— ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠶᠣᠣ ᠢᠦᠶ ᠱᠠᠨ ᠢ ᠰᠣᠷᠪᠣᠯᠵᠢᠯᠠᠭᠰᠠᠨ ᠨᠢ | | ︽ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠥᠯᠥᠪᠵᠢᠭᠦᠯᠭᠡ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠡᠳ | ᠪᠠᠳᠠᠷᠠᠭᠤᠯᠵᠤ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠨ᠎ᠡ︔ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢ | ᠰᠡᠷᠭᠦᠭᠡᠬᠦ ᠳᠤ ᠬᠦᠴᠦᠨ ᠨᠡᠮᠡᠷᠢᠯᠡᠨ᠎ᠡ︔ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠲᠠᠰᠤᠷᠠᠯᠲᠠ | ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ | ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠵᠦᠢᠯ ᠤᠨ ᠪᠠᠲᠤᠯᠠᠭ᠎ᠠ | ᠬᠠᠩᠭᠠᠨ᠎ᠠ ᠃︾ ᠲᠦᠷᠦᠭᠦᠬᠡᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠣᠣ ᠢᠦᠶ ᠱᠠᠨ ᠠᠶᠢᠮᠠᠭ ᠤᠨ ᠨᠠᠮ ᠤᠨ ᠬᠤᠷᠢᠶ᠎ᠠ ᠶᠢᠨ ︵ | ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ | ᠰᠤᠷᠪᠤᠯᠵᠢᠯᠠᠭ᠎ᠠ ᠶᠢ ᠬᠦᠯᠢᠶᠡᠪᠡ᠃ | ᠶᠣᠣ ᠢᠦᠶ ᠱᠠᠨ᠂ ᠡᠨᠡ ᠵᠢᠯ ᠳᠥᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ | ᠭᠡᠪᠡ᠃ | 1. ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ | ᠢᠳᠡᠪᠬᠢᠲᠡᠶ ᠠᠬᠢᠭᠤᠯᠤᠨ᠎ᠠ᠃ ︽ᠲᠥᠷᠥᠯ ᠵᠦᠢᠯ ᠨᠢ ᠲᠥᠯᠥᠪᠵᠢᠭᠦᠯᠭᠡ ᠶᠢ ᠳᠠᠭᠠᠵᠤ᠂ ᠬᠦᠴᠦᠨ ᠵᠦᠢᠯ ᠨᠢ | ᠲᠥᠷᠥᠯ ᠵᠦᠢᠯ ᠢᠶᠠᠨ ᠳᠠᠭᠠᠬᠤ︾ ᠶᠢ ᠪᠠᠷᠢᠮᠲᠠᠯᠠᠨ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠭᠦᠨᠵᠡᠭᠡᠢ | ᠠᠬᠢᠭᠤᠯᠤᠨ᠎ᠠ᠃ ᠡᠨᠧᠷᠭᠢ ᠶᠢᠨ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ | ᠬᠢᠵᠦ᠂ ᠲᠥᠷᠥᠯ ᠵᠦᠢᠯ ᠤᠨ ᠭᠠᠵᠠᠷ ᠰᠣᠩᠭᠤᠬᠤ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠬᠥᠲᠥᠯᠦᠨ ᠵᠢᠯᠣᠭᠤᠳᠴᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠳᠤ ᠲᠣᠭᠲᠠᠭᠠᠭᠰᠠᠨ ᠠᠶᠢᠯ ᠲᠣᠰᠬᠤᠨ ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ | ᠪᠤᠰᠤ ᠡᠯ᠎ᠡ ᠲᠥᠷᠥᠯ ᠤᠨ ᠭᠠᠵᠠᠷ ᠰᠢᠷᠣᠶ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠰᠠᠶᠢᠲᠤᠷ ᠬᠡᠷᠡᠭᠯᠡᠵᠦ᠂ | ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ᠂ ᠰᠠᠭᠤᠷᠢ | ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠵᠢᠷᠤᠮᠵᠢᠭᠤᠯᠤᠨ᠂ | ᠬᠥᠲᠥᠯᠥᠨ ᠵᠢᠯᠣᠭᠤᠳᠴᠤ᠂ ᠳᠡᠮᠵᠢᠬᠦ ᠪᠠ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠢᠳᠡᠪᠬᠢᠲᠡᠶ ᠬᠦᠴᠦᠨ ᠨᠡᠮᠡᠷᠢᠯᠡᠨ᠎ᠡ᠃ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ | ᠵᠠᠳᠠᠯᠤᠯᠲᠠ ᠶᠢ ᠴᠢᠩᠭᠠᠳᠬᠠᠵᠤ᠂ ᠭᠠᠵᠠᠷ ᠰᠢᠷᠣᠶ ᠬᠡᠷᠡᠭᠯᠡᠬᠦ ᠬᠠᠩᠭᠠᠯᠭ᠎ᠠ ᠶᠢ ᠰᠢᠨᠵᠢᠯᠡᠬᠦ ᠤᠬᠠᠭᠠᠨᠴᠢ ᠪᠠᠷ ᠪᠠᠲᠤᠯᠠᠵᠤ᠂ | ᠬᠠᠭᠤᠴᠢᠨ ᠬᠤᠲᠠ ᠶᠢ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠬᠢᠬᠦ ᠳᠤ ᠬᠡᠷᠡᠭᠯᠡᠬᠦ ᠭᠠᠵᠠᠷ ᠢ ᠭᠤᠤᠯᠳᠠᠯᠭ᠎ᠠ ᠲᠠᠢ ᠳᠡᠮᠵᠢᠵᠦ᠂ ᠣᠷᠣᠨ ᠰᠠᠭᠤᠴᠠ ᠳᠤ | ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠵᠢᠷᠤᠮᠵᠢᠭᠤᠯᠵᠤ᠂ | ᠬᠠᠩᠭᠠᠯᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠣᠷᠣᠨ ᠰᠠᠭᠤᠴᠠ ᠳᠤ ᠬᠡᠷᠡᠭᠯᠡᠬᠦ | ᠭᠠᠵᠠᠷ ᠤᠨ ᠰᠠᠶᠢᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃ | 2. ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠢ ᠬᠠᠶᠢᠵᠤ ᠪᠠᠷᠢᠮᠵᠢᠶ᠎ᠠ ᠶᠢ ᠲᠣᠭᠲᠠᠭᠠᠬᠤ ᠠᠵᠢᠯ ᠢ | ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠶᠢᠮᠠᠭ | ᠂ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ | ᠵᠥᠪᠰᠢᠶᠡᠷᠡᠬᠦ᠂ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠮᠤ ︵ᠪᠠᠯᠭᠠᠰᠤ︶ ᠶᠢᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃ ︽ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ︾ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠴᠠᠭ | ᠲᠤᠬᠠᠶ ᠳᠤᠨᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠭᠠᠵᠠᠷ | ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 2023 ᠣᠨ ᠳᠤ ᠵᠠᠳᠠᠭᠠᠶ | ᠠᠭᠤᠷᠬᠠᠶ ᠶᠢᠨ ᠲᠠᠯᠠᠪᠠᠶ ᠶᠢ 6.3 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠵᠠᠰᠠᠬᠤ ᠶᠢ ᠦᠨᠡᠨᠬᠦ ᠪᠠᠲᠤᠯᠠᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢᠨ ᠲᠥᠰᠦᠯ ᠢ ᠥᠨᠳᠥᠷ ᠪᠠᠷᠢᠮᠵᠢᠶ᠎ᠠ ᠪᠠᠷ | ᠨᠠᠶᠢᠷᠠᠭᠤᠯᠤᠨ ᠵᠣᠬᠢᠶᠠᠵᠤ ᠨᠠᠶᠢᠳᠠᠪᠤᠷᠢᠵᠢᠭᠤᠯᠤᠨ᠂ 2023 ᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ | ᠠᠭᠤᠷᠬᠠᠢ ᠶᠢ 0.9 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠶᠢ ᠪᠠᠲᠤᠯᠠᠨ᠎ᠠ᠃ ᠬᠤᠰᠢᠭᠤ ᠣᠷᠣᠨ᠂ ᠠᠵᠤ | ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ | ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠭᠤᠷᠬᠠᠶ ᠶᠢ ᠲᠠᠰ ᠳᠡᠪᠰᠢᠭᠦᠯᠦᠨ | ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠣᠬᠢᠷᠠᠭᠤᠯᠤᠭᠰᠠᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ | ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠪᠣᠬᠢᠷᠲᠤᠯ ᠥᠬᠡᠶ ᠠᠭᠤᠷᠬᠠᠶ ᠶᠢᠨ ︽ᠪᠤᠴᠠᠵᠤ ᠪᠠᠶᠢᠴᠠᠭᠠᠨ | ᠦᠵᠡᠬᠦ︾ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | 3. ᠠᠷᠪᠢᠲᠠᠢ ᠡᠷᠴᠢᠮᠯᠢᠭ ᠠᠰᠢᠭᠯᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠬᠦᠯᠦᠨ᠎ᠡ᠃ | ᠤᠮᠠᠷᠠᠲᠤ ᠶᠢᠨ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠭᠰᠠᠨ ᠭᠠᠵᠠᠷ ᠰᠢᠨᠵᠢᠯᠡᠭᠡᠨ ᠤ ᠠᠭᠤᠷᠬᠠᠶ ᠡᠷᠢᠬᠦ ᠲᠤᠰᠬᠠᠶ | ᠠᠵᠢᠯᠯᠠᠭ᠎ᠠ ᠶᠢ ᠬᠡᠷᠡᠭᠵᠢᠭᠦᠯᠵᠦ᠂ ᠠᠶᠢᠮᠠᠭ ᠤᠨ ᠬᠤᠶᠢᠲᠤ ᠠᠭᠤᠯᠠ ᠶᠢᠨ ᠡᠷᠦᠳᠡᠰᠦ ᠶᠢᠨ ᠪᠦᠰᠡ ᠶᠢ ᠬᠠᠶᠢᠨ | ᠰᠢᠨᠵᠢᠯᠡᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠦᠢᠯᠡᠳᠦᠯ ᠢ | ᠰᠠᠶᠢᠲᠤᠷ ᠪᠠᠳᠠᠷᠠᠭᠤᠯᠤᠨ᠂ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠬᠦ᠂ ᠬᠠᠶᠢᠨ ᠪᠠᠶᠢᠴᠠᠭᠠᠬᠤ᠂ ᠬᠦᠴᠦᠨ ᠢ | ᠵᠣᠬᠢᠶᠠᠨ ᠪᠠᠶᠢᠭᠤᠯᠬᠤ᠂ ᠪᠠᠶᠢᠳᠠᠯ ᠢ ᠶᠡᠷᠦᠩᠬᠡᠶᠢᠯᠡᠬᠦ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠠᠭᠤᠷᠬᠠᠶ | ᠡᠷᠢᠬᠦ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠪᠣᠬᠢᠷᠲᠤᠯ ᠦᠭᠡᠶ ᠬᠠᠶᠢᠨ ᠪᠠᠶᠢᠴᠠᠭᠠᠬᠤ᠂ ᠪᠣᠬᠢᠷᠲᠤᠯ ᠦᠭᠡᠶ ᠪᠠᠷ ᠨᠡᠭᠡᠭᠡᠨ ᠬᠥᠭᠵᠢᠭᠦᠯᠬᠦ ᠶᠢ ᠶᠡᠬᠡᠪᠡᠷ ᠰᠠᠨᠠᠭᠠᠴᠢᠯᠠᠨ᠂ | ᠠᠭᠤᠷᠬᠠᠶ ᠬᠠᠶᠢᠬᠤ ᠡᠷᠬᠡᠲᠦ ᠬᠥᠮᠦᠨ ᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠬᠤ ᠠᠬᠢᠴᠠ ᠶᠢ ᠲᠦᠷᠭᠡᠳᠬᠡᠨ᠂ ᠳᠠᠷᠤᠭᠳᠠᠵᠤ ᠪᠠᠶᠢᠭ᠎ᠠ ᠠᠭᠤᠷᠬᠠᠶ ᠶᠢᠨ ᠦᠢᠯᠡᠰ ᠤᠨ ᠡᠷᠬᠡ ᠶᠢ | ᠠᠯᠢ ᠲᠦᠷᠭᠡᠨ ᠢᠶᠠᠷ ᠦᠷ᠎ᠡ ᠠᠰᠢᠭ ᠭᠠᠷᠭᠠᠯᠭᠠᠬᠤ ᠬᠡᠷᠡᠭᠲᠡᠶ᠃ ᠠᠭᠤᠷᠬᠠᠶ ᠶᠢ ᠡᠮᠬᠢᠯᠡᠨ ᠨᠡᠶᠢᠯᠡᠭᠦᠯᠬᠦ ᠶᠢ | ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠨᠢ ᠬᠤᠴᠣᠷᠤᠩᠭᠤᠶ᠂ ᠡᠬᠢ ᠪᠠᠶᠠᠯᠢᠭ ᠢ ᠪᠦᠷᠢᠯᠭᠡᠬᠦ ᠪᠠ | ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ ᠠᠭᠤᠷᠬᠠᠶ ᠶᠢ ᠠᠯᠬᠤᠮ ᠠᠯᠬᠤᠮ ᠢᠶᠠᠷ ᠬᠠᠭᠠᠵᠤ ᠵᠣᠭᠰᠣᠭᠠᠵᠤ᠂ | 2023 ᠣᠨ ᠤ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ | ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠨ | ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠠᠭᠤᠷᠬᠠᠶ ᠶᠢᠨ ᠠᠵᠤ ᠠᠬᠤᠶᠢᠯᠠᠯ ᠤᠨ ᠴᠢᠬᠤᠯᠠ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ︾ ᠶᠢᠨ ᠬᠦᠢᠴᠡᠳᠭᠡᠯ ᠲᠤᠭ᠎ᠠ᠂ ᠬᠠᠳᠠᠭᠠᠯᠠᠭᠳᠠᠴᠠ ᠶᠢ | ᠬᠥᠳᠡᠯᠭᠡᠨ ᠬᠡᠷᠡᠭᠯᠡᠭᠰᠡᠨ ᠪᠠᠶᠢᠳᠠᠯ ᠢ ᠰᠤᠭᠤᠴᠢᠨ ᠪᠠᠶᠢᠴᠠᠭᠠᠬᠤ ᠶᠢ ᠴᠢᠩᠭᠠᠷᠠᠭᠤᠯᠤᠨ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ | ᠱᠠᠯᠠᠪᠳᠠᠭᠤᠯᠣᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠬᠤ | ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠳᠠᠩᠰᠠᠯᠠᠬᠤ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠳᠠᠭᠠᠯᠠᠭᠳᠠᠴᠠ ᠶᠢ ᠪᠦᠷᠢᠳᠬᠡᠬᠦ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ | ᠬᠤᠳᠠᠯᠳᠤᠭᠰᠠᠨ ᠠᠰᠢᠭ ᠣᠯᠵᠠᠪᠤᠷᠢ ᠶᠢ ᠦᠨᠡᠯᠡᠨ ᠵᠢᠱᠢᠵᠦ ᠬᠤᠷᠢᠶᠠᠵᠤ ᠲᠤᠰᠢᠶᠠᠬᠤ ᠠᠵᠢᠯ ᠢ ᠬᠢᠨᠠᠮᠠᠭᠠᠶ ᠰᠠᠶᠢᠲᠤᠷ | ᠬᠢᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨᠬᠦ | ᠵᠢᠷᠣᠮᠵᠢᠭᠤᠯᠣᠨ᠎ᠠ᠃ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ | ᠰᠢᠷᠤᠢ ᠶᠢ ᠲᠦᠢᠯᠪᠤᠷᠢᠲᠠᠢ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ︽ᠨᠢᠭᠡ ᠭᠠᠵᠠᠷ ᠲᠤ ᠨᠢᠭᠡ ᠠᠷᠭ᠎ᠠ | ᠪᠣᠳᠣᠯᠭ᠎ᠠ ᠬᠡᠷᠡᠭᠵᠢᠭᠦᠯᠬᠦ︾ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠵᠠᠳᠠᠯᠤᠨ ᠰᠤᠳᠤᠯᠵᠤ ᠮᠠᠭᠠᠳᠯᠠᠬᠤ᠂ ᠮᠥᠷᠳᠡᠨ ᠬᠢᠨᠠᠨ ᠵᠢᠯᠣᠭᠤᠳᠬᠤ᠂ ᠨᠢᠭᠡᠳᠦᠯᠲᠡᠢ | ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠪᠠ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠡᠭᠦᠷᠭᠡ ᠶᠢ ᠶᠠᠰᠤ ᠴᠢᠨᠠᠷ ᠪᠠ ᠲᠤᠭ᠎ᠠ | ᠬᠡᠮᠵᠢᠶ᠎ᠡ ᠶᠢ ᠪᠠᠲᠤᠯᠠᠨ ᠴᠠᠭ ᠲᠤᠬᠠᠢ ᠳᠤᠨᠢ ᠪᠡᠶᠡᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ | 4. ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠶᠢᠭᠠᠯᠢ ᠶᠢᠨ | ᠡᠬᠢ ᠪᠠᠶᠠᠯᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ | ᠣᠷᠣᠨ ᠪᠦᠰᠡ ᠶᠢᠨ ᠦᠨᠡᠯᠡᠨ ᠵᠢᠱᠢᠬᠦ ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠡᠯ᠎ᠡ ᠨᠡᠭᠡᠭᠡᠯᠲᠡ ᠶᠢᠨ | ᠣᠷᠣᠨ᠂ ᠵᠢᠱᠢᠶ᠎ᠡ ᠦᠵᠡᠭᠦᠯᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠨ ᠤ | ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ | ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠢᠨ᠎ᠡ ᠪᠠᠷ | ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠬᠠᠷᠢᠴᠠᠯ ᠢ | 30% ᠠᠴᠠ ᠳᠡᠭᠡᠭᠰᠢ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶᠡᠨ ᠤ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ︾ ᠶᠢᠨ ᠦᠢᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠪᠥᠬᠦ ᠲᠠᠯ᠎ᠠ ᠪᠠᠷ ᠠᠬᠢᠭᠤᠯᠤᠨ᠂ ᠨᠠᠮ ᠵᠠᠰᠠᠭ ᠤᠨ | ᠪᠠᠶᠢᠭᠤᠯᠣᠯᠭ᠎ᠠ ᠶᠢᠨ ᠬᠡᠷᠡᠭᠯᠡᠬᠦ ᠭᠠᠵᠠᠷ ᠢ ᠳᠡᠩᠰᠡᠯᠡᠨ ᠲᠡᠮᠳᠡᠭᠯᠡᠬᠦ ᠠᠵᠢᠯ ᠢ ᠡᠬᠢᠯᠡᠭᠦᠯᠦᠨ᠎ᠡ᠃ ᠠᠯᠠᠱᠠ ᠵᠡᠭᠦᠨ | ᠬᠤᠰᠢᠭᠤ᠂ ᠠᠯᠠᠱᠠ ᠪᠠᠷᠠᠭᠤᠨ ᠬᠤᠰᠢᠭᠤᠨ ᠤ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢ ᠨᠤᠲᠠᠯᠠᠨ | ᠳᠡᠩᠰᠡᠯᠡᠵᠦ ᠰᠢᠨᠡᠳᠬᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠦᠨ᠎ᠡ᠃ ᠣᠶ ᠮᠣᠳᠣᠨ ᠤ ᠡᠷᠬᠡ᠂ ᠳᠠᠭᠠᠭᠠᠴᠢᠯᠠᠨ ᠡᠵᠡᠩᠨᠡᠬᠦ ᠡᠷᠬᠡ ᠶᠢᠨ ᠮᠠᠲ᠋ᠧᠷᠢᠶᠠᠯ ᠢ ᠰᠢᠯᠵᠢᠭᠦᠯᠦᠨ | ᠲᠤᠰᠢᠶᠠᠬᠤ ᠪᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃ | ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠵᠥᠪᠰᠢᠶᠡᠷᠡᠬᠦ ᠵᠦᠢᠯᠡᠰ ᠲᠠᠢ | ᠤᠶᠠᠯᠳᠤᠭᠤᠯᠤᠨ᠂ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠶᠢ ᠲᠦᠷᠭᠡᠬᠡᠨ ᠡᠮᠬᠢᠯᠡᠨ | ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠳᠠᠬᠢᠨ ᠵᠣᠬᠢᠶᠠᠵᠤ᠂ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ᠃ | |