ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/6/12
    6 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ᠂ ᠸᠠᠩ ᠯᠢ ᠰᠢᠶᠠ᠂ ᠵᠠᠩ ᠶᠠᠨ ᠺᠦᠨ ᠨᠠᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠯᠭ᠎ᠠ ᠶᠢᠨ ᠲᠤᠬᠠᠢ ᠣᠯᠣᠯᠲᠠ ᠲᠥᠷᠥᠭᠳᠡᠯ ᠢᠶᠠᠨ ᠶᠠᠷᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠢ ᠪᠤᠳᠤᠯ ᠢᠶᠠᠨ ᠶᠠᠷᠢᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ  ᠰᠢ ᠶᠢᠨ ᠫᠢᠩ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ 2400 ᠭᠠᠷᠤᠢ ᠲᠦᠮᠡᠨ ᠠᠷᠠᠳ ᠲᠦᠮᠡᠨ ᠢ ᠭᠦᠨ᠎ᠡ ᠬᠠᠶᠢᠷᠠᠯᠠᠨ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠬᠥᠮᠥᠰ ᠢ ᠶᠡᠬᠡᠳᠡ ᠵᠣᠷᠢᠭᠵᠢᠭᠤᠯᠵᠤ᠂ ᠲᠤᠶᠢᠯ ᠢᠶᠠᠷ ᠤᠷᠮᠠᠰᠢᠭᠤᠯᠪᠠ ᠭᠡᠵᠦ ᠰᠠᠨᠠᠯ ᠨᠢᠭᠡᠲᠡᠢ ᠦᠵᠡᠵᠡᠭᠡᠪᠡ᠃ ᠤᠯᠠᠨ ᠢᠶᠠᠷ ᠢᠶᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠦᠭᠦᠯᠡᠨ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ  ᠬᠦᠰᠡᠯ ᠨᠠᠶᠢᠳᠠᠯᠭ᠎ᠠ ᠶᠢ ᠠᠵᠢᠯ ᠬᠢᠵᠦ ᠦᠢᠯᠡᠰ ᠪᠣᠰᠬᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠬᠤ ᠡᠭᠢᠯᠡᠯᠲᠡ ᠶᠢᠨ ᠵᠢᠯ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠵᠠᠩᠭᠢᠯᠠᠭ᠎ᠠ ᠶᠢᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠪᠦᠬᠦᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠂ ᠡᠨᠡ ᠪᠣᠯ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ  ᠳᠤᠮᠳᠠᠬᠢ ᠲᠣᠮᠣ  ᠶᠠᠪᠤᠳᠠᠯ ᠮᠥᠨ᠂ ᠪᠠᠰᠠ ᠴᠤ ᠥᠪᠥᠷ ᠮᠣᠩᠭᠤᠯ ᠤᠨ ᠬᠥᠭᠵᠢᠯᠲᠡ ᠶᠢᠨ ᠠᠬᠢᠴᠠ ᠳᠤᠮᠳᠠᠬᠢ  ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠲᠣᠮᠣ  ᠶᠠᠪᠤᠳᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠨᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ︽ᠲᠠᠪᠤᠨ ᠶᠡᠭᠡ ᠡᠭᠦᠷᠭᠡ︾ ᠶᠢ  ᠨᠠᠶᠢᠳᠠᠪᠤᠷᠢᠵᠢᠭᠤᠯᠬᠤ  ᠪᠠ  ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠤᠬᠠᠢ ᠨᠤᠲᠠᠯᠠᠵᠤ᠂ ᠪᠢᠳᠡᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠪᠠ ᠠᠷᠭ᠎ᠠ ᠵᠠᠮ ᠢ ᠤᠯᠠᠮ ᠲᠣᠳᠣᠷᠬᠠᠢ ᠵᠢᠭᠠᠨ ᠥᠭᠴᠦ᠂  ᠪᠦᠭᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠬᠥᠪᠴᠢᠯᠡᠵᠦ᠂ ᠪᠢᠳᠡᠨ ᠤ ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠤᠯᠭᠠᠵᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠪᠦᠭᠦ ᠲᠠᠯ᠎ᠠ ᠶᠢᠨ ᠣᠳᠣᠬᠢᠴᠢᠯᠠᠯᠲᠠ ᠶᠢ ᠠᠬᠢᠭᠤᠯᠬᠤ ᠡᠷᠡᠰ ᠵᠣᠷᠢᠭ ᠢ ᠨᠠᠩ ᠪᠠᠲᠤᠳᠬᠠᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠤᠯᠤᠰ ᠲᠥᠷᠥ ᠶᠢᠨ᠂ ᠪᠠᠶᠢᠯᠳᠤᠬᠤ ᠪᠣᠳᠣᠯᠭ᠎ᠠ ᠶᠢᠨ᠂ ᠪᠦᠭᠦ ᠲᠠᠯ᠎ᠠ ᠶᠢᠨ ᠥᠨᠳᠥᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠭᠦᠨᠵᠡᠭᠡᠢ ᠣᠶᠢᠯᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠯ᠎ᠡ ᠵᠦᠢᠯ ᠤᠨ ᠠᠵᠢᠯ ᠢᠶᠠᠨ ᠨᠠᠩ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠭᠦ ᠲᠠᠯ᠎ᠠ ᠠᠴᠠ ᠪᠢᠳᠡᠨ ᠳᠤ ᠴᠢᠭᠯᠡᠯ᠂ ᠠᠷᠭ᠎ᠠ ᠵᠠᠮ ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠪᠠᠰᠠ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ ᠪᠢᠳᠡᠨ ᠳᠤ ᠡᠭᠦᠷᠭᠡ ᠲᠤᠰᠢᠶᠠᠨ ᠥᠭᠴᠦ᠂ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠨᠤᠲᠠᠯᠠᠯᠲᠠ ᠵᠣᠷᠢᠭᠵᠢᠭᠤᠯᠤᠯ ᠪᠣᠯᠣᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠠᠶᠠᠨ ᠳᠠᠭᠠᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠯᠲᠠ ᠶᠢᠨ ᠨᠢᠭᠡᠨ ᠵᠤᠷᠪᠤᠰ ᠵᠠᠮ ᠢ ᠴᠢᠷᠮᠠᠶᠢᠨ ᠨᠡᠭᠡᠭᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢᠨ︽ᠳᠥᠷᠪᠡᠨ ᠣᠯᠠᠨ ᠳᠥᠷᠪᠡᠨ ᠴᠥᠭᠡᠨ︾ ᠪᠠᠶᠢᠳᠠᠯ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠭᠠᠷ ᠲᠠᠮᠵᠢᠪᠠᠴᠤ ᠠᠰᠢᠭ ᠭᠦᠷᠲᠡᠭᠦ ᠦᠭᠡᠢ︾ᠠᠰᠠᠭᠤᠳᠠᠯ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠤᠯᠠᠮ ᠲᠡᠭᠦᠯᠳᠡᠷᠵᠢᠭᠦᠯᠦᠨ ᠬᠤᠪᠢᠷᠠᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠᠷ ᠭᠠᠷᠳᠠᠴᠠ ᠪᠣᠯᠭᠠᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠣᠯᠠᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠢ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ᠂ ᠢᠯᠠᠩᠭᠤᠶ᠎ᠠ ᠰᠤᠷᠤᠯᠴᠠᠯᠭ᠎ᠠ  ᠪᠠᠷ ᠰᠤᠷᠲᠠᠯ ᠢ ᠲᠥᠪ ᠪᠤᠯᠭᠠᠬᠤ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠭᠢᠮᠯᠡᠭᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠶ ᠪᠤᠯᠭᠠᠵᠤ᠂ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠪᠣᠳᠠᠲᠤ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ ᠲᠥᠪ ᠤᠨ ᠵᠢᠯᠤᠭᠤᠳᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ ᠭᠤᠣᠯ ᠰᠡᠳᠦᠪᠲᠦ ᠬᠥᠮᠦᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠬᠤᠷᠠᠯ ᠠᠴᠠ᠂ ᠥᠪᠥᠷ ᠮᠣᠩᠭᠤᠯ ᠤᠮᠠᠷᠠᠲᠤ ᠶᠢᠨ ᠭᠤᠷᠪᠠᠨ ᠣᠷᠣᠨ ᠢ ᠰᠤᠨᠳᠠᠯᠠᠵᠤ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠹᠷᠣᠨᠲ ᠤᠷᠳᠤ᠂ ᠡᠭᠦᠷᠭᠡ ᠬᠦᠨᠳᠦ ᠪᠠᠶᠢᠨ᠎ᠠ᠂ ᠡᠷᠬᠡᠪᠰᠢ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠵᠡᠷᠭᠡ ᠠᠵᠢᠯ ᠢ ᠱᠠᠯᠠᠪᠳᠠᠨ ᠰᠠᠶᠢᠲᠤᠷ ᠬᠢᠬᠦ ᠬᠡᠷᠡᠭᠲᠡᠢ᠃ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠵᠤ᠂ ᠬᠠᠲᠤᠨ ᠭᠤᠣᠯ ᠤᠨ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠬᠤᠶᠠᠷ ᠶᠡᠭᠡ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠾᠧ ᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠬᠠᠮᠵᠢᠯᠴᠠᠬᠤ ᠬᠡᠷᠡᠭᠲᠡᠢ᠃ ᠠᠵᠤ ᠦᠢᠯᠡᠰ ᠪᠠ ᠬᠥᠮᠥᠨ ᠠᠮᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ ᠰᠢᠯᠢᠳᠡᠭᠵᠢᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠲᠠᠭᠤ ᠴᠢᠩᠭ᠎ᠠ ᠬᠢᠵᠠᠭᠠᠷᠯᠠᠯ ᠪᠤᠯᠭᠠᠵᠤ᠂ ︽ᠤᠰᠤᠨ ᠤ ᠬᠤᠷᠣᠭᠳᠠᠯ ᠢ ᠪᠠᠭᠤᠷᠠᠭᠤᠯᠬᠤ︾ ᠪᠠᠷ ᠬᠠᠷᠠᠯᠲᠠ ᠪᠤᠯᠭᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠪᠠᠷ ᠭᠠᠷᠳᠠᠴᠠ ᠪᠤᠯᠭᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠯᠢ ᠲᠦᠷᠭᠡᠨ ᠢᠶᠠᠷ ᠦᠷ᠎ᠡ ᠪᠦᠳᠤᠮᠵᠢ ᠣᠯᠬᠤ ᠬᠡᠷᠡᠭᠲᠡᠢ᠃ ᠰᠢᠰᠲ᠋ᠧᠮ ᠲᠠᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠭᠠᠵᠠᠷ ᠣᠷᠣᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠪᠦᠲᠦᠮᠵᠢᠲᠡᠢ ᠵᠠᠰᠠᠯᠲᠠ ᠶᠢᠨ ᠵᠠᠭᠪᠤᠷ ᠢ ᠶᠡᠭᠡ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠪᠣᠯᠣᠨ ᠨᠠᠩ ᠣᠯᠠᠨ ᠠᠷᠠᠳ ᠤᠨ ᠬᠥᠷᠥᠩᠭᠡ ᠶᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠣᠷᠣᠨ ᠳᠠᠶᠠᠭᠠᠷ ᠤᠨ ᠲᠡᠷᠢᠭᠦᠨ ᠴᠢᠬᠤᠯᠠ ᠶᠡᠭᠡ ᠶᠠᠪᠤᠳᠠᠯ ᠪᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠪᠠᠲᠤᠲᠠᠢ ᠦᠢᠯᠡᠳᠦᠯᠭᠡᠵᠢᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠳᠡᠯᠭᠡᠷ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠣᠷᠢᠭᠤᠯᠤᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠪᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠦᠨᠡᠨ ᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠷᠢ ᠪᠠ ᠨᠠᠮ ᠤᠨ ᠭᠡᠰᠢᠭᠦᠨ ᠺᠠᠳ᠋ᠷ ᠪᠦᠷᠢ ᠳᠤ ᠳᠠᠮᠵᠢᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠪᠦᠷᠢ ᠳᠤ ᠳᠠᠮᠵᠢᠭᠤᠯᠵᠤ᠂ ᠨᠡᠶᠢᠭᠡᠮ ᠳᠠᠶᠠᠭᠠᠷ ᠲᠤ ᠰᠤᠷᠤᠯᠴᠠᠨ ᠲᠤᠭᠤᠰᠢᠯᠠᠭᠤᠯᠬᠤ ᠶᠢ ᠶᠡᠭᠡ ᠪᠠᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠮᠵᠢ ᠠᠷᠭ᠎ᠠ ᠠᠪᠴᠠᠯ ᠢ ᠭᠦᠨᠵᠡᠭᠡᠢ ᠲᠥᠯᠥᠪᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠳᠠᠷᠤᠢ ᠲᠦᠷᠭᠡᠨ ᠬᠥᠳᠡᠯᠦᠯᠴᠡᠵᠦ᠂ ᠠᠵᠢᠯ ᠢᠶᠠᠨ ᠡᠬᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠠᠴᠠ ᠪᠠᠶᠢᠷᠢ ᠲᠣᠭᠲᠠᠭᠠᠯᠲᠠ ᠡᠷᠢᠵᠦ᠂ ᠡᠭᠦᠷᠭᠡ ᠡᠷᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠢᠯ ᠤᠨ ᠪᠣᠳᠠᠲᠤ ᠠᠮᠵᠢᠯᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠳᠤ ᠳᠠᠩᠰᠠ ᠮᠡᠳᠡᠭᠦᠯᠦᠨ ᠰᠢᠯᠭᠠᠯᠲᠠ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号