲᠠᠰ ᠤᠨ ᠠᠷᠢᠬᠢ ᠲᠠᠮᠠᠬᠢ ᠵᠡᠷᠭᠡ ᠠᠮᠢᠳᠤᠷᠠᠯ ᠤᠨ | ᠪᠤᠰᠤ ᠴᠢᠬᠤᠯᠠ ᠬᠡᠷᠡᠭᠯᠡᠭᠡᠨ ᠤ ᠵᠦᠢᠯ ᠡᠳ᠋ᠯᠡᠬᠦ ᠪᠠ ᠦᠷᠭᠦᠯᠵᠢ ᠥᠨᠳᠥᠷ ᠬᠡᠷᠡᠭᠯᠡᠭᠡ ᠶᠢᠨ ᠵᠤᠭ᠎ᠠ ᠴᠡᠩᠭᠡᠯ ᠤᠨ | ᠠᠵᠢᠯᠯᠠᠭ᠎ᠠ ᠳᠤ ᠣᠷᠣᠯᠴᠠᠳᠠᠭ᠃ | 2᠂ ᠬᠠᠮᠲᠤ ᠪᠠᠷ ᠠᠮᠢᠳᠤᠷᠠᠵᠤ ᠪᠠᠢᠭ᠎ᠠ ᠭᠡᠷ ᠪᠦᠯᠢ ᠶᠢᠨ ᠪᠦᠷᠢᠯᠳᠦᠬᠦᠨ ᠥᠪᠡᠷ ᠤᠨ ᠵᠠᠷᠤᠳᠠᠯ ᠢᠶᠠᠷ | ᠭᠠᠳᠠᠭᠠᠳᠤ ᠳᠤ ᠭᠠᠷᠴᠤ ᠰᠤᠷᠤᠯᠴᠠᠬᠤ᠂ ᠭᠠᠳᠠᠭᠠᠳᠤ ᠳᠤ ᠭᠠᠷᠴᠤ ᠵᠢᠭᠤᠯᠴᠢᠯᠠᠬᠤ᠂ ᠠᠯᠪᠠᠨ ᠠᠴᠠ ᠪᠠᠢᠭᠤᠯᠤᠭᠰᠠᠨ | ᠰᠤᠷᠭᠠᠭᠤᠯᠢ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠠᠴᠠ ᠥᠨᠳᠥᠷ ᠬᠤᠪᠢ ᠶᠢᠨ ᠡᠷᠬᠢᠯᠡᠭᠰᠡᠨ ᠰᠤᠷᠭᠠᠭᠤᠯᠢ ᠳᠤ | ᠰᠤᠷᠤᠯᠴᠠᠬᠤ ᠪᠤᠶᠤ ᠪᠡᠶ᠎ᠡ ᠪᠠᠨ ᠳᠠᠭᠠᠭᠠᠵᠤ ᠰᠤᠷᠭᠠᠭᠤᠯᠢ ᠰᠣᠩᠭᠤᠬᠤ᠃ | 3᠂ ᠢᠯᠡᠴᠢᠯᠡᠨ ᠮᠡᠳᠡᠭᠦᠯᠦᠭᠰᠡᠨ ᠪᠤᠰᠤᠳ ᠥᠨᠳᠥᠷ ᠪᠠᠷᠢᠮᠵᠢᠶ᠎ᠠ ᠪᠦᠬᠦᠢ ᠠᠵᠢᠯᠯᠠᠭ᠎ᠠ ᠪᠣᠯᠤᠨ ᠬᠢᠨᠠᠨ | ᠪᠠᠶᠢᠴᠠᠭᠠᠵᠤ ᠭᠠᠷᠭᠠᠭᠰᠠᠨ ᠥᠨᠳᠥᠷ ᠬᠡᠷᠡᠭᠯᠡᠭᠡᠨ ᠤ ᠮᠡᠳᠡᠭᠡ ᠵᠠᠩᠭᠢ ᠳᠤ ᠵᠦᠢ ᠶᠣᠰᠣᠨ ᠤ ᠲᠠᠶᠢᠯᠪᠤᠷᠢ ᠬᠢᠵᠦ ᠴᠢᠳᠠᠬᠤ | ᠦᠬᠡᠢ ᠪᠠᠶᠢᠬᠤ᠃ | ︵ᠲᠠᠪᠤ︶ ᠬᠤᠪᠢ ᠬᠥᠮᠦᠨ ᠤ ᠢᠲᠡᠭᠡᠮᠵᠢ ᠬᠢᠭᠡᠳ ᠨᠡᠶᠢᠭᠡᠮ ᠤᠨ ᠬᠠᠷᠢᠭᠤᠴᠠᠯᠭ᠎ᠠ ᠶᠢᠨ ᠲᠠᠯ᠎ᠠ ᠪᠠᠷ | 1. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠭᠤᠶᠤᠴᠢᠯᠠᠨ ᠮᠡᠳᠡᠭᠦᠯᠬᠦ ᠠᠴᠠ ᠬᠤᠶᠠᠷ ᠵᠢᠯ ᠤᠨ | ᠳᠣᠲᠣᠷᠠᠬᠢ ᠦᠨᠡᠨᠴᠢ ᠢᠲᠡᠭᠡᠮᠵᠢ ᠶᠢᠨ ᠲᠡᠮᠳᠡᠭᠯᠡᠯ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ᠃ | 2. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ᠂ ᠬᠠᠤᠯᠢ ᠪᠠᠷ ᠲᠣᠭᠲᠠᠭᠠᠭᠰᠠᠨ ᠠᠴᠢᠯᠠᠨ ︵ | ᠠᠰᠠᠷᠠᠨ ᠳᠡᠳᠭᠦᠬᠦ᠂ ᠲᠡᠳᠬᠦᠨ ᠲᠤᠰᠠᠯᠠᠬᠤ︶ ᠲᠡᠵᠢᠭᠡᠬᠦ ᠬᠥᠮᠦᠨ ᠲᠣᠭᠲᠠᠭᠠᠭᠰᠠᠨ ᠨᠡᠶᠢᠭᠡᠮ ᠤᠨ ᠬᠠᠷᠢᠭᠤᠴᠠᠯᠭ᠎ᠠ ᠶᠢ | ᠡᠭᠦᠷᠭᠡᠯᠡᠭᠰᠡᠨ ᠦᠭᠡᠢ᠃ | 3. ᠵᠤᠭᠤᠰ ᠮᠦᠷᠦ᠋ᠢᠴᠡᠬᠦ᠂ ᠶᠠᠩᠬᠠᠨ ᠳᠤ ᠤᠷᠤᠬᠤ᠂ ᠬᠤᠣᠷ᠎ᠠ ᠲᠠᠳᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ | ᠤᠷᠤᠯᠴᠠᠬᠤ ᠮᠦᠷᠳᠡᠬᠡᠨ ᠭᠡᠮᠰᠢᠨ ᠵᠠᠰᠠᠷᠠᠬᠤ ᠦᠬᠡᠢ᠃ | 4. ᠵᠠᠰᠠᠭ ᠤᠨ ᠣᠷᠳᠣᠨ ᠠᠴᠠ ᠲᠣᠳᠣᠷᠬᠠᠶ ᠵᠠᠷᠯᠢᠭᠳᠠᠨ ᠴᠠᠭᠠᠵᠠᠯᠠᠭᠰᠠᠨ ᠬᠠᠤᠯᠢ ᠪᠤᠰᠤ ᠵᠣᠬᠢᠶᠠᠨ | ᠪᠠᠶᠢᠭᠤᠯᠤᠯᠲᠠ ᠳᠤ ᠣᠷᠣᠯᠴᠠᠬᠤ ᠪᠥᠭᠡᠳ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠠᠵᠢᠯᠯᠠᠭ᠎ᠠ ᠬᠢᠭᠰᠡᠨ᠃ | 5. ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠢ ᠵᠦᠢ ᠶᠣᠰᠣᠨ ᠤ | ᠰᠢᠯᠲᠠᠭᠠᠨ ᠦᠭᠡᠶ ᠪᠠᠷ ᠲᠣᠭᠲᠠᠭᠰᠠᠨ ᠬᠤᠭᠤᠴᠠᠭᠠᠨ ᠤ ᠳᠣᠲᠣᠷ᠎ᠠ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠤᠨ ᠠᠵᠢᠯ ᠣᠯᠬᠤ ︵ᠲᠡᠭᠦᠨ ᠤ ᠡᠷᠡᠭᠦᠯ ᠴᠢᠭᠢᠷᠠᠭ ᠤᠨ | ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ︶ ᠪᠣᠯᠤᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠳᠤ ᠦᠷᠭᠦᠯᠵᠢᠯᠡᠨ ᠬᠤᠶᠠᠷ ᠤᠳᠠᠭ᠎ᠠ ᠣᠷᠣᠯᠴᠠᠭᠰᠠᠨ ᠦᠭᠡᠶ᠃ | ︵ᠵᠢᠷᠭᠤᠭ᠎ᠠ︶ ᠡᠯ᠎ᠡ ᠬᠤᠰᠢᠭᠤ ︵ᠣᠷᠣᠨ︶ ᠶᠢᠨ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃ | ᠳᠣᠯᠣᠳᠤᠭᠠᠷ ᠪᠦᠯᠦᠭ ᠬᠠᠮᠢᠶᠠᠷᠬᠤ ᠪᠠ ᠬᠢᠨᠠᠯᠲᠠ ᠲᠠᠯᠪᠢᠬᠤ | ᠳᠥᠴᠢᠨ ᠬᠤᠶᠠᠳᠤᠭᠠᠷ ᠵᠦᠢᠯ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠡᠷ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠵᠦᠶ ᠶᠣᠰᠣᠨ ᠤ | ᠰᠢᠯᠲᠠᠭᠠᠨ ᠥᠬᠡᠶ ᠪᠠᠷ ᠬᠠᠮᠵᠢᠯᠴᠠᠬᠤ ᠥᠬᠡᠶ ᠪᠠᠶᠢᠪᠠᠯ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ ᠬᠠᠷᠭᠤᠭᠤᠯᠵᠤ | ᠨᠤᠲᠠᠯᠠᠬᠤ ᠲᠠᠰ ᠳᠠᠷᠠᠭᠠᠯᠠᠯ ᠢᠶᠠᠨ ᠵᠣᠭᠰᠣᠭᠠᠵᠤ ᠪᠣᠯᠤᠨ᠎ᠠ᠃ | ᠳᠥᠴᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠲᠤ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠨᠢ ᠰᠠᠷ᠎ᠠ ᠰᠠᠷ᠎ᠠ ᠪᠠᠷ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠳᠤ | ᠬᠥᠮᠦᠨ ᠠᠮᠠ ᠶᠢᠨ ᠪᠠᠶᠢᠳᠠᠯ᠂ ᠣᠷᠣᠯᠭ᠎ᠠ ᠶᠢᠨ ᠪᠠᠶᠢᠳᠠᠯ ᠪᠣᠯᠤᠨ ᠡᠳ᠋ ᠬᠥᠷᠥᠩᠭᠡ ᠶᠢᠨ ᠪᠠᠶᠢᠳᠠᠯ ᠤᠨ | ᠬᠤᠪᠢᠷᠠᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ | ᠵᠠᠩᠭᠢᠵᠢᠯᠲᠠ ᠶᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠭᠠᠷ | ᠤᠲᠠᠰᠤᠨ ᠤ ᠰᠢᠯᠵᠢᠮᠡᠯ ᠦᠵᠦᠭᠦᠷ ᠢᠶᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠤ ᠳᠥᠭᠦᠮ | ᠦᠵᠡᠭᠦᠯᠦᠨ᠎ᠡ᠃ | ᠳᠥᠴᠢᠨ ᠳᠥᠷᠪᠡᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ | ᠦᠨᠳᠦᠰᠦᠯᠡᠨ ᠴᠠᠭ ᠲᠤᠬᠠᠶ ᠳᠤᠨᠢ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ | ᠮᠡᠳᠡᠭᠦᠯᠵᠦ ᠲᠣᠬᠢᠷᠠᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠰᠤᠮᠤ ᠪᠠᠯᠭᠠᠰᠤ | ︵ᠵᠡᠭᠡᠯᠢ ᠭᠤᠳᠤᠮᠵᠢ ᠶᠢᠨ ᠠᠯᠪᠠᠨ ᠬᠡᠷ︶᠂ ᠬᠤᠰᠢᠭᠤ ︵ᠣᠷᠣᠨ︶ ᠳᠤ ᠪᠠᠭᠤᠯᠭᠠᠵᠤ᠂ ᠰᠤᠮᠤ ᠪᠠᠯᠭᠠᠰᠤ ︵ᠵᠡᠭᠡᠯᠢ | ᠭᠤᠳᠤᠮᠵᠢ ᠶᠢᠨ ᠠᠯᠪᠠᠨ ᠬᠡᠷ︶ ᠠᠴᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ | ᠬᠢᠨ᠎ᠠ᠃ ᠲᠥᠷᠥᠯ ᠢᠯᠭᠠᠯ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ | ᠬᠥᠳᠡᠯᠦᠩᠭᠦᠶ ᠬᠠᠮᠢᠶᠠᠷᠤᠯᠲᠠ ᠬᠢᠬᠦ ᠬᠡᠷᠡᠭᠲᠡᠶ᠄ | ︵ᠨᠢᠭᠡ︶ A ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠄ ᠣᠬᠤᠷ | ᠬᠤᠭᠤᠴᠠᠭᠠᠨ ᠤ ᠳᠣᠲᠣᠷ᠎ᠠ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠨᠢ ᠶᠡᠭᠡ ᠪᠢᠰᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠵᠢᠯ ᠪᠦᠷᠢ ᠨᠢᠭᠡ ᠤᠳᠠᠭ᠎ᠠ ᠬᠢᠨᠠᠨ ᠪᠠᠶᠢᠴᠠᠭᠠᠨ᠎ᠠ᠃ | ︵ᠬᠤᠶᠠᠷ︶ B ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠄ | ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠬᠦᠨ ᠨᠢ ᠬᠥᠳᠡᠯᠮᠦᠷᠢᠯᠡᠬᠦ | ᠴᠢᠳᠠᠪᠤᠷᠢ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠭᠡᠷ ᠪᠦᠯᠢ ᠪᠣᠯ᠂ ᠬᠠᠭᠠᠰ ᠵᠢᠯ ᠳᠤ ᠨᠢᠭᠡ ᠤᠳᠠᠭ᠎ᠠ | ᠬᠢᠨᠠᠨ ᠪᠠᠶᠢᠴᠠᠭᠠᠨ᠎ᠠ᠃ | ᠬᠦᠨᠳᠦ ᠶᠡᠭᠡ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠬᠢᠨᠠᠨ ᠪᠠᠶᠢᠴᠠᠭᠠᠬᠤ ᠬᠤᠭᠤᠴᠠᠭ᠎ᠠ ᠶᠢ ᠵᠣᠬᠢᠬᠤ | ᠬᠡᠮᠵᠢᠶ᠎ᠡ ᠪᠠᠷ ᠤᠷᠲᠤᠳᠬᠠᠵᠤ ᠪᠣᠯᠤᠨ᠎ᠠ᠃ | ᠳᠥᠴᠢᠨ ᠲᠠᠪᠤᠳᠤᠭᠠᠷ ᠵᠦᠢᠯ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ | ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠲᠠᠷᠬᠠᠭᠠᠬᠤ ᠶᠢ | ᠬᠢᠨᠠᠨ ᠬᠠᠷᠭᠤᠭᠤᠯᠵᠤ ᠨᠤᠲᠠᠯᠠᠬᠤ ᠭᠠᠷᠳᠠᠮ ᠢ ᠴᠠᠭ ᠲᠤᠬᠠᠶ ᠳᠤᠨᠢ ᠭᠠᠷᠭᠠᠨ᠎ᠠ᠄ | ︵ᠨᠢᠭᠡ︶ ᠨᠥᠬᠦᠴᠡᠯ ᠳᠤ ᠨᠡᠶᠢᠴᠡᠬᠦ ᠦᠭᠡᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠣᠯᠭᠤᠬᠤ ᠶᠢ ᠨᠢ ᠵᠣᠭᠰᠣᠭᠠᠬᠤ ᠬᠡᠷᠡᠭᠲᠡᠶ᠃ | ︵ᠬᠤᠶᠠᠷ︶ ᠣᠷᠣᠯᠭ᠎ᠠ ᠪᠤᠶᠤ ᠵᠠᠷᠤᠯᠭ᠎ᠠ ᠶᠢᠨ ᠬᠤᠪᠢᠷᠠᠯᠲᠠ᠂ ᠠᠵᠢᠯᠲᠠᠨ ᠤ ᠬᠤᠪᠢᠷᠠᠯᠲᠠ ᠭᠠᠷᠪᠠᠯ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ | ᠬᠡᠷᠡᠭᠲᠡᠶ᠃ | ︵ᠭᠤᠷᠪᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠰᠠᠨᠠᠭᠠᠴᠢᠯᠠᠭ᠎ᠠ ᠠᠴᠠ ᠪᠠᠨ | ᠬᠠᠶᠠᠬᠤ ᠪᠠᠷ ᠱᠠᠭᠠᠷᠳᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | ᠵᠣᠭᠰᠣᠭᠠᠨ᠎ᠠ᠃ | ︵ᠲᠦᠷᠪᠡ︶ ᠦᠷᠭᠦᠯᠵᠢᠯᠡᠨ 3 ᠰᠠᠷ᠎ᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠭᠰᠡᠨ ᠦᠭᠡᠢ ᠪᠠᠶᠢᠪᠠᠯ᠂ | ᠰᠢᠭᠦᠮᠵᠢᠯᠡᠨ ᠰᠤᠷᠭᠠᠵᠤ ᠪᠣᠯᠤᠨ᠎ᠠ᠃ | ︵ᠲᠠᠪᠤ︶ ᠭᠡᠷ ᠪᠦᠯᠢ ᠶᠢᠨ ᠪᠦᠷᠢᠯᠳᠦᠬᠦᠨ ᠨᠢ ᠦᠭᠦᠭᠰᠡᠨ ᠤ ᠲᠠᠷᠠᠭ᠎ᠠ᠂ ᠲᠡᠭᠦᠨ ᠤ ᠦᠬᠦᠭᠰᠡᠨ ᠡᠳᠦᠷ ᠠᠴᠠ | ᠡᠬᠢᠯᠡᠨ 3 ᠰᠠᠷ᠎ᠠ ᠶᠢᠨ ᠳᠣᠲᠣᠷ᠎ᠠ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠠᠵᠤ | ᠠᠬᠤᠢ ᠶᠢᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ ᠵᠡᠷᠭᠡ ᠬᠤᠯᠪᠣᠭᠳᠠᠯ ᠪᠦᠬᠦᠢ | ᠭᠠᠷᠳᠠᠮ ᠢ ᠭᠦᠢᠴᠡᠳᠬᠡᠬᠦ ᠬᠡᠷᠡᠭᠲᠡᠢ᠃ | ︵ᠵᠢᠷᠭᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠤᠳᠠᠯ ᠢᠶᠠᠷ ᠮᠡᠳᠡᠭᠦᠯᠬᠦ᠂ | ᠳᠠᠷᠤᠭᠠᠳ ᠮᠡᠳᠡᠭᠦᠯᠬᠦ ᠦᠭᠡᠶ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠮᠡᠬᠡᠯᠡᠨ ᠠᠪᠤᠭᠰᠠᠨ ᠪᠣᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠨᠢ ᠵᠣᠭᠰᠣᠭᠠᠵᠤ᠂ ᠬᠠᠤᠯᠢ ᠪᠤᠰᠤ ᠪᠠᠷ | ᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠯᠢᠭᠳᠠᠨ ᠪᠣᠴᠠᠭᠠᠯᠭᠠᠬᠤ ᠶᠢᠨ | ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠢᠨᠠᠨ ᠪᠠᠶᠢᠴᠠᠭᠠᠬᠤ ᠬᠤᠭᠤᠴᠠᠭᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ | ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠢᠯᠡᠷᠬᠡᠶ ᠬᠤᠪᠢᠷᠠᠯᠲᠠ ᠦᠭᠡᠶ ᠪᠣᠯ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ ᠶᠢ ᠳᠠᠬᠢᠵᠤ ᠲᠣᠬᠢᠷᠠᠭᠤᠯᠬᠤ ᠦᠭᠡᠶ᠃ | ᠳᠥᠴᠢᠨ ᠵᠢᠷᠭᠤᠳᠤᠭᠠᠷ ᠵᠦᠢᠯ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠪᠤᠶᠤ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ | ᠲᠣᠭᠲᠠᠭᠠᠯ ᠭᠠᠷᠭᠠᠵᠤ᠂ ᠬᠠᠤᠯᠢ ᠳᠤ ᠲᠣᠭᠲᠠᠭᠠᠭᠰᠠᠨ ᠤᠴᠢᠷ ᠰᠢᠯᠲᠠᠭᠠᠨ ᠪᠠ ᠲᠣᠭᠲᠠᠭᠠᠭᠰᠠᠨ ᠲᠠᠰ ᠳᠠᠷᠠᠭᠠᠯᠠᠯ ᠳᠤ | ᠨᠡᠶᠢᠴᠡᠭᠦᠯᠬᠦ ᠬᠡᠷᠡᠭᠲᠡᠶ᠃ | ᠳᠥᠴᠢᠨ ᠳᠣᠯᠣᠳᠤᠭᠠᠷ ᠵᠦᠢᠯ ᠠᠵᠢᠯ ᠣᠯᠬᠤ ᠴᠢᠳᠠᠪᠤᠷᠢ ᠶᠢ ᠪᠦᠷᠢᠯᠳᠦᠭᠦᠯᠦᠭᠰᠡᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠤ ᠢᠳᠡᠪᠬᠢᠲᠡᠶ ᠪᠠᠷ ᠠᠵᠢᠯ ᠣᠯᠬᠤ ᠶᠢ | ᠵᠣᠷᠢᠭᠵᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠠᠵᠢᠯ ᠣᠯᠤᠭᠰᠠᠨ ᠤ | ᠳᠠᠷᠠᠭ᠎ᠠ᠂ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ | ᠪᠦᠯᠢ ᠳᠤ ᠪᠣᠯ ᠵᠠᠷᠴᠢᠮ ᠳᠡᠭᠡᠷ᠎ᠡ ᠪᠠᠨ 6 ᠰᠠᠷ᠎ᠠ ᠠᠴᠠ ᠬᠡᠲᠦᠷᠡᠬᠦ ᠦᠭᠡᠶ ᠠᠭᠠᠵᠢᠮ ᠢᠶᠠᠷ ᠭᠠᠷᠬᠤ ᠬᠤᠭᠤᠴᠠᠭ᠎ᠠ | ᠣᠯᠭᠤᠬᠤ ᠬᠡᠷᠡᠭᠲᠡᠶ᠃ | ᠳᠥᠴᠢᠨ ᠨᠠᠢᠮᠠᠳᠣᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠠᠬᠢ ᠠᠵᠢᠯ | ᠣᠯᠬᠤ ᠴᠢᠳᠠᠪᠤᠷᠢ ᠲᠠᠢ ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠡᠷ ᠪᠣᠯ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠨᠠᠶᠢᠳᠠᠵᠤ ᠲᠤᠰᠬᠠᠶ ᠪᠠᠲᠤᠯᠠᠨ ᠲᠠᠨᠢᠯᠴᠠᠭᠤᠯᠬᠤ ᠠᠵᠢᠯ ᠢ ᠬᠦᠯᠢᠶᠡᠨ ᠠᠪᠬᠤ ᠬᠡᠷᠡᠭᠲᠡᠶ᠃ ᠵᠦᠢ | ᠶᠣᠰᠣᠨ ᠤ ᠰᠢᠯᠲᠠᠭᠠᠨ ᠦᠭᠡᠶ ᠪᠠᠷ ᠲᠠᠨᠢᠯᠴᠠᠭᠤᠯᠬᠤ ᠶᠢ ᠬᠦᠯᠢᠶᠡᠨ ᠠᠪᠬᠤ ᠦᠭᠡᠶ᠂ ᠡᠷᠡᠭᠦᠯ ᠴᠢᠭᠢᠷᠠᠭ ᠤᠨ ᠪᠠᠶᠢᠳᠠᠯ᠂ | ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ ᠢ ᠦᠷᠭᠦᠯᠵᠢᠯᠡᠨ 3 ᠤᠳᠠᠭ᠎ᠠ ᠲᠡᠪᠴᠢᠭᠰᠡᠨ ᠪᠣᠯ | ᠲᠤᠰ ᠬᠥᠮᠦᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠵᠤ ᠥᠭᠬᠦ ᠪᠤᠶᠤ | ᠲᠠᠷᠬᠠᠭᠠᠬᠤ ᠪᠠᠨ ᠵᠣᠭᠰᠣᠭᠠᠬᠤ ᠪᠠᠷ ᠲᠣᠭᠲᠠᠭᠠᠬᠤ ᠬᠡᠷᠡᠭᠲᠡᠶ᠃ | ᠳᠥᠴᠢ ᠶᠢᠰᠦᠳᠦᠭᠡᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠢᠨᠠᠯᠲᠠ ᠲᠠᠯᠪᠢᠵᠤ ᠪᠠᠶᠢᠴᠠᠭᠠᠬᠤ | ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ | ᠲᠠᠪᠢᠳᠤᠭᠠᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡᠨ ᠤ ᠤᠲᠠᠰᠤ ᠶᠢ ᠢᠯᠡ ᠪᠣᠯᠭᠠᠵᠤ᠂ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠶᠢ | ᠬᠦᠯᠢᠶᠡᠨ ᠠᠪᠴᠤ᠂ ᠨᠡᠶᠢᠭᠡᠮ ᠪᠠ ᠣᠯᠠᠨ ᠲᠦᠮᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ | ᠬᠠᠷᠭᠤᠭᠤᠯᠵᠤ ᠨᠤᠲᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠦᠯᠢᠶᠡᠨ᠎ᠡ᠃ | ᠲᠠᠪᠢᠨ ᠨᠢᠭᠡᠳᠦᠭᠡᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠦᠨᠡᠨ ᠨᠡᠷ᠎ᠡ ᠪᠠᠷ ᠢᠯᠡᠴᠢᠯᠡᠨ | ᠮᠡᠳᠡᠭᠦᠯᠦᠭᠰᠡᠨ ᠢ ᠬᠢᠨᠠᠨ ᠪᠠᠶᠢᠴᠠᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠬᠢᠨᠠᠨ ᠪᠠᠶᠢᠴᠠᠭᠠᠵᠤ | ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠪᠤᠶᠤ | ᠨᠢᠭᠡᠨᠲᠡ ᠣᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | | ᠲᠠᠪᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠢᠵᠦ ᠪᠠᠶᠢᠭ᠎ᠠ | ᠬᠥᠮᠦᠰ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ | ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ | ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠤᠰᠢᠭᠤ ︵ᠤᠷᠤᠨ︶ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷ ᠢ ᠬᠠᠪᠰᠤᠷᠤᠨ ︽ᠳᠠᠷᠤᠭᠠᠰᠤ︾ ᠶᠢ ᠬᠦᠩᠭᠡᠷᠡᠬᠦᠯᠬᠦ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠᠷ ᠭᠠᠷᠳᠠᠴᠠ | ᠪᠣᠯᠭᠠᠵᠤ᠂ ᠪᠥᠬᠦ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠪᠠᠷ ᠲᠤᠰᠤᠯᠳᠠ ᠪᠣᠯᠭᠠᠵᠤ᠂ ᠲᠥᠪ ᠭᠤᠤᠯᠴᠢ᠂ ᠲᠠᠰ ᠳᠠᠷᠠᠭᠠᠯᠠᠯ ᠨᠢ ᠪᠦᠷᠢᠨ ᠪᠦᠲᠦᠨ᠂ | ᠪᠡᠶᠡᠴᠢ ᠪᠤᠰᠤ ᠵᠣᠷᠢᠭᠤᠳᠠ ᠪᠤᠶᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠣᠨᠣᠪᠴᠢ | ᠥᠬᠡᠶ ᠵᠢᠴᠢ ᠠᠪᠤᠷᠠᠨ ᠲᠤᠰᠠᠯᠠᠭᠳᠠᠭᠴᠢ ᠶᠢᠨ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ | ᠰᠢᠯᠲᠠᠭᠠᠨ ᠠᠴᠠ ᠪᠣᠯᠵᠣ ᠠᠯᠳᠠᠭ᠎ᠠ ᠪᠤᠷᠤᠭᠤ ᠭᠠᠷᠭᠠᠭᠰᠠᠨ ᠪᠥᠭᠡᠳ ᠴᠠᠭ ᠲᠤᠬᠠᠶ ᠳᠤᠨᠢ ᠵᠠᠯᠠᠷᠠᠭᠤᠯᠵᠤ ᠳᠡᠶᠢᠯᠬᠦ | ᠭᠠᠷᠲᠠᠨ ᠭᠦᠢᠴᠡᠳᠭᠡᠭᠴᠢ ᠶᠢᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠵᠦ ᠪᠣᠯᠤᠨ᠎ᠠ᠃ | ᠨᠠᠢᠮᠠᠳᠣᠭᠠᠷ ᠪᠦᠯᠦᠭ ᠳᠠᠭᠠᠯᠳᠤᠭᠤᠯᠤᠯ ᠳᠦᠷᠢᠮ | ᠲᠠᠪᠢᠨ ᠲᠠᠪᠤᠳᠤᠭᠠᠷ ᠵᠦᠢᠯ ᠲᠣᠰ ᠠᠷᠭ᠎ᠠ ᠳᠤ ᠲᠣᠭᠲᠠᠭᠠᠭᠰᠠᠨ ᠦᠭᠡᠢ ᠵᠦᠢᠯᠡᠰ ᠢ ᠥᠪᠡᠷᠲᠡᠭᠡᠨ ᠵᠠᠰᠠᠬᠤ | ᠣᠷᠣᠨ ᠪᠠ ᠮᠠᠨ ᠤ ᠠᠶᠢᠮᠠᠭ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠠᠪᠢᠨ ᠵᠢᠷᠭᠤᠳᠤᠭᠠᠷ ᠵᠦᠢᠯ ᠲᠤᠰ ᠠᠷᠭ᠎ᠠ ᠶᠢ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ᠲᠣᠰ ᠠᠷᠭ᠎ᠠ ᠶᠢ ᠦᠨᠳᠦᠰᠦᠯᠡᠨ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠬᠡᠷᠡᠭᠵᠢᠭᠦᠯᠬᠦ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠲᠠᠪᠢᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | |