ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠭᠦᠯᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2023/5/4
     — ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠢ ᠰᠣᠷᠪᠣᠯᠵᠢᠯᠠᠭᠰᠠᠨ ᠨᠢ     ︽ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠴᠢᠳᠠᠪᠤᠷᠢᠲᠠᠨ ᠠᠵᠢᠯᠲᠠᠨ ᠤ ᠶᠠᠪᠤᠳᠠᠯ ᠤᠨ ᠠᠵᠢᠯ ᠢ ᠥᠨᠳᠥᠷ ᠵᠣᠭᠰᠣᠴᠠ ᠠᠴᠠ ᠠᠬᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠠᠩ ᠣᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃︾ ᠣᠶᠢᠷ᠎ᠠ ᠳᠤ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃    ᠵᠠᠩ ᠵᠢᠩ ᠸᠧᠨ᠂ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠪᠡ᠃    1. ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠴᠢᠬᠤᠯᠠ ᠰᠠᠭᠤᠷᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠡᠩ ᠲᠡᠷᠢᠬᠦᠨ ᠳᠤ ᠪᠣᠳᠣᠯᠬᠢᠯᠠᠬᠤ ᠤᠳᠤᠷᠢᠳᠤᠮᠵᠢ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠵᠢᠯ ᠣᠯᠭᠤᠯᠲᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠠᠵᠢᠯ ᠣᠯᠭᠤᠯᠲᠠ ᠶᠢᠨ ᠡᠬᠢ ᠪᠠᠶᠠᠯᠢᠭ ᠢ ᠨᠢᠭᠲᠠᠷᠠᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ ᠬᠤᠲᠠ ᠪᠠᠯᠭᠠᠰᠤᠨ ᠤ 3000 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ ᠂ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠳᠤ ᠬᠢᠵᠠᠭᠠᠷᠯᠠᠨ᠎ᠠ᠃ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠨᠠᠷᠢᠯᠢᠭ  ᠣᠨᠣᠪᠴᠢᠳᠠᠢ ᠪᠠᠷ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠴᠢᠬᠤᠯᠠ ᠠᠴᠠ ᠴᠢᠬᠤᠯᠠ ᠵᠦᠢᠯ ᠪᠣᠯᠭᠠᠨ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠡᠨ ᠨᠡᠷ᠎ᠡ ᠶᠢᠨ ᠳᠦᠷᠢᠮ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠡᠴᠦᠰ ᠤᠨ ᠠᠵᠢᠯ ᠣᠯᠭᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠣᠳᠣ ᠶᠢᠨ ᠪᠠᠶᠢᠭ᠎ᠠ 6 ᠡᠳᠦᠷ ᠤᠨ ᠵᠠᠬ᠎ᠠ ᠳᠡᠯᠭᠡᠭᠦᠷ ᠤᠨ ᠰᠠᠭᠤᠷᠢᠨ ᠳᠡᠭᠡᠷ᠎ᠡ ᠡᠯ᠎ᠡ ᠬᠤᠰᠢᠭᠤ ᠰᠢᠶᠠᠨ ︵ ᠣᠷᠣᠨ︶ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠰᠦᠪᠡᠭᠴᠢᠯᠡᠨ ᠠᠬᠢᠭᠤᠯᠵᠤ᠂ ᠬᠤᠰᠢᠭᠤ ᠰᠢᠶᠠᠨ ᠨᠢᠭᠡᠪᠦᠷᠢ ᠳᠤ ᠠᠳᠠᠭ ᠲᠠᠭᠠᠨ 1 ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ ᠪᠠᠶᠢᠭᠤᠯᠬᠤ ᠶᠢ ᠦᠨᠡᠨᠬᠦ ᠪᠠᠲᠤᠯᠠᠵᠤ᠂ ᠨᠠᠰᠤ ᠠᠬᠠᠰᠢᠷᠠᠬᠤ ᠵᠡᠷᠭᠡ ᠠᠵᠢᠯ ᠣᠯᠬᠤ ᠳᠤ ᠬᠦᠴᠢᠷᠲᠡᠶ ᠬᠥᠮᠦᠰ ᠤᠨ ᠠᠵᠢᠯ ᠣᠯᠬᠤ ᠶᠢ ᠨᠠᠩ ᠰᠠᠶᠢᠲᠤᠷ ᠠᠬᠢᠭᠤᠯᠤᠨ᠎ᠠ᠃ ︽ᠬᠡᠪ ᠴᠢᠨᠠᠷ ᠢ ᠴᠢᠩᠭᠠᠳᠬᠠᠬᠤ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ ᠪᠠᠷ ᠬᠠᠷᠠᠯᠲᠠ ᠪᠣᠯᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ ᠬᠦᠴᠦ ᠶᠠᠪᠤᠭᠰᠠᠳ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢᠨ ᠬᠥᠮᠦᠰ ᠵᠡᠷᠭᠡ ᠬᠥᠮᠦᠰ ᠲᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠵᠢᠯ ᠤᠨ ᠳᠣᠲᠣᠷ᠎ᠠ 2300 ᠬᠥᠮᠦᠨ ᠤᠳᠠᠭ᠎ᠠ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃     2. ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ 5.1 ᠲᠦᠮᠡᠨ ᠨᠡᠷᠡᠰ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠢᠯᠡᠷᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠢᠳᠡᠪᠬᠢᠲᠡᠶ ᠥᠷᠭᠡᠳᠬᠡᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠡᠷᠦᠬᠡ ᠳᠤ ᠣᠷᠣᠵᠤ ᠪᠠᠶᠢᠴᠠᠭᠠᠬᠤ᠂ ᠲᠤᠭ᠎ᠠ ᠪᠠᠷᠢᠮᠲᠠ ᠶᠢ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠴᠦ ᠶᠠᠪᠤᠭᠰᠠᠳ᠂ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠭᠢᠯᠡᠭᠰᠡᠳ ᠵᠡᠷᠭᠡ ᠬᠦᠮᠦᠰ ᠤᠨ ᠬᠡᠪᠴᠢᠶ᠎ᠡ ᠶᠢ ᠨᠠᠷᠢᠯᠢᠭ ᠣᠨᠣᠪᠴᠢᠳᠠᠢ ᠪᠠᠷ ᠥᠷᠭᠡᠳᠬᠡᠬᠦ ᠠᠵᠢᠯ ᠢ ᠰᠠᠶᠢᠲᠤᠷ ᠬᠢᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠪᠠ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠢ ᠴᠢᠨᠠᠷ ᠰᠠᠶᠢᠲᠠᠶ ᠥᠷᠨᠢᠭᠦᠯᠦᠨ᠎ᠡ᠃ ︽ᠤᠶᠤᠨᠲᠤ ᠨᠡᠶᠢᠭᠡᠮ ᠤᠨ ᠪᠠᠲᠤᠯᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠠᠪᠴᠠᠩ ᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠲᠤᠭ᠎ᠠ ᠪᠠᠷᠢᠮᠲᠠ ᠶᠢ ᠴᠤᠭᠯᠠᠭᠤᠯᠵᠤ ᠬᠠᠮᠲᠤ ᠪᠠᠷ ᠭᠥᠷᠳᠡᠬᠦ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃     3. ᠴᠢᠳᠠᠪᠤᠷᠢᠲᠠᠨ ᠢ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠭᠠᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠎ᠡ᠃ ᠮᠡᠷᠭᠡᠵᠢᠯ ᠴᠢᠳᠠᠪᠦᠷᠢ ᠲᠠᠢ ᠴᠢᠳᠠᠪᠤᠷᠢᠲᠠᠨ ᠢ ᠣᠯᠠᠨ ᠡᠰᠢᠵᠢᠭᠦᠯᠦᠨ ᠦᠨᠡᠯᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠠᠵᠢᠯᠯᠠᠭ᠎ᠠ ᠥᠷᠨᠢᠭᠦᠯᠵᠦ᠂ ᠮᠠᠨ ᠤ ᠠᠶᠢᠮᠠᠭ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠳᠠᠪᠤᠰᠤᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠪᠣᠯᠤᠨ ︽ᠬᠠᠭᠤᠷᠮᠠᠭ ᠦᠨᠡᠮᠯᠡᠯ︾ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠢᠭᠡᠨᠲᠡ ᠦᠨᠡᠯᠡᠨ ᠲᠣᠭᠲᠠᠭᠠᠭᠰᠠᠨ 34 ᠡᠷᠦᠬᠡ ᠮᠠᠨ ᠤ ᠠᠶᠢᠮᠠᠭ ᠤᠨ ᠨᠠᠷᠠᠲᠤ ᠪᠠᠭᠰᠢ ᠱᠠᠪᠢ ᠳᠠᠭᠠᠭᠤᠯᠬᠤ ᠠᠵᠢᠯᠯᠠᠬᠤ ᠲᠠᠰᠤᠭ ᠢ ᠵᠢᠯᠣᠭᠤᠳᠤᠨ ︽ᠪᠠᠭᠰᠢ ᠱᠠᠪᠢ ᠳᠠᠭᠠᠭᠤᠯᠬᠤ︾ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ︽ᠪᠠᠭᠰᠢ ᠱᠠᠪᠢ ᠳᠠᠭᠠᠭᠤᠯᠬᠤ︾ ᠪᠣᠯᠪᠠᠰᠤᠷᠠᠭᠤᠯᠤᠯ ᠤᠨ ᠨᠥᠬᠦᠪᠥᠷᠢ ᠶᠢ ᠵᠣᠬᠢᠴᠠᠭᠤᠯᠤᠨ ᠨᠠᠶᠢᠳᠠᠪᠣᠷᠢᠵᠢᠭᠤᠯᠣᠨ᠎ᠠ᠃ ᠠᠵᠢᠯᠲᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠦᠲᠦᠯᠦᠨ ᠬᠦᠮᠦᠵᠢᠭᠦᠯᠬᠦ ᠶᠢᠨ ᠬᠠᠮᠳᠣ ᠬᠦᠴᠦᠯᠡᠨ᠎ᠡ᠃     4. ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠ ᠬᠥᠭᠵᠢᠭᠦᠯᠬᠦ ᠶᠢ ᠬᠠᠮᠲᠤᠪᠠᠷ ᠪᠠᠶᠠᠵᠢᠬᠤ ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠣᠨ᠎ᠠ᠃ ᠬᠥᠳᠡᠯᠮᠦᠷᠢ ᠶᠢᠨ ᠬᠠᠷᠢᠴᠠᠭᠠᠨ ᠤ ︽ᠡᠶ᠎ᠡ ᠵᠣᠬᠢᠴᠠᠯ ᠲᠠᠢ ᠬᠠᠮᠲᠤ ᠪᠠᠷ ᠤᠷᠤᠭᠰᠢᠯᠠᠬᠤ︾ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠦᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠬᠠᠤᠯᠢ ᠶᠣᠰᠣᠭᠠᠷ ᠵᠢᠷᠤᠮᠵᠢᠭᠤᠯᠬᠤ ᠶᠢ ᠵᠢᠯᠣᠭᠤᠳᠴᠤ᠂ ᠬᠠᠮᠲᠤ ᠪᠠᠷ ᠵᠥᠪᠳᠡᠯᠴᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠤᠨ᠂ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠢᠯᠣᠭᠤᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠢ ᠰᠠᠶᠢᠲᠤᠷ ᠬᠢᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠵᠦᠶ ᠵᠣᠬᠢᠰᠲᠠᠶ ᠡᠮᠬᠢ ᠵᠢᠷᠤᠮ ᠲᠠᠢ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠴᠠᠯᠢᠩ ᠥᠷᠢᠲᠦᠬᠦ ᠰᠦᠪᠡᠭᠴᠢ ᠶᠢ ᠰᠢᠮᠳᠠᠭᠤᠯᠣᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠤᠨ ᠰᠦᠪᠡᠭᠴᠢ ᠶᠢ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠤᠯᠤᠰ ᠤᠨ ᠴᠠᠯᠢᠩ ᠥᠷᠢᠲᠦᠬᠦ ᠰᠦᠪᠡᠭᠴᠢ ᠶᠢᠨ ᠲᠤᠰᠬᠠᠭᠰᠠᠨ ᠲᠣᠬᠢᠷᠠᠭᠤᠯᠤᠯᠲᠠ ᠶᠢᠨ ᠡᠳᠦᠷ ᠲᠤ ᠬᠥᠳᠡᠯᠦᠩᠭᠦᠶ ᠪᠠᠶᠢᠳᠠᠯ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠤᠨ ᠰᠢᠨ᠎ᠡ ᠶᠢ ᠡᠭᠦᠳᠴᠦ᠂ ᠵᠥᠪᠳᠡᠯᠴᠡᠨ ᠡᠶᠡᠳᠡᠭᠦᠯᠬᠦ ᠪᠠ ᠲᠠᠰᠤᠯᠤᠨ ᠰᠢᠭᠦᠬᠦ ᠶᠢ ᠵᠣᠯᠭᠠᠭᠤᠯᠬᠤ ᠠᠵᠢᠯ ᠢ ᠴᠢᠩᠭᠠᠳᠬᠠᠵᠤ᠂ ︽ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠠᠯᠲᠠᠨ ᠵᠣᠬᠢᠶᠠᠨ ᠪᠠᠶᠢᠭᠤᠯᠤᠯᠲᠠ︾ ᠶᠢ ᠪᠣᠶ ᠪᠣᠯᠭᠠᠵᠤ᠂ ︽ᠢᠨᠲ᠋ᠧᠷ ᠰᠦᠯᠵᠢᠶ᠎ᠡ + ᠡᠶᠡᠳᠡᠭᠦᠯᠦᠨ ᠬᠥᠨᠳᠡᠯᠡᠨ ᠠᠴᠠ ᠲᠠᠰᠤᠯᠬᠤ︾ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠠᠬᠢᠭᠤᠯᠤᠨ᠎ᠠ᠃     5. ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠴᠢᠬᠤᠯᠠ ᠭᠤᠭᠴᠤᠭ᠎ᠠ ᠪᠣᠯᠭᠠᠵᠤ᠂ ᠤᠯᠠᠨ ᠲᠦᠮᠡᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠬᠠᠢ ᠰᠢᠨ᠎ᠡ ᠬᠦᠰᠡᠯ ᠰᠢᠨ᠎ᠡ ᠬᠡᠷᠡᠭᠴᠡᠭᠡ ᠶᠢ ᠬᠠᠩᠭᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠵᠦᠢᠯᠡᠰ ᠢ ᠨᠠᠩ ᠲᠣᠳᠣᠷᠬᠠᠶ ᠪᠣᠯᠭᠠᠵᠤ᠂ ᠮᠠᠲ᠋ᠧᠷᠢᠶᠠᠯ ᠢ ᠨᠠᠩ ᠴᠥᠭᠡᠨ᠂ ᠴᠠᠭ ᠤᠨ ᠬᠢᠵᠠᠭᠠᠷ ᠢ ᠨᠠᠩ ᠣᠬᠤᠷ ᠪᠣᠯᠭᠠᠨ᠎ᠠ᠃ ︽ᠰᠤᠷᠲᠠᠯ ᠢ ᠴᠢᠩᠭᠠᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠦᠷᠢ ᠲᠥᠷᠬᠦ ᠶᠢ ᠪᠣᠶ ᠪᠣᠯᠭᠠᠬᠤ︾᠂ ︽ᠲᠣᠪᠴᠢᠶᠠᠨ ᠳᠠᠷᠤᠭ᠎ᠠ ᠴᠤᠪᠤᠷᠠᠯ ᠢᠶᠠᠷ ᠶᠠᠪᠤᠬᠤ︾ ᠵᠡᠷᠭᠡ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠷᠭᠡᠨ ᠬᠦᠢᠴᠡᠳᠭᠡᠬᠦ ᠠᠵᠢᠯᠯᠠᠭ᠎ᠠ︾ ᠶᠢ ᠶᠡᠬᠡᠪᠡᠷ ᠥᠷᠨᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ ︾ ᠶᠢ ᠡᠮᠬᠢ ᠵᠢᠷᠤᠮ ᠲᠠᠢ ᠠᠬᠢᠭᠤᠯᠣᠨ᠎ᠠ᠃ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠦᠴᠢᠷ ᠲᠦᠪᠡᠭᠲᠡᠶ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠳᠠᠬᠢᠨ ᠪᠠᠶᠢᠭᠤᠯᠵᠤ ᠂ ᠤᠯᠠᠮ ᠨᠢᠭᠡ ᠠᠯᠬᠤᠮ ︽ᠵᠦᠢᠯᠡᠰ ᠢ ᠲᠣᠳᠣᠷᠬᠠᠶᠢᠯᠠᠵᠤ᠂ ᠮᠠᠲ᠋ᠧᠷᠢᠶᠠᠯ ᠢ ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠬᠤ︾᠂ ︽ᠭᠤᠶᠤᠴᠢᠯᠠᠨ ᠮᠡᠳᠡᠭᠦᠯᠬᠦ ᠠᠴᠠ ᠡᠮᠦᠨ᠎ᠡ ᠭᠥᠷᠳᠡᠬᠦ︾᠂ ︽ᠰᠢᠭᠤᠳ ᠨᠥᠬᠦᠪᠥᠷᠢᠯᠡᠵᠦ ᠲᠦᠷᠭᠡᠨ ᠭᠦᠢᠴᠡᠳᠭᠡᠬᠦ︾ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠳᠣᠪᠤᠶᠢᠯᠭᠠᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠳᠡᠭᠡᠨ᠎ᠡ᠃ ᠦᠢᠯᠡᠴᠢᠯᠡᠭᠡᠨ ᠤ ᠲᠠᠰᠢᠷᠠᠮ ᠢᠶᠠᠷ ᠬᠠᠷᠢᠭᠤ ᠰᠤᠷᠪᠤᠯᠵᠢᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠨᠢᠭᠡ ᠤᠳᠠᠭ᠎ᠠ ᠳᠤ ᠨᠢᠭᠡ ᠦᠨᠡᠯᠡᠬᠦ᠂ ᠨᠢᠭᠡ ᠶᠠᠪᠤᠳᠠᠯ ᠳᠤ ᠨᠢᠭᠡ ᠦᠨᠡᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠤᠷᠳᠤᠴᠠ ᠪᠠ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠦᠨ᠎ᠡ᠃            
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号