ᠸᠠᠩ ᠯᠢ ᠰᠢᠶᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/5/31
    5 ᠰᠠᠷ᠎ᠠ ᠶᠢᠨ 29 ᠤ ᠡᠳᠦᠷ ᠸᠠᠩ ᠯᠢ ᠰᠢᠶᠠ ᠸᠢᠳᠢᠤ᠋ ᠬᠤᠷᠠᠯ ᠡᠷᠭᠢᠯᠡᠨ ᠬᠤᠷᠠᠯᠳᠤᠭᠤᠯᠵᠤ᠂ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠤᠷᠪᠠᠳᠤᠭᠠᠷ ᠤᠳᠠᠭ᠎ᠠ ᠲᠥᠪᠯᠡᠷᠡᠭᠦᠯᠦᠨ ᠲᠣᠬᠢᠷᠠᠭᠤᠯᠪᠠ᠃     ᠬᠤᠷᠠᠯ ᠳᠡᠭᠡᠷ᠎ᠡ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠸᠠᠩ ᠯᠢ ᠰᠢᠶᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡᠳ ᠨᠢᠭᠡ ᠪᠠᠷ ᠰᠢᠭᠤᠳ ᠵᠢᠭᠠᠵᠤ ᠭᠠᠷᠭᠠᠵᠤ᠂ ᠨᠢᠭᠤᠷᠳᠠᠨ ᠰᠠᠭᠤᠵᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠨᠡᠷ᠎ᠡ ᠣᠪᠣᠭ ᠢ ᠨᠢ ᠳᠤᠷᠠᠳᠤᠨ ᠵᠠᠷᠯᠠᠨ ᠮᠡᠳᠡᠭᠳᠡᠬᠦ ᠶᠢ ᠱᠠᠭᠠᠷᠳᠠᠪᠠ᠃     ᠸᠠᠩ ᠯᠢ ᠰᠢᠶᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯ   ᠰᠡᠳᠦᠪᠲᠦ   ᠬᠥᠮᠦᠵᠢᠯ   ᠲᠠᠢ ᠤᠶᠠᠯᠳᠤᠭᠤᠯᠵᠤ᠂ ᠶᠡᠷᠦᠩᠬᠡᠢ  ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠦᠷᠦ ᠶᠢᠨ ᠥᠨᠳᠥᠷᠴᠡ ᠠᠴᠠ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠨᠢᠳᠦ ᠴᠠᠪᠴᠢᠯ ᠦᠭᠡᠢ ᠴᠢᠬᠤᠯᠠᠴᠢᠯᠠᠨ ᠠᠳᠬᠤᠬᠤ ᠬᠡᠷᠡᠭᠲᠡᠢ᠃ ᠵᠢᠭᠰᠠᠭᠠᠨ ᠪᠠᠶᠢᠴᠠᠭᠠᠬᠤ ᠪᠠᠷ ᠲᠤᠭᠤᠰᠢᠲᠠᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠠᠷᠢᠮᠵᠢᠶ᠎ᠠ ᠶᠢ ᠴᠢᠩᠳᠠᠯᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠠᠲᠠᠭᠤ ᠲᠠᠢ ᠨᠢ ᠬᠠᠯᠳᠠᠵᠤ᠂ ᠭᠡᠮ ᠰᠣᠭᠤᠭ ᠢ ᠶᠠᠭᠠᠬᠢᠭᠰᠠᠨ ᠴᠤ ᠠᠳᠡᠯ ᠪᠣᠯᠭᠠᠨ ᠬᠤᠪᠢᠷᠠᠭᠤᠯᠵᠤ ᠪᠤᠯᠬᠤ ᠦᠭᠡᠢ᠃ ᠴᠡᠭᠴᠡᠯᠡᠨ ᠵᠠᠰᠠᠭᠰᠠᠨ ᠨᠢ ᠲᠤᠶᠢᠯᠪᠤᠷᠢᠲᠠᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠳ ᠬᠠᠮᠢᠶᠠᠷᠬᠤ ᠦᠭᠡᠢ᠂ ᠬᠠᠮᠢᠶᠠᠷᠤᠭᠠᠳ ᠵᠠᠰᠠᠬᠤ ᠦᠭᠡᠢ ᠪᠠᠶᠢᠬᠤ ᠶᠢ ᠡᠷᠡᠰ ᠲᠡᠪᠴᠢᠵᠦ᠂ ᠴᠡᠭᠴᠡᠯᠡᠨ ᠵᠠᠰᠠᠭᠰᠠᠨ ᠨᠢ ᠭᠦᠢᠴᠡᠳ ᠦᠭᠡᠢ ᠠᠴᠠ ᠪᠣᠯᠵᠤ ᠲᠠᠭᠢᠨ ᠠᠳᠡᠯ ᠭᠠᠷᠭᠠᠵᠤ ᠶᠠᠭᠠᠬᠢᠭᠰᠠᠨ ᠴᠤ ᠪᠤᠯᠬᠤ ᠦᠭᠡᠢ᠃ ᠲᠣᠭᠲᠠᠴᠠ ᠪᠦᠷᠢᠨ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠭᠤᠣᠯ ᠶᠠᠪᠤᠳᠠᠯ᠂ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠢ ᠬᠥᠮᠥᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠲᠣᠭᠲᠠᠴᠠ ᠶᠢᠨ ᠦᠨᠡᠨ ᠬᠦ ᠦᠢᠯᠡᠳᠦᠯ ᠦᠵᠡᠭᠦᠯᠭᠦ ᠶᠢ ᠪᠠᠲᠤᠯᠠᠬᠤ  ᠬᠡᠷᠡᠭᠲᠡᠢ᠃ ᠬᠢᠨᠠᠯᠲᠠ ᠬᠠᠮᠢᠶᠠᠷᠤᠯᠲᠠ ᠴᠢᠩᠭ᠎ᠠ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠤᠴᠢᠷ ᠶᠠᠪᠤᠳᠠᠯ ᠭᠠᠷᠬᠤ ᠦᠭᠡᠢ ᠪᠠᠶᠢᠬᠤ ᠪᠠᠷ ᠬᠤᠷᠢᠭ᠎ᠠ ᠱᠤᠭᠤᠮ ᠪᠤᠯᠭᠠᠵᠤ᠂ ᠠᠮᠤᠷ ᠲᠦᠪᠰᠢᠨ ᠤ ᠪᠠᠷᠢᠮᠵᠢᠶ᠎ᠠ ᠶᠢᠨ ᠪᠣᠭᠤᠮᠲᠠ ᠶᠢ ᠴᠢᠩᠭ᠎ᠠ ᠰᠠᠬᠢᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠲᠠᠢ ᠤᠶᠠᠯᠳᠤᠭᠤᠯᠤᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠡᠯ᠎ᠡ ᠲᠠᠯ᠎ᠠ ᠶᠢᠨ ᠬᠢᠨ ᠢ ᠱᠠᠭᠠᠷᠳᠠᠵᠤ ᠠᠮᠤᠷ ᠲᠦᠪᠰᠢᠨ ᠭᠡᠬᠦ ᠡᠨᠡ ᠬᠦ ᠬᠥᠪᠴᠢ ᠶᠢ ᠴᠢᠩᠭᠠᠯᠠᠬᠤ ᠬᠡᠷᠡᠭᠲᠡᠢ᠃ ᠬᠠᠤᠯᠢ ᠬᠡᠷᠡᠭᠵᠢᠭᠦᠯᠦᠭᠰᠡᠨ ᠨᠢ ᠨᠠᠷᠢᠯᠢᠭ ᠣᠨᠣᠪᠴᠢᠲᠠᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠣᠷᠣᠯᠴᠠᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠣᠷᠣᠵᠤ ᠨᠢᠭᠲᠠ ᠠᠴᠠ ᠨᠢᠭᠲᠠ ᠬᠠᠨᠳᠤᠵᠤ᠂ ᠬᠠᠲᠠᠭᠤ ᠲᠠᠢ ᠨᠢ ᠬᠠᠯᠳᠠᠵᠤ᠂ ᠠᠮᠤᠷ ᠲᠦᠪᠰᠢᠨ ᠤ ᠥᠴᠥᠬᠡᠨ ᠴᠦ ᠭᠡᠰᠡᠨ ᠭᠡᠮ ᠰᠣᠭᠤᠭ ᠢ ᠴᠤ ᠠᠯᠳᠠᠵᠤ ᠭᠠᠷᠭᠠᠬᠤ ᠦᠭᠡᠢ ᠪᠠᠶᠢᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠡᠢ᠃     ᠬᠤᠸᠠᠩ ᡁᠢ ᠴᠢᠶᠠᠩ᠂ ᠪᠠᠢ ᠴᠢᠩ ᠶᠤᠸᠠᠨ᠂ ᠶᠠᠩ ᠵᠢᠶᠧ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号