— ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ | ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠢ ᠰᠣᠷᠪᠣᠯᠵᠢᠯᠠᠭᠰᠠᠨ ᠨᠢ | | ︽ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ | ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ᠂ | ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠶᠡᠬᠡᠪᠡᠷ ᠬᠡᠷᠡᠭᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠴᠢᠳᠠᠪᠤᠷᠢᠲᠠᠨ | ᠠᠵᠢᠯᠲᠠᠨ ᠤ ᠶᠠᠪᠤᠳᠠᠯ ᠤᠨ ᠠᠵᠢᠯ ᠢ ᠥᠨᠳᠥᠷ ᠵᠣᠭᠰᠣᠴᠠ ᠠᠴᠠ ᠠᠬᠢᠭᠤᠯᠵᠤ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠠᠩ ᠣᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ | ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃︾ ᠣᠶᠢᠷ᠎ᠠ ᠳᠤ᠂ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠠᠶᠢᠮᠠᠭ ᠤᠨ ᠨᠠᠮ ᠤᠨ ᠬᠤᠷᠢᠶ᠎ᠠ ᠶᠢᠨ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ | ᠰᠤᠷᠪᠤᠯᠵᠢᠯᠠᠭ᠎ᠠ ᠶᠢ ᠬᠦᠯᠢᠶᠡᠪᠡ᠃ | ᠵᠠᠩ ᠵᠢᠩ ᠸᠧᠨ᠂ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠪᠡ᠃ | 1. ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢ ᠬᠠᠮᠲᠤ ᠪᠠᠷ ᠴᠢᠨᠡᠭᠡᠯᠢᠭᠵᠢᠭᠦᠯᠬᠦ ᠶᠢ | ᠠᠬᠢᠭᠤᠯᠬᠤ ᠴᠢᠬᠤᠯᠠ ᠰᠠᠭᠤᠷᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠵᠢᠯ | ᠣᠯᠭᠤᠯᠲᠠ ᠶᠢ ᠡᠩ ᠲᠡᠷᠢᠬᠦᠨ ᠳᠤ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠨ᠎ᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠢᠯ ᠣᠯᠭᠤᠯᠲᠠ ᠶᠢ ᠠᠬᠢᠭᠤᠯᠬᠤ ︽ᠲᠠᠪᠤᠨ ᠶᠡᠭᠡ | ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠠᠵᠢᠯ ᠣᠯᠭᠤᠯᠲᠠ ᠶᠢᠨ ᠡᠬᠢ ᠪᠠᠶᠠᠯᠢᠭ ᠢ ᠨᠢᠭᠲᠠᠷᠠᠭᠤᠯᠵᠤ᠂ ᠠᠵᠢᠯ | ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠢᠯ ᠤᠨ ᠳᠣᠲᠣᠷ᠎ᠠ᠂ ᠬᠤᠲᠠ ᠪᠠᠯᠭᠠᠰᠤᠨ ᠤ 3000 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ | ᠂ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠳᠤ ᠬᠢᠵᠠᠭᠠᠷᠯᠠᠨ᠎ᠠ᠃ ᠭᠤᠣᠯᠳᠠᠯᠭ᠎ᠠ ᠲᠠᠢ | ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠨᠠᠷᠢᠯᠢᠭ ᠣᠨᠣᠪᠴᠢᠳᠠᠢ ᠪᠠᠷ ᠥᠷᠨᠢᠭᠦᠯᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠴᠢᠬᠤᠯᠠ ᠠᠴᠠ ᠴᠢᠬᠤᠯᠠ ᠵᠦᠢᠯ | ᠪᠣᠯᠭᠠᠨ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠦᠨᠡᠨ ᠨᠡᠷ᠎ᠡ ᠶᠢᠨ ᠳᠦᠷᠢᠮ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠡᠴᠦᠰ ᠤᠨ | ᠠᠵᠢᠯ ᠣᠯᠭᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠣᠯᠠᠨ | ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠣᠳᠣ ᠶᠢᠨ ᠪᠠᠶᠢᠭ᠎ᠠ 6 ᠡᠳᠦᠷ ᠤᠨ ᠵᠠᠬ᠎ᠠ | ᠳᠡᠯᠭᠡᠭᠦᠷ ᠤᠨ ᠰᠠᠭᠤᠷᠢᠨ ᠳᠡᠭᠡᠷ᠎ᠡ ᠡᠯ᠎ᠡ ᠬᠤᠰᠢᠭᠤ ᠰᠢᠶᠠᠨ ︵ ᠣᠷᠣᠨ︶ ᠤ ᠡᠳᠦᠷ ᠤᠨ ᠬᠦᠴᠦᠨ ᠤ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠰᠦᠪᠡᠭᠴᠢᠯᠡᠨ ᠠᠬᠢᠭᠤᠯᠵᠤ᠂ ᠬᠤᠰᠢᠭᠤ ᠰᠢᠶᠠᠨ | ᠨᠢᠭᠡᠪᠦᠷᠢ ᠳᠤ ᠠᠳᠠᠭ ᠲᠠᠭᠠᠨ 1 ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ ᠪᠠᠶᠢᠭᠤᠯᠬᠤ ᠶᠢ ᠦᠨᠡᠨᠬᠦ ᠪᠠᠲᠤᠯᠠᠵᠤ᠂ | ᠨᠠᠰᠤ ᠠᠬᠠᠰᠢᠷᠠᠬᠤ ᠵᠡᠷᠭᠡ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠬᠤ ᠶᠢ ᠨᠠᠩ ᠰᠠᠶᠢᠲᠤᠷ | ᠠᠬᠢᠭᠤᠯᠤᠨ᠎ᠠ᠃ ︽ᠬᠡᠪ ᠴᠢᠨᠠᠷ ᠢ ᠴᠢᠩᠭᠠᠳᠬᠠᠬᠤ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ︾ ᠪᠠᠷ ᠬᠠᠷᠠᠯᠲᠠ ᠪᠣᠯᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ ᠬᠦᠴᠦ ᠶᠠᠪᠤᠭᠰᠠᠳ᠂ ᠠᠵᠢᠯ ᠣᠯᠤᠭᠰᠠᠨ ᠬᠥᠮᠦᠨ ᠥᠬᠡᠶ | ᠬᠡᠷ ᠪᠦᠯᠢ ᠶᠢᠨ ᠬᠥᠮᠦᠰ ᠵᠡᠷᠭᠡ ᠬᠥᠮᠦᠰ ᠲᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠵᠢᠯ ᠤᠨ | ᠳᠣᠲᠣᠷ᠎ᠠ 2300 ᠬᠥᠮᠦᠨ ᠤᠳᠠᠭ᠎ᠠ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ | ᠥᠷᠨᠢᠭᠦᠯᠦᠨ᠎ᠡ᠃ | 2. ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ 5.1 ᠲᠦᠮᠡᠨ ᠨᠡᠷᠡᠰ ᠠᠵᠢᠯ ᠠᠴᠠ ᠪᠠᠨ | ᠠᠮᠠᠷᠠᠭᠰᠠᠳ ᠪᠠᠭᠤᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ ᠨᠡᠶᠢᠭᠡᠮ ᠤᠨ ᠳᠠᠭᠠᠳᠬᠠᠯ ᠤᠨ | ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠤ᠂ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠢᠯᠡᠷᠡᠭᠦᠯᠦᠨ᠎ᠡ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠢᠳᠡᠪᠬᠢᠲᠡᠶ ᠥᠷᠭᠡᠳᠬᠡᠵᠦ᠂ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠡᠷᠦᠬᠡ ᠳᠤ ᠣᠷᠣᠵᠤ ᠪᠠᠶᠢᠴᠠᠭᠠᠬᠤ᠂ | ᠲᠤᠭ᠎ᠠ ᠪᠠᠷᠢᠮᠲᠠ ᠶᠢ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠴᠦ ᠶᠠᠪᠤᠭᠰᠠᠳ᠂ | ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠭᠢᠯᠡᠭᠰᠡᠳ ᠵᠡᠷᠭᠡ | ᠬᠦᠮᠦᠰ ᠤᠨ ᠬᠡᠪᠴᠢᠶ᠎ᠡ ᠶᠢ ᠨᠠᠷᠢᠯᠢᠭ ᠣᠨᠣᠪᠴᠢᠳᠠᠢ ᠪᠠᠷ ᠥᠷᠭᠡᠳᠬᠡᠬᠦ ᠠᠵᠢᠯ ᠢ ᠰᠠᠶᠢᠲᠤᠷ ᠬᠢᠵᠦ᠂ ᠪᠠᠲᠤᠯᠠᠬᠤ | ᠶᠣᠰᠣᠲᠠᠶ ᠶᠢ ᠨᠢ ᠴᠥᠮ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠪᠠ ᠠᠵᠢᠯ ᠠᠴᠠ ᠪᠣᠯᠤᠭᠰᠠᠨ | ᠭᠡᠮᠲᠦᠯ ᠢ ᠰᠡᠷᠭᠡᠶᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠢ | ᠴᠢᠨᠠᠷ ᠰᠠᠶᠢᠲᠠᠶ ᠥᠷᠨᠢᠭᠦᠯᠦᠨ᠎ᠡ᠃ ︽ᠤᠶᠤᠨᠲᠤ ᠨᠡᠶᠢᠭᠡᠮ ᠤᠨ ᠪᠠᠲᠤᠯᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ | ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠠᠪᠴᠠᠩ ᠢ | ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠲᠤᠭ᠎ᠠ ᠪᠠᠷᠢᠮᠲᠠ ᠶᠢ ᠴᠤᠭᠯᠠᠭᠤᠯᠵᠤ ᠬᠠᠮᠲᠤ ᠪᠠᠷ ᠭᠥᠷᠳᠡᠬᠦ | ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠮᠡᠳᠡᠭᠡ | ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 3. ᠴᠢᠳᠠᠪᠤᠷᠢᠲᠠᠨ ᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ | ᠴᠢᠬᠤᠯᠠ ᠲᠤᠯᠭᠠᠭᠤᠷᠢᠯᠠᠯ ᠪᠣᠯᠭᠠᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠬᠦᠨᠵᠡᠭᠡᠶᠢᠷᠡᠬᠦᠯᠦᠨ᠎ᠡ᠃ ᠮᠡᠷᠭᠡᠵᠢᠯ ᠴᠢᠳᠠᠪᠦᠷᠢ ᠲᠠᠢ ᠴᠢᠳᠠᠪᠤᠷᠢᠲᠠᠨ ᠢ ᠣᠯᠠᠨ ᠡᠰᠢᠵᠢᠭᠦᠯᠦᠨ ᠦᠨᠡᠯᠡᠬᠦ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ | ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠠᠵᠢᠯᠯᠠᠭ᠎ᠠ ᠥᠷᠨᠢᠭᠦᠯᠵᠦ᠂ ᠮᠠᠨ ᠤ ᠠᠶᠢᠮᠠᠭ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠳᠠᠪᠤᠰᠤᠨ ᠤ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠰᠤᠷᠭᠠᠭᠤᠯᠢ ᠡᠷᠬᠢᠯᠡᠬᠦ ᠶᠠᠰᠤ ᠴᠢᠨᠠᠷ ᠪᠣᠯᠤᠨ ︽ᠬᠠᠭᠤᠷᠮᠠᠭ ᠦᠨᠡᠮᠯᠡᠯ︾ ᠢ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠢᠭᠡᠨᠲᠡ ᠦᠨᠡᠯᠡᠨ ᠲᠣᠭᠲᠠᠭᠠᠭᠰᠠᠨ 34 ᠡᠷᠦᠬᠡ ᠮᠠᠨ ᠤ | ᠠᠶᠢᠮᠠᠭ ᠤᠨ ᠨᠠᠷᠠᠲᠤ ᠪᠠᠭᠰᠢ ᠱᠠᠪᠢ ᠳᠠᠭᠠᠭᠤᠯᠬᠤ ᠠᠵᠢᠯᠯᠠᠬᠤ ᠲᠠᠰᠤᠭ ᠢ ᠵᠢᠯᠣᠭᠤᠳᠤᠨ ︽ᠪᠠᠭᠰᠢ ᠱᠠᠪᠢ | ᠳᠠᠭᠠᠭᠤᠯᠬᠤ︾ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ︽ᠪᠠᠭᠰᠢ ᠱᠠᠪᠢ ᠳᠠᠭᠠᠭᠤᠯᠬᠤ︾ | ᠪᠣᠯᠪᠠᠰᠤᠷᠠᠭᠤᠯᠤᠯ ᠤᠨ ᠨᠥᠬᠦᠪᠥᠷᠢ ᠶᠢ ᠵᠣᠬᠢᠴᠠᠭᠤᠯᠤᠨ ᠨᠠᠶᠢᠳᠠᠪᠣᠷᠢᠵᠢᠭᠤᠯᠣᠨ᠎ᠠ᠃ ᠠᠵᠢᠯᠲᠠᠨ ᠤ ᠶᠠᠪᠤᠳᠠᠯ ᠤᠨ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠴᠢᠳᠠᠪᠤᠷᠢᠲᠠᠨ ᠢ ᠬᠦᠲᠦᠯᠦᠨ ᠬᠦᠮᠦᠵᠢᠭᠦᠯᠬᠦ ᠶᠢᠨ ᠬᠠᠮᠳᠣ ᠬᠦᠴᠦᠯᠡᠨ᠎ᠡ᠃ | 4. ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠ ᠬᠥᠭᠵᠢᠭᠦᠯᠬᠦ ᠶᠢ ᠬᠠᠮᠲᠤᠪᠠᠷ | ᠪᠠᠶᠠᠵᠢᠬᠤ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ | ᠲᠣᠭᠲᠠᠭᠤᠨ ᠪᠠᠶᠢᠬᠤ ᠶᠢ ᠠᠬᠢᠭᠤᠯᠣᠨ᠎ᠠ᠃ ᠬᠥᠳᠡᠯᠮᠦᠷᠢ ᠶᠢᠨ ᠬᠠᠷᠢᠴᠠᠭᠠᠨ ᠤ ︽ᠡᠶ᠎ᠡ ᠵᠣᠬᠢᠴᠠᠯ ᠲᠠᠢ ᠬᠠᠮᠲᠤ ᠪᠠᠷ | ᠤᠷᠤᠭᠰᠢᠯᠠᠬᠤ︾ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠥᠷᠨᠢᠭᠦᠯᠦᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ | ᠠᠵᠢᠯ ᠲᠥᠷᠥᠯ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠬᠠᠤᠯᠢ ᠶᠣᠰᠣᠭᠠᠷ ᠵᠢᠷᠤᠮᠵᠢᠭᠤᠯᠬᠤ ᠶᠢ | ᠵᠢᠯᠣᠭᠤᠳᠴᠤ᠂ ᠬᠠᠮᠲᠤ ᠪᠠᠷ ᠵᠥᠪᠳᠡᠯᠴᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠤᠨ᠂ ᠴᠠᠯᠢᠩ ᠤᠨ | ᠣᠷᠣᠯᠭ᠎ᠠ ᠶᠢᠨ ᠬᠤᠪᠢᠶᠠᠷᠢᠯᠠᠯᠲᠠ ᠶᠢᠨ ᠵᠢᠯᠣᠭᠤᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠰᠠᠶᠢᠲᠤᠷ ᠬᠢᠵᠦ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠵᠦᠶ ᠵᠣᠬᠢᠰᠲᠠᠶ ᠡᠮᠬᠢ ᠵᠢᠷᠤᠮ ᠲᠠᠢ ᠪᠠᠶᠢᠷᠢᠰᠢᠯ ᠢ ᠪᠣᠶ ᠪᠣᠯᠭᠠᠬᠤ ᠶᠢ | ᠠᠬᠢᠭᠤᠯᠤᠨ᠎ᠠ᠃ ᠴᠠᠯᠢᠩ ᠥᠷᠢᠲᠦᠬᠦ ᠰᠦᠪᠡᠭᠴᠢ ᠶᠢ ᠰᠢᠮᠳᠠᠭᠤᠯᠣᠨ ᠰᠢᠢᠳᠪᠦᠷᠢᠯᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠬᠡᠷᠡᠭ ᠤᠨ ᠰᠦᠪᠡᠭᠴᠢ ᠶᠢ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ | ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠤᠯᠤᠰ ᠤᠨ ᠴᠠᠯᠢᠩ | ᠥᠷᠢᠲᠦᠬᠦ ᠰᠦᠪᠡᠭᠴᠢ ᠶᠢᠨ ᠲᠤᠰᠬᠠᠭᠰᠠᠨ ᠲᠣᠬᠢᠷᠠᠭᠤᠯᠤᠯᠲᠠ ᠶᠢᠨ ᠡᠳᠦᠷ ᠲᠤ ᠬᠥᠳᠡᠯᠦᠩᠭᠦᠶ ᠪᠠᠶᠢᠳᠠᠯ ᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠤᠨ ᠰᠢᠨ᠎ᠡ ᠶᠢ | ᠡᠭᠦᠳᠴᠦ᠂ ᠵᠥᠪᠳᠡᠯᠴᠡᠨ ᠡᠶᠡᠳᠡᠭᠦᠯᠬᠦ ᠪᠠ ᠲᠠᠰᠤᠯᠤᠨ ᠰᠢᠭᠦᠬᠦ ᠶᠢ ᠵᠣᠯᠭᠠᠭᠤᠯᠬᠤ ᠠᠵᠢᠯ ᠢ ᠴᠢᠩᠭᠠᠳᠬᠠᠵᠤ᠂ ︽ | ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠠᠯᠲᠠᠨ ᠵᠣᠬᠢᠶᠠᠨ ᠪᠠᠶᠢᠭᠤᠯᠤᠯᠲᠠ︾ ᠶᠢ ᠪᠣᠶ | ᠪᠣᠯᠭᠠᠵᠤ᠂ ︽ᠢᠨᠲ᠋ᠧᠷ ᠰᠦᠯᠵᠢᠶ᠎ᠡ + ᠡᠶᠡᠳᠡᠭᠦᠯᠦᠨ ᠬᠥᠨᠳᠡᠯᠡᠨ ᠠᠴᠠ ᠲᠠᠰᠤᠯᠬᠤ︾ ᠦᠢᠯᠡᠴᠢᠯᠡᠭᠡᠨ ᠤ | ᠲᠠᠪᠴᠠᠩ ᠤᠨ ᠬᠡᠷᠡᠭᠯᠡᠯᠲᠡ ᠶᠢ ᠠᠬᠢᠭᠤᠯᠤᠨ᠎ᠠ᠃ | 5. ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ | ᠴᠢᠬᠤᠯᠠ ᠭᠤᠭᠴᠤᠭ᠎ᠠ ᠪᠣᠯᠭᠠᠵᠤ᠂ ᠤᠯᠠᠨ ᠲᠦᠮᠡᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡᠨ ᠤ ᠲᠤᠬᠠᠢ ᠰᠢᠨ᠎ᠡ ᠬᠦᠰᠡᠯ ᠰᠢᠨ᠎ᠡ ᠬᠡᠷᠡᠭᠴᠡᠭᠡ ᠶᠢ ᠬᠠᠩᠭᠠᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠵᠦᠢᠯᠡᠰ ᠢ ᠨᠠᠩ ᠲᠣᠳᠣᠷᠬᠠᠶ ᠪᠣᠯᠭᠠᠵᠤ᠂ | ᠮᠠᠲ᠋ᠧᠷᠢᠶᠠᠯ ᠢ ᠨᠠᠩ ᠴᠥᠭᠡᠨ᠂ ᠴᠠᠭ ᠤᠨ ᠬᠢᠵᠠᠭᠠᠷ ᠢ ᠨᠠᠩ ᠣᠬᠤᠷ ᠪᠣᠯᠭᠠᠨ᠎ᠠ᠃ ︽ᠰᠤᠷᠲᠠᠯ ᠢ ᠴᠢᠩᠭᠠᠳᠬᠠᠬᠤ᠂ | ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠶ ᠪᠣᠯᠭᠠᠬᠤ︾᠂ ︽ᠲᠣᠪᠴᠢᠶᠠᠨ ᠳᠠᠷᠤᠭ᠎ᠠ | ᠴᠤᠪᠤᠷᠠᠯ ᠢᠶᠠᠷ ᠶᠠᠪᠤᠬᠤ︾ ᠵᠡᠷᠭᠡ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ︽ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠷᠭᠡᠨ ᠬᠦᠢᠴᠡᠳᠭᠡᠬᠦ ᠠᠵᠢᠯᠯᠠᠭ᠎ᠠ︾ ᠶᠢ ᠶᠡᠬᠡᠪᠡᠷ | ᠥᠷᠨᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ | ︾ ᠶᠢ ᠡᠮᠬᠢ ᠵᠢᠷᠤᠮ ᠲᠠᠢ ᠠᠬᠢᠭᠤᠯᠣᠨ᠎ᠠ᠃ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠦᠴᠢᠷ ᠲᠦᠪᠡᠭᠲᠡᠶ | ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠳᠠᠬᠢᠨ ᠪᠠᠶᠢᠭᠤᠯᠵᠤ | ᠂ ᠤᠯᠠᠮ ᠨᠢᠭᠡ ᠠᠯᠬᠤᠮ ︽ᠵᠦᠢᠯᠡᠰ ᠢ ᠲᠣᠳᠣᠷᠬᠠᠶᠢᠯᠠᠵᠤ᠂ ᠮᠠᠲ᠋ᠧᠷᠢᠶᠠᠯ ᠢ ᠪᠠᠭᠠᠰᠬᠠᠵᠤ᠂ ᠴᠠᠭ ᠤᠨ ᠬᠢᠵᠠᠭᠠᠷ ᠢ | ᠪᠠᠭᠠᠰᠬᠠᠬᠤ︾᠂ ︽ᠭᠤᠶᠤᠴᠢᠯᠠᠨ ᠮᠡᠳᠡᠭᠦᠯᠬᠦ ᠠᠴᠠ ᠡᠮᠦᠨ᠎ᠡ ᠭᠥᠷᠳᠡᠬᠦ︾᠂ ︽ᠰᠢᠭᠤᠳ ᠨᠥᠬᠦᠪᠥᠷᠢᠯᠡᠵᠦ ᠲᠦᠷᠭᠡᠨ | ᠭᠦᠢᠴᠡᠳᠭᠡᠬᠦ︾ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠳᠣᠪᠤᠶᠢᠯᠭᠠᠨ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠳᠡᠭᠡᠨ᠎ᠡ᠃ | ᠦᠢᠯᠡᠴᠢᠯᠡᠭᠡᠨ ᠤ ᠲᠠᠰᠢᠷᠠᠮ ᠢᠶᠠᠷ ᠬᠠᠷᠢᠭᠤ ᠰᠤᠷᠪᠤᠯᠵᠢᠯᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ︽ᠨᠢᠭᠡ ᠤᠳᠠᠭ᠎ᠠ ᠳᠤ ᠨᠢᠭᠡ ᠦᠨᠡᠯᠡᠬᠦ᠂ ᠨᠢᠭᠡ ᠶᠠᠪᠤᠳᠠᠯ ᠳᠤ ᠨᠢᠭᠡ ᠦᠨᠡᠯᠡᠬᠦ︾ ᠠᠵᠢᠯ ᠤᠨ | ᠱᠠᠭᠠᠷᠳᠠᠯᠭ᠎ᠠ ᠶᠣᠰᠣᠭᠠᠷ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡᠨ ᠤ ᠬᠤᠷᠳᠤᠴᠠ ᠪᠠ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠦᠨ᠎ᠡ᠃ | | | |