ᠡᠭᠦᠷᠭᠡ ᠴᠢᠳᠠᠪᠤᠷᠢ ᠪᠠᠨ ᠪᠠᠳᠠᠷᠠᠭᠤᠯᠵᠤ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠡᠯᠧᠮᠧᠨ᠋ᠲ ᠤᠨ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2023/5/9
    — ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠣᠣ ᠢᠦᠶ ᠱᠠᠨ ᠢ ᠰᠣᠷᠪᠣᠯᠵᠢᠯᠠᠭᠰᠠᠨ ᠨᠢ    ︽ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠨ᠎ᠡ︔ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢ ᠰᠡᠷᠭᠦᠭᠡᠬᠦ ᠳᠤ ᠬᠦᠴᠦᠨ ᠨᠡᠮᠡᠷᠢᠯᠡᠨ᠎ᠡ︔ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠵᠦᠢᠯ ᠤᠨ ᠪᠠᠲᠤᠯᠠᠭ᠎ᠠ ᠬᠠᠩᠭᠠᠨ᠎ᠠ  ᠃︾ ᠲᠦᠷᠦᠭᠦᠬᠡᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠣᠣ ᠢᠦᠶ ᠱᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠶᠣᠣ  ᠢᠦᠶ  ᠱᠠᠨ᠂ ᠡᠨᠡ ᠵᠢᠯ ᠳᠥᠷᠪᠡᠨ ᠲᠠᠯ᠎ᠠ  ᠶᠢᠨ ᠠᠵᠢᠯ  ᠢ ᠭᠤᠤᠯᠳᠠᠯᠭ᠎ᠠ  ᠲᠠᠢ ᠰᠠᠶᠢᠲᠤᠷ ᠬᠢᠨ᠎ᠠ ᠭᠡᠪᠡ᠃    1. ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠢᠳᠡᠪᠬᠢᠲᠡᠶ ᠠᠬᠢᠭᠤᠯᠤᠨ᠎ᠠ᠃ ︽ᠲᠥᠷᠥᠯ ᠵᠦᠢᠯ ᠨᠢ ᠲᠥᠯᠥᠪᠵᠢᠭᠦᠯᠭᠡ ᠶᠢ ᠳᠠᠭᠠᠵᠤ᠂ ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠶᠢ ᠪᠠᠷᠢᠮᠲᠠᠯᠠᠨ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠤᠨ᠎ᠠ᠃ ᠡᠨᠧᠷᠭᠢ ᠶᠢᠨ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠵᠦ᠂ ᠲᠥᠷᠥᠯ ᠵᠦᠢᠯ ᠤᠨ ᠭᠠᠵᠠᠷ ᠰᠣᠩᠭᠤᠬᠤ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠥᠲᠥᠯᠦᠨ ᠵᠢᠯᠣᠭᠤᠳᠴᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠳᠤ ᠲᠣᠭᠲᠠᠭᠠᠭᠰᠠᠨ ᠠᠶᠢᠯ ᠲᠣᠰᠬᠤᠨ ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠤᠰᠤ ᠡᠯ᠎ᠡ ᠲᠥᠷᠥᠯ ᠤᠨ ᠭᠠᠵᠠᠷ ᠰᠢᠷᠣᠶ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠵᠢᠷᠤᠮᠵᠢᠭᠤᠯᠤᠨ᠂ ᠬᠥᠲᠥᠯᠥᠨ ᠵᠢᠯᠣᠭᠤᠳᠴᠤ᠂ ᠳᠡᠮᠵᠢᠬᠦ ᠪᠠ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠶ ᠬᠦᠴᠦᠨ ᠨᠡᠮᠡᠷᠢᠯᠡᠨ᠎ᠡ᠃ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠬᠡᠷᠡᠭᠴᠡᠭᠡ ᠶᠢᠨ ᠵᠠᠳᠠᠯᠤᠯᠲᠠ ᠶᠢ ᠴᠢᠩᠭᠠᠳᠬᠠᠵᠤ᠂ ᠭᠠᠵᠠᠷ ᠰᠢᠷᠣᠶ ᠬᠡᠷᠡᠭᠯᠡᠬᠦ ᠬᠠᠩᠭᠠᠯᠭ᠎ᠠ ᠶᠢ ᠰᠢᠨᠵᠢᠯᠡᠬᠦ ᠤᠬᠠᠭᠠᠨᠴᠢ ᠪᠠᠷ ᠪᠠᠲᠤᠯᠠᠵᠤ᠂ ᠬᠠᠭᠤᠴᠢᠨ ᠬᠤᠲᠠ ᠶᠢ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠬᠢᠬᠦ ᠳᠤ ᠬᠡᠷᠡᠭᠯᠡᠬᠦ ᠭᠠᠵᠠᠷ ᠢ ᠭᠤᠤᠯᠳᠠᠯᠭ᠎ᠠ ᠲᠠᠢ ᠳᠡᠮᠵᠢᠵᠦ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠵᠢᠷᠤᠮᠵᠢᠭᠤᠯᠵᠤ᠂ ᠬᠠᠩᠭᠠᠯᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠰᠠᠶᠢᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠤᠨ᠎ᠠ᠃     2. ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠢ ᠬᠠᠶᠢᠵᠤ ᠪᠠᠷᠢᠮᠵᠢᠶ᠎ᠠ ᠶᠢ ᠲᠣᠭᠲᠠᠭᠠᠬᠤ ᠠᠵᠢᠯ ᠢ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠶᠢᠮᠠᠭ ᠂ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ᠂ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠤᠮᠤ ︵ᠪᠠᠯᠭᠠᠰᠤ︶ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠴᠠᠭ ᠲᠤᠬᠠᠶ ᠳᠤᠨᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 2023 ᠣᠨ ᠳᠤ ᠵᠠᠳᠠᠭᠠᠶ ᠠᠭᠤᠷᠬᠠᠶ ᠶᠢᠨ ᠲᠠᠯᠠᠪᠠᠶ ᠶᠢ 6.3 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠵᠠᠰᠠᠬᠤ ᠶᠢ ᠦᠨᠡᠨᠬᠦ ᠪᠠᠲᠤᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ ᠲᠤᠰᠬᠠᠢ ᠠᠵᠢᠯᠯᠠᠭ᠎ᠠ ᠶᠢᠨ ᠲᠥᠰᠦᠯ ᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ ᠨᠠᠶᠢᠳᠠᠪᠤᠷᠢᠵᠢᠭᠤᠯᠤᠨ᠂ 2023 ᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ 0.9 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠶᠢ ᠪᠠᠲᠤᠯᠠᠨ᠎ᠠ᠃ ᠬᠤᠰᠢᠭᠤ ᠣᠷᠣᠨ᠂ ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠭᠤᠷᠬᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠣᠬᠢᠷᠠᠭᠤᠯᠤᠭᠰᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠪᠣᠬᠢᠷᠲᠤᠯ ᠥᠬᠡᠶ ᠠᠭᠤᠷᠬᠠᠶ ᠶᠢᠨ ︽ᠪᠤᠴᠠᠵᠤ ᠪᠠᠶᠢᠴᠠᠭᠠᠨ ᠦᠵᠡᠬᠦ︾ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃     3. ᠠᠷᠪᠢᠲᠠᠢ ᠡᠷᠴᠢᠮᠯᠢᠭ ᠠᠰᠢᠭᠯᠠᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠬᠦᠯᠦᠨ᠎ᠡ᠃ ᠤᠮᠠᠷᠠᠲᠤ ᠶᠢᠨ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠭᠰᠠᠨ ᠭᠠᠵᠠᠷ ᠰᠢᠨᠵᠢᠯᠡᠭᠡᠨ ᠤ ᠠᠭᠤᠷᠬᠠᠶ ᠡᠷᠢᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠠᠶᠢᠮᠠᠭ ᠤᠨ ᠬᠤᠶᠢᠲᠤ ᠠᠭᠤᠯᠠ ᠶᠢᠨ ᠡᠷᠦᠳᠡᠰᠦ ᠶᠢᠨ ᠪᠦᠰᠡ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠬᠦ᠂ ᠬᠠᠶᠢᠨ ᠪᠠᠶᠢᠴᠠᠭᠠᠬᠤ᠂ ᠬᠦᠴᠦᠨ ᠢ ᠵᠣᠬᠢᠶᠠᠨ ᠪᠠᠶᠢᠭᠤᠯᠬᠤ᠂ ᠪᠠᠶᠢᠳᠠᠯ ᠢ ᠶᠡᠷᠦᠩᠬᠡᠶᠢᠯᠡᠬᠦ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠠᠭᠤᠷᠬᠠᠶ ᠡᠷᠢᠬᠦ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠦᠭᠡᠶ ᠬᠠᠶᠢᠨ ᠪᠠᠶᠢᠴᠠᠭᠠᠬᠤ᠂ ᠪᠣᠬᠢᠷᠲᠤᠯ ᠦᠭᠡᠶ ᠪᠠᠷ ᠨᠡᠭᠡᠭᠡᠨ ᠬᠥᠭᠵᠢᠭᠦᠯᠬᠦ ᠶᠢ ᠶᠡᠬᠡᠪᠡᠷ ᠰᠠᠨᠠᠭᠠᠴᠢᠯᠠᠨ᠂ ᠠᠭᠤᠷᠬᠠᠶ ᠬᠠᠶᠢᠬᠤ ᠡᠷᠬᠡᠲᠦ ᠬᠥᠮᠦᠨ ᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠠᠬᠢᠴᠠ ᠶᠢ ᠲᠦᠷᠭᠡᠳᠬᠡᠨ᠂ ᠳᠠᠷᠤᠭᠳᠠᠵᠤ ᠪᠠᠶᠢᠭ᠎ᠠ ᠠᠭᠤᠷᠬᠠᠶ ᠶᠢᠨ ᠦᠢᠯᠡᠰ ᠤᠨ ᠡᠷᠬᠡ ᠶᠢ ᠠᠯᠢ ᠲᠦᠷᠭᠡᠨ ᠢᠶᠠᠷ ᠦᠷ᠎ᠡ ᠠᠰᠢᠭ ᠭᠠᠷᠭᠠᠯᠭᠠᠬᠤ ᠬᠡᠷᠡᠭᠲᠡᠶ᠃ ᠠᠭᠤᠷᠬᠠᠶ ᠶᠢ ᠡᠮᠬᠢᠯᠡᠨ ᠨᠡᠶᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠨᠢ ᠬᠤᠴᠣᠷᠤᠩᠭᠤᠶ᠂ ᠡᠬᠢ ᠪᠠᠶᠠᠯᠢᠭ ᠢ ᠪᠦᠷᠢᠯᠭᠡᠬᠦ ᠪᠠ ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ ᠠᠭᠤᠷᠬᠠᠶ ᠶᠢ ᠠᠯᠬᠤᠮ ᠠᠯᠬᠤᠮ ᠢᠶᠠᠷ ᠬᠠᠭᠠᠵᠤ ᠵᠣᠭᠰᠣᠭᠠᠵᠤ᠂ 2023 ᠣᠨ ᠤ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠢᠯᠡ ᠨᠡᠶᠢᠲᠡᠯᠡᠭᠰᠡᠨ ᠮᠡᠳᠡᠭᠡ ᠵᠠᠩᠭᠢ ᠶᠢᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠠᠭᠤᠷᠬᠠᠶ ᠶᠢᠨ ᠠᠵᠤ ᠠᠬᠤᠶᠢᠯᠠᠯ ᠤᠨ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ︽ᠭᠤᠷᠪᠠᠨ ᠨᠣᠷᠮ᠎ᠠ︾ ᠶᠢᠨ ᠬᠦᠢᠴᠡᠳᠭᠡᠯ ᠲᠤᠭ᠎ᠠ᠂ ᠬᠠᠳᠠᠭᠠᠯᠠᠭᠳᠠᠴᠠ ᠶᠢ ᠬᠥᠳᠡᠯᠭᠡᠨ ᠬᠡᠷᠡᠭᠯᠡᠭᠰᠡᠨ ᠪᠠᠶᠢᠳᠠᠯ ᠢ ᠰᠤᠭᠤᠴᠢᠨ ᠪᠠᠶᠢᠴᠠᠭᠠᠬᠤ ᠶᠢ ᠴᠢᠩᠭᠠᠷᠠᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠨ ᠭᠠᠮᠨᠠᠵᠤ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠱᠠᠯᠠᠪᠳᠠᠭᠤᠯᠣᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠳᠠᠩᠰᠠᠯᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠪᠦᠷᠢᠳᠬᠡᠬᠦ᠂ ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠭᠰᠠᠨ ᠠᠰᠢᠭ ᠣᠯᠵᠠᠪᠤᠷᠢ ᠶᠢ ᠦᠨᠡᠯᠡᠨ ᠵᠢᠱᠢᠵᠦ ᠬᠤᠷᠢᠶᠠᠵᠤ ᠲᠤᠰᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠦᠨᠡᠨᠬᠦ ᠵᠢᠷᠣᠮᠵᠢᠭᠤᠯᠣᠨ᠎ᠠ᠃ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠲᠦᠢᠯᠪᠤᠷᠢᠲᠠᠢ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠳᠠᠯᠤᠨ ᠰᠤᠳᠤᠯᠵᠤ ᠮᠠᠭᠠᠳᠯᠠᠬᠤ᠂ ᠮᠥᠷᠳᠡᠨ ᠬᠢᠨᠠᠨ ᠵᠢᠯᠣᠭᠤᠳᠬᠤ᠂ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠢ ᠳᠤᠨᠢ ᠪᠡᠶᠡᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃      4. ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠣᠷᠣᠨ ᠪᠦᠰᠡ ᠶᠢᠨ ᠦᠨᠡᠯᠡᠨ ᠵᠢᠱᠢᠬᠦ ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠬᠠᠷᠢᠴᠠᠯ ᠢ 30% ᠠᠴᠠ ᠳᠡᠭᠡᠭᠰᠢ ᠳᠤ ᠬᠦᠷᠭᠡᠬᠦ ᠶᠢ ᠦᠨᠡᠨᠬᠦ ᠪᠠᠲᠤᠯᠠᠨ᠎ᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶᠡᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠦᠢᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠪᠥᠬᠦ ᠲᠠᠯ᠎ᠠ ᠪᠠᠷ ᠠᠬᠢᠭᠤᠯᠤᠨ᠂ ᠨᠠᠮ ᠵᠠᠰᠠᠭ ᠤᠨ ᠪᠠᠶᠢᠭᠤᠯᠣᠯᠭ᠎ᠠ ᠶᠢᠨ ᠬᠡᠷᠡᠭᠯᠡᠬᠦ ᠭᠠᠵᠠᠷ ᠢ ᠳᠡᠩᠰᠡᠯᠡᠨ ᠲᠡᠮᠳᠡᠭᠯᠡᠬᠦ ᠠᠵᠢᠯ ᠢ ᠡᠬᠢᠯᠡᠭᠦᠯᠦᠨ᠎ᠡ᠃ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠰᠢᠨᠡᠳᠬᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠣᠶ ᠮᠣᠳᠣᠨ ᠤ ᠡᠷᠬᠡ᠂ ᠳᠠᠭᠠᠭᠠᠴᠢᠯᠠᠨ ᠡᠵᠡᠩᠨᠡᠬᠦ ᠡᠷᠬᠡ ᠶᠢᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ ᠪᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠵᠥᠪᠰᠢᠶᠡᠷᠡᠬᠦ ᠵᠦᠢᠯᠡᠰ ᠲᠠᠢ ᠤᠶᠠᠯᠳᠤᠭᠤᠯᠤᠨ᠂ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠶᠢ ᠲᠦᠷᠭᠡᠬᠡᠨ ᠡᠮᠬᠢᠯᠡᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠳᠠᠬᠢᠨ ᠵᠣᠬᠢᠶᠠᠵᠤ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号