ᠠᠯᠠᠱᠠ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠮᠠᠭᠠᠳᠯᠠᠨ ᠲᠣᠭᠲᠠᠭᠠᠬᠤ ᠠᠷᠭ᠎ᠠ
ᠨᠡᠶᠢᠲᠡᠯᠡᠭᠰᠡᠨ ᠴᠠᠭ᠄
2023/5/30
    ᠨᠢᠭᠡᠳᠦᠭᠡᠷ ᠪᠦᠯᠦᠭ ᠶᠡᠷᠦᠩᠬᠡᠢ ᠳᠦᠷᠢᠮ     ᠨᠢᠭᠡᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 649 ᠳ᠋ᠦ᠋ᠭᠡᠷ ᠲᠣᠭᠠᠲᠤ ︶᠂ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ﹀ ᠢ ᠳᠠᠷᠤᠮᠠᠯᠯᠠᠨ ᠳᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ︹2020︺ 18 ᠳ᠋ᠤᠭᠠᠷ ᠲᠣᠭᠠᠲᠤ︶᠂ ︽︿ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠤ ᠮᠡᠳᠡᠭᠳᠡᠯ︾ ︵ᠠᠷᠠᠳ ᠲᠠᠷᠬᠠᠭᠠᠭᠰᠠᠨ ︹2021︺ 57 ᠳ᠋ᠤᠭᠠᠷ ᠲᠣᠭᠠᠲᠤ︶᠂ ︽ᠠᠷᠠᠳ ᠤᠨ ᠶᠠᠪᠤᠳᠠᠯ ᠤᠨ ᠶᠠᠮᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ︵ᠠᠷᠠᠳ ᠲᠠᠷᠬᠠᠭᠠᠭᠰᠠᠨ ︹2022︺ 83 ᠳ᠋ᠤᠭᠠᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶᠂ ᠲᠣᠰ ᠠᠷᠭ᠎ᠠ ᠶᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃     ᠠᠶᠢᠮᠠᠭ ᠤᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠪᠥᠬᠦ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠪᠠ ᠬᠠᠮᠢᠶ᠎ᠠ ᠪᠥᠬᠦᠶ ᠦᠢᠯᠡᠴᠢᠯᠡᠭᠡ ᠶᠢ ᠴᠢᠩᠭᠠᠳᠬᠠᠵᠤ᠂ ᠪᠥᠬᠦ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠬᠤ ᠬᠡᠷᠡᠭᠲᠡᠶ︔ ᠡᠯ᠎ᠡ ᠬᠤᠰᠢᠭᠤ ︵ ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠨ᠎ᠠ᠃     ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠬᠤᠰᠢᠭᠤ ︵ᠣᠷᠣᠨ︶᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠵᠤ ᠨᠤᠲᠠᠯᠠᠬᠤ ᠳᠤ ᠬᠤᠯᠪᠣᠭᠳᠠᠭᠰᠠᠨ ᠵᠦᠢᠯᠡᠰ ᠢ ᠡᠷᠬᠡ ᠮᠡᠳᠡᠯ ᠤᠨ ᠬᠡᠪᠴᠢᠶ᠎ᠡ ᠶᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠬᠠᠮᠲᠤ ᠳᠤᠨᠢ ᠪᠠᠭᠤᠯᠭᠠᠬᠤ ᠶᠢ ᠳᠠᠭᠠᠯᠳᠤᠨ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠡᠷᠬᠡ ᠣᠯᠭᠤᠵᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠭᠦᠢᠴᠡᠳᠬᠡᠨ᠎ᠡ᠃ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠦᠷᠦᠭᠦᠯᠡᠨ ᠬᠢᠨᠠᠨ ᠬᠠᠮᠢᠶᠠᠷᠴᠤ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ ᠡᠷᠦᠬᠡ ᠳᠤ ᠣᠷᠣᠵᠤ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠤᠭᠤᠴᠢᠨ ᠪᠠᠶᠢᠴᠠᠭᠠᠬᠤ ᠨᠣᠷᠮ᠎ᠠ ᠶᠢ 30% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃    ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠲᠣᠭᠲᠠᠭᠠᠬᠤ ᠳᠤ ᠳᠣᠤᠷᠠᠬᠢ ᠵᠠᠷᠴᠢᠮ ᠢ ᠪᠠᠷᠢᠮᠲᠠᠯᠠᠨ᠎ᠠ᠄        ︵ᠬᠤᠶᠠᠷ︶ ᠬᠡᠯᠡᠯᠭᠡ ᠶᠢ ᠨᠢᠭᠡᠳᠬᠡᠬᠦ᠂ ᠲᠣᠭᠠᠴᠠᠭ᠎ᠠ ᠶᠢ ᠨᠢᠭᠡᠳᠦᠯᠲᠡᠢ ᠪᠣᠯᠭᠠᠬᠤ ᠵᠠᠷᠴᠢᠮ ᠢ ᠪᠠᠷᠢᠮᠲᠠᠯᠠᠨ᠎ᠠ᠃ ᠭᠡᠷ ᠪᠦᠯᠢ ᠶᠢᠨ ᠣᠷᠣᠯᠭ᠎ᠠ ᠳᠤ ᠪᠦᠬᠦ ᠠᠶᠢᠮᠠᠭ ᠤᠨ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠠᠷᠭ᠎ᠠ ᠮᠠᠶ᠋ᠢᠭ ᠢᠶᠠᠷ ᠲᠣᠭᠠᠴᠠᠭ᠎ᠠ ᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠶᠢ ᠲᠣᠭᠲᠠᠭᠠᠨ᠎ᠠ᠃    ︵ᠭᠤᠷᠪᠠ︶ ᠠᠪᠤᠷᠠᠨ ᠲᠤᠰᠠᠯᠠᠬᠤ ᠪᠦᠷᠢ ᠵᠠᠪᠠᠯ ᠬᠠᠷᠭᠤᠭᠤᠯᠬᠤ ᠵᠠᠷᠴᠢᠮ ᠢ ᠪᠠᠷᠢᠮᠲᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠭᠰᠠᠨ ᠭᠡᠷ ᠪᠦᠯᠢ ᠶᠢ ᠡᠷᠦᠬᠡ ᠳᠤ ᠬᠦᠷᠴᠦ ᠪᠠᠶᠢᠴᠠᠭᠠᠬᠤ ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠨᠲᠡ ᠬᠦᠷᠲᠡᠭᠰᠡᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠬᠢᠨ ᠬᠢᠨᠠᠬᠤ ᠶᠢ ᠬᠡᠷᠡᠭᠵᠢᠭᠦᠯᠵᠦ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠪᠤᠴᠠᠭᠠᠬᠤ ᠶᠣᠰᠣᠲᠠᠶ ᠶᠢ ᠨᠢ ᠴᠥᠮ ᠪᠤᠴᠠᠭᠠᠬᠤ︾ ᠶᠢ ᠦᠨᠡᠨ ᠬᠦ ᠪᠠᠲᠤᠯᠠᠵᠤ᠂ ᠠᠷᠠᠳ ᠤᠨ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠳᠠᠭᠠᠭᠠᠨ ᠪᠠᠲᠤᠯᠠᠬᠤ ᠬᠡᠷᠡᠭᠲᠡᠶ᠃    ︵ᠲᠦᠷᠪᠡ︶ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ᠃ ᠠᠵᠢᠯ ᠤᠨ ᠳᠡᠰ ᠳᠠᠷᠠᠭᠠᠯᠠᠯ ᠢ ᠢᠯᠡ ᠪᠣᠯᠭᠠᠵᠤ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠵᠦ᠂ ᠬᠢᠨᠠᠨ ᠬᠠᠷᠭᠤᠭᠤᠯᠵᠤ ᠨᠤᠲᠠᠯᠠᠬᠤ ᠶᠠᠪᠤᠴᠠ ᠶᠢᠨ ᠢᠯᠡ ᠲᠣᠳᠣ᠂ ᠬᠢᠨᠠᠨ ᠬᠠᠷᠭᠤᠭᠤᠯᠵᠤ ᠨᠤᠲᠠᠯᠠᠭᠰᠠᠨ ᠦᠷ᠎ᠡ ᠳ᠋ᠦᠩ ᠤᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠨ᠎ᠠ᠃    ︵ᠲᠠᠪᠤ︶ ᠪᠠᠷᠢᠮᠵᠢᠶ᠎ᠠ ᠶᠣᠰᠣᠭᠠᠷ ᠪᠠᠲᠤᠯᠠᠭ᠎ᠠ ᠣᠯᠭᠤᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠪᠥᠬᠦ ᠠᠶᠢᠮᠠᠭ ᠤᠨ ᠨᠢᠭᠡᠳᠦᠯᠲᠡᠶ ᠪᠠᠲᠤᠯᠠᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠲᠥᠷᠥᠯ ᠬᠤᠪᠢᠶᠠᠨ ᠪᠠᠲᠤᠯᠠᠬᠤ ᠡᠲᠡᠭᠡᠳ ᠢ ᠵᠦᠶ ᠵᠣᠬᠢᠰᠲᠠᠶ ᠲᠣᠭᠲᠠᠭᠠᠵᠤ᠂ ᠬᠦᠴᠢᠷᠳᠡᠯᠲᠡᠶ ᠣᠯᠠᠨ ᠲᠦᠮᠡᠨ ᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠵᠥᠷᠢᠶ᠎ᠡ ᠶᠢ ᠨᠥᠬᠦᠪᠥᠷᠢᠯᠡᠵᠦ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ    ︵ᠵᠢᠷᠭᠤᠭ᠎ᠠ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠵᠠᠷᠴᠢᠮ ᠢ ᠪᠠᠷᠢᠮᠲᠠᠯᠠᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠤᠲᠠ ᠬᠥᠳᠡᠭᠡ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠢ ᠲᠡᠩᠴᠡᠭᠦᠷᠢᠰᠢᠭᠦᠯᠦᠨ ᠬᠥᠭᠵᠢᠭᠦᠯᠬᠦ ᠶᠢ  ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠬᠥᠳᠡᠭᠡ ᠶᠢᠨ ᠵᠥᠷᠢᠶ᠎ᠡ᠂ ᠣᠷᠣᠨ ᠪᠦᠰᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠪᠣᠯᠤᠨ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠠᠳᠠᠯᠢ ᠲᠡᠭᠰᠢ ᠣᠯᠭᠤᠮᠵᠢ ᠬᠦᠷᠲᠡᠭᠡᠬᠦ ᠬᠡᠷᠡᠭᠲᠡᠶ᠃     ᠬᠤᠶᠠᠳᠤᠭᠠᠷ ᠪᠦᠯᠦᠭ ᠬᠢᠷᠢ ᠭᠡᠮ ᠢ ᠳᠣᠭᠳᠠᠭᠠᠬᠤ ᠨᠥᠬᠦᠴᠡᠯ     ᠳᠥᠷᠪᠡᠳᠦᠭᠡᠷ ᠵᠦᠢᠯ ᠳᠣᠭᠳᠠᠭᠠᠭᠳᠠᠬᠤ ᠡᠲᠡᠭᠡᠳ᠃ ᠠᠯᠠᠱᠠ ᠠᠶᠢᠮᠠᠭ ᠤᠨ ᠡᠷᠦᠬᠡ ᠠᠮᠠ ᠲᠠᠢ ᠮᠥᠷᠲᠡᠭᠡᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠶᠢᠨ ᠬᠠᠮᠲᠤ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠳᠤ ᠨᠡᠶᠢᠴᠡᠭᠰᠡᠨ ᠭᠡᠷ ᠪᠦᠯᠢ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃     ᠲᠠᠪᠤᠳᠤᠭᠠᠷ ᠵᠦᠢᠯ ᠭᠤᠶᠤᠴᠢᠯᠠᠭᠴᠢ ᠪᠤᠶᠤ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠣᠤᠷᠠᠬᠢ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠤᠨ᠎ᠠ᠄     ︵ᠨᠢᠭᠡ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠨᠢ ᠨᠢᠭᠡ ᠬᠤᠰᠢᠭᠤ ︵ᠣᠷᠣᠨ︶ ᠳᠤ ᠪᠠᠭᠲᠠᠬᠤ ᠦᠭᠡᠶ᠃ ᠡᠭᠦᠨ ᠳᠤ ᠨᠢᠭᠡ ᠡᠷᠦᠬᠡ ᠠᠮᠠ ᠶᠢᠨ ᠪᠠᠶᠢᠭ᠎ᠠ ᠭᠠᠵᠠᠷ ᠨᠢ ᠪᠠᠶᠢᠩᠭᠤ ᠰᠠᠭᠤᠭ᠎ᠠ ᠭᠠᠵᠠᠷ ᠲᠠᠢ ᠨᠢᠭᠡᠳᠦᠯᠲᠡᠶ ᠭᠡᠷ ᠪᠦᠯᠢ ᠶᠢᠨ ᠪᠦᠷᠢᠯᠳᠦᠬᠦᠨ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠭᠤᠶᠤᠴᠢᠯᠠᠯ ᠳᠤᠷᠠᠳᠬᠤ ᠶᠢᠨ ᠬᠠᠮᠲᠤ ᠭᠤᠶᠤᠴᠢᠯᠠᠭᠰᠠᠨ ᠪᠤᠰᠤ ᠭᠡᠷ ᠪᠦᠯᠢ ᠶᠢᠨ ᠪᠦᠷᠢᠯᠳᠦᠬᠦᠨ ᠤ ᠰᠠᠭᠤᠭ᠎ᠠ ᠭᠠᠵᠠᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠦᠭᠡᠶ ᠵᠡᠷᠭᠡ ᠪᠤᠰᠤᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠪᠣᠯᠤᠨ᠎ᠠ᠃    ︵ᠬᠤᠶᠠᠷ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠪᠠᠶᠢᠭ᠎ᠠ ᠭᠠᠵᠠᠷ ᠬᠢᠭᠡᠳ ᠪᠠᠶᠢᠩᠭᠤ ᠰᠠᠭᠤᠭ᠎ᠠ ᠭᠠᠵᠠᠷ ᠨᠢ ᠴᠥᠮ ᠨᠢᠭᠡ ᠬᠤᠰᠢᠭᠤ ︵ᠣᠷᠣᠨ︶ ᠳᠤ ᠪᠠᠶᠢᠬᠤ ᠦᠭᠡᠢ ᠪᠣᠯ ᠲᠣᠮᠢᠯᠠᠭᠰᠠᠨ ᠨᠢᠭᠡ ᠭᠡᠷ ᠪᠦᠯᠢ ᠶᠢᠨ ᠪᠦᠷᠢᠯᠳᠦᠬᠦᠨ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ᠣᠷᠣᠰᠢᠨ ᠰᠠᠭᠤᠭ᠎ᠠ ᠭᠠᠵᠠᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠦᠭᠡᠶ ᠵᠡᠷᠭᠡ ᠪᠤᠰᠤᠳ ᠭᠡᠷᠡᠴᠢ ᠮᠠᠲ᠋ᠧᠷᠢᠶᠠᠯ ᠢᠶᠠᠨ ᠬᠠᠩᠭᠠᠵᠤ ᠥᠭᠬᠦ ᠬᠡᠷᠡᠭᠲᠡᠶ᠃    ︵ᠭᠤᠷᠪᠠ︶ ᠠᠯᠠᠱᠠ ᠠᠶᠢᠮᠠᠭ ᠲᠤ ᠬᠠᠮᠲᠤ ᠠᠮᠢᠳᠤᠷᠠᠵᠤ ᠪᠠᠶᠢᠭ᠎ᠠ ᠪᠣᠯᠪᠠᠴᠤ ᠠᠯᠠᠱᠠ ᠠᠶᠢᠮᠠᠭ ᠤᠨ ᠡᠷᠦᠬᠡ ᠠᠮᠠ ᠦᠭᠡᠢ ᠬᠡᠷ ᠪᠦᠯᠢ ᠶᠢᠨ ᠪᠦᠷᠢᠯᠳᠦᠬᠦᠨ ᠪᠠᠶᠢᠪᠠᠯ᠂ ᠠᠯᠠᠱᠠ ᠠᠶᠢᠮᠠᠭ ᠤᠨ ᠡᠷᠦᠬᠡ ᠠᠮᠠ ᠶᠢᠨ ᠲᠠᠩᠰᠠ ᠲᠠᠢ ᠬᠡᠷ ᠪᠦᠯᠢ ᠶᠢᠨ ᠪᠦᠷᠢᠯᠳᠦᠬᠦᠨ ᠭᠤᠶᠤᠴᠢᠯᠠᠯ ᠭᠠᠷᠭᠠᠵᠤ᠂ ᠠᠯᠠᠱᠠ ᠠᠶᠢᠮᠠᠭ ᠤᠨ ᠪᠤᠰᠤ ᠡᠷᠦᠬᠡ ᠠᠮᠠ ᠶᠢᠨ ᠲᠠᠩᠰᠠ ᠲᠠᠢ ᠬᠡᠷ ᠪᠦᠯᠢ ᠶᠢᠨ ᠪᠦᠷᠢᠯᠳᠦᠬᠦᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠨ ᠥᠬᠡᠶ ᠵᠡᠷᠭᠡ ᠪᠤᠰᠤᠳ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃    ︵ᠲᠦᠷᠪᠡ︶ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠭᠡᠷ ᠪᠠᠶᠢᠰᠢᠩ ᠳᠤ ᠨᠡᠭᠦᠵᠦ ᠣᠷᠣᠬᠤ ᠬᠦᠴᠢᠷᠳᠡᠯ ᠲᠠᠢ ᠡᠲᠡᠭᠡᠳ᠂ ᠨᠥᠬᠦᠴᠡᠯ ᠳᠤ ᠨᠡᠶᠢᠴᠡᠵᠤ ᠦᠷᠭᠦᠯᠵᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠪᠠᠯ᠂ ᠤᠤᠯ ᠤᠨ ᠭᠤᠶᠤᠴᠢᠯᠠᠨ ᠭᠦᠢᠴᠡᠳᠬᠡᠭᠰᠡᠨ ᠭᠠᠵᠠᠷ ᠲᠤ ᠣᠴᠢᠵᠤ ᠦᠷᠭᠦᠯᠵᠢᠯᠡᠨ ᠪᠠᠲᠤᠯᠠᠬᠤ ᠭᠠᠷᠳᠠᠮ ᠭᠦᠢᠴᠡᠳᠬᠡᠵᠦ ᠪᠣᠯᠤᠨ᠎ᠠ᠃ ᠨᠢᠭᠡᠨᠲᠡ ᠵᠣᠭᠰᠣᠭᠠᠭᠠᠳ ᠳᠠᠬᠢᠨ ᠭᠤᠶᠤᠴᠢᠯᠠᠬᠤ ᠴᠢᠬᠤᠯᠠᠲᠠᠶ ᠪᠣᠯ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠪᠣᠳᠠᠲᠠᠶ ᠰᠠᠭᠤᠭ᠎ᠠ ᠭᠠᠵᠠᠷ ᠲᠤ ᠬᠦᠷᠴᠦ ᠳᠠᠭᠢᠵᠤ ᠭᠤᠶᠤᠴᠢᠯᠠᠨ ᠬᠦᠢᠴᠡᠳᠭᠡᠬᠦ ᠬᠡᠷᠡᠭᠲᠡᠶ᠃    ︵ᠲᠠᠪᠤ︶ ᠡᠷᠦᠬᠡ ᠠᠮᠠ ᠨᠢ ᠳᠣᠤᠷᠠᠬᠢ ᠣᠨᠴᠣᠭᠤᠶ ᠰᠢᠯᠲᠠᠭᠠᠨ ᠠᠴᠠ ᠪᠣᠯᠣᠭᠠᠳ ᠨᠡᠭᠦᠯᠭᠡᠨ ᠬᠡᠷᠡᠭᠯᠡᠬᠦ ᠶᠢᠨ ᠠᠷᠭ᠎ᠠ ᠦᠭᠡᠶ ᠪᠣᠯ ᠡᠷᠦᠬᠡ ᠶᠢᠨ ᠡᠵᠡᠨ ᠪᠤᠶᠤ ᠲᠡᠭᠦᠨ ᠤ ᠭᠤᠤᠯ ᠪᠣᠯᠬᠤ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠲᠤ ᠭᠤᠶᠤᠴᠢᠯᠠᠯ ᠭᠠᠷᠭᠠᠵᠤ ᠪᠣᠯᠤᠨ᠎ᠠ᠃    1. ᠬᠤᠲᠠ ᠶᠢᠨ ᠨᠤᠷᠠᠭᠠᠵᠤ ᠨᠡᠭᠦᠯᠭᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠴᠠ ᠪᠣᠯᠣᠭᠠᠳ ᠬᠥᠮᠦᠨ ᠪᠠ ᠡᠷᠦᠬᠡ ᠶᠢ ᠰᠠᠯᠭᠠᠵᠤ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠰᠢᠨ᠎ᠡ ᠰᠠᠭᠤᠭ᠎ᠠ ᠭᠠᠵᠠᠷ ᠲᠤ ᠨᠡᠭᠦᠯᠭᠡᠨ ᠣᠷᠣᠭᠤᠯᠣᠭᠠᠳᠣᠢ᠃    2. ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠨᠢ ᠴᠥᠮ ᠪᠤᠰᠤᠳ ᠬᠥᠮᠦᠰ ᠤᠨ ᠡᠷᠦᠬᠡ ᠠᠮᠠ ᠶᠢᠨ ᠲᠠᠩᠰᠠ ᠳᠤ ᠲᠦᠰᠢᠭᠯᠡᠭᠰᠡᠨ ᠪᠥᠭᠡᠳ ᠡᠷᠦᠬᠡ ᠠᠮᠠ ᠶᠢᠨ ᠪᠠᠶᠢᠭ᠎ᠠ ᠭᠠᠵᠠᠷ ᠤᠨ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠤᠭᠰᠠᠨ ᠪᠤᠶᠤ ᠨᠤᠷᠠᠭᠠᠵᠤ ᠨᠡᠭᠦᠯᠭᠡᠭᠰᠡᠨ ᠵᠡᠷᠭᠡ ᠰᠢᠯᠲᠠᠭᠠᠨ ᠠᠴᠠ ᠪᠣᠯᠵᠣ ᠨᠢᠭᠡᠨᠲᠡ ᠪᠠᠶᠢᠬᠤ ᠥᠬᠡᠶ ᠪᠣᠯᠣᠭᠰᠠᠨ᠃    3. ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠪᠠᠶᠢᠳᠠᠯ᠃    ︵ᠵᠢᠷᠭᠤᠭ᠎ᠠ︶ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠬᠤᠲᠠ ᠪᠠᠯᠭᠠᠰᠤᠨ ᠤ ᠡᠷᠦᠬᠡ ᠠᠮᠠ ᠶᠢᠨ ᠳᠠᠩᠰᠠ ᠪᠣᠯᠤᠨ  ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠮᠥᠷᠲᠡᠭᠡᠨ ᠡᠷᠦᠬᠡ ᠠᠮᠠ ᠰᠢᠯᠵᠢᠭᠦᠯᠬᠦ ᠨᠥᠬᠦᠴᠡᠯ ᠢ ᠪᠦᠷᠢᠯᠳᠦᠭᠦᠯᠦᠭᠡᠳᠦᠶ ᠪᠣᠯ ᠭᠤᠶᠤᠴᠢᠯᠠᠭᠴᠢ ᠶᠢᠨ ᠤᠷᠲᠤ ᠬᠤᠭᠤᠴᠠᠭᠠᠨ ᠤ ᠣᠷᠣᠰᠢᠨ ᠰᠠᠭᠤᠭ᠎ᠠ ᠭᠠᠵᠠᠷ ᠢᠶᠠᠷ ᠨᠢ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠪᠤᠶᠤ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠬᠡᠷᠡᠭᠲᠡᠶ᠃ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠬᠤᠰᠢᠭᠤᠨ ︵ᠣᠷᠣᠨ︶ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ ᠬᠤᠲᠠ ᠬᠥᠳᠡᠭᠡ ᠶᠢᠨ ᠪᠤᠰᠤ ᠨᠢᠭᠡ ᠴᠣᠭᠴᠠᠵᠢᠭᠰᠠᠨ ᠬᠤᠰᠢᠭᠤ ᠵᠠᠷᠴᠢᠮ ᠳᠡᠭᠡᠷ᠎ᠡ ᠪᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠤᠷᠲᠤ ᠬᠤᠭᠤᠴᠠᠭ᠎ᠠ ᠪᠠᠷ ᠬᠤᠲᠠ ᠪᠠᠯᠭᠠᠰᠤᠨ ᠳᠤ ᠰᠠᠭᠤᠵᠤ ᠪᠠᠶᠢᠬᠤ ᠮᠥᠷᠲᠡᠭᠡᠨ ᠦᠢᠯᠡᠳᠪᠦᠷᠢᠯᠡᠯ ᠤᠨ ᠬᠡᠷᠡᠭᠰᠡᠯ ᠦᠭᠡᠶ ᠪᠣᠯ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃    ︵ᠳᠣᠯᠤᠭ᠎ᠠ︶ ᠠᠯᠠᠱᠠ ᠠᠶᠢᠮᠠᠭ ᠤᠨ ᠡᠷᠦᠬᠡ ᠠᠮᠠ ᠲᠠᠢ ᠰᠠᠭᠤᠭᠠᠯᠢ ᠠᠷᠠᠳ ᠣᠷᠣᠰᠢᠨ ᠰᠠᠭᠤᠭ᠎ᠠ ᠭᠠᠵᠠᠷ ᠲᠠᠭᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠣᠨ᠎ᠠ᠂ ᠲᠡᠳᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠨᠤᠲᠠᠯᠠᠬᠤ᠂ ᠪᠡᠯᠡ ᠮᠥᠩᠭᠦ ᠣᠯᠭᠤᠬᠤ ᠵᠡᠷᠭᠡ ᠠᠵᠢᠯ ᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠴᠠ ᠬᠠᠷᠢᠭᠤᠴᠠᠵᠤ᠂ ᠬᠤᠰᠢᠭᠤ ︵ ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠦᠯᠢᠶᠡᠨ ᠠᠪᠴᠤ ᠰᠢᠢᠳᠪᠦᠷᠢᠯᠡᠨ ᠂ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃    ᠵᠢᠷᠭᠤᠳᠤᠭᠠᠷ ᠵᠦᠢᠯ ᠬᠠᠮᠲᠤ ᠠᠮᠢᠳᠣᠷᠠᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠡᠷ ᠲᠤ᠄    ︵ᠨᠢᠭᠡ︶ ᠬᠠᠨᠢ ᠨᠥᠬᠦᠷ︔    ︵ᠬᠤᠶᠠᠷ︶ ᠨᠠᠰᠤᠨ ᠳᠤ ᠬᠦᠷᠦᠭᠡᠳᠦᠢ ᠬᠡᠦᠬᠡᠳ︔    ︵ᠭᠤᠷᠪᠠ︶ ᠨᠠᠰᠤᠨ ᠳᠤ ᠬᠦᠷᠦᠭᠰᠡᠨ ᠪᠣᠯᠪᠠᠴᠤ ᠲᠤᠰᠠᠭᠠᠷ ᠠᠮᠢᠳᠤᠷᠠᠵᠤ ᠳᠡᠶᠢᠯᠬᠦ ᠦᠭᠡᠢ ᠦᠷ᠎ᠡ ᠬᠡᠦᠬᠡᠳ᠂ ᠡᠭᠦᠨ ᠳᠤ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠦᠷ᠎ᠡ ᠬᠡᠦᠬᠡᠳ ᠪᠠᠭᠲᠠᠨ᠎ᠠ︔    ︵ᠲᠦᠷᠪᠡ︶ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ ᠡᠭᠦᠷᠭᠡ ᠲᠠᠢ ᠪᠥᠭᠡᠳ ᠤᠷᠲᠤ ᠬᠤᠭᠤᠴᠠᠭ᠎ᠠ ᠪᠠᠷ ᠬᠠᠮᠲᠤ ᠰᠠᠭᠤᠵᠦ ᠪᠠᠶᠢᠭ᠎ᠠ ᠪᠤᠰᠤᠳ ᠬᠦᠮᠦᠰ᠃    ᠳᠣᠣᠷᠠᠬᠢ ᠬᠥᠮᠥᠰ ᠢ ᠬᠠᠮᠳᠣ ᠠᠮᠢᠳᠣᠷᠠᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠳᠤ ᠪᠣᠳᠣᠵᠤ ᠣᠷᠣᠭᠤᠯᠬᠤ ᠦᠭᠡᠢ᠄    ︵ᠨᠢᠭᠡ︶ ᠦᠷᠭᠦᠯᠵᠢᠯᠡᠨ 3 ᠵᠢᠯ ᠠᠴᠠ ᠳᠡᠭᠡᠭᠰᠢ ︵3 ᠵᠢᠯ ᠢ ᠪᠠᠭᠲᠠᠭᠠᠨ᠎ᠠ︶ ᠭᠡᠷ ᠪᠦᠯᠢ ᠠᠴᠠ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠠᠵᠢᠯᠲᠠᠨ︔    ︵ᠬᠤᠶᠠᠷ︶ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ᠂ ᠬᠤᠣᠷ᠎ᠠ ᠲᠠᠲᠠᠬᠤ ᠶᠢ ᠵᠣᠭᠰᠣᠭᠠᠬᠤ ᠭᠠᠵᠠᠷ ᠲᠤ ᠠᠯᠪᠠᠳᠠᠯᠭ᠎ᠠ ᠪᠠᠷ ᠬᠤᠣᠷ᠎ᠠ ᠳᠠᠳᠠᠬᠤ ᠶᠢ  ᠵᠣᠭᠰᠣᠭᠠᠯᠭᠠᠵᠦ ᠪᠠᠶᠢᠭ᠎ᠠ ᠬᠥᠮᠦᠰ︔    ︵ᠭᠤᠷᠪᠠ︶ ᠠᠯᠪᠠ ᠬᠠᠭᠠᠵᠤ ᠪᠠᠶᠢᠭ᠎ᠠ ᠠᠯᠪᠠᠨ ᠴᠡᠷᠢᠭ ︵ᠬᠤᠶᠠᠷ ᠵᠢᠯ ᠤᠨ ᠠᠯᠪᠠᠨ ᠵᠢᠷᠤᠮ ᠤᠨ ᠴᠡᠷᠢᠭ ᠢ ᠵᠢᠭᠠᠵᠤ ᠪᠠᠶᠢᠨ᠎ᠠ︶  ︔    ︵ᠲᠦᠷᠪᠡ︶ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠦᠮᠦᠰ︔    ︵ᠳᠠᠪᠤ︶ ᠬᠤᠰᠢᠭᠤ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠤᠰ ᠵᠦᠢᠯ ᠤᠨ ᠵᠠᠷᠴᠢᠮ ᠪᠠ ᠬᠤᠯᠪᠣᠭᠳᠠᠯ ᠪᠦᠬᠦᠢ ᠳᠡᠰ ᠳᠠᠷᠠᠭᠠᠯᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠪᠤᠰᠤᠳ ᠬᠦᠮᠦᠰ᠃    ᠳᠣᠯᠣᠳᠤᠭᠠᠷ ᠵᠦᠢᠯ ᠳᠣᠤᠷᠠᠬᠢ ᠪᠠᠶᠢᠳᠠᠯ ᠤᠨ ᠨᠢᠭᠡ ᠳᠤᠨᠢ ᠨᠡᠶᠢᠴᠡᠬᠦ ᠬᠥᠮᠦᠰ ᠲᠤᠰᠠᠭᠠᠷ ᠭᠤᠶᠣᠴᠢᠯᠠᠵᠦ ᠪᠣᠯᠤᠨ᠎ᠠ᠄    ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠳᠠᠬᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠬᠦᠨᠳᠦ ᠵᠡᠮᠳᠡᠭᠴᠦᠳ ᠪᠣᠯᠤᠨ ᠭᠤᠷᠪᠠᠳᠤᠭᠠᠷ ᠲᠠᠰ ᠤᠨ ᠣᠶᠤᠨ ᠤ ᠵᠡᠮᠳᠡᠭ᠂ ᠭᠤᠷᠪᠠᠳᠤᠭᠠᠷ ᠲᠠᠰ ᠤᠨ ᠣᠶᠤᠨ ᠤ ᠵᠡᠮᠳᠡᠭ ᠬᠦᠮᠦᠰ︔    ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠳᠣᠲᠣᠷ᠎ᠠ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ ᠬᠥᠮᠦᠰ︔    ︵ᠭᠤᠷᠪᠠ︶ ᠭᠡᠷ ᠪᠦᠯᠢ ᠠᠴᠠ ᠰᠠᠯᠵᠤ᠂ ᠱᠠᠰᠢᠨ ᠰᠤᠷᠳᠠᠬᠤᠨ ᠤ ᠲᠠᠯᠠᠪᠤᠷ ᠲᠤ 3 ᠵᠢᠯ ᠠᠴᠠ ᠲᠡᠭᠡᠭᠰᠢ ᠰᠠᠭᠤᠵᠤ ᠪᠠᠶᠢᠭ᠎ᠠ ᠠᠮᠢᠳᠤᠷᠠᠯ ᠨᠢ ᠬᠦᠴᠢᠷᠲᠡᠢ ᠱᠠᠰᠢᠨ ᠤ ᠠᠵᠢᠯᠲᠠᠨ᠃    ︵ᠲᠦᠷᠪᠡ︶ ᠨᠠᠰᠤᠨ ᠳᠤ ᠬᠦᠷᠦᠭᠰᠡᠨ ᠬᠦᠨᠳᠦ ᠵᠡᠮᠳᠡᠭᠴᠦᠳ︔    ︵ᠳᠠᠪᠤ︶ ᠬᠤᠰᠢᠭᠤ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠣᠨᠴᠣᠭᠤᠶ ᠬᠦᠴᠢᠷᠳᠡᠯᠲᠡᠶ ᠬᠥᠮᠦᠰ︔    ︵ᠵᠢᠷᠭᠤᠭ᠎ᠠ︶ ︽ᠭᠠᠭᠴᠠ ᠬᠥᠮᠦᠨ ᠤ ᠡᠷᠦᠬᠡ︾ ᠶᠢᠨ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠪᠠᠲᠤᠯᠠᠭ᠎ᠠ ᠶᠢᠨ ᠪᠠᠷᠢᠮᠵᠢᠶ᠎ᠠ ᠶᠣᠰᠣᠭᠠᠷ ᠪᠥᠬᠦ ᠲᠣᠭᠠᠨ ᠤ ᠪᠠᠲᠤᠯᠠᠭ᠎ᠠ ᠬᠠᠩᠭᠠᠨ᠎ᠠ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠨᠢ ᠡᠩ ᠤᠨ ᠪᠠᠶᠢᠳᠠᠯ ᠳᠣᠤᠷ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠯᠠᠱᠠ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 2 ᠳᠠᠬᠢᠨ ᠠᠴᠠ ᠳᠣᠤᠷ᠎ᠠ ᠪᠠᠶᠢᠬᠤ ᠮᠥᠷᠲᠡᠭᠡᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠤᠶ᠃    ᠭᠤᠷᠪᠠᠳᠤᠭᠠᠷ ᠪᠦᠯᠦᠭ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ    ᠨᠠᠢᠮᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠭᠡᠷ ᠪᠦᠯᠢ ᠪᠠᠷ ᠨᠢᠭᠡᠴᠡ ᠪᠣᠯᠭᠠᠵᠤ᠂ ᠭᠤᠶᠤᠴᠢᠯᠠᠭᠰᠠᠨ ᠭᠡᠷ ᠪᠦᠯᠢ ᠪᠠᠷ ᠠᠯᠠᠱᠠ ᠠᠶᠢᠮᠠᠭ ᠤᠨ ᠪᠠᠶᠢᠩᠭᠤ ᠰᠠᠭᠤᠭ᠎ᠠ ᠡᠷᠦᠬᠡ ᠠᠮᠠ ᠲᠠᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠨᠢᠭᠡᠨ ᠪᠦᠷᠢᠯᠳᠦᠬᠦᠨ ᠢ ᠭᠤᠶᠤᠴᠢᠯᠠᠭᠴᠢ ᠪᠣᠯᠭᠠᠬᠤ ᠪᠠᠷ ᠲᠣᠭᠲᠠᠭᠠᠵᠤ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠳᠤ ᠭᠤᠶᠤᠴᠢᠯᠠᠯ ᠭᠠᠷᠭᠠᠵᠤ ᠪᠣᠯᠤᠨ᠎ᠠ᠃    ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢᠶᠠᠷ ᠭᠤᠶᠤᠴᠢᠯᠠᠬᠤ ᠳᠤ ᠬᠦᠴᠢᠷᠳᠡᠯ ᠲᠠᠢ ᠪᠣᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠤᠶᠤ ᠪᠤᠰᠤᠳ ᠬᠥᠮᠦᠨ ᠳᠤ ᠨᠠᠶᠢᠳᠠᠵᠤ ᠣᠷᠣᠯᠠᠨ ᠭᠤᠶᠤᠴᠢᠯᠠᠯ ᠭᠠᠷᠭᠠᠵᠤ ᠪᠣᠯᠤᠨ᠎ᠠ᠃ ᠨᠠᠶᠢᠳᠠᠬᠤ ᠡᠷᠭᠦᠳᠡᠯ ᠭᠠᠷᠭᠠᠬᠤ ᠳᠤ ᠵᠣᠬᠢᠬᠤ ᠨᠠᠶᠢᠳᠠᠯᠭ᠎ᠠ ᠶᠢᠨ ᠪᠢᠴᠢᠭ ᠪᠠᠷᠢᠮᠲᠠ ᠪᠠᠶᠢᠬᠤ ᠬᠡᠷᠡᠭᠲᠡᠢ᠃    ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠠᠵᠢᠯ ᠤᠨ ᠳᠤᠮᠳᠠ ᠨᠥᠬᠦᠴᠡᠯ ᠳᠤ ᠨᠡᠶᠢᠴᠡᠭᠰᠡᠨ ᠬᠦᠴᠢᠷᠳᠡᠯᠲᠡᠶ ᠭᠡᠷ ᠪᠦᠯᠢ ᠶᠢ ᠣᠯᠵᠤ ᠮᠡᠳᠡᠪᠡᠯ᠂ ᠭᠡᠬᠦ ᠳᠡᠭᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠦᠭᠡᠶ ᠪᠣᠯ᠂ ᠲᠡᠳᠡᠨ ᠤ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠠᠮᠢᠶ᠎ᠠ ᠪᠦᠬᠦᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠶ᠃    ᠶᠢᠰᠦᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠤ᠂ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠳᠣᠤᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠶ᠄    ︵ᠨᠢᠭᠡ︶ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠤᠶᠤᠴᠢᠯᠠᠬᠤ ᠮᠠᠲ᠋ᠧᠷᠢᠶᠠᠯ ᠢ ᠲᠤᠰᠢᠶᠠᠨ᠎ᠠ᠄    1. ᠭᠡᠷ ᠪᠦᠯᠢ ᠶᠢᠨ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠃    2. ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠤᠨ ᠲᠣᠳᠣᠷᠬᠠᠶᠢᠯᠠᠯᠲᠠ᠂ ᠬᠡᠷ ᠪᠦᠯᠢ ᠶᠢᠨ ᠪᠦᠷᠢᠯᠳᠦᠬᠦᠨ ᠤ ᠪᠣᠶ ᠪᠥᠬᠦᠶ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠪᠠᠶᠢᠳᠠᠯ ᠤᠨ ᠲᠣᠳᠣᠷᠬᠠᠶᠢᠯᠠᠯᠲᠠ᠂ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠤᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ᠃    3. ᠬᠦᠮᠦᠨ ᠪᠠ ᠡᠷᠦᠬᠡ ᠶᠢ ᠰᠠᠯᠭᠠᠬᠤ ᠭᠡᠷ ᠪᠦᠯᠢ ᠨᠢ ᠣᠳᠣ ᠶᠢᠨ ᠭᠡᠷ ᠪᠦᠯᠢ ᠶᠢᠨ ᠪᠦᠷᠢᠯᠳᠦᠬᠦᠨ ᠤ ᠰᠠᠭᠤᠭ᠎ᠠ ᠭᠠᠵᠠᠷ ᠤᠨ ᠪᠠᠶᠢᠳᠠᠯ ᠤᠨ ᠲᠣᠳᠣᠷᠬᠠᠶᠢᠯᠠᠯᠲᠠ ᠶᠢ ᠬᠠᠩᠭᠠᠬᠤ ᠬᠡᠷᠡᠭᠲᠡᠢ᠃    4. ᠳᠤᠮᠳᠠ ᠵᠡᠷᠭᠡ ᠶᠢᠨ ᠲᠤᠰᠬᠠᠢ ᠮᠡᠷᠭᠡᠵᠢᠯ᠂ ᠶᠡᠭᠡ ᠰᠤᠷᠭᠠᠭᠤᠯᠢ ᠳᠤ ᠪᠠᠶᠢᠭ᠎ᠠ ᠰᠤᠷᠤᠭᠴᠢ ᠡᠯᠰᠡᠬᠦ ᠮᠡᠳᠡᠭᠳᠡᠯ ᠤᠨ ᠪᠢᠴᠢᠭ ᠪᠤᠶᠤ ᠰᠤᠷᠭᠠᠭᠤᠯᠢ ᠳᠤ ᠪᠠᠶᠢᠬᠤ ᠦᠨᠡᠮᠯᠡᠯ ᠤᠨ ᠮᠠᠲ᠋ᠧᠷᠢᠶᠠᠯ᠂ ᠰᠤᠷᠭᠠᠨ ᠬᠥᠮᠦᠵᠢᠯ ᠤᠨ ᠵᠠᠷᠤᠯᠭ᠎ᠠ ᠶᠢᠨ ᠭᠡᠷᠡᠴᠢ ᠪᠠᠷᠢᠮᠲᠠ ᠪᠠ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠢ᠃    5. ᠵᠡᠮᠳᠡᠭᠴᠦᠳ ᠬᠦᠴᠦᠨ ᠪᠦᠬᠦᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠢ ᠬᠠᠩᠭᠠᠬᠤ ᠬᠡᠷᠡᠭᠲᠡᠶ᠃    6. ᠤᠵᠢᠭ ᠡᠪᠡᠳᠴᠢᠲᠡᠶ ᠬᠥᠮᠦᠰ ᠣᠨᠴᠣᠭᠤᠢ ᠡᠪᠡᠳᠴᠢᠨ ᠤ ᠲᠥᠷᠥᠯ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠦᠨᠡᠮᠯᠡᠯ ᠪᠤᠶᠤ ᠪᠤᠰᠤᠳ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠃    7. ᠬᠦᠨᠳᠦ ᠶᠡᠭᠡ ᠡᠪᠡᠳᠴᠢᠨ ᠲᠠᠢ ᠬᠥᠮᠥᠰ ᠲᠤ ᠣᠨᠣᠰᠢᠯᠠᠭᠰᠠᠨ ᠪᠢᠴᠢᠭ ᠪᠤᠶᠤ ᠡᠮᠨᠡᠯᠭᠡ ᠠᠴᠠ ᠭᠠᠷᠤᠭᠰᠠᠨ ᠭᠡᠷᠡᠴᠢ᠂ ᠡᠮᠴᠢᠯᠡᠭᠡᠨ ᠤ ᠵᠠᠷᠤᠳᠠᠯ ᠤᠨ ᠭᠡᠷᠡᠴᠢ ᠪᠠ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠢ᠃    8᠂ ᠪᠤᠰᠤᠳ ᠬᠠᠩᠭᠠᠬᠤ ᠴᠢᠬᠤᠯᠠᠳᠠᠢ ᠮᠠᠲ᠋ᠧᠷᠢᠶᠠᠯ᠃    ︵ᠬᠤᠶᠠᠷ︶ ᠡᠯ᠎ᠡ ᠬᠤᠰᠢᠭᠤ ︵ᠣᠷᠣᠨ︶ ᠶᠢ ᠵᠣᠷᠢᠭᠵᠢᠭᠤᠯᠣᠨ ᠭᠤᠶᠤᠴᠢᠯᠠᠬᠤ ᠭᠤᠭᠴᠤᠭ᠎ᠠ ᠳᠠᠬᠢ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠵᠡᠮᠳᠡᠭᠴᠦᠳ ᠤᠨ ᠪᠠᠶᠢᠳᠠᠯ ᠤᠨ ᠲᠣᠳᠣᠷᠬᠠᠶᠢᠯᠠᠯᠲᠠ᠂ ᠬᠡᠷ ᠪᠦᠯᠢ ᠶᠢᠨ ᠣᠷᠣᠯᠭ᠎ᠠ ᠶᠢᠨ ᠭᠡᠷᠡᠴᠢ᠂ ᠬᠡᠷ ᠪᠦᠯᠢ ᠶᠢᠨ ᠡᠳ᠋ ᠬᠥᠷᠥᠩᠭᠡ ᠶᠢᠨ ᠭᠡᠷᠡᠴᠢ ᠨᠢ ᠦᠨᠡᠨ ᠪᠣᠳᠠᠲᠠᠶ ᠪᠥᠭᠡᠳ ᠬᠦᠴᠦᠨ ᠲᠠᠢ᠂ ᠮᠡᠳᠡᠭᠳᠡᠬᠦ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠵᠦ ᠪᠠᠶᠢᠪᠠᠯ᠂ ᠬᠤᠯᠪᠣᠭᠳᠠᠯ ᠪᠥᠬᠦᠶ ᠭᠡᠷᠡᠴᠢ ᠶᠢ ᠳᠠᠭᠢᠵᠤ ᠠᠪᠬᠤ ᠥᠬᠡᠶ ᠪᠠᠶᠢᠵᠤ ᠪᠣᠯᠤᠨ᠎ᠠ    ︵ᠭᠤᠷᠪᠠ︶ ᠠᠮᠠᠯᠠᠯᠲᠠ ᠶᠢᠨ ᠬᠠᠩᠭᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ᠃    ︵ᠲᠦᠷᠪᠡ︶ ᠡᠷᠬᠡ ᠣᠯᠭᠤᠬᠤ ᠭᠠᠷ ᠭᠦᠢᠴᠡᠳᠬᠡᠯ ᠢ ᠭᠦᠢᠴᠡᠳᠬᠡᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠡᠭᠦᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠶᠢ ᠵᠥᠪᠰᠢᠶᠡᠷᠡᠨ᠎ᠡ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠬᠤᠭᠤᠴᠠᠭᠠᠨ ᠳᠤ ᠡᠳᠦᠷ ᠲᠤᠳᠤᠮ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠬᠦᠯᠢᠶᠡᠨ᠎ᠡ᠃    ︵ᠲᠠᠪᠤ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠪᠠᠶᠢᠴᠠᠭᠠᠯᠲᠠ ᠶᠢ ᠥᠷᠨᠢᠭᠦᠯᠬᠦ ᠳᠤ ᠢᠳᠡᠪᠬᠢᠲᠡᠢ ᠬᠠᠮᠵᠢᠯᠴᠠᠨ᠎ᠠ᠃    ︵ᠵᠢᠷᠭᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠠᠵᠢᠯ ᠠᠯᠳᠠᠭᠰᠠᠨ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠲᠠᠢ ᠨᠢ ᠠᠵᠢᠯ ᠣᠯᠭᠤᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠠᠵᠢᠯ ᠣᠯᠭᠤᠬᠤ ᠪᠣᠯᠪᠠᠰᠤᠷᠠᠭᠤᠯᠤᠯ ᠳᠤ ᠣᠷᠣᠯᠴᠠᠬᠤ ᠶᠢᠨ ᠬᠠᠮᠲᠤ ᠢᠳᠡᠪᠬᠢᠲᠡᠶ ᠪᠠᠷ ᠠᠵᠢᠯ ᠣᠯᠵᠤ᠂ ᠬᠥᠳᠡᠯᠮᠦᠷᠢᠯᠡᠬᠦ ᠴᠢᠳᠠᠪᠤᠷᠢ ᠲᠠᠢ ᠨᠢ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ ᠬᠠᠮᠲᠤᠷᠠᠭᠰᠠᠨ ᠰᠡᠷᠭᠡᠶᠢᠯᠡᠯᠲᠡ ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠬᠡᠷᠡᠭᠲᠡᠶ᠃    ︵ᠳᠤᠯᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠡᠭᠦᠷᠭᠡ ᠪᠠᠨ ᠢᠳᠡᠪᠬᠢᠲᠡᠶ ᠭᠦᠢᠴᠡᠳᠬᠡᠬᠦ ᠬᠡᠷᠡᠭᠲᠡᠶ᠃    ᠠᠷᠪᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠲᠤᠰᠢᠶᠠᠭᠰᠠᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠪᠡᠯ᠂ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠮᠠᠲ᠋ᠧᠷᠢᠶᠠᠯ ᠨᠢ ᠪᠦᠷᠢᠨ ᠭᠦᠢᠴᠡᠳ ᠦᠭᠡᠶ ᠪᠣᠯ᠂ ᠪᠤᠶ ᠪᠦᠬᠦᠢ ᠲᠣᠭᠲᠠᠭᠠᠭᠰᠠᠨ ᠮᠠᠲ᠋ᠧᠷᠢᠶᠠᠯ ᠢ ᠨᠥᠬᠦᠵᠦ ᠭᠦᠢᠴᠡᠭᠡᠬᠦ ᠬᠡᠷᠡᠭᠲᠡᠶ᠃ ᠤᠯᠤᠰ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠣᠯᠤᠭᠰᠠᠨ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠥᠬᠡᠶ ᠪᠠᠶᠢᠵᠤ ᠪᠣᠯᠤᠨ᠎ᠠ᠃    ᠠᠷᠪᠠᠨ ᠨᠢᠭᠡᠳᠦᠭᠡᠷ ᠵᠦᠢᠯ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠭᠤᠶᠤᠴᠢᠯᠠᠯ ᠳᠤ᠂ ᠭᠤᠶᠤᠴᠢᠯᠠᠭᠴᠢ ᠬᠢᠭᠡᠳ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯᠲᠠᠨ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠬᠦᠨ ᠨᠢ ᠣᠶᠢᠷ᠎ᠠ ᠲᠥᠷᠥᠯ ᠰᠠᠳᠤᠨ ᠤ ᠬᠠᠷᠢᠴᠠᠭ᠎ᠠ ᠲᠠᠢ ᠪᠣᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠲᠤᠰᠠᠭᠠᠷ ᠪᠦᠷᠢᠳᠬᠡᠨ ᠳᠠᠩᠰᠠᠯᠠᠬᠤ ᠬᠡᠷᠡᠭᠲᠡᠶ᠃    ᠳᠥᠷᠪᠡᠳᠦᠭᠡᠷ ᠪᠦᠯᠦᠭ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ    ᠠᠷᠪᠠᠨ ᠬᠤᠶᠠᠳᠤᠭᠠᠷ ᠵᠦᠢᠯ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠭᠡᠳᠡᠭ ᠨᠢ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠪᠠᠶᠢᠭ᠎ᠠ ᠪᠦᠬᠦ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠶᠢ ᠵᠢᠭᠠᠵᠤ ᠪᠤᠶ᠃    ᠠᠷᠪᠠᠨ ᠭᠤᠷᠪᠠᠳᠤᠭᠠᠷ ᠵᠦᠢᠯ ᠭᠡᠷ ᠪᠦᠯᠢ ᠶᠢᠨ ᠣᠷᠣᠯᠭ᠎ᠠ ᠭᠡᠳᠡᠭ ᠨᠢ ᠬᠠᠮᠲᠤ ᠳᠠᠭᠠᠨ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠣᠭᠲᠠᠭᠰᠠᠨ ᠬᠤᠭᠤᠴᠠᠭᠠᠨ ᠳᠣᠲᠣᠷ᠎ᠠ ᠣᠯᠤᠭᠰᠠᠨ ᠪᠦᠬᠦ ᠪᠡᠯᠡᠨ ᠵᠣᠭᠤᠰ ᠵᠢᠴᠢ ᠪᠣᠳᠠᠲᠤ ᠶᠠᠭᠤᠮ᠎ᠠ ᠶᠢᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠭᠤᠤᠯᠳᠠᠭᠤ᠄    ︵ᠨᠢᠭᠡ︶ ᠴᠠᠯᠢᠩ ᠤᠨ ᠴᠢᠨᠠᠷᠳᠠᠢ ᠣᠷᠤᠯᠭ᠎ᠠ᠃ ᠴᠠᠯᠢᠩ ᠤᠨ ᠴᠢᠨᠠᠷᠲᠠᠶ ᠣᠷᠣᠯᠭ᠎ᠠ ᠭᠡᠳᠡᠭ ᠨᠢ ᠠᠵᠢᠯ ᠣᠯᠤᠭᠰᠠᠳ ᠤᠨ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠤᠭᠰᠠᠨ ᠪᠦᠬᠦ ᠬᠥᠳᠡᠯᠮᠦᠷᠢ ᠶᠢᠨ ᠬᠥᠯᠥᠰᠥ ᠣᠯᠭᠤᠮᠵᠢ ᠪᠣᠯᠤᠨ ᠡᠯ᠎ᠡ ᠵᠦᠢᠯ ᠤᠨ ᠠᠰᠠᠷᠠᠮᠵᠢ ᠶᠢ ᠵᠢᠭᠠᠵᠤ ᠪᠠᠶᠢᠬᠤ ᠶᠢᠨ ᠬᠠᠮᠲᠤ ᠴᠢᠬᠤᠯᠠ ᠪᠦᠬᠦᠢ ᠠᠵᠢᠯ ᠣᠯᠬᠤ ᠥᠪᠡᠷ ᠤᠨ ᠥᠷᠲᠡᠭ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃    ︵ᠬᠤᠶᠠᠷ︶ ᠡᠵᠡᠩᠨᠡᠯᠳᠡ ᠶᠢᠨ ᠴᠡᠪᠡᠷ ᠣᠷᠤᠯᠭ᠎ᠠ᠃ ᠡᠵᠡᠩᠨᠡᠯᠲᠡ ᠶᠢᠨ ᠴᠡᠪᠡᠷ ᠣᠷᠣᠯᠭ᠎ᠠ ᠨᠢ ᠦᠢᠯᠡᠳᠪᠦᠷᠢᠯᠡᠯ ᠡᠵᠡᠩᠨᠡᠯᠲᠡ ᠵᠢᠴᠢ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠬᠢᠵᠦ ᠣᠯᠤᠭᠰᠠᠨ ᠪᠦᠬᠦ ᠡᠵᠡᠩᠨᠡᠯᠲᠡ ᠶᠢᠨ ᠣᠷᠣᠯᠭ᠎ᠠ ᠠᠴᠠ ᠡᠵᠡᠩᠨᠡᠯᠲᠡ ᠶᠢᠨ ᠵᠠᠷᠤᠳᠠᠯ᠂ ᠦᠢᠯᠡᠳᠪᠦᠷᠢᠯᠡᠯ ᠤᠨ ᠴᠢᠨᠠᠷᠲᠠᠶ ᠲᠣᠭᠲᠠᠮᠠᠯ ᠬᠥᠷᠥᠩᠭᠡ ᠶᠢᠨ ᠡᠯᠡᠭᠳᠡᠯ ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠪᠤᠶ ᠪᠣᠯᠤᠭᠰᠠᠨ ᠬᠠᠮᠢᠶ᠎ᠠ ᠪᠦᠬᠦᠢ ᠭᠠᠶᠢᠯᠢ ᠰᠦᠢᠳᠬᠡᠯ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠲᠠᠷᠢᠬᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ ᠪᠠ ᠡᠳ᠋ᠰᠢᠭᠦᠯᠬᠦ ᠵᠡᠷᠭᠡ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠣᠷᠣᠯᠭ᠎ᠠ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶ᠎ᠠ ᠶᠢᠨ ᠦᠢᠯᠡᠰ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠡᠵᠡᠩᠨᠡᠯᠲᠡ ᠪᠠ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠡᠷᠬᠢᠯᠡᠭᠰᠡᠨ ᠣᠷᠣᠯᠭ᠎ᠠ ᠵᠡᠷᠭᠡ ᠪᠠᠭᠲᠠᠨ᠎ᠠ᠃    ︵ᠭᠤᠷᠪᠠ︶ ᠡᠳ᠋ ᠬᠥᠷᠥᠩᠭᠡ ᠶᠢᠨ ᠴᠡᠪᠡᠷ ᠣᠷᠣᠯᠭ᠎ᠠ᠃ ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠵᠢᠭᠠᠵᠤ ᠭᠠᠷᠭᠠᠭᠠᠳ᠂ ᠡᠰᠡᠬᠦᠯ᠎ᠡ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠪᠤᠰᠤᠳ ᠪᠠᠶᠢᠭᠤᠯᠤᠮᠵᠢ᠂ ᠨᠢᠬᠡᠴᠡ ᠪᠤᠶᠤ ᠬᠤᠪᠢ ᠬᠥᠮᠦᠨ ᠳᠤ ᠲᠤᠰᠢᠶᠠᠨ ᠬᠡᠷᠡᠭᠯᠡᠭᠦᠯᠬᠦ ᠶᠢᠨ ᠬᠠᠮᠲᠤ ᠬᠠᠮᠢᠶ᠎ᠠ ᠪᠥᠬᠦᠶ ᠵᠠᠷᠤᠳᠠᠯ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ᠂ ᠡᠭᠦᠨ ᠳᠤ ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠶ ᠳᠠᠭᠠᠳᠬᠠᠯ ᠤᠨ ᠪᠠᠯᠠ ᠣᠷᠣᠭᠤᠯᠤᠯᠲᠠ᠂ ᠪᠤᠰᠤᠳ ᠰᠲ᠋ᠣᠺ ᠤᠨ ᠬᠦᠦ ᠮᠥᠩᠭᠦ ᠪᠠ ᠠᠰᠢᠭ ᠣᠯᠵᠠᠪᠤᠷᠢ ᠵᠡᠷᠭᠡ ᠣᠷᠣᠯᠭ᠎ᠠ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠠᠰᠢᠭ ᠬᠤᠪᠢᠶᠠᠷᠢᠯᠠᠯᠲᠠ ᠪᠠ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠵᠢᠴᠢ ᠭᠠᠵᠠᠷ ᠰᠢᠷᠣᠶ ᠶᠢ ᠰᠢᠯᠵᠢᠭᠦᠯᠦᠨ ᠲᠦᠷᠢᠶᠡᠰᠦᠯᠡᠭᠦᠯᠵᠦ ᠳᠠᠭᠠᠭᠠᠴᠢᠯᠠᠭᠤᠯᠬᠤ᠂ ᠬᠡᠷ ᠬᠥᠷᠥᠩᠭᠡ ᠶᠢ ᠲᠦᠷᠢᠶᠡᠰᠦᠯᠡᠭᠦᠯᠬᠦ ᠪᠤᠶᠤ ᠰᠢᠯᠵᠢᠭᠦᠯᠬᠦ ᠵᠢᠴᠢ ᠥᠯᠥ ᠬᠥᠳᠡᠯᠬᠦ ᠬᠥᠷᠥᠩᠭᠡ ᠶᠢᠨ ᠪᠤᠰᠤᠳ ᠣᠷᠣᠯᠭ᠎ᠠ ᠵᠡᠷᠭᠡ ᠪᠠᠭᠲᠠᠨ᠎ᠠ᠃    ︵ᠳᠥᠷᠪᠡ︶ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ᠃ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ ᠶᠢᠨ ᠭᠡᠨᠡᠳᠳᠡ ᠶᠢᠨ ᠴᠢᠨᠠᠷᠳᠠᠢ ᠵᠠᠷᠤᠯᠭ᠎ᠠ ᠶᠢ ᠬᠠᠰᠤᠵᠤ ᠰᠢᠯᠵᠢᠭᠦᠯᠦᠭᠰᠡᠨ ᠤ ᠳᠠᠷᠠᠭᠠᠬᠢ ᠣᠷᠤᠯᠭ᠎ᠠ ᠶᠢ ᠬᠡᠯᠡᠨ᠎ᠡ᠃ ᠡᠭᠦᠨ ᠳᠤ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯ ᠤᠯᠤᠰ᠂ ᠪᠠᠶᠢᠭᠤᠯᠣᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠠᠭᠤᠭᠠᠯᠢ ᠠᠷᠠᠳ ᠤᠨ ᠡᠯ᠎ᠡ ᠵᠦᠢᠯ ᠤᠨ ᠪᠠᠶᠢᠩᠭᠤ ᠶᠢᠨ ᠴᠢᠨᠠᠷᠲᠠᠢ ᠰᠢᠯᠵᠢᠭᠦᠯᠦᠨ ᠥᠭᠬᠦ ᠪᠠ ᠰᠠᠭᠤᠭᠠᠯᠢ ᠠᠷᠠᠳ ᠤᠨ ᠬᠤᠭᠤᠷᠣᠨᠳᠣᠬᠢ ᠪᠠᠶᠢᠩᠭᠤ ᠶᠢᠨ ᠴᠢᠨᠠᠷᠲᠠᠢ ᠣᠷᠣᠯᠭ᠎ᠠ ᠶᠢᠨ ᠰᠢᠯᠵᠢᠯᠲᠡ ᠶᠢ ᠵᠢᠭᠠᠵᠤ ᠪᠠᠶᠢᠨ᠎ᠠ᠂ ᠡᠭᠦᠨ ᠳᠤ ᠠᠰᠠᠷᠠᠨ ᠲᠡᠵᠢᠭᠡᠬᠦ ᠵᠠᠷᠤᠳᠠᠯ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠨᠦᠭᠴᠢᠭᠰᠡᠳ ᠤᠨ ᠭᠡᠷ ᠪᠦᠯᠢ ᠶᠢᠨ ᠨᠥᠬᠦᠪᠥᠷᠢ ᠮᠥᠩᠭᠦ᠂ ᠲᠥᠯᠥᠪᠦᠷᠢ ᠶᠢᠨ ᠣᠷᠣᠯᠭ᠎ᠠ᠂ ᠬᠦᠯᠢᠶᠡᠨ ᠠᠪᠬᠤ ᠣᠷᠣᠯᠭ᠎ᠠ ᠵᠡᠷᠭᠡ ᠪᠠᠭᠲᠠᠨ᠎ᠠ︔ ᠰᠢᠯᠵᠢᠭᠦᠯᠬᠦ ᠴᠢᠨᠠᠷᠲᠠᠢ ᠵᠠᠷᠤᠯᠭ᠎ᠠ ᠨᠢ ᠰᠠᠭᠤᠭᠠᠯᠢ ᠠᠷᠠᠳ ᠤᠨ ᠤᠯᠤᠰ᠂ ᠠᠵᠤ ᠠᠬᠤᠢᠯᠠᠯ ᠠᠵᠢᠯ ᠦᠢᠯᠡᠰ ᠤᠨ ᠨᠢᠭᠡᠴᠡ᠂ ᠨᠡᠢᠭᠡᠮ ᠤᠨ ᠵᠣᠬᠢᠶᠠᠨ ᠪᠠᠢᠭᠤᠯᠤᠯᠲᠠ᠂ ᠰᠠᠭᠤᠭᠠᠯᠢ ᠠᠷᠠᠳ ᠲᠤ ᠪᠠᠢᠩᠭᠤ ᠶᠢᠨ ᠴᠢᠨᠠᠷᠲᠠᠢ ᠰᠢᠯᠵᠢᠭᠦᠯᠬᠦ ᠵᠠᠷᠤᠯᠭ᠎ᠠ ᠶᠢ ᠵᠢᠭᠠᠵᠤ ᠪᠠᠶᠢᠨ᠎ᠠ᠂ ᠡᠭᠦᠨ ᠳᠤ ᠲᠤᠰᠢᠶᠠᠬᠤ ᠭᠠᠶᠢᠯᠢ ᠶᠢᠨ ᠵᠣᠭᠤᠰ᠂ ᠨᠡᠶᠢᠭᠡᠮ ᠤᠨ ᠡᠯ᠎ᠡ ᠵᠦᠢᠯ ᠤᠨ ᠪᠠᠲᠤᠯᠠᠭ᠎ᠠ ᠶᠢᠨ ᠵᠠᠷᠤᠯᠭ᠎ᠠ᠂ ᠠᠰᠠᠷᠠᠨ ᠲᠡᠵᠢᠭᠡᠬᠦ ᠵᠠᠷᠤᠯᠭ᠎ᠠ ᠵᠢᠴᠢ ᠪᠠᠢᠩᠭᠤ ᠶᠢᠨ ᠴᠢᠨᠠᠷᠲᠠᠢ ᠰᠢᠯᠵᠢᠭᠦᠯᠬᠦ ᠪᠤᠰᠤᠳ ᠵᠠᠷᠤᠯᠭ᠎ᠠ ᠵᠡᠷᠭᠡ ᠶᠢ ᠪᠠᠭᠲᠠᠭᠠᠨ᠎ᠠ᠃    ᠪᠣᠳᠠᠲᠤ ᠶᠠᠭᠤᠮ᠎ᠠ ᠶᠢᠨ ᠣᠷᠣᠯᠭ᠎ᠠ ᠶᠢ ᠪᠠᠷᠠᠭᠠᠨ ᠤ ᠦᠨ᠎ᠡ ᠶᠢᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠂ ᠦᠨᠡᠯᠡᠨ ᠵᠢᠱᠢᠭᠰᠡᠨ ᠥᠷᠲᠡᠭ ᠪᠤᠶᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠨᠢᠭᠡ ᠲᠣᠭᠲᠠᠭᠰᠠᠨ ᠬᠠᠷᠢᠴᠠᠯ ᠢᠶᠠᠷ ᠨᠤᠭᠤᠯᠤᠨ ᠪᠣᠳᠣᠵᠤ ᠭᠡᠷ ᠪᠦᠯᠢ ᠶᠢᠨ ᠣᠷᠣᠯᠭ᠎ᠠ ᠳᠤ ᠪᠣᠳᠣᠨ ᠣᠷᠣᠭᠤᠯᠤᠨ᠎ᠠ᠃    ︵ᠲᠠᠪᠤ︶ ᠪᠤᠰᠤᠳ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠡᠷ ᠪᠦᠯᠢ ᠶᠢᠨ ᠣᠷᠣᠯᠭ᠎ᠠ ᠶᠢᠨ ᠲᠥᠷᠥᠯ ᠵᠦᠢᠯ ᠢ ᠪᠣᠳᠣᠵᠤ ᠣᠷᠣᠭᠤᠯᠬᠤ ᠬᠡᠷᠡᠭᠲᠡᠶ᠃    ᠠᠷᠪᠠᠨ ᠳᠥᠷᠪᠡᠳᠦᠭᠡᠷ ᠵᠦᠢᠯ ᠭᠡᠷ ᠪᠦᠯᠢ ᠶᠢᠨ ᠣᠷᠣᠯᠭ᠎ᠠ ᠶᠢ ᠭᠤᠶᠤᠴᠢᠯᠠᠭᠰᠠᠨ ᠭᠡᠷ ᠪᠦᠯᠢ ᠶᠢᠨ ᠪᠣᠳᠠᠲᠤ ᠪᠠᠶᠢᠳᠠᠯ ᠢᠶᠠᠷ ᠪᠠᠷᠢᠮᠵᠢᠶ᠎ᠠ ᠪᠣᠯᠭᠠᠵᠤ᠂ ᠪᠣᠳᠠᠲᠠᠶ ᠣᠷᠣᠯᠭ᠎ᠠ ᠣᠯᠬᠤ ᠶᠢᠨ ᠠᠷᠭ᠎ᠠ ᠦᠭᠡᠶ ᠪᠣᠯ ᠬᠥᠳᠡᠯᠮᠦᠷᠢ ᠬᠦᠴᠦᠨ ᠤ ᠢᠯᠡᠳᠬᠡᠮᠵᠢ ᠶᠢᠨ ᠠᠷᠭ᠎ᠠ ᠪᠠᠷ ᠭᠡᠷ ᠪᠦᠯᠢ ᠶᠢᠨ ᠣᠷᠣᠯᠭ᠎ᠠ ᠶᠢ ᠪᠣᠳᠣᠨ᠎ᠠ᠃    ︵ᠨᠢᠭᠡ︶ ᠴᠠᠯᠢᠩ ᠤᠨ ᠴᠢᠨᠠᠷᠲᠠᠢ ᠤᠷᠤᠯᠭ᠎ᠠ ᠶᠢ ᠮᠠᠭᠠᠳᠯᠠᠬᠤ    1. ᠨᠢᠭᠡᠴᠡ ᠶᠢᠨ ᠠᠵᠢᠯᠯᠠᠵᠤ ᠪᠠᠶᠢᠭ᠎ᠠ ᠬᠥᠮᠦᠰ ᠤᠨ ᠪᠣᠳᠠᠲᠠᠶ ᠠᠪᠤᠭᠰᠠᠨ ᠴᠠᠯᠢᠩ ᠬᠥᠯᠥᠰᠥ ᠶᠢ ᠨᠢᠭᠡᠴᠡ ᠠᠴᠠ ᠨᠢ ᠬᠠᠮᠢᠶ᠎ᠠ ᠪᠦᠬᠦᠢ ᠣᠷᠣᠯᠭ᠎ᠠ ᠶᠢᠨ ᠮᠠᠲ᠋ᠧᠷᠢᠶᠠᠯ ᠪᠤᠶᠤ ᠲᠤᠰ ᠬᠥᠮᠦᠨ ᠨᠢ ᠴᠠᠯᠢᠩ ᠣᠯᠭᠤᠬᠤ ᠪᠠᠩᠬᠢ ᠶᠢᠨ 3 ᠰᠠᠷ᠎ᠠ ᠣᠷᠴᠢᠮ ᠤᠨ ᠴᠠᠯᠢᠩ ᠤᠨ ᠨᠠᠷᠢᠨ ᠳᠠᠩᠰᠠ ᠶᠢ ᠬᠠᠩᠭᠠᠨ᠎ᠠ᠃    2. ᠠᠶᠢᠮᠠᠭ ᠤᠨ ᠳᠤᠳᠤᠷᠠᠬᠢ ᠳᠤᠭᠲᠠᠮᠠᠯ ᠠᠵᠢᠯᠯᠠᠬᠤ ᠭᠠᠵᠠᠷ ᠦᠭᠡᠢ ᠬᠦᠮᠦᠨ ᠤ ᠰᠠᠷ᠎ᠠ ᠶᠢᠨ ᠤᠷᠤᠯᠭ᠎ᠠ ᠶᠢ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠪᠠᠷ ᠪᠤᠳᠤᠨ᠎ᠠ᠂ ᠡᠷᠦᠭᠡ ᠳᠤ ᠤᠷᠤᠵᠤ ᠪᠠᠶᠢᠴᠠᠭᠠᠯᠭᠠᠬᠤ᠂ ᠵᠡᠷᠭᠡᠯᠡᠳᠡᠭᠡ ᠠᠶᠢᠯ ᠢᠶᠠᠷ ᠰᠤᠷᠪᠤᠯᠵᠢᠯᠠᠬᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠢᠶᠠᠷ ᠰᠤᠷᠪᠤᠯᠵᠢᠯᠠᠨ ᠬᠠᠷᠭᠤᠭᠤᠯᠵᠦ ᠤᠷᠤᠯᠭ᠎ᠠ ᠶᠢᠨ ᠪᠠᠶᠢᠳᠠᠯ ᠢ ᠪᠤᠳᠠᠳᠤ ᠪᠠᠶᠢᠳᠠᠯ ᠢ ᠦᠨᠳᠦᠰᠦᠯᠡᠨ ᠪᠤᠳᠤᠳᠠᠭ᠃ ᠭᠠᠳᠠᠭᠰᠢ ᠭᠠᠷᠴᠤ ᠬᠦᠴᠦ ᠶᠠᠪᠤᠭᠰᠠᠳ ᠣᠷᠣᠯᠭ᠎ᠠ ᠶᠢᠨ ᠭᠡᠷᠡᠴᠢ ᠮᠠᠲ᠋ᠧᠷᠢᠶᠠᠯ ᠬᠠᠩᠭᠠᠬᠤ ᠦᠭᠡᠶ ᠪᠥᠭᠡᠳ ᠣᠷᠣᠯᠭ᠎ᠠ ᠶᠢ ᠨᠢ ᠬᠢᠨᠠᠨ ᠬᠠᠷᠭᠤᠭᠤᠯᠬᠤ ᠶᠢᠨ ᠠᠷᠭ᠎ᠠ ᠦᠭᠡᠶ ᠪᠣᠯ᠂ 6 ᠰᠠᠷ᠎ᠠ — 10 ᠰᠠᠷ᠎ᠠ ᠶᠢᠨ ᠠᠵᠢᠯᠯᠠᠭᠰᠠᠨ ᠴᠠᠭ ᠢᠶᠠᠷ ᠣᠨ ᠤ ᠬᠦᠴᠦ ᠶᠠᠪᠤᠭᠰᠠᠳ ᠤᠨ ᠣᠷᠣᠯᠭ᠎ᠠ ᠶᠢ ᠪᠣᠳᠣᠵᠤ᠂ ᠲᠤᠰ ᠭᠠᠵᠠᠷ ᠣᠷᠣᠨ ᠤ ᠠᠭᠤᠷ ᠠᠮᠢᠰᠬᠤᠯ ᠤᠨ ᠣᠨᠴᠠᠯᠢᠭ ᠢ ᠦᠨᠳᠦᠰᠦᠯᠡᠨ᠂ ᠭᠡᠷ ᠤᠨ ᠭᠠᠳᠠᠨ᠎ᠠ ᠬᠥᠳᠡᠯᠮᠦᠷᠢ ᠬᠢᠬᠦ ᠪᠦᠲᠦᠮᠵᠢᠲᠡᠶ ᠴᠠᠭ ᠬᠤᠭᠤᠴᠠᠭ᠎ᠠ ᠶᠢ ᠪᠣᠳᠣᠬᠤ ᠬᠡᠷᠡᠭᠲᠡᠶ᠃    ᠪᠤᠳᠤᠬᠤ ᠲᠣᠮᠢᠶ᠎ᠠ ᠨᠢ ᠳᠣᠤᠷᠠᠬᠢ ᠮᠡᠲᠦ᠄    ᠠᠶᠢᠮᠠᠭ ᠤᠨ ᠳᠣᠲᠣᠷᠠᠬᠢ ᠬᠥᠯᠥᠰᠥᠨ ᠠᠵᠢᠯ ᠬᠢᠭᠰᠡᠳ ᠤᠨ ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠲᠦᠷᠦᠭᠦᠤ ᠵᠢᠯ ᠤᠨ ᠠᠯᠠᠱᠠ ᠠᠶᠢᠮᠠᠭ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ × ᠪᠣᠳᠠᠲᠠᠶ ᠬᠥᠯᠥᠰᠥᠨ ᠠᠵᠢᠯ ᠬᠢᠭᠰᠡᠨ ᠰᠠᠷ᠎ᠠ ᠶᠢᠨ ᠲᠤᠭ᠎ᠠ ᠪᠣᠯᠤᠨ᠎ᠠ᠃    ᠭᠠᠳᠠᠭᠰᠢ ᠭᠠᠷᠴᠤ ᠬᠦᠴᠦ ᠶᠠᠪᠤᠭᠰᠠᠳ ᠤᠨ ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠬᠥᠯᠥᠰᠥᠨ ᠠᠵᠢᠯ ᠬᠢᠵᠦ ᠪᠠᠶᠢᠭ᠎ᠠ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 6 ᠰᠠᠷ᠎ᠠ— 10 ᠰᠠᠷ᠎ᠠ ︵ᠪᠣᠳᠠᠲᠠᠶ ᠠᠵᠢᠯ ᠬᠢᠵᠦ ᠪᠠᠶᠢᠭ᠎ᠠ ᠴᠠᠭ ᠢᠶᠠᠷ ᠲᠣᠭᠲᠠᠭᠠᠨ᠎ᠠ︶᠃    ︵ᠬᠤᠶᠠᠷ︶ ᠡᠵᠡᠩᠨᠡᠯᠲᠡ ᠶᠢᠨ ᠴᠡᠪᠡᠷ ᠣᠷᠣᠯᠭ᠎ᠠ ᠶᠢ ᠮᠠᠭᠠᠳᠯᠠᠬᠤ    1. ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠲᠣᠭᠠᠴᠠᠭ᠎ᠠ    ᠲᠤᠰ ᠭᠠᠵᠠᠷ ᠣᠷᠣᠨ ᠤ ᠠᠳᠠᠯᠢ ᠲᠠᠷᠢᠮᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠪᠣᠳᠠᠲᠠᠶ ᠤᠨᠠᠯᠲᠠ  ᠶᠢᠨ ᠲᠣᠭᠠᠴᠠᠭ᠎ᠠ ᠬᠢᠵᠦ᠂ ᠪᠣᠳᠠᠲᠠᠶ ᠤᠨᠠᠯᠲᠠ ᠶᠢ ᠲᠣᠭᠲᠠᠭᠠᠵᠤ ᠳᠡᠶᠢᠯᠬᠦ ᠦᠭᠡᠶ ᠪᠣᠯ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠠᠳᠠᠯᠢ ᠲᠠᠰ ᠤᠨ ᠲᠠᠷᠢᠮᠠᠯ ᠤᠨ ᠳᠤᠮᠳᠠᠴᠢ ᠤᠨᠠᠯᠲᠠ ᠪᠠᠷ ᠲᠣᠭᠠᠴᠠᠭ᠎ᠠ ᠬᠢᠨ᠎ᠡ᠃    2. ᠮᠠᠯᠵᠢᠬᠤ ᠲᠠᠷᠢᠶᠠᠯᠠᠬᠤ ᠣᠷᠣᠨ ᠤ ᠲᠡᠵᠢᠭᠡᠨ ᠦᠷᠡᠵᠢᠭᠦᠯᠬᠦ ᠦᠢᠯᠡᠰ ᠤᠨ ᠣᠷᠣᠯᠭ᠎ᠠ ᠶᠢᠨ ᠲᠣᠭᠠᠴᠠᠭ᠎ᠠ ᠬᠢᠬᠦ    ︵1︶ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠶᠢᠨ ᠴᠡᠪᠡᠷ ᠣᠷᠣᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠬᠠᠶ ᠶᠢᠨ ᠵᠢᠯ ᠤᠨ ᠬᠡᠮᠵᠢᠨ ᠪᠤᠳᠤᠭᠰᠠᠨ ᠯᠠᠪᠯᠠᠯᠳᠠ ᠶᠢᠨ ᠥᠷᠲᠡᠭ ᠢᠶᠠᠷ ᠬᠢᠨᠠᠨ ᠲᠣᠭᠲᠠᠭᠠᠨ᠎ᠠ᠃    ︵2︶ ᠦᠬᠡᠷ ᠬᠤᠨᠢ ᠭᠠᠭ᠋ᠠᠢ ᠵᠡᠷᠭᠡ ᠶᠢᠨ ᠵᠢᠯ ᠤᠨ ᠴᠡᠪᠡᠷ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠣᠰᠣᠭᠠᠷ᠂ ᠲᠤᠰ ᠲᠤᠰ ᠤᠳᠤ ᠪᠠᠶᠢᠭ᠎ᠠ ᠦᠬᠡᠷ ᠬᠤᠨᠢ ᠭᠠᠭ᠋ᠠᠢ ᠵᠡᠷᠭᠡ ᠶᠢᠨ ᠲᠤᠭ᠎ᠠ ᠬᠡᠮᠵᠢᠶ᠎ᠡ ᠪᠠᠷ ᠲᠠᠷᠢᠶᠠᠯᠠᠬᠤ ᠣᠷᠣᠨ ᠤ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠶᠢᠨ ᠵᠢᠯ ᠤᠨ ᠣᠷᠣᠯᠭ᠎ᠠ ᠶᠢ ᠲᠥᠰᠦᠭᠡᠯᠡᠨ ᠪᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠨᠢ ᠭᠡᠷ ᠪᠦᠯᠢ ᠶᠢᠨ ᠦᠨᠳᠦᠰᠦᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠬᠦᠯᠦᠰᠢᠨ ᠤ ᠮᠠᠯ᠂ ᠦᠬᠡᠷ᠂ ᠮᠣᠷᠢ᠂ ᠯᠠᠭᠤᠰᠠ᠂ ᠡᠯᠵᠢᠭᠡ᠂ ᠭᠠᠭ᠋ᠠᠢ ᠵᠡᠷᠭᠡ 3 ᠠᠴᠠ ᠳᠣᠷᠣᠭᠰᠢ᠂ ᠬᠤᠨᠢ 50 ᠠᠴᠠ ᠳᠣᠷᠣᠭᠰᠢ᠂ ᠲᠡᠮᠡᠭᠡ 7 ᠠᠴᠠ ᠳᠣᠷᠣᠭᠰᠢ᠂ ᠲᠠᠬᠢᠶ᠎ᠠ᠂ ᠨᠤᠭᠤᠰᠤ᠂ ᠭᠠᠯᠠᠭᠤ ᠵᠡᠷᠭᠡ 100 ᠠᠴᠠ ᠳᠣᠷᠣᠭᠰᠢ ᠪᠣᠯ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠶ᠂ ᠬᠡᠲᠦᠷᠡᠭᠰᠡᠨ ᠬᠡᠰᠡᠭ ᠢ ᠲᠤᠬᠠᠶ ᠶᠢᠨ ᠭᠠᠵᠠᠷ ᠤᠨ ᠲᠣᠭᠲᠠᠭᠠᠯ ᠶᠣᠰᠣᠭᠠᠷ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠨ᠎ᠡ᠃ ᠡᠩ ᠤᠨ ᠪᠠᠶᠢᠳᠠᠯ ᠳᠣᠣᠷ᠎ᠠ ᠠᠶᠢᠯ ᠡᠷᠦᠭᠡ ᠪᠠᠷ ᠮᠠᠯ ︵ᠭᠡᠷ ᠤᠨ ᠵᠢᠭᠦᠷᠲᠡᠨ︶ ᠢ ᠪᠠᠶᠢᠴᠠᠭᠠᠯᠭᠠᠳᠠᠭ ᠲᠤᠭ᠎ᠠ ᠬᠡᠮᠵᠢᠶ᠎ᠡ  ᠪᠠᠷ ᠪᠠᠷᠢᠮᠵᠢᠶ᠎ᠠ  ᠪᠣᠯᠭᠠᠨ᠎ᠠ᠃    3. ᠭᠡᠷ ᠪᠦᠯᠢ ᠶᠢᠨ ᠪᠤᠰᠤᠳ ᠦᠢᠯᠡᠳᠪᠦᠷᠢᠯᠡᠯ᠂ ᠡᠵᠡᠩᠨᠡᠯᠲᠡ ᠵᠢᠴᠢ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠣᠯᠵᠠᠪᠤᠷᠢ ᠶᠢ ᠮᠠᠭᠠᠳᠯᠠᠬᠤ    ︵1︶ ᠭᠡᠷ ᠪᠦᠯᠢ ᠶᠢᠨ ᠳᠠᠷᠢᠬᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ ᠵᠢᠴᠢ ᠡᠳ᠋ᠰᠢᠭᠦᠯᠬᠦ ᠵᠡᠷᠭᠡ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠳᠪᠦᠷᠢᠯᠡᠯ ᠤᠨ ᠣᠷᠣᠯᠭ᠎ᠠ ᠶᠢ ᠡᠯ᠎ᠡ ᠱᠠᠲᠤᠨ ᠤ ᠲᠠᠷᠢᠶᠠᠯᠠᠩ᠂ ᠣᠶ ᠰᠢᠭᠤᠶ᠂ ᠵᠢᠭᠠᠰᠤᠨ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠮᠠᠭᠠᠳᠯᠠᠨ ᠲᠣᠭᠲᠠᠭᠠᠵᠤ ᠥᠩᠭᠡᠷᠡᠭᠰᠡᠨ ᠪᠠᠶᠢᠪᠠᠯ᠂ ᠯᠠᠪᠯᠠᠯᠳᠠ ᠶᠢᠨ ᠥᠷᠲᠡᠭ ᠢᠶᠠᠷ ᠬᠢᠨᠠᠨ ᠲᠣᠭᠲᠠᠭᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠮᠠᠭᠠᠳᠯᠠᠨ ᠲᠣᠭᠲᠠᠭᠠᠬᠤ ᠯᠠᠪᠯᠠᠯᠳᠠ ᠶᠢᠨ ᠬᠡᠮᠵᠢᠭᠳᠡᠯ ᠢ ᠨᠡᠶᠢᠲᠡᠯᠡᠭᠰᠡᠨ ᠥᠬᠡᠶ ᠪᠠᠶᠢᠪᠠᠯ᠂ ᠡᠯ᠎ᠡ ᠬᠤᠰᠢᠭᠤ ︵ᠣᠷᠣᠨ︶ ᠵᠢᠯ ᠪᠦᠷᠢ ᠳᠡᠷᠢᠶᠡᠯᠡᠩ ᠣᠢ ᠰᠢᠭᠤᠢ ᠮᠠᠯ ᠠᠵᠦ ᠠᠬᠤᠢ ᠵᠢᠭᠠᠰᠣᠨ ᠦᠢᠯᠡᠰ ᠵᠡᠷᠭᠡ ᠪᠤᠳᠡᠳᠡᠢ  ᠪᠠᠶᠢᠳᠠᠯ ᠢ ᠦᠨᠳᠣᠰᠣᠯᠡᠨ᠂ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠨᠢᠭᠡᠳᠭᠡᠬᠦ ᠶᠢᠨ ᠬᠠᠮᠳᠣ ᠢᠯᠡ ᠨᠡᠶᠢᠳᠡᠯᠡᠵᠦ᠂ ᠣᠯᠡᠨ ᠳᠥᠮᠡᠨ ᠤ ᠨᠡᠶᠢᠳᠡᠮ ᠮᠡᠳᠡᠷᠡᠬᠦ ᠶᠢ ᠦᠨᠡᠨᠬᠦ ᠪᠠᠳᠣᠯᠠᠨ᠎ᠠ᠃    ︵2︶ ᠭᠡᠷ ᠪᠦᠯᠢ ᠪᠠᠷ ᠨᠢᠭᠡᠴᠡ ᠪᠣᠯᠭᠠᠨ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶ᠎ᠠ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠡᠵᠡᠩᠨᠡᠯᠲᠡ ᠵᠢᠴᠢ ᠪᠤᠰᠤᠳ ᠲᠦᠯᠦᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠡᠷᠬᠢᠯᠡᠵᠦ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠡᠵᠡᠩᠨᠡᠬᠦ ᠪᠤᠶᠤ ᠬᠤᠷᠰᠢᠶ᠎ᠠ ᠡᠵᠡᠩᠨᠡᠬᠦ ᠳᠤ ᠬᠠᠷᠢᠶᠠᠯᠠᠭᠳᠠᠨ᠎ᠠ᠂ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠭᠰᠠᠳ ᠤᠨ ᠣᠷᠣᠯᠭ᠎ᠠ ᠶᠢ ᠡᠯ᠎ᠡ ᠬᠤᠰᠢᠭᠤ ︵ᠣᠷᠣᠨ︶ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠶᠣᠰᠣᠭᠠᠷ ᠮᠠᠭᠠᠳᠯᠠᠬᠤ ᠯᠠᠪᠯᠠᠯᠳᠠ ᠶᠢᠨ ᠬᠡᠮᠵᠢᠭᠳᠡᠯ ᠢ ᠨᠡᠶᠢᠲᠡᠯᠡᠬᠦ ᠪᠤᠶᠤ ᠪᠣᠳᠠᠲᠤ ᠪᠠᠶᠢᠳᠠᠯ ᠢ ᠦᠨᠳᠦᠰᠦᠯᠡᠨ ᠮᠠᠭᠠᠳᠯᠠᠬᠤ ᠬᠡᠷᠡᠭᠲᠡᠶ᠃    ︵ᠭᠤᠷᠪᠠ︶ ᠡᠳ᠋ ᠬᠦᠷᠦᠩᠭᠡ ᠶᠢᠨ ᠴᠡᠪᠡᠷ ᠤᠷᠤᠯᠭ᠎ᠠ ᠶᠢᠨ ᠮᠠᠭᠠᠳᠯᠠᠨ ᠳᠤᠭᠲᠠᠭᠠᠯᠲᠠ    1. ᠬᠥᠳᠡᠯᠬᠦ ᠬᠥᠷᠥᠩᠭᠡ ᠶᠢ ᠬᠢᠮᠳᠠ ᠪᠠᠷ ᠬᠤᠳᠠᠯᠳᠤᠭᠰᠠᠨ ᠤ ᠣᠷᠣᠯᠭ᠎ᠠ ᠶᠢ ᠮᠠᠭᠠᠳᠯᠠᠨ ᠲᠣᠭᠲᠠᠭᠠᠬᠤ    ︵1︶ ᠪᠣᠳᠠᠰ ᠤᠨ ᠪᠤᠰᠤ ᠡᠳ᠋ ᠬᠥᠷᠥᠩᠭᠡ᠂ ᠣᠨᠴᠠ ᠵᠥᠪᠰᠢᠶᠡᠷᠡᠬᠦ ᠡᠷᠬᠡ᠂ ᠲᠤᠰᠬᠠᠶ ᠠᠰᠢᠭ ᠵᠡᠷᠭᠡ ᠶᠢᠨ ᠣᠷᠣᠯᠭ᠎ᠠ ᠶᠢ ᠬᠡᠯᠡᠯᠴᠡᠭᠡᠷ ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠠᠶᠢᠯᠢ ᠲᠤᠰᠢᠶᠠᠬᠤ ᠦᠨ᠎ᠡ ᠥᠷᠲᠡᠭ ᠢᠶᠠᠷ ᠮᠠᠭᠠᠳᠯᠠᠨ ᠲᠣᠭᠲᠠᠭᠠᠨ᠎ᠠ᠃    ︵2︶ ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠢ ᠳᠠᠭᠠᠳᠬᠠᠯ ᠤᠨ ᠪᠡᠯᠡ ᠣᠷᠣᠭᠤᠯᠤᠯᠲᠠ ᠵᠢᠴᠢ ᠪᠤᠰᠤᠳ ᠰᠲ᠋ᠣᠺ ᠤᠨ ᠬᠦᠦ ᠮᠥᠩᠭᠦ ᠪᠠ ᠠᠰᠢᠭ ᠣᠯᠵᠠᠪᠤᠷᠢ ᠵᠡᠷᠭᠡ ᠣᠷᠣᠯᠭ᠎ᠠ ᠶᠢ ᠪᠠᠩᠬᠢ᠂ ᠳᠠᠭᠠᠳᠬᠠᠯ᠂ ᠲᠡᠮᠳᠡᠭᠲᠦ ᠵᠡᠷᠭᠡ ᠪᠠᠶᠢᠭᠤᠯᠤᠮᠵᠢ ᠶᠢᠨ ᠬᠠᠩᠭᠠᠭᠰᠠᠨ ᠲᠤᠭ᠎ᠠ ᠪᠠᠷᠢᠮᠲᠠ ᠪᠠᠷ ᠮᠠᠭᠠᠳᠯᠠᠨ ᠲᠣᠭᠲᠠᠭᠠᠵᠤ᠂ ᠬᠠᠩᠭᠠᠵᠤ ᠳᠡᠶᠢᠯᠬᠦ ᠦᠭᠡᠢ ᠪᠣᠯ ᠲᠤᠬᠠᠢ ᠶᠢᠨ ᠬᠥᠮᠥᠨ ᠠᠴᠠ ᠬᠠᠮᠢᠶ᠎ᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ ᠪᠠ ᠠᠮᠠᠯᠠᠯᠲᠠ ᠶᠢ ᠬᠠᠩᠭᠠᠨ᠎ᠠ᠃    ︵3︶ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠠᠰᠢᠭ ᠬᠤᠪᠢᠶᠠᠷᠢᠯᠠᠬᠤ ᠳᠤ ᠲᠤᠬᠠᠢ ᠶᠢᠨ ᠬᠥᠮᠥᠨ ᠬᠠᠮᠲᠤ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠨ᠎ᠡ᠃    ︵4︶ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠶᠢ ᠬᠠᠮᠢᠶ᠎ᠠ ᠪᠥᠬᠦᠶ ᠪᠠᠶᠢᠭᠤᠯᠤᠮᠵᠢ ᠶᠢᠨ ᠮᠠᠭᠠᠳᠯᠠᠨ ᠲᠣᠭᠲᠠᠭᠠᠭᠰᠠᠨ ᠥᠷᠲᠡᠭ ᠪᠤᠶᠤ ᠭᠡᠷ᠎ᠡ ᠵᠡᠷᠭᠡ ᠮᠠᠲ᠋ᠧᠷᠢᠶᠠᠯ ᠤᠨ ᠶᠣᠰᠣᠭᠠᠷ ᠮᠠᠭᠠᠳᠯᠠᠨ ᠲᠣᠭᠲᠠᠭᠠᠵᠤ᠂ ᠭᠡᠷᠡᠴᠢ ᠮᠠᠲ᠋ᠧᠷᠢᠶᠠᠯ ᠥᠬᠡᠶ ᠪᠣᠯ ᠲᠤᠬᠠᠶ ᠶᠢᠨ ᠬᠥᠮᠦᠨ ᠠᠴᠠ ᠬᠠᠮᠢᠶ᠎ᠠ ᠪᠥᠬᠦᠶ ᠪᠠᠶᠢᠳᠠᠯ ᠤᠨ ᠲᠣᠳᠣᠷᠬᠠᠶᠢᠯᠠᠯ ᠬᠠᠩᠭᠠᠨ᠎ᠠ᠃    2. ᠦᠯᠦ ᠬᠦᠳᠡᠯᠬᠦ ᠬᠦᠷᠦᠩᠭᠡ ᠶᠢ ᠲᠦᠷᠢᠶᠡᠰᠦᠯᠡᠨ ᠰᠢᠯᠵᠢᠭᠦᠯᠵᠦ ᠥᠭᠭᠦᠭᠰᠡᠨ ᠣᠷᠣᠯᠭ᠎ᠠ ᠶᠢ ᠮᠠᠭᠠᠳᠯᠠᠨ ᠲᠣᠭᠲᠠᠭᠠᠬᠤ    ︵1︶ ᠬᠤᠪᠢ ᠬᠥᠮᠥᠨ ᠤ ᠳᠠᠭᠠᠭᠠᠴᠢᠯᠠᠭᠰᠠᠨ ᠭᠠᠵᠠᠷ ᠰᠢᠷᠣᠢ᠂ ᠣᠶᠢᠲᠤ ᠭᠠᠵᠠᠷ᠂ ᠬᠠᠳᠤᠯᠠᠩ ᠪᠡᠯᠴᠢᠭᠡᠷ ᠵᠡᠷᠭᠡ ᠶᠢᠨ ᠡᠵᠡᠩᠨᠡᠯᠲᠡ ᠶᠢᠨ ᠡᠷᠬᠡ ᠪᠤᠶᠤ ᠭᠠᠵᠠᠷ ᠰᠢᠷᠣᠢ᠂ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠲᠤ ︵ᠺᠣᠮᠫᠠᠨᠢ︶ ᠰᠢᠯᠵᠢᠭᠦᠯᠦᠨ ᠲᠦᠷᠢᠶᠡᠰᠦᠯᠡᠭᠦᠯᠬᠦ᠂ ᠲᠥᠪᠯᠡᠷᠡᠭᠦᠯᠦᠨ ᠡᠵᠡᠩᠨᠡᠪᠡᠯ᠂ ᠳᠠᠭᠠᠭᠠᠴᠢᠯᠠᠯᠲᠠ ᠶᠢᠨ ᠵᠠᠷᠤᠳᠠᠯ ᠪᠣᠯᠤᠨ ᠤᠯᠤᠰ ᠠᠴᠠ ᠥᠭᠭᠦᠭᠰᠡᠨ ᠡᠯ᠎ᠡ ᠵᠦᠢᠯ ᠤᠨ ᠲᠠᠷᠢᠮᠠᠯ ᠤᠨ ᠨᠥᠬᠦᠪᠥᠷᠢ ᠶᠢ ᠪᠣᠳᠠᠲᠠᠶ ᠪᠠᠷ ᠲᠤᠰᠢᠶᠠᠭᠰᠠᠨ ᠶᠣᠰᠣᠭᠠᠷ ᠬᠢᠨᠠᠨ ᠲᠣᠭᠲᠠᠭᠠᠨ᠎ᠠ᠃    ︵2︶ ᠭᠡᠷ ᠪᠠᠶᠢᠰᠢᠩ ᠲᠦᠷᠢᠶᠡᠰᠦᠯᠡᠭᠦᠯᠦᠭᠰᠡᠨ ᠢ ᠪᠣᠯ ᠲᠦᠷᠢᠶᠡᠰᠦᠯᠡᠭᠦᠯᠬᠦ ᠬᠡᠯᠡᠯᠴᠡᠭᠡᠷ ᠤᠨ ᠶᠣᠰᠣᠭᠠᠷ ᠨᠤᠲᠠᠯᠠᠵᠤ᠂ ᠬᠡᠯᠡᠯᠴᠡᠭᠡᠷ ᠬᠠᠩᠭᠠᠵᠤ ᠳᠡᠶᠢᠯᠬᠦ ᠦᠭᠡᠶ ᠪᠣᠯ ᠡᠷᠭᠢᠨ ᠲᠣᠭᠤᠷᠢᠨ ᠤ ᠭᠡᠷ ᠪᠠᠶᠢᠰᠢᠩ ᠤᠨ ᠲᠦᠷᠢᠶᠡᠰᠦᠯᠡᠭᠦᠯᠬᠦ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠮᠠᠭᠠᠳᠯᠠᠨ ᠳᠣᠭᠳᠠᠭᠠᠬᠤ ᠬᠡᠷᠡᠭᠲᠡᠶ᠃    ︵3︶ ᠭᠡᠷ ᠬᠥᠷᠥᠩᠭᠡ ᠶᠢ ᠬᠢᠮᠳᠠ ᠪᠠᠷ ᠬᠤᠳᠠᠯᠳᠤᠬᠤ ᠳᠤ᠂ ᠬᠢᠮᠳᠠ ᠦᠨ᠎ᠡ ᠪᠠᠷ ᠬᠤᠳᠠᠯᠳᠤᠬᠤ ᠵᠥᠪᠳᠡᠯᠴᠡᠬᠡᠷ ᠲᠠᠢ ᠪᠠᠶᠢᠪᠠᠯ ᠵᠥᠪᠯᠡᠯᠴᠡᠭᠡᠷ ᠪᠤᠶᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠠᠶᠢᠯᠢ ᠲᠤᠰᠢᠶᠠᠬᠤ ᠦᠨ᠎ᠡ ᠥᠷᠲᠡᠭ ᠢᠶᠠᠷ ᠮᠠᠭᠠᠳᠯᠠᠨ ᠲᠣᠭᠲᠠᠭᠠᠵᠤ᠂ ᠬᠢᠮᠳᠠ ᠦᠨ᠎ᠡ ᠪᠠᠷ ᠬᠤᠳᠠᠯᠳᠤᠬᠤ ᠵᠥᠪᠳᠡᠯᠴᠡᠬᠡᠷ ᠢ ᠬᠠᠩᠭᠠᠵᠤ ᠳᠡᠶᠢᠯᠬᠦ ᠦᠭᠡᠶ ᠪᠣᠯ ᠡᠷᠭᠢᠨ ᠲᠣᠭᠤᠷᠢᠨ ᠤ ᠭᠡᠷ ᠪᠠᠶᠢᠰᠢᠩ ᠤᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠮᠠᠭᠠᠳᠯᠠᠨ ᠳᠣᠭᠳᠠᠭᠠᠨ᠎ᠠ᠃    ︵4︶ ᠨᠤᠷᠠᠭᠠᠵᠤ ᠨᠡᠭᠦᠯᠭᠡᠭᠰᠡᠨ ᠤ ᠨᠥᠬᠦᠪᠥᠷᠢ ᠪᠠ ᠭᠠᠵᠠᠷ ᠲᠠᠲᠠᠪᠤᠷᠢᠯᠠᠭᠰᠠᠨ ᠤ ᠨᠥᠬᠦᠪᠥᠷᠢ ᠶᠢ ᠪᠣᠳᠠᠲᠠᠶ ᠨᠥᠬᠦᠵᠦ ᠲᠥᠯᠥᠬᠦ ᠵᠣᠭᠤᠰ ᠤᠨ ᠲᠤᠭ᠎ᠠ ᠪᠠᠷ ᠪᠣᠳᠣᠵᠤ᠂ ᠥᠪᠡᠷ ᠢᠶᠠᠨ ᠰᠠᠭᠤᠬᠤ ᠭᠡᠷ ᠪᠤᠶᠤ ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠶ ᠶᠢ 35 ᠳᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠬᠦ ᠦᠭᠡᠶ ᠬᠤᠶᠠᠷ ᠢᠵᠢ ᠣᠷᠣᠨ ᠰᠠᠭᠤᠴᠠ ᠵᠢᠴᠢ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠵᠠᠷᠤᠯᠭ᠎ᠠ ᠶᠢ ᠲᠤᠰᠢᠶᠠᠭᠰᠠᠨ ᠤ ᠳᠠᠷᠠᠭ᠎ᠠ᠂ ᠬᠠᠤᠯᠢ ᠪᠠᠷ ᠲᠣᠭᠲᠠᠭᠠᠭᠰᠠᠨ ᠠᠰᠢᠭ ᠬᠦᠷᠲᠡᠭᠴᠢ ᠪᠣᠯᠤᠨ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠢᠯᠡᠭᠦᠴᠡ ᠠᠮᠢ ᠨᠠᠰᠤᠨ ᠤ ᠵᠢᠯ ᠢᠶᠠᠷ ᠭᠡᠷ ᠪᠦᠯᠢ ᠶᠢᠨ ᠵᠢᠯ ᠤᠨ ᠣᠷᠣᠯᠭ᠎ᠠ ᠶᠢ ᠨᠤᠭᠤᠯᠤᠨ ᠪᠣᠳᠣᠵᠤ ᠪᠣᠯᠤᠨ᠎ᠠ᠃    ︵ᠲᠦᠷᠪᠡ︶ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ ᠶᠢ ᠮᠠᠭᠠᠳᠯᠠᠬᠤ    1. ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠠᠵᠢᠯ ᠠᠴᠠ ᠠᠮᠠᠷᠠᠭᠰᠠᠨ ᠪᠠᠭᠤᠭᠰᠠᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠨᠦᠭᠴᠢᠭᠰᠡᠳ ᠤᠨ ᠭᠡᠷ ᠪᠦᠯᠢ ᠶᠢᠨ ᠨᠥᠬᠦᠪᠦᠷᠢ ᠮᠥᠩᠭᠦ ᠵᠡᠷᠭᠡ ᠶᠢ ᠤᠯᠤᠰ᠂ ᠪᠠᠶᠢᠭᠤᠯᠣᠯᠭ᠎ᠠ ᠨᠢᠬᠡᠴᠡ᠂ ᠨᠡᠶᠢᠭᠡᠮ ᠤᠨ ᠪᠦᠯᠬᠦᠮ ᠠᠴᠠ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠨᠡᠶᠢᠭᠡᠮᠴᠢᠯᠡᠬᠦ ᠪᠠᠷ ᠳᠠᠮᠵᠢᠨ ᠣᠯᠭᠤᠭᠰᠠᠨ ᠪᠣᠯ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠳᠠᠩᠰᠠᠨ ᠳᠤ ᠣᠷᠣᠭᠤᠯᠬᠤ ᠵᠣᠭᠤᠰ ᠤᠨ ᠲᠤᠭ᠎ᠠ ᠪᠠᠷ ᠮᠠᠭᠠᠳᠯᠠᠨ ᠲᠣᠭᠲᠠᠭᠠᠨ᠎ᠠ᠃ ᠨᠡᠶᠢᠭᠡᠮᠴᠢᠯᠡᠭᠰᠡᠨ ᠪᠤᠰᠤ ᠣᠯᠭᠤᠬᠤ ᠪᠤᠶᠤ ᠪᠡᠯᠡᠨ ᠵᠣᠭᠤᠰ ᠣᠯᠭᠤᠬᠤ ᠳᠤ᠂ ᠨᠢᠭᠡᠴᠡ ᠠᠴᠠ ᠬᠠᠮᠢᠶ᠎ᠠ ᠪᠦᠬᠦᠢ ᠮᠠᠲ᠋ᠧᠷᠢᠶᠠᠯ ᠢ ᠭᠠᠷᠭᠠᠵᠤ ᠥᠭᠬᠦ ᠶᠢᠨ ᠬᠠᠮᠲᠤ ᠲᠦᠷᠦᠭᠦᠦ 3 ᠰᠠᠷ᠎ᠠ ᠳᠤ ᠪᠡᠯᠡ ᠮᠥᠩᠭᠦ ᠣᠯᠭᠤᠭᠰᠠᠨ ᠪᠠᠩᠬᠢ ᠶᠢᠨ ᠨᠠᠷᠢᠨ ᠳᠠᠩᠰᠠ ᠶᠢ ᠬᠠᠩᠭᠠᠬᠤ ᠬᠡᠷᠡᠭᠲᠡᠶ᠃    2. ᠠᠰᠠᠷᠠᠨ ᠲᠡᠵᠢᠭᠡᠬᠦ ᠵᠠᠷᠤᠳᠠᠯ ᠢ ᠮᠠᠭᠠᠳᠯᠠᠨ ᠲᠣᠭᠲᠠᠭᠠᠬᠤ ᠳᠤ ᠪᠣᠳᠠᠲᠠᠢ ᠡᠭᠦᠰᠦᠭᠰᠡᠨ ᠲᠤᠭ᠎ᠠ ᠬᠡᠮᠵᠢᠶᠡᠨ ᠤ ᠭᠡᠷᠡᠴᠢ ᠪᠠᠷᠢᠮᠲᠠ ᠪᠠᠷ ᠪᠣᠳᠣᠨ᠎ᠠ︔ ᠵᠥᠪᠯᠡᠯᠴᠡᠭᠡᠷ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠪᠣᠯ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠪᠣᠳᠣᠨ᠎ᠠ︔ ᠠᠰᠠᠷᠠᠨ ᠲᠡᠵᠢᠭᠡᠬᠦ ᠵᠠᠷᠤᠳᠠᠯ ᠤᠨ ᠣᠷᠣᠯᠭ᠎ᠠ ᠶᠢ ᠵᠠᠷᠴᠢᠮ ᠳᠡᠭᠡᠷ᠎ᠡ ᠪᠠᠨ ᠠᠰᠠᠷᠠᠨ ᠲᠡᠵᠢᠭᠡᠬᠦ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠲᠤᠭ᠎ᠠ ᠬᠡᠮᠵᠢᠶ᠎ᠡ ᠪᠠᠷ ᠪᠣᠳᠣᠨ᠎ᠠ︔ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠦᠭᠡᠢ ᠪᠣᠯ᠂ ᠠᠰᠠᠷᠠᠨ ᠲᠡᠵᠢᠭᠡᠬᠦ ᠵᠠᠷᠤᠳᠠᠯ ᠢ ᠪᠣᠳᠣᠬᠤ ᠠᠷᠭ᠎ᠠ ᠶᠢ ᠵᠠᠷᠴᠢᠮ ᠳᠡᠭᠡᠷ᠎ᠡ ᠪᠠᠨ ᠣᠷᠣᠯᠭ᠎ᠠ ᠶᠢᠨ ᠵᠣᠬᠢᠬᠤ ᠬᠠᠷᠢᠴᠠᠯ ᠢᠶᠠᠷ ᠲᠣᠭᠠᠴᠠᠭ᠎ᠠ ᠬᠢᠨ᠎ᠠ᠂ ᠪᠣᠳᠠᠲᠠᠶ ᠪᠠᠶᠢᠳᠠᠯ ᠢ ᠳᠣᠣᠷᠠᠬᠢ ᠠᠷᠭ᠎ᠠ ᠬᠡᠯᠪᠡᠷᠢ ᠪᠠᠷ ᠪᠣᠳᠣᠨ᠎ᠠ᠄    ︵1︶ ᠦᠷ᠎ᠡ ᠬᠡᠦᠬᠡᠳ ᠨᠢ ᠡᠴᠢᠭᠡ ᠡᠬᠡ ᠶᠢᠨ ᠢᠶᠠᠨ ᠦᠨᠳᠦᠰᠦᠨ ᠠᠰᠠᠷᠠᠨ ᠲᠡᠵᠢᠭᠡᠬᠦ ᠵᠠᠷᠤᠳᠠᠯ ᠢ ᠠᠴᠢᠯᠠᠨ ᠲᠡᠵᠢᠭᠡᠬᠦ ᠬᠦᠮᠦᠨ ᠤ ᠣᠷᠣᠯᠭ᠎ᠠ ᠶᠢᠨ 5%—8% ᠪᠠᠷ ᠲᠣᠭᠠᠴᠠᠨ ᠪᠣᠳᠣᠨ᠎ᠠ᠃    ︵2︶ ᠡᠴᠢᠭᠡ ᠡᠬᠡ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠳᠡᠬᠦ ᠪᠠᠷ ᠭᠤᠶᠤᠴᠢᠯᠠᠬᠤ ᠦᠶ᠎ᠡ ᠳᠤ᠂ ᠪᠤᠶ ᠪᠦᠬᠦᠢ ᠦᠷ᠎ᠡ ᠬᠡᠦᠬᠡᠳ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠡᠷᠬᠡ ᠣᠯᠭᠤᠵᠤ ᠪᠠᠶᠢᠭᠠᠳ ᠲᠡᠭᠦᠨ ᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ ᠳᠣᠤᠷᠠᠬᠢ ᠪᠠᠶᠢᠳᠠᠯ ᠢᠶᠠᠷ ᠳᠣᠭᠳᠠᠭᠠᠯᠭᠠᠬᠤ ᠬᠡᠷᠡᠭᠲᠡᠶ᠄    ᠦᠷ᠎ᠡ ᠬᠡᠦᠬᠡᠳ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠡ ᠪᠤᠶᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠣᠯ ᠠᠪᠤ ᠪᠤᠶᠤ ᠡᠬᠡ ᠶᠢᠨ ᠢᠶᠠᠨ ᠨᠢᠭᠡ ᠲᠠᠯ᠎ᠠ ᠶᠢᠨ ᠠᠰᠠᠷᠠᠨ ᠲᠡᠵᠢᠭᠡᠬᠦ ᠵᠠᠷᠤᠳᠠᠯ = ᠰᠠᠷ᠎ᠠ ᠶᠢᠨ ᠴᠠᠯᠢᠩ ᠤᠨ ᠶᠡᠷᠦᠩᠬᠡᠢ ᠲᠤᠭ᠎ᠠ ᠶᠢᠨ 8%᠃    ᠦᠷ᠎ᠡ ᠬᠡᠦᠬᠡᠳ ᠨᠢ ᠳᠣᠭᠳᠠᠭᠰᠠᠨ ᠠᠵᠢᠯ ᠤᠨ ᠣᠷᠣᠯᠭ᠎ᠠ ᠦᠭᠡᠢ᠂ ᠠᠶᠢᠮᠠᠭ ᠤᠨ ᠳᠣᠲᠣᠷ᠎ᠠ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠨ ᠪᠠᠶᠢᠪᠠᠯ᠂ ᠡᠴᠢᠭᠡ ᠪᠤᠶᠤ ᠡᠵᠢ ᠶᠢᠨ ᠬᠢᠨ ᠤ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠥᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠠᠯᠠᠱᠠ ᠠᠶᠢᠮᠠᠭ ᠤᠨ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 5% × ᠪᠣᠳᠠᠲᠠᠢ ᠬᠥᠯᠥᠰᠥᠨ ᠠᠵᠢᠯ ᠬᠢᠭᠰᠡᠨ ᠰᠠᠷ᠎ᠠ ᠶᠢᠨ ᠲᠤᠭ᠎ᠠ ᠪᠣᠯᠣᠨ᠎ᠠ᠃    ᠦᠷ᠎ᠡ ᠬᠡᠦᠬᠡᠳ ᠨᠢ ᠭᠠᠳᠠᠭᠰᠢ ᠭᠠᠷᠴᠤ ᠬᠦᠴᠦ ᠶᠠᠪᠤᠭᠰᠠᠳ ᠲᠤ᠂ ᠠᠪᠤ ᠪᠤᠶᠤ ᠡᠵᠢ ᠶᠢᠨ ᠨᠢᠭᠡ ᠲᠠᠯ᠎ᠠ ᠶᠢᠨ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠬᠦᠴᠦ ᠶᠠᠪᠤᠭᠰᠠᠳ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 5% × 6 ᠰᠠᠷ᠎ᠠ —10 ᠰᠠᠷ᠎ᠠ ︵ᠪᠣᠳᠠᠲᠠᠶ ᠠᠵᠢᠯᠯᠠᠬᠤ ᠴᠠᠭ ᠢᠶᠠᠷ ᠲᠣᠭᠲᠠᠭᠠᠨ᠎ᠠ︶᠃    ᠦᠷ᠎ᠡ ᠬᠡᠦᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠰᠠᠭᠤᠵᠤ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠭᠰᠡᠨ ᠪᠤᠶᠤ ᠮᠠᠯ ᠠᠵᠤ ᠠᠬᠤᠶ ᠦᠭᠡᠶ ᠪᠣᠯ᠂ ᠠᠪᠤ ᠪᠤᠶᠤ ᠡᠵᠢ ᠶᠢᠨ ᠨᠢᠭᠡ ᠲᠠᠯ᠎ᠠ ᠶᠢᠨ ᠬᠢᠨ ᠤ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ × 12 ᠰᠠᠷ᠎ᠠ ᠪᠣᠯᠤᠨ᠎ᠠ᠃    ᠦᠷ᠎ᠡ ᠬᠡᠦᠬᠡᠳ ᠨᠢ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠬᠢᠭᠰᠡᠨ ᠪᠣᠯ ᠡᠴᠢᠭᠡ ᠪᠤᠶᠤ ᠡᠬᠡ ᠳᠡᠭᠡᠨ ᠣᠨ ᠤ ᠠᠰᠠᠷᠠᠨ ᠲᠡᠵᠢᠭᠡᠬᠦ ᠵᠠᠷᠤᠳᠠᠯ ᠥᠭᠴᠦ᠂ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠴᠡᠪᠡᠷ ᠣᠷᠣᠯᠭ᠎ᠠ ᠶᠢᠨ 2.5% ᠪᠠᠷ ᠪᠣᠳᠣᠨ᠎ᠠ᠃    ᠦᠷ᠎ᠡ ᠬᠡᠦᠬᠡᠳ ᠨᠢ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠵᠡᠩᠨᠡᠯᠲᠡ ᠪᠤᠶᠤ ᠬᠤᠷᠰᠢᠶ᠎ᠠ ᠡᠵᠡᠩᠨᠡᠪᠡᠯ᠂ ᠡᠴᠢᠭᠡ ᠪᠤᠶᠤ ᠡᠬᠡ ᠳᠤ ᠥᠭᠭᠦᠭᠰᠡᠨ ᠵᠢᠯ ᠤᠨ ᠠᠰᠠᠷᠠᠨ ᠲᠡᠵᠢᠭᠡᠬᠦ ᠵᠠᠷᠤᠳᠠᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠷᠭᠠᠵᠤ ᠥᠭᠭᠦᠭᠰᠡᠨ ᠪᠦᠬᠦ ᠵᠢᠯ ᠤᠨ ᠲᠤᠰᠢᠶᠠᠭᠰᠠᠨ ᠭᠠᠶᠢᠯᠢ ᠶᠢᠨ ᠮᠥᠩᠭᠦ ᠶᠢᠨ 10% ᠪᠠᠷ ᠬᠠᠷᠭᠤᠭᠤᠯᠤᠨ ᠲᠣᠭᠲᠠᠭᠠᠵᠤ᠂ ᠭᠠᠶᠢᠯᠢ ᠲᠤᠰᠢᠶᠠᠭᠰᠠᠨ ᠦᠭᠡᠢ ᠲᠡᠮᠳᠡᠭᠯᠡᠯ ᠢ ᠨᠢ ᠲᠤᠬᠠᠢ ᠶᠢᠨ ᠵᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 50% ᠪᠠᠷ ᠪᠤᠳᠤᠨ᠎ᠠ᠃    ᠠᠰᠠᠷᠠᠨ ᠲᠡᠵᠢᠭᠡᠬᠦ ᠡᠭᠦᠷᠭᠡ ᠪᠦᠬᠦᠢ ᠦᠷ᠎ᠡ ᠬᠡᠦᠬᠡᠳ᠂ ᠶᠠᠭ ᠬᠡᠷᠡᠭᠯᠡᠵᠦ ᠪᠠᠶᠢᠭ᠎ᠠ ᠵᠢᠵᠢᠭ ᠰᠠᠭᠤᠳᠠᠯ ᠤᠨ ᠮᠠᠰᠢᠨ ᠂ ᠲᠣᠮᠣ ᠬᠡᠯᠪᠡᠷᠢ ᠶᠢᠨ ᠮᠧᠬᠠᠨᠢᠭ᠂ ᠲᠡᠭᠡᠭᠡᠪᠦᠷᠢ ᠶᠢᠨ ᠲᠡᠷᠭᠡ ᠬᠥᠰᠬᠡ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠵᠡᠷᠭᠡ ᠡᠳ᠋ ᠬᠥᠷᠥᠩᠭᠡ ᠲᠠᠢ ᠪᠠᠶᠢᠪᠠᠯ᠂ ᠲᠡᠷᠭᠡ ᠬᠤᠳᠠᠯᠳᠤᠨ ᠠᠪᠬᠤ ᠦᠨ᠎ᠡ ᠶᠢ ᠦᠨᠳᠦᠰᠦᠯᠡᠨ ᠵᠢᠯ ᠳᠠᠷᠠᠭᠠᠯᠠᠨ ᠡᠯᠡᠭᠳᠡᠯ ᠢᠶᠠᠷ ᠪᠣᠳᠤᠪᠠᠯ᠂ ᠣᠳᠣᠬᠠᠨ ᠤ ᠥᠷᠲᠡᠭ ᠤᠨ 2% ᠢᠶᠠᠷ ᠪᠤᠳᠤᠨ᠎ᠠ︔ 2 ᠠᠴᠠ ᠳᠡᠭᠡᠭᠰᠢ ︵ᠬᠤᠶᠠᠷ ᠢ ᠪᠠᠭᠲᠠᠭᠠᠨ᠎ᠠ︶ ᠭᠡᠷ ᠬᠦᠷᠦᠩᠭᠡ ᠲᠠᠢ ᠪᠣᠯ ︵ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠶᠢ 35 ᠳᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠪᠣᠯ ᠡᠭᠦᠨ ᠳᠤ ᠪᠠᠭᠲᠠᠬᠤ ᠦᠭᠡᠢ︶ 2 ᠪᠠ ᠲᠡᠭᠦᠨ ᠠᠴᠠ ᠳᠡᠭᠡᠭᠰᠢᠬᠢ ᠭᠡᠷ ᠬᠥᠷᠥᠩᠭᠡ ᠶᠢ ᠵᠠᠬ᠎ᠠ ᠳᠡᠯᠭᠡᠭᠦᠷ ᠤᠨ ᠲᠦᠷᠢᠶᠡᠰᠦᠯᠡᠬᠦ ᠦᠨ᠎ᠡ ᠬᠠᠩᠰᠢ ᠪᠠᠷ ᠣᠷᠣᠯᠭ᠎ᠠ ᠶᠢ ᠲᠣᠭᠠᠴᠠᠨ ᠪᠣᠳᠣᠵᠤ᠂ ᠠᠰᠠᠷᠠᠨ ᠲᠡᠵᠢᠭᠡᠬᠦ ᠵᠠᠷᠤᠳᠠᠯ ᠢ ᠪᠣᠳᠣᠬᠤ ᠣᠷᠣᠯᠭ᠎ᠠ ᠶᠢᠨ ᠰᠠᠭᠤᠷᠢ ᠲᠤᠭ᠎ᠠ ᠳᠤ ᠣᠷᠣᠭᠤᠯᠤᠨ᠎ᠠ︔    ᠪᠣᠳᠠᠲᠠᠶ ᠥᠭᠬᠦ ᠵᠣᠭᠤᠰ ᠤᠨ ᠲᠤᠭ᠎ᠠ ᠨᠢ ᠳᠡᠭᠡᠷ᠎ᠡ ᠳᠤᠷᠠᠳᠤᠭᠰᠠᠨ ᠪᠣᠳᠣᠬᠤ ᠪᠠᠷᠢᠮᠵᠢᠶ᠎ᠠ ᠠᠴᠠ ᠥᠨᠳᠥᠷ ᠪᠠᠶᠢᠪᠠᠯ ᠂ ᠪᠣᠳᠠᠲᠠᠶ ᠥᠭᠬᠦ ᠵᠣᠭᠤᠰ ᠤᠨ ᠲᠤᠭ᠎ᠠ ᠪᠠᠷ ᠪᠣᠳᠣᠨ᠎ᠠ︔ ᠪᠣᠳᠠᠲᠠᠶ ᠥᠭᠬᠦ ᠲᠤᠭ᠎ᠠ ᠨᠢ ᠳᠡᠭᠡᠷ᠎ᠡ ᠳᠤᠷᠠᠳᠤᠭᠰᠠᠨ ᠪᠣᠳᠣᠬᠤ ᠪᠠᠷᠢᠮᠵᠢᠶ᠎ᠠ ᠠᠴᠠ ᠳᠣᠤᠷ᠎ᠠ ᠪᠠᠶᠢᠪᠠᠯ᠂ ᠳᠡᠭᠡᠷ᠎ᠡ ᠳᠤᠷᠠᠳᠤᠭᠰᠠᠨ ᠪᠣᠳᠣᠬᠤ ᠪᠠᠷᠢᠮᠵᠢᠶ᠎ᠠ ᠪᠠᠷ ᠪᠣᠳᠣᠨ᠎ᠠ᠃    ︵3︶ ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠤᠨ ᠠᠰᠠᠷᠠᠨ ᠲᠡᠵᠢᠭᠡᠬᠦ ᠵᠠᠷᠤᠳᠠᠯ ᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠶ ᠲᠣᠭᠲᠠᠭᠠᠭᠰᠠᠨ ᠪᠠᠶᠢᠪᠠᠯ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠪᠢᠴᠢᠭ ᠬᠠᠷ᠎ᠠ ᠦᠭᠡᠶ ᠪᠣᠯ ᠠᠰᠠᠷᠠᠨ ᠲᠡᠵᠢᠭᠡᠬᠦ ᠵᠠᠷᠤᠳᠠᠯ ᠢ ᠬᠤᠪᠢ ᠬᠥᠮᠦᠨ ᠤ ᠰᠠᠷ᠎ᠠ ᠶᠢᠨ ᠶᠡᠷᠦᠩᠬᠡᠶ ᠣᠷᠣᠯᠭ᠎ᠠ ᠶᠢᠨ 20% ᠪᠠᠷ ᠥᠭᠬᠦ ᠬᠡᠷᠡᠭᠲᠡᠶ᠃ ᠬᠤᠶᠠᠷ ᠠᠴᠠ ᠳᠡᠭᠡᠭᠰᠢ ᠦᠷ᠎ᠡ ᠬᠡᠦᠬᠡᠳ ᠤᠨ ᠵᠠᠷᠤᠳᠠᠯ ᠢ ᠡᠭᠦᠷᠭᠡᠯᠡᠵᠦ ᠪᠠᠶᠢᠪᠠᠯ᠂ ᠬᠠᠷᠢᠴᠠᠯ ᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ ᠂ ᠭᠡᠪᠡᠴᠦ ᠡᠩ ᠤᠨ ᠪᠠᠶᠢᠳᠠᠯ ᠳᠤ ᠰᠠᠷ᠎ᠠ ᠶᠢᠨ ᠶᠡᠷᠦᠩᠬᠡᠶ ᠣᠷᠣᠯᠭ᠎ᠠ ᠶᠢᠨ 50% ᠠᠴᠠ ᠬᠡᠲᠦᠷᠡᠭᠦᠯᠵᠦ ᠪᠣᠯᠬᠤ ᠦᠭᠡᠶ᠃    ᠠᠰᠠᠷᠠᠨ ᠲᠡᠵᠢᠭᠡᠬᠦ ᠵᠠᠷᠤᠳᠠᠯ ᠢ ᠪᠣᠳᠠᠲᠠᠢ ᠥᠭᠴᠦ ᠪᠠᠶᠢᠭ᠎ᠠ ᠪᠠᠶᠢᠳᠠᠯ ᠶᠣᠰᠣᠭᠠᠷ ᠮᠠᠭᠠᠳᠯᠠᠨ ᠲᠣᠭᠲᠠᠭᠠᠬᠤ ᠬᠡᠷᠡᠭᠲᠡᠢ᠃    ︵4︶ ᠨᠢᠭᠡ ᠦᠷ᠎ᠡ ᠬᠡᠦᠬᠡᠳ ᠨᠢ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠲᠥᠷᠥᠯ ᠵᠦᠢᠯ ᠳᠠᠪᠲᠠᠬᠤ ᠦᠶ᠎ᠡ ᠳᠤ ᠣᠷᠣᠯᠭ᠎ᠠ ᠪᠣᠯᠤᠨ ᠠᠰᠠᠷᠠᠨ ᠲᠡᠵᠢᠭᠡᠬᠦ ᠵᠠᠷᠤᠳᠠᠯ ᠢ ᠨᠡᠶᠢᠯᠡᠭᠦᠯᠦᠨ ᠪᠣᠳᠣᠬᠤ ᠬᠡᠷᠡᠭᠲᠡᠶ᠃    3. ᠬᠠᠤᠯᠢ ᠳᠤ ᠲᠣᠭᠲᠠᠭᠠᠭᠰᠠᠨ ᠠᠰᠠᠷᠠᠨ ᠲᠡᠵᠢᠭᠡᠭᠴᠢ᠂ ᠲᠡᠳᠬᠦᠨ ᠲᠡᠵᠢᠭᠡᠭᠴᠢ ᠨᠢ ᠳᠣᠣᠷᠠᠬᠢ ᠪᠠᠶᠢᠳᠠᠯ ᠤᠨ ᠨᠢᠭᠡ ᠳᠤ ᠨᠡᠶᠢᠴᠡᠭᠰᠡᠨ ᠪᠠᠶᠢᠪᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠢ ᠬᠢᠨᠠᠨ ᠲᠣᠭᠲᠠᠭᠠᠬᠤ ᠦᠭᠡᠢ ᠪᠤᠶᠤ ᠳᠤᠲᠠᠭᠤ ᠬᠢᠨᠠᠨ ᠲᠣᠭᠲᠠᠭᠠᠵᠤ ᠪᠣᠯᠤᠨ᠎ᠠ᠄    ︵1︶ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠣᠳᠣᠬᠠᠨ ᠳᠤ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ︔    ︵2︶ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠥᠮᠦᠰ︔    ︵3︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ︔    ︵4︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠬᠥᠮᠦᠰ︔    ︵5︶ ᠴᠡᠷᠢᠭ ᠤᠨ ᠠᠯᠪᠠ ᠬᠠᠭᠠᠵᠤ ᠪᠠᠶᠢᠭ᠎ᠠ ᠬᠦᠮᠦᠨ ︵ᠬᠤᠶᠠᠷ ᠵᠢᠯ ᠤᠨ ᠠᠯᠪᠡᠨ ᠤ ᠴᠡᠷᠢᠭ ᠢ ᠵᠢᠭᠠᠨ᠎ᠠ︶︔    ︵6︶ ᠡᠴᠢᠭᠡ ᠡᠬᠡ ᠪᠤᠶᠤ ᠦᠷ᠎ᠡ ᠬᠡᠦᠬᠡᠳ ᠨᠢ ᠵᠠᠯᠭᠠᠭᠠᠪᠠᠷ 3 ᠵᠢᠯ ᠠᠴᠠ ᠳᠡᠭᠡᠭᠰᠢ ︵3 ᠵᠢᠯ ᠪᠠᠭᠲᠠᠨ᠎ᠠ︶ ᠭᠡᠷ ᠠᠴᠠ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠠᠵᠢᠯᠲᠠᠨ︔    ︵7︶ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ᠂ ᠬᠤᠣᠷ᠎ᠠ ᠲᠠᠲᠠᠬᠤ ᠶᠢ ᠵᠣᠭᠰᠣᠭᠠᠬᠤ ᠭᠠᠵᠠᠷ ᠲᠤ ᠠᠯᠪᠠᠳᠠᠯᠭ᠎ᠠ ᠪᠠᠷ ᠬᠤᠣᠷ᠎ᠠ ᠳᠠᠳᠠᠬᠤ ᠶᠢ ᠵᠣᠭᠰᠣᠭᠠᠯᠭᠠᠵᠦ ᠪᠠᠶᠢᠭ᠎ᠠ ᠬᠥᠮᠦᠰ︔    ︵8︶ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠦᠮᠦᠰ︔    ︵9︶ ᠡᠯ᠎ᠡ ᠬᠤᠰᠢᠭᠤ ︵ᠣᠷᠣᠨ︶ ᠶᠢᠨ ᠲᠣᠭᠲᠠᠭᠠᠭᠰᠠᠨ ᠪᠤᠰᠤᠳ ᠪᠠᠶᠢᠳᠠᠯ᠃    4. ᠲᠥᠯᠥᠪᠦᠷᠢ ᠶᠢᠨ ᠣᠷᠣᠯᠭ᠎ᠠ ᠶᠢ ᠨᠤᠲᠠᠯᠠᠨ ᠲᠣᠭᠲᠠᠭᠠᠬᠤ᠃ ᠵᠠᠮ ᠬᠠᠷᠢᠯᠴᠠᠭᠠᠨ ᠤ ᠠᠳᠡᠯ᠂ ᠡᠷᠡᠭᠦᠦ ᠶᠢᠨ ᠬᠡᠷᠡᠭ ᠤᠨ ᠬᠥᠨᠥᠭᠡᠯ᠂ ᠢᠷᠭᠡᠨ ᠤ ᠬᠡᠷᠡᠭ ᠤᠨ ᠬᠤᠬᠢᠷᠠᠯ ᠵᠡᠷᠭᠡ ᠰᠢᠯᠲᠠᠭᠠᠨ ᠠᠴᠠ ᠪᠣᠯᠵᠤ ᠲᠥᠯᠥᠪᠦᠷᠢ ᠣᠯᠤᠭᠰᠠᠨ ᠪᠣᠯ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠵᠢᠭᠰᠠᠭᠠᠭᠰᠠᠨ ᠠᠮᠢᠳᠤᠷᠠᠯ ᠤᠨ ᠵᠠᠷᠤᠳᠠᠯ ᠢ ᠨᠢ ᠨᠥᠬᠦᠪᠥᠷᠢᠯᠡᠬᠦ ᠳᠤ ᠬᠡᠷᠡᠭᠯᠡᠭᠰᠡᠨ ᠬᠡᠰᠡᠭ ᠢᠶᠠᠷ ᠨᠢ ᠬᠡᠷᠡᠭᠵᠢᠭᠦᠯᠦᠨ᠎ᠡ᠃    5. ᠥᠪ ᠬᠥᠷᠥᠩᠭᠡ ᠶᠢᠨ ᠣᠷᠣᠯᠭ᠎ᠠ᠂ ᠪᠡᠯᠡᠭᠯᠡᠨ ᠬᠦᠷᠭᠡᠯᠲᠡ ᠶᠢ ᠬᠦᠯᠢᠶᠡᠨ ᠠᠪᠤᠭᠰᠠᠨ ︵ᠪᠡᠯᠡᠭᠯᠡᠨ ᠬᠦᠷᠭᠡᠭᠰᠡᠨ︶ ᠣᠷᠣᠯᠭ᠎ᠠ ᠶᠢ ᠮᠠᠭᠠᠳᠯᠠᠨ ᠲᠣᠭᠲᠠᠭᠠᠬᠤ ᠬᠡᠷᠡᠭᠲᠡᠶ᠃ ᠠᠯᠪᠠᠨ ᠭᠡᠷᠡᠴᠢᠯᠡᠭᠡᠨ ᠤ ᠰᠠᠯᠠᠭ᠎ᠠ ᠮᠥᠴᠢᠷ ᠤᠨ ᠠᠯᠪᠠᠨ ᠭᠡᠷᠡᠴᠢᠯᠡᠭᠡ ᠬᠢᠵᠦ ᠥᠩᠭᠡᠷᠡᠭᠰᠡᠨ ᠪᠡᠯᠡᠭᠯᠡᠨ ᠬᠦᠷᠭᠡᠬᠦ ᠳᠤ ᠠᠯᠪᠠᠨ ᠭᠡᠷᠡᠴᠢᠯᠡᠭᠡᠨ ᠤ ᠦᠨᠡᠮᠯᠡᠯ ᠳᠤ ᠳᠣᠭᠳᠠᠭᠠᠭᠰᠠᠨ ᠥᠷᠲᠡᠭ ᠢᠶᠠᠷ ᠬᠢᠨᠠᠨ ᠲᠣᠭᠲᠠᠭᠠᠬᠤ ᠬᠡᠷᠡᠭᠲᠡᠶ᠃ ᠠᠯᠪᠠᠨ ᠭᠡᠷᠡᠴᠢᠯᠡᠭᠡ ᠦᠭᠡᠶ ᠪᠣᠯ ᠪᠣᠳᠠᠲᠠᠶ ᠨᠤᠲᠠᠯᠠᠭᠰᠠᠨ ᠢ ᠦᠨᠳᠦᠰᠦᠯᠡᠨ᠎ᠡ᠃    ᠠᠷᠪᠠᠨ ᠲᠠᠪᠤᠳᠤᠭᠠᠷ ᠵᠦᠢᠯ ᠭᠡᠷ ᠪᠦᠯᠢ ᠶᠢᠨ ᠪᠦᠷᠢᠯᠳᠦᠬᠦᠨ ᠤ ᠣᠯᠤᠭᠰᠠᠨ ᠳᠣᠤᠷᠠᠬᠢ ᠮᠡᠲᠦ ᠣᠷᠣᠯᠭ᠎ᠠ ᠶᠢ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠶ᠄    ︵ᠨᠢᠭᠡ︶ ᠤᠯᠤᠰ ᠠᠴᠠ ᠲᠣᠭᠲᠠᠭᠠᠭᠰᠠᠨ ᠬᠠᠷᠠᠭᠠᠯᠵᠠᠯ ᠤᠨ ᠠᠰᠠᠷᠠᠮᠵᠢ ᠶᠢᠨ ᠮᠥᠩᠭᠦ᠂ ᠲᠥᠯᠥᠪᠯᠡᠭᠡᠲᠦ ᠦᠷᠡᠵᠢᠯ ᠤᠨ ᠱᠠᠩᠨᠠᠯ ᠬᠢᠭᠡᠳ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠱᠠᠩᠨᠠᠯ ᠤᠨ ᠮᠥᠩᠭᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠵᠡᠷᠭᠡ ᠱᠠᠩᠨᠠᠯ ᠤᠨ ᠴᠢᠨᠠᠷᠲᠠᠢ ᠨᠥᠬᠦᠪᠥᠷᠢ︔    ︵ᠬᠤᠶᠠᠷ︶ ᠡᠮ ᠡᠮᠨᠡᠯᠭᠡ ᠶᠢᠨ ᠠᠪᠤᠷᠠᠨ ᠲᠤᠰᠠᠯᠠᠬᠤ ᠮᠥᠩᠭᠦ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠂ ᠰᠤᠷᠭᠠᠨ ᠬᠥᠮᠦᠵᠢᠯ ᠤᠨ ᠨᠥᠬᠦᠪᠥᠷᠢ ᠮᠥᠩᠭᠦ᠂ ᠭᠠᠮᠰᠢᠭᠳᠠᠭᠰᠠᠨ ᠠᠷᠠᠳ ᠤᠨ ᠭᠠᠮᠰᠢᠭᠳᠠᠭᠰᠠᠨ ᠪᠠᠶᠢᠳᠠᠯ ᠢ ᠦᠨᠳᠦᠰᠦᠯᠡᠨ ᠦᠭᠭᠦᠰᠡᠨ ᠭᠠᠮᠰᠢᠭ ᠠᠴᠠ ᠠᠪᠤᠷᠠᠬᠤ ᠵᠣᠭᠤᠰ ᠡᠳ᠋ ᠪᠣᠳᠠᠰ ᠵᠡᠷᠭᠡ ᠵᠠᠰᠠᠭ ᠤᠨ ᠣᠷᠳᠣᠨ ᠤ ᠣᠯᠭᠤᠭᠰᠠᠨ ᠡᠯ᠎ᠡ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ︔    ︵ᠭᠤᠷᠪᠠ︶ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠪᠠ ᠥᠨᠳᠥᠷ ᠨᠠᠰᠤᠨ ᠤ ᠨᠡᠮᠡᠭᠦᠷᠢ᠂ ᠨᠠᠰᠤᠲᠠᠶᠢᠴᠤᠳ ᠤᠨ ᠬᠠᠷᠠᠭᠠᠯᠵᠠᠯ ᠤᠨ ᠮᠥᠩᠭᠦ ᠵᠡᠷᠭᠡ︔    ︵ᠲᠦᠷᠪᠡ︶ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠪᠤᠶᠤ ᠳᠠᠭᠤᠰᠬᠠᠭᠰᠠᠨ ᠠᠴᠠ ᠪᠣᠯᠵᠤ ᠬᠥᠳᠡᠯᠮᠦᠷᠢᠯᠡᠭᠴᠢᠳ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠣᠯᠤᠭᠰᠠᠨ ᠠᠵᠤ ᠠᠬᠤᠶ ᠶᠢᠨ ᠨᠥᠬᠦᠪᠥᠷᠢ ᠮᠥᠩᠭᠦ ᠠᠴᠠ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠡᠰᠡᠭ ᠢᠶᠠᠨ ᠲᠤᠰᠢᠶᠠᠬᠤ ᠬᠡᠷᠡᠭᠲᠡᠶ︔    ︵ᠲᠠᠪᠤ︶ ᠠᠵᠢᠯᠲᠠᠨ ᠠᠵᠢᠯᠴᠢᠨ ᠠᠵᠢᠯ ᠠᠴᠠ ᠪᠣᠯᠵᠤ ᠭᠡᠮᠲᠦᠭᠰᠡᠨ ᠠᠴᠠ ᠬᠠᠤᠯᠢ ᠶᠣᠰᠣᠭᠠᠷ ᠬᠦᠷᠳᠡᠬᠦ‍ ᠨᠢᠭᠡ ᠤᠳᠠᠭ᠎ᠠ ᠶᠢᠨ ᠴᠢᠨᠠᠷᠲᠠᠶ ᠵᠡᠮᠳᠡᠭ ᠤᠨ ᠲᠤᠰᠠᠯᠠᠮᠵᠢ ᠶᠢᠨ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠡᠮᠨᠡᠭᠦᠯᠬᠦ ᠲᠤᠰᠠᠯᠠᠮᠵᠢ ᠶᠢᠨ ᠮᠥᠩᠭᠦ ᠪᠣᠯᠤᠨ ᠵᠡᠮᠳᠡᠭ ᠤᠨ ᠠᠵᠢᠯ ᠣᠯᠬᠤ ᠲᠤᠰᠠᠯᠠᠮᠵᠢ ᠶᠢᠨ ᠮᠥᠩᠭᠦ︔    ︵ᠵᠢᠷᠭᠤᠭ᠎ᠠ︶ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ︔    ︵ᠳᠤᠯᠤᠭ᠎ᠠ︶ ᠬᠠᠤᠯᠢ ᠪᠠᠷ ᠲᠤᠭᠲᠠᠭᠠᠭᠰᠠᠨ ᠪᠤᠰᠤ ᠠᠰᠠᠷᠠᠨ ᠲᠡᠵᠢᠭᠡᠬᠦ ᠬᠦᠮᠦᠨ ᠤ ᠥᠭᠭᠦᠭᠰᠡᠨ ᠠᠴᠢᠯᠠᠨ ᠲᠡᠵᠢᠭᠡᠬᠦ ᠵᠠᠷᠤᠳᠠᠯ︔    ︵ᠨᠠᠢᠮᠠ︶ ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠠᠰᠠᠷᠠᠵᠤ ᠪᠠᠶᠢᠭ᠎ᠠ ᠨᠠᠰᠤᠨ ᠳᠤ ᠬᠦᠷᠦᠭᠰᠡᠨ ᠬᠦᠨᠳᠦ ᠵᠡᠮᠳᠡᠭᠴᠦᠳ ᠢ ᠲᠦᠰᠢᠭᠯᠡᠨ ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠭᠬᠦ ᠠᠰᠠᠷᠠᠨ ᠲᠡᠵᠢᠭᠡᠬᠦ ᠵᠠᠷᠤᠳᠠᠯ ᠢ ᠪᠣᠯ ᠪᠠᠶᠢᠳᠠᠯ ᠢ ᠨᠢ ᠦᠵᠡᠵᠦ ᠪᠠᠶᠢᠭᠠᠳ ᠵᠣᠬᠢᠰᠲᠠᠶ ᠬᠡᠯᠲᠦᠷᠢᠭᠦᠯᠵᠦ ᠪᠣᠯᠤᠨ᠎ᠠ︔    ︵ᠶᠢᠰᠦ︶ ᠠᠵᠤ ᠠᠬᠤᠶᠢᠯᠠᠯ ᠤᠨ ᠣᠨᠴᠣᠭᠤᠢ ᠠᠵᠢᠯ ᠲᠥᠷᠥᠯ ᠤᠨ ᠰᠢᠮ᠎ᠡ ᠲᠡᠵᠢᠭᠡᠯ ᠤᠨ ᠨᠥᠬᠦᠪᠥᠷᠢ᠂ ᠥᠨᠳᠥᠷ ᠳᠤᠯᠠᠭᠠᠨ ᠤ ᠨᠥᠬᠦᠪᠥᠷᠢ ᠵᠡᠷᠭᠡ︔    ︵ᠠᠷᠪᠠ︶ ᠵᠠᠰᠠᠭ ᠤᠨ ᠣᠷᠳᠣᠨ ᠪᠤᠶᠤ ᠨᠢᠭᠡᠴᠡ ᠠᠴᠠ ᠠᠵᠢᠯ ᠠᠴᠠ ᠪᠠᠨ ᠠᠮᠠᠷᠠᠭᠰᠠᠳ ᠲᠤ ᠣᠯᠭᠤᠭᠰᠠᠨ ᠪᠠᠶᠠᠷ ᠤᠨ ᠡᠳᠦᠷ ᠤᠨ ᠲᠣᠬᠤᠨᠢᠭᠤᠯᠬᠤ ᠮᠥᠩᠭᠦ︔    ︵ᠠᠷᠪᠠᠨ ᠨᠢᠭᠡ︶ ᠠᠮᠢᠳᠤᠯᠢᠭ ᠢᠶᠠᠷ ᠠᠵᠢᠯ ᠣᠯᠭᠤᠬᠤ ᠨᠥᠬᠦᠪᠥᠷᠢ ᠪᠠ ᠨᠡᠶᠢᠭᠡᠮ ᠤᠨ ᠳᠠᠭᠠᠳᠬᠠᠯ ᠤᠨ ᠨᠥᠬᠦᠪᠥᠷᠢ︔    ︵ᠠᠷᠪᠠᠨ ᠬᠤᠶᠠᠷ︶ ︽ᠣᠷᠣᠨ ᠰᠠᠭᠤᠴᠠ ᠨᠤᠷᠠᠭᠠᠵᠤ ᠨᠡᠭᠦᠯᠭᠡᠬᠦ ᠬᠡᠯᠡᠯᠴᠡᠭᠡᠷ︾ ᠤᠨ ᠲᠣᠭᠲᠠᠭᠠᠯ ᠶᠣᠰᠣᠭᠠᠷ ᠣᠯᠤᠭᠰᠠᠨ ᠭᠡᠷ ᠨᠡᠭᠦᠯᠭᠡᠬᠦ ᠲᠤᠰᠠᠯᠠᠮᠵᠢ ᠶᠢᠨ ᠵᠠᠷᠤᠳᠠᠯ᠂ ᠲᠦᠷ ᠴᠠᠭ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ︔    ︵ᠠᠷᠪᠠᠨ ᠭᠤᠷᠪᠠ︶ ᠣᠷᠣᠰᠢᠭᠤᠯᠭ᠎ᠠ ᠶᠢᠨ ᠵᠠᠷᠤᠳᠠᠯ ᠪᠠ ᠨᠢᠭᠡ ᠯᠡ ᠤᠳᠠᠭ᠎ᠠ ᠶᠢᠨ ᠴᠢᠨᠠᠷᠲᠠᠢ ᠠᠰᠠᠷᠠᠮᠵᠢ ᠶᠢᠨ ᠮᠥᠩᠭᠦ᠃    ︵ᠠᠷᠪᠠᠨ ᠳᠦᠷᠪᠡ︶ ᠬᠥᠮᠦᠨ ᠤ ᠪᠡᠶ᠎ᠡ ᠶᠢᠨ ᠭᠡᠮᠲᠦᠯ ᠢ ᠰᠡᠷᠭᠡᠶᠢᠯᠡᠬᠦ ᠶᠢᠨ ᠲᠥᠯᠥᠭᠡ ᠣᠯᠭᠤᠭᠰᠠᠨ ᠠᠮᠢᠳᠤᠷᠠᠯ ᠤᠨ ᠵᠠᠷᠤᠳᠠᠯ ᠠᠴᠠ ᠭᠠᠳᠠᠨᠠᠬᠢ ᠬᠡᠰᠡᠭ︔    ︵ᠠᠷᠪᠠᠨ ᠲᠠᠪᠤ︶ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠲᠣᠭᠲᠠᠭᠠᠭᠰᠠᠨ ᠪᠤᠰᠤᠳ ᠣᠷᠣᠯᠭ᠎ᠠ᠃    ᠠᠷᠪᠠᠨ ᠵᠢᠷᠭᠤᠳᠤᠭᠠᠷ ᠵᠦᠢᠯ ᠭᠡᠷ ᠪᠦᠯᠢ ᠶᠢᠨ ᠡᠷᠬᠡᠪᠰᠢ ᠵᠠᠷᠣᠴᠠᠭᠤᠯᠬᠤ ᠵᠠᠷᠤᠯᠭ᠎ᠠ ᠶᠢ ᠰᠠᠭᠤᠯᠭᠠᠨ ᠬᠠᠰᠤᠬᠤ ᠬᠡᠷᠡᠭᠲᠡᠶ᠃ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠵᠡᠮᠳᠡᠭ᠂ ᠬᠦᠨᠳᠦ ᠶᠡᠭᠡ ᠡᠪᠡᠳᠴᠢᠨ ᠳᠤ ᠨᠡᠷᠪᠡᠭᠳᠡᠭᠰᠡᠨ ᠵᠡᠷᠭᠡ ᠳᠤ ᠨᠡᠮᠡᠭᠳᠡᠭᠰᠡᠨ ᠵᠠᠶᠢᠯᠠᠰᠢ ᠦᠭᠡᠶ ᠵᠠᠷᠤᠯᠭ᠎ᠠ᠂ ᠴᠢᠬᠤᠯᠠ ᠪᠦᠬᠦᠢ ᠠᠵᠢᠯ ᠣᠯᠭᠤᠬᠤ ᠥᠪᠡᠷ ᠤᠨ ᠥᠷᠲᠡᠭ ᠵᠡᠷᠭᠡ ᠶᠢ ᠭᠡᠷ ᠪᠦᠯᠢ ᠶᠢᠨ ᠣᠷᠣᠯᠭ᠎ᠠ ᠳᠤ ᠲᠣᠭᠠᠴᠠᠭ᠎ᠠ ᠬᠢᠬᠦ ᠦᠶ᠎ᠡ ᠳᠤ ᠲᠣᠭᠲᠠᠭᠠᠯ ᠶᠣᠰᠣᠭᠠᠷ ᠵᠣᠬᠢᠬᠤ ᠬᠡᠮᠵᠢᠶ᠎ᠡ ᠪᠠᠷ ᠬᠠᠰᠤᠵᠤ ᠪᠣᠯᠤᠨ᠎ᠠ᠃    ︵ᠨᠢᠭᠡ︶ ᠭᠤᠶᠤᠴᠢᠯᠠᠬᠤ ᠴᠠᠭ ᠠᠴᠠ ᠡᠮᠦᠨ᠎ᠡ 12 ᠰᠠᠷ᠎ᠠ ᠶᠢᠨ ᠳᠣᠲᠣᠷ᠎ᠠ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠳ ᠡᠮᠨᠡᠯᠭᠡ ᠳᠤ ᠰᠠᠭᠤᠵᠤ ᠡᠮᠨᠡᠨ ᠵᠠᠰᠠᠭᠤᠯᠤᠭᠰᠠᠨ ᠪᠠ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠡᠮᠨᠡᠯᠭᠡ ᠳᠤ ᠰᠠᠭᠤᠵᠤ ᠡᠮᠨᠡᠨ ᠵᠠᠰᠠᠭᠤᠯᠤᠭᠰᠠᠨ ᠬᠥᠮᠦᠰ ᠤᠨ ᠡᠮ ᠡᠮᠨᠡᠯᠭᠡ ᠶᠢᠨ ᠳᠠᠭᠠᠳᠬᠠᠯ᠂ ᠬᠤᠳᠠᠯᠳᠤᠭᠠᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭ᠎ᠠ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠪᠤᠶᠤ ᠪᠤᠰᠤᠳ ᠰᠠᠯᠠᠭ᠎ᠠ ᠮᠥᠴᠢᠷ ᠳᠠᠬᠢᠨᠲᠠ ᠳᠠᠩᠰᠠ ᠲᠠᠶᠢᠯᠬᠤ ᠪᠠ ᠠᠪᠤᠷᠠᠨ ᠲᠤᠰᠠᠯᠠᠭᠰᠠᠨ ᠤ ᠳᠠᠷᠠᠭ᠎ᠠ᠂ ᠬᠤᠪᠢ ᠬᠥᠮᠦᠨ ᠤ ᠪᠣᠳᠠᠲᠠᠶ ᠥᠪᠡᠰᠦᠪᠡᠨ ᠭᠠᠷᠭᠠᠬᠤ ᠬᠡᠰᠡᠭ ᠤᠨ ᠡᠮ ᠡᠮᠨᠡᠯᠭᠡ ᠶᠢᠨ ᠵᠠᠷᠤᠳᠠᠯ︔    ︵ᠬᠤᠶᠠᠷ︶ ᠡᠮᠴᠢᠯᠡᠭᠡᠨ ᠤ ᠲᠠᠭᠠᠳᠬᠠᠯ ᠢ ᠲᠣᠰᠢᠶᠠᠭᠠᠳᠤᠢ ᠡᠮᠴᠢᠯᠡᠭᠡᠨ ᠤ ᠲᠠᠭᠠᠳᠬᠠᠯ ᠤᠨ ᠲᠠᠩᠰᠠ ᠳᠡᠶᠢᠯᠵᠦ ᠲᠡᠶᠢᠯᠬᠦ ᠦᠭᠡᠢ ᠬᠦᠴᠢᠷᠳᠡᠯᠳᠡᠢ ᠭᠡᠷ ᠪᠦᠯᠢ ᠨᠢ ᠡᠮ ᠡᠮᠨᠡᠯᠭᠡ ᠶᠢᠨ ᠵᠠᠷᠣᠳᠡᠯ ᠤᠨ ᠶᠡᠷᠦᠩᠭᠡᠢ ᠲᠤᠭ᠎ᠠ ᠶᠢᠨ 60% ᠠᠴᠠ ᠲᠣᠣᠷ᠎ᠠ ᠪᠠᠶᠢᠯᠭᠠᠬᠤ ᠦᠭᠡᠢ ᠪᠠᠷ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠣᠵᠦ᠂ ᠡᠮᠴᠢᠯᠡᠭᠡᠨ ᠤ ᠪᠠᠶᠢᠭᠤᠯᠥᠮᠵᠢ ᠶᠢᠨ ᠡᠮᠴᠢᠯᠡᠭᠡᠨ ᠬᠢᠬᠦ ᠴᠢᠬᠤᠯᠡᠳᠡᠢ ᠡᠪᠡᠳᠴᠢᠨ ᠤ ᠲᠡᠣᠭᠡ᠂ ᠣᠨᠣᠰᠢᠯᠠᠯᠳᠠ ᠶᠢᠨ ᠪᠢᠴᠢᠭ ᠵᠢᠴᠢ ᠡᠮ ᠡᠮᠨᠡᠯᠭᠡ ᠶᠢᠨ ᠵᠠᠷᠣᠳᠡᠯ ᠤᠨ ᠫᠢᠶᠤᠤ ᠪᠡᠷᠢᠮᠳᠡ ᠶᠢᠨ ᠤᠭ ᠵᠦᠢᠯ ᠢ ᠬᠠᠩᠭᠠᠬᠤ ᠭᠡᠷᠡᠭᠳᠡᠢ︔    ︵ᠭᠤᠷᠪᠠ︶ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠬᠦᠨᠳᠦ ᠵᠡᠮᠳᠡᠭ ᠪᠤᠶᠤ ᠬᠦᠨᠳᠦ ᠡᠪᠡᠳᠴᠢᠨ ᠲᠠᠢ ᠣᠷᠳᠣ ᠬᠤᠭᠤᠴᠠᠭ᠎ᠠ ᠪᠠᠷ ᠰᠤᠪᠢᠯᠠᠬᠤ ᠴᠢᠬᠤᠯᠠᠲᠠᠶ ᠪᠠᠶᠢᠪᠠᠯ᠂ ᠰᠤᠪᠢᠯᠠᠯᠲᠠ ᠶᠢᠨ ᠵᠠᠷᠤᠳᠠᠯ ᠢ ︽ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ ︹2021︺ 43 ᠳ᠋ᠤᠭᠠᠷ ᠲᠣᠭᠠᠲᠤ ᠪᠠᠷ ᠯᠠᠪᠯᠠᠯᠲᠠ ᠪᠣᠯᠭᠠᠨ᠎ᠠ︶ ᠳᠤᠮᠳᠠ ︽ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ︾᠂ ︽ᠬᠥᠳᠡᠯᠮᠦᠷᠢᠯᠡᠬᠦ ᠴᠢᠳᠠᠪᠤᠷᠢ ᠪᠠᠨ ᠬᠠᠭᠠᠰ ᠠᠯᠳᠠᠭᠰᠠᠨ︾ ᠲᠠᠢ ᠬᠠᠷᠢᠴᠠᠭᠤᠯᠣᠨ ᠣᠯᠭᠤᠬᠤ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢᠨ ᠨᠥᠬᠦᠪᠥᠷᠢ ᠵᠠᠷᠤᠳᠠᠯ︔    ︵ᠲᠦᠷᠪᠡ︶ ᠰᠤᠷᠭᠠᠭᠤᠯᠢ ᠳᠤ ᠪᠠᠶᠢᠭ᠎ᠠ ᠤᠶᠤᠲᠠᠳ ᠤᠨ ᠰᠤᠷᠤᠯᠭ᠎ᠠ ᠪᠠ ᠠᠮᠢᠳᠤᠷᠠᠯ ᠤᠨ ᠵᠠᠷᠤᠳᠠᠯ ᠢ ᠵᠢᠯ ᠪᠦᠷᠢ 8000 ᠲᠥᠭᠦᠷᠢᠭ ᠤᠨ ᠪᠠᠷᠢᠮᠵᠢᠶ᠎ᠠ ᠪᠠᠷ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠨ᠎ᠠ︔    ︵ᠲᠠᠪᠤ︶ ᠭᠡᠷ ᠪᠠᠶᠢᠰᠢᠩ ᠤᠨ ᠦᠮᠴᠢᠯᠡᠬᠦ ᠡᠷᠬᠡ ᠶᠢ ᠭᠤᠶᠤᠴᠢᠯᠠᠭᠴᠢ ᠶᠢᠨ ᠭᠡᠷ ᠪᠠᠶᠢᠰᠢᠩ ᠤᠨ ᠳᠦᠷᠢᠶᠡᠰᠦᠯᠡᠯ ︵ᠬᠦᠮᠦᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠶᠢ 35 ᠳᠡᠭᠰᠢ ᠳᠦᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ︶ ᠤᠨ ᠵᠠᠷᠤᠳᠠᠯ ᠢ ᠭᠡᠷ ᠪᠦᠯᠢ ᠶᠢᠨ ᠴᠢᠬᠤᠯᠠ ᠬᠡᠷᠡᠭᠴᠡᠭᠡ ᠪᠦᠬᠦᠢ ᠵᠠᠷᠤᠯᠭ᠎ᠠ ᠪᠠᠷ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠡᠭᠡᠨ ᠲᠤᠬᠠᠢ ᠶᠢᠨ ᠭᠠᠵᠠᠷ ᠤᠨ ᠣᠯᠠᠨ ᠨᠡᠶᠢᠲᠡ ᠶᠢᠨ ᠳᠦᠷᠢᠶᠡᠰᠦᠯᠡᠯ ᠤᠨ ᠭᠡᠷ ᠪᠠᠶᠢᠰᠢᠩ ᠤᠨ ᠳᠦᠷᠢᠶᠡᠰᠦᠯᠡᠯ ᠤᠨ ᠵᠠᠷᠤᠳᠠᠯ ᠢ ᠵᠣᠬᠢᠰᠲᠠᠢ ᠪᠠᠷ ᠰᠠᠭᠤᠯᠭᠠᠨ ᠠᠪᠴᠤ ᠪᠣᠯᠣᠨ᠎ᠠ︔    ︵ᠵᠢᠷᠭᠤᠭ᠎ᠠ︶ ᠭᠤᠷᠪᠠᠳᠠᠬᠢ ᠡᠲᠡᠭᠡᠳ ᠤᠨ ᠬᠠᠷᠢᠭᠤᠴᠠᠯᠭᠠᠲᠠᠨ ᠤ ᠵᠠᠮ ᠬᠠᠷᠢᠯᠴᠠᠭᠠᠨ ᠤ ᠠᠳᠡᠯ᠂ ᠡᠷᠡᠭᠦᠦ ᠶᠢᠨ ᠬᠡᠷᠡᠭ ᠪᠠ ᠬᠤᠣᠷ᠎ᠠ ᠲᠠᠲᠠᠬᠤ᠂ ᠪᠡᠶ᠎ᠡ ᠪᠠᠨ ᠵᠡᠮᠳᠡᠭ ᠪᠣᠯᠭᠠᠬᠤ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠲᠠᠩᠰᠠ ᠲᠠᠶᠢᠯᠤᠭᠰᠠᠨ ᠥᠬᠡᠶ ᠡᠮ ᠡᠮᠨᠡᠯᠭᠡ ᠶᠢᠨ ᠵᠠᠷᠤᠳᠠᠯ ᠢ ᠬᠡᠷ ᠪᠦᠯᠢ ᠶᠢᠨ ᠴᠢᠬᠤᠯᠠ ᠬᠡᠷᠡᠭᠴᠡᠭᠡᠨ ᠤ ᠴᠢᠨᠠᠷᠲᠠᠶ ᠵᠠᠷᠤᠯᠭ᠎ᠠ ᠶᠢᠨ ᠬᠡᠪᠴᠢᠶᠡᠨ ᠳᠤ ᠣᠷᠣᠭᠤᠯᠬᠤ ᠥᠬᠡᠶ︔    ︵ᠳᠤᠯᠤᠭ᠎ᠠ︶ ᠰᠠᠷ᠎ᠠ ᠪᠦᠷᠢ ᠭᠡᠷ ᠪᠦᠯᠢ ᠶᠢᠨ ᠴᠢᠬᠤᠯᠠ ᠪᠦᠬᠦᠢ ᠵᠠᠷᠤᠯᠭ᠎ᠠ ᠶᠢᠨ ᠲᠤᠭ᠎ᠠ = ᠭᠤᠶᠤᠴᠢᠯᠠᠬᠤ ᠴᠠᠭ ᠠᠴᠠ ᠡᠮᠦᠨ᠎ᠡ 12 ᠰᠠᠷ᠎ᠠ ᠶᠢᠨ ᠳᠣᠲᠣᠷ᠎ᠠ ᠥᠪᠡᠷᠲᠡᠭᠡᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠤᠨ ᠨᠡᠶᠢᠯᠡᠪᠦᠷᠢ ᠪᠣᠯᠣᠨ᠎ᠠ᠃    ᠠᠷᠪᠠᠨ ᠳᠣᠯᠣᠳᠤᠭᠠᠷ ᠵᠦᠢᠯ ᠭᠡᠷ ᠪᠦᠯᠢ ᠶᠢᠨ ᠡᠳ᠋ ᠬᠥᠷᠥᠩᠭᠡ ᠭᠡᠳᠡᠭ ᠨᠢ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠵᠡᠮᠰᠢᠵᠦ ᠪᠦᠬᠦᠢ ᠪᠦᠬᠦ ᠬᠥᠳᠡᠯᠬᠦ ᠬᠥᠷᠥᠩᠭᠡ ᠪᠣᠯᠤᠨ ᠦᠯᠦ ᠬᠥᠳᠡᠯᠬᠦ ᠬᠥᠷᠥᠩᠭᠡ ᠶᠢ ᠵᠢᠭᠠᠵᠤ ᠪᠤᠶ᠃ ᠬᠥᠳᠡᠯᠬᠦ ᠬᠥᠷᠥᠩᠭᠡ ᠳᠤ ᠭᠤᠣᠯᠳᠠᠭᠤ ᠪᠠᠩᠬᠢ ᠶᠢᠨ ᠬᠠᠳᠠᠭᠠᠯᠠᠮᠵᠢ᠂ ᠲᠡᠮᠳᠡᠭᠲᠦ᠂ ᠰᠠᠭᠤᠷᠢ ᠮᠥᠩᠭᠦ᠂ ᠬᠤᠳᠠᠯᠳᠤᠭᠠᠨ ᠤ ᠳᠠᠭᠠᠳᠬᠠᠯ᠂ ᠠᠪᠴᠠᠭᠠᠨ ᠤ ᠡᠷᠬᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠢᠴᠢ ᠵᠠᠬ᠎ᠠ ᠳᠡᠯᠭᠡᠭᠦᠷ ᠤᠨ ᠭᠤᠣᠯ ᠴᠣᠭᠴᠠ᠂ ᠲᠡᠷᠭᠡ ᠬᠥᠰᠬᠡ ᠵᠡᠷᠭᠡ ᠪᠠᠭᠲᠠᠨ᠎ᠠ᠃ ᠥᠯᠥ ᠬᠥᠳᠡᠯᠬᠦ ᠬᠥᠷᠥᠩᠭᠡ ᠳᠤ ᠭᠤᠤᠯᠳᠠᠭᠤ ᠭᠡᠷ ᠪᠠᠶᠢᠰᠢᠩ᠂ ᠣᠶ ᠮᠣᠳᠣ ᠵᠡᠷᠭᠡ ᠲᠣᠭᠲᠠᠮᠠᠯ ᠪᠣᠳᠠᠰ ᠢ ᠪᠠᠭᠲᠠᠭᠠᠨ᠎ᠠ ᠃ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠢᠶᠠᠨ ᠠᠷᠭᠠᠴᠠᠬᠤ ᠴᠢᠬᠤᠯᠠ ᠪᠦᠬᠦᠢ ᠡᠳ᠋ ᠬᠥᠷᠥᠩᠭᠡ ᠶᠢ ᠪᠣᠯ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠢ ᠮᠠᠭᠠᠳᠯᠠᠬᠤ ᠦᠶ᠎ᠡ ᠳᠤ ᠬᠡᠯᠲᠦᠷᠢᠭᠦᠯᠵᠦ ᠪᠣᠯᠤᠨ᠎ᠠ᠃    ᠠᠷᠪᠠᠨ ᠨᠠᠢᠮᠠᠳᠣᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠭᠡᠷ ᠪᠦᠯᠢ ᠶᠢᠨ ᠡᠳ᠋ ᠬᠥᠷᠥᠩᠭᠡ ᠨᠢ ᠳᠣᠤᠷᠠᠬᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄    ︵ᠨᠢᠭᠡ︶ ᠭᠡᠷ ᠪᠦᠯᠢ ᠶᠢᠨ ᠪᠦᠷᠢᠯᠳᠦᠬᠦᠨ ᠳᠤ ᠨᠣᠭᠳᠠᠬᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢ ᠲᠤᠬᠠᠶ ᠶᠢᠨ ᠵᠢᠯ ᠤᠨ ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠦᠯᠵᠦ ᠪᠣᠯᠬᠤ ᠥᠬᠡᠶ︔    ︵ᠬᠤᠶᠠᠷ︶ ᠭᠡᠷ ᠪᠦᠯᠢ ᠶᠢᠨ ᠪᠦᠷᠢᠯᠳᠦᠬᠦᠨ ᠨᠢ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠦᠭᠡᠢ ᠲᠡᠷᠭᠡ ᠬᠥᠰᠬᠡ ︵ᠡᠩ ᠤᠨ ᠬᠤᠶᠠᠷ ᠬᠦᠷᠳᠦᠲᠦ ᠮᠣᠲ᠋ᠣᠷ᠂ ᠭᠤᠷᠪᠠᠨ ᠬᠦᠷᠳᠦᠲᠦ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠵᠡᠮᠳᠡᠭᠴᠦᠳ ᠤᠨ ᠴᠢᠳᠠᠮᠵᠢ ᠶᠢᠨ ᠴᠢᠨᠠᠷᠲᠠᠶ ᠲᠡᠷᠭᠡ ᠬᠥᠰᠬᠡ᠂ ᠨᠠᠰᠤᠲᠠᠶᠢᠴᠤᠳ ᠤᠨ ᠶᠠᠪᠠᠭᠠᠨ ᠮᠠᠰᠢᠨᠲᠤ ᠲᠡᠷᠭᠡ︶ ᠣᠩᠭᠤᠴᠠ︔    ︵ᠭᠤᠷᠪᠠ︶ ᠬᠡᠷ ᠪᠦᠯᠢ ᠶᠢᠨ ᠪᠦᠷᠢᠯᠳᠦᠬᠦᠨ ᠨᠢ ᠪᠠᠷᠢᠮᠵᠢᠶ᠎ᠠ ᠠᠴᠠ ᠬᠡᠲᠦᠷᠡᠭᠰᠡᠨ ᠳᠡᠭᠡᠳᠦ ᠲᠠᠰ ᠤᠨ ᠬᠡᠷ ᠤᠨ ᠴᠠᠬᠢᠯᠭᠠᠨ ᠬᠡᠷᠡᠭᠰᠡᠯ ︵ᠪᠣᠳᠠᠲᠠᠶ ᠡᠯ᠎ᠡ ᠬᠤᠰᠢᠭᠤ  ᠣᠷᠣᠨ ᠨᠢ ᠭᠠᠵᠠᠷ ᠣᠷᠣᠨ ᠤ ᠪᠣᠳᠠᠲᠠᠶ ᠪᠠᠶᠢᠳᠠᠯ ᠢ ᠦᠨᠳᠦᠰᠦᠯᠡᠨ ᠲᠣᠭᠲᠠᠭᠠᠨ᠎ᠠ︶︔    ︵ᠲᠦᠷᠪᠡ︶ ᠭᠡᠷ ᠪᠦᠯᠢ ᠳᠤ ᠵᠥᠪᠬᠡᠨ ᠨᠢᠭᠡ ᠢᠵᠢ 120 ᠳᠡᠭᠰᠢ ᠳᠦᠷᠪᠡᠯᠵᠢᠨ ᠮᠧᠲᠷ ᠠᠴᠠ ᠳᠣᠷᠣᠭᠰᠢ ᠣᠷᠣᠨ ᠰᠠᠭᠤᠴᠠ ᠪᠤᠶᠤ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 35 ᠳᠡᠭᠰᠢ ᠳᠦᠷᠪᠡᠯᠵᠢᠨ ᠮᠧᠲᠷ ᠠᠴᠠ ᠬᠡᠲᠦᠷᠡᠬᠦ ᠦᠭᠡᠢ ᠬᠤᠶᠠᠷ ᠣᠷᠣᠨ ᠰᠠᠭᠤᠴᠠ ᠲᠠᠢ᠂ ᠲᠦᠷᠢᠶᠡᠰᠦᠯᠡᠭᠰᠡᠨ ᠦᠬᠡᠢ ᠪᠤᠶᠤ ᠬᠡᠷᠡᠭᠯᠡᠭᠰᠡᠨ ᠦᠭᠡᠢ᠃    ᠠᠷᠪᠠ ᠶᠢᠰᠦᠳᠦᠭᠡᠷ ᠵᠦᠢᠯ ᠭᠡᠷ ᠪᠦᠯᠢ ᠶᠢᠨ ᠪᠡᠯᠡ ᠣᠷᠣᠭᠤᠯᠤᠯᠲᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ᠄    ︵ᠨᠢᠭᠡ︶ ᠭᠡᠷ ᠪᠦᠯᠢ ᠶᠢᠨ ᠪᠦᠷᠢᠯᠳᠦᠬᠦᠨ ᠨᠢ ᠭᠠᠵᠠᠷ ᠰᠢᠷᠣᠶ᠂ ᠭᠡᠷ ᠪᠠᠶᠢᠰᠢᠩ᠂ ᠪᠡᠯᠡᠨ ᠮᠥᠩᠭᠦ᠂ ᠮᠡᠷᠭᠡᠵᠢᠯ ᠵᠡᠷᠭᠡ ᠪᠠᠷ ᠬᠤᠪᠢ ᠣᠷᠣᠭᠤᠯᠵᠤ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠵᠤ᠂ ᠲᠡᠭᠦᠨ ᠤ ᠬᠤᠪᠢ ᠣᠷᠣᠭᠤᠯᠤᠭᠰᠠᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠰᠲ᠋ᠣᠺ ᠤᠨ ᠡᠷᠬᠡ ᠶᠢᠨ ᠬᠠᠷᠢᠴᠠᠯ ᠪᠠ ᠲᠡᠭᠦᠨ ᠤ ᠦᠢᠯᠡᠳᠪᠦᠷᠢᠯᠡᠯ ᠤᠨ ᠠᠵᠢᠯᠯᠠᠭ᠎ᠠ ᠶᠢᠨ ᠪᠠᠶᠢᠳᠠᠯ ᠢ ᠦᠨᠳᠦᠰᠦᠯᠡᠨ ᠲᠡᠳᠡᠨ ᠤ ᠭᠡᠷ ᠪᠦᠯᠢ ᠶᠢᠨ ᠣᠷᠣᠯᠭ᠎ᠠ ᠶᠢ ᠬᠢᠨᠠᠨ ᠲᠣᠭᠲᠠᠭᠠᠨ᠎ᠠ︔    ︵ᠬᠤᠶᠠᠷ︶ ᠬᠡᠷ ᠪᠦᠯᠢ ᠶᠢᠨ ᠪᠦᠷᠢᠯᠳᠦᠬᠦᠨ ᠡᠵᠡᠩᠨᠡᠯᠲᠡ ᠶᠢᠨ ᠠᠵᠢᠯᠯᠠᠭ᠎ᠠ ᠬᠢᠬᠦ ᠳᠤ ᠦᠢᠯᠡᠳᠪᠦᠷᠢ ᠬᠤᠳᠠᠯᠳᠤᠭ᠎ᠠ ᠪᠤᠶᠤ ᠬᠤᠷᠰᠢᠶᠠᠨ ᠤ ᠳᠠᠩᠰᠠᠯᠠᠭᠤᠯᠤᠭᠰᠠᠨ ᠲᠡᠮᠳᠡᠭᠯᠡᠯ ᠦᠭᠡᠢ ᠪᠣᠯᠪᠠᠴᠤ ᠦᠷᠭᠦᠯᠵᠢ ᠬᠥᠯᠥᠰᠥᠨ ᠠᠵᠢᠯᠴᠢᠨ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠬᠢᠭᠰᠡᠨ ᠪᠠᠶᠢᠪᠠᠯ᠂ ᠡᠯ᠎ᠡ ᠬᠤᠰᠢᠭᠤ ︵ᠣᠷᠣᠨ︶ ᠪᠣᠳᠠᠲᠤ ᠪᠠᠶᠢᠳᠠᠯ ᠢ ᠦᠨᠳᠦᠰᠦᠯᠡᠨ  ᠮᠠᠭᠠᠳᠯᠠᠨ᠎ᠠ᠃    ᠬᠤᠷᠢᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠠᠵᠢᠯ ᠢ ᠡᠬᠢᠯᠡᠭᠦᠯᠬᠦ ᠬᠡᠷᠡᠭᠲᠡᠶ ᠃ ᠪᠠᠶᠢᠴᠠᠭᠠᠯᠲᠠ ᠶᠢ ᠡᠷᠦᠬᠡ ᠳᠤ ᠬᠦᠷᠴᠦ ᠪᠠᠶᠢᠴᠠᠭᠠᠬᠤ᠂ ᠬᠥᠷᠰᠢ ᠵᠡᠷᠭᠡᠯᠡᠳᠡᠭᠡ ᠪᠠᠨ ᠰᠤᠷᠪᠤᠯᠵᠢᠯᠠᠬᠤ᠂ ᠵᠠᠬᠢᠳᠠᠯ ᠴᠢᠮᠡᠭᠡ ᠪᠠᠷ ᠭᠡᠷᠡᠴᠢ ᠠᠪᠬᠤ ᠪᠤᠶᠤ ᠬᠤᠰᠢᠭᠤᠨ ︵ ᠣᠷᠣᠨ︶ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠳᠡᠪᠰᠢᠭᠦᠯᠦᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃    ᠭᠡᠷ ᠪᠦᠯᠢ ᠶᠢᠨ ᠪᠦᠷᠢᠯᠳᠦᠬᠦᠨ ᠤ ᠪᠠᠶᠢᠩᠭᠤ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯ ᠦᠭᠡᠶ ᠪᠠᠶᠢᠪᠠᠯ᠂ ᠪᠠᠶᠢᠩᠭᠤ ᠰᠠᠭᠤᠭ᠎ᠠ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ᠂ ᠬᠥᠳᠡᠯᠦᠩᠭᠦᠶ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠶ᠃    ᠬᠤᠷᠢᠨ ᠨᠢᠭᠡᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ ᠪᠠᠶᠢᠳᠠᠯ ᠢ ᠪᠠᠶᠢᠴᠠᠭᠠᠨ ᠬᠠᠷᠭᠤᠭᠤᠯᠵᠤ ᠪᠣᠯᠤᠨ᠎ᠠ᠃ ᠳᠤᠭᠤᠶᠢᠯᠠᠩ ᠪᠦᠷᠢ ᠶᠢᠨ ᠪᠠᠶᠢᠴᠠᠭᠠᠬᠤ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ᠃    ︵ᠨᠢᠭᠡ︶ ᠡᠷᠦᠬᠡ ᠳᠤ ᠬᠦᠷᠴᠦ ᠪᠠᠶᠢᠴᠠᠭᠠᠯᠲᠠ ᠬᠢᠨ᠎ᠡ᠃ ᠪᠠᠶᠢᠴᠠᠭᠠᠬᠤ ᠠᠵᠢᠯᠲᠠᠨ ᠭᠤᠶᠤᠴᠢᠯᠠᠭᠰᠠᠨ ᠭᠡᠷ ᠪᠦᠯᠢ ᠳᠤ ᠬᠦᠷᠴᠦ ᠲᠡᠭᠦᠨ ᠤ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ ᠵᠡᠷᠭᠡ ᠪᠣᠳᠠᠲᠠᠢ ᠠᠮᠢᠳᠤᠷᠠᠯ ᠤᠨ ᠪᠠᠶᠢᠳᠠᠯ ᠢ ᠣᠶᠢᠯᠠᠭᠠᠨ᠎ᠠ᠃ ᠡᠷᠦᠬᠡ ᠳᠤ ᠬᠦᠷᠴᠦ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ ᠶᠢ ᠲᠠᠭᠯᠠᠬᠤ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠤᠨ ᠲᠤᠬᠠᠶ ᠶᠢᠨ ᠭᠠᠵᠠᠷ ᠲᠤ ᠪᠠᠶᠢᠭ᠎ᠠ ᠬᠠᠮᠲᠤ ᠶᠢᠨ ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠶ᠃    ︵ᠬᠤᠶᠠᠷ︶ ᠬᠥᠷᠰᠢ ᠵᠡᠷᠭᠡᠯᠡᠳᠡᠭᠡ ᠶᠢᠨ ᠰᠤᠷᠪᠤᠯᠵᠢᠯᠠᠭ᠎ᠠ᠃ ᠪᠠᠶᠢᠴᠠᠭᠠᠬᠤ ᠠᠵᠢᠯᠲᠠᠨ ᠭᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠪᠠᠶᠢᠴᠠᠭᠠᠯᠲᠠ ᠬᠢᠨ᠎ᠡ᠃ ᠰᠠᠭᠤᠭᠠᠯᠢ ᠠᠷᠠᠳ ᠤᠨ ᠵᠥᠪᠯᠡᠯ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠠ ᠪᠣᠳᠠᠲᠠᠢ ᠠᠮᠢᠳᠤᠷᠠᠯ ᠤᠨ ᠪᠠᠶᠢᠳᠠᠯ ᠢ ᠰᠤᠷᠪᠤᠯᠵᠢᠯᠠᠨ  ᠣᠶᠢᠯᠠᠭᠠᠨ᠎ᠠ᠃    ︵ᠭᠤᠷᠪᠠ︶ ᠵᠠᠬᠢᠳᠠᠯ ᠢᠶᠠᠷ ᠭᠡᠷᠡᠴᠢ ᠠᠪᠤᠨ᠎ᠠ᠃ ᠪᠠᠶᠢᠴᠠᠭᠠᠭᠴᠢ ᠠᠴᠠ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠠᠪᠣᠨ᠎ᠠ᠃    ︵ᠲᠦᠷᠪᠡ︶ ᠪᠤᠰᠤᠳ ᠪᠠᠶᠢᠴᠠᠭᠠᠬᠤ ᠠᠷᠭ᠎ᠠ ᠬᠡᠯᠪᠡᠷᠢ᠃    ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠦᠶ᠎ᠡ ᠳᠤ᠂ ᠡᠮᠦᠨᠡᠬᠢ ᠵᠦᠢᠯ ᠳᠤ ᠲᠣᠭᠲᠠᠭᠠᠭᠰᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ ᠳᠡᠰ ᠳᠠᠷᠠᠭᠠᠯᠠᠯ ᠢ ᠣᠳᠠᠰᠣ᠂ ᠸᠢᠳᠢᠤ᠋ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃    ᠬᠤᠷᠢᠨ ᠬᠤᠶᠠᠳᠤᠭᠠᠷ ᠵᠦᠢᠯ ᠡᠯ᠎ᠡ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠳᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠵᠤ ᠳᠡᠪᠰᠢᠭᠦᠯᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ᠂ ᠮᠡᠳᠡᠭᠡ ᠵᠠᠩᠭᠢ ᠶᠢ ᠬᠠᠷᠭᠤᠭᠤᠯᠬᠤ ᠲᠠᠰ ᠳᠠᠷᠠᠭᠠᠯᠠᠯ ᠢ ᠡᠬᠢᠯᠡᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠲᠤᠪᠠᠷ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ᠂ ᠭᠠᠶᠢᠯᠢ ᠲᠤᠰᠢᠶᠠᠭᠰᠠᠨ ᠲᠡᠮᠳᠡᠭᠯᠡᠯ᠂ ᠲᠤᠰᠢᠶᠠᠭᠰᠠᠨ ᠨᠡᠶᠢᠭᠡᠮ ᠤᠨ ᠳᠠᠭᠠᠳᠬᠠᠯ  ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠲᠡᠷᠭᠡ ᠣᠩᠭᠤᠴᠠ ᠶᠢ ᠳᠡᠩᠰᠡᠯᠡᠨ ᠲᠡᠮᠳᠡᠭᠯᠡᠬᠦ ᠵᠢᠴᠢ ᠪᠠᠩᠬᠢ ᠶᠢᠨ ᠬᠠᠳᠠᠭᠠᠯᠠᠮᠵᠢ᠂ ᠬᠤᠳᠠᠯᠳᠤᠭᠠᠨ ᠤ ᠳᠠᠭᠠᠳᠬᠠᠯ᠂ ᠲᠡᠮᠳᠡᠭᠯᠡᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠬᠤ ᠬᠡᠷᠡᠭᠲᠡᠶ᠃ ᠠᠶᠢᠮᠠᠭ ᠤᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠷᠭᠤᠭᠤᠯᠬᠤ ᠪᠠᠶᠢᠭᠤᠯᠤᠮᠵᠢ ᠨᠢ ᠡᠯ᠎ᠡ ᠬᠤᠰᠢᠭᠤ ︵ᠤᠷᠤᠨ︶ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠳᠤᠷᠠᠳᠤᠭᠰᠠᠨ ᠬᠠᠷᠭᠤᠭᠤᠯᠬᠤ ᠪᠤᠶᠤ ᠳᠠᠬᠢᠨ ᠬᠢᠨᠠᠬᠤ ᠳᠤ ᠨᠠᠶᠢᠳᠠᠵᠤ ᠬᠠᠷᠭᠤᠭᠤᠯᠬᠤ ᠠᠵᠢᠯ ᠥᠷᠨᠢᠭᠦᠯᠬᠦ ᠶᠢ ᠬᠠᠷᠢᠭᠤᠴᠠᠬᠤ ᠶᠢᠨ ᠬᠠᠮᠲᠤ᠂ ᠡᠷᠦᠬᠡ ᠳᠤ ᠣᠷᠣᠵᠤ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠤᠭᠤᠴᠢᠨ ᠪᠠᠶᠢᠴᠠᠭᠠᠬᠤ ᠨᠣᠷᠮ᠎ᠠ ᠶᠢ 5% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃    ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠶ ᠶᠢ ᠬᠠᠷᠭᠤᠭᠤᠯᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠢᠶᠠᠷ ᠳᠠᠮᠵᠢᠭᠤᠯᠤᠨ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠡᠳᠦᠷ ᠲᠤᠲᠤᠮ ᠤᠨ ᠮᠡᠳᠡᠭᠡ ᠵᠠᠩᠭᠢ ᠶᠢ ᠬᠠᠷᠭᠤᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ᠂ ᠬᠠᠤᠯᠢ ᠴᠠᠭᠠᠵᠠ᠂ ᠡᠮᠴᠢᠯᠡᠭᠡᠨ ᠤ ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠳᠠ᠂ ᠪᠠᠩᠬᠢ ᠵᠡᠷᠭᠡ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠪᠠᠶᠢᠴᠠᠭᠠᠬᠤ ᠴᠢᠬᠤᠯᠠᠲᠠᠶ ᠬᠥᠮᠦᠰ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯ ᠥᠷᠨᠢᠭᠦᠯᠬᠦ ᠶᠢᠨ ᠬᠠᠮᠲᠤ ᠬᠠᠷᠢᠴᠠᠭᠤᠯᠬᠤ ᠮᠡᠳᠡᠭᠦᠯᠦᠯᠲᠡ ᠭᠠᠷᠭᠠᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠬᠡᠷᠡᠭᠲᠡᠶ᠃    ᠡᠯ᠎ᠡ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠬᠡᠷ ᠪᠦᠯᠢ ᠶᠢᠨ ᠤᠰᠤ᠂ ᠴᠠᠬᠢᠯᠭᠠᠨ᠂ ᠰᠢᠲᠠᠮᠠᠬᠠᠶ ᠬᠡᠶ᠂ ᠴᠢᠮᠡᠭᠡ ᠬᠤᠯᠪᠣᠭ᠎ᠠ ᠵᠡᠷᠭᠡ ᠡᠳᠦᠷ ᠲᠤᠲᠤᠮ ᠤᠨ ᠠᠮᠢᠳᠤᠷᠠᠯ ᠤᠨ ᠵᠠᠷᠤᠳᠠᠯ ᠵᠢᠴᠢ ᠥᠨᠳᠥᠷ ᠰᠦᠢᠳᠬᠡᠯ ᠬᠤᠷᠢᠶᠠᠬᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ︵ᠨᠠᠶᠢᠳᠠᠯᠭ᠎ᠠ ᠪᠠᠷ ᠣᠷᠣᠬᠤ᠂ ᠭᠠᠳᠠᠭᠠᠳᠤ ᠳᠤ ᠭᠠᠷᠴᠤ ᠵᠢᠭᠤᠯᠴᠢᠯᠠᠬᠤ ᠶᠢ ᠪᠠᠭᠲᠠᠭᠠᠨ᠎ᠠ︶᠂ ᠭᠠᠳᠠᠭᠠᠳᠤ ᠳᠤ ᠭᠠᠷᠴᠤ ᠵᠢᠭᠤᠯᠴᠢᠯᠠᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠣᠶᠢᠯᠠᠭᠠᠨ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠦᠨᠡᠯᠡᠨ ᠵᠢᠱᠢᠯᠲᠡ ᠬᠢᠬᠦ ᠬᠡᠷᠡᠭᠲᠡᠶ᠃    ᠬᠤᠷᠢᠨ ᠭᠤᠷᠪᠠᠳᠤᠭᠠᠷ ᠵᠦᠢᠯ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠤᠨ᠂ ᠨᠥᠬᠦᠴᠡᠯ ᠳᠤ ᠨᠡᠶᠢᠴᠡᠬᠦ ᠥᠬᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃    ᠭᠤᠶᠤᠴᠢᠯᠠᠭᠴᠢ ᠳᠤ ᠣᠨᠳᠣᠤ ᠰᠠᠨᠠᠯ ᠲᠠᠢ ᠪᠠᠶᠢᠪᠠᠯ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠮᠠᠲ᠋ᠧᠷᠢᠶᠠᠯ ᠢ ᠬᠦᠯᠢᠶᠡᠨ ᠠᠪᠤᠭᠰᠠᠨ 5 ᠠᠵᠢᠯᠯᠠᠬᠤ ᠡᠳᠦᠷ ᠤᠨ ᠳᠣᠲᠣᠷ᠎ᠠ ᠳᠠᠬᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠳᠤᠨᠢ ᠦᠷᠭᠦᠯᠵᠢᠯᠡᠨ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢᠶᠠᠨ ᠬᠢᠨᠠᠭᠤᠯᠬᠤ ᠬᠡᠷᠡᠭᠲᠡᠶ᠃ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠣᠯ ᠴᠠᠭ ᠲᠤᠬᠠᠶ ᠳᠤᠨᠢ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃    ᠬᠤᠷᠢᠨ ᠳᠥᠷᠪᠡᠳᠦᠭᠡᠷ ᠵᠦᠢᠯ ᠪᠤᠶ ᠪᠦᠬᠦᠢ ᠪᠠᠶᠢᠴᠠᠭᠠᠭᠰᠠᠨ ᠮᠠᠲ᠋ᠧᠷᠢᠶᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠳᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠵᠤ᠂ ᠠᠷᠠᠳᠴᠢᠯᠠᠯ ᠢᠶᠠᠷ ᠦᠨᠡᠯᠡᠬᠦ ᠪᠠ ᠳᠡᠭᠡᠳᠦ ᠱᠠᠲᠤᠨ ᠠᠴᠠ ᠬᠢᠨᠠᠨ ᠬᠠᠷᠭᠤᠭᠤᠯᠵᠤ ᠨᠤᠲᠠᠯᠠᠬᠤ᠂ ᠬᠠᠷᠢᠭᠤ ᠰᠤᠷᠪᠤᠯᠵᠢᠯᠠᠵᠤ ᠰᠣᠭᠤᠴᠢᠨ ᠪᠠᠶᠢᠴᠠᠭᠠᠬᠤ ᠳᠤ ᠬᠡᠷᠡᠭᠯᠡᠨ᠎ᠠ᠃    ᠬᠤᠷᠢᠨ ᠲᠠᠪᠤᠳᠤᠭᠠᠷ ᠵᠦᠢᠯ ᠭᠤᠶᠤᠴᠢᠯᠠᠭᠴᠢ ᠪᠠ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠨ᠂ ᠲᠡᠳᠬᠦᠬᠦ︶ ᠲᠡᠵᠢᠭᠡᠭᠴᠢ ᠶᠢᠨ ᠭᠡᠷ ᠪᠦᠯᠢ ᠶᠢᠨ ᠣᠷᠣᠯᠭ᠎ᠠ ᠵᠡᠷᠭᠡ ᠮᠡᠳᠡᠭᠡ ᠵᠠᠩᠭᠢ ᠨᠢ ᠲᠡᠭᠦᠨ ᠤ ᠢᠯᠡᠷᠬᠡᠶᠢᠯᠡᠯᠲᠡ ᠪᠠ ᠲᠠᠭᠯᠠᠨ ᠮᠡᠳᠡᠭᠦᠯᠦᠭᠰᠡᠨ ᠪᠠᠶᠢᠳᠠᠯ ᠨᠢ ᠨᠡᠶᠢᠴᠡᠬᠦ ᠦᠭᠡᠢ ᠪᠣᠯ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢᠶᠠᠨ ᠡᠴᠦᠰᠯᠡᠭᠦᠯᠬᠦ ᠶᠢᠨ ᠬᠠᠮᠲᠤ ᠳᠣᠣᠷᠠᠬᠢ ᠪᠠᠶᠢᠳᠠᠯ ᠢᠶᠠᠷ ᠰᠢᠢᠳᠪᠦᠷᠢᠯᠡᠬᠦ ᠬᠡᠷᠡᠭᠲᠡᠢ᠄    ︵ᠨᠢᠭᠡ︶ ᠬᠢᠨᠠᠨ ᠬᠠᠷᠭᠤᠭᠤᠯᠤᠭᠰᠠᠨ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠭᠡᠷ ᠪᠦᠯᠢ ᠶᠢᠨ ᠣᠷᠣᠯᠭ᠎ᠠ ᠨᠢ ᠬᠡᠪ ᠤᠨ ᠨᠡᠮᠡᠭᠳᠡᠯ ᠳᠤ ᠳᠣᠭᠠᠴᠢᠭᠳᠠᠪᠠᠯ᠂ ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠶᠢ ᠳᠠᠬᠢᠨ ᠰᠢᠨ᠎ᠡ ᠪᠠᠷ ᠲᠣᠭᠠᠴᠠᠨ᠎ᠠ᠃    ︵ᠬᠤᠶᠠᠷ︶ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠪᠤᠢ ᠪᠦᠬᠦᠢ ᠲᠡᠷᠭᠡ ᠬᠥᠰᠬᠡ ᠨᠢ ᠦᠨᠡᠨ ᠳᠡᠭᠡᠨ ᠭᠡᠭᠡᠭᠳᠡᠭᠰᠡᠨ᠂ ᠬᠡᠷᠡᠭᠯᠡᠭᠡᠨ ᠠᠴᠠ ᠭᠠᠷᠭᠠᠭᠰᠠᠨ ᠪᠣᠯᠪᠠᠴᠤ ᠬᠡᠷᠡᠭᠯᠡᠭᠡᠨ ᠠᠴᠠ ᠭᠠᠷᠭᠠᠭᠰᠠᠨ ᠭᠠᠷ ᠭᠦᠢᠴᠡᠳᠬᠡᠯ ᠦᠭᠡᠢ᠂ ᠠᠷᠠᠯᠵᠢᠶᠠᠯᠠᠭᠰᠠᠨ ᠪᠣᠯᠪᠠᠴᠤ ᠡᠷᠦᠬᠡ ᠠᠮᠠ ᠦᠭᠡᠢ ᠵᠡᠷᠭᠡ ᠪᠠᠶᠢᠳᠠᠯ ᠳᠤ ᠭᠤᠶᠤᠴᠢᠯᠠᠭᠴᠢ ᠠᠴᠠ ᠪᠢᠴᠢᠭ ᠤᠨ ᠲᠣᠳᠣᠷᠬᠠᠶᠢᠯᠠᠯᠲᠠ ᠪᠠ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠃ ᠪᠣᠳᠠᠲᠠᠶ ᠲᠠᠢ ᠤᠶᠠᠯᠳᠤᠭᠤᠯᠬᠤ ᠠᠷᠭ᠎ᠠ ᠥᠬᠡᠶ᠂ ᠳᠠᠩᠰᠠᠯᠠᠭᠤᠯᠤᠭᠰᠠᠨ ᠲᠡᠷᠭᠡ ᠬᠥᠰᠬᠡ ᠶᠢ ᠪᠠᠶᠢᠴᠠᠭᠠᠨ ᠭᠠᠷᠭᠠᠬᠤ ᠶᠢᠨ ᠠᠷᠭ᠎ᠠ ᠥᠬᠡᠶ ᠪᠠᠶᠢᠪᠠᠯ᠂ ᠲᠤᠬᠠᠶ ᠶᠢᠨ ᠭᠠᠵᠠᠷ ᠤᠨ ᠰᠣᠨᠢᠨ ᠳᠤ ᠨᠡᠶᠢᠲᠡᠯᠡᠭᠰᠡᠨ ᠢᠯᠡᠷᠬᠡᠶᠢᠯᠡᠯᠲᠡ ᠪᠠᠨ 30 ᠡᠳᠦᠷ ᠤᠨ ᠳᠠᠷᠠᠭ᠎ᠠ ᠳᠠᠬᠢᠨ ᠭᠤᠶᠤᠴᠢᠯᠠᠯ ᠭᠠᠷᠭᠠᠬᠤ ᠬᠡᠷᠡᠭᠲᠡᠶ︔    ︵ᠭᠤᠷᠪᠠ︶ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠲᠠᠭᠯᠠᠨ ᠪᠢᠴᠢᠭᠰᠡᠨ ᠣᠷᠣᠯᠭ᠎ᠠ ᠨᠢ ᠬᠢᠨᠠᠨ ᠬᠠᠷᠭᠤᠭᠤᠯᠤᠭᠰᠠᠨ ᠪᠠᠶᠢᠳᠠᠯ ᠯᠤᠭ᠎ᠠ ᠨᠡᠶᠢᠴᠡᠬᠦ ᠦᠭᠡᠢ᠂ ᠬᠠᠷᠭᠤᠭᠤᠯᠤᠭᠰᠠᠨ ᠦᠷ᠎ᠡ ᠳ᠋ᠦᠩ ᠢᠶᠠᠨ ᠮᠡᠳᠡᠷᠡᠬᠦ ᠦᠭᠡᠢ ᠪᠣᠯ ᠬᠠᠷᠭᠤᠭᠤᠯᠤᠭᠰᠠᠨ ᠦᠷ᠎ᠡ ᠳ᠋ᠦᠩ ᠨᠢ ᠪᠤᠷᠤᠭᠤ ᠪᠠᠶᠢᠬᠤ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ ᠪᠠᠶᠢᠪᠠᠯ᠂ ᠳᠣᠰ ᠬᠥᠮᠦᠨ ᠢ ᠦᠨᠡᠨᠴᠢ ᠢᠲᠡᠭᠡᠮᠵᠢ ᠦᠭᠡᠢ ᠬᠥᠮᠥᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠤᠰ ᠭᠤᠶᠤᠴᠢᠯᠠᠭᠴᠢ ᠵᠢᠴᠢ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠬᠦ ᠬᠡᠷᠡᠭᠲᠡᠢ᠃    ᠲᠠᠪᠤᠳᠤᠭᠠᠷ ᠪᠦᠯᠦᠭ ᠬᠥᠳᠡᠯᠮᠦᠷᠢ ᠬᠦᠴᠦᠨ ᠢ ᠮᠠᠭᠠᠳᠯᠠᠬᠤ    ᠬᠤᠷᠢᠨ ᠵᠢᠷᠭᠤᠳᠤᠭᠠᠷ ᠵᠦᠢᠯ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠨ ᠲᠣᠭᠲᠠᠭᠠᠬᠤ ᠳᠤ ᠭᠤᠤᠯᠳᠠᠭᠤ ᠨᠠᠰᠤ ᠵᠢᠯ᠂ ᠵᠡᠮᠳᠡᠭ ᠤᠨ ᠬᠡᠮᠵᠢᠶ᠎ᠡ᠂ ᠡᠪᠡᠳᠴᠢᠨ ᠡᠮᠭᠡᠭ ᠤᠨ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠦᠨᠳᠦᠰᠦᠯᠡᠨ ᠮᠠᠭᠠᠳᠯᠠᠨ ᠲᠣᠭᠲᠠᠭᠠᠨ᠎ᠠ᠃ ︽ᠠᠯᠠᠱᠠ ᠠᠶᠢᠮᠠᠭ ᠤᠨ ᠬᠥᠳᠡᠯᠮᠦᠷᠢ ᠬᠦᠴᠦᠨ ᠤ ᠢᠯᠡᠳᠬᠡᠮᠵᠢ ᠶᠢ ᠲᠥᠰᠦᠭᠡᠯᠡᠨ ᠪᠤᠳᠤᠬᠤ ᠪᠠᠷᠢᠮᠵᠢᠶ᠎ᠠ ᠵᠢᠴᠢ ᠣᠷᠣᠯᠠᠬᠤ ᠨᠣᠮᠧᠷ ᠤᠨ ᠬᠦᠰᠦᠨᠦᠭᠲᠦ︾ ᠶᠢ ᠨᠠᠷᠢᠨ ᠦᠵᠡ᠃    ︽ᠬᠥᠳᠡᠯᠮᠦᠷᠢ ᠬᠦᠴᠦᠨ ᠤ ᠢᠯᠡᠳᠬᠡᠮᠵᠢ︾ ᠵᠡᠷᠭᠡ ᠠᠷᠭ᠎ᠠ ᠮᠠᠶ᠋ᠢᠭ ᠢ ᠠᠪᠴᠤ ᠭᠤᠶᠤᠴᠢᠯᠠᠭᠰᠠᠨ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠳᠤ ᠭᠡᠷ ᠪᠦᠯᠢ ᠶᠢᠨ ᠪᠦᠷᠢᠯᠳᠦᠬᠦᠨ ᠤ ᠪᠣᠳᠠᠲᠠᠶ ᠪᠠᠶᠢᠳᠠᠯ ᠢ ᠪᠤᠰᠤᠳᠴᠢ ᠪᠠᠷ ᠪᠣᠳᠣᠯᠬᠢᠯᠠᠵᠤ᠂ ᠦᠨᠡᠨᠬᠦ ᠠᠵᠢᠯ ᠣᠯᠬᠤ ᠳᠤ ᠪᠡᠷᠬᠡᠲᠡᠶ ᠪᠤᠶᠤ ᠨᠡᠯᠢᠶᠡᠳ ᠤᠷᠲᠤ ᠬᠤᠭᠤᠴᠠᠭ᠎ᠠ ᠪᠠᠷ ᠣᠷᠣᠯᠭ᠎ᠠ ᠣᠯᠬᠤ ᠶᠢᠨ ᠠᠷᠭ᠎ᠠ ᠦᠭᠡᠶ ᠪᠠᠶᠢᠪᠠᠯ᠂ ᠭᠡᠷ ᠪᠦᠯᠢ ᠶᠢᠨ ᠪᠣᠳᠠᠲᠠᠶ ᠬᠦᠴᠢᠷᠳᠡᠯ ᠤᠨ ᠪᠠᠶᠢᠳᠠᠯ ᠢ ᠦᠨᠳᠦᠰᠦᠯᠡᠨ ᠶᠡᠷᠦᠩᠬᠡᠶᠢᠯᠡᠨ ᠮᠠᠭᠠᠳᠯᠠᠨ᠎ᠠ᠃ ᠪᠠᠶᠢᠴᠠᠭᠠᠨ ᠰᠤᠷᠪᠤᠯᠵᠢᠯᠠᠬᠤ᠂ ᠬᠤᠪᠢ ᠬᠥᠮᠦᠨ ᠠᠮᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠪᠠᠶᠢᠭ᠎ᠠ ᠬᠥᠮᠦᠰ ᠤᠨ ᠪᠣᠳᠠᠲᠠᠶ ᠠᠵᠢᠯ ᠬᠢᠵᠦ ᠪᠠᠶᠢᠬᠤ ᠶᠢ ᠬᠢᠨᠠᠨ ᠮᠠᠭᠠᠳᠯᠠᠵᠤ ᠪᠠᠶᠢᠪᠠᠯ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠬᠥᠳᠡᠯᠮᠦᠷᠢ ᠶᠢᠨ ᠣᠷᠣᠯᠭ᠎ᠠ ᠶᠢ ᠨᠢ ᠬᠢᠨᠠᠨ ᠲᠣᠭᠲᠠᠭᠠᠬᠤ ᠬᠡᠷᠡᠭᠲᠡᠶ᠃    ᠬᠤᠷᠢᠨ ᠳᠣᠯᠣᠳᠤᠭᠠᠷ ᠵᠦᠢᠯ ᠵᠡᠮᠳᠡᠭᠴᠦᠳ ᠤᠨ ᠬᠥᠳᠡᠯᠮᠦᠷᠢ ᠬᠦᠴᠦᠨ ᠤ ᠢᠯᠡᠳᠬᠡᠮᠵᠢ ᠲᠤᠭ᠎ᠠ ᠶᠢ ᠮᠠᠭᠠᠳᠯᠠᠬᠤ ᠶᠢ ᠵᠡᠮᠳᠡᠭᠴᠦᠳ ᠤᠨ ᠲᠥᠷᠥᠯ ᠵᠦᠢᠯ ᠪᠣᠯᠤᠨ ᠵᠡᠮᠳᠡᠭ ᠤᠨ ᠳᠡᠰ ᠶᠣᠰᠣᠭᠠᠷ ᠨᠤᠲᠠᠯᠠᠨ ᠲᠣᠭᠲᠠᠭᠠᠨ᠎ᠠ᠃ ᠣᠯᠠᠨ ᠵᠦᠢᠯ ᠤᠨ ᠵᠡᠮᠳᠡᠭ ᠪᠣᠯ ᠵᠡᠮᠳᠡᠭ ᠪᠣᠯᠤᠭᠰᠠᠨ ᠨᠡᠯᠢᠶᠡᠳ ᠬᠦᠨᠳᠦ ᠲᠠᠰ ᠤᠨ ᠶᠣᠰᠣᠭᠠᠷ ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠮᠠᠭᠠᠳᠯᠠᠬᠤ ᠬᠡᠷᠡᠭᠲᠡᠶ᠃ ᠨᠢᠭᠡᠨᠲᠡ ᠲᠠᠮᠪᠠᠷᠠᠭᠰᠠᠨ ᠪᠤᠶᠤ ᠪᠡᠶ᠎ᠡ ᠪᠠᠨ ᠳᠠᠭᠠᠭᠠᠵᠤ ᠳᠡᠶᠢᠯᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠥᠮᠦᠨ ᠵᠡᠮᠳᠡᠭ ᠦᠨᠡᠮᠯᠡᠯ ᠠᠪᠤᠭᠰᠠᠨ ᠥᠬᠡᠶ ᠪᠠᠶᠢᠪᠠᠯ᠂ ᠡᠯ᠎ᠡ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠰᠤᠷᠪᠤᠯᠵᠢᠯᠠᠨ ᠪᠠᠶᠢᠴᠠᠭᠠᠬᠤ᠂ ᠬᠢᠨᠠᠨ ᠬᠠᠮᠠᠭᠠᠯᠠᠭᠴᠢ ᠶᠢᠨ ᠪᠢᠴᠢᠭ ᠤᠨ ᠲᠣᠳᠣᠷᠬᠠᠶᠢᠯᠠᠯᠲᠠ ᠬᠠᠩᠭᠠᠵᠤ᠂ ᠪᠣᠳᠠᠲᠤ ᠪᠠᠶᠢᠳᠠᠯ ᠢ ᠬᠡᠷᠡᠴᠢᠯᠡᠨ᠎ᠡ᠃    ᠬᠤᠷᠢᠨ ᠨᠠᠢᠮᠠᠳᠣᠭᠠᠷ ᠵᠦᠢᠯ ᠬᠠᠮᠲᠤ ᠠᠮᠢᠳᠤᠷᠠᠵᠤ ᠪᠠᠶᠢᠭ᠎ᠠ ᠬᠦᠨᠳᠦ ᠵᠡᠮᠳᠡᠭ ᠪᠤᠶᠤ ᠬᠦᠨᠳᠦ ᠡᠪᠡᠳᠴᠢᠲᠡᠶ ᠭᠡᠷ ᠪᠦᠯᠢ ᠶᠢᠨ ᠪᠦᠷᠢᠯᠳᠦᠬᠦᠨ ᠨᠢ ᠬᠡᠪ ᠤᠨ ᠪᠠᠶᠢᠳᠠᠯ ᠢᠶᠠᠷ ᠠᠵᠢᠯᠯᠠᠵᠤ ᠳᠡᠶᠢᠯᠬᠦ ᠦᠭᠡᠶ ᠪᠣᠯ᠂ ᠲᠡᠭᠦᠨ ᠤ ᠲᠤᠰ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠤᠤᠯ ᠤᠨ ᠢᠯᠡᠳᠬᠡᠮᠵᠢ ᠶᠢᠨ 50% ᠪᠠᠷ ᠪᠦᠳᠦᠨ᠎ᠡ︔ 2 ᠨᠡᠷᠡᠰ ᠬᠦᠨᠳᠦ ᠵᠡᠮᠳᠡᠭ ᠪᠤᠶᠤ ᠬᠦᠨᠳᠦ ᠡᠪᠡᠳᠴᠢᠨ ᠲᠠᠢ ᠪᠤᠶᠤ ᠬᠥᠳᠡᠯᠮᠦᠷᠢᠯᠡᠬᠦ ᠴᠢᠳᠠᠪᠤᠷᠢ ᠦᠭᠡᠶ ᠭᠡᠷ ᠪᠦᠯᠢ ᠶᠢᠨ ᠪᠦᠷᠢᠯᠳᠦᠬᠦᠨ ᠢ ᠬᠠᠷᠠᠭᠠᠯᠵᠠᠬᠤ ᠴᠢᠬᠤᠯᠠᠳᠠᠢ᠂ ᠠᠵᠢᠯᠯᠠᠵᠤ ᠳᠡᠶᠢᠯᠬᠦ ᠦᠭᠡᠶ ᠪᠣᠯ ᠲᠤᠰ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠨᠢ 0 ᠪᠠᠷ ᠪᠣᠳᠣᠨ᠎ᠠ᠃ ᠬᠥᠬᠦᠭᠦᠯᠵᠦ ᠪᠠᠶᠢᠭ᠎ᠠ ᠬᠤᠭᠤᠴᠠᠭᠠᠨ ᠤ ᠡᠮᠡᠭᠲᠡᠶᠢᠴᠦᠳ ᠪᠣᠯ ᠨᠢᠯᠬ᠎ᠠ ᠬᠡᠦᠬᠡᠳ ᠲᠥᠷᠥᠭᠰᠡᠨ ᠡᠳᠦᠷ ᠠᠴᠠ ᠡᠬᠢᠯᠡᠨ 6 ᠰᠠᠷ᠎ᠠ ᠪᠣᠯᠲᠠᠯ᠎ᠠ ᠬᠥᠳᠡᠯᠮᠦᠷᠢ ᠶᠢᠨ ᠬᠦᠴᠦᠨ ᠤ ᠢᠯᠡᠳᠬᠡᠮᠵᠢ ᠶᠢ 0 ᠪᠠᠷ ᠪᠣᠳᠣᠨ᠎ᠠ᠃    ᠵᠢᠷᠭᠤᠳᠤᠭᠠᠷ ᠪᠦᠯᠦᠭ ᠬᠢᠨᠠᠨ ᠬᠠᠷᠭᠤᠭᠤᠯᠵᠤ ᠨᠤᠲᠠᠯᠠᠬᠤ    ᠬᠤᠷᠢ ᠶᠢᠰᠦᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠰᠠᠨ ᠬᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠢᠯᠡ ᠨᠡᠶᠢᠲᠡᠯᠡᠬᠦ ᠬᠡᠷᠡᠭᠲᠡᠶ᠃ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃    ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯ ᠥᠬᠡᠶ᠂ ᠣᠷᠣᠰᠢᠨ ᠰᠠᠭᠤᠭ᠎ᠠ ᠭᠠᠵᠠᠷ ᠲᠤᠨᠢ ᠭᠤᠶᠤᠴᠢᠯᠠᠭᠰᠠᠨ ᠪᠠᠶᠢᠪᠠᠯ᠂ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠭᠤᠶᠤᠴᠢᠯᠠᠯ ᠤᠨ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠲᠤ ᠬᠠᠩᠭᠠᠵᠤ ᠥᠭᠬᠦ ᠬᠡᠷᠡᠭᠲᠡᠶ︔ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠠᠩᠬ᠎ᠠ ᠬᠢᠨᠠᠭᠰᠠᠨ ᠰᠠᠨᠠᠯ ᠢ ᠭᠤᠶᠤᠴᠢᠯᠠᠭᠴᠢ ᠶᠢᠨ ᠰᠠᠭᠤᠭ᠎ᠠ ᠭᠠᠵᠠᠷ ᠪᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠴᠥᠮ ᠢᠯᠡ ᠨᠡᠶᠢᠲᠡᠯᠡᠬᠦ ᠬᠡᠷᠡᠭᠲᠡᠶ᠃    ᠭᠤᠴᠢᠳᠤᠭᠠᠷ ᠵᠦᠢᠯ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠡᠳ ᠣᠨᠳᠣᠤ ᠰᠠᠨᠠᠯ ᠥᠬᠡᠶ ᠪᠠᠶᠢᠪᠠᠯ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠴᠠᠭ ᠲᠤᠬᠠᠶ ᠳᠤᠨᠢ ᠳᠤᠷᠠᠳᠬᠤ ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢᠶᠠᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠭᠤᠶᠤᠴᠢᠯᠠᠬᠤ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ᠂ ᠠᠩᠬ᠎ᠠ ᠬᠢᠨᠠᠭᠰᠠᠨ ᠰᠠᠨᠠᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠤᠰᠢᠭᠤᠨ ︵ ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃        ᠢᠯᠡ ᠨᠡᠶᠢᠲᠡᠯᠡᠭᠡᠳ ᠣᠨᠳᠣᠤ ᠰᠠᠨᠠᠯ ᠲᠠᠢ ᠪᠣᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠬᠤ ᠪᠤᠶᠤ ᠠᠷᠠᠳᠴᠢᠯᠠᠯ ᠢᠶᠠᠷ ᠦᠨᠡᠯᠡᠯᠲᠡ ᠬᠢᠬᠦ ᠬᠡᠷᠡᠭᠲᠡᠶ᠃ ᠪᠠᠶᠢᠴᠠᠭᠠᠬᠤ ᠪᠤᠶᠤ ᠠᠷᠠᠳᠴᠢᠯᠠᠯ ᠢᠶᠠᠷ ᠦᠨᠡᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠴᠠᠭ ᠲᠤᠬᠠᠶ ᠳᠤᠨᠢ ᠳᠣᠷᠠᠳᠣᠨ᠎ᠠ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ ᠂ ᠭᠤᠶᠤᠴᠢᠯᠠᠬᠤ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠲᠠᠢ ᠬᠠᠮᠲᠤ ᠬᠤᠰᠢᠭᠤᠨ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃     ᠭᠤᠴᠢᠨ ᠨᠢᠭᠡᠳᠦᠭᠡᠷ ᠵᠦᠢᠯ ᠠᠷᠠᠳᠴᠢᠯᠠᠯ ᠢᠶᠠᠷ ᠦᠨᠡᠯᠡᠬᠦ᠃ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷ ᠪᠦᠯᠢ ᠳᠤ ᠪᠣᠯ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠨᠡᠶᠢᠲᠡᠯᠡᠬᠦ ᠳᠤ ᠣᠨᠳᠣᠤ ᠰᠠᠨᠠᠯ ᠲᠠᠢ ᠪᠣᠯ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠶᠢ ᠥᠷᠨᠢᠭᠦᠯᠵᠦ ᠪᠣᠯᠤᠨ᠎ᠠ᠃ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ 5 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢᠶᠠᠷ ᠨᠢᠭᠡᠴᠡ ᠪᠣᠯᠭᠠᠨ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠤᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠢ ᠠᠷᠠᠳᠴᠢᠯᠠᠯ ᠢᠶᠠᠷ ᠦᠨᠡᠯᠡᠬᠦ ᠬᠡᠷᠡᠭᠲᠡᠶ᠃ ᠭᠤᠶᠤᠴᠢᠯᠠᠭᠴᠢ ᠶᠢᠨ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯ ᠦᠭᠡᠶ ᠮᠥᠷᠲᠡᠭᠡᠨ ᠰᠠᠭᠤᠭ᠎ᠠ ᠭᠠᠵᠠᠷ ᠲᠠᠭᠠᠨ ᠭᠤᠶᠤᠴᠢᠯᠠᠪᠠᠯ᠂ ᠡᠩ ᠤᠨ ᠪᠠᠶᠢᠳᠠᠯ ᠳᠤ ᠰᠠᠭᠤᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠴᠠ ᠠᠷᠠᠳᠴᠢᠯᠠᠯ ᠢᠶᠠᠷ ᠦᠨᠡᠯᠡᠵᠦ᠂ ᠣᠨᠴᠣᠭᠤᠢ ᠪᠠᠶᠢᠳᠠᠯ ᠤᠨ ᠳᠣᠣᠷ᠎ᠠ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠴᠠ ᠠᠷᠠᠳᠴᠢᠯᠠᠯ ᠢᠶᠠᠷ ᠦᠨᠡᠯᠡᠵᠦ ᠪᠣᠯᠣᠨ᠎ᠠ᠃        ᠭᠤᠴᠢᠨ ᠬᠤᠶᠠᠳᠤᠭᠠᠷ ᠵᠦᠢᠯ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠳᠡᠭᠡᠭᠰᠢ ᠮᠡᠳᠡᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠰᠠᠨ ᠦᠷ᠎ᠡ ᠳ᠋ᠦᠩ ᠪᠠ ᠠᠩᠬ᠎ᠠ ᠬᠢᠨᠠᠭᠰᠠᠨ ᠰᠠᠨᠠᠯ ᠵᠡᠷᠭᠡ ᠮᠠᠲ᠋ᠧᠷᠢᠶᠠᠯ ᠢ ᠣᠯᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠳᠣᠷᠠᠳᠣᠨ᠎ᠠ᠃    ᠲᠤᠰᠠᠭᠠᠷ ᠪᠦᠷᠢᠳᠬᠡᠨ ᠳᠠᠩᠰᠠᠯᠠᠭᠤᠯᠬᠤ ᠪᠤᠶᠤ ᠬᠢᠨᠠᠨ ᠬᠠᠷᠭᠤᠭᠤᠯᠵᠤ ᠨᠤᠲᠠᠯᠠᠬᠤ ᠱᠠᠲᠤᠨ ᠳᠤ ᠵᠠᠭᠠᠯᠳᠤᠯᠭ᠎ᠠ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠡᠷᠦᠬᠡ ᠳᠠᠷᠠᠭᠠᠯᠠᠨ ᠪᠠᠶᠢᠴᠠᠭᠠᠬᠤ ᠬᠡᠷᠡᠭᠲᠡᠶ᠃ ᠨᠥᠬᠦᠴᠡᠯ ᠪᠦᠷᠢᠯᠳᠦᠭᠦᠯᠦᠭᠰᠡᠨ ᠦᠶ᠎ᠡ ᠳᠤ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠨᠢ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠢ ᠤᠷᠢᠵᠤ ᠬᠥᠮᠦᠨ ᠲᠣᠮᠢᠯᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠯ ᠳᠤ ᠣᠷᠣᠯᠴᠠᠭᠤᠯᠵᠤ᠂ ᠭᠤᠶᠤᠴᠢᠯᠠᠭᠰᠠᠨ ᠭᠡᠷ ᠪᠦᠯᠢ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠳᠤᠷᠠᠳᠴᠤ ᠪᠣᠯᠤᠨ᠎ᠠ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ᠣᠷᠣᠨ︶ ᠪᠣᠯ᠂ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠡᠷᠡᠭᠲᠡᠶ᠃ ᠨᠥᠬᠦᠴᠡᠯ ᠪᠦᠷᠢᠳᠦᠭᠰᠡᠨ ᠦᠶ᠎ᠡ ᠳᠤ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠤᠶᠤᠴᠢᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠢ ᠤᠷᠢᠵᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠯ ᠳᠤ ᠬᠥᠮᠦᠨ ᠲᠣᠮᠢᠯᠠᠨ ᠣᠷᠣᠯᠴᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠳᠤᠷᠠᠳᠴᠤ ᠪᠣᠯᠤᠨ᠎ᠠ᠃    ᠭᠤᠴᠢᠨ ᠭᠤᠷᠪᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠢᠨᠠᠨ ᠬᠠᠷᠭᠤᠭᠤᠯᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ ᠬᠠᠮᠲᠤ᠂ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ ᠨᠤᠲᠠᠯᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠨ᠎ᠠ᠃ ᠨᠥᠬᠦᠴᠡᠯ ᠳᠤ ᠨᠡᠶᠢᠴᠡᠬᠦ ᠦᠭᠡᠶ ᠭᠤᠶᠤᠴᠢᠯᠠᠯ ᠢ ᠨᠤᠲᠠᠯᠠᠨ ᠵᠥᠪᠰᠢᠶᠡᠷᠡᠵᠦ ᠪᠣᠯᠬᠤ ᠦᠭᠡᠶ ᠪᠥᠭᠡᠳ ᠲᠣᠭᠲᠠᠭᠠᠯ ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃        ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠨᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠭᠰᠠᠨ ᠥᠬᠡᠶ ᠬᠤᠰᠢᠭᠤ ︵ ᠣᠷᠣᠨ︶ ᠶᠢ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ ᠬᠠᠮᠲᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ ᠨᠤᠲᠠᠯᠠᠨ ᠵᠥᠪᠰᠢᠶᠡᠷᠡᠭᠰᠡᠨ ᠡᠳᠦᠷ ᠳᠠᠷᠠᠭ᠎ᠠ ᠰᠠᠷ᠎ᠠ ᠠᠴᠠ ᠡᠬᠢᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠣᠯᠭᠤᠨ᠎ᠠ᠃ ᠨᠥᠬᠦᠴᠡᠯ ᠳᠤ ᠨᠡᠶᠢᠴᠡᠬᠦ ᠥᠬᠡᠶ ᠭᠤᠶᠤᠴᠢᠯᠠᠯ ᠢ ᠨᠤᠲᠠᠯᠠᠨ ᠵᠥᠪᠰᠢᠶᠡᠷᠡᠵᠦ ᠪᠣᠯᠬᠤ ᠥᠬᠡᠶ ᠪᠥᠭᠡᠳ ᠲᠣᠭᠲᠠᠭᠠᠯ ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠢᠶᠠᠷ ᠳᠠᠮᠵᠢᠭᠤᠯᠤᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ᠭᠤᠴᠢᠨ ᠳᠥᠷᠪᠡᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ︔ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠤᠰᠢᠭᠤ ︵ᠣᠷᠣᠨ︶ ᠳᠤ ᠪᠠᠭᠤᠯᠭᠠᠵᠤ᠂ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ ᠨᠡᠶᠢᠲᠡᠯᠡᠭᠰᠡᠨ ᠳᠤ ᠣᠨᠳᠣᠤ ᠰᠠᠨᠠᠯ ᠲᠠᠢ᠂ ᠬᠥᠮᠦᠨ ᠪᠠ ᠡᠷᠦᠬᠡ ᠶᠢ ᠰᠠᠯᠭᠠᠬᠤ᠂ ᠣᠨᠳᠣᠤ ᠭᠠᠵᠠᠷ ᠭᠤᠶᠤᠴᠢᠯᠠᠨ ᠭᠦᠢᠴᠡᠳᠬᠡᠬᠦ ᠪᠤᠶᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠳᠤ ᠨᠡᠯᠢᠶᠡᠳ ᠬᠦᠴᠢᠷᠲᠡᠶ ᠪᠠᠶᠢᠬᠤ ᠵᠡᠷᠭᠡ ᠣᠨᠴᠣᠭᠤᠶ ᠪᠠᠶᠢᠳᠠᠯ ᠭᠠᠷᠪᠠᠯ᠂ 45 ᠠᠵᠢᠯᠯᠠᠬᠤ ᠡᠳᠦᠷ ᠬᠦᠷᠲᠡᠯ᠎ᠡ ᠤᠷᠲᠤᠳᠬᠠᠵᠤ ᠪᠣᠯᠤᠨ᠎ᠠ᠃    ᠭᠤᠴᠢᠨ ᠲᠠᠪᠤᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠨᠤᠲᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠬᠢᠭᠡᠳ ᠠᠯᠠᠱᠠ ᠠᠶᠢᠮᠠᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠪᠣᠳᠠᠲᠠᠶ ᠵᠥᠷᠢᠶᠡᠲᠦ ᠲᠤᠭ᠎ᠠ ᠪᠠᠷ ᠪᠣᠳᠣᠨ᠎ᠠ᠃ ᠪᠠᠲᠤᠯᠠᠭ᠎ᠠ ᠶᠢᠨ ᠵᠣᠭᠤᠰ ᠤᠨ ᠲᠤᠭ᠎ᠠ ᠶᠢ ᠬᠢᠨᠠᠨ ᠲᠣᠭᠲᠠᠭᠠᠭᠰᠠᠨ ᠭᠤᠶᠤᠴᠢᠯᠠᠭᠴᠢ ᠶᠢᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶᠡᠲᠦ ᠲᠤᠭ᠎ᠠ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠤᠭ᠎ᠠ ᠪᠠᠷ ᠦᠷᠡᠵᠢᠭᠦᠯᠵᠦ ᠪᠣᠳᠣᠬᠤ ᠬᠡᠷᠡᠭᠲᠡᠶ᠃    ᠨᠥᠬᠦᠴᠡᠯ ᠳᠤ ᠨᠡᠶᠢᠴᠡᠬᠦ ᠰᠤᠷᠤᠯᠴᠠᠵᠤ ᠪᠠᠶᠢᠭ᠎ᠠ ᠤᠶᠤᠲᠠᠳ ᠢ ᠪᠠᠲᠤᠯᠠᠬᠤ ᠳᠤ ᠪᠠᠷᠢᠮᠵᠢᠶ᠎ᠠ ᠶᠣᠰᠣᠭᠠᠷ ᠪᠦᠬᠦ ᠲᠤᠭ᠎ᠠ ᠪᠠᠷ ᠨᠢ ᠪᠠᠲᠤᠯᠠᠬᠤ ᠬᠡᠷᠡᠭᠲᠡᠶ᠃        ᠭᠤᠴᠢᠨ ᠵᠢᠷᠭᠤᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠭᠡᠷ ᠪᠦᠯᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠶᠢᠨ ᠣᠪᠣᠭ ᠨᠡᠷ᠎ᠡ᠂ ᠭᠡᠷ ᠪᠦᠯᠢ ᠶᠢᠨ ᠪᠦᠷᠢᠯᠳᠦᠬᠦᠨ ᠤ ᠲᠤᠭ᠎ᠠ᠂ ᠪᠠᠲᠤᠯᠠᠭ᠎ᠠ ᠶᠢᠨ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶᠂ ᠬᠤᠰᠢᠭᠤᠨ ︵ᠣᠷᠣᠨ︶ ᠳᠤ ᠪᠠᠭᠤᠯᠭᠠᠭᠰᠠᠨ ᠥᠬᠡᠶ ᠪᠣᠯ᠂ ᠬᠤᠰᠢᠭᠤ ︵ᠣᠷᠣᠨ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃    ᠮᠡᠳᠡᠭᠡ ᠵᠠᠩᠭᠢ ᠶᠢ ᠨᠡᠶᠢᠲᠡᠯᠡᠬᠦ ᠳᠤ ᠬᠤᠪᠢ ᠬᠥᠮᠦᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠂ ᠬᠠᠮᠢᠶ᠎ᠠ ᠥᠬᠡᠶ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠥᠬᠡᠶ᠃    ᠭᠤᠴᠢᠨ ᠳᠣᠯᠣᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠴᠢᠮ ᠳᠡᠭᠡᠷ᠎ᠡ ᠪᠠᠨ ᠨᠡᠶᠢᠭᠡᠮᠴᠢᠯᠡᠨ ᠣᠯᠭᠤᠬᠤ ᠶᠢ ᠬᠡᠷᠡᠭᠵᠢᠭᠦᠯᠵᠦ᠂ ᠪᠠᠩᠬᠢ᠂ ᠢᠲᠡᠭᠡᠮᠵᠢ ᠶᠢᠨ ᠬᠤᠷᠰᠢᠶ᠎ᠠ ᠵᠡᠷᠭᠡ ᠣᠷᠣᠯᠠᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠳᠠᠩᠰᠠᠨ ᠳᠤ ᠰᠠᠷ᠎ᠠ ᠪᠠᠷ ᠣᠯᠭᠤᠬᠤ ᠬᠡᠷᠡᠭᠲᠡᠶ᠃    ᠭᠤᠴᠢᠨ ᠨᠠᠢᠮᠠᠳᠤᠭᠠᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠪᠤᠶᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠠᠵᠢᠯᠲᠠᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠠᠪᠬᠤ ᠳᠤ ᠬᠡᠷᠡᠭᠯᠡᠬᠦ ᠪᠠᠩᠬᠢ ᠶᠢᠨ ᠬᠠᠳᠠᠭᠠᠯᠠᠮᠵᠢ ᠶᠢᠨ ᠳᠡᠪᠲᠡᠷ ᠪᠤᠶᠤ ᠪᠠᠩᠬᠢ ᠶᠢᠨ ᠺᠠᠷᠲ ᠢ ᠣᠷᠣᠯᠠᠨ ᠬᠠᠳᠠᠭᠠᠯᠠᠵᠤ ᠬᠠᠮᠢᠶᠠᠷᠬᠤ ᠳᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠲᠠᠢ ᠪᠢᠴᠢᠭ ᠤᠨ ᠬᠡᠯᠡᠯᠴᠡᠭᠡᠷ ᠲᠣᠭᠲᠠᠬᠤ ᠶᠢᠨ ᠬᠠᠮᠲᠤ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠭᠤᠴᠢ ᠶᠢᠰᠦᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠣᠯᠤᠭᠰᠠᠨ ᠤ ᠳᠠᠷᠠᠭ᠎ᠠ ᠠᠮᠢᠳᠤᠷᠠᠯ ᠨᠢ ᠮᠥᠨ ᠬᠦ ᠬᠦᠴᠢᠷᠳᠡᠯᠲᠡᠶ ᠨᠠᠰᠤᠲᠠᠳ᠂ ᠨᠠᠰᠤᠨ ᠳᠤ ᠦᠯᠦ ᠬᠦᠷᠦᠭᠰᠡᠳ᠂ ᠬᠦᠨᠳᠦ ᠵᠡᠮᠳᠡᠭ ᠪᠠ ᠬᠦᠨᠳᠦ ᠡᠪᠡᠳᠴᠢᠲᠡᠨ ᠳᠤ ᠠᠶᠢᠮᠠᠭ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠠᠮᠢᠳᠤᠷᠠᠯ ᠤᠨ ᠪᠠᠲᠤᠯᠠᠭ᠎ᠠ ᠣᠯᠭᠤᠬᠤ ᠬᠡᠷᠡᠭᠲᠡᠶ᠃        ᠳᠥᠴᠢᠳᠦᠭᠡᠷ ᠵᠦᠢᠯ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠵᠡᠷᠭᠡ ᠳᠡᠰ ᠳᠠᠷᠠᠭᠠᠯᠠᠯ ᠢ ᠳᠠᠮᠵᠢᠭᠰᠠᠨ ᠦᠭᠡᠶ ᠪᠣᠯ ᠶᠠᠮᠠᠷᠪᠠ ᠭᠡᠷ ᠪᠦᠯᠢ ᠪᠤᠶᠤ ᠬᠤᠪᠢ ᠬᠥᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠰᠢᠭᠤᠳ ᠣᠷᠣᠭᠤᠯᠵᠤ ᠪᠣᠯᠬᠤ ᠦᠭᠡᠶ᠃    ᠳᠥᠴᠢᠨ ᠨᠢᠭᠡᠳᠦᠭᠡᠷ ᠵᠦᠢᠯ ᠳᠣᠤᠷᠠᠬᠢ ᠪᠠᠶᠢᠳᠠᠯ ᠲᠠᠢ ᠪᠣᠯ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠪᠤᠶᠤ ᠬᠦᠷᠲᠡᠵᠦ ᠪᠣᠯᠬᠤ ᠦᠭᠡᠶ᠄    ︵ᠨᠢᠭᠡ︶ ᠭᠤᠶᠤᠴᠢᠯᠠᠬᠤ ᠲᠠᠯ᠎ᠠ ᠪᠠᠷ    1. ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠭᠰᠡᠨ ᠦᠭᠡᠶ᠂ ᠬᠠᠮᠢᠶ᠎ᠠ ᠪᠦᠬᠦᠢ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠦᠭᠡᠶ ᠪᠤᠶᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠪᠠᠶᠢᠭᠤᠯᠤᠯᠭ᠎ᠠ ᠲᠠᠢ ᠬᠠᠮᠵᠢᠯᠴᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠦᠨᠡᠯᠡᠨ ᠶᠠᠷᠢᠯᠴᠠᠬᠤ᠂ ᠢᠯᠡ ᠨᠡᠶᠢᠲᠡᠯᠡᠬᠦ ᠵᠡᠷᠭᠡ ᠠᠵᠢᠯ ᠢ ᠬᠢᠭᠰᠡᠨ ᠦᠭᠡᠶ ᠪᠠᠶᠢᠬᠤ᠃    2. ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠨ ᠮᠡᠳᠡᠭᠦᠯᠬᠦ ᠳᠡᠭᠡᠨ ᠬᠠᠮᠢᠶᠠᠷᠤᠯᠲᠠ ᠶᠢᠨ ᠪᠠᠶᠢᠭᠤᠯᠤᠮᠵᠢ ᠯᠤᠭ᠎ᠠ ︽ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠯᠭᠠᠬᠤ ᠪᠠᠷ ᠨᠠᠶᠢᠳᠠᠵᠤ ᠡᠷᠬᠡ ᠣᠯᠭᠤᠬᠤ ᠪᠢᠴᠢᠭ︾ ᠪᠤᠶᠤ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠪᠠᠷ ᠭᠤᠶᠣᠴᠢᠯᠠᠭᠰᠠᠨ ᠭᠡᠷ ᠪᠦᠯᠢ ᠶᠢᠨ ᠢᠯᠡ ᠠᠮᠠᠯᠠᠯᠲᠠ ᠶᠢᠨ ᠪᠢᠴᠢᠭ︾ ᠵᠡᠷᠭᠡ ᠬᠠᠮᠢᠶ᠎ᠠ ᠪᠦᠬᠦᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠵᠥᠪᠰᠢᠶᠡᠷᠡᠬᠦ ᠦᠭᠡᠶ᠃    3. ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠵᠦᠢ ᠵᠣᠬᠢᠰᠲᠠᠶ ᠲᠠᠶᠢᠯᠪᠤᠷᠢᠯᠠᠯᠲᠠ ᠬᠢᠵᠦ ᠳᠡᠶᠢᠯᠬᠦ ᠦᠭᠡᠶ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯᠲᠠᠨ ᠤ ᠬᠢᠨᠠᠨ ᠪᠠᠶᠢᠴᠠᠭᠠᠬᠤ ᠶᠢ ᠲᠡᠪᠴᠢᠵᠦ᠂ ᠬᠠᠷᠰᠢᠯᠠᠭᠰᠠᠨ᠃    ︵ᠬᠤᠶᠠᠷ︶ ᠭᠡᠷ ᠪᠦᠯᠢ ᠶᠢᠨ ᠤᠷᠤᠯᠭ᠎ᠠ ᠶᠢᠨ ᠲᠠᠯ᠎ᠠ ᠪᠠᠷ    1. ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ᠃ ᠭᠡᠷ ᠪᠦᠯᠢ ᠶᠢᠨ ᠰᠠᠷ᠎ᠠ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠠᠶᠢᠬᠤ ᠪᠣᠯᠪᠠᠴᠤ ᠪᠣᠳᠠᠲᠠᠶ ᠠᠮᠢᠳᠤᠷᠠᠯ ᠤᠨ ᠬᠢᠷᠢ ᠬᠡᠮᠵᠢᠶ᠎ᠡ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ ᠥᠨᠳᠥᠷ ᠪᠠᠶᠢᠬᠤ᠃ ᠭᠡᠷ ᠪᠦᠯᠢ ᠨᠢ ᠬᠡᠳᠦ᠋ᠢᠪᠡᠷ ᠠᠵᠢᠯ ᠣᠯᠤᠭᠰᠠᠨ ᠬᠥᠮᠦᠨ ᠦᠭᠡᠶ ᠪᠣᠯᠪᠠᠴᠤ ᠪᠤᠰᠤᠳ ᠠᠮᠢᠳᠤᠷᠠᠯ ᠤᠨ ᠢᠷᠡᠯᠲᠡ ᠲᠠᠢ ᠪᠥᠭᠡᠳ ᠡᠳᠦᠷ ᠲᠤᠲᠤᠮ ᠤᠨ ᠠᠮᠢᠳᠤᠷᠠᠯ ᠤᠨ ᠬᠢᠷᠢ ᠬᠡᠮᠵᠢᠶ᠎ᠡ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ ᠥᠨᠳᠥᠷ ᠪᠠᠶᠢᠬᠤ ᠬᠡᠷᠡᠭᠲᠡᠶ᠃    2. ᠭᠤᠶᠤᠴᠢᠯᠠᠭᠰᠠᠨ ᠮᠠᠲ᠋ᠧᠷᠢᠶᠠᠯ ᠨᠢ ᠭᠡᠷ ᠪᠦᠯᠢ ᠶᠢᠨ ᠦᠨᠡᠨ ᠪᠣᠳᠠᠲᠠᠶ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠶᠢᠨ ᠮᠡᠳᠡᠭᠡ ᠵᠠᠩᠭᠢ ᠬᠢᠭᠡᠳ ᠭᠡᠷ ᠪᠦᠯᠢ ᠶᠢᠨ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠵᠣᠷᠢᠭᠤᠳᠠ ᠨᠢᠭᠤᠭᠰᠠᠨ᠃    3. ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠠᠴᠠ ᠡᠮᠦᠨ᠎ᠡ ᠤᠷᠤᠭ ᠰᠠᠯᠬᠤ᠂ ᠪᠡᠯᠡᠭᠯᠡᠵᠦ ᠥᠭᠬᠦ᠂ ᠰᠢᠯᠵᠢᠭᠦᠯᠦᠨ ᠥᠭᠬᠦ ᠵᠡᠷᠭᠡ ᠬᠡᠯᠪᠡᠷᠢ ᠪᠠᠷ ᠥᠪᠡᠷ ᠤᠨ ᠣᠯᠬᠤ ᠶᠣᠰᠣᠲᠠᠶ ᠡᠳ᠋ ᠬᠥᠷᠥᠩᠭᠡ ᠪᠤᠶᠤ ᠬᠤᠪᠢ ᠶᠢᠨ ᠲᠤᠭ᠎ᠠ ᠪᠠᠨ ᠦᠨ᠎ᠡ ᠲᠥᠯᠥᠪᠦᠷᠢ ᠦᠭᠡᠶ ᠪᠠᠷ ᠬᠠᠶᠠᠬᠤ᠂ ᠡᠰᠡᠬᠦᠯ᠎ᠡ ᠬᠠᠤᠯᠢ ᠪᠠᠷ ᠲᠣᠭᠲᠠᠭᠠᠭᠰᠠᠨ ᠣᠯᠬᠤ ᠶᠣᠰᠣᠲᠠᠶ ᠠᠰᠠᠷᠠᠨ ᠲᠡᠵᠢᠭᠡᠬᠦ ᠵᠠᠷᠤᠳᠠᠯ ᠵᠡᠷᠭᠡ ᠬᠠᠤᠯᠢ ᠶᠣᠰᠣᠭᠠᠷ ᠣᠯᠬᠤ ᠶᠣᠰᠣᠲᠠᠶ ᠪᠤᠰᠤᠳ ᠬᠠᠤᠯᠢ ᠶᠣᠰᠣᠨ ᠤ ᠣᠷᠣᠯᠭ᠎ᠠ ᠶᠢ ᠲᠠᠶᠠᠭᠳᠠᠭᠰᠠᠨ᠃    4. ᠭᠡᠷ ᠪᠠᠶᠢᠰᠢᠩ ᠬᠤᠳᠠᠯᠳᠤᠬᠤ᠂ ᠡᠳ᠋ ᠬᠥᠷᠥᠩᠭᠡ ᠶᠢ ᠨᠢᠭᠤᠨ ᠳᠠᠯᠳᠠᠯᠠᠬᠤ ᠪᠤᠶᠤ ᠵᠣᠷᠢᠭᠤᠳᠠ ᠡᠷᠦᠬᠡ ᠬᠤᠪᠢᠶᠠᠬᠤ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠠᠶᠢᠯᠠᠭᠰᠠᠨ ᠦᠢᠯᠡ ᠠᠵᠢᠯᠯᠠᠭ᠎ᠠ ᠠᠴᠠ ᠪᠣᠯᠵᠤ ᠠᠵᠤ ᠠᠬᠤᠶ ᠶᠢᠨ ᠢᠷᠡᠯᠳᠡ ᠦᠭᠡᠶ᠂ ᠠᠮᠢᠳᠤᠷᠠᠯ ᠨᠢ ᠬᠦᠴᠢᠷᠲᠡᠶ ᠬᠠᠭᠤᠷᠮᠠᠭ ᠦᠵᠡᠭᠳᠡᠯ ᠭᠠᠷᠤᠭᠰᠠᠨ᠃        5. ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠳᠠᠭᠠᠭᠠᠴᠢᠯᠠᠭᠰᠠᠨ ᠭᠠᠵᠠᠷ ᠰᠢᠷᠣᠢ ᠪᠠᠨ ᠬᠠᠶᠠᠵᠤ ᠳᠠᠷᠢᠶᠠᠯᠠᠭᠰᠠᠨ ᠦᠬᠡᠢ᠃    ︵ᠭᠤᠷᠪᠠ︶ ᠭᠡᠷ ᠪᠦᠯᠢ ᠶᠢᠨ ᠡᠳ᠋ ᠬᠦᠷᠦᠩᠭᠡ ᠶᠢᠨ ᠲᠠᠯ᠎ᠠ ᠪᠠᠷ    1. ᠲᠤᠰ ᠠᠷᠭ᠎ᠠ ᠳᠤ ᠲᠣᠭᠲᠠᠭᠠᠭᠰᠠᠨ ᠭᠡᠷ ᠪᠦᠯᠢ ᠶᠢᠨ ᠡᠳ᠋ ᠬᠥᠷᠥᠩᠭᠡ ᠶᠢ ᠮᠠᠭᠠᠳᠯᠠᠬᠤ ᠪᠠᠷᠢᠮᠵᠢᠶ᠎ᠠ ᠠᠴᠠ ᠳᠠᠪᠠᠭᠤᠯᠣᠭᠰᠠᠨ᠃    2. ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ᠂ ᠨᠥᠬᠦᠪᠥᠷᠢ ᠮᠥᠩᠭᠦ᠂ ᠨᠤᠷᠠᠭᠠᠵᠤ ᠨᠡᠭᠦᠯᠭᠡᠬᠦ ᠲᠥᠯᠥᠪᠦᠷᠢ ᠮᠥᠩᠭᠦ ᠶᠢ ᠲᠣᠭᠲᠠᠭᠠᠯ ᠶᠣᠰᠣᠭᠠᠷ ᠰᠠᠭᠤᠯᠭᠠᠨ ᠬᠠᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠪᠡᠯᠡ ᠮᠥᠩᠭᠦ ᠶᠢ ᠭᠡᠷ ᠪᠦᠯᠢ ᠶᠢᠨ ᠪᠦᠷᠢᠯᠳᠦᠬᠦᠨ ᠤ ᠨᠠᠰᠤ ᠵᠢᠯ ᠤᠨ ᠶᠣᠰᠣᠭᠠᠷ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ᠃    ︵ᠲᠦᠷᠪᠡ︶ ᠭᠡᠷ ᠪᠦᠯᠢ ᠶᠢᠨ ᠬᠡᠷᠡᠭᠯᠡᠭᠡᠨ ᠤ ᠲᠠᠯ᠎ᠠ ᠪᠠᠷ    1. ᠬᠡᠷ ᠪᠦᠯᠢ ᠶᠢᠨ ᠪᠦᠷᠢᠯᠳᠦᠬᠦᠨ ᠨᠡᠷ ᠦᠷᠭᠦᠯᠵᠢ ᠳᠡᠭᠡᠳᠦ ᠲᠠᠰ ᠤᠨ ᠠᠷᠢᠬᠢ ᠲᠠᠮᠠᠬᠢ ᠵᠡᠷᠭᠡ ᠠᠮᠢᠳᠤᠷᠠᠯ ᠤᠨ ᠪᠤᠰᠤ ᠴᠢᠬᠤᠯᠠ ᠬᠡᠷᠡᠭᠯᠡᠭᠡᠨ ᠤ ᠵᠦᠢᠯ ᠡᠳ᠋ᠯᠡᠬᠦ ᠪᠠ ᠦᠷᠭᠦᠯᠵᠢ ᠥᠨᠳᠥᠷ ᠬᠡᠷᠡᠭᠯᠡᠭᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠳᠤ ᠣᠷᠣᠯᠴᠠᠳᠠᠭ᠃    2᠂ ᠬᠠᠮᠲᠤ ᠪᠠᠷ ᠠᠮᠢᠳᠤᠷᠠᠵᠤ ᠪᠠᠢᠭ᠎ᠠ ᠭᠡᠷ ᠪᠦᠯᠢ ᠶᠢᠨ ᠪᠦᠷᠢᠯᠳᠦᠬᠦᠨ ᠥᠪᠡᠷ ᠤᠨ ᠵᠠᠷᠤᠳᠠᠯ ᠢᠶᠠᠷ ᠭᠠᠳᠠᠭᠠᠳᠤ ᠳᠤ ᠭᠠᠷᠴᠤ ᠰᠤᠷᠤᠯᠴᠠᠬᠤ᠂ ᠭᠠᠳᠠᠭᠠᠳᠤ ᠳᠤ ᠭᠠᠷᠴᠤ ᠵᠢᠭᠤᠯᠴᠢᠯᠠᠬᠤ᠂ ᠠᠯᠪᠠᠨ ᠠᠴᠠ ᠪᠠᠢᠭᠤᠯᠤᠭᠰᠠᠨ ᠰᠤᠷᠭᠠᠭᠤᠯᠢ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠠᠴᠠ ᠥᠨᠳᠥᠷ ᠬᠤᠪᠢ ᠶᠢᠨ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠪᠤᠶᠤ ᠪᠡᠶ᠎ᠡ ᠪᠠᠨ ᠳᠠᠭᠠᠭᠠᠵᠤ ᠰᠤᠷᠭᠠᠭᠤᠯᠢ ᠰᠣᠩᠭᠤᠬᠤ᠃    3᠂ ᠢᠯᠡᠴᠢᠯᠡᠨ ᠮᠡᠳᠡᠭᠦᠯᠦᠭᠰᠡᠨ ᠪᠤᠰᠤᠳ ᠥᠨᠳᠥᠷ ᠪᠠᠷᠢᠮᠵᠢᠶ᠎ᠠ ᠪᠦᠬᠦᠢ ᠠᠵᠢᠯᠯᠠᠭ᠎ᠠ ᠪᠣᠯᠤᠨ ᠬᠢᠨᠠᠨ ᠪᠠᠶᠢᠴᠠᠭᠠᠵᠤ ᠭᠠᠷᠭᠠᠭᠰᠠᠨ ᠥᠨᠳᠥᠷ ᠬᠡᠷᠡᠭᠯᠡᠭᠡᠨ ᠤ ᠮᠡᠳᠡᠭᠡ ᠵᠠᠩᠭᠢ ᠳᠤ ᠵᠦᠢ ᠶᠣᠰᠣᠨ ᠤ ᠲᠠᠶᠢᠯᠪᠤᠷᠢ ᠬᠢᠵᠦ ᠴᠢᠳᠠᠬᠤ ᠦᠬᠡᠢ ᠪᠠᠶᠢᠬᠤ᠃     ︵ᠲᠠᠪᠤ︶ ᠬᠤᠪᠢ ᠬᠥᠮᠦᠨ ᠤ ᠢᠲᠡᠭᠡᠮᠵᠢ ᠬᠢᠭᠡᠳ ᠨᠡᠶᠢᠭᠡᠮ ᠤᠨ ᠬᠠᠷᠢᠭᠤᠴᠠᠯᠭ᠎ᠠ ᠶᠢᠨ ᠲᠠᠯ᠎ᠠ ᠪᠠᠷ    1. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠭᠤᠶᠤᠴᠢᠯᠠᠨ ᠮᠡᠳᠡᠭᠦᠯᠬᠦ ᠠᠴᠠ ᠬᠤᠶᠠᠷ ᠵᠢᠯ ᠤᠨ ᠳᠣᠲᠣᠷᠠᠬᠢ ᠦᠨᠡᠨᠴᠢ ᠢᠲᠡᠭᠡᠮᠵᠢ ᠶᠢᠨ ᠲᠡᠮᠳᠡᠭᠯᠡᠯ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ᠃    2. ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ᠂ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠨ ᠳᠡᠳᠭᠦᠬᠦ᠂ ᠲᠡᠳᠬᠦᠨ ᠲᠤᠰᠠᠯᠠᠬᠤ︶ ᠲᠡᠵᠢᠭᠡᠬᠦ ᠬᠥᠮᠦᠨ ᠲᠣᠭᠲᠠᠭᠠᠭᠰᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠭᠰᠡᠨ ᠦᠭᠡᠢ᠃    3. ᠵᠤᠭᠤᠰ ᠮᠦᠷᠦ᠋ᠢᠴᠡᠬᠦ᠂ ᠶᠠᠩᠬᠠᠨ ᠳᠤ ᠤᠷᠤᠬᠤ᠂ ᠬᠤᠣᠷ᠎ᠠ ᠲᠠᠳᠠᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠤᠷᠤᠯᠴᠠᠬᠤ ᠮᠦᠷᠳᠡᠬᠡᠨ ᠭᠡᠮᠰᠢᠨ ᠵᠠᠰᠠᠷᠠᠬᠤ ᠦᠬᠡᠢ᠃    4. ᠵᠠᠰᠠᠭ ᠤᠨ ᠣᠷᠳᠣᠨ ᠠᠴᠠ ᠲᠣᠳᠣᠷᠬᠠᠶ ᠵᠠᠷᠯᠢᠭᠳᠠᠨ ᠴᠠᠭᠠᠵᠠᠯᠠᠭᠰᠠᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠳᠤ ᠣᠷᠣᠯᠴᠠᠬᠤ ᠪᠥᠭᠡᠳ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠠᠵᠢᠯᠯᠠᠭ᠎ᠠ ᠬᠢᠭᠰᠡᠨ᠃    5. ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠢ ᠵᠦᠢ ᠶᠣᠰᠣᠨ ᠤ ᠰᠢᠯᠲᠠᠭᠠᠨ ᠦᠭᠡᠶ ᠪᠠᠷ ᠲᠣᠭᠲᠠᠭᠰᠠᠨ ᠬᠤᠭᠤᠴᠠᠭᠠᠨ ᠤ ᠳᠣᠲᠣᠷ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠤᠨ ᠠᠵᠢᠯ ᠣᠯᠬᠤ ︵ᠲᠡᠭᠦᠨ ᠤ ᠡᠷᠡᠭᠦᠯ ᠴᠢᠭᠢᠷᠠᠭ ᠤᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ︶ ᠪᠣᠯᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠦᠷᠭᠦᠯᠵᠢᠯᠡᠨ ᠬᠤᠶᠠᠷ ᠤᠳᠠᠭ᠎ᠠ ᠣᠷᠣᠯᠴᠠᠭᠰᠠᠨ ᠦᠭᠡᠶ᠃    ︵ᠵᠢᠷᠭᠤᠭ᠎ᠠ︶  ᠡᠯ᠎ᠡ ᠬᠤᠰᠢᠭᠤ ︵ᠣᠷᠣᠨ︶ ᠶᠢᠨ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃    ᠳᠣᠯᠣᠳᠤᠭᠠᠷ ᠪᠦᠯᠦᠭ ᠬᠠᠮᠢᠶᠠᠷᠬᠤ ᠪᠠ ᠬᠢᠨᠠᠯᠲᠠ ᠲᠠᠯᠪᠢᠬᠤ    ᠳᠥᠴᠢᠨ ᠬᠤᠶᠠᠳᠤᠭᠠᠷ ᠵᠦᠢᠯ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠡᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠵᠦᠶ ᠶᠣᠰᠣᠨ ᠤ ᠰᠢᠯᠲᠠᠭᠠᠨ ᠥᠬᠡᠶ ᠪᠠᠷ ᠬᠠᠮᠵᠢᠯᠴᠠᠬᠤ ᠥᠬᠡᠶ ᠪᠠᠶᠢᠪᠠᠯ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠬᠢᠨᠠᠨ ᠬᠠᠷᠭᠤᠭᠤᠯᠵᠤ ᠨᠤᠲᠠᠯᠠᠬᠤ ᠲᠠᠰ ᠳᠠᠷᠠᠭᠠᠯᠠᠯ ᠢᠶᠠᠨ ᠵᠣᠭᠰᠣᠭᠠᠵᠤ ᠪᠣᠯᠤᠨ᠎ᠠ᠃    ᠳᠥᠴᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠨᠢ ᠰᠠᠷ᠎ᠠ ᠰᠠᠷ᠎ᠠ ᠪᠠᠷ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠳᠤ ᠬᠥᠮᠦᠨ ᠠᠮᠠ ᠶᠢᠨ ᠪᠠᠶᠢᠳᠠᠯ᠂ ᠣᠷᠣᠯᠭ᠎ᠠ ᠶᠢᠨ ᠪᠠᠶᠢᠳᠠᠯ ᠪᠣᠯᠤᠨ ᠡᠳ᠋ ᠬᠥᠷᠥᠩᠭᠡ ᠶᠢᠨ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢᠵᠢᠯᠲᠠ ᠶᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠭᠠᠷ ᠤᠲᠠᠰᠤᠨ ᠤ ᠰᠢᠯᠵᠢᠮᠡᠯ ᠦᠵᠦᠭᠦᠷ ᠢᠶᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠤ ᠳᠥᠭᠦᠮ ᠦᠵᠡᠭᠦᠯᠦᠨ᠎ᠡ᠃    ᠳᠥᠴᠢᠨ ᠳᠥᠷᠪᠡᠳᠦᠭᠡᠷ ᠵᠦᠢᠯ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠵᠦ ᠲᠣᠬᠢᠷᠠᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶᠂ ᠬᠤᠰᠢᠭᠤ ︵ᠣᠷᠣᠨ︶ ᠳᠤ ᠪᠠᠭᠤᠯᠭᠠᠵᠤ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠠᠴᠠ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠨ᠎ᠠ᠃ ᠲᠥᠷᠥᠯ ᠢᠯᠭᠠᠯ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ ᠬᠥᠳᠡᠯᠦᠩᠭᠦᠶ ᠬᠠᠮᠢᠶᠠᠷᠤᠯᠲᠠ ᠬᠢᠬᠦ ᠬᠡᠷᠡᠭᠲᠡᠶ᠄    ︵ᠨᠢᠭᠡ︶ A ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠄ ᠣᠬᠤᠷ ᠬᠤᠭᠤᠴᠠᠭᠠᠨ ᠤ ᠳᠣᠲᠣᠷ᠎ᠠ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠨᠢ ᠶᠡᠭᠡ ᠪᠢᠰᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠵᠢᠯ ᠪᠦᠷᠢ ᠨᠢᠭᠡ ᠤᠳᠠᠭ᠎ᠠ ᠬᠢᠨᠠᠨ ᠪᠠᠶᠢᠴᠠᠭᠠᠨ᠎ᠠ᠃    ︵ᠬᠤᠶᠠᠷ︶ B ᠲᠥᠷᠥᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠄ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠬᠦᠨ ᠨᠢ ᠬᠥᠳᠡᠯᠮᠦᠷᠢᠯᠡᠬᠦ ᠴᠢᠳᠠᠪᠤᠷᠢ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠭᠡᠷ ᠪᠦᠯᠢ ᠪᠣᠯ᠂ ᠬᠠᠭᠠᠰ ᠵᠢᠯ ᠳᠤ ᠨᠢᠭᠡ ᠤᠳᠠᠭ᠎ᠠ ᠬᠢᠨᠠᠨ ᠪᠠᠶᠢᠴᠠᠭᠠᠨ᠎ᠠ᠃    ᠬᠦᠨᠳᠦ ᠶᠡᠭᠡ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠬᠢᠨᠠᠨ ᠪᠠᠶᠢᠴᠠᠭᠠᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠤᠨ᠎ᠠ᠃    ᠳᠥᠴᠢᠨ ᠲᠠᠪᠤᠳᠤᠭᠠᠷ ᠵᠦᠢᠯ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠲᠠᠷᠬᠠᠭᠠᠬᠤ ᠶᠢ ᠬᠢᠨᠠᠨ ᠬᠠᠷᠭᠤᠭᠤᠯᠵᠤ ᠨᠤᠲᠠᠯᠠᠬᠤ ᠭᠠᠷᠳᠠᠮ ᠢ ᠴᠠᠭ ᠲᠤᠬᠠᠶ ᠳᠤᠨᠢ ᠭᠠᠷᠭᠠᠨ᠎ᠠ᠄    ︵ᠨᠢᠭᠡ︶ ᠨᠥᠬᠦᠴᠡᠯ ᠳᠤ ᠨᠡᠶᠢᠴᠡᠬᠦ ᠦᠭᠡᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠨᠢ ᠵᠣᠭᠰᠣᠭᠠᠬᠤ ᠬᠡᠷᠡᠭᠲᠡᠶ᠃    ︵ᠬᠤᠶᠠᠷ︶ ᠣᠷᠣᠯᠭ᠎ᠠ ᠪᠤᠶᠤ ᠵᠠᠷᠤᠯᠭ᠎ᠠ ᠶᠢᠨ ᠬᠤᠪᠢᠷᠠᠯᠲᠠ᠂ ᠠᠵᠢᠯᠲᠠᠨ ᠤ ᠬᠤᠪᠢᠷᠠᠯᠲᠠ ᠭᠠᠷᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃    ︵ᠭᠤᠷᠪᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠰᠠᠨᠠᠭᠠᠴᠢᠯᠠᠭ᠎ᠠ ᠠᠴᠠ ᠪᠠᠨ ᠬᠠᠶᠠᠬᠤ ᠪᠠᠷ ᠱᠠᠭᠠᠷᠳᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠣᠭᠰᠣᠭᠠᠨ᠎ᠠ᠃    ︵ᠲᠦᠷᠪᠡ︶ ᠦᠷᠭᠦᠯᠵᠢᠯᠡᠨ 3 ᠰᠠᠷ᠎ᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠭᠰᠡᠨ ᠦᠭᠡᠢ ᠪᠠᠶᠢᠪᠠᠯ᠂ ᠰᠢᠭᠦᠮᠵᠢᠯᠡᠨ ᠰᠤᠷᠭᠠᠵᠤ ᠪᠣᠯᠤᠨ᠎ᠠ᠃    ︵ᠲᠠᠪᠤ︶ ᠭᠡᠷ ᠪᠦᠯᠢ ᠶᠢᠨ ᠪᠦᠷᠢᠯᠳᠦᠬᠦᠨ ᠨᠢ ᠦᠭᠦᠭᠰᠡᠨ ᠤ ᠲᠠᠷᠠᠭ᠎ᠠ᠂ ᠲᠡᠭᠦᠨ ᠤ ᠦᠬᠦᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠲᠡᠭᠦᠨ ᠤ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠠᠵᠤ ᠠᠬᠤᠢ ᠶᠢᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ ᠵᠡᠷᠭᠡ ᠬᠤᠯᠪᠣᠭᠳᠠᠯ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠢ᠃    ︵ᠵᠢᠷᠭᠤᠭ᠎ᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠶ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠮᠡᠬᠡᠯᠡᠨ ᠠᠪᠤᠭᠰᠠᠨ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠨᠢ ᠵᠣᠭᠰᠣᠭᠠᠵᠤ᠂ ᠬᠠᠤᠯᠢ ᠪᠤᠰᠤ ᠪᠠᠷ ᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠯᠢᠭᠳᠠᠨ ᠪᠣᠴᠠᠭᠠᠯᠭᠠᠬᠤ ᠶᠢᠨ ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠬᠢᠨᠠᠨ ᠪᠠᠶᠢᠴᠠᠭᠠᠬᠤ ᠬᠤᠭᠤᠴᠠᠭᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠢᠯᠡᠷᠬᠡᠶ ᠬᠤᠪᠢᠷᠠᠯᠲᠠ ᠦᠭᠡᠶ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ ᠶᠢ ᠳᠠᠬᠢᠵᠤ ᠲᠣᠬᠢᠷᠠᠭᠤᠯᠬᠤ ᠦᠭᠡᠶ᠃    ᠳᠥᠴᠢᠨ ᠵᠢᠷᠭᠤᠳᠤᠭᠠᠷ ᠵᠦᠢᠯ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ ᠲᠣᠭᠲᠠᠭᠠᠯ ᠭᠠᠷᠭᠠᠵᠤ᠂ ᠬᠠᠤᠯᠢ ᠳᠤ ᠲᠣᠭᠲᠠᠭᠠᠭᠰᠠᠨ ᠤᠴᠢᠷ ᠰᠢᠯᠲᠠᠭᠠᠨ ᠪᠠ ᠲᠣᠭᠲᠠᠭᠠᠭᠰᠠᠨ ᠲᠠᠰ ᠳᠠᠷᠠᠭᠠᠯᠠᠯ ᠳᠤ ᠨᠡᠶᠢᠴᠡᠭᠦᠯᠬᠦ ᠬᠡᠷᠡᠭᠲᠡᠶ᠃    ᠳᠥᠴᠢᠨ ᠳᠣᠯᠣᠳᠤᠭᠠᠷ ᠵᠦᠢᠯ ᠠᠵᠢᠯ ᠣᠯᠬᠤ ᠴᠢᠳᠠᠪᠤᠷᠢ ᠶᠢ ᠪᠦᠷᠢᠯᠳᠦᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠤ ᠢᠳᠡᠪᠬᠢᠲᠡᠶ ᠪᠠᠷ ᠠᠵᠢᠯ ᠣᠯᠬᠤ ᠶᠢ ᠵᠣᠷᠢᠭᠵᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠠᠵᠢᠯ ᠣᠯᠤᠭᠰᠠᠨ ᠤ ᠳᠠᠷᠠᠭ᠎ᠠ᠂ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠪᠣᠯ ᠵᠠᠷᠴᠢᠮ ᠳᠡᠭᠡᠷ᠎ᠡ ᠪᠠᠨ 6 ᠰᠠᠷ᠎ᠠ ᠠᠴᠠ ᠬᠡᠲᠦᠷᠡᠬᠦ ᠦᠭᠡᠶ ᠠᠭᠠᠵᠢᠮ ᠢᠶᠠᠷ ᠭᠠᠷᠬᠤ ᠬᠤᠭᠤᠴᠠᠭ᠎ᠠ ᠣᠯᠭᠤᠬᠤ ᠬᠡᠷᠡᠭᠲᠡᠶ᠃    ᠳᠥᠴᠢᠨ ᠨᠠᠢᠮᠠᠳᠣᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠠᠬᠢ ᠠᠵᠢᠯ ᠣᠯᠬᠤ ᠴᠢᠳᠠᠪᠤᠷᠢ ᠲᠠᠢ ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠡᠷ ᠪᠣᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠠᠶᠢᠳᠠᠵᠤ ᠲᠤᠰᠬᠠᠶ ᠪᠠᠲᠤᠯᠠᠨ ᠲᠠᠨᠢᠯᠴᠠᠭᠤᠯᠬᠤ ᠠᠵᠢᠯ ᠢ ᠬᠦᠯᠢᠶᠡᠨ ᠠᠪᠬᠤ ᠬᠡᠷᠡᠭᠲᠡᠶ᠃ ᠵᠦᠢ ᠶᠣᠰᠣᠨ ᠤ ᠰᠢᠯᠲᠠᠭᠠᠨ ᠦᠭᠡᠶ ᠪᠠᠷ ᠲᠠᠨᠢᠯᠴᠠᠭᠤᠯᠬᠤ ᠶᠢ ᠬᠦᠯᠢᠶᠡᠨ ᠠᠪᠬᠤ ᠦᠭᠡᠶ᠂ ᠡᠷᠡᠭᠦᠯ ᠴᠢᠭᠢᠷᠠᠭ ᠤᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ ᠢ ᠦᠷᠭᠦᠯᠵᠢᠯᠡᠨ 3 ᠤᠳᠠᠭ᠎ᠠ ᠲᠡᠪᠴᠢᠭᠰᠡᠨ ᠪᠣᠯ ᠲᠤᠰ ᠬᠥᠮᠦᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠵᠤ ᠥᠭᠬᠦ ᠪᠤᠶᠤ ᠲᠠᠷᠬᠠᠭᠠᠬᠤ ᠪᠠᠨ ᠵᠣᠭᠰᠣᠭᠠᠬᠤ ᠪᠠᠷ ᠲᠣᠭᠲᠠᠭᠠᠬᠤ ᠬᠡᠷᠡᠭᠲᠡᠶ᠃    ᠳᠥᠴᠢ ᠶᠢᠰᠦᠳᠦᠭᠡᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃    ᠲᠠᠪᠢᠳᠤᠭᠠᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠤᠲᠠᠰᠤ ᠶᠢ ᠢᠯᠡ ᠪᠣᠯᠭᠠᠵᠤ᠂ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠶᠢ ᠬᠦᠯᠢᠶᠡᠨ ᠠᠪᠴᠤ᠂ ᠨᠡᠶᠢᠭᠡᠮ ᠪᠠ ᠣᠯᠠᠨ ᠲᠦᠮᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠦᠯᠢᠶᠡᠨ᠎ᠡ᠃    ᠲᠠᠪᠢᠨ ᠨᠢᠭᠡᠳᠦᠭᠡᠷ ᠵᠦᠢᠯ ᠠᠶᠢᠮᠠᠭ᠂ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠢ ᠬᠢᠨᠠᠨ ᠪᠠᠶᠢᠴᠠᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃    ᠲᠠᠪᠢᠨ ᠬᠤᠶᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠪᠤᠶᠤ ᠨᠢᠭᠡᠨᠲᠡ ᠣᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃    ᠲᠠᠪᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠢᠵᠦ ᠪᠠᠶᠢᠭ᠎ᠠ ᠬᠥᠮᠦᠰ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃    ᠲᠠᠪᠢᠨ ᠳᠥᠷᠪᠡᠳᠦᠭᠡᠷ ᠵᠦᠢᠯ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠤᠰᠢᠭᠤ ︵ᠤᠷᠤᠨ︶ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷ ᠢ ᠬᠠᠪᠰᠤᠷᠤᠨ ︽ᠳᠠᠷᠤᠭᠠᠰᠤ︾ ᠶᠢ ᠬᠦᠩᠭᠡᠷᠡᠬᠦᠯᠬᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠᠷ ᠭᠠᠷᠳᠠᠴᠠ ᠪᠣᠯᠭᠠᠵᠤ᠂ ᠪᠥᠬᠦ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠲᠤᠰᠤᠯᠳᠠ ᠪᠣᠯᠭᠠᠵᠤ᠂ ᠲᠥᠪ ᠭᠤᠤᠯᠴᠢ᠂ ᠲᠠᠰ ᠳᠠᠷᠠᠭᠠᠯᠠᠯ ᠨᠢ ᠪᠦᠷᠢᠨ ᠪᠦᠲᠦᠨ᠂ ᠪᠡᠶᠡᠴᠢ ᠪᠤᠰᠤ ᠵᠣᠷᠢᠭᠤᠳᠠ ᠪᠤᠶᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠣᠨᠣᠪᠴᠢ ᠥᠬᠡᠶ ᠵᠢᠴᠢ ᠠᠪᠤᠷᠠᠨ ᠲᠤᠰᠠᠯᠠᠭᠳᠠᠭᠴᠢ ᠶᠢᠨ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠪᠤᠰᠤᠳᠴᠢ ᠰᠢᠯᠲᠠᠭᠠᠨ ᠠᠴᠠ ᠪᠣᠯᠵᠣ ᠠᠯᠳᠠᠭ᠎ᠠ ᠪᠤᠷᠤᠭᠤ ᠭᠠᠷᠭᠠᠭᠰᠠᠨ ᠪᠥᠭᠡᠳ ᠴᠠᠭ ᠲᠤᠬᠠᠶ ᠳᠤᠨᠢ ᠵᠠᠯᠠᠷᠠᠭᠤᠯᠵᠤ ᠳᠡᠶᠢᠯᠬᠦ ᠭᠠᠷᠲᠠᠨ ᠭᠦᠢᠴᠡᠳᠭᠡᠭᠴᠢ ᠶᠢᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠵᠦ ᠪᠣᠯᠤᠨ᠎ᠠ᠃    ᠨᠠᠢᠮᠠᠳᠣᠭᠠᠷ ᠪᠦᠯᠦᠭ ᠳᠠᠭᠠᠯᠳᠤᠭᠤᠯᠤᠯ ᠳᠦᠷᠢᠮ    ᠲᠠᠪᠢᠨ ᠲᠠᠪᠤᠳᠤᠭᠠᠷ ᠵᠦᠢᠯ ᠲᠣᠰ ᠠᠷᠭ᠎ᠠ ᠳᠤ ᠲᠣᠭᠲᠠᠭᠠᠭᠰᠠᠨ ᠦᠭᠡᠢ ᠵᠦᠢᠯᠡᠰ ᠢ ᠥᠪᠡᠷᠲᠡᠭᠡᠨ ᠵᠠᠰᠠᠬᠤ ᠣᠷᠣᠨ ᠪᠠ ᠮᠠᠨ ᠤ ᠠᠶᠢᠮᠠᠭ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠲᠠᠪᠢᠨ ᠵᠢᠷᠭᠤᠳᠤᠭᠠᠷ ᠵᠦᠢᠯ ᠲᠤᠰ ᠠᠷᠭ᠎ᠠ ᠶᠢ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ᠲᠣᠰ ᠠᠷᠭ᠎ᠠ ᠶᠢ ᠦᠨᠳᠦᠰᠦᠯᠡᠨ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠲᠠᠪᠢᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号