ᠥᠪᠥᠷ ᠮᠣᠩᠭᠤᠯ ᠤᠨ ᠭᠡᠷ ᠭᠠᠵᠠᠷ ᠤᠨ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠡᠯᠭᠡᠨ ᠦᠵᠡᠭᠦᠯᠭᠡ ᠶᠢᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/5/4
    4 ᠰᠠᠷ᠎ᠠ ᠶᠢᠨ 28  ᠤ ᠡᠳᠦᠷ᠂ ᠥᠪᠥᠷ ᠮᠣᠩᠭᠤᠯ ᠤᠨ ᠭᠡᠷ ᠭᠠᠵᠠᠷ ᠤᠨ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠡᠯᠭᠡᠨ ᠦᠵᠡᠭᠦᠯᠭᠡ ᠶᠢᠨ ᠴᠤᠭᠯᠠᠭᠠᠨ ᠭᠦᠭᠡᠬᠤᠲᠠ ᠳᠤ ᠡᠬᠢᠯᠡᠪᠡ᠃ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃     ᠲᠣᠰ ᠤᠳᠠᠭ᠎ᠠ ᠶᠢᠨ ᠳᠡᠯᠭᠡᠨ ᠦᠵᠡᠭᠦᠯᠭᠡ ᠶᠢᠨ ᠴᠤᠭᠯᠠᠭᠠᠨ ᠨᠢ ᠰᠢᠷᠢᠰ ᠠᠵᠢᠯᠯᠠᠭ᠎ᠠ ᠡᠷᠭᠢᠯᠡᠭᠦ ᠪᠠᠷ ᠳᠠᠮᠵᠢᠭᠤᠯᠤᠨ᠂ ︽ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠬᠡᠷᠡᠭᠵᠢᠭᠦᠯᠬᠦ᠂ ᠮᠥᠩᠭᠦᠨ ᠭᠦᠢᠯᠭᠡᠭᠡᠨ ᠢᠶᠠᠷ ᠲᠤᠰᠠᠯᠠᠬᠤ᠂ ᠠᠷᠠᠳ ᠣᠯᠠᠨ ᠳᠤ ᠠᠰᠢᠭ ᠬᠦᠷᠲᠡᠭᠡᠬᠦ︾ ᠪᠠᠷ ᠵᠣᠷᠢᠯᠭ᠎ᠠ  ᠪᠠᠨ ᠪᠣᠯᠭᠠᠵᠤ᠂ ᠨᠡᠶᠢᠭᠡᠮ ᠳᠠᠶᠠᠭᠠᠷ ᠲᠤ ᠮᠠᠨ ᠤ ᠣᠷᠣᠨ ᠤ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠢᠲᠡᠭᠡᠯ ᠵᠣᠷᠢᠭ ᠢ ᠴᠢᠨᠠᠭᠰᠢᠳᠠ ᠬᠥᠪᠴᠢᠯᠡᠬᠦ ᠪᠣᠯᠣᠨ᠎ᠠ᠃     ᠡᠬᠢᠯᠡᠯᠲᠡ ᠶᠢᠨ ᠶᠣᠰᠣᠯᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠳᠠ ᠶᠢᠨ ᠭᠡᠷ ᠭᠠᠵᠠᠷ ᠤᠨ ᠬᠥᠷᠥᠩᠭᠡ ᠶᠢᠨ ᠦᠢᠯᠡᠰ  ᠤᠨ ᠪᠠᠩᠬᠢ ᠬᠢᠭᠡᠳ ᠠᠵᠤ ᠠᠬᠤᠶᠢᠯᠠᠯ ᠤᠨ ᠵᠥᠪᠯᠡᠯᠴᠡᠭᠡᠷ ᠲᠣᠭᠲᠠᠬᠤ ᠶᠣᠰᠣᠯᠠᠯ ᠶᠠᠪᠤᠭᠳᠠᠭᠤᠯᠪᠠ᠃ ᠭᠦᠭᠡᠬᠤᠲᠠ ᠶᠢᠨ 43 ᠪᠠᠩᠬᠢ ᠬᠢᠭᠡᠳ ᠠᠵᠤ ᠠᠬᠤᠶᠢᠯᠠᠯ ᠰᠠᠨᠠᠮᠵᠢ ᠶᠢᠨ ᠵᠥᠪᠯᠡᠯᠴᠡᠭᠡᠷ ᠲᠣᠭᠲᠠᠵᠤ ᠢᠲᠡᠭᠡᠮᠵᠢ ᠣᠯᠭᠤᠬᠤ ᠪᠠᠷ ᠪᠠᠶᠢᠭ᠎ᠠ ᠵᠣᠭᠤᠰ ᠤᠨ ᠲᠤᠭ᠎ᠠ 226.1 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠣᠷᠣᠨ ᠤ 12 ᠠᠶᠢᠮᠠᠭ ᠬᠤᠲᠠ ᠶᠢᠨ ᠨᠡᠶᠢᠲᠡ 427 ᠪᠠᠩᠬᠢ ᠬᠢᠭᠡᠳ ᠠᠵᠤ ᠠᠬᠤᠶᠢᠯᠠᠯ ᠵᠥᠪᠯᠡᠯᠴᠡᠭᠡᠷ ᠲᠣᠭᠲᠠᠵᠤ ᠢᠲᠡᠭᠡᠮᠵᠢ ᠣᠯᠭᠤᠬᠤ ᠪᠠᠷ ᠪᠠᠶᠢᠭ᠎ᠠ ᠵᠣᠭᠤᠰ ᠤᠨ ᠲᠤᠭ᠎ᠠ 883.16 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号