ᠣᠶᠢᠷ᠎ᠠ ᠳᠤ᠂ ᠴᠢᠩᠭ᠎ᠠ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠮᠠᠨ ᠤ ᠤᠯᠤᠰ ᠤᠮᠠᠷ᠎ᠠ ᠠᠴᠠ | ᠡᠮᠦᠨᠡᠰᠢ ᠨᠢᠭᠡ ᠤᠳᠠᠭᠠᠨ ᠤ ᠶᠡᠭᠡ ᠬᠡᠪᠴᠢᠶᠡᠨ ᠤ ᠬᠦᠢᠲᠡᠨ ᠤᠷᠤᠰᠬᠠᠯ ᠤᠨ ᠳᠤᠯᠠᠭᠠᠨ ᠤ ᠪᠠᠭᠤᠷᠠᠯᠲᠠ ᠶᠢᠨ | ᠶᠠᠪᠤᠴᠠ ᠶᠢ ᠥᠩᠭᠡᠷᠡᠭᠡᠵᠦ᠂ ᠣᠳᠣᠬᠠᠨ ᠳᠤ ᠮᠥᠨ ᠦᠷᠭᠦᠯᠵᠢᠯᠡᠭᠰᠡᠭᠡᠷ ᠪᠠᠶᠢᠨ᠎ᠠ᠃ ᠲᠤᠰ ᠤᠳᠠᠭ᠎ᠠ ᠶᠢᠨ | ᠳᠤᠯᠠᠭᠠᠨ ᠤ ᠪᠠᠭᠤᠷᠠᠯᠲᠠ ᠶᠢᠨ ᠬᠡᠮᠵᠢᠶ᠎ᠡ ᠶᠡᠭᠡ᠂ ᠴᠠᠰᠤ ᠪᠣᠷᠣᠭᠠᠨ ᠪᠣᠯᠣᠨ ᠶᠡᠭᠡ ᠰᠠᠯᠬᠢᠨ ᠤ ᠨᠥᠯᠥᠭᠡᠯᠡᠬᠦ ᠬᠡᠪᠴᠢᠶ᠎ᠡ | ᠥᠷᠭᠡᠨ ᠪᠠᠶᠢᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠠᠰᠢᠭ ᠦᠭᠡᠢ ᠨᠥᠯᠥᠭᠡ ᠦᠵᠡᠭᠦᠯᠵᠦ᠂ | ᠰᠢᠨᠵᠢᠶᠠᠩ ᠵᠡᠷᠭᠡ ᠭᠠᠵᠠᠷ ᠲᠤ ᠪᠠᠰᠠ ᠶᠡᠭᠡ ᠴᠠᠰᠤ ᠣᠷᠣᠵᠤ᠂ ᠮᠠᠯ ᠤᠨ ᠤᠳᠤᠷᠯᠠᠬᠤ ᠪᠠ ᠡᠪᠦᠯᠵᠢᠬᠦ ᠳᠤ ᠨᠡᠯᠢᠶᠡᠳ | ᠶᠡᠭᠡ ᠬᠦᠴᠢᠷᠳᠡᠯ ᠤᠴᠠᠷᠠᠭᠤᠯᠵᠠᠢ᠃ ᠬᠦᠢᠲᠡᠨ ᠤᠷᠤᠰᠬᠠᠯ ᠤᠨ ᠴᠠᠭ ᠠᠭᠤᠷ ᠢ ᠪᠦᠲᠦᠮᠵᠢᠲᠡᠶ ᠠᠷᠭᠠᠴᠠᠭᠠᠵᠤ᠂ ᠮᠠᠯ | ᠵᠢᠭᠦᠷᠲᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠠ᠂ ᠳᠣᠣᠷᠠᠬᠢ ᠮᠡᠲᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ | ︵ᠨᠢᠭᠡ︶ ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢ ᠪᠠᠬᠢᠵᠢᠭᠦᠯᠬᠦ ᠪᠠ ᠰᠡᠯᠪᠢᠨ ᠵᠠᠰᠠᠬᠤ ᠬᠡᠷᠡᠭᠲᠡᠢ᠃ ᠮᠠᠯ | ᠵᠢᠭᠦᠷᠲᠡᠨ ᠤ ᠬᠠᠰᠢᠶ᠎ᠠ ᠰᠠᠷᠠᠪᠴᠢ ᠪᠣᠯᠣᠨ ᠤᠰᠤ᠂ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ ᠶᠢ ᠳᠠᠷᠦ᠋ᠢᠬᠠᠨ ᠪᠦᠬᠦ | ᠲᠠᠯ᠎ᠠ ᠪᠠᠷ ᠲᠣᠭᠤᠷᠢᠨ ᠪᠠᠶᠢᠴᠠᠭᠠᠨ ᠪᠠᠬᠢᠵᠢᠭᠦᠯᠵᠦ᠂ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠬᠠᠰᠢᠶ᠎ᠠ | ᠰᠠᠷᠠᠪᠴᠢ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠮᠠᠯ ᠵᠢᠭᠦᠷᠲᠡᠨ ᠢ ᠴᠠᠭ ᠲᠤᠬᠠᠢ ᠳᠤ ᠨᠢ ᠰᠢᠯᠵᠢᠭᠦᠯᠵᠦ᠂ | ᠨᠤᠷᠠᠵᠤ ᠶᠡᠭᠦᠷᠡᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠭᠠᠮᠰᠢᠭ ᠤᠨ ᠬᠠᠷᠠᠭ᠎ᠠ ᠪᠠᠷ ᠡᠪᠳᠡᠷᠡᠵᠦ ᠰᠦᠢᠳᠦᠭᠰᠡᠨ | ᠬᠠᠰᠢᠶ᠎ᠠ ᠰᠠᠷᠠᠪᠴᠢ ᠶᠢ ᠲᠦᠷ ᠴᠠᠭ ᠰᠡᠯᠪᠢᠨ ᠵᠠᠰᠠᠵᠤ ᠳᠡᠶᠢᠯᠬᠦ ᠦᠭᠡᠢ ᠪᠣᠯ ᠲᠤᠬᠠᠢ ᠶᠢᠨ ᠭᠠᠵᠠᠷ ᠠᠴᠠ ᠪᠠᠨ | ᠮᠠᠲ᠋ᠧᠷᠢᠶᠠᠯ ᠠᠪᠴᠤ᠂ ᠮᠣᠳᠣᠨ ᠰᠠᠯᠠᠭ᠎ᠠ᠂ ᠡᠷᠳᠡᠨᠢ ᠰᠢᠰᠢ ᠶᠢᠨ ᠡᠰᠢ ᠰᠦᠷᠡᠯ᠂ ᠨᠢᠮᠭᠡᠨ ᠬᠠᠯᠢᠰᠤ ᠵᠡᠷᠭᠡ | ᠮᠠᠲ᠋ᠧᠷᠢᠶᠠᠯ ᠢ ᠬᠡᠷᠡᠭᠯᠡᠵᠦ᠂ ᠲᠥᠭᠦᠮ ᠬᠠᠰᠢᠶ᠎ᠠ ᠰᠠᠷᠠᠪᠴᠢ ᠪᠠᠶᠢᠭᠤᠯᠬᠤ ᠬᠡᠷᠡᠭᠲᠡᠢ᠃ ᠬᠤᠷᠠᠭᠰᠠᠨ ᠴᠠᠰᠤ ᠶᠢ ᠴᠠᠭ | ᠲᠤᠬᠠᠢ ᠳᠤ ᠨᠢ ᠴᠡᠪᠡᠷᠯᠡᠵᠦ᠂ ᠮᠠᠯ ᠵᠢᠭᠦᠷᠲᠡᠨ ᠤ ᠰᠠᠷᠠᠪᠴᠢ ᠶᠢᠨ ᠳᠠᠭᠠᠭᠠᠴᠠ ᠶᠢ ᠪᠠᠭᠠᠰᠬᠠᠨ᠂ ᠶᠡᠭᠡ ᠴᠠᠰᠤᠨ ᠳᠤ | ᠳᠠᠷᠤᠭᠳᠠᠨ ᠨᠤᠷᠠᠵᠤ ᠬᠥᠮᠥᠨ ᠮᠠᠯ ᠳᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠢ᠃ | ︵ᠬᠤᠶᠠᠷ︶ ᠳᠤᠯᠠᠭᠠᠨ ᠢ ᠪᠠᠲᠤᠯᠠᠵᠤ ᠬᠥᠯᠳᠡᠬᠦ ᠠᠴᠠ ᠰᠡᠷᠭᠡᠶᠢᠯᠡᠬᠦ ᠶᠢ ᠰᠠᠶᠢᠲᠤᠷ ᠬᠢᠬᠦ ᠬᠡᠷᠡᠭᠲᠡᠢ᠃ | ᠬᠦᠢᠲᠡᠨ ᠢ ᠰᠡᠷᠭᠡᠶᠢᠯᠡᠨ ᠳᠤᠯᠠᠭᠠᠯᠠᠬᠤ ᠲᠥᠬᠦᠭᠡᠷᠦᠮᠵᠢ ᠶᠢ ᠴᠠᠭ ᠲᠤᠬᠠᠢ ᠳᠤ ᠨᠢ ᠨᠡᠮᠡᠵᠦ᠂ ᠬᠠᠰᠢᠶᠠᠯᠠᠵᠤ | ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠠᠪᠴᠤ᠂ ᠮᠠᠯ ᠵᠢᠭᠦᠷᠲᠡᠨ ᠤ ᠳᠤᠯᠠᠭᠠᠨ ᠢ ᠪᠠᠲᠤᠯᠠᠵᠤ | ᠡᠪᠦᠯᠵᠢᠬᠦ ᠶᠢ ᠰᠠᠶᠢᠲᠤᠷ ᠬᠢᠬᠦ ᠬᠡᠷᠡᠭᠲᠡᠢ᠃ ᠦᠬᠡᠷ ᠬᠤᠨᠢᠨ ᠤ ᠬᠠᠰᠢᠶ᠎ᠠ ᠪᠠ ᠵᠠᠳᠠᠭᠠᠢ ᠮᠠᠶᠢᠭ ᠤᠨ ᠭᠠᠭ᠋ᠠᠢ | ᠵᠢᠭᠦᠷᠲᠡᠨ ᠤ ᠬᠠᠰᠢᠶ᠎ᠠ ᠳᠤ ᠡᠪᠡᠰᠦᠨ ᠬᠦᠰᠢᠭᠡ ᠡᠯᠭᠦᠬᠦ ᠪᠤᠶᠤ ᠰᠦᠯᠢᠶᠥᠦ ᠪᠦᠷᠬᠦᠭᠦᠯ ᠵᠡᠷᠭᠡ ᠶᠢ ᠬᠤᠴᠢᠵᠤ᠂ | ᠬᠠᠰᠢᠶᠠᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠳᠦᠷ ᠤᠨ | ᠠᠭᠠᠷ ᠤᠨ ᠳᠤᠯᠠᠭᠠᠨ ᠨᠡᠯᠢᠶᠡᠳ ᠥᠨᠳᠥᠷ ᠴᠠᠭ ᠲᠤ ᠮᠠᠯ ᠵᠢᠭᠦᠷᠲᠡᠨ ᠤ ᠬᠠᠰᠢᠶᠠᠨ ᠳᠤ ᠰᠠᠯᠬᠢ ᠨᠡᠪᠲᠡᠷᠡᠭᠦᠯᠦᠨ | ᠠᠭᠠᠷ ᠢ ᠨᠢ ᠰᠣᠯᠢᠵᠤ᠂ ᠬᠠᠰᠢᠶᠠᠨ ᠳᠣᠲᠣᠷᠠᠬᠢ ᠠᠭᠠᠷ ᠤᠨ ᠰᠢᠨ᠎ᠡ ᠰᠣᠷᠭᠤᠭ ᠪᠠᠶᠢᠬᠤ ᠶᠢ ᠪᠠᠲᠤᠯᠠᠵᠤ᠂ | ᠠᠮᠢᠰᠬᠤᠯ ᠤᠨ ᠵᠠᠮ ᠤᠨ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ | ︵ᠭᠤᠷᠪᠠ︶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠲᠡᠵᠢᠭᠡᠯ | ᠪᠣᠷᠳᠤᠭ᠎ᠠ ᠶᠢᠨ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠮᠠᠯ ᠵᠢᠭᠦᠷᠲᠡᠨ ᠤ | ᠬᠦᠢᠲᠡᠨ ᠳᠤ ᠲᠡᠰᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠢ | ᠪᠥᠬᠦ ᠲᠠᠯ᠎ᠠ ᠪᠠᠷ ᠪᠠᠲᠤᠯᠠᠭᠰᠠᠨ ᠤᠷᠢᠲᠠᠯ ᠳᠣᠣᠷ᠎ᠠ᠂ ᠮᠠᠯ ᠵᠢᠭᠦᠷᠲᠡᠨ ᠤ ᠬᠤᠨᠤᠭ ᠤᠨ ᠲᠡᠵᠢᠭᠡᠯ ᠳᠤ ᠵᠣᠬᠢᠬᠤ | ᠬᠡᠮᠵᠢᠶᠡᠨ ᠤ ᠡᠨᠧᠷᠭᠢ ᠶᠢᠨ ᠲᠡᠵᠢᠭᠡᠯ ᠪᠣᠷᠳᠤᠭ᠎ᠠ ︵ᠵᠢᠱᠢᠶᠡᠯᠡᠪᠡᠯ ᠡᠷᠳᠡᠨᠢ ᠰᠢᠰᠢ᠂ ᠥᠭᠡᠬᠦ ᠲᠣᠰᠣ ᠵᠡᠷᠭᠡ︶ ᠨᠡᠮᠡᠵᠦ᠂ | ᠤᠤᠯ ᠤᠨ ᠰᠠᠭᠤᠷᠢᠨ ᠳᠡᠭᠡᠷ᠎ᠡ ᠪᠠᠨ 10% ᠣᠷᠴᠢᠮ ᠨᠡᠮᠡᠭᠳᠡᠭᠦᠯᠵᠦ᠂ ᠡᠨᠧᠷᠭᠢ ᠶᠢᠨ ᠬᠤᠷᠣᠭᠳᠠᠯ ᠢ ᠪᠠᠲᠤᠯᠠᠨ᠂ | ᠮᠠᠯ ᠵᠢᠭᠦᠷᠲᠡᠨ ᠤ ᠲᠣᠰ ᠪᠡᠶ᠎ᠡ ᠶᠢᠨ ᠬᠦᠢᠲᠡᠨ ᠳᠤ ᠲᠡᠰᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠰᠠ | ᠵᠣᠬᠢᠬᠤ ᠬᠡᠮᠵᠢᠶᠡᠨ ᠤ ᠣᠯᠠᠨ ᠬᠡᠮᠵᠢᠯᠲᠡ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ | ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠵᠦ᠂ ᠰᠡᠷᠡᠯᠵᠢᠯ ᠤᠨ ᠤᠷᠪᠠᠯ ᠢ ᠪᠠᠭᠠᠰᠬᠠᠨ᠎ᠠ᠃ ᠲᠡᠵᠢᠭᠡᠯ ᠪᠣᠷᠳᠤᠭ᠎ᠠ ᠶᠢ | ᠲᠡᠵᠢᠭᠡᠬᠦ ᠠᠴᠠ ᠪᠠᠨ ᠡᠮᠦᠨ᠎ᠡ ᠨᠠᠷᠢᠨ ᠨᠢᠮᠪᠠᠢ ᠪᠠᠶᠢᠴᠠᠭᠠᠵᠤ᠂ ᠸᠠᠯᠠᠭᠰᠠᠨ ᠲᠡᠵᠢᠭᠡᠯ ᠪᠣᠷᠳᠤᠭ᠎ᠠ ᠶᠢ ᠮᠠᠯ ᠵᠢᠭᠦᠷᠲᠡᠨ ᠳᠤ | ᠢᠳᠡᠭᠦᠯᠬᠦ ᠦᠭᠡᠢ ᠪᠠᠶᠢᠵᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠤᠰᠤ ᠤᠮᠳᠠ ᠶᠢᠨ ᠠᠷᠢᠭᠤᠨ ᠴᠡᠪᠡᠷ ᠢ | ᠠᠩᠬᠠᠷᠴᠤ᠂ ᠮᠠᠯ ᠵᠢᠭᠦᠷᠲᠡᠨ ᠳᠤ ᠴᠢᠳᠠᠬᠤ ᠶᠢᠨ ᠬᠢᠷᠢ ᠪᠠᠷ ᠪᠦᠯᠢᠶᠡᠨ ᠤᠰᠤ ᠬᠠᠩᠭᠠᠵᠤ᠂ ᠴᠠᠰᠤ ᠲᠠᠢ ᠤᠰᠤ | ᠤᠤᠭᠤᠭᠰᠠᠨ ᠠᠴᠠ ᠪᠣᠯᠵᠤ ᠬᠠᠯᠳᠠᠪᠤᠷᠢᠲᠤ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠵᠡᠷᠭᠡ | ᠰᠢᠩᠭᠡᠭᠡᠯᠲᠡ ᠶᠢᠨ ᠵᠠᠮ ᠤᠨ ᠡᠪᠡᠳᠴᠢᠨ ᠡᠮᠭᠡᠭ ᠪᠠ ᠬᠡᠭᠡᠯ ᠲᠠᠢ ᠮᠠᠯ ᠤᠨ ᠬᠡᠭᠡᠯ ᠬᠠᠶᠠᠬᠤ ᠠᠴᠠ ᠵᠠᠶᠢᠯᠠᠰᠬᠢᠬᠦ ᠬᠡᠷᠡᠭᠲᠡᠢ | ᠃ | ︵ᠳᠥᠷᠪᠡ︶ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠠ ᠮᠠᠯ ᠵᠢᠭᠦᠷᠲᠡᠨ ᠢ ᠪᠣᠷᠣᠯᠠᠭᠤᠯᠤᠨ | ᠬᠤᠳᠠᠯᠳᠤᠬᠤ ᠶᠢ ᠴᠢᠩᠭᠠᠳᠬᠠᠨ᠎ᠠ᠃ ᠲᠡᠵᠢᠭᠡᠯ ᠪᠣᠷᠳᠤᠭ᠎ᠠ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ | ᠡᠳ᠋ ᠪᠣᠳᠠᠰ ᠢ ᠭᠦᠢᠴᠡᠳ ᠪᠡᠯᠡᠳᠬᠡᠵᠦ᠂ ᠲᠡᠵᠢᠭᠡᠯ ᠪᠣᠷᠳᠤᠭ᠎ᠠ᠂ ᠳᠤᠯᠠᠭᠠᠯᠠᠬᠤ ᠲᠦᠯᠡᠰᠢ᠂ ᠸᠠᠺᠼᠢᠨ᠂ | ᠠᠷᠢᠭᠤᠳᠬᠠᠬᠤ ᠡᠮ ᠤᠨ ᠵᠦᠢᠯ᠂ ᠠᠷᠢᠭᠤᠳᠬᠠᠬᠤ ᠲᠦᠬᠦᠭᠡᠷᠦᠮᠵᠢ᠂ ᠠᠶᠤᠯ ᠠᠴᠠ ᠠᠪᠤᠷᠠᠬᠤ ᠪᠠᠭᠠᠵᠢ ᠬᠡᠷᠡᠭᠰᠡᠯ | ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠵᠠᠮ ᠡᠪᠳᠡᠷᠡᠬᠦ᠂ | ᠲᠡᠭᠡᠭᠡᠪᠦᠷᠢ ᠲᠠᠰᠤᠯᠳᠠᠬᠤ ᠵᠡᠷᠭᠡ ᠠᠴᠠ ᠪᠣᠯᠤᠭᠰᠠᠨ ᠲᠡᠵᠢᠭᠡᠯ ᠪᠣᠷᠳᠤᠭ᠎ᠠ ᠵᠡᠷᠭᠡ ᠡᠳ᠋ ᠪᠣᠳᠠᠰ ᠳᠤᠲᠠᠭᠳᠠᠬᠤ ᠶᠢ | ᠰᠡᠷᠭᠡᠶᠢᠯᠡᠬᠦ ᠬᠡᠷᠡᠭᠲᠡᠢ᠃ ᠮᠠᠯᠵᠢᠬᠤ ᠣᠷᠣᠨ ᠳᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠨ ᠪᠠᠶᠢᠴᠠᠭᠠᠵᠤ᠂ | ᠡᠪᠡᠰᠦ ᠪᠣᠷᠳᠤᠭ᠎ᠠ ᠶᠢᠨ ᠨᠥᠭᠡᠴᠡᠯᠡᠯᠲᠡ ᠪᠠ ᠲᠤᠲᠠᠭᠳᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠢ᠃ | ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠳᠤᠲᠠᠭᠤᠳᠠᠯ ᠣᠷᠣᠰᠢᠵᠤ ᠪᠠᠶᠢᠪᠠᠯ᠂ ᠡᠷᠬᠢᠨ ᠲᠣᠭᠤᠷᠢᠨ ᠤ | ᠭᠠᠵᠠᠷ ᠣᠷᠣᠨ ᠲᠠᠢ ᠪᠠᠨ ᠢᠳᠡᠪᠬᠢᠲᠡᠢ ᠬᠠᠷᠢᠯᠴᠠᠵᠤ᠂ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ | ᠲᠡᠭᠡᠭᠡᠪᠦᠷᠢᠯᠡᠬᠦ ᠪᠠ ᠣᠶᠢᠷ᠎ᠠ ᠵᠠᠢ ᠳᠤ ᠤᠳᠤᠷᠯᠠᠬᠤ ᠵᠡᠷᠭᠡ ᠤᠴᠢᠷ ᠶᠠᠪᠤᠳᠠᠯ ᠢ ᠵᠣᠬᠢᠴᠠᠭᠤᠯᠬᠤ ᠬᠡᠷᠡᠭᠲᠡᠢ᠃ ᠭᠠᠷᠴᠤ | ᠮᠡᠳᠡᠬᠦ ᠲᠡᠵᠢᠭᠡᠯ ᠡᠪᠡᠰᠦ ᠪᠣᠷᠳᠤᠭ᠎ᠠ ᠵᠡᠷᠭᠡ ᠣᠷᠣᠭᠤᠯᠤᠯᠲᠠ ᠶᠢᠨ ᠡᠳ᠋ ᠵᠢᠴᠢ ᠮᠠᠯ ᠵᠢᠭᠦᠷᠲᠡᠨ ᠢ ᠰᠢᠯᠵᠢᠭᠦᠯᠦᠨ | ᠵᠥᠭᠡᠭᠡᠪᠦᠷᠢᠯᠡᠬᠦ ᠳᠤ ᠬᠦᠴᠢᠷᠲᠡᠢ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠵᠦ ᠪᠣᠷᠣᠯᠠᠭᠤᠯᠬᠤ ᠶᠢ ᠵᠣᠯᠭᠠᠭᠤᠯᠬᠤ | ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠠᠮ ᠮᠥᠷ ᠢ ᠰᠠᠭᠠᠳ ᠦᠭᠡᠢ | ᠨᠠᠪᠲᠠᠷᠡᠭᠦᠯᠵᠦ᠂ ᠮᠠᠯ ᠠᠵᠤ ᠠᠬᠤᠢ ᠶᠢᠨ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ | | ︵ᠲᠠᠪᠤ︶ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠲᠡᠵᠢᠭᠡᠨ | ᠦᠷᠡᠵᠢᠭᠦᠯᠬᠦ ᠲᠠᠯᠠᠪᠠᠶ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ | ᠬᠡᠷᠡᠭᠵᠢᠭᠦᠯᠵᠦ᠂ ᠮᠠᠯ ᠵᠢᠭᠦᠷᠲᠡᠨ᠂ ᠲᠡᠵᠢᠭᠡᠨ ᠦᠷᠡᠵᠢᠭᠦᠯᠬᠦ ᠲᠠᠯᠠᠪᠠᠶ ᠭᠠᠵᠠᠷ᠂ ᠡᠷᠬᠢᠨ ᠲᠣᠭᠤᠷᠢᠨ ᠤ ᠣᠷᠴᠢᠨ | ᠲᠣᠭᠤᠷᠢᠨ ᠢ ᠴᠠᠭ ᠲᠤᠬᠠᠢ ᠳᠤ ᠨᠢ ᠠᠷᠢᠭᠤᠳᠬᠠᠨ ᠤᠰᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠨᠢᠭᠲᠠ | ᠠᠩᠬᠠᠷᠴᠤ᠂ ᠮᠠᠯ ᠵᠢᠭᠦᠷᠲᠡᠨ ᠤ ᠡᠭᠡᠯᠢᠯᠡᠭᠡ ᠪᠠ ᠨᠥᠬᠦᠵᠦ ᠡᠭᠡᠯᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ | ᠡᠭᠦᠰᠬᠦ ᠳᠤ ᠬᠦᠷᠪᠡᠯ᠂ ᠬᠠᠷᠢᠶ᠎ᠠ ᠭᠠᠵᠠᠷ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠴᠠᠭ | ᠲᠤᠬᠠᠢ ᠳᠤ ᠨᠢ ᠮᠡᠳᠡᠭᠦᠯᠬᠦ ᠶᠢᠨ ᠬᠠᠮᠲᠤ ᠠᠯᠠᠵᠤ ᠤᠰᠠᠳᠬᠠᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠵᠡᠷᠭᠡ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠬᠠᠵᠤ ᠳᠡᠯᠭᠡᠷᠡᠬᠦ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ | ᠣᠶᠢᠷ᠎ᠠ ᠶᠢᠨ ᠬᠤᠭᠤᠴᠠᠭᠠᠨ ᠳᠤ ᠦᠬᠡᠷ ᠬᠤᠨᠢᠨ ᠤ ᠰᠢᠯᠦᠬᠡᠢ ᠡᠪᠡᠳᠴᠢᠨ᠂ ᠠᠹᠷᠢᠺᠠ ᠲᠢᠪ ᠤᠨ ᠭᠠᠭ᠋ᠠᠢ ᠶᠢᠨ ᠬᠢᠵᠢᠭ | ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠤᠳᠣᠭᠤᠳᠤ ᠭᠡᠳᠡᠰᠦᠨ ᠤ ᠬᠠᠯᠳᠠᠪᠤᠷᠢᠲᠤ ᠦᠷᠪᠢᠰᠦᠯ᠂ ᠲᠠᠬᠤᠯᠲᠤ | ᠰᠠᠭᠤᠯᠭᠠᠬᠤ ᠵᠡᠷᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠤᠨᠴᠠᠭᠠᠶᠢᠯᠠᠨ ᠰᠠᠶᠢᠲᠤᠷ ᠬᠢᠬᠦ ᠬᠡᠷᠡᠭᠲᠡᠢ᠃ | ᠦᠬᠦᠭᠰᠡᠨ ᠮᠠᠯ ᠵᠢᠭᠦᠷᠲᠡᠨ ᠪᠠ ᠪᠣᠬᠢᠷ ᠪᠣᠳᠠᠰ ᠢ ᠴᠠᠭ ᠲᠤᠬᠠᠢ ᠳᠤ ᠨᠢ ᠬᠤᠣᠷ ᠦᠭᠡᠶᠢᠵᠢᠭᠦᠯᠦᠨ ᠰᠢᠢᠳᠪᠦᠷᠢᠯᠡᠵᠦ᠂ | ᠲᠦᠭᠦᠬᠡᠢ ᠴᠣᠬᠤᠢ ᠰᠠᠴᠤᠵᠤ ᠭᠦᠨ ᠨᠦᠬᠡᠨ ᠳᠤ ᠪᠤᠯᠠᠬᠤ ᠪᠤᠶᠤ ᠰᠢᠲᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ | ᠭᠠᠮᠰᠢᠭ ᠤᠨ ᠳᠠᠷᠠᠭᠠᠬᠢ ᠠᠮᠢᠲᠠᠨ ᠤ ᠬᠢᠵᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ | | |