︽︿ᠵᠠᠭᠤᠨ ᠬᠤᠲᠠ ᠲᠦᠮᠡᠨ ᠠᠵᠤ ᠠᠬᠤᠶᠢᠯᠠᠯ﹀ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠶᠢᠨ ᠭᠠᠷ ᠬᠤᠯᠪᠣᠯᠴᠠᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠵᠢᠴᠢ ᠵᠠᠭᠤᠨ ᠬᠤᠳᠠᠯᠳᠤᠭᠠᠴᠢᠳ ᠤᠨ ᠡᠪᠯᠡᠯ ᠮᠢᠩᠭᠠᠨ ᠠᠵᠤ ᠠᠬᠤᠶᠢᠯᠠᠯ ᠲᠦᠮᠡᠨ ᠣᠶᠤᠲᠠᠨ ᠤ ᠠᠵᠢᠯ ᠣᠯᠵᠤ ᠦᠢᠯᠡᠰ ᠪᠣᠰᠬᠠᠬᠤ ᠳᠤ ᠬᠦᠴᠦᠨ ᠨᠡᠮᠡᠷᠢᠯᠡᠬᠦ︾ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/5/30
    5 ᠰᠠᠷ᠎ᠠ ᠶᠢᠨ 27 ᠤ ᠡᠳᠦᠷ᠂ ︽︿ᠵᠠᠭᠤᠨ ᠬᠤᠲᠠ ᠲᠦᠮᠡᠨ ᠠᠵᠤ ᠠᠬᠤᠶᠢᠯᠠᠯ﹀ ᠠᠷᠠᠳ ᠤᠨ ᠡᠵᠡᠩᠨᠡᠯᠲᠡ  ᠶᠢᠨ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠶᠢᠨ ᠭᠠᠷ ᠬᠤᠯᠪᠣᠯᠴᠠᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠵᠢᠴᠢ ᠵᠠᠭᠤᠨ ᠬᠤᠳᠠᠯᠳᠤᠭᠠᠴᠢᠳ ᠤᠨ ᠡᠪᠯᠡᠯ ᠮᠢᠩᠭᠠᠨ ᠠᠵᠤ ᠠᠬᠤᠶᠢᠯᠠᠯ ᠲᠦᠮᠡᠨ ᠣᠶᠤᠲᠠᠨ ᠤ ᠠᠵᠢᠯ ᠣᠯᠵᠤ ᠦᠢᠯᠡᠰ ᠪᠣᠰᠬᠠᠬᠤ ᠳᠤ ᠬᠦᠴᠦᠨ ᠨᠡᠮᠡᠷᠢᠯᠡᠬᠦ︾ ᠰᠢᠷᠢᠰ ᠠᠵᠢᠯᠯᠠᠭ᠎ᠠ ᠭᠦᠭᠡᠬᠤᠲᠠ ᠳᠤ ᠡᠬᠢᠯᠡᠪᠡ᠃     ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠠᠩ ᠵᠢᠶᠧ ᠣᠷᠣᠯᠴᠠᠵᠠᠢ᠃     ᠣᠶᠢᠯᠠᠭᠠᠭᠰᠠᠨ ᠢᠶᠠᠷ᠂ ᠰᠢᠷᠢᠰ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠲᠤ ᠪᠠᠷ ᠡᠷᠭᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠠᠩᠭᠠᠯᠭ᠎ᠠ ᠬᠡᠷᠡᠭᠴᠡᠭᠡ ᠶᠢᠨ ᠰᠣᠯᠢᠯᠴᠠᠭ᠎ᠠ ᠶᠢᠨ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠬᠤ ᠲᠤᠭᠢᠶᠠᠯ ᠬᠠᠩᠭᠠᠬᠤ ᠪᠠᠷ ᠵᠣᠷᠢᠯᠭ᠎ᠠ ᠪᠠᠨ ᠪᠣᠯᠭᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号