ᠨᠢᠭᠡ᠂ ᠶᠡᠷᠦᠩᠬᠡᠢ ᠳᠦᠷᠢᠮ | 1 . 1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠡᠷᠡᠭ ᠵᠢᠴᠢ ᠲᠡᠭᠦᠨ ᠤ ᠬᠤᠣᠷ | ᠬᠥᠨᠥᠭᠡᠯ ᠢ ᠪᠦᠲᠦᠮᠵᠢᠲᠡᠶ ᠰᠡᠷᠭᠡᠶᠢᠯᠡᠬᠦ᠂ ᠴᠠᠭ ᠲᠤᠬᠠᠶ ᠳᠤᠨᠢ ᠬᠢᠵᠠᠭᠠᠷᠯᠠᠬᠤ ᠪᠠ ᠠᠷᠢᠯᠭᠠᠵᠤ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠯ᠎ᠡ | ᠲᠥᠷᠥᠯ ᠤᠨ ᠠᠵᠢᠯ ᠢ ᠵᠢᠯᠣᠭᠤᠳᠤᠨ ᠵᠢᠷᠤᠮᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ | ᠡᠭᠦᠰᠬᠦ ᠬᠡᠷᠡᠭ ᠤᠨ ᠣᠯᠠᠨ ᠨᠡᠶᠢᠲᠡ ᠶᠢᠨ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠂ ᠣᠯᠠᠨ ᠨᠡᠶᠢᠲᠡ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ | ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ᠂ | ᠵᠣᠬᠢᠴᠠᠩᠭᠤᠶ᠂ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | 1 . 2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ | ᠬᠢᠵᠢᠭ ᠢ ᠪᠠᠶᠢᠴᠠᠭᠠᠬᠤ ᠬᠠᠤᠯᠢ︾ ︽ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ︾ ︽ᠤᠯᠤᠰ ᠤᠨ ᠳᠣᠲᠣᠭᠠᠳᠤ ᠶᠢᠨ ᠵᠠᠮ ᠬᠠᠷᠢᠯᠴᠠᠭᠠᠨ ᠤ | ᠡᠷᠡᠭᠦᠯ ᠬᠠᠮᠠᠭᠠᠯᠠᠯ ᠬᠢᠵᠢᠭ ᠢ ᠪᠠᠶᠢᠴᠠᠭᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠠᠷᠭ᠎ᠠ︾ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ | ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠪᠡᠯᠡᠳᠭᠡᠯ ᠳᠦᠰᠦᠯ ᠢ ᠦᠨᠳᠦᠰᠦᠯᠡᠨ᠂ ᠳᠣᠰ ᠪᠡᠯᠡᠳᠬᠡᠯ ᠳᠦᠰᠦᠯ ᠢ ᠳᠣᠭᠳᠠᠭᠠᠪᠠ᠃ | 1 . 3 ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠳᠡᠰ ᠬᠤᠪᠢᠶᠠᠬᠤ | ︽ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠ᠊ ᠯ ᠤᠨ ᠭᠡᠨᠡᠳᠲᠡ | ᠶᠢᠨ ᠬᠡᠷᠡᠭ ᠢ ᠰᠢᠨᠵᠢ ᠴᠢᠨᠠᠷ᠂ ᠬᠥᠨᠥᠭᠡᠯ ᠤᠨ ᠬᠡᠮᠵᠢᠶ᠎ᠡ ᠪᠣᠯᠤᠨ ᠬᠤᠯᠪᠣᠭᠳᠠᠬᠤ ᠬᠡᠪᠴᠢᠶ᠎ᠡ ᠶᠢ ᠨᠢ | ᠦᠨᠳᠦᠰᠦᠯᠡᠨ ᠣᠨᠴᠠ ᠬᠦᠨᠳᠦ ᠶᠡᠭᠡ ︵ᠳᠡᠰ︶᠂ ᠬᠦᠨᠳᠦ ᠶᠡᠭᠡ ︵ᠳᠡᠰ︶᠂ ᠨᠡᠯᠢᠶᠡᠳ ᠶᠡᠭᠡ ︵ᠳᠡᠰ︶ ᠪᠠ ᠡᠩ | ᠤᠨ ︵ᠳᠡᠰ︶ ᠳᠥᠷᠪᠡᠨ ᠳᠡᠰ ᠬᠤᠪᠢᠶᠠᠨ᠎ᠠ᠃ | 1 . 3 . 1 ᠣᠨᠴᠠ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠨᠴᠠ | ᠬᠦᠨᠳᠦ ᠶᠡᠭᠡ ᠭᠡᠨᠡᠳᠲᠡ ᠶᠢᠨ ᠬᠡᠷᠡᠭ ᠪᠣᠯᠤᠨ᠎ᠠ᠄ | ︵1︶ ᠠᠭᠤᠰᠬᠢᠨ ᠤ ᠬᠤᠯᠤᠭᠠᠨ᠎ᠠ ᠶᠢᠨ ᠬᠢᠵᠢᠭ᠂ ᠠᠭᠤᠰᠬᠢᠨ ᠤ ᠪᠣᠭᠤᠮ᠎ᠠ ᠡᠪᠡᠳᠴᠢᠨ ᠠᠶᠢᠮᠠᠭ᠂ | ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠬᠤᠲᠠ ᠪᠠᠯᠭᠠᠰᠤᠨ ᠳᠤ ᠡᠭᠦᠰᠴᠦ ᠲᠠᠷᠬᠠᠬᠤ | ᠬᠠᠨᠳᠤᠰᠢ ᠲᠠᠢ ᠪᠤᠶᠤ ᠠᠭᠤᠰᠬᠢᠨ ᠤ ᠬᠤᠯᠤᠭᠠᠨ᠎ᠠ ᠶᠢᠨ ᠬᠢᠵᠢᠭ᠂ ᠠᠭᠤᠰᠬᠢᠨ ᠤ ᠪᠣᠭᠤᠮ᠎ᠠ ᠬᠢᠵᠢᠭ ᠪᠦᠬᠦ ᠠᠶᠢᠮᠠᠭ | ᠵᠢᠴᠢ ᠬᠥᠷᠰᠢ ᠵᠡᠷᠭᠡᠯᠡᠳᠡᠭᠡ ᠠᠶᠢᠮᠠᠭ ᠬᠤᠲᠠ ᠶᠢ ᠨᠥᠯᠥᠭᠡᠯᠡᠬᠦ ᠶᠢᠨ ᠬᠠᠮᠲᠤ ᠤᠯᠠᠮ ᠨᠢᠭᠡ ᠠᠯᠬᠤᠮ ᠲᠠᠷᠬᠠᠬᠤ | ᠬᠠᠨᠳᠤᠰᠢ ᠲᠠᠢ ᠪᠠᠶᠢᠬᠤ᠃ | ︵2︶ ᠬᠠᠯᠳᠠᠪᠤᠷᠢᠲᠤ ᠴᠢᠨᠠᠷᠲᠠᠢ ᠰᠠᠷᠰ ᠡᠪᠡᠳᠴᠢᠨ᠂ ᠬᠥᠮᠦᠨ ᠳᠤ ᠬᠠᠯᠳᠠᠪᠤᠷᠢᠯᠠᠬᠤ ᠬᠦᠨᠳᠦ ᠲᠤᠰᠳᠠᠭ | ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠵᠢᠱᠢᠶ᠎ᠡ ᠭᠠᠷᠬᠤ ᠪᠥᠭᠡᠳ ᠳᠡᠯᠭᠡᠷᠡᠬᠦ ᠬᠠᠨᠳᠤᠰᠢ ᠲᠠᠢ᠃ | ︵3︶ ᠪᠦᠬᠦ ᠠᠶᠢᠮᠠᠭ ᠵᠢᠴᠢ ᠪᠤᠰᠤᠳ ᠭᠠᠵᠠᠷ ᠣᠷᠣᠨ ᠳᠤ ᠬᠤᠯᠪᠣᠭᠳᠠᠭᠰᠠᠨ ᠬᠠᠮᠳᠣ ᠣᠯᠠᠨ ᠢ ᠬᠠᠮᠣᠷᠣᠭᠰᠠᠨ | ᠰᠢᠯᠲᠠᠭᠠᠨ ᠨᠢ ᠲᠣᠳᠣᠷᠬᠠᠢ ᠦᠭᠡᠢ ᠡᠪᠡᠳᠴᠢᠨ ᠡᠮᠭᠡᠭ ᠲᠠᠢ ᠪᠥᠭᠡᠳ ᠲᠠᠷᠬᠠᠬᠤ ᠬᠠᠨᠳᠤᠰᠢ ᠲᠠᠢ᠃ | ︵4︶ ᠰᠢᠨ᠎ᠡ ᠬᠠᠯᠳᠠᠪᠤᠷᠢᠲᠤ ᠡᠪᠡᠳᠴᠢᠨ ᠡᠭᠦᠰᠦᠭᠰᠡᠨ ᠪᠤᠶᠤ ᠮᠠᠨ ᠤ ᠤᠯᠤᠰ ᠲᠤ ᠬᠠᠷᠠᠬᠠᠨ ᠣᠯᠵᠤ | ᠮᠡᠳᠡᠭᠡᠳᠦᠢ ᠬᠠᠯᠳᠠᠪᠤᠷᠢᠲᠤ ᠡᠪᠡᠳᠴᠢᠨ ᠡᠭᠦᠰᠦᠭᠰᠡᠨ᠂ ᠳᠡᠯᠭᠡᠷᠡᠭᠰᠡᠨ ᠪᠥᠭᠡᠳ ᠳᠡᠯᠭᠡᠷᠡᠬᠦ ᠬᠠᠨᠳᠤᠰᠢ ᠲᠠᠢ ᠪᠠᠶᠢᠬᠤ᠂ | ᠡᠰᠡᠬᠦᠯ᠎ᠡ ᠮᠠᠨ ᠤ ᠤᠯᠤᠰ ᠤᠨ ᠨᠢᠭᠡᠨᠲᠡ ᠤᠰᠠᠳᠤᠭᠰᠠᠨ ᠬᠠᠯᠳᠠᠪᠤᠷᠢᠲᠤ ᠡᠪᠡᠳᠴᠢᠨ ᠲᠠᠬᠢᠨ ᠳᠡᠯᠭᠡᠷᠡᠭᠰᠡᠨ ᠢ ᠣᠯᠵᠤ | ᠮᠡᠳᠡᠭᠰᠡᠨ᠃ | ︵5︶ ᠰᠢᠷᠦᠭᠦᠨ ᠴᠢᠨᠠᠷᠲᠠᠢ ᠡᠪᠡᠳᠴᠢᠨ ᠤ ᠪᠠᠺᠲ᠋ᠧᠷᠢ ᠶᠢᠨ ᠰᠠᠭᠤᠷᠢ᠂ ᠬᠤᠣᠷᠲᠤ ᠰᠠᠭᠤᠷᠢ᠂ ᠡᠪᠡᠳᠴᠢᠯᠡᠭᠦᠯᠬᠦ | ᠹᠠᠺᠲ᠋ᠤᠷ ᠵᠡᠷᠭᠡ ᠭᠡᠭᠡᠭᠳᠡᠭᠰᠡᠨ ᠬᠡᠷᠡᠭ᠃ | ︵6︶ ᠡᠷᠭᠢᠨ ᠲᠣᠭᠤᠷᠢᠨ ᠤ ᠭᠠᠵᠠᠷ ᠣᠷᠣᠨ ᠵᠢᠴᠢ ᠮᠠᠨ ᠤ ᠠᠶᠢᠮᠠᠭ ᠲᠠᠢ ᠵᠠᠬ᠎ᠠ ᠨᠡᠶᠢᠯᠡᠵᠦ ᠪᠠᠶᠢᠭ᠎ᠠ | ᠤᠯᠤᠰ ᠲᠤ ᠣᠨᠴᠠ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠭᠠᠷᠤᠭᠰᠠᠨ ᠪᠥᠭᠡᠳ ᠭᠠᠳᠠᠨ᠎ᠠ ᠠᠴᠠ | ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠭᠠᠷᠴᠤ᠂ ᠮᠠᠨ ᠤ ᠠᠶᠢᠮᠠᠭ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠢ ᠬᠦᠨᠳᠦ ᠨᠣᠴᠢᠲᠠᠶ ᠬᠤᠬᠢᠷᠠᠭᠤᠯᠤᠭᠰᠠᠨ ᠬᠡᠷᠡᠭ᠃ | ︵7︶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠪᠤᠰᠤᠳ ᠣᠨᠴᠠ ᠬᠦᠨᠳᠦ ᠶᠡᠭᠡ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠃ | 1 . 3 . 2 ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠣᠯᠤᠨ᠎ᠠ᠄ | ︵1︶ ᠨᠢᠭᠡ ᠬᠤᠰᠢᠭᠤᠨ ︵ᠣᠷᠣᠨ︶ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠨᠢᠭᠡ ᠳᠤᠮᠳᠠᠴᠢ | ᠨᠢᠭᠤᠭᠳᠠᠮᠠᠯ ᠬᠤᠭᠤᠴᠠᠭᠠᠨ ᠳᠤ ︵6 ᠡᠳᠦᠷ︶ 5 ᠠᠴᠠ ᠳᠡᠭᠡᠭᠰᠢ ᠠᠭᠤᠰᠬᠢᠨ ᠬᠤᠯᠤᠭᠠᠨ᠎ᠠ ᠶᠢᠨ ᠬᠢᠵᠢᠭ᠂ | ᠠᠭᠤᠰᠬᠢᠨ ᠪᠣᠭᠤᠮ᠎ᠠ ᠡᠪᠡᠳᠴᠢᠨ ᠤ ᠵᠢᠱᠢᠶ᠎ᠡ ᠭᠠᠷᠤᠭᠰᠠᠨ ᠪᠤᠶᠤ ᠬᠤᠯᠪᠣᠭᠳᠠᠬᠤ ᠬᠢᠵᠢᠭ ᠤᠨ ᠪᠠᠶᠢᠳᠠᠯ ᠨᠢ 2 ᠠᠴᠠ | ᠳᠡᠭᠡᠭᠰᠢ ᠬᠤᠰᠢᠭᠤ ︵ᠣᠷᠣᠨ︶ ᠢ ᠨᠥᠯᠥᠭᠡᠯᠡᠭᠰᠡᠨ᠃ | ︵2︶ ᠬᠠᠯᠳᠠᠪᠤᠷᠢᠲᠤ ᠴᠢᠨᠠᠷᠲᠠᠢ ᠰᠠᠷᠰ ᠡᠪᠡᠳᠴᠢᠨ᠂ ᠬᠥᠮᠦᠨ ᠳᠤ ᠬᠠᠯᠳᠠᠪᠤᠷᠢᠯᠠᠬᠤ ᠬᠦᠨᠳᠦ ᠲᠤᠰᠳᠠᠭ | ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠰᠡᠵᠢᠭᠯᠡᠯᠲᠡᠢ ᠡᠪᠡᠳᠴᠢᠨ ᠤ ᠵᠢᠱᠢᠶ᠎ᠡ ᠭᠠᠷᠤᠭᠰᠠᠨ᠃ | ︵3︶ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠳᠡᠯᠭᠡᠷᠡᠵᠦ᠂ ᠨᠢᠭᠡ ᠬᠤᠰᠢᠭᠤᠨ ︵ᠣᠷᠣᠨ︶ ᠤ ᠵᠠᠰᠠᠭ | ᠵᠠᠬᠢᠷᠭᠠᠨ ᠤ ᠣᠷᠣᠨ ᠤ ᠳᠣᠲᠣᠷ᠎ᠠ᠂ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ ᠣᠯᠠᠨ ᠭᠠᠵᠠᠷ ᠲᠤ | ᠵᠠᠯᠭᠠᠭ᠎ᠠ ᠪᠠᠷ 20 ᠠᠴᠠ ᠳᠡᠭᠡᠭᠰᠢ ᠡᠪᠡᠳᠴᠢᠨ ᠡᠭᠦᠰᠦᠭᠰᠡᠨ ᠪᠤᠶᠤ ᠳᠡᠯᠭᠡᠷᠡᠭᠰᠡᠨ ᠬᠡᠪᠴᠢᠶ᠎ᠡ ᠨᠢ 2 ᠠᠴᠠ ᠳᠡᠭᠡᠭᠰᠢ | ᠬᠤᠰᠢᠭᠤ ︵ᠣᠷᠣᠨ︶ ᠶᠢ ᠨᠥᠯᠥᠭᠡᠯᠡᠭᠰᠡᠨ᠃ | ︵4︶ ᠬᠤᠯᠧᠷᠠ ᠪᠦᠬᠦ ᠠᠶᠢᠮᠠᠭ ᠤᠨ ᠬᠡᠪᠴᠢᠶᠡᠨ ᠳᠤ ᠳᠡᠯᠭᠡᠷᠡᠵᠦ᠂ ᠨᠢᠭᠡ ᠭᠠᠷᠠᠭ ᠤᠨ ᠳᠣᠲᠣᠷ᠎ᠠ 30 ᠠᠴᠠ | ᠳᠡᠭᠡᠭᠰᠢ ᠬᠥᠮᠦᠨ ᠡᠪᠡᠳᠴᠢᠯᠡᠬᠦ ᠪᠤᠶᠤ 2 ᠠᠴᠠ ᠳᠡᠭᠡᠭᠰᠢ ᠬᠤᠰᠢᠭᠤ ︵ᠲᠣᠭᠤᠷᠢᠭ︶ ᠶᠢ ᠨᠥᠯᠥᠭᠡᠯᠡᠭᠰᠡᠨ ᠪᠥᠭᠡᠳ | ᠲᠠᠷᠬᠠᠬᠤ ᠬᠠᠨᠳᠤᠰᠢ ᠲᠠᠢ᠃ | ︵5︶ ᠬᠥᠬᠡᠭᠴᠢᠨ ᠲᠥᠷᠥᠯ᠂ ᠤᠯᠠᠭᠠᠨ ᠲᠥᠷᠥᠯ ᠤᠨ ᠬᠠᠯᠳᠠᠪᠤᠷᠢᠲᠤ ᠡᠪᠡᠳᠴᠢᠨ 2 ᠠᠴᠠ ᠳᠡᠭᠡᠭᠰᠢ | ᠬᠤᠰᠢᠭᠤ ︵ᠣᠷᠣᠨ︶ ᠶᠢ ᠨᠥᠯᠥᠭᠡᠯᠡᠵᠦ᠂ ᠨᠢᠭᠡ ᠭᠠᠷᠠᠭ ᠤᠨ ᠳᠣᠲᠣᠷ᠎ᠠ ᠡᠪᠡᠳᠴᠢᠨ ᠡᠭᠦᠰᠦᠭᠰᠡᠨ ᠬᠡᠮᠵᠢᠶ᠎ᠡ ᠨᠢ | ᠡᠮᠦᠨ᠎ᠡ 5 ᠵᠢᠯ ᠤᠨ ᠠᠳᠠᠯᠢ ᠬᠤᠭᠤᠴᠠᠭᠠᠨ ᠤ ᠳᠤᠮᠳᠠᠴᠢ ᠡᠪᠡᠳᠴᠢᠨ ᠡᠭᠦᠰᠦᠭᠰᠡᠨ ᠬᠡᠮᠵᠢᠶ᠎ᠡ ᠠᠴᠠ 2 ᠳᠠᠬᠢᠨ | ᠳᠠᠪᠠᠭᠰᠠᠨ᠃ | ︵6︶ ᠮᠠᠨ ᠤ ᠤᠯᠤᠰ ᠲᠤ ᠬᠠᠷᠠᠬᠠᠨ ᠣᠯᠵᠤ ᠮᠡᠳᠡᠭᠡᠳᠦᠢ ᠬᠠᠯᠳᠠᠪᠤᠷᠢᠲᠤ ᠡᠪᠡᠳᠴᠢᠨ ᠡᠭᠦᠰᠦᠭᠰᠡᠨ ᠪᠤᠶᠤ | ᠬᠠᠯᠳᠠᠪᠤᠷᠢᠯᠠᠨ ᠣᠷᠣᠵᠤ ᠢᠷᠡᠭᠡᠳ ᠬᠠᠷᠠᠬᠠᠨ ᠲᠠᠷᠬᠠᠭᠠᠳᠤᠢ᠃ | ︵7︶ ᠰᠢᠯᠲᠠᠭᠠᠨ ᠨᠢ ᠲᠣᠳᠣᠷᠬᠠᠶ ᠦᠭᠡᠶ ᠬᠠᠮᠳᠣ ᠣᠯᠠᠨ ᠢ ᠬᠠᠮᠣᠷᠣᠭᠰᠠᠨ ᠡᠪᠡᠳᠴᠢᠨ ᠡᠮᠭᠡᠭ ᠡᠭᠦᠰᠴᠦ᠂ | ᠬᠤᠰᠢᠭᠤ ᠣᠷᠣᠨ ᠠᠴᠠ ᠭᠠᠳᠠᠨᠠᠬᠢ ᠭᠠᠵᠠᠷ ᠣᠷᠣᠨ ᠳᠤ ᠬᠦᠷᠲᠡᠯ᠎ᠡ ᠲᠠᠷᠬᠠᠭᠰᠠᠨ᠃ | ︵8︶ ᠡᠮᠴᠢᠯᠡᠭᠡᠨ ᠤ ᠴᠢᠨᠠᠷᠲᠠᠶ ᠬᠦᠨᠳᠦ ᠶᠡᠭᠡ ᠬᠠᠯᠳᠠᠪᠤᠷᠢᠯᠠᠯ ᠤᠨ ᠬᠡᠷᠡᠭ ᠭᠠᠷᠤᠭᠰᠠᠨ᠃ | ︵9︶ ᠰᠡᠷᠭᠡᠶᠢᠯᠡᠬᠦ ᠲᠠᠷᠢᠯᠭ᠎ᠠ ᠲᠠᠷᠢᠬᠤ ᠪᠤᠶᠤ ᠬᠥᠮᠦᠰ ᠰᠡᠷᠭᠡᠶᠢᠯᠡᠬᠦ ᠴᠢᠨᠠᠷᠲᠠᠢ ᠡᠮ ᠤᠤᠭᠤᠵᠤ ᠬᠥᠮᠦᠨ | ᠦᠬᠦᠬᠦ᠃ | ︵10︶ ᠢᠳᠡᠭᠡᠨ ᠳᠤ ᠬᠤᠣᠷᠳᠠᠭᠳᠠᠭᠰᠠᠨ ᠬᠥᠮᠦᠨ ᠤ ᠲᠤᠭ᠎ᠠ 100 ᠶᠢ ᠳᠠᠪᠠᠭᠰᠠᠨ ᠪᠥᠭᠡᠳ | ᠦᠬᠦᠭᠰᠡᠨ ᠡᠪᠡᠳᠴᠢᠨ ᠤ ᠵᠢᠱᠢᠶ᠎ᠡ ᠭᠠᠷᠤᠭᠰᠠᠨ᠂ ᠡᠰᠡᠬᠦᠯ᠎ᠡ ᠦᠬᠦᠭᠰᠡᠨ ᠡᠪᠡᠳᠴᠢᠨ ᠤ ᠵᠢᠱᠢᠶ᠎ᠡ 10 ᠠᠴᠠ | ᠳᠡᠭᠡᠭᠰᠢ ᠭᠠᠷᠤᠭᠰᠠᠨ᠃ | ︵11︶ ᠨᠢᠭᠡ ᠤᠳᠠᠭ᠎ᠠ 50 ᠬᠥᠮᠦᠨ ᠠᠴᠠ ᠳᠡᠭᠡᠭᠰᠢ ᠲᠦᠷᠭᠡᠨ ᠴᠢᠨᠠᠷᠲᠠᠢ ᠠᠵᠢᠯ ᠤᠨ ᠨᠥᠯᠥᠭᠡᠨ ᠤ | ᠬᠤᠣᠷᠳᠠᠭᠳᠠᠭᠰᠠᠨ ᠪᠤᠶᠤ 5 ᠠᠴᠠ ᠳᠡᠭᠡᠭᠰᠢ ᠬᠥᠮᠦᠨ ᠦᠬᠦᠭᠰᠡᠨ᠃ | ︵12︶ ᠬᠢᠯᠢ ᠶᠢᠨ ᠳᠣᠲᠣᠷ᠎ᠠ ᠭᠠᠳᠠᠨ᠎ᠠ ᠨᠢᠭᠤᠵᠤ ᠪᠠᠶᠢᠭᠠᠳ ᠰᠢᠷᠦᠭᠦᠨ ᠴᠢᠨᠠᠷᠲᠠᠢ ᠠᠮᠢᠳᠤ ᠪᠣᠳᠠᠰ ᠤᠨ | ᠡᠪᠡᠳᠴᠢᠨ ᠡᠭᠦᠰᠭᠡᠭᠴᠢ᠂ ᠠᠮᠢᠳᠤ ᠪᠣᠳᠠᠰ ᠤᠨ ᠬᠤᠣᠷᠲᠤ ᠡᠳ᠋ ᠢ ᠵᠥᠭᠡᠭᠡᠪᠦᠷᠢᠯᠡᠵᠦ᠂ ᠰᠢᠦᠳᠠᠨ ᠢᠶᠠᠷ ᠢᠯᠡᠭᠡᠭᠡᠳ | ᠠᠶᠢᠮᠠᠭ ᠤᠨ ᠳᠣᠲᠣᠭᠠᠳᠤ ᠶᠢᠨ ᠬᠥᠮᠦᠰ ᠢ ᠬᠠᠯᠳᠠᠪᠤᠷᠢᠯᠠᠭᠤᠯᠤᠭᠰᠠᠨ ᠪᠤᠶᠤ ᠦᠬᠦᠭᠦᠯᠦᠭᠰᠡᠨ᠃ | ︵13︶ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ | ᠠᠶᠢᠮᠠᠭ ᠤᠨ ᠵᠠᠬᠢᠷᠭ᠎ᠠ ᠠᠴᠠ ᠲᠣᠭᠲᠠᠭᠠᠭᠰᠠᠨ ᠪᠤᠰᠤᠳ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ᠃ | 1 . 3 . 3 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠯᠢᠶᠡᠳ ᠶᠡᠭᠡ ᠭᠡᠨᠡᠳᠲᠡ ᠶᠢᠨ ᠬᠡᠷᠡᠭ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠨᠡᠯᠢᠶᠡᠳ ᠶᠡᠭᠡ ᠭᠡᠨᠡᠳᠲᠡ ᠶᠢᠨ ᠬᠡᠷᠡᠭ ᠪᠣᠯᠤᠨ᠎ᠠ᠄ | ︵1︶ ᠠᠭᠤᠰᠬᠢᠨ ᠤ ᠬᠤᠯᠤᠭᠠᠨ᠎ᠠ ᠶᠢᠨ ᠬᠢᠵᠢᠭ᠂ ᠠᠭᠤᠰᠬᠢᠨ ᠤ ᠪᠣᠭᠤᠮ᠎ᠠ ᠡᠪᠡᠳᠴᠢᠨ ᠤ ᠵᠢᠱᠢᠶ᠎ᠡ ᠭᠠᠷᠴᠤ᠂ | ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠤ ᠡᠪᠡᠳᠴᠢᠨ ᠤ ᠵᠢᠱᠢᠶ᠎ᠡ ᠶᠢᠨ ᠲᠤᠭ᠎ᠠ ᠨᠢ 5 ᠶᠢ ᠳᠠᠪᠠᠭᠰᠠᠨ ᠥᠬᠡᠶ᠂ | ᠨᠢᠭᠡ ᠬᠤᠰᠢᠭᠤ ︵ᠣᠷᠣᠨ︶ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠳᠡᠯᠭᠡᠷᠡᠭᠰᠡᠨ ᠪᠠᠶᠢᠨ᠎ᠠ᠃ | ︵2︶ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ ᠳᠡᠯᠭᠡᠷᠡᠵᠦ᠂ ᠨᠢᠭᠡ ᠬᠤᠰᠢᠭᠤ ︵ᠣᠷᠣᠨ︶ ᠶᠢᠨ ᠵᠠᠰᠠᠭ | ᠵᠠᠬᠢᠷᠭᠠᠨ ᠤ ᠣᠷᠣᠨ ᠤ ᠳᠣᠲᠣᠷ᠎ᠠ᠂ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ ᠵᠠᠯᠭᠠᠭ᠎ᠠ ᠪᠠᠷ 10 ᠠᠴᠠ | ᠳᠡᠭᠡᠭᠰᠢ ᠡᠪᠡᠳᠴᠢᠨ ᠡᠭᠦᠰᠦᠭᠰᠡᠨ ᠪᠤᠶᠤ 2 ᠠᠴᠠ ᠳᠡᠭᠡᠭᠰᠢ ᠬᠤᠰᠢᠭᠤ ︵ᠣᠷᠣᠨ︶ ᠶᠢ ᠨᠥᠯᠥᠭᠡᠯᠡᠭᠰᠡᠨ᠃ | ︵3︶ ᠬᠤᠯᠧᠷᠠ ᠨᠢ ᠨᠢᠭᠡ ᠬᠤᠰᠢᠭᠤᠨ ︵ᠣᠷᠣᠨ︶ ᠤ ᠵᠠᠰᠠᠭ ᠵᠠᠬᠢᠷᠭᠠᠨ ᠤ ᠣᠷᠣᠨ ᠳᠤ ᠡᠭᠦᠰᠴᠦ᠂ ᠨᠢᠭᠡ | ᠭᠠᠷᠠᠭ ᠤᠨ ᠳᠣᠲᠣᠷ᠎ᠠ 10 ᠠᠴᠠ 29 ᠡᠪᠡᠳᠴᠢᠨ ᠤ ᠵᠢᠱᠢᠶ᠎ᠡ ᠡᠭᠦᠰᠦᠭᠰᠡᠨ ᠪᠤᠶᠤ 2 ᠠᠴᠠ ᠳᠡᠭᠡᠭᠰᠢ ᠬᠤᠰᠢᠭᠤ ︵ | ᠣᠷᠣᠨ︶᠂ ᠡᠰᠡᠬᠦᠯ᠎ᠡ ᠬᠤᠰᠢᠭᠤᠨ ︵ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠤ ᠪᠠᠶᠢᠭ᠎ᠠ ᠭᠠᠵᠠᠷ ᠵᠢᠴᠢ ᠬᠠᠷᠢᠶ᠎ᠠ ᠣᠷᠣᠨ ᠳᠤ ᠠᠩᠬ᠎ᠠ ᠤᠳᠠᠭ᠎ᠠ ᠡᠭᠦᠰᠦᠭᠰᠡᠨ᠃ | ︵4︶ ᠨᠢᠭᠡ ᠭᠠᠷᠠᠭ ᠤᠨ ᠳᠣᠲᠣᠷ᠎ᠠ ᠨᠢᠭᠡ ᠬᠤᠰᠢᠭᠤ ︵ᠣᠷᠣᠨ︶ ᠶᠢᠨ ᠵᠠᠰᠠᠭ ᠵᠠᠬᠢᠷᠭᠠᠨ ᠤ ᠣᠷᠣᠨ ᠤ | ᠳᠣᠲᠣᠷ᠎ᠠ᠂ ᠬᠥᠬᠡᠭᠴᠢᠨ᠂ ᠤᠯᠠᠭᠠᠨ ᠲᠥᠷᠥᠯ ᠤᠨ ᠬᠠᠯᠳᠠᠪᠤᠷᠢᠲᠤ ᠡᠪᠡᠳᠴᠢᠨ ᠤ ᠡᠪᠡᠳᠴᠢᠯᠡᠭᠰᠡᠨ ᠬᠡᠮᠵᠢᠶ᠎ᠡ ᠨᠢ | ᠡᠮᠦᠨ᠎ᠡ 5 ᠵᠢᠯ ᠤᠨ ᠠᠳᠠᠯᠢ ᠬᠤᠭᠤᠴᠠᠭᠠᠨ ᠤ ᠳᠤᠮᠳᠠᠴᠢ ᠡᠪᠡᠳᠴᠢᠯᠡᠭᠰᠡᠨ ᠬᠡᠮᠵᠢᠶ᠎ᠡ ᠠᠴᠠ 1 ᠳᠠᠬᠢᠨ ᠳᠠᠪᠠᠭᠰᠠᠨ᠃ | | ︵5︶ ᠨᠢᠭᠡᠨ ᠬᠤᠰᠢᠭᠤ ︵ᠣᠷᠣᠨ︶ ᠶᠢᠨ ᠵᠠᠰᠠᠭ ᠵᠠᠬᠢᠷᠭᠠᠨ ᠤ ᠣᠷᠣᠨ ᠳᠤ ᠬᠠᠮᠳᠣ ᠣᠯᠠᠨ ᠢ ᠬᠠᠮᠣᠷᠣᠭᠰᠠᠨ | ᠰᠢᠯᠲᠠᠭᠠᠨ ᠨᠢ ᠲᠣᠳᠣᠷᠬᠠᠶ ᠥᠬᠡᠶ ᠡᠪᠡᠳᠴᠢᠨ ᠡᠮᠭᠡᠭ ᠢ ᠢᠯᠡᠷᠡᠬᠦᠯᠦᠭᠰᠡᠨ᠃ | ︵6︶ ᠰᠡᠷᠭᠡᠶᠢᠯᠡᠬᠦ ᠲᠠᠷᠢᠯᠭ᠎ᠠ ᠲᠠᠷᠢᠬᠤ ᠪᠤᠶᠤ ᠣᠯᠠᠨ ᠨᠡᠶᠢᠳᠡ ᠶᠢᠨ ᠰᠡᠷᠭᠡᠶᠢᠯᠡᠬᠦ ᠴᠢᠨᠠᠷᠲᠠᠢ ᠡᠮ | ᠤᠤᠭᠤᠬᠤ ᠳᠤ ᠣᠯᠠᠨ ᠨᠡᠶᠢᠳᠡ ᠶᠢᠨ ᠰᠡᠳᠬᠢᠴᠡ ᠶᠢᠨ ᠴᠢᠨᠠᠷᠲᠠᠢ ᠤᠷᠪᠠᠯ ᠪᠤᠶᠤ ᠬᠠᠷᠰᠢᠮᠠᠳᠠᠭᠠᠢ ᠢᠯᠡᠷᠡᠯ ᠭᠠᠷᠣᠭᠰᠠᠨ᠃ | | ︵7︶ ᠨᠢᠭᠡ ᠤᠳᠠᠭ᠎ᠠ ᠢᠳᠡᠭᠡᠨ ᠳᠤ 50 — 99 ᠬᠥᠮᠦᠨ ᠬᠤᠣᠷᠳᠠᠭᠳᠠᠭᠰᠠᠨ ᠪᠤᠶᠤ ᠦᠬᠦᠭᠰᠡᠨ | ᠡᠪᠡᠳᠴᠢᠨ ᠤ ᠵᠢᠱᠢᠶ᠎ᠡ ᠭᠠᠷᠤᠭᠰᠠᠨ᠃ | ︵8︶ ᠨᠢᠭᠡ ᠤᠳᠠᠭ᠎ᠠ 1049 ᠬᠥᠮᠦᠨ ᠳᠤ ᠲᠦᠷᠭᠡᠨ ᠴᠢᠨᠠᠷᠲᠠᠢ ᠠᠵᠢᠯ ᠤᠨ ᠨᠥᠯᠥᠭᠡᠨ ᠤ | ᠬᠤᠣᠷᠳᠠᠭᠳᠠᠭᠰᠠᠨ ᠪᠤᠶᠤ 4 ᠠᠴᠠ ᠳᠣᠷᠣᠭᠰᠢ ᠬᠥᠮᠦᠨ ᠦᠬᠦᠭᠰᠡᠨ᠃ | ︵9︶ ᠭᠡᠳᠡᠰᠦᠨ ᠠᠴᠠ ᠴᠢᠰᠤ ᠭᠠᠷᠬᠤ ᠴᠢᠨᠠᠷᠲᠠᠢ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ︵ | 0157᠄ H 7︶ ᠶᠢᠨ ᠬᠠᠯᠳᠠᠪᠤᠷᠢᠯᠠᠯ ᠤᠨ ᠴᠢᠨᠠᠷᠲᠠᠢ ᠰᠠᠭᠤᠯᠭᠠᠬᠤ ᠡᠪᠡᠳᠴᠢᠨ ᠨᠢᠭᠡ ᠬᠤᠰᠢᠭᠤᠨ ︵ᠣᠷᠣᠨ︶ | ᠤ ᠵᠠᠰᠠᠭ ᠵᠠᠬᠢᠷᠭᠠᠨ ᠤ ᠣᠷᠣᠨ ᠳᠤ ᠨᠢᠭᠡ ᠭᠠᠷᠠᠭ ᠲᠤ 3 ᠠᠴᠠ ᠳᠡᠭᠡᠭᠰᠢ ᠡᠭᠦᠰᠦᠭᠰᠡᠨ᠂ ᠡᠰᠡᠬᠦᠯ᠎ᠡ ᠬᠢᠵᠢᠭ ᠤᠨ | ᠪᠠᠶᠢᠳᠠᠯ 2 ᠠᠴᠠ ᠳᠡᠭᠡᠭᠰᠢ ᠬᠤᠰᠢᠭᠤ ︵ᠣᠷᠣᠨ︶ ᠶᠢ ᠨᠥᠯᠥᠭᠡᠯᠡᠭᠰᠡᠨ᠂ ᠡᠰᠡᠬᠦᠯ᠎ᠡ ᠬᠤᠰᠢᠭᠤᠨ ︵ᠣᠷᠣᠨ︶ ᠤ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠪᠠᠶᠢᠭ᠎ᠠ ᠭᠠᠵᠠᠷ ᠵᠢᠴᠢ ᠬᠠᠷᠢᠶ᠎ᠠ ᠣᠷᠣᠨ ᠳᠤ | ᠠᠩᠬ᠎ᠠ ᠤᠳᠠᠭ᠎ᠠ ᠡᠭᠦᠰᠦᠭᠰᠡᠨ᠃ | ︵10︶ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠮᠠᠭᠠᠳᠯᠠᠨ ᠲᠣᠭᠲᠠᠭᠠᠭᠰᠠᠨ ᠪᠤᠰᠤᠳ | ᠨᠡᠯᠢᠶᠡᠳ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠃ | 1 . 3 . 4 ᠡᠩ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠡᠩ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠪᠣᠯᠤᠨ᠎ᠠ᠄ | ︵1︶ ᠨᠢᠭᠡ ᠬᠤᠰᠢᠭᠤᠨ ︵ᠣᠷᠣᠨ︶ ᠤ ᠵᠠᠰᠠᠭ ᠵᠠᠬᠢᠷᠭᠠᠨ ᠤ ᠣᠷᠣᠨ ᠳᠤ ᠪᠤᠯᠴᠢᠷᠬᠠᠶ ᠶᠢᠨ | ᠬᠤᠯᠤᠭᠠᠨ᠎ᠠ ᠶᠢᠨ ᠬᠢᠵᠢᠭ ᠡᠭᠦᠰᠴᠦ᠂ ᠨᠢᠭᠡ ᠳᠤᠮᠳᠠᠴᠢ ᠨᠢᠭᠤᠭᠳᠠᠮᠠᠯ ᠬᠤᠭᠤᠴᠠᠭᠠᠨ ᠳᠤ ᠡᠪᠡᠳᠴᠢᠨ ᠤ | ᠵᠢᠱᠢᠶ᠎ᠡ ᠶᠢᠨ ᠲᠤᠭ᠎ᠠ ᠨᠢ 10 ᠠᠴᠠ ᠬᠡᠲᠦᠷᠡᠭᠰᠡᠨ ᠥᠬᠡᠶ᠃ | ︵2︶ ᠬᠤᠯᠧᠷᠠ ᠨᠢ ᠨᠢᠭᠡ ᠬᠤᠰᠢᠭᠤᠨ ︵ᠣᠷᠣᠨ︶ ᠤ ᠵᠠᠰᠠᠭ ᠵᠠᠬᠢᠷᠭᠠᠨ ᠤ ᠣᠷᠣᠨ ᠳᠤ ᠡᠭᠦᠰᠴᠦ᠂ 1 | ᠭᠠᠷᠠᠭ ᠤᠨ ᠳᠣᠲᠣᠷ᠎ᠠ 9 ᠡᠪᠡᠳᠴᠢᠲᠡᠨ ᠠᠴᠠ ᠳᠣᠷᠣᠭᠰᠢ ᠪᠠᠶᠢᠬᠤ᠃ | ︵3︶ ᠨᠢᠭᠡ ᠤᠳᠠᠭ᠎ᠠ 3049 ᠬᠥᠮᠦᠨ ᠢᠳᠡᠭᠡᠨ ᠳᠤ ᠬᠤᠣᠷᠳᠠᠭᠳᠠᠵᠤ᠂ ᠦᠬᠦᠭᠰᠡᠨ ᠡᠪᠡᠳᠴᠢᠨ ᠤ ᠵᠢᠱᠢᠶ᠎ᠡ | ᠭᠠᠷᠤᠭᠰᠠᠨ ᠦᠭᠡᠢ᠃ | ︵4︶ ᠨᠢᠭᠡ ᠤᠳᠠᠭ᠎ᠠ 9 ᠬᠥᠮᠦᠨ ᠠᠴᠠ ᠳᠣᠷᠣᠭᠰᠢ ᠲᠦᠷᠭᠡᠨ ᠴᠢᠨᠠᠷᠲᠠᠢ ᠠᠵᠢᠯ ᠤᠨ ᠨᠥᠯᠥᠭᠡᠨ ᠤ | ᠬᠤᠣᠷᠳᠠᠭᠳᠠᠯ ᠡᠭᠦᠰᠴᠦ᠂ ᠦᠬᠦᠭᠰᠡᠨ ᠡᠪᠡᠳᠴᠢᠨ ᠤ ᠵᠢᠱᠢᠶ᠎ᠡ ᠭᠠᠷᠤᠭᠰᠠᠨ ᠦᠭᠡᠢ᠃ | ︵5︶ ᠭᠡᠳᠡᠰᠦᠨ ᠠᠴᠠ ᠴᠢᠰᠤ ᠭᠠᠷᠬᠤ ᠴᠢᠨᠠᠷᠲᠠᠢ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ︵O | 157᠄ H 7︶ ᠶᠢᠨ ᠬᠠᠯᠳᠠᠪᠤᠷᠢᠯᠠᠯ ᠤᠨ ᠴᠢᠨᠠᠷᠲᠠᠢ ᠰᠠᠭᠤᠯᠭᠠᠬᠤ ᠡᠪᠡᠳᠴᠢᠨ ᠨᠢᠭᠡ ᠬᠤᠰᠢᠭᠤᠨ ︵ᠣᠷᠣᠨ︶ ᠤ | ᠵᠠᠰᠠᠭ ᠵᠠᠬᠢᠷᠭᠠᠨ ᠤ ᠣᠷᠣᠨ ᠳᠤ ᠨᠢᠭᠡ ᠭᠠᠷᠠᠭ ᠲᠤ 3 ᠵᠢᠱᠢᠶ᠎ᠡ ᠠᠴᠠ ᠳᠣᠷᠣᠭᠰᠢ ᠪᠠᠶᠢᠬᠤ᠃ | ︵6︶ ᠬᠤᠰᠢᠭᠤᠨ ︵ᠣᠷᠣᠨ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠲᠣᠭᠲᠠᠭᠠᠭᠰᠠᠨ ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠃ | 1 . 4 ᠲᠣᠬᠢᠷᠠᠬᠤ ᠬᠡᠪᠴᠢᠶ᠎ᠡ | ᠲᠤᠰ ᠪᠡᠯᠡᠳᠬᠡᠯ ᠲᠥᠰᠦᠯ ᠨᠢ ᠭᠡᠨᠡᠳᠲᠡ ᠡᠭᠦᠰᠦᠭᠰᠡᠨ᠂ ᠨᠡᠶᠢᠭᠡᠮ ᠤᠨ ᠨᠡᠶᠢᠲᠡ ᠣᠯᠠᠨ ᠤ ᠪᠡᠶ᠎ᠡ ᠰᠡᠳᠬᠢᠯ ᠤᠨ | ᠡᠷᠡᠭᠦᠯ ᠮᠡᠨᠳᠦ ᠳᠤ ᠬᠦᠨᠳᠦ ᠨᠣᠴᠢᠲᠠᠶ ᠬᠤᠬᠢᠷᠠᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ ᠬᠦᠨᠳᠦ ᠶᠡᠭᠡ | ᠬᠠᠯᠳᠠᠪᠤᠷᠢᠲᠤ ᠡᠪᠡᠳᠴᠢᠨ᠂ ᠰᠢᠯᠲᠠᠭᠠᠨ ᠨᠢ ᠲᠣᠳᠣᠷᠬᠠᠶ ᠦᠭᠡᠶ ᠣᠯᠠᠨ ᠨᠡᠶᠢᠲᠡ ᠶᠢᠨ ᠴᠢᠨᠠᠷᠲᠠᠶ ᠡᠪᠡᠳᠴᠢᠨ ᠡᠮᠭᠡᠭ᠂ | ᠢᠳᠡᠭᠡᠨ ᠳᠤ ᠬᠦᠨᠳᠦ ᠶᠡᠭᠡ ᠬᠤᠣᠷᠳᠠᠭᠳᠠᠭᠰᠠᠨ ᠪᠠ ᠡᠷᠬᠢᠯᠡᠭᠰᠡᠨ ᠠᠵᠢᠯ ᠳᠤ ᠬᠤᠣᠷᠳᠠᠭᠳᠠᠭᠰᠠᠨ ᠵᠢᠴᠢ | ᠪᠠᠶᠢᠭᠠᠯᠢ ᠶᠢᠨ ᠭᠠᠮᠰᠢᠭ᠂ ᠠᠳᠡᠯ ᠤᠨ ᠬᠥᠨᠥᠭᠡᠯ ᠪᠤᠶᠤ ᠨᠡᠶᠢᠭᠡᠮ ᠤᠨ ᠠᠮᠤᠷ ᠲᠦᠪᠰᠢᠨ ᠵᠡᠷᠭᠡ ᠬᠡᠷᠡᠭ ᠠᠴᠠ ᠪᠣᠯᠵᠤ | ᠨᠡᠶᠢᠲᠡ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠨᠥᠯᠥᠭᠡᠯᠡᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠲᠣᠬᠢᠷᠠᠨ᠎ᠠ᠃ | 1 . 5 ᠠᠵᠢᠯ ᠤᠨ ᠵᠠᠷᠴᠢᠮ | ︵1︶ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠲᠠᠷᠠᠰᠢ ᠦᠭᠡᠢ ᠪᠠᠶᠢᠩᠭᠤ ᠪᠡᠯᠡᠳᠬᠡᠨ᠎ᠡ᠃ ᠪᠦᠬᠦ | ᠨᠡᠶᠢᠭᠡᠮ ᠤᠨ ᠬᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠡᠮᠵᠢᠯᠡᠬᠦ | ᠤᠬᠠᠮᠰᠠᠷ ᠢ ᠳᠡᠭᠡᠭᠰᠢᠯᠡᠭᠦᠯᠦᠨ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠠᠵᠢᠯᠲᠠᠨ᠂ ᠮᠡᠷᠭᠡᠵᠢᠯ᠂ ᠡᠳ᠋ ᠪᠠᠷᠠᠭ᠎ᠠ ᠪᠣᠯᠤᠨ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠠᠵᠢᠯ ᠢ ᠰᠠᠶᠢᠲᠤᠷ ᠬᠢᠨ᠎ᠡ᠃ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠢ ᠴᠠᠭ ᠲᠤᠬᠠᠶ ᠳᠤᠨᠢ ᠵᠠᠳᠠᠯᠵᠤ᠂ ᠤᠷᠢᠳᠴᠢᠯᠠᠨ ᠰᠡᠷᠡᠮᠵᠢᠯᠡᠵᠦ᠂ ᠡᠷᠲᠡ ᠣᠯᠵᠤ ᠮᠡᠳᠡᠨ᠂ ᠡᠷᠲᠡ ᠮᠡᠳᠡᠭᠦᠯᠵᠦ | ᠂ ᠡᠷᠲᠡ ᠰᠢᠢᠳᠪᠦᠷᠢᠯᠡᠬᠦ ᠬᠡᠷᠡᠭᠲᠡᠶ᠃ | ︵2︶ ᠨᠢᠭᠡᠳᠦᠯᠲᠡᠶ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ᠃ ᠭᠡᠨᠡᠳᠲᠡ ᠡᠭᠦᠰᠬᠦ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠬᠡᠪᠴᠢᠶ᠎ᠡ᠂ ᠰᠢᠨᠵᠢ ᠴᠢᠨᠠᠷ ᠪᠣᠯᠤᠨ ᠬᠥᠨᠥᠭᠡᠯ ᠤᠨ ᠬᠡᠮᠵᠢᠶ᠎ᠡ ᠶᠢ | ᠦᠨᠳᠦᠰᠦᠯᠡᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠱᠠᠲᠤ ᠬᠤᠪᠢᠶᠠᠨ | ᠬᠠᠮᠢᠶᠠᠷᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠳᠦᠯᠲᠡᠶ ᠤᠳᠤᠷᠢᠳᠤᠯᠭ᠎ᠠ ᠪᠠ | ᠵᠢᠯᠣᠭᠤᠳᠣᠯᠭ᠎ᠠ ᠶᠢ ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠡᠯᠡᠳᠬᠡᠯ ᠲᠥᠰᠦᠯ ᠤᠨ | ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ | ︵3︶ ᠬᠠᠤᠯᠢ ᠶᠣᠰᠣᠭᠠᠷ ᠵᠢᠷᠤᠮᠵᠢᠭᠤᠯᠵᠤ᠂ ᠠᠷᠭ᠎ᠠ ᠬᠡᠮᠵᠢᠶ᠎ᠡ ᠡᠷᠡᠰ ᠰᠢᠭᠤᠷᠬᠠᠢ ᠪᠠᠶᠢᠬᠤ ᠭᠡᠷᠡᠭᠳᠡᠢ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ︶ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠶᠣᠰᠣᠭᠠᠷ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠢᠰᠲ᠋ᠧᠮ ᠲᠠᠢ᠂ ᠵᠢᠷᠤᠮᠵᠢᠭᠰᠠᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠡᠷᠡᠭ ᠪᠣᠯᠤᠨ | ᠡᠭᠦᠰᠴᠦ ᠮᠡᠳᠡᠬᠦ ᠬᠡᠷᠡᠭ ᠲᠤ ᠲᠦᠷᠭᠡᠨ ᠲᠤᠰᠬᠠᠯ ᠭᠠᠷᠭᠠᠵᠤ᠂ ᠬᠢᠨᠠᠨ ᠬᠡᠮᠵᠢᠬᠦ᠂ ᠮᠡᠳᠡᠭᠦᠯᠬᠦ ᠪᠠ ᠰᠢᠢᠳᠪᠦᠷᠢᠯᠡᠬᠦ | ᠠᠵᠢᠯ ᠢ ᠴᠠᠭ ᠲᠤᠬᠠᠶ ᠳᠤᠨᠢ᠂ ᠪᠦᠲᠦᠮᠵᠢᠲᠡᠶ ᠥᠷᠨᠢᠭᠦᠯᠬᠦ ᠬᠡᠷᠡᠭᠲᠡᠶ᠃ | ︵4︶ ᠰᠢᠨᠵᠢᠯᠡᠬᠦ ᠤᠬᠠᠭᠠᠨ ᠳᠤ ᠲᠦᠰᠢᠭᠯᠡᠨ᠂ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ | ᠰᠢᠨᠵᠢᠯᠡᠬᠦ ᠤᠬᠠᠭᠠᠨ ᠢ ᠭᠦᠢᠴᠡᠳ ᠬᠦᠨᠳᠦᠳᠬᠡᠬᠦ ᠪᠠ ᠲᠦᠰᠢᠭᠯᠡᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠰᠢᠨᠵᠢᠯᠡᠬᠦ ᠤᠬᠠᠭᠠᠨ ᠤ ᠰᠤᠳᠤᠯᠤᠯ ᠪᠣᠯᠤᠨ | ᠪᠣᠯᠪᠠᠰᠤᠷᠠᠭᠤᠯᠤᠯ ᠢ ᠴᠢᠬᠤᠯᠠᠴᠢᠯᠠᠨ ᠥᠷᠨᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ | ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠪᠦᠲᠦᠮᠵᠢᠲᠡᠶ ᠠᠷᠭᠠᠴᠠᠬᠤ ᠬᠡᠷᠡᠭᠲᠡᠶ᠃ ᠣᠯᠠᠨ ᠨᠡᠶᠢᠲᠡ ᠶᠢ | ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠭᠤᠯᠬᠤ ᠬᠡᠷᠡᠭᠲᠡᠶ᠃ | ᠬᠤᠶᠠᠷ᠂ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠵᠢᠴᠢ ᠡᠭᠦᠷᠭᠡ | ᠬᠠᠷᠢᠭᠤᠴᠠᠯᠭ᠎ᠠ | 2.1 ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ | ᠣᠨᠴᠠ ᠬᠦᠨᠳᠦ ᠶᠡᠭᠡ᠂ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠭᠠᠷᠪᠠᠯ᠂ ᠠᠯᠠᠱᠠ ᠠᠶᠢᠮᠠᠭ ᠤᠨ ᠵᠠᠬᠢᠷᠭ᠎ᠠ ᠨᠢ ᠠᠶᠢᠮᠠᠭ ᠤᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠠᠶᠢᠮᠠᠭ ᠤᠨ | ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠶᠡᠷᠦᠩᠬᠡᠶ ᠵᠢᠯᠣᠭᠤᠳᠣᠭᠴᠢ ᠶᠢ ᠠᠶᠢᠮᠠᠭ ᠤᠨ ᠳᠠᠷᠤᠭ᠎ᠠ ᠪᠤᠶᠤ | ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠵᠦ᠂ ᠠᠶᠢᠮᠠᠭ ᠤᠨ ᠵᠠᠬᠢᠷᠭ᠎ᠠ ᠶᠢᠨ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠪᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠬᠢᠯᠡᠭᠴᠢ ᠡᠭᠦᠷᠭᠡᠯᠡᠨ᠎ᠡ᠃ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ᠂ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ | ᠬᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠵᠠᠬᠢᠷᠭ᠎ᠠ ᠶᠢᠨ ᠠᠯᠪᠠᠨ | ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ | ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠢ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ᠂ | ᠭᠠᠳᠠᠭᠠᠳᠤ ᠶᠠᠪᠤᠳᠠᠯ ᠤᠨ ᠠᠯᠪᠠᠨ ᠬᠡᠷ᠂ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ᠂ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠱᠠᠰᠢᠨ ᠰᠤᠷᠲᠠᠬᠤᠨ ᠤ ᠬᠡᠷᠡᠭ | ᠡᠷᠭᠢᠯᠡᠬᠦ ᠲᠣᠪᠴᠢᠶ᠎ᠠ᠂ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠮ ᠵᠠᠭᠤᠴᠢᠯᠠᠭᠤᠷ ᠤᠨ ᠲᠥᠪ᠂ | ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠪᠠᠶᠢᠭᠤᠯᠣᠯᠭ᠎ᠠ ᠶᠢᠨ ᠶᠠᠪᠤᠳᠠᠯ ᠤᠨ ᠦᠢᠯᠡᠴᠢᠯᠡᠬᠡᠨ ᠤ ᠲᠥᠪ᠂ | ᠠᠯᠠᠱᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠪᠠᠲᠤᠯᠠᠭ᠎ᠠ ᠶᠢᠨ ᠭᠠᠵᠠᠷ᠂ ᠵᠡᠪᠰᠡᠭᠲᠦ ᠴᠠᠭᠳᠠᠭ᠎ᠠ ᠶᠢᠨ | ᠠᠯᠠᠱᠠ ᠶᠢᠨ ᠰᠠᠯᠪᠤᠷᠢ ᠠᠩᠭᠢ᠂ ᠠᠯᠠᠱᠨ ᠪᠣᠭᠤᠮᠲᠠ᠂ ᠡᠵᠡᠨ᠎ᠡ ᠪᠣᠭᠤᠮᠲᠠ᠂ ᠴᠡᠭᠡ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠥᠯᠵᠡᠶ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠠᠶᠢᠮᠠᠭ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠭᠡᠷ᠂ | ᠠᠶᠢᠮᠠᠭ ᠤᠨ ᠴᠠᠭ ᠠᠭᠤᠷ ᠤᠨ ᠲᠣᠪᠴᠢᠶ᠎ᠠ᠃ | ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ᠂ ᠳᠡᠳ᠋ | ᠶᠡᠷᠦᠩᠬᠡᠶ ᠵᠢᠯᠣᠭᠤᠳᠣᠭᠴᠢ ᠵᠢᠴᠢ ᠪᠦᠷᠢᠯᠳᠦᠬᠦᠨ ᠨᠢᠭᠡᠴᠡ ᠳᠤ ᠲᠣᠬᠢᠷᠠᠭᠤᠯᠤᠯᠲᠠ ᠬᠢᠵᠦ ᠪᠣᠯᠤᠨ᠎ᠠ᠃ | ᠠᠶᠢᠮᠠᠭ ᠤᠨ ᠵᠢᠯᠣᠭᠤᠳᠬᠤ ᠭᠠᠵᠠᠷ ᠤᠨ ᠠᠯᠪᠠᠨ ᠭᠡᠷ ᠢ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠳᠤ ᠳᠣᠬᠢᠷᠠᠭᠤᠯᠵᠦ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠡᠭᠦᠷᠭᠡᠯᠡᠨ᠎ᠡ᠃ ᠠᠶᠢᠮᠠᠭ ᠤᠨ ᠵᠠᠬᠢᠷᠭ᠎ᠠ ᠶᠢᠨ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ | ᠬᠠᠷᠢᠭᠤᠴᠠᠨ᠎ᠠ᠃ | ᠡᠯ᠎ᠡ ᠬᠤᠰᠢᠭᠤ ︵ᠣᠷᠣᠨ︶ ᠡᠭᠦᠷᠭᠡ ᠬᠠᠷᠢᠭᠤᠴᠠᠯᠭ᠎ᠠ ᠪᠠ ᠲᠣᠰ ᠪᠡᠯᠡᠳᠬᠡᠯ ᠲᠥᠰᠦᠯ ᠤᠨ ᠲᠣᠭᠲᠠᠭᠠᠯ | ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ | ᠵᠣᠬᠢᠴᠠᠭᠤᠯᠬᠤ ᠶᠢ ᠬᠠᠷᠢᠭᠤᠴᠠᠨ᠎ᠠ᠃ | 2 . 2 ᠠᠶᠢᠮᠠᠭ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ | ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠄ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠳᠦᠭᠡᠷ ᠹᠷᠣᠨᠲ ᠲᠤ | ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠢᠯᠭᠠᠨ ᠲᠠᠨᠢᠬᠤ ᠶᠢ ᠴᠢᠬᠤᠯᠠᠴᠢᠯᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠳᠤᠮᠳᠠ ᠺᠠᠳ᠋ᠷ ᠤᠨ ᠪᠣᠳᠠᠲᠠᠶ ᠢᠯᠡᠷᠡᠯ ᠢ ᠲᠣᠬᠢᠷᠠᠭᠤᠯᠤᠨ ᠬᠡᠷᠡᠭᠯᠡᠬᠦ᠂ ᠰᠢᠯᠭᠠᠨ ᠬᠢᠨᠠᠵᠤ | ᠦᠨᠡᠯᠡᠬᠦ᠂ ᠺᠠᠳ᠋ᠷ ᠠᠴᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠦᠨᠳᠦᠰᠦᠯᠡᠯ ᠪᠣᠯᠭᠠᠨ᠎ᠠ᠃ | ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠰᠣᠨᠢᠨ ᠮᠡᠳᠡᠭᠡᠨ ᠤ ᠨᠢᠭᠡᠴᠡ ᠶᠢ ᠵᠣᠬᠢᠶᠠᠨ | ᠪᠠᠶᠢᠭᠤᠯᠤᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ | ᠮᠡᠳᠡᠭᠡ ᠵᠠᠩᠭᠢ ᠨᠡᠶᠢᠲᠡᠯᠡᠬᠦ ᠪᠠ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ ᠵᠢᠯᠣᠭᠤᠳᠤᠨ᠎ᠠ︔ ᠬᠡᠷᠡᠭ ᠲᠤ ᠬᠤᠯᠪᠣᠭᠳᠠᠭᠰᠠᠨ ᠬᠤᠰᠢᠭᠤ ︵ | ᠣᠷᠣᠨ︶᠂ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠭᠠᠳᠠᠭᠰᠢ ᠪᠣᠳᠠᠲᠤ ᠬᠡᠷᠡᠭ ᠢ ᠲᠣᠳᠣᠷᠬᠠᠶᠢᠯᠠᠵᠤ᠂ | ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠤᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠠᠵᠢᠯ ᠢ | ᠢᠳᠡᠪᠬᠢᠲᠡᠶ ᠥᠷᠨᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠢᠯᠡᠷᠡᠭᠰᠡᠨ ᠲᠡᠷᠢᠭᠦᠨ ᠤ | ᠨᠡᠶᠢᠲᠡᠯᠢᠭ ᠵᠢᠱᠢᠶ᠎ᠡ ᠶᠢ ᠣᠬᠠᠭᠤᠯᠣᠨ᠎ᠠ︔ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠤᠨ᠎ᠠ᠃ | ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ | ᠬᠤᠷᠢᠶᠠᠨ ᠤ ᠠᠯᠪᠠᠨ ᠬᠡᠷ᠄ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠢᠨᠠᠨ ᠬᠡᠮᠵᠢᠬᠦ | ᠪᠠ ᠬᠠᠷᠢᠶ᠎ᠠ ᠭᠠᠵᠠᠷ ᠤᠨ ᠰᠦᠯᠵᠢᠶ᠎ᠡ᠂ ᠰᠣᠨᠢᠨ ᠮᠡᠳᠡᠭᠡᠨ ᠤ ᠬᠡᠷᠡᠭᠯᠡᠭᠴᠢ ᠶᠢᠨ ᠦᠵᠦᠭᠦᠷ᠂ ᠰᠢᠨ᠎ᠡ | ᠵᠠᠭᠤᠴᠢᠯᠠᠭᠤᠷ ᠤᠨ ᠲᠠᠩᠰᠠᠨ ᠨᠣᠮᠧᠷ ᠤᠨ ᠬᠠᠮᠢᠶᠠᠷᠤᠯᠲᠠ ᠶᠢ ᠴᠢᠩᠭᠠᠳᠬᠠᠨ᠎ᠠ︔ ᠰᠦᠯᠵᠢᠶᠡᠨ ᠳᠡᠭᠡᠷᠡᠬᠢ ᠮᠡᠳᠡᠭᠡ | ᠵᠠᠩᠭᠢ ᠶᠢ ᠨᠡᠶᠢᠲᠡᠯᠡᠬᠦ ᠬᠢᠨᠠᠯᠲᠠ ᠬᠠᠮᠢᠶᠠᠷᠤᠯᠲᠠ ᠪᠠ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠦᠯᠵᠢᠶᠡᠨ | ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ ᠵᠢᠯᠣᠭᠤᠳᠣᠨ᠎ᠠ︔ ᠬᠠᠷᠢᠶ᠎ᠠ ᠭᠠᠵᠠᠷ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠄ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠠᠶᠢᠸᠠᠨ ᠳᠤ ᠬᠤᠯᠪᠣᠭᠳᠠᠭᠰᠠᠨ ᠬᠡᠷᠡᠭ ᠶᠠᠪᠤᠳᠠᠯ ᠢ ᠰᠠᠶᠢᠲᠤᠷ ᠬᠢᠵᠦ᠂ ᠠᠶᠢᠮᠠᠭ ᠤᠨ | ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ | ᠭᠠᠵᠠᠷ ᠤᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠶᠢ ᠵᠢᠯᠣᠭᠤᠳᠤᠨ᠎ᠠ᠃ | ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠄ ᠪᠥᠬᠦ ᠠᠶᠢᠮᠠᠭ ᠤᠨ | ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠰᠢᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ | ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠨ᠎ᠠ᠃ | ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ ᠬᠢᠨᠠᠯᠲᠠ ᠪᠠᠶᠢᠴᠠᠭᠠᠯᠲᠠ | ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠠᠷᠭ᠎ᠠ | ᠬᠡᠮᠵᠢᠶ᠎ᠡ ᠠᠪᠤᠭᠰᠠᠨ ᠨᠢ ᠬᠦᠴᠦᠨ ᠥᠬᠡᠶ᠂ ᠣᠪᠣᠷ ᠰᠤᠷᠲᠠᠯ ᠨᠢ ᠪᠣᠳᠠᠲᠠᠶ ᠪᠢᠰᠢ ᠵᠡᠷᠭᠡ ᠠᠰᠠᠭᠤᠳᠠᠯ ᠢ ᠲᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠄ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠬᠠᠶ ᠠᠶᠢᠮᠠᠭ ᠤᠨ ᠵᠢᠯᠣᠭᠤᠳᠬᠤ ᠭᠠᠵᠠᠷ ᠤᠨ | ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠤᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ | ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ︔ ᠪᠠᠴᠢᠮ ᠪᠠᠶᠢᠳᠠᠯ ᠢ | ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠪᠠ ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠬᠦ ᠪᠠ ᠵᠣᠭᠰᠣᠭᠠᠬᠤ ᠰᠠᠨᠠᠭᠤᠯᠭ᠎ᠠ ᠶᠢ ᠳᠣᠷᠠᠳᠣᠨ᠎ᠠ︔ | ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠭᠠᠵᠠᠷ ᠣᠷᠣᠨ ᠢ | ᠲᠤᠰᠠᠭᠠᠷᠯᠠᠬᠤ᠂ ᠪᠢᠲᠡᠭᠦᠮᠵᠢᠯᠡᠬᠦ ᠰᠠᠨᠠᠭᠤᠯᠭ᠎ᠠ ᠶᠢ ᠬᠠᠤᠯᠢ ᠶᠣᠰᠣᠭᠠᠷ ᠳᠣᠷᠠᠳᠣᠨ᠎ᠠ︔ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠳᠡᠯᠡᠨ᠎ᠡ︔ ᠪᠦᠬᠦ | ᠨᠡᠶᠢᠭᠡᠮ ᠢ ᠵᠣᠬᠢᠶᠠᠨ ᠪᠠᠶᠢᠭᠤᠯᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠡᠷᠡᠭᠦᠯ | ᠮᠡᠨᠳᠦ ᠶᠢᠨ ᠬᠥᠮᠦᠵᠢᠯ ᠢ ᠥᠷᠨᠢᠭᠦᠯᠦᠨ᠎ᠡ᠃ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ | ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠ ᠬᠠᠷᠭᠤᠭᠤᠯᠤᠨ ᠵᠥᠪᠰᠢᠶᠡᠷᠡᠬᠦ ᠠᠵᠢᠯ ᠢ ᠲᠣᠭᠲᠠᠭᠠᠯ ᠶᠣᠰᠣᠭᠠᠷ ᠰᠠᠶᠢᠲᠤᠷ ᠬᠢᠬᠦ ᠶᠢ ᠬᠠᠷᠢᠭᠤᠴᠠᠨ᠎ᠠ | ︔ ᠪᠦᠬᠦ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠡᠯᠡᠳᠬᠡᠮᠵᠢ ᠶᠢᠨ ᠲᠥᠷᠥᠯ | ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠬᠦᠢᠴᠡᠳᠭᠡᠬᠦ ᠶᠢ ᠬᠠᠷᠢᠭᠤᠴᠠᠨ | ᠵᠢᠯᠣᠭᠤᠳᠤᠨ᠎ᠠ︔ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠶᠢ ᠨᠢᠭᠡᠳᠦᠯᠲᠡᠶ ᠲᠥᠯᠥᠪᠯᠡᠵᠦ᠂ ᠠᠶᠢᠮᠠᠭ ᠤᠨ | ᠱᠠᠲᠤᠨ ᠤ ᠡᠮᠴᠢᠯᠡᠭᠡᠨ ᠤ ᠡᠳ᠋ ᠪᠣᠳᠠᠰ ︵ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠬᠤ ᠥᠬᠡᠶ︶᠂ ᠠᠮᠢᠳᠤᠷᠠᠯ ᠤᠨ | ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠪᠠ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠥᠷᠨᠢᠭᠦᠯᠦᠨ᠎ᠡ᠃ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠣᠯᠤᠨ ᠰᠤᠷᠭᠠᠨ ᠬᠥᠮᠦᠵᠢᠯ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠬᠢᠨᠠᠯᠲᠠ ᠲᠠᠯᠪᠢᠵᠤ ᠪᠠᠶᠢᠭᠠᠳ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠳᠤ ᠪᠠᠶᠢᠭ᠎ᠠ ᠰᠣᠷᠣᠭᠴᠢ᠂ ᠪᠠᠭᠰᠢ ᠠᠵᠢᠯᠲᠠᠨ ᠤ ᠤᠬᠠᠭᠤᠯᠭ᠎ᠠ | ᠬᠥᠮᠦᠵᠢᠯ ᠪᠣᠯᠤᠨ ᠥᠪᠡᠷ ᠢ ᠪᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠣᠯᠤᠨ | ᠰᠤᠷᠭᠠᠨ ᠬᠥᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠡᠭᠦᠰᠬᠦ ᠶᠢ ᠰᠡᠷᠭᠡᠶᠢᠯᠡᠨ᠎ᠡ︔ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠠᠬᠢ ᠰᠤᠷᠤᠯᠭ᠎ᠠ ᠪᠠᠨ ᠵᠣᠭᠰᠣᠭᠠᠵᠤ ᠰᠤᠷᠤᠯᠭ᠎ᠠ ᠪᠠᠨ ᠰᠡᠷᠭᠦᠭᠡᠬᠦ | ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠭᠡᠷᠡᠭᠵᠢᠬᠦᠯᠦᠨ᠎ᠡ᠃ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠰᠡᠷᠭᠡᠶᠢᠯᠡᠨ ᠵᠠᠰᠠᠬᠤ ᠡᠮ ᠢ ᠰᠢᠭᠰᠢᠨ | ᠰᠣᠩᠭᠤᠬᠤ ᠪᠠ ᠰᠤᠳᠤᠯᠤᠨ ᠨᠡᠭᠡᠭᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠡᠪᠡᠳᠴᠢᠨ ᠢ ᠪᠠᠶᠢᠴᠠᠭᠠᠨ | ᠬᠡᠮᠵᠢᠬᠦ᠂ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠡᠵᠡᠮᠳᠡᠬᠦ ᠵᠡᠷᠭᠡ ᠰᠤᠳᠤᠯᠤᠨ ᠨᠡᠭᠡᠭᠡᠬᠦ ᠪᠠ ᠮᠡᠷᠭᠡᠵᠢᠯ ᠤᠨ | ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠬᠠᠮᠢᠶ᠎ᠠ ᠪᠥᠬᠦᠶ ᠠᠵᠤ ᠦᠢᠯᠡᠰ | ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ | ᠳᠡᠮᠵᠢᠵᠦ᠂ ᠰᠡᠷᠭᠡᠶᠢᠯᠡᠨ ᠵᠠᠰᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ | ᠬᠡᠷᠡᠭᠰᠡᠯ᠂ ᠡᠳ᠋ ᠪᠣᠳᠠᠰ᠂ ᠲᠤᠷᠰᠢᠯᠲᠠ ᠶᠢᠨ ᠡᠳ᠋ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠦᠢᠯᠡᠳᠪᠦᠷᠢᠯᠡᠯ ᠬᠠᠩᠭᠠᠯᠭ᠎ᠠ ᠪᠠ ᠦᠢᠯᠡᠳᠬᠦᠨ ᠤ ᠲᠠᠰ ᠳᠡᠪᠰᠢᠬᠦ ᠶᠢ ᠠᠬᠢᠭᠤᠯᠤᠨ᠎ᠠ︔ ᠬᠡᠷᠡᠭᠴᠡᠭᠡ ᠪᠣᠯᠤᠨ | ᠴᠢᠳᠠᠪᠤᠷᠢ ᠪᠠᠨ ᠦᠨᠳᠦᠰᠦᠯᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠢᠯᠡᠳᠪᠦᠷᠢᠯᠡᠬᠦ ᠪᠤᠶᠤ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠠᠮᠢᠶ᠎ᠠ ᠪᠦᠬᠦᠢ ᠡᠮ ᠤᠨ ᠵᠦᠢᠯ ᠪᠣᠯᠤᠨ | ᠡᠮᠴᠢᠯᠡᠭᠡᠨ ᠤ ᠪᠠᠭᠠᠵᠢ ᠬᠡᠷᠡᠭᠰᠡᠯ ᠢ ᠵᠣᠬᠢᠴᠠᠭᠤᠯᠤᠨ ᠬᠤᠳᠠᠯᠳᠤᠨ ᠠᠪᠤᠭᠤᠯᠬᠤ ᠪᠠᠷ ᠭᠤᠶᠣᠴᠢᠯᠠᠨ᠎ᠠ᠃ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠶᠠᠪᠣᠴᠠ ᠳᠠᠬᠢ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠲᠤ ᠬᠤᠯᠪᠣᠭᠳᠠᠬᠤ ᠨᠡᠶᠢᠭᠡᠮ ᠤᠨ ᠠᠮᠤᠷ ᠲᠦᠪᠰᠢᠨ ᠤ ᠬᠥᠳᠡᠯᠦᠯ ᠪᠠᠶᠢᠳᠠᠯ ᠢ | ᠨᠢᠭᠲᠠ ᠠᠩᠬᠠᠷᠤᠨ᠂ ᠰᠦᠯᠵᠢᠶ᠎ᠡ ᠪᠠᠷ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ | ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ︔ ︽ᠲᠣᠮᠣ ᠳ᠋ᠠᠶᠢᠲ᠋ᠠ + ᠲᠤᠤᠷᠵᠢᠭᠤᠯᠤᠭᠰᠠᠨ︾ ᠨᠡᠶᠢᠭᠡᠮ | ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠲᠣᠭᠲᠠᠴᠠ ᠳᠤ ᠲᠦᠰᠢᠭᠯᠡᠨ᠂ ᠭᠤᠤᠯᠳᠠᠯᠭ᠎ᠠ ᠲᠠᠢ ᠰᠡᠷᠭᠡᠶᠢᠯᠡᠨ | ᠡᠵᠡᠮᠳᠡᠬᠦ ᠪᠠ ᠨᠡᠶᠢᠭᠡᠮ ᠤᠨ ᠨᠡᠶᠢᠳᠡᠮ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ | ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠨ᠎ᠠ︔ ᠠᠯᠪᠠᠳᠠᠯᠭ᠎ᠠ ᠪᠠᠷ | ᠲᠤᠰᠠᠭᠠᠷᠯᠠᠬᠤ᠂ ᠬᠢᠵᠢᠭᠲᠦ ᠣᠷᠣᠨ ᠢ ᠪᠢᠲᠡᠭᠦᠮᠵᠢᠯᠡᠨ ᠡᠵᠡᠮᠳᠡᠬᠦ ᠵᠡᠷᠭᠡ ᠬᠠᠮᠢᠶ᠎ᠠ ᠪᠦᠬᠦᠢ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠨ᠎ᠡ︔ ᠬᠢᠨᠠᠨ ᠬᠠᠮᠢᠶᠠᠷᠬᠤ ᠪᠠ ᠬᠤᠷᠢᠬᠤ | ᠬᠥᠮᠦᠰ ᠲᠤ ᠤᠬᠠᠭᠤᠯᠭ᠎ᠠ ᠬᠥᠮᠦᠵᠢᠯ ᠪᠠ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠬᠢᠨᠠᠨ ᠬᠠᠮᠢᠶᠠᠷᠬᠤ ᠲᠠᠯᠠᠪᠤᠷ ᠲᠤ ᠭᠠᠷᠬᠤ ᠶᠢ | ᠰᠡᠷᠭᠡᠶᠢᠯᠡᠨ᠎ᠡ᠃ | ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠨᠢᠭᠦᠯᠡᠰᠦᠩᠭᠦᠶ ᠶᠢᠨ ᠬᠠᠨᠳᠢᠪᠯᠠᠬᠤ ᠠᠵᠢᠯ ᠢ ᠬᠠᠷᠢᠭᠤᠴᠠᠨ | ᠵᠢᠯᠣᠭᠤᠳᠤᠨ᠎ᠠ︔ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠠᠰᠠᠷᠠᠮᠵᠢ ᠪᠠ ᠣᠷᠣᠰᠢᠭᠤᠯᠭ᠎ᠠ ᠶᠢᠨ ᠦᠢᠯᠡᠴᠢᠯᠡᠭᠡ | ᠵᠡᠷᠭᠡ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠵᠢᠯᠣᠭᠤᠳᠬᠤ᠂ ᠬᠢᠨᠠᠯᠲᠠ ᠲᠠᠯᠪᠢᠵᠤ ᠪᠠᠶᠢᠭᠠᠳ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠨᠥᠬᠦᠴᠡᠯ ᠳᠤ | ᠨᠡᠶᠢᠴᠡᠬᠦ ᠬᠦᠴᠢᠷᠳᠡᠯᠲᠡᠶ ᠣᠯᠠᠨ ᠲᠦᠮᠡᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠲᠦᠷ ᠴᠠᠭ ᠤᠨ | ᠠᠪᠤᠷᠠᠨ ᠲᠤᠰᠠᠯᠠᠯᠲᠠ ᠣᠯᠭᠤᠨ᠎ᠠ︔ ᠨᠠᠰᠤ ᠪᠠᠷᠠᠭᠰᠠᠨ ᠬᠥᠮᠦᠰ ᠢ ᠬᠠᠶᠢᠯᠣᠭᠤᠯᠬᠤ ᠪᠠ ᠪᠤᠰᠤᠳ ᠬᠤᠶᠢᠨᠠᠬᠢ | ᠶᠠᠪᠤᠳᠠᠯ ᠢ ᠰᠠᠶᠢᠲᠤᠷ ᠵᠣᠬᠢᠴᠠᠭᠤᠯᠤᠨ᠎ᠠ᠃ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠄ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠠᠷᠢᠭᠤᠴᠠᠨ | ᠲᠣᠬᠢᠷᠠᠭᠤᠯᠬᠤ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠰᠠᠶᠢᠲᠤᠷ ᠬᠢᠨ᠎ᠡ᠃ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠬᠤ ᠠᠵᠢᠯᠲᠠᠨ ᠤ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠣᠯᠭᠤᠮᠵᠢ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ | ᠵᠠᠰᠠᠬᠤ ᠠᠵᠢᠯᠲᠠᠨ ᠤ ᠲᠦᠷ ᠴᠠᠭ ᠤᠨ ᠴᠢᠨᠠᠷᠲᠠᠶ ᠠᠵᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠣᠷᠢᠵᠢᠭᠤᠯᠣᠨ᠎ᠠ︔ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠨᠢᠭᠡᠳᠦᠭᠡᠷ ᠹᠷᠣᠨᠲ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠡᠮᠴᠢ ᠰᠤᠪᠢᠯᠠᠭᠴᠢ ᠵᠡᠷᠭᠡ | ᠠᠵᠢᠯᠲᠠᠨ ᠢ ᠪᠠᠴᠢᠮ ᠨᠥᠬᠦᠪᠥᠷᠢᠯᠡᠬᠦ ᠶᠢ ᠳᠡᠮᠵᠢᠨ᠎ᠡ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ | ᠳᠤᠮᠳᠠᠬᠢ ᠬᠥᠳᠡᠯᠮᠦᠷᠢ ᠶᠢᠨ ᠬᠠᠷᠢᠴᠠᠭ᠎ᠠ ᠪᠣᠯᠤᠨ ᠬᠤᠯᠪᠣᠭᠳᠠᠯ ᠪᠦᠬᠦᠢ ᠬᠥᠮᠦᠰ ᠤᠨ ᠴᠠᠯᠢᠩ ᠢ ᠥᠭᠬᠦ ᠠᠵᠢᠯ ᠢ | ᠰᠠᠶᠢᠲᠤᠷ ᠬᠢᠵᠦ᠂ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠳᠣᠯᠠᠨ᠎ᠠ︔ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ | ᠬᠥᠮᠦᠨ ᠪᠠ ᠬᠠᠮᠲᠤ ᠨᠡᠶᠢᠲᠡ᠂ ᠢᠯᠠᠩᠭᠤᠶ᠎ᠠ ᠥᠷᠭᠡᠨ ᠣᠯᠠᠨ ᠡᠮᠨᠡᠯᠭᠡ ᠶᠢᠨ ᠠᠵᠢᠯᠲᠠᠨ ᠢ ᠰᠠᠶᠢᠰᠢᠶᠠᠨ ᠬᠦᠭᠢᠬᠦᠯᠦᠨᠡ | ᠃ | ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠄ ᠡᠮᠴᠢᠯᠡᠭᠡᠨ ᠤ ᠬᠠᠶᠠᠭᠳᠠᠮᠠᠯ ᠡᠳ᠋ ᠢ | ᠴᠤᠭᠯᠠᠭᠤᠯᠬᠤ᠂ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠬᠤ᠂ ᠰᠢᠢᠳᠪᠦᠷᠢᠯᠡᠬᠦ ᠠᠵᠢᠯᠯᠠᠭ᠎ᠠ ᠳᠤᠮᠳᠠᠬᠢ ᠣᠷᠴᠢᠨ | ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠵᠢᠯᠣᠭᠤᠳᠬᠤ ᠶᠢ ᠬᠠᠷᠢᠭᠤᠴᠠᠨ᠎ᠠ︔ | ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ | ᠲᠠᠯᠪᠢᠵᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠰᠠᠶᠢᠲᠤᠷ ᠬᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠨ᠎ᠠ᠃ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ | ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ ᠰᠠᠶᠢᠲᠤᠷ ᠬᠢᠵᠦ᠂ | ᠨᠡᠭᠦᠳᠡᠯ ᠬᠤᠳᠠᠯᠳᠤᠭᠠᠴᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠭᠦᠳᠡᠯ | ᠬᠤᠳᠠᠯᠳᠤᠭᠠᠴᠢᠨ ᠤ ᠵᠡᠭᠡᠯᠢ ᠳᠠᠭᠠᠤ ᠪᠠᠷᠬᠢᠷᠠᠨ ᠬᠤᠳᠠᠯᠳᠤᠬᠤ᠂ ᠬᠡᠭᠡᠷ᠎ᠡ ᠶᠢᠨ ᠠᠮᠢᠲᠠᠨ ᠢ ᠬᠤᠳᠠᠯᠳᠤᠬᠤ ᠵᠡᠷᠭᠡ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠬᠢᠵᠠᠭᠠᠷᠯᠠᠨ᠎ᠠ︔ ᠰᠠᠭᠤᠭᠠᠯᠢ ᠲᠣᠭᠤᠷᠢᠭ ᠪᠠ ᠣᠯᠠᠨ | ᠨᠡᠶᠢᠲᠡ ᠶᠢᠨ ᠲᠠᠯᠠᠪᠤᠷ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ | ᠰᠠᠶᠢᠲᠤᠷ ᠬᠢᠨ᠎ᠡ︔ ᠤᠰᠤ ᠬᠠᠩᠭᠠᠬᠤ ᠠᠵᠤ ᠠᠬᠤᠶᠢᠯᠠᠯ ᠪᠣᠯᠤᠨ ᠤᠰᠤ ᠬᠠᠩᠭᠠᠬᠤ ᠬᠤᠭᠤᠯᠠᠶ ᠲᠣᠣᠷ ᠵᠢᠴᠢ | ᠳᠠᠭᠠᠯᠲᠠ ᠪᠡᠯᠡᠳᠬᠡᠮᠵᠢ ᠶᠢᠨ ᠠᠶᠤᠯ ᠦᠭᠡᠶ ᠠᠵᠢᠯᠯᠠᠭᠠᠨ ᠢ ᠴᠢᠩᠭᠠᠷᠠᠭᠤᠯᠵᠤ᠂ ᠤᠰᠤ ᠬᠠᠩᠭᠠᠬᠤ ᠪᠣᠬᠢᠷᠲᠤᠯ ᠤᠨ | ᠬᠡᠷᠡᠭ ᠢ ᠴᠢᠩᠭ᠎ᠠ ᠰᠡᠷᠬᠡᠶᠢᠯᠡᠨ᠎ᠡ︔ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠥᠷᠲᠡᠭᠡ ᠵᠡᠷᠭᠡ ᠶᠢᠨ ᠲᠣᠭᠲᠠᠭᠤᠨ ᠠᠵᠢᠯᠯᠠᠭᠠᠨ ᠢ ᠴᠢᠩᠭᠠᠳᠬᠠᠨ᠎ᠠ᠃ | ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠵᠠᠰᠠᠮᠠᠯ ᠵᠠᠮ ᠪᠠ ᠪᠠᠷᠠᠭᠠᠨ ᠤ ᠬᠦᠢᠯᠭᠡᠭᠡᠨ ᠤ | ᠠᠵᠤ ᠠᠬᠤᠶᠢᠯᠠᠯ ᠤᠨ ᠲᠡᠭᠡᠭᠡᠪᠦᠷᠢ ᠶᠢᠨ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠳᠤ ᠬᠢᠨᠠᠯᠲᠠ ᠳᠡᠯᠪᠢᠨ ᠵᠢᠯᠣᠭᠤᠳᠬᠤ ᠶᠢ ᠬᠠᠷᠢᠭᠤᠴᠠᠵᠤ᠂ ᠲᠡᠭᠡᠭᠡᠪᠦᠷᠢ ᠶᠢᠨ ᠪᠠᠭᠠᠵᠢ | ᠬᠡᠷᠡᠭᠰᠡᠯ ᠢ ᠠᠷᠢᠭᠤᠳᠬᠠᠬᠤ᠂ ᠨᠢᠭᠡᠳᠦᠭᠡᠷ ᠹᠷᠣᠨᠲ ᠤᠨ ᠠᠵᠢᠯᠲᠠᠨ ᠢ ᠰᠡᠷᠭᠡᠶᠢᠯᠡᠨ ᠬᠠᠮᠠᠭᠠᠯᠠᠬᠤ ᠵᠡᠷᠭᠡ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠵᠠᠰᠠᠮᠠᠯ ᠵᠠᠮ᠂ ᠤᠰᠤᠨ | ᠵᠠᠮ ᠤᠨ ᠵᠠᠮ ᠬᠠᠷᠢᠯᠴᠠᠭᠠᠨ ᠤ ᠪᠠᠭᠠᠵᠢ ᠳᠤ ᠰᠠᠭᠤᠭᠰᠠᠨ ᠬᠥᠮᠦᠰ ᠲᠤ ᠬᠠᠨᠳᠣᠭᠤᠯᠣᠭᠰᠠᠨ ᠬᠢᠵᠢᠭ ᠢ ᠪᠠᠶᠢᠴᠠᠭᠠᠬᠤ᠂ | ᠪᠠᠶᠢᠴᠠᠭᠠᠨ ᠰᠢᠯᠭᠠᠬᠤ ᠠᠵᠢᠯ ᠢ ᠬᠢᠵᠦ᠂ ᠬᠠᠯᠳᠠᠪᠤᠷᠢᠲᠤ ᠡᠪᠡᠳᠴᠢᠨ ᠵᠠᠮ ᠲᠡᠭᠡᠭᠡᠪᠦᠷᠢ ᠶᠢᠨ ᠭᠤᠭᠴᠤᠭ᠎ᠠ ᠪᠠᠷ | ᠳᠠᠮᠵᠢᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ︔ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠬᠥᠮᠦᠰ ᠵᠢᠴᠢ ᠰᠡᠷᠭᠡᠶᠢᠯᠡᠨ ᠵᠠᠰᠠᠬᠤ ᠡᠮ ᠤᠨ ᠵᠦᠢᠯ᠂ ᠡᠮᠴᠢᠯᠡᠭᠡᠨ ᠤ | ᠪᠠᠭᠠᠵᠢ ᠬᠡᠷᠡᠭᠰᠡᠯ ᠵᠡᠷᠭᠡ ᠪᠠᠴᠢᠮ ᠬᠡᠷᠡᠭᠯᠡᠬᠦ ᠡᠳ᠋ ᠪᠠᠷᠠᠭ᠎ᠠ ᠪᠣᠯᠤᠨ ᠬᠤᠯᠪᠣᠭᠳᠠᠯ ᠪᠦᠬᠦᠢ ᠬᠡᠪ ᠵᠠᠭᠪᠤᠷ ᠢ | ᠲᠡᠭᠡᠭᠡᠪᠦᠷᠢᠯᠡᠨ ᠬᠦᠷᠭᠡᠬᠦ ᠶᠢ ᠪᠠᠲᠤᠯᠠᠨ᠎ᠠ︔ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠢ ᠬᠠᠮᠵᠢᠨ | ᠬᠢᠵᠢᠭᠲᠦ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ | ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠄ ᠮᠠᠯ | ᠵᠢᠭᠦᠷᠲᠡᠨ ᠢ ᠲᠣᠭᠲᠠᠭᠰᠠᠨ ᠭᠠᠵᠠᠷ ᠲᠤ ᠨᠢᠲᠤᠯᠬᠤ ᠲᠠᠯᠠᠪᠠᠢ ᠶᠢᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ ᠵᠢᠯᠣᠭᠤᠳᠤᠨ᠎ᠠ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ︽ᠠᠮᠤ ᠪᠤᠳᠠᠭ᠎ᠠ︾ ︽ᠬᠤᠯᠢᠰᠢᠨ ᠢᠳᠡᠭᠡᠨ︾ ᠪᠣᠯᠤᠨ ᠵᠢᠭᠦᠷᠲᠡᠨ ᠥᠨᠳᠡᠭᠡ | ᠮᠢᠬ᠎ᠠ ᠰᠦ ᠵᠡᠷᠭᠡ ᠦᠢᠯᠡᠳᠬᠦᠨ ᠤ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠬᠠᠮᠠᠭᠠᠯᠠᠵᠤ᠂ ᠲᠠᠷᠢᠶᠠᠯᠠᠩ ᠳᠤ | ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠳᠣᠯᠠᠨ᠎ᠠ︔ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠰᠠᠶᠢᠲᠤᠷ ᠬᠢᠵᠦ᠂ ᠣᠷᠣᠰᠢᠨ ᠠᠮᠢᠳᠤᠷᠠᠬᠤ ᠣᠷᠴᠢᠨ | ᠨᠥᠬᠦᠴᠡᠯ ᠤᠨ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠠᠮᠢᠲᠠᠨ ᠬᠥᠮᠦᠨ ᠮᠠᠯ ᠳᠤ ᠴᠥᠮ ᠲᠤᠰᠳᠠᠭ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠷᠢᠭᠤᠴᠠᠵᠤ᠂ ᠬᠥᠮᠦᠨ ᠲᠥᠷᠥᠯᠬᠢᠲᠡᠨ ᠯᠦᠭᠡ | ᠨᠢᠭᠲᠠ ᠣᠶᠢᠷᠠᠲᠤᠭᠰᠠᠨ ᠠᠮᠢᠲᠠᠨ ᠲᠠᠢ ᠬᠤᠯᠪᠣᠭᠳᠠᠬᠤ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ᠂ ᠪᠠᠶᠢᠴᠠᠭᠠᠬᠤ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠬᠤᠳᠠᠯᠳᠤᠭᠠᠨ ᠤ ᠲᠠᠯᠠᠪᠤᠷ᠂ ᠴᠢᠯᠦᠬᠡᠳᠦ ᠳᠡᠯᠭᠡᠭᠦᠷ᠂ | ᠢᠳᠡᠭᠡᠨ ᠤᠮᠳᠠᠭᠠᠨ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠯ᠎ᠡ ᠵᠦᠢᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠬᠤ ᠶᠢ | ᠬᠠᠷᠢᠭᠤᠴᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠳᠡᠯᠭᠡᠨ ᠦᠵᠡᠭᠦᠯᠵᠦ ᠵᠥᠪᠳᠡᠯᠴᠡᠬᠦ ᠠᠵᠢᠯᠯᠠᠭ᠎ᠠ ᠶᠢ ᠪᠣᠯᠭᠤᠮᠵᠢᠲᠠᠶ | ᠵᠣᠬᠢᠶᠠᠨ ᠪᠠᠶᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠭᠠᠵᠠᠷ | ᠣᠷᠣᠨ ᠠᠯᠤᠰᠯᠠᠨ ᠲᠠᠷᠬᠠᠵᠤ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ | ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠄ ᠵᠢᠭᠤᠯᠴᠢᠯᠠᠯ ᠤᠨ ᠠᠵᠢᠯ ᠲᠥᠷᠥᠯ ᠢ | ᠵᠢᠯᠣᠭᠤᠳᠤᠨ ᠰᠢᠮᠳᠠᠭᠤᠯᠵᠤ ᠪᠠᠶᠢᠭᠠᠳ ᠭᠡᠨᠡᠳᠲᠡ ᠡᠬᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ︔ | ᠵᠢᠭᠤᠯᠴᠢᠯᠠᠯ ᠤᠨ ᠪᠦᠯᠬᠦᠮ ᠨᠡᠶᠢᠲᠡ ᠵᠢᠴᠢ ᠠᠵᠢᠯᠲᠠᠨ ᠢ ᠤᠬᠠᠭᠤᠯᠬᠤ᠂ ᠳᠠᠩᠰᠠᠯᠠᠬᠤ᠂ ᠡᠷᠡᠭᠦᠯ ᠮᠡᠨᠳᠦ ᠶᠢ | ᠠᠵᠢᠭᠯᠠᠬᠤ ᠠᠵᠢᠯ ᠢ ᠰᠠᠶᠢᠲᠤᠷ ᠬᠢᠨ᠎ᠡ︔ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠯᠢᠶᠡᠨ ᠠᠪᠴᠤ | ᠨᠡᠶᠢᠲᠡᠯᠡᠨ᠂ ᠬᠤᠯᠪᠣᠭᠳᠠᠯ ᠪᠦᠬᠦᠢ ᠠᠵᠢᠯ ᠢ ᠴᠢᠭᠯᠡᠭᠦᠯᠬᠦ ᠴᠢᠨᠠᠷᠲᠠᠶ ᠪᠠᠷ ᠰᠠᠶᠢᠲᠤᠷ ᠬᠢᠨ᠎ᠡ᠃ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠠᠮᠢᠶ᠎ᠠ ᠪᠥᠬᠦᠶ ᠠᠪᠤᠷᠠᠨ | ᠲᠤᠰᠠᠯᠠᠬᠤ ᠡᠩᠨᠡᠭᠡ ᠶᠢ ᠵᠣᠬᠢᠴᠠᠭᠤᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ | ᠳᠤᠮᠳᠠ ᠰᠢᠯᠵᠢᠭᠦᠯᠦᠨ ᠬᠡᠷᠡᠭᠯᠡᠨ᠎ᠡ︔ ᠬᠠᠮᠲᠤ ᠠᠵᠢᠯᠯᠠᠭᠰᠠᠳ ᠨᠢ ᠭᠡᠷᠡᠭ ᠭᠠᠷᠤᠭᠰᠠᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠨᠢ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ ᠪᠠ | ᠠᠮᠢᠳᠤᠷᠠᠯ ᠢ ᠨᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ ᠨᠡᠶᠢᠭᠡᠮ ᠤᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠲᠤᠰᠠᠯᠠᠭᠰᠠᠨ ᠪᠡᠯᠡ ᠮᠥᠩᠭᠦ ᠪᠣᠯᠤᠨ ᠡᠳ᠋ ᠪᠠᠷᠠᠭ᠎ᠠ ᠶᠢ ᠬᠠᠮᠢᠶᠠᠷᠬᠤ ᠪᠠ ᠣᠯᠭᠤᠨ᠎ᠠ᠃ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠠᠬ᠎ᠠ ᠳᠡᠯᠭᠡᠭᠦᠷ ᠤᠨ | ᠲᠠᠸᠠᠷ ᠤᠨ ᠠᠷᠠᠯᠵᠢᠶᠠᠨ ᠤ ᠦᠢᠯᠡ ᠠᠵᠢᠯᠯᠠᠭ᠎ᠠ ᠶᠢ ᠶᠡᠷᠦᠩᠬᠡᠶᠢᠯᠡᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ | ᠴᠢᠩᠭᠠᠳᠬᠠᠬᠤ ᠶᠢ ᠬᠠᠷᠢᠭᠤᠴᠠᠵᠤ᠂ ᠵᠠᠬ᠎ᠠ ᠳᠡᠯᠭᠡᠭᠦᠷ ᠨᠡᠭᠡᠭᠡᠭᠴᠢ ᠪᠠ ᠡᠵᠡᠩᠨᠡᠭᠴᠢ ᠶᠢ ᠰᠢᠮᠳᠠᠭᠤᠯᠵᠤ ᠪᠠᠶᠢᠭᠠᠳ | ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠠᠶᠢᠳᠠᠪᠤᠷᠢᠵᠢᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠨ ᠵᠢᠯᠣᠭᠤᠳᠴᠤ ᠨᠠᠶᠢᠳᠠᠪᠤᠷᠢᠵᠢᠭᠤᠯᠤᠨ᠎ᠠ︔ | ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠬᠠᠮᠢᠶ᠎ᠠ ᠪᠦᠬᠦᠢ ᠦᠢᠯᠡᠳᠬᠦᠨ ︵ | ᠠᠮᠢᠳᠤ ᠵᠢᠭᠦᠷᠲᠡᠨ᠂ ᠬᠡᠭᠡᠷ᠎ᠡ ᠶᠢᠨ ᠠᠮᠢᠲᠠᠨ ᠵᠢᠴᠢ ᠦᠢᠯᠡᠳᠬᠦᠨ ᠪᠠᠭᠲᠠᠨ᠎ᠠ︶ ᠢ ᠵᠠᠬ᠎ᠠ ᠳᠡᠯᠭᠡᠭᠦᠷ ᠢᠶᠠᠷ ᠬᠢᠨᠠᠨ | ᠬᠠᠮᠢᠶᠠᠷᠬᠤ ᠠᠵᠢᠯ ᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ︔ ᠬᠡᠷᠡᠭᠴᠡᠭᠡ ᠶᠢ | ᠦᠨᠳᠦᠰᠦᠯᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠡᠭᠦᠰᠭᠡᠭᠰᠡᠨ ᠡᠵᠡᠩᠨᠡᠯᠲᠡ ᠶᠢᠨ | ᠠᠵᠢᠯᠯᠠᠭ᠎ᠠ ᠳᠤ ᠲᠦᠷ ᠴᠠᠭ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠤᠨ᠎ᠠ︔ ᠪᠠᠴᠢᠮ ᠪᠠᠶᠢᠳᠠᠯ ᠢ ᠠᠷᠭᠠᠴᠠᠬᠤ | ᠡᠳ᠋ ᠪᠠᠷᠠᠭ᠎ᠠ ᠶᠢᠨ ᠵᠠᠬ᠎ᠠ ᠳᠡᠯᠭᠡᠭᠦᠷ ᠤᠨ ᠪᠠᠷᠠᠭ᠎ᠠ ᠶᠢᠨ ᠦᠨ᠎ᠡ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ | ᠪᠠᠲᠤᠯᠠᠵᠤ᠂ ᠦᠨ᠎ᠡ ᠬᠠᠩᠰᠢ ᠶᠢ ᠲᠦᠷᠬᠢᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ | ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠦᠢᠯᠡᠳᠬᠦ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠰᠠᠮᠠᠭᠤᠷᠠᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠡ︔ ᠭᠡᠨᠡᠳᠲᠡ | ᠡᠬᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ︵ᠰᠡᠷᠭᠡᠶᠢᠯᠡᠨ ᠬᠠᠮᠠᠭᠠᠯᠠᠬᠤ ᠬᠡᠷᠡᠭᠰᠡᠯ︶ ᠶᠢᠨ ᠶᠠᠰᠤ ᠴᠢᠨᠠᠷ ᠤᠨ | ᠠᠶᠤᠯ ᠦᠭᠡᠶ ᠳᠤ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠰᠠᠶᠢᠲᠤᠷ ᠬᠢᠨ᠎ᠡ᠃ | ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠄ ᠬᠡᠭᠡᠷ᠎ᠡ ᠶᠢᠨ ᠠᠮᠢᠲᠠᠨ ᠤ ᠬᠢᠵᠢᠭ | ᠡᠪᠡᠳᠴᠢᠨ ᠢ ᠬᠢᠨᠠᠨ ᠬᠡᠮᠵᠢᠬᠦ᠂ ᠰᠠᠭᠤᠷᠢ ᠪᠠᠶᠢᠴᠠᠭᠠᠯᠲᠠ ᠬᠢᠬᠦ ᠪᠠ ᠥᠯᠢᠭᠡᠷ ᠡᠳ᠋ ᠴᠤᠭᠯᠠᠭᠤᠯᠬᠤ ᠵᠢᠴᠢ ᠬᠠᠳᠠᠭᠠᠯᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠭᠠᠷᠤᠭᠰᠠᠨ ᠬᠤᠭᠤᠴᠠᠭᠠᠨ ᠳᠤ᠂ ᠲᠦᠷᠭᠡᠨ ᠲᠤᠰᠠᠭᠠᠷᠯᠠᠬᠤ᠂ ᠡᠪᠡᠳᠴᠢᠨ ᠤ ᠶᠠᠩᠵᠤ | ᠴᠤᠭᠯᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ︔ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠵᠤ ᠬᠡᠭᠡᠷ᠎ᠡ ᠶᠢᠨ ᠠᠮᠢᠲᠠᠨ ᠤ ᠠᠵᠢᠯᠯᠠᠭ᠎ᠠ ᠶᠢᠨ ᠬᠡᠪᠴᠢᠶ᠎ᠡ ᠪᠠ ᠬᠠᠨᠳᠤᠰᠢ ᠵᠡᠷᠭᠡ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠵᠠᠳᠠᠯᠤᠨ ᠳᠣᠷᠠᠳᠣᠨ᠎ᠠ᠃ | ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ᠄ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠭᠠᠳᠠᠭᠠᠳᠤ ᠳᠤ ᠬᠤᠯᠪᠣᠭᠳᠠᠬᠤ | ᠰᠢᠶᠠᠩᠭᠠᠩ ᠣᠣᠮᠧᠨ ᠳᠤ ᠬᠤᠯᠪᠣᠭᠳᠠᠬᠤ ᠶᠠᠪᠤᠳᠠᠯ ᠢ ᠬᠠᠷᠢᠭᠤᠴᠠᠵᠤ᠂ ᠮᠠᠨ ᠤ ᠠᠶᠢᠮᠠᠭ ᠤᠨ ᠬᠢᠯᠢ ᠶᠢᠨ ᠳᠣᠲᠣᠷ᠎ᠠ | ᠭᠠᠳᠠᠨᠠᠬᠢ ᠬᠠᠷᠢᠶ᠎ᠠ ᠲᠠᠢ ᠵᠢᠴᠢ ᠰᠢᠶᠠᠩᠭᠠᠩ ᠣᠣᠮᠧᠨ ᠲᠠᠶᠢᠸᠠᠨ ᠤ ᠬᠥᠮᠦᠰ ᠤᠨ ᠬᠥᠳᠡᠯᠦᠩᠭᠦᠢ ᠬᠠᠮᠢᠶᠠᠷᠤᠯᠲᠠ ᠶᠢᠨ | ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ︔ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ | ᠣᠷᠣᠨ᠂ ᠥᠯᠵᠡᠶ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠪᠣᠯᠤᠨ ᠰᠠᠭᠤᠭ᠎ᠠ | ᠭᠠᠵᠠᠷ ᠤᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠢ ᠬᠠᠮᠵᠢᠨ | ᠪᠣᠭᠤᠮᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠬᠢᠯᠢ ᠶᠢᠨ ᠪᠣᠭᠤᠮᠲᠠ ᠶᠢᠨ ᠬᠢᠵᠢᠭ ᠢ ᠪᠠᠶᠢᠴᠠᠭᠠᠵᠤ ᠰᠢᠯᠭᠠᠬᠤ ᠪᠠ ᠬᠠᠯᠳᠠᠪᠤᠷᠢᠲᠤ | ᠡᠪᠡᠳᠴᠢᠨ ᠢ ᠬᠢᠨᠠᠨ ᠰᠢᠯᠭᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠤᠨ | ᠰᠢᠢᠳᠪᠦᠷᠢᠯᠯᠡᠳᠡ ᠬᠢᠬᠦ᠂ ᠭᠠᠳᠠᠭᠠᠳᠤ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ | ᠵᠠᠩᠭᠢ ᠶᠢ ᠴᠤᠭᠯᠠᠭᠤᠯᠬᠤ ᠪᠠ ᠬᠠᠩᠭᠠᠬᠤ᠂ ᠬᠠᠷᠢᠶ᠎ᠠ ᠣᠷᠣᠨ ᠤ ᠭᠠᠳᠠᠭᠠᠳᠤ ᠠᠴᠠ ᠣᠷᠣᠭᠤᠯᠬᠤ ᠪᠠᠴᠢᠮ ᠪᠠᠶᠢᠳᠠᠯ ᠢ | ᠠᠷᠭᠠᠴᠠᠬᠤ ᠡᠳ᠋ ᠪᠠᠷᠠᠭ᠎ᠠ ᠶᠢᠨ ᠲᠠᠸᠠᠷ ᠤᠨ ᠰᠢᠯᠭᠠᠨ ᠪᠠᠶᠢᠴᠠᠭᠠᠯᠲᠠ ᠶᠢ ᠥᠷᠨᠢᠭᠦᠯᠦᠨ᠎ᠡ︔ ᠬᠢᠯᠢ ᠶᠢ ᠬᠠᠮᠢᠶᠠᠷᠴᠤ | ᠪᠠᠶᠢᠭ᠎ᠠ ᠪᠦᠷᠢᠯᠳᠦᠬᠦᠨ ᠨᠢᠭᠡᠴᠡ ᠶᠢ ᠵᠣᠬᠢᠴᠠᠭᠤᠯᠤᠨ ᠰᠢᠮᠳᠠᠭᠤᠯᠵᠤ ᠪᠠᠶᠢᠭᠠᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠣᠰᠣᠭᠠᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠬᠢᠯᠢ | ᠬᠢᠵᠠᠭᠠᠷ ᠣᠷᠣᠨ ᠤ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ᠃ | ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠄ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠬᠦ ᠶᠢ ᠬᠠᠷᠢᠭᠤᠴᠠᠵᠤ᠂ ᠦᠢᠯᠡᠴᠢᠯᠡᠬᠡᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠂ ᠭᠡᠨᠡᠳᠲᠡ ᠡᠬᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ | ᠪᠦᠷᠢᠨᠰᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ︽ᠬᠤᠶᠠᠷ ᠢ ᠦᠨᠡᠨᠬᠦ ᠪᠠᠲᠤᠯᠠᠬᠤ︾ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠷᠤᠳᠠᠯ ᠤᠨ ᠠᠰᠠᠭᠤᠳᠠᠯ ᠠᠴᠠ ᠪᠣᠯᠵᠣ | ᠡᠪᠡᠳᠴᠢᠲᠡᠨ ᠤ ᠡᠮᠨᠡᠭᠦᠯᠬᠦ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠭᠥᠯᠢᠶᠡᠨ ᠠᠪᠴᠤ ᠡᠮᠨᠡᠨ | ᠵᠠᠰᠠᠬᠤ ᠡᠮᠨᠡᠯᠭᠡ ᠶᠢᠨ ᠬᠤᠷᠢᠶ᠎ᠠ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠠᠴᠠ ᠪᠣᠯᠵᠣ ᠠᠪᠤᠷᠠᠨ ᠵᠠᠰᠠᠬᠤ ᠶᠢ | ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠳᠣᠯᠠᠨ᠎ᠠ︔ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠴᠠᠭ | ᠲᠤᠬᠠᠶ ᠳᠤᠨᠢ ᠲᠣᠭᠲᠠᠭᠠᠬᠤ ᠪᠤᠶᠤ ᠲᠣᠬᠢᠷᠠᠭᠤᠯᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠡ᠃ | ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠄ ᠪᠥᠬᠦ ᠠᠶᠢᠮᠠᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠠᠪᠴᠠᠩ ᠢ ᠲᠦᠷᠦᠭᠦᠯᠡᠨ ᠪᠠᠶᠢᠭᠤᠯᠤᠨ ᠬᠠᠮᠢᠶᠠᠷᠴᠤ᠂ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠭ᠎ᠠ ᠪᠠᠷᠢᠮᠲᠠ ᠶᠢ | ᠴᠤᠭᠯᠠᠭᠤᠯᠤᠨ ᠨᠡᠶᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ | ᠠᠶᠢᠮᠠᠭ ᠤᠨ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ᠄ ᠱᠠᠰᠢᠨ ᠰᠤᠷᠲᠠᠬᠤᠨ ᠤ ᠲᠠᠯᠠᠪᠤᠷ | ᠭᠠᠵᠠᠷ ᠤᠨ ᠡᠷᠡᠭᠦᠯ ᠮᠡᠨᠳᠦ ᠶᠢᠨ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠄ ᠪᠥᠬᠦ ᠠᠶᠢᠮᠠᠭ ᠤᠨ ᠰᠢᠤᠳᠠᠨ ᠤ ᠲᠦᠷᠭᠡᠨ ᠬᠦᠷᠭᠡᠬᠦ | ᠠᠵᠢᠯ ᠲᠥᠷᠥᠯ ᠤᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠰᠢᠤᠳᠠᠨ ᠤ ᠲᠦᠷᠭᠡᠨ ᠬᠦᠷᠭᠡᠬᠦ ᠠᠵᠢᠯ | ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠭᠦᠢᠴᠡᠳᠭᠡᠨ᠎ᠡ︔ ᠰᠢᠤᠳᠠᠨ ᠤ ᠶᠠᠪᠤᠳᠠᠯ ᠤᠨ ᠲᠦᠷᠭᠡᠨ ᠬᠦᠷᠭᠡᠬᠦ ᠲᠡᠷᠭᠡ ᠬᠥᠰᠬᠡ ᠶᠢ ᠵᠣᠬᠢᠴᠠᠭᠤᠯᠤᠨ ᠰᠠᠭᠠᠳ | ᠥᠬᠡᠶ ᠨᠡᠪᠲᠡᠷᠡᠬᠦ ᠵᠠᠮ ᠳᠤ ᠣᠷᠣᠭᠤᠯᠵᠤ᠂ ᠰᠢᠤᠳᠠᠨ ᠤ ᠶᠠᠪᠤᠳᠠᠯ ᠤᠨ ᠲᠦᠷᠭᠡᠨ ᠬᠦᠷᠭᠡᠬᠦ ᠲᠡᠷᠭᠡ ᠬᠥᠰᠬᠡ ᠶᠢᠨ | ᠠᠵᠢᠯᠯᠠᠭᠠᠨ ᠢ ᠦᠨᠡᠨᠬᠦ ᠪᠠᠲᠤᠯᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠲᠡᠭᠡᠭᠡᠪᠦᠷᠢ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ | ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠪᠠᠴᠢᠮ ᠪᠠᠶᠢᠳᠠᠯ ᠢ ᠠᠷᠭᠠᠴᠠᠬᠤ ᠦᠨ᠎ᠡ ᠲᠥᠯᠥᠪᠦᠷᠢ | ᠦᠭᠡᠶ ᠪᠠᠷ ᠴᠢᠰᠤ ᠬᠠᠨᠳᠢᠪᠯᠠᠵᠦ ᠴᠢᠰᠤ ᠪᠦᠲᠦᠭᠡᠬᠦ ᠭᠤᠤᠯ ᠡᠰ ᠪᠣᠯᠤᠨ ᠬᠥᠮᠦᠨ ᠤ ᠪᠡᠶ᠎ᠡ ᠶᠢᠨ ᠡᠷᠬᠡᠲᠡᠨ ᠢᠶᠠᠨ | ᠬᠠᠨᠳᠢᠪᠯᠠᠬᠤ ᠵᠡᠷᠭᠡ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠤᠬᠠᠭᠤᠯᠭ᠎ᠠ ᠳᠠᠶᠢᠴᠢᠯᠠᠯᠲᠠ ᠶᠢᠨ | ᠠᠵᠢᠯ ᠢ ᠥᠷᠨᠢᠭᠦᠯᠵᠦ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠠᠶ ᠳᠤ ᠥᠪᠡᠷ ᠢ ᠪᠠᠨ | ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠢ ᠥᠷᠨᠢᠭᠦᠯᠦᠨ᠎ᠡ︔ ᠤᠯᠤᠰ ᠤᠨ ᠳᠣᠲᠣᠭᠠᠳᠤ ᠭᠠᠳᠠᠭᠠᠳᠤ ᠶᠢᠨ | ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠪᠡᠯᠡᠭᠯᠡᠨ ᠬᠦᠷᠭᠡᠭᠰᠡᠨ ᠵᠦᠢᠯ ᠢ ᠬᠠᠤᠯᠢ ᠶᠣᠰᠣᠭᠠᠷ ᠬᠦᠯᠢᠶᠡᠨ | ᠠᠪᠴᠤ᠂ ᠪᠠᠴᠢᠮ ᠬᠡᠷᠡᠭᠰᠡᠬᠦ ᠬᠥᠮᠥᠡᠯᠢᠭ ᠦᠵᠡᠯ ᠤᠨ ᠲᠤᠰᠠᠯᠠᠮᠵᠢ ᠬᠠᠩᠭᠠᠨ᠎ᠠ᠃ | ᠠᠶᠢᠮᠠᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ᠄ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠲᠠᠢ | ᠬᠠᠮᠵᠢᠯᠴᠠᠨ ᠭᠠᠯᠲᠤ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠢᠶᠠᠷ ᠣᠷᠣᠵᠤ ᠭᠠᠷᠬᠤ ᠪᠠ ᠲᠡᠷᠭᠡᠨ ᠳᠤ | ᠰᠠᠭᠤᠭᠰᠠᠳ ᠤᠨ ᠬᠢᠵᠢᠭ ᠢ ᠪᠠᠶᠢᠴᠠᠭᠠᠨ ᠰᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠬᠠᠯᠳᠠᠪᠤᠷᠢᠲᠤ ᠡᠪᠡᠳᠴᠢᠨ ᠳᠡᠯᠭᠡᠷᠡᠬᠦ ᠶᠢ ᠰᠡᠷᠭᠡᠶᠢᠯᠡᠨ᠎ᠡ︔ ᠠᠶᠢᠮᠠᠭ ᠤᠨ ᠳᠣᠲᠣᠷᠠᠬᠢ ᠲᠡᠮᠦᠷ ᠵᠠᠮ᠂ ᠠᠭᠠᠷ | ᠠᠶᠠᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠤ ᠠᠬᠤᠶᠢᠯᠠᠯ ᠢ ᠵᠣᠬᠢᠴᠠᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠥᠮᠦᠰ ᠵᠢᠴᠢ ᠰᠡᠷᠭᠡᠶᠢᠯᠡᠨ ᠵᠠᠰᠠᠬᠤ ᠡᠮ ᠤᠨ ᠵᠦᠢᠯᠡᠰ᠂ | ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠪᠠᠴᠢᠮ ᠬᠡᠷᠡᠭᠯᠡᠭᠡᠨ ᠤ ᠡᠳ᠋ ᠪᠣᠳᠠᠰ ᠢ ᠲᠡᠭᠡᠭᠡᠪᠦᠷᠢᠯᠡᠨ ᠬᠦᠷᠭᠡᠬᠦ ᠶᠢ | ᠪᠠᠲᠤᠯᠠᠵᠤ᠂ ᠲᠡᠮᠦᠷ ᠵᠠᠮ᠂ ᠠᠭᠠᠷ ᠠᠶᠠᠯᠠᠯ ᠤᠨ ᠵᠠᠮ ᠬᠠᠷᠢᠯᠴᠠᠭ᠎ᠠ ᠶᠢ ᠵᠣᠬᠢᠴᠠᠭᠤᠯᠬᠤ ᠠᠵᠢᠯ ᠢ ᠰᠠᠶᠢᠲᠤᠷ ᠬᠢᠨ᠎ᠡ᠃ | | ᠠᠶᠢᠮᠠᠭ ᠤᠨ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠄ ᠠᠶᠢᠮᠠᠭ ᠤᠨ ᠵᠢᠯᠣᠭᠤᠳᠬᠤ | ᠭᠠᠵᠠᠷ ᠤᠨ ᠠᠵᠢᠯᠯᠠᠬᠤ ᠭᠠᠵᠠᠷ᠂ ᠶᠡᠷᠦᠩᠬᠡᠶ ᠶᠠᠪᠤᠳᠠᠯ ᠪᠣᠯᠤᠨ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ | ᠠᠵᠢᠯ ᠢ ᠬᠠᠷᠢᠭᠤᠴᠠᠨ᠎ᠠ᠃ | ᠠᠯᠠᠱᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠪᠠᠲᠤᠯᠠᠭ᠎ᠠ ᠶᠢᠨ ᠭᠠᠵᠠᠷ᠄ ᠴᠡᠷᠢᠭ ᠠᠩᠭᠢ ᠶᠢᠨ | ᠰᠢᠰᠲ᠋ᠧᠮ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠴᠡᠷᠢᠭ ᠠᠩᠭᠢ ᠶᠢᠨ ᠬᠤᠯᠪᠣᠭᠳᠠᠯ ᠪᠦᠬᠦᠢ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠵᠣᠬᠢᠴᠠᠭᠤᠯᠤᠨ᠂ ᠣᠷᠣᠨ ᠨᠤᠲᠤᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠳᠡᠮᠵᠢᠨ᠎ᠡ︔ ᠣᠷᠣᠨ | ᠨᠤᠲᠤᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠳᠤᠮᠳᠠ ᠰᠠᠭᠤᠭ᠎ᠠ ᠴᠡᠷᠢᠭ ᠠᠩᠭᠢ ᠶᠢᠨ ᠵᠣᠬᠢᠴᠠᠭᠤᠯᠤᠨ ᠬᠠᠷᠢᠯᠴᠠᠬᠤ᠂ ᠮᠡᠳᠡᠭᠡ ᠵᠠᠩᠭᠢ | ᠴᠤᠭᠯᠠᠭᠤᠯᠬᠤ᠂ ᠪᠠᠶᠢᠳᠠᠯ ᠢ ᠮᠡᠳᠡᠭᠡᠯᠡᠬᠦ ᠶᠢ ᠬᠠᠷᠢᠭᠤᠴᠠᠨ᠎ᠠ᠃ | ᠵᠡᠪᠰᠡᠭᠲᠦ ᠴᠠᠭᠳᠠᠭ᠎ᠠ ᠶᠢᠨ ᠠᠯᠠᠱᠠ ᠶᠢᠨ ᠰᠠᠯᠪᠤᠷᠢ ᠠᠩᠭᠢ᠄ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ | ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠯᠠᠭ᠎ᠠ ᠳᠤ ᠣᠷᠣᠯᠴᠠᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠵᠢᠯᠴᠠᠨ ᠬᠡᠷᠡᠭ ᠤᠨ ᠲᠤᠬᠠᠶ ᠶᠢᠨ ᠲᠠᠯᠠᠪᠠᠶ ᠶᠢ ᠡᠵᠡᠮᠳᠡᠬᠦ | ᠠᠵᠢᠯ ᠢ ᠰᠠᠶᠢᠲᠤᠷ ᠬᠢᠨ᠎ᠡ᠃ | ᠠᠯᠠᠱᠠ ᠪᠣᠭᠤᠮᠲᠠ᠂ ᠡᠵᠡᠨ᠎ᠡ ᠪᠣᠭᠤᠮᠲᠠ᠄ ᠬᠢᠯᠢ ᠪᠠᠷ ᠣᠷᠣᠵᠤ ᠭᠠᠷᠬᠤ ᠡᠷᠡᠭᠦᠯ ᠬᠠᠮᠠᠭᠠᠯᠠᠯ ᠬᠢᠵᠢᠭ ᠢ | ᠪᠠᠶᠢᠴᠠᠭᠠᠬᠤ᠂ ᠪᠣᠭᠤᠮᠲᠠ ᠶᠢᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ︔ ᠪᠣᠭᠤᠮᠲᠠ ᠶᠢᠨ ᠣᠷᠣᠨ ᠤ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠬᠢᠯᠢ ᠶᠢᠨ ᠪᠣᠭᠤᠮᠲᠠ ᠶᠢᠨ ᠬᠢᠵᠢᠭ ᠢ ᠪᠠᠶᠢᠴᠠᠭᠠᠨ ᠰᠢᠯᠭᠠᠬᠤ᠂ | ᠬᠠᠯᠳᠠᠪᠤᠷᠢᠲᠤ ᠡᠪᠡᠳᠴᠢᠨ ᠢ ᠬᠢᠨᠠᠨ ᠰᠢᠯᠭᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠ ᠡᠷᠡᠭᠦᠯ | ᠬᠠᠮᠠᠭᠠᠯᠠᠯ ᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠤᠯᠤᠰ ᠤᠨ ᠭᠠᠳᠠᠭᠠᠳᠤ ᠶᠢᠨ ᠬᠠᠯᠳᠠᠪᠤᠷᠢᠲᠤ | ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠬᠤ ᠪᠠ ᠬᠠᠩᠭᠠᠨ᠎ᠠ︔ | ᠬᠠᠷᠢᠶ᠎ᠠ ᠣᠷᠣᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠲᠠᠸᠠᠷ ᠢ | ᠰᠢᠯᠭᠠᠨ ᠪᠠᠶᠢᠴᠠᠭᠠᠬᠤ ᠶᠢ ᠬᠠᠷᠢᠭᠤᠴᠠᠨ᠎ᠠ᠃ | ᠴᠡᠭᠡ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ | ᠥᠯᠵᠡᠶ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠄ ᠬᠢᠯᠢ ᠪᠠᠷ ᠬᠤᠯᠠᠭᠤᠨ | ᠣᠷᠣᠵᠤ ᠭᠠᠷᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠬᠠᠷᠢᠭᠤᠴᠠᠵᠤ᠂ ᠬᠢᠯᠢ ᠪᠠᠷ | ᠣᠷᠣᠵᠤ ᠭᠠᠷᠬᠤ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠎ᠠ︔ ᠬᠢᠯᠢ ᠪᠠᠷ ᠣᠷᠣᠵᠤ ᠭᠠᠷᠬᠤ ᠬᠠᠮᠢᠶ᠎ᠠ ᠪᠥᠬᠦᠶ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠪᠣᠭᠤᠮᠲᠠ ᠶᠢᠨ ᠰᠠᠯᠠᠭ᠎ᠠ ᠮᠥᠴᠢᠷ ᠲᠠᠢ | ᠬᠠᠮᠵᠢᠯᠴᠠᠨ ᠬᠢᠯᠢ ᠳᠤ ᠣᠷᠣᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ | ᠠᠯᠠᠱᠠ ᠠᠶᠢᠮᠠᠭ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠬᠡᠷ᠄ ᠡᠯ᠎ᠡ ᠴᠠᠬᠢᠯᠭᠠᠨ | ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ︵ᠮᠡᠳᠡᠭᠦᠯᠦᠯᠲᠡ ᠶᠢ ᠪᠠᠭᠲᠠᠭᠠᠨ᠎ᠠ︶ ᠳᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠠᠵᠢᠯ ᠬᠠᠩᠭᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ︔ | ᠡᠯ᠎ᠡ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠴᠠᠭᠤᠯᠵᠤ ᠪᠠᠶᠢᠭᠠᠳ ᠤᠯᠤᠰ᠂ | ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠬᠤᠯᠪᠣᠭᠳᠠᠯ ᠪᠦᠬᠦᠢ ᠰᠠᠨᠠᠭᠤᠯᠵᠤ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠨ᠎ᠡ᠃ | ᠠᠯᠠᠱᠠ ᠠᠶᠢᠮᠠᠭ ᠤᠨ ᠴᠠᠭ ᠠᠭᠤᠷ ᠤᠨ ᠲᠣᠪᠴᠢᠶ᠎ᠠ᠄ ᠲᠤᠬᠠᠶ ᠶᠢᠨ ᠲᠠᠯᠠᠪᠠᠶ ᠶᠢᠨ ᠴᠠᠭ ᠠᠭᠤᠷ ᠤᠨ ᠪᠠᠲᠤᠯᠠᠭ᠎ᠠ | ᠦᠢᠯᠡᠴᠢᠯᠡᠭᠡ ᠥᠷᠨᠢᠭᠦᠯᠬᠦ ᠶᠢ ᠬᠠᠷᠢᠭᠤᠴᠠᠵᠤ᠂ ᠲᠦᠢᠯ ᠤᠨ ᠴᠠᠭ ᠠᠭᠤᠷ ᠪᠣᠯᠤᠨ ᠬᠦᠨᠳᠦ ᠶᠡᠭᠡ ᠭᠡᠨᠡᠳᠲᠡ ᠶᠢᠨ | ᠴᠠᠭ ᠠᠭᠤᠷ ᠤᠨ ᠭᠠᠮᠰᠢᠭ ᠢ ᠪᠠᠶᠢᠴᠠᠭᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠢ ᠰᠠᠶᠢᠲᠤᠷ | ᠬᠢᠵᠦ᠂ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃ | 2 . 3 ᠠᠶᠢᠮᠠᠭ ᠤᠨ ᠵᠢᠯᠣᠭᠤᠳᠬᠤ ᠭᠠᠵᠠᠷ ᠤᠨ ᠠᠵᠢᠯᠯᠠᠬᠤ ᠳᠤᠭᠤᠶᠢᠯᠠᠩ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠤᠨ ᠵᠢᠯᠣᠭᠤᠳᠬᠤ | ᠭᠠᠵᠠᠷ ᠠᠴᠠ ᠡᠳᠦᠶ ᠲᠡᠳᠦᠶ ᠠᠵᠢᠯᠯᠠᠬᠤ ᠳᠤᠭᠤᠶᠢᠯᠠᠩ ᠪᠠᠶᠢᠭᠤᠯᠤᠨ᠎ᠠ᠄ | ︵1︶ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠄ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠲᠦᠷᠦᠭᠦᠯᠡᠨ | ᠂ ᠡᠳᠦᠷ ᠲᠤᠲᠤᠮ ᠤᠨ ᠬᠡᠷᠡᠭ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠤᠷᠠᠯ ᠤᠨ | ᠵᠣᠬᠢᠶᠠᠨ ᠪᠠᠶᠢᠭᠤᠯᠤᠯᠲᠠ ᠪᠠ ᠴᠢᠬᠤᠯᠠ ᠠᠵᠢᠯ ᠢ ᠰᠢᠮᠳᠠᠭᠤᠯᠤᠨ ᠬᠦᠢᠴᠡᠳᠭᠡᠬᠦᠯᠬᠦ ᠶᠢ ᠬᠠᠷᠢᠭᠤᠴᠠᠨ᠎ᠠ︔ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯᠲᠡᠨ ᠤ ᠯᠠᠪᠯᠠᠯᠭ᠎ᠠ ᠶᠢᠨ ᠺᠣᠮᠢᠰ ᠤᠨ | ᠬᠠᠷᠢᠯᠴᠠᠬᠤ ᠪᠠ ᠵᠣᠬᠢᠴᠠᠭᠤᠯᠬᠤ ᠶᠢ ᠬᠠᠷᠢᠭᠤᠴᠠᠨ᠎ᠠ︔ ᠪᠤᠰᠤᠳ ᠬᠠᠮᠢᠶ᠎ᠠ ᠪᠦᠬᠦᠢ ᠵᠦᠢᠯᠡᠰ ᠢ ᠳᠠᠭᠠᠭᠠᠨ | ᠭᠦᠢᠴᠡᠳᠬᠡᠨ᠎ᠡ᠃ | ︵2︶ ᠡᠮ ᠡᠮᠨᠡᠯᠭᠡ ᠶᠢᠨ ᠠᠪᠤᠷᠠᠨ ᠵᠠᠰᠠᠬᠤ ᠳᠤᠭᠤᠶᠢᠯᠠᠩ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠦᠷᠦᠭᠦᠯᠡᠨ ᠵᠣᠬᠢᠶᠠᠨ ᠪᠠᠶᠢᠭᠤᠯᠵᠤ᠂ ᠡᠮ ᠡᠮᠨᠡᠯᠭᠡ ᠶᠢᠨ ᠠᠪᠤᠷᠠᠨ ᠵᠠᠰᠠᠬᠤ᠂ ᠡᠪᠡᠳᠴᠢᠨ | ᠡᠮᠭᠡᠭ ᠢ ᠬᠢᠵᠠᠭᠠᠷᠯᠠᠬᠤ᠂ ᠰᠡᠳᠬᠢᠴᠡ ᠶᠢᠨ ᠲᠤᠰᠠᠯᠠᠮᠵᠢ ᠦᠵᠡᠭᠦᠯᠬᠦ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠪᠠ ᠬᠥᠮᠦᠨ ᠮᠠᠯ ᠤᠨ ᠬᠤᠭᠤᠷᠣᠨᠳᠣᠬᠢ ᠬᠢᠵᠢᠭ ᠤᠨ ᠪᠠᠶᠢᠳᠠᠯ ᠢ ᠬᠢᠵᠠᠭᠠᠷᠯᠠᠬᠤ ᠵᠡᠷᠭᠡ | ᠠᠵᠢᠯ ᠢ ᠬᠠᠷᠢᠭᠤᠴᠠᠨ᠎ᠠ᠃ | ︵3︶ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠳᠤᠭᠤᠶᠢᠯᠠᠩ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠵᠣᠬᠢᠶᠠᠨ ᠪᠠᠶᠢᠭᠤᠯᠵᠤ᠂ ᠠᠶᠢᠮᠠᠭ ᠤᠨ ᠱᠠᠲᠤᠨ ᠤ ᠨᠥᠭᠡᠴᠡ ᠡᠳ᠋ | ᠪᠠᠷᠠᠭ᠎ᠠ ᠶᠢ ᠴᠠᠭ ᠲᠤᠨᠢ ᠳᠣᠭᠢᠷᠠᠭᠤᠯᠤᠨ ᠬᠡᠷᠡᠭᠯᠡᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠠᠵᠤ ᠠᠬᠤᠶᠢᠯᠠᠯ ︵ | ᠨᠢᠭᠡᠴᠡ︶ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠪᠠ | ᠬᠠᠩᠭᠠᠯᠭ᠎ᠠ ᠶᠢ ᠬᠠᠩᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠦᠨ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠶᠠᠰᠤ ᠴᠢᠨᠠᠷ ᠢ ᠬᠢᠨᠠᠨ ᠡᠵᠡᠮᠳᠡᠬᠦ ᠶᠢ | ᠴᠢᠩᠭᠠᠳᠬᠠᠨ᠎ᠠ᠃ | ︵4︶ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ᠄ ᠠᠶᠢᠮᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠵᠠᠮ ᠬᠠᠷᠢᠯᠴᠠᠭᠠᠨ ᠤ ᠪᠠᠲᠤᠯᠠᠭ᠎ᠠ ᠶᠢᠨ | ᠠᠵᠢᠯ ᠢ ᠬᠠᠷᠢᠭᠤᠴᠠᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ | ᠰᠢᠢᠳᠪᠦᠷᠢᠯᠡᠬᠦ ᠬᠥᠮᠦᠰ ᠵᠢᠴᠢ ᠰᠡᠷᠭᠡᠶᠢᠯᠡᠨ ᠵᠠᠰᠠᠬᠤ ᠡᠮ ᠤᠨ ᠵᠦᠶ᠋ᠯ ᠪᠠ ᠪᠠᠭᠠᠵᠢ ᠬᠡᠷᠡᠭᠰᠡᠯ ᠵᠡᠷᠭᠡ ᠡᠳ᠋ ᠪᠠᠷᠠᠭ᠎ᠠ ᠶᠢ | ᠲᠡᠭᠡᠭᠡᠪᠦᠷᠢᠯᠡᠨ ᠬᠦᠷᠭᠡᠬᠦ ᠶᠢ ᠦᠨᠡᠨᠬᠦ ᠪᠠᠲᠤᠯᠠᠨ᠎ᠠ᠃ | ︵5︶ ᠠᠮᠤᠷ ᠢ ᠬᠠᠮᠠᠭᠠᠯᠠᠬᠤ ᠳᠤᠭᠤᠶᠢᠯᠠᠩ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠲᠦᠷᠦᠭᠦᠯᠡᠨ ᠵᠣᠬᠢᠶᠠᠨ ᠪᠠᠶᠢᠭᠤᠯᠵᠤ᠂ ᠬᠢᠵᠢᠭᠲᠦ ᠣᠷᠣᠨ ᠪᠠ ᠬᠢᠵᠠᠭᠠᠷᠯᠠᠬᠤ ᠣᠷᠣᠨ ᠢ ᠲᠤᠰᠠᠭᠠᠷᠯᠠᠬᠤ ᠠᠵᠢᠯ ᠵᠢᠴᠢ | ᠬᠡᠷᠡᠭ ᠭᠠᠷᠤᠭᠰᠠᠨ ᠭᠠᠵᠠᠷ ᠤᠨ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠬᠠᠷᠢᠭᠤᠴᠠᠨ ᠰᠠᠶᠢᠲᠤᠷ ᠬᠢᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠵᠦ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | ︵6︶ ᠬᠥᠮᠦᠰ ᠢ ᠲᠥᠪᠬᠢᠨᠡᠭᠦᠯᠬᠦ ᠳᠤᠭᠤᠶᠢᠯᠠᠩ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠵᠤ᠂ ᠲᠤᠰ ᠭᠠᠵᠠᠷ ᠣᠷᠣᠨ ᠤ ᠠᠷᠠᠳ ᠤᠨ | ᠵᠠᠰᠠᠭ ᠤᠨ ᠣᠷᠳᠣᠨ ᠲᠠᠢ ᠬᠠᠮᠲᠤᠷᠠᠨ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠰᠢᠯᠵᠢᠭᠦᠯᠦᠨ | ᠲᠥᠪᠬᠢᠨᠡᠭᠦᠯᠬᠦ ᠪᠠ ᠠᠮᠢᠳᠤᠷᠠᠯ ᠢ ᠨᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ︵7︶ ᠰᠣᠨᠢᠨ ᠮᠡᠳᠡᠭᠡᠨ ᠤ ᠤᠬᠠᠭᠤᠯᠬᠤ ᠳᠤᠭᠤᠶᠢᠯᠠᠩ᠄ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠲᠦᠷᠦᠭᠦᠯᠡᠨ ᠵᠣᠬᠢᠶᠠᠨ ᠪᠠᠶᠢᠭᠤᠯᠵᠤ᠂ ᠪᠦᠬᠦ ᠠᠶᠢᠮᠠᠭ ᠤᠨ ᠡᠯ᠎ᠡ ᠱᠠᠲᠤᠨ ᠤ ᠬᠠᠮ ᠵᠠᠭᠤᠴᠢᠯᠠᠭᠤᠷ ᠢ | ᠵᠣᠬᠢᠶᠠᠨ ᠪᠠᠶᠢᠭᠤᠯᠵᠤ ᠵᠥᠪ ᠲᠠᠯ᠎ᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠮᠡᠳᠡᠭᠡᠯᠡᠯ ᠢ ᠥᠷᠨᠢᠭᠦᠯᠦᠨ᠎ᠡ︔ | ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠰᠣᠨᠢᠨ ᠮᠡᠳᠡᠭᠡ | ᠨᠡᠶᠢᠲᠡᠯᠡᠬᠦ ᠬᠤᠷᠠᠯ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠵᠥᠪᠰᠢᠶᠡᠷᠡᠭᠦᠯᠦᠭᠡᠳ ᠴᠠᠭ ᠲᠤᠨᠢ | ᠲᠣᠬᠢᠷᠠᠭᠤᠯᠤᠨ ᠵᠠᠭᠤᠴᠢᠯᠠᠭᠤᠷ ᠲᠤ ᠬᠡᠷᠡᠭ ᠤᠨ ᠠᠬᠢᠴᠠ ᠪᠠ ᠰᠢᠢᠳᠪᠦᠷᠢᠯᠡᠭᠰᠡᠨ ᠪᠠᠶᠢᠳᠠᠯ ᠢ ᠨᠡᠶᠢᠲᠡᠯᠡᠨ᠎ᠡ︔ ᠶᠠᠷᠢᠶ᠎ᠠ | ᠬᠡᠯᠡᠯᠴᠡᠭᠡᠨ ᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠰᠣᠨᠢᠨ ᠮᠡᠳᠡᠭᠡᠨ ᠤ | ᠵᠠᠭᠤᠴᠢᠯᠠᠭᠤᠷ ᠢ ᠵᠣᠬᠢᠶᠠᠨ ᠪᠠᠶᠢᠭᠤᠯᠤᠨ ᠥᠪᠡᠷ ᠢ ᠪᠠᠨ ᠠᠪᠤᠷᠠᠬᠤ ᠰᠡᠷᠭᠡᠶᠢᠯᠡᠨ ᠬᠠᠮᠠᠭᠠᠯᠠᠬᠤ ᠵᠡᠷᠭᠡ ᠮᠡᠳᠡᠯᠭᠡ ᠶᠢ | ᠣᠯᠠᠨ ᠨᠡᠶᠢᠲᠡ ᠳᠤ ᠤᠬᠠᠭᠤᠯᠤᠨ᠎ᠠ᠃ | ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠤᠨ ᠵᠢᠯᠣᠭᠤᠳᠬᠤ ᠭᠠᠵᠠᠷ ᠲᠤ ᠪᠤᠰᠤᠳ ᠠᠵᠢᠯᠯᠠᠬᠤ ᠳᠤᠭᠤᠶᠢᠯᠠᠩ | ᠨᠡᠮᠡᠵᠦ ᠪᠠᠶᠢᠭᠤᠯᠵᠤ ᠪᠣᠯᠤᠨ᠎ᠠ᠃ | 2 . 4 ᠲᠤᠰᠬᠠᠶ ᠮᠡᠷᠭᠡᠵᠢᠯᠲᠡᠨ ᠤ ᠯᠠᠪᠯᠠᠯᠭ᠎ᠠ ᠶᠢᠨ ᠺᠣᠮᠢᠰ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠲᠤᠰᠬᠠᠶ ᠮᠡᠷᠭᠡᠵᠢᠯᠲᠡᠨ ᠤ ᠯᠠᠪᠯᠠᠯᠭ᠎ᠠ ᠶᠢᠨ ᠺᠣᠮᠢᠰ ᠢ ᠬᠠᠷᠢᠭᠤᠴᠠᠨ ᠵᠣᠬᠢᠶᠠᠨ | ᠪᠠᠶᠢᠭᠤᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠨᠢ᠄ | ︵1︶ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠳᠡᠰ ᠢ ᠲᠣᠭᠲᠠᠭᠠᠬᠤ | ᠵᠢᠴᠢ ᠵᠣᠬᠢᠴᠠᠩᠭᠤᠢ ᠴᠢᠬᠤᠯᠠ ᠠᠷᠭ᠎ᠠ ᠬᠡᠮᠵᠢᠶ᠎ᠡ ᠠᠪᠴᠤ ᠰᠠᠨᠠᠭᠤᠯᠭ᠎ᠠ ᠳᠤᠷᠠᠳᠤᠨ᠎ᠠ᠃ | ︵2︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠳᠤ ᠵᠥᠪᠯᠡᠯᠭᠡ ᠥᠭᠬᠦ ᠰᠠᠨᠠᠭᠤᠯᠭ᠎ᠠ ᠳᠤᠷᠠᠳᠤᠨ᠎ᠠ᠃ | ︵3︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠪᠠ ᠮᠡᠷᠭᠡᠵᠢᠯ ᠤᠨ ᠲᠥᠰᠦᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠳᠤ | ᠣᠷᠣᠯᠴᠠᠨ᠎ᠠ᠃ | ︵4︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠠᠯ᠎ᠠ ᠪᠠᠷ ᠮᠡᠷᠭᠡᠵᠢᠯ ᠤᠨ ᠵᠢᠯᠣᠭᠤᠳᠣᠯᠭ᠎ᠠ ᠬᠢᠨ᠎ᠠ᠃ | ︵5︶ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠠᠵᠢᠯᠯᠠᠭ᠎ᠠ ᠶᠢ ᠵᠣᠭᠰᠣᠭᠠᠵᠤ᠂ ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ ᠳᠤ ᠵᠥᠪᠯᠡᠯᠭᠡ | ᠥᠭᠬᠦ ᠰᠠᠨᠠᠯ ᠳᠤᠷᠠᠳᠤᠨ᠎ᠠ᠃ | ︵6︶ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠪᠠᠶᠢᠭᠤᠯᠤᠮᠵᠢ ᠪᠣᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠲᠤᠰᠢᠶᠠᠨ ᠬᠦᠢᠴᠡᠳᠭᠡᠬᠦᠯᠬᠦ ᠪᠤᠰᠤᠳ ᠠᠵᠢᠯ ᠢ ᠡᠭᠦᠷᠭᠡᠯᠡᠨ᠎ᠡ᠃ ᠬᠤᠰᠢᠭᠤ ︵ᠣᠷᠣᠨ︶ ᠨᠤᠭᠤᠳ ᠬᠡᠷᠡᠭᠴᠡᠭᠡ ᠪᠠᠨ | ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯᠲᠡᠨ ᠤ | ᠯᠠᠪᠯᠠᠯᠭ᠎ᠠ ᠶᠢᠨ ᠺᠣᠮᠢᠰ ᠢ ᠵᠣᠬᠢᠶᠠᠨ ᠪᠠᠶᠢᠭᠤᠯᠤᠨ᠎ᠠ᠃ | 2 . 5 ᠲᠤᠰᠬᠠᠶ ᠮᠡᠷᠭᠡᠵᠢᠯ ᠤᠨ ᠪᠠᠶᠢᠭᠤᠯᠤᠮᠵᠢ | ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠷᠡᠭᠦᠯ | ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠪᠣᠯ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯ ᠤᠨ ᠪᠠᠶᠢᠭᠤᠯᠤᠮᠵᠢ | ᠮᠥᠨ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ ᠨᠢ ᠲᠣᠰ | ᠨᠢᠭᠡᠴᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ ᠤ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ | ᠪᠣᠯᠪᠠᠰᠤᠷᠠᠭᠤᠯᠤᠯ ᠢ ᠥᠷᠨᠢᠭᠦᠯᠵᠦ᠂ ᠲᠦᠷᠭᠡᠨ ᠠᠷᠭᠠᠴᠠᠬᠤ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠪᠠᠯ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠵᠢᠯᠣᠭᠤᠳᠣᠯᠭ᠎ᠠ ᠪᠠ | ᠲᠣᠬᠢᠷᠠᠭᠤᠯᠤᠯᠲᠠ ᠶᠢ ᠳᠠᠭᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃ | 2 . 5 . 1 ᠡᠮᠴᠢᠯᠡᠭᠡᠨ ᠤ ᠪᠠᠶᠢᠭᠤᠯᠤᠮᠵᠢ | ᠭᠤᠤᠯᠳᠠᠭᠤ ᠬᠠᠯᠳᠠᠪᠤᠷᠢᠲᠤ ᠡᠪᠡᠳᠴᠢᠨ᠂ ᠠᠵᠢᠯ ᠤᠨ ᠨᠥᠯᠥᠭᠡᠨ ᠤ ᠬᠤᠤᠷᠳᠠᠯ᠂ ᠢᠳᠡᠭᠡᠨ ᠠᠴᠠ | ᠢᠷᠡᠯᠲᠡ ᠲᠠᠢ ᠡᠪᠡᠳᠴᠢᠨ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠵᠢᠱᠢᠶ᠎ᠡ ᠶᠢ ᠬᠢᠨᠠᠨ ᠰᠢᠯᠭᠠᠬᠤ᠂ ᠢᠯᠡᠷᠡᠭᠦᠯᠬᠦ᠂ ᠮᠡᠳᠡᠭᠦᠯᠬᠦ᠂ ᠲᠤᠰᠠᠭᠠᠷᠯᠠᠬᠤ᠂ ᠣᠨᠣᠰᠢᠯᠠᠬᠤ᠂ ᠰᠢᠯᠵᠢᠭᠦᠯᠦᠨ | ᠲᠡᠭᠡᠭᠡᠪᠦᠷᠢᠯᠡᠬᠦ᠂ ᠠᠪᠤᠷᠠᠨ ᠵᠠᠰᠠᠬᠤ ᠪᠠ ᠡᠮᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠵᠤ᠂ ᠦᠯᠢᠭᠡᠷ ᠴᠤᠭᠯᠠᠭᠤᠯᠬᠤ | ᠠᠵᠢᠯ ᠢ ᠥᠷᠨᠢᠭᠦᠯᠦᠨ᠎ᠡ︔ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠬᠠᠮᠵᠢᠯᠴᠠᠨ ᠥᠷᠨᠢᠭᠦᠯᠬᠦ ᠶᠢᠨ | ᠬᠠᠮᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠬᠦᠯᠦᠨ᠎ᠡ︔ ᠲᠣᠰ ᠪᠠᠶᠢᠭᠤᠯᠤᠮᠵᠢ ᠶᠢᠨ ᠳᠣᠲᠣᠭᠠᠳᠤ ᠶᠢᠨ | ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠡᠮᠨᠡᠯᠭᠡ ᠶᠢᠨ ᠬᠤᠷᠢᠶ᠎ᠠ ᠶᠢᠨ | ᠬᠠᠯᠳᠠᠪᠤᠷᠢᠯᠠᠯ ᠤᠨ ᠬᠠᠮᠢᠶᠠᠷᠤᠯᠲᠠ ᠵᠡᠷᠭᠡ ᠶᠠᠰᠤ ᠴᠢᠨᠠᠷ ᠢ ᠡᠵᠡᠮᠳᠡᠬᠦ ᠠᠵᠢᠯ ᠢ ᠰᠠᠶᠢᠲᠤᠷ ᠬᠢᠨ᠎ᠡ᠃ | 2 . 5 . 2 ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ | ᠭᠤᠣᠯᠳᠠᠭᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠭᠰᠡᠨ | ᠮᠡᠳᠡᠭᠦᠯᠦᠯᠲᠡ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠬᠢᠨᠠᠨ | ᠰᠢᠯᠭᠠᠭᠰᠠᠨ ᠮᠠᠲ᠋ᠧᠷᠢᠶᠠᠯ ᠢ ᠴᠤᠭᠯᠠᠭᠤᠯᠬᠤ᠂ ᠵᠠᠳᠠᠯᠬᠤ᠂ ᠳᠡᠭᠡᠭᠰᠢ ᠮᠡᠳᠡᠭᠦᠯᠬᠦ ᠪᠠ ᠬᠠᠷᠢᠭᠤ ᠲᠤᠰᠬᠠᠬᠤ ᠶᠢ | ᠬᠠᠷᠢᠭᠤᠴᠠᠨ᠎ᠠ︔ ᠲᠤᠬᠠᠶ ᠶᠢᠨ ᠲᠠᠯᠠᠪᠠᠶ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ | ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠪᠠ | ᠰᠣᠷᠢᠯᠲᠠ ᠶᠢ ᠥᠷᠨᠢᠭᠦᠯᠦᠨ᠎ᠡ︔ ᠣᠨᠴᠠ ᠲᠣᠭᠲᠠᠭᠰᠠᠨ ᠲᠠᠯᠠᠪᠤᠷ ᠤᠨ ᠠᠷᠢᠭᠤᠳᠬᠠᠯ ᠢ ᠵᠢᠯᠣᠭᠤᠳᠤᠨ ᠥᠷᠨᠢᠭᠦᠯᠦᠨ᠎ᠡ | ︔ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠢ ᠪᠠᠲᠤᠯᠠᠨ᠎ᠠ︔ ᠡᠷᠡᠭᠦᠯ ᠮᠡᠨᠳᠦ ᠶᠢᠨ | ᠬᠥᠮᠦᠵᠢᠯ ᠬᠢᠭᠡᠳ ᠲᠦᠭᠰᠢᠭᠦᠷᠢ ᠶᠢᠨ ᠨᠡᠪᠲᠡᠷᠡᠯᠴᠡᠭᠡ ᠶᠢ ᠥᠷᠨᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ | ᠵᠢᠴᠢ ᠰᠠᠨᠠᠭᠤᠯᠭ᠎ᠠ ᠶᠢ ᠳᠤᠷᠠᠳᠤᠨ᠎ᠠ᠃ | 2 . 5 . 3 ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ | ᠭᠤᠤᠯᠳᠠᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠬᠠᠪᠰᠤᠷᠤᠨ | ᠬᠡᠷᠡᠭ ᠭᠠᠷᠤᠭᠰᠠᠨ ᠭᠠᠵᠠᠷ ᠣᠷᠣᠨ ᠤ ᠢᠳᠡᠭᠡᠨ ᠤ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠂ ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠢᠵᠢᠭ ᠤᠨ ᠪᠠᠶᠢᠳᠠᠯ ᠤᠨ ᠮᠡᠳᠡᠭᠦᠯᠦᠯᠲᠡ᠂ ᠡᠮ ᠡᠮᠨᠡᠯᠭᠡ ᠶᠢᠨ ᠠᠪᠤᠷᠠᠨ ᠵᠠᠰᠠᠬᠤ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠵᠡᠷᠭᠡ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠬᠢᠨ᠎ᠡ᠃ | ᠭᠤᠷᠪᠠ᠂ ᠬᠢᠨᠠᠨ ᠬᠡᠮᠵᠢᠬᠦ᠂ ᠰᠡᠷᠡᠮᠵᠢᠯᠡᠭᠦᠯᠬᠦ ᠪᠠ ᠮᠡᠳᠡᠭᠦᠯᠬᠦ | 3 . 1 ᠬᠢᠨᠠᠨ ᠬᠡᠮᠵᠢᠬᠦ | ᠤᠯᠤᠰ ᠠᠴᠠ ᠬᠠᠯᠳᠠᠪᠤᠷᠢᠲᠤ ᠡᠪᠡᠳᠴᠢᠨ ᠵᠢᠴᠢ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠬᠢᠨᠠᠨ ᠰᠢᠯᠭᠠᠬᠤ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠦᠯᠬᠦ ᠨᠢᠭᠡᠳᠦᠯᠲᠡᠢ | ᠰᠦᠯᠵᠢᠶᠡᠨ ᠤ ᠰᠢᠰᠲ᠋ᠧᠮ ᠢ ᠨᠢᠭᠡᠨᠲᠡ ᠪᠠᠶᠢᠭᠤᠯᠪᠠ᠃ ᠡᠭᠦᠨ ᠳᠤ᠄ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ | ᠡᠪᠡᠳᠴᠢᠨ ᠪᠠ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠭᠰᠡᠨ | ᠮᠡᠳᠡᠭᠦᠯᠦᠯᠲᠡ ᠶᠢᠨ ᠰᠦᠯᠵᠢᠶ᠎ᠡ᠂ ᠡᠪᠡᠳᠴᠢᠨ ᠤ ᠪᠠᠶᠢᠳᠠᠯ ᠢ ᠬᠢᠨᠠᠨ ᠬᠡᠮᠵᠢᠬᠦ ᠰᠦᠯᠵᠢᠶ᠎ᠡ᠂ ᠲᠤᠷᠰᠢᠯᠲᠠ ᠶᠢᠨ | ᠲᠠᠰᠤᠭ ᠤᠨ ᠬᠢᠨᠠᠨ ᠬᠡᠮᠵᠢᠬᠦ ᠰᠦᠯᠵᠢᠶ᠎ᠡ᠂ ᠬᠢᠯᠢ ᠪᠠᠷ ᠣᠷᠣᠵᠤ ᠭᠠᠷᠬᠤ ᠪᠣᠭᠤᠮᠲᠠ ᠶᠢᠨ ᠡᠷᠡᠭᠦᠯ ᠬᠠᠮᠠᠭᠠᠯᠠᠯ ᠬᠢᠵᠢᠭ | ᠤᠨ ᠪᠠᠶᠢᠴᠠᠭᠠᠯᠲᠠ ᠶᠢᠨ ᠬᠢᠨᠠᠨ ᠬᠡᠮᠵᠢᠬᠦ ᠰᠦᠯᠵᠢᠶ᠎ᠡ ᠪᠠᠭᠲᠠᠨ᠎ᠠ᠃ ᠡᠯ᠎ᠡ ᠱᠠᠲᠤᠨ ᠤ ᠡᠮᠨᠡᠯᠭᠡ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠣᠯᠤᠨ ᠪᠣᠭᠤᠮᠲᠠ ᠨᠢ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠬᠦ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠪᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠬᠦ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠂ ᠡᠭᠦᠨ ᠳᠤ᠄ ᠪᠠᠶᠢᠭᠠᠯᠢ ᠶᠢᠨ ᠬᠢᠵᠢᠭ ᠠᠴᠠ ᠰᠢᠯᠲᠠᠭᠠᠯᠠᠭᠰᠠᠨ ᠡᠪᠡᠳᠴᠢᠨ | ᠡᠮᠭᠡᠭ ᠤᠨ ᠬᠢᠵᠢᠭ ᠤᠨ ᠪᠠᠶᠢᠳᠠᠯ ᠢ ᠬᠢᠨᠠᠨ ᠰᠢᠨᠵᠢᠬᠦ᠂ ᠪᠠᠶᠢᠭᠠᠯᠢ ᠶᠢᠨ ᠭᠠᠮᠰᠢᠭ ᠡᠭᠦᠰᠦᠭᠰᠡᠨ ᠭᠠᠵᠠᠷ ᠣᠷᠣᠨ ᠤ | ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠪᠠ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠰᠢᠨᠵᠢᠬᠦ᠂ ᠭᠤᠤᠯ | ᠪᠣᠯᠬᠤ ᠡᠪᠡᠳᠴᠢᠨ ᠤ ᠪᠠᠶᠢᠳᠠᠯ ᠪᠠ ᠭᠤᠤᠯᠳᠠᠯᠭ᠎ᠠ ᠲᠠᠢ ᠡᠪᠡᠳᠴᠢᠨ ᠡᠮᠭᠡᠭ ᠤᠨ ᠡᠮᠨᠡᠯᠭᠡ ᠶᠢᠨ ᠬᠤᠷᠢᠶ᠎ᠠ ᠶᠢᠨ | ᠬᠠᠷᠠᠭᠤᠯ ᠤᠨ ᠴᠡᠭ ᠢ ᠬᠢᠨᠠᠨ ᠰᠢᠨᠵᠢᠬᠦ ᠵᠡᠷᠭᠡ ᠶᠢ ᠪᠠᠭᠲᠠᠭᠠᠨ᠎ᠠ᠃ | 3 . 2 ᠰᠡᠷᠡᠮᠵᠢᠯᠡᠭᠦᠯᠬᠦ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠷᠡᠭᠦᠯ | ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠩᠭᠠᠭᠰᠠᠨ ᠬᠢᠨᠠᠨ ᠬᠡᠮᠵᠢᠭᠰᠡᠨ ᠮᠡᠳᠡᠭᠡ ᠵᠠᠩᠭᠢ ᠶᠢ | ᠦᠨᠳᠦᠰᠦᠯᠡᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠡᠭᠦᠰᠦᠭᠰᠡᠨ᠂ ᠬᠥᠭᠵᠢᠭᠰᠡᠨ ᠵᠢᠮ᠎ᠡ ᠶᠣᠰᠣ | ᠪᠣᠯᠤᠨ ᠣᠨᠴᠠᠯᠢᠭ ᠤᠨ ᠶᠣᠰᠣᠭᠠᠷ᠂ ᠲᠡᠭᠦᠨ ᠤ ᠣᠯᠠᠨ ᠨᠡᠶᠢᠲᠡ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ | ᠤᠴᠠᠷᠠᠭᠤᠯᠬᠤ ᠬᠤᠤᠷ ᠬᠥᠨᠥᠭᠡᠯ ᠤᠨ ᠬᠡᠮᠵᠢᠶ᠎ᠡ᠂ ᠪᠣᠯᠤᠯᠴᠠᠭ᠎ᠠ ᠲᠠᠢ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ | ᠳᠤᠨᠢ ᠵᠠᠳᠠᠯᠵᠤ᠂ ᠳᠠᠭᠠᠬᠤ ᠲᠠᠰ ᠤᠨ ᠰᠡᠷᠡᠮᠵᠢᠯᠡᠭᠦᠯᠦᠯ ᠢ ᠴᠠᠭ ᠲᠤᠬᠠᠶ ᠳᠤᠨᠢ ᠬᠢᠵᠦ᠂ ᠤᠯᠠᠭᠠᠨ ᠥᠩᠭᠡ᠂ | ᠤᠯᠠᠪᠤᠷ ᠥᠩᠭᠡ᠂ ᠰᠢᠷ᠎ᠠ ᠥᠩᠭᠡ ᠪᠣᠯᠤᠨ ᠬᠥᠬᠡ ᠥᠩᠭᠡ ᠪᠠᠷ ᠣᠨᠴᠠ ᠬᠦᠨᠳᠦ ᠶᠡᠭᠡ᠂ ᠬᠦᠨᠳᠦ ᠶᠡᠭᠡ᠂ | ᠨᠡᠯᠢᠶᠡᠳ ᠶᠡᠭᠡ ᠪᠠ ᠡᠩ ᠤᠨ ᠳᠥᠷᠪᠡᠨ ᠰᠡᠷᠡᠮᠵᠢᠯᠡᠭᠦᠯᠬᠦ ᠳᠡᠰ ᠢ ᠳᠡᠰ ᠳᠠᠷᠠᠭᠠᠯᠠᠨ ᠢᠯᠡᠳᠬᠡᠨ᠎ᠡ᠃ | 3 . 3 ᠮᠡᠳᠡᠭᠦᠯᠦᠯᠲᠡ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠵᠢᠴᠢ ᠳᠠᠯᠳᠠ | ᠭᠡᠮ ᠢ ᠮᠡᠳᠡᠭᠦᠯᠬᠦ ᠡᠷᠬᠡ ᠲᠠᠢ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠪᠤᠶᠤ ᠲᠣᠭᠲᠠᠭᠠᠯ ᠶᠣᠰᠣᠭᠠᠷ | ᠭᠦᠢᠴᠡᠳᠬᠡᠭᠰᠡᠨ ᠦᠭᠡᠶ ᠰᠠᠯᠠᠭ᠎ᠠ ᠮᠥᠴᠢᠷ᠂ ᠨᠢᠭᠡᠴᠡ ᠵᠢᠴᠢ ᠬᠤᠪᠢ ᠬᠥᠮᠦᠨ ᠢ ᠢᠯᠡᠴᠢᠯᠡᠨ ᠮᠡᠳᠡᠭᠦᠯᠬᠦ ᠡᠷᠬᠡ ᠲᠠᠢ᠃ | | 3 . 3 . 1 ᠬᠠᠷᠢᠭᠤᠴᠠᠯᠭ᠎ᠠ ᠶᠢᠨ ᠮᠡᠳᠡᠭᠦᠯᠦᠯᠲᠡ ᠶᠢᠨ ᠨᠢᠭᠡᠴᠡ ᠪᠠ ᠬᠠᠷᠢᠭᠤᠴᠠᠯᠭ᠎ᠠ ᠶᠢᠨ ᠮᠡᠳᠡᠭᠦᠯᠦᠭᠴᠢ | ︵1︶ ᠬᠠᠷᠢᠭᠤᠴᠠᠯᠭ᠎ᠠ ᠶᠢᠨ ᠮᠡᠳᠡᠭᠦᠯᠦᠯᠲᠡ ᠶᠢᠨ ᠨᠢᠭᠡᠴᠡ | a . ᠬᠤᠰᠢᠭᠤᠨ ︵ᠣᠷᠣᠨ︶ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠬᠢᠨᠠᠨ ᠬᠡᠮᠵᠢᠬᠦ ᠪᠠᠶᠢᠭᠤᠯᠤᠮᠵᠢ᠃ | b . ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠃ | c . ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠃ | d . ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠃ | e . ᠪᠤᠰᠤᠳ ᠬᠤᠯᠪᠣᠭᠳᠠᠯ ᠪᠥᠬᠦᠶ ᠨᠢᠬᠡᠴᠡ᠂ ᠭᠤᠤᠯᠳᠠᠭᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠡᠭᠦᠰᠦᠭᠰᠡᠨ ᠨᠢᠬᠡᠴᠡ᠂ ᠣᠯᠠᠨ ᠲᠦᠮᠡᠨ ᠤ ᠡᠷᠡᠭᠦᠯ ᠮᠡᠨᠳᠦ ᠪᠠ ᠡᠷᠡᠭᠦᠯ ᠬᠠᠮᠠᠭᠠᠯᠠᠯ | ᠡᠷᠡᠭᠦᠯᠵᠢᠯ ᠤᠨ ᠠᠵᠢᠯ ᠲᠠᠢ ᠨᠢᠭᠲᠠ ᠬᠠᠷᠢᠴᠠᠭ᠎ᠠ ᠲᠠᠢ ᠪᠠᠶᠢᠭᠤᠯᠤᠮᠵᠢ᠂ ᠵᠢᠱᠢᠶᠡᠯᠡᠪᠡᠯ ᠪᠣᠭᠤᠮᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ | ᠬᠡᠮᠵᠢᠬᠦ ᠪᠠᠶᠢᠭᠤᠯᠤᠮᠵᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠵᠡᠷᠭᠡ ᠪᠠᠭᠲᠠᠨ᠎ᠠ᠃ | ︵2︶ ᠬᠠᠷᠢᠭᠤᠴᠠᠯᠭ᠎ᠠ ᠶᠢᠨ ᠮᠡᠳᠡᠭᠦᠯᠦᠭᠴᠢ | ᠡᠭᠦᠷᠭᠡ ᠲᠤᠰᠢᠶᠠᠯ ᠢᠶᠠᠨ ᠬᠦᠢᠴᠡᠳᠭᠡᠬᠦ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ᠂ ᠬᠤᠪᠢ ᠶᠢᠨ ᠠᠵᠢᠯ ᠡᠷᠬᠢᠯᠡᠬᠦ | ᠡᠮᠴᠢ᠃ | 3 . 3 . 2 ᠮᠡᠳᠡᠭᠦᠯᠬᠦ ᠴᠠᠭ ᠬᠤᠭᠤᠴᠠᠭ᠎ᠠ ᠪᠣᠯᠤᠨ ᠳᠡᠰ ᠳᠠᠷᠠᠭᠠᠯᠠᠯ | ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠰᠢᠯᠭᠠᠵᠦ ᠮᠡᠳᠡᠭᠦᠯᠬᠦ | ᠪᠠᠶᠢᠭᠤᠯᠤᠮᠵᠢ᠂ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠬᠤᠯᠪᠣᠭᠳᠠᠯ ᠪᠥᠬᠦᠢ ᠨᠢᠭᠡᠴᠡ ᠨᠢ | ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠣᠯᠵᠤ ᠮᠡᠳᠡᠪᠡᠯ᠂ ᠪᠠᠶᠢᠭ᠎ᠠ | ᠬᠤᠰᠢᠭᠤᠨ ︵ ᠣᠷᠣᠨ︶ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ 2 ᠴᠠᠭ ᠤᠨ ᠳᠣᠲᠣᠷ᠎ᠠ ᠮᠡᠳᠡᠭᠦᠯᠬᠦ ᠬᠡᠷᠡᠭᠲᠡᠢ᠃ | ᠮᠡᠳᠡᠭᠦᠯᠦᠯᠲᠡ ᠶᠢ ᠬᠦᠯᠢᠶᠡᠨ ᠠᠪᠤᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ 2 ᠴᠠᠭ ᠤᠨ ᠳᠣᠲᠣᠷ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠮᠡᠳᠡᠭᠦᠯᠬᠦ ᠶᠢᠨ | ᠬᠠᠮᠲᠤ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠶᠢᠨ ᠬᠠᠮᠲᠤ ᠳᠠᠷᠦ᠋ᠢᠬᠠᠨ | ᠲᠤᠬᠠᠶ ᠶᠢᠨ ᠭᠠᠵᠠᠷ ᠲᠤᠨᠢ ᠪᠠᠶᠢᠴᠠᠭᠠᠨ ᠨᠤᠲᠠᠯᠠᠬᠤ ᠶᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠴᠢᠬᠤᠯᠠ | ᠪᠦᠬᠦᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ᠂ ᠬᠡᠷᠡᠭ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ | ᠮᠡᠳᠡᠭᠦᠯᠬᠦ ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ︶ ᠪᠣᠯᠤᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ 2 ᠴᠠᠭ ᠤᠨ ᠳᠣᠲᠣᠷ᠎ᠠ ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠶ᠃ | | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠶᠢᠳᠠᠯ ᠢ | ᠦᠵᠡᠵᠦ ᠪᠠᠶᠢᠭᠠᠳ ᠮᠡᠳᠡᠭᠡ ᠵᠠᠩᠭᠢ ᠪᠠᠨ ᠴᠠᠭ ᠲᠤᠬᠠᠶ ᠳᠤᠨᠢ ᠬᠠᠷᠢᠯᠴᠠᠨ ᠨᠡᠪᠲᠡᠷᠡᠭᠦᠯᠬᠦ ᠬᠡᠷᠡᠭᠲᠡᠶ᠃ | 3 . 3 . 3 ᠮᠡᠳᠡᠭᠦᠯᠬᠦ ᠠᠭᠤᠯᠭ᠎ᠠ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠦᠯᠦᠯᠲᠡ ᠶᠢ ᠠᠩᠬ᠎ᠠ | ᠤᠳᠠᠭ᠎ᠠ ᠮᠡᠳᠡᠭᠦᠯᠬᠦ᠂ ᠠᠬᠢᠴᠠ ᠶᠢᠨ ᠮᠡᠳᠡᠭᠦᠯᠦᠯᠲᠡ ᠪᠠ ᠬᠡᠷᠡᠭ ᠢ ᠳᠠᠭᠤᠰᠬᠠᠭᠰᠠᠨ ᠮᠡᠳᠡᠭᠦᠯᠦᠯᠲᠡ ᠭᠡᠵᠦ ᠬᠤᠪᠢᠶᠠᠵᠤ | ᠂ ᠬᠡᠷᠡᠭ ᠤᠨ ᠬᠦᠨᠳᠦ ᠨᠣᠴᠢᠲᠠᠶ ᠶᠢᠨ ᠬᠡᠮᠵᠢᠶ᠎ᠡ᠂ ᠬᠡᠷᠡᠭ ᠤᠨ ᠪᠠᠶᠢᠳᠠᠯ ᠤᠨ ᠬᠥᠭᠵᠢᠯᠲᠡ ᠪᠠ ᠡᠵᠡᠮᠳᠡᠵᠦ ᠪᠠᠶᠢᠭ᠎ᠠ | ᠪᠠᠶᠢᠳᠠᠯ ᠢ ᠦᠨᠳᠦᠰᠦᠯᠡᠨ ᠬᠡᠷᠡᠭ ᠤᠨ ᠠᠬᠢᠴᠠ ᠶᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠠᠩᠬ᠎ᠠ ᠤᠳᠠᠭ᠎ᠠ ᠮᠡᠳᠡᠭᠦᠯᠬᠦ ᠳᠤ ᠪᠠᠶᠢᠴᠠᠭᠠᠵᠤ ᠨᠤᠲᠠᠯᠠᠭᠰᠠᠨ ᠥᠬᠡᠶ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠤᠶᠤ ᠳᠠᠯᠳᠠ ᠬᠡᠮ ᠣᠷᠣᠰᠢᠵᠤ ᠪᠠᠶᠢᠭ᠎ᠠ ᠬᠠᠮᠢᠶ᠎ᠠ ᠪᠥᠬᠦᠶ ᠮᠡᠳᠡᠭᠡ | ᠵᠠᠩᠭᠢ ᠳᠤ ᠮᠡᠳᠡᠭᠡ ᠵᠠᠩᠭᠢ ᠶᠢᠨ ᠢᠷᠡᠯᠲᠡ᠂ ᠬᠤᠤᠷ ᠬᠥᠨᠥᠭᠡᠯ ᠤᠨ ᠬᠡᠪᠴᠢᠶ᠎ᠡ᠂ ᠬᠡᠷᠡᠭ ᠤᠨ ᠰᠢᠨᠵᠢ ᠴᠢᠨᠠᠷ ᠤᠨ | ᠠᠩᠬ᠎ᠠ ᠠᠯᠬᠤᠮ ᠤᠨ ᠮᠠᠭᠠᠳᠯᠠᠯᠲᠠ ᠪᠠ ᠠᠪᠬᠤ ᠪᠠᠷ ᠪᠠᠶᠢᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠶ᠃ | ᠪᠠᠶᠢᠴᠠᠭᠠᠵᠤ ᠨᠤᠲᠠᠯᠠᠭᠰᠠᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠮᠡᠳᠡᠭᠦᠯᠦᠯᠲᠡ ᠳᠤ ᠬᠡᠷᠡᠭ ᠤᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ᠂ ᠬᠥᠨᠥᠭᠡᠯ ᠤᠨ ᠬᠡᠮᠵᠢᠶ᠎ᠡ᠂ ᠲᠠᠬᠤᠯ | ᠡᠪᠡᠳᠴᠢᠨ ᠤ ᠰᠤᠳᠤᠯᠤᠯ ᠤᠨ ᠲᠠᠷᠬᠠᠯᠲᠠ᠂ ᠬᠡᠷᠡᠭ ᠤᠨ ᠪᠠᠶᠢᠳᠠᠯ ᠢ ᠦᠨᠡᠯᠡᠨ ᠵᠢᠱᠢᠬᠦ᠂ ᠡᠵᠡᠮᠳᠡᠬᠦ ᠠᠷᠭ᠎ᠠ ᠬᠡᠮᠵᠢᠶ᠎ᠡ | ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ᠃ | ᠮᠡᠳᠡᠭᠦᠯᠦᠯᠲᠡ ᠶᠢᠨ ᠪᠣᠳᠠᠲᠠᠢ ᠱᠠᠭᠠᠷᠳᠠᠯᠭ᠎ᠠ ᠶᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 3 . 3 . 4 ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠦᠯᠵᠢᠶ᠎ᠡ ᠪᠠᠷ | ᠰᠢᠭᠤᠳ ᠮᠡᠳᠡᠭᠦᠯᠬᠦ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠬᠠᠮᠢᠶ᠎ᠠ ᠪᠥᠬᠦᠶ ᠮᠡᠳᠡᠭᠡ | ᠵᠠᠩᠭᠢ ᠶᠢ ᠣᠯᠤᠭᠰᠠᠨ ᠮᠥᠷᠲᠡᠭᠡᠨ ᠰᠦᠯᠵᠢᠶ᠎ᠡ ᠪᠠᠷ ᠰᠢᠭᠤᠳ ᠮᠡᠳᠡᠭᠦᠯᠬᠦ ᠨᠥᠬᠦᠴᠡᠯ ᠢ ᠪᠦᠷᠢᠯᠳᠦᠭᠦᠯᠦᠭᠰᠡᠨ | ᠬᠠᠷᠢᠭᠤᠴᠠᠯᠭ᠎ᠠ ᠶᠢᠨ ᠮᠡᠳᠡᠭᠦᠯᠦᠯᠲᠡ ᠶᠢᠨ ᠨᠢᠭᠡᠴᠡ ᠪᠠ ᠬᠠᠷᠢᠭᠤᠴᠠᠯᠭ᠎ᠠ ᠶᠢᠨ ᠮᠡᠳᠡᠭᠦᠯᠦᠭᠴᠢ ᠨᠢ 2 ᠴᠠᠭ ᠤᠨ | ᠳᠣᠲᠣᠷ᠎ᠠ ᠣᠳᠠᠰᠣ ᠪᠤᠶᠤ ᠹᠠᠺᠰ ᠵᠡᠷᠭᠡ ᠠᠷᠭ᠎ᠠ ᠮᠠᠶ᠋ᠢᠭ ᠢᠶᠠᠷ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠲᠤᠰᠬᠠᠶ ᠪᠠᠶᠢᠭᠤᠯᠤᠮᠵᠢ ᠳᠤ | ᠮᠡᠳᠡᠭᠦᠯᠬᠦ ᠶᠢᠨ ᠬᠠᠮᠲᠤ᠂ ︽ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢᠶᠠᠷ ᠳᠠᠮᠵᠢᠭᠤᠯᠤᠨ ᠰᠦᠯᠵᠢᠶ᠎ᠡ ᠪᠠᠷ ᠰᠢᠭᠤᠳ ᠮᠡᠳᠡᠭᠦᠯᠬᠦ | ᠬᠡᠷᠡᠭᠲᠡᠶ᠃ ᠬᠤᠰᠢᠭᠤᠨ ︵ᠣᠷᠣᠨ︶ ᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ | ᠮᠡᠳᠡᠭᠦᠯᠦᠯᠲᠡ ᠶᠢᠨ ᠮᠡᠳᠡᠭᠡ ᠵᠠᠩᠭᠢ ᠶᠢ ᠭᠥᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠶ ᠳᠤᠨᠢ ᠱᠠᠲᠤ ᠳᠠᠷᠠᠭᠠᠯᠠᠨ | ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠦᠨᠡᠨ ᠬᠦ ᠪᠠᠲᠤᠯᠠᠵᠤ᠂ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠳᠥᠷᠪᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠪᠠ ᠵᠣᠭᠰᠣᠭᠠᠬᠤ | 4 . 1 ᠪᠠᠴᠢᠮ ᠪᠠᠶᠢᠳᠠᠯ ᠢ ᠠᠷᠭᠠᠴᠠᠬᠤ ᠲᠤᠰᠬᠠᠯ ᠭᠠᠷᠭᠠᠬᠤ ᠵᠠᠷᠴᠢᠮ | ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠪᠠᠯ᠂ ᠬᠡᠷᠡᠭ ᠭᠠᠷᠤᠭᠰᠠᠨ | ᠭᠠᠵᠠᠷ ᠤᠨ ᠬᠤᠰᠢᠭᠤ ᠣᠷᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠱᠠᠳᠤ ᠬᠤᠪᠢᠶᠠᠨ ᠲᠠᠭᠠᠬᠤ ᠵᠠᠷᠴᠢᠮ | ᠶᠣᠰᠣᠭᠠᠷ᠂ ᠵᠣᠬᠢᠴᠠᠩᠭᠤᠢ ᠲᠡᠰ ᠪᠦᠬᠦᠢ ᠪᠠᠴᠢᠮ ᠪᠠᠶᠢᠳᠠᠯ ᠢ ᠠᠷᠭᠠᠴᠠᠬᠤ ᠲᠤᠰᠬᠠᠯ ᠭᠠᠷᠭᠠᠬᠤ ᠬᠡᠷᠡᠭᠲᠡᠢ᠃ ᠡᠭᠦᠨ ᠤ | ᠬᠠᠮᠲᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠴᠤ ᠬᠥᠭᠵᠢᠬᠦ | ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠪᠣᠳᠠᠲᠤ ᠪᠠᠶᠢᠳᠠᠯ ᠪᠣᠯᠤᠨ ᠰᠡᠷᠭᠡᠶᠢᠯᠡᠨ ᠬᠢᠵᠠᠭᠠᠷᠯᠠᠬᠤ ᠠᠵᠢᠯ ᠤᠨ | ᠬᠡᠷᠡᠭᠴᠡᠭᠡ ᠲᠠᠢ ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠪᠠ ᠲᠤᠰᠬᠠᠯ ᠤᠨ ᠳᠡᠰ ᠢ ᠴᠠᠭ ᠲᠤᠬᠠᠶ ᠳᠤᠨᠢ | ᠲᠣᠬᠢᠷᠠᠭᠤᠯᠵᠤ᠂ ᠬᠡᠷᠡᠭ ᠢ ᠪᠦᠲᠦᠮᠵᠢᠲᠡᠶ ᠬᠢᠵᠠᠭᠠᠷᠯᠠᠨ᠂ ᠬᠤᠣᠷ ᠬᠥᠨᠥᠭᠡᠯ ᠪᠣᠯᠤᠨ ᠨᠥᠯᠥᠭᠡ ᠶᠢ ᠪᠠᠭᠠᠰᠬᠠᠬᠤ | ᠬᠡᠷᠡᠭᠲᠡᠶ᠃ ᠠᠳᠠᠯᠢ ᠪᠤᠰᠤ ᠲᠥᠷᠥᠯ ᠢᠯᠭᠠᠯ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠰᠢᠨᠵᠢ ᠴᠢᠨᠠᠷ ᠪᠣᠯᠤᠨ ᠣᠨᠴᠠᠯᠢᠭ ᠢ ᠦᠨᠳᠦᠰᠦᠯᠡᠨ᠂ ᠬᠡᠷᠡᠭ ᠤᠨ ᠬᠥᠭᠵᠢᠯᠲᠡ ᠶᠢᠨ | ᠬᠠᠨᠳᠤᠰᠢ ᠶᠢ ᠵᠠᠳᠠᠯᠬᠤ ᠶᠢ ᠴᠢᠬᠤᠯᠠᠴᠢᠯᠠᠵᠤ᠂ ᠬᠡᠷᠡᠭ ᠤᠨ ᠪᠠᠶᠢᠳᠠᠯ ᠪᠣᠯᠤᠨ ᠨᠥᠯᠥᠭᠡ ᠨᠢ ᠲᠠᠰᠤᠷᠠᠯᠳᠠ ᠥᠭᠡᠢ | ᠥᠷᠭᠡᠳᠴᠦ ᠪᠠᠶᠢᠭ᠎ᠠ ᠬᠡᠷᠡᠭ ᠶᠠᠪᠤᠳᠠᠯ ᠳᠤ ᠰᠡᠷᠡᠮᠵᠢᠯᠡᠭᠦᠯᠬᠦ ᠪᠠ ᠲᠤᠰᠬᠠᠯ ᠤᠨ ᠲᠡᠰ ᠢ ᠴᠠᠭ ᠲᠤᠬᠠᠢ ᠳᠤᠨᠢ | ᠳᠡᠭᠡᠭᠰᠢᠯᠡᠭᠦᠯᠬᠦ ᠬᠡᠷᠡᠭᠲᠡᠢ︔ ᠬᠡᠪᠴᠢᠶ᠎ᠡ ᠨᠢ ᠬᠢᠵᠠᠭᠠᠷ ᠲᠠᠢ᠂ ᠤᠯᠠᠮ ᠨᠢᠭᠡ ᠠᠯᠬᠤᠮ ᠥᠷᠭᠡᠳᠬᠡᠬᠦ ᠥᠬᠡᠶ ᠬᠡᠷᠡᠭ ᠲᠤ | ᠂ ᠲᠤᠰᠬᠠᠯ ᠤᠨ ᠲᠠᠰ ᠢ ᠨᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠰᠡᠷᠡᠮᠵᠢᠯᠡᠭᠦᠯᠦᠯ ᠢ ᠨᠢ ᠴᠠᠭ ᠲᠤᠬᠠᠶ ᠳᠤᠨᠢ | ᠬᠦᠴᠦᠨ ᠥᠬᠡᠶ ᠪᠣᠯᠭᠠᠬᠤ ᠬᠡᠷᠡᠭᠲᠡᠶ᠃ | ᠰᠤᠷᠭᠠᠭᠤᠯᠢ ᠵᠢᠴᠢ ᠴᠢᠬᠤᠯᠠ ᠠᠵᠢᠯᠯᠠᠭ᠎ᠠ ᠶᠢᠨ ᠬᠤᠭᠤᠴᠠᠭᠠᠨ ᠳᠤ ᠭᠠᠷᠤᠭᠰᠠᠨ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠮᠡᠳᠡᠭᠦᠯᠬᠦ ᠪᠠ ᠲᠤᠰᠬᠠᠯ ᠤᠨ ᠳᠡᠰ ᠢ ᠵᠣᠬᠢᠴᠠᠩᠭᠤᠶ ᠪᠠᠷ | ᠳᠡᠭᠡᠭᠰᠢᠯᠡᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠲᠦᠷᠭᠡᠨ | ᠪᠥᠭᠡᠳ ᠪᠦᠲᠦᠮᠵᠢᠲᠡᠶ ᠡᠵᠡᠮᠳᠡᠬᠦ ᠶᠢ ᠦᠨᠡᠨᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠶ᠃ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠡᠭᠡᠨ ᠪᠠᠶᠢᠴᠠᠭᠠᠬᠤ᠂ ᠰᠢᠢᠳᠪᠦᠷᠢᠯᠡᠬᠦ᠂ ᠠᠪᠤᠷᠠᠬᠤ᠂ ᠬᠢᠨᠠᠨ ᠬᠠᠷᠭᠤᠭᠤᠯᠬᠤ ᠠᠷᠭ᠎ᠠ ᠮᠠᠶ᠋ᠢᠭ ᠢ | ᠠᠪᠴᠤ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠬᠡᠷᠡᠭᠲᠡᠶ᠃ | ᠬᠡᠷᠡᠭ ᠭᠠᠷᠤᠭᠰᠠᠨ ᠭᠠᠵᠠᠷ ᠠᠴᠠ ᠪᠤᠰᠤᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠶᠢᠳᠠᠯ ᠤᠨ | ᠮᠡᠳᠡᠭᠳᠡᠯ ᠢ ᠣᠯᠤᠭᠰᠠᠨ ᠤ ᠳᠠᠷᠠᠭ᠎ᠠ᠂ ᠵᠣᠬᠢᠬᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠴᠠᠭ | ᠲᠤᠬᠠᠶ ᠳᠤᠨᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠰᠡᠬᠦ ᠠᠵᠢᠯᠲᠠᠨ ᠬᠢᠭᠡᠳ ᠡᠳ᠋ | ᠪᠣᠳᠠᠰ ᠤᠨ ᠪᠡᠯᠡᠳᠬᠡᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠴᠢᠬᠤᠯᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠠᠪᠴᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷ᠎ᠠ ᠡᠭᠦᠰᠬᠦ ᠶᠢ ᠰᠡᠷᠭᠡᠶᠢᠯᠡᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠵᠢᠯᠣᠭᠤᠳᠣᠯᠭ᠎ᠠ ᠪᠠ ᠲᠣᠬᠢᠷᠠᠭᠤᠯᠤᠯᠲᠠ ᠶᠢ | ᠳᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠤᠭᠰᠠᠨ ᠭᠠᠵᠠᠷ ᠣᠷᠣᠨ ᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠲᠤᠰᠠᠯᠠᠬᠤ ᠬᠡᠷᠡᠭᠲᠡᠶ᠃ | 4 . 2 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | 4 . 2 . 1 ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵1︶ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠠᠴᠢᠮ ᠪᠠᠶᠢᠳᠠᠯ ᠢ | ᠠᠷᠭᠠᠴᠠᠬᠤ ᠶᠢ ᠡᠬᠢᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠪᠠᠶᠢᠭᠠᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠳᠤ | ᠣᠷᠣᠯᠴᠠᠭᠤᠯᠤᠨ᠎ᠠ᠃ | ︵2︶ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ | ᠬᠡᠷᠡᠭᠴᠡᠭᠡ ᠪᠠᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ | ᠠᠵᠢᠯᠲᠠᠨ᠂ ᠡᠳ᠋ ᠪᠠᠷᠠᠭ᠎ᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠬᠠᠮᠢᠶ᠎ᠠ ᠪᠦᠬᠦᠢ ᠪᠡᠯᠡᠳᠬᠡᠮᠵᠢ᠂ | ᠲᠥᠬᠦᠭᠡᠷᠦᠮᠵᠢ ᠶᠢ ᠰᠢᠯᠵᠢᠭᠦᠯᠦᠨ ᠴᠤᠭᠯᠠᠭᠤᠯᠵᠤ ᠪᠠᠴᠢᠮ ᠪᠠᠶᠢᠳᠠᠯ ᠢ ᠠᠷᠭᠠᠴᠠᠬᠤ ᠪᠠ ᠰᠢᠢᠳᠪᠦᠷᠢᠯᠡᠬᠦ ᠠᠵᠢᠯ ᠳᠤ | ᠣᠷᠣᠯᠴᠠᠭᠤᠯᠵᠤ ᠪᠣᠯᠤᠨ᠎ᠠ᠃ ᠠᠶᠤᠯ ᠲᠠᠢ ᠬᠢᠮᠢ ᠶᠢᠨ ᠵᠦᠢᠯ ᠤᠨ ᠬᠠᠮᠢᠶᠠᠷᠤᠯᠲᠠ ᠪᠣᠯᠤᠨ ᠲᠡᠭᠡᠭᠡᠪᠦᠷᠢ ᠶᠢᠨ | ᠠᠶᠤᠯ ᠦᠭᠡᠶ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠣᠭᠲᠠᠭᠠᠯ | ᠢ ᠴᠢᠩᠭ᠎ᠠ ᠬᠡᠷᠡᠭᠵᠢᠭᠦᠯᠵᠦ᠂ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ︵3︶ ᠪᠠᠴᠢᠮ ᠪᠠᠶᠢᠳᠠᠯ ᠢ ᠠᠷᠭᠠᠴᠠᠬᠤ ᠬᠢᠨᠠᠨ ᠰᠢᠯᠭᠠᠬᠤ ᠪᠠ ᠲᠦᠭᠰᠢᠭᠦᠷᠢ ᠶᠢ ᠦᠨᠡᠯᠡᠨ ᠵᠢᠱᠢᠬᠦ ᠶᠢ | ᠴᠢᠩᠭᠠᠷᠠᠭᠤᠯᠤᠨ᠎ᠠ᠃ ᠡᠳᠦᠷ ᠪᠦᠷᠢ ᠶᠢᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠵᠤ᠂ ᠬᠡᠷᠡᠭ ᠤᠨ | ᠬᠥᠭᠵᠢᠯᠲᠡ ᠶᠢᠨ ᠪᠠᠶᠢᠳᠠᠯ ᠢ ᠦᠨᠡᠯᠡᠨ ᠵᠢᠱᠢᠵᠦ᠂ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ | ᠦᠨᠳᠦᠰᠦᠯᠡᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠴᠠᠭ ᠲᠤᠬᠠᠶ ᠳᠤᠨᠢ | ᠲᠣᠬᠢᠷᠠᠭᠤᠯᠤᠯᠲᠠ ᠬᠢᠨ᠎ᠡ᠃ | ︵4︶ ᠡᠵᠡᠮᠰᠢᠯ ᠤᠨ ᠣᠷᠣᠨ ᠪᠦᠰᠡ ᠶᠢ ᠵᠠᠭᠠᠭᠯᠠᠨ ᠲᠣᠭᠲᠠᠭᠠᠨ᠎ᠠ᠃ ᠬᠥᠬᠡ ᠲᠥᠷᠥᠯ᠂ ᠬᠥᠬᠡᠭᠴᠢᠨ | ᠲᠥᠷᠥᠯ ᠤᠨ ᠬᠠᠯᠳᠠᠪᠤᠷᠢᠲᠤ ᠡᠪᠡᠳᠴᠢᠨ ᠡᠭᠦᠰᠦᠭᠰᠡᠨ᠂ ᠳᠡᠯᠭᠡᠷᠡᠭᠰᠡᠨ ᠦᠶ᠎ᠡ ᠳᠤ᠂ ᠡᠯ᠎ᠡ ᠬᠤᠰᠢᠭᠤᠨ ︵ᠣᠷᠣᠨ︶ | ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠶᠢᠮᠠᠭ ᠤᠨ ᠵᠠᠬᠢᠷᠭ᠎ᠠ ᠳᠤ ᠮᠡᠳᠡᠭᠦᠯᠦᠨ | ᠵᠥᠪᠰᠢᠶᠡᠷᠡᠭᠦᠯᠦᠭᠡᠳ᠂ ᠬᠢᠵᠢᠭᠲᠦ ᠣᠷᠣᠨ ᠤ ᠬᠦᠷᠢᠶ᠎ᠡ ᠬᠡᠪᠴᠢᠶ᠎ᠡ ᠶᠢ ᠨᠡᠶᠢᠲᠡᠯᠡᠵᠦ ᠪᠣᠯᠤᠨ᠎ᠠ︔ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠤ ᠬᠢᠵᠢᠭᠲᠦ ᠣᠷᠣᠨ ᠢ | ᠪᠢᠲᠡᠭᠦᠮᠵᠢᠯᠡᠵᠦ ᠪᠣᠯᠤᠨ᠎ᠠ︔ ᠬᠢᠵᠢᠭᠲᠦ ᠣᠷᠣᠨ ᠢ ᠪᠢᠲᠡᠭᠦᠮᠵᠢᠯᠡᠭᠰᠡᠨ ᠠᠴᠠ ᠪᠤᠯᠵᠦ ᠵᠡᠮ ᠬᠠᠷᠢᠯᠴᠠᠭᠠᠨ ᠤ ᠭᠤᠣᠯ | ᠱᠤᠭᠤᠮ ᠢ ᠲᠠᠰᠤᠯᠳᠠᠭᠤᠯᠤᠭᠰᠠᠨ ᠪᠤᠶᠤ ᠤᠯᠤᠰ ᠤᠨ ᠬᠢᠯᠢ ᠶᠢ ᠪᠢᠲᠡᠭᠦᠮᠵᠢᠯᠡᠭᠰᠡᠨ ᠪᠠᠶᠢᠪᠠᠯ᠂ ᠡᠷᠬᠡᠪᠰᠢ ᠲᠦᠷᠦ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠬᠦ ᠬᠡᠷᠡᠭᠲᠡᠢ᠃ ᠬᠦᠨᠳᠦ ᠶᠡᠭᠡ ᠠᠵᠢᠯ ᠤᠨ ᠨᠥᠯᠥᠭᠡᠨ ᠤ ᠬᠤᠤᠷᠳᠠᠯ ᠤᠨ | ᠠᠳᠡᠯ ᠳᠤ᠂ ᠠᠵᠢᠯ ᠤᠨ ᠨᠥᠯᠥᠭᠡᠨ ᠤ ᠬᠤᠤᠷ ᠬᠥᠨᠥᠭᠡᠯ ᠤᠨ ᠬᠦᠴᠦᠨ ᠵᠦᠢᠯ ᠤᠨ ᠨᠥᠯᠥᠭᠡᠯᠡᠬᠦ ᠬᠡᠪᠴᠢᠶ᠎ᠡ ᠶᠢ | ᠦᠨᠳᠦᠰᠦᠯᠡᠨ᠂ ᠬᠢᠵᠠᠭᠠᠷᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ | ︵5︶ ᠬᠢᠵᠢᠭ ᠤᠨ ᠪᠠᠶᠢᠳᠠᠯ ᠢ ᠬᠢᠵᠠᠭᠠᠷᠯᠠᠬᠤ ᠠᠷᠭ᠎ᠠ ᠬᠡᠮᠵᠢᠶ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ︵ᠨᠡᠭᠡᠭᠡᠯᠳᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠦᠪᠯᠡᠯ︶ ᠨᠢ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠴᠤᠭᠯᠠᠭ᠎ᠠ ᠮᠠᠶᠢᠮᠠᠢ᠂ ᠺᠢᠨᠤ᠋ ᠵᠦᠴᠦᠭᠡ ᠶᠢᠨ ᠬᠦᠷᠢᠶᠡᠯᠡᠩ ᠤᠨ | ᠲᠣᠭᠯᠠᠯᠲᠠ ᠶᠢ ᠬᠢᠵᠠᠭᠠᠷᠯᠠᠬᠤ ᠪᠤᠶᠤ ᠵᠣᠭᠰᠣᠭᠠᠬᠤ ᠵᠢᠴᠢ ᠪᠤᠰᠤᠳ ᠬᠥᠮᠦᠰ ᠤᠨ ᠴᠤᠭᠯᠠᠷᠠᠬᠤ ᠶᠢ ᠵᠣᠭᠰᠣᠭᠠᠨ᠎ᠠ︔ | ᠠᠵᠢᠯ ᠵᠣᠭᠰᠣᠵᠦ᠂ ᠬᠢᠴᠢᠶᠡᠯ ᠵᠣᠭᠰᠣᠨ᠎ᠠ︔ ᠭᠤᠣᠯᠳᠠᠯᠭ᠎ᠠ ᠲᠠᠢ ᠪᠠᠶᠢᠭᠤᠯᠤᠮᠵᠢ ᠭᠤᠣᠯᠳᠠᠯᠭ᠎ᠠ ᠲᠠᠢ ᠲᠠᠯᠠᠪᠤᠷ | ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ︔ ᠬᠠᠯᠳᠠᠪᠤᠷᠢᠲᠤ ᠡᠪᠡᠳᠴᠢᠨ ᠤ | ᠡᠭᠦᠰᠭᠡᠭᠴᠢ ᠳᠤ ᠪᠣᠬᠢᠷᠲᠤᠭᠳᠠᠭᠰᠠᠨ ᠤᠯᠠᠨ ᠨᠡᠶᠢᠲᠡ ᠶᠢᠨ ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ | ᠵᠢᠴᠢ ᠬᠤᠯᠪᠣᠭᠳᠠᠯ ᠪᠦᠬᠦᠢ ᠡᠳ᠋ ᠪᠣᠳᠠᠰ ᠢ ᠪᠢᠲᠡᠭᠦᠮᠵᠢᠯᠡᠬᠦ ᠵᠡᠷᠭᠡ ᠪᠠᠴᠢᠮ ᠠᠷᠭ᠎ᠠ ᠬᠡᠮᠵᠢᠶ᠎ᠡ ᠠᠪᠤᠨ᠎ᠠ︔ | ᠭᠤᠣᠯᠳᠠᠯᠭ᠎ᠠ ᠲᠠᠢ ᠲᠠᠯᠠᠪᠤᠷ ᠭᠠᠵᠠᠷ ᠢ ᠠᠷᠢᠭᠤᠳᠬᠠᠨ᠎ᠠ︔ ᠭᠡᠷ ᠪᠠᠶᠢᠰᠢᠩ᠂ ᠵᠠᠮ ᠬᠠᠷᠢᠯᠴᠠᠭᠠᠨ ᠤ ᠪᠠᠭᠠᠵᠢ ᠵᠢᠴᠢ | ᠬᠤᠯᠪᠣᠭᠳᠠᠯ ᠪᠦᠬᠦᠢ ᠲᠥᠬᠦᠭᠡᠷᠦᠮᠵᠢ ᠪᠠ ᠪᠡᠯᠡᠳᠬᠡᠮᠵᠢ ᠶᠢ ᠲᠦᠷ ᠴᠠᠭ ᠲᠠᠲᠠᠪᠤᠷᠢᠯᠠᠨ ᠬᠡᠷᠡᠭᠯᠡᠨ᠎ᠡ︔ ᠡᠮᠴᠢᠯᠡᠭᠡᠨ ᠤ | ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠪᠡᠳᠴᠢᠲᠡᠨ ᠢ ᠪᠦᠬᠦ ᠬᠦᠴᠦᠨ ᠢᠶᠠᠷ ᠢᠶᠠᠨ ᠠᠪᠤᠷᠠᠨ | ᠡᠮᠨᠡᠨ᠎ᠡ︔ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ | ︵6︶ ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ᠃ ᠶᠠᠪᠤᠭᠤᠯ ᠬᠥᠮᠦᠨ ᠠᠮᠠ ᠳᠤ ᠤᠷᠢᠳᠴᠢᠯᠠᠨ | ᠰᠡᠷᠭᠡᠶᠢᠯᠡᠬᠦ ᠠᠵᠢᠯ ᠬᠢᠵᠦ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠠᠯᠳᠠᠪᠤᠷᠢᠲᠤ | ᠡᠪᠡᠳᠴᠢᠲᠡᠨ᠂ ᠰᠡᠵᠢᠭᠲᠡᠶ ᠡᠪᠡᠳᠴᠢᠲᠡᠨ ᠢ ᠲᠤᠬᠠᠶ ᠶᠢᠨ ᠭᠠᠵᠠᠷ ᠲᠤᠨᠢ ᠲᠤᠰᠠᠭᠠᠷᠯᠠᠬᠤ᠂ ᠲᠤᠬᠠᠶ ᠶᠢᠨ ᠭᠠᠵᠠᠷ ᠲᠤᠨᠢ | ᠠᠵᠢᠭᠯᠠᠬᠤ᠂ ᠲᠤᠬᠠᠶ ᠶᠢᠨ ᠭᠠᠵᠠᠷ ᠲᠤᠨᠢ ᠡᠮᠨᠡᠨ ᠵᠠᠰᠠᠬᠤ ᠠᠷᠭ᠎ᠠ ᠬᠡᠮᠵᠢᠶ᠎ᠡ ᠠᠪᠴᠤ᠂ ᠨᠢᠭᠲᠠ ᠣᠶᠢᠷᠠᠲᠤᠭᠰᠠᠳ ᠲᠤ | ᠪᠠᠶᠢᠳᠠᠯ ᠢ ᠨᠢ ᠦᠨᠳᠦᠰᠦᠯᠡᠨ ᠲᠥᠪᠯᠡᠷᠡᠩᠭᠦᠶ ᠪᠤᠶᠤ ᠭᠡᠷ ᠲᠡᠭᠡᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ | ᠃ | ︵7︶ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠬᠢᠨ᠎ᠠ᠃ ᠵᠠᠮ ᠬᠠᠷᠢᠯᠴᠠᠭ᠎ᠠ᠂ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠪᠣᠭᠤᠮᠲᠠ ᠵᠡᠷᠭᠡ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠤᠨ ᠵᠠᠮ ᠬᠠᠷᠢᠯᠴᠠᠭᠠᠨ ᠤ ᠥᠷᠲᠡᠭᠡ ᠴᠡᠭ ᠪᠠ ᠬᠢᠯᠢ ᠪᠠᠷ ᠣᠷᠣᠵᠤ ᠭᠠᠷᠬᠤ ᠪᠣᠭᠤᠮᠲᠠ ᠳᠤ ᠲᠦᠷ ᠴᠠᠭ ᠤᠨ | ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠥᠷᠲᠡᠭᠡ ᠪᠠᠶᠢᠷᠢᠯᠠᠭᠤᠯᠵᠤ᠂ ᠬᠢᠯᠢ ᠪᠠᠷ | ᠣᠷᠣᠵᠤ ᠭᠠᠷᠬᠤ᠂ ᠬᠢᠵᠢᠭᠲᠦ ᠣᠷᠣᠨ ᠢᠶᠠᠷ ᠣᠷᠣᠵᠤ ᠭᠠᠷᠬᠤ ᠪᠠ ᠠᠵᠢᠯᠯᠠᠬᠤ ᠶᠠᠪᠤᠴᠠ ᠳᠠᠬᠢ ᠵᠠᠮ ᠬᠠᠷᠢᠯᠴᠠᠭᠠᠨ ᠤ | ᠪᠠᠭᠠᠵᠢ ᠵᠢᠴᠢ ᠲᠡᠷᠭᠡᠨ ᠳᠤ ᠰᠠᠭᠤᠭᠰᠠᠨ ᠬᠥᠮᠦᠰ ᠪᠠ ᠡᠳ᠋ ᠪᠣᠳᠠᠰ᠂ ᠠᠮᠢᠲᠠᠨ ᠤ ᠬᠢᠵᠢᠭ ᠢ ᠪᠠᠶᠢᠴᠠᠭᠠᠨ ᠰᠢᠯᠭᠠᠵᠦ᠂ | ᠡᠪᠡᠳᠴᠢᠲᠡᠨ᠂ ᠰᠡᠵᠢᠭᠯᠡᠯᠲᠡᠶ ᠡᠪᠡᠳᠴᠢᠲᠡᠨ ᠵᠢᠴᠢ ᠨᠢᠭᠲᠠ ᠣᠶᠢᠷᠠᠲᠤᠭᠰᠠᠳ ᠢ ᠲᠦᠷ ᠴᠠᠭ ᠳᠣᠰᠭᠠᠷᠯᠠᠵᠦ᠂ | ᠦᠯᠡᠳᠡᠭᠡᠨ ᠠᠵᠢᠭᠯᠠᠵᠦ᠂ ᠪᠠᠶᠢᠴᠠᠭᠠᠨ ᠰᠢᠯᠭᠠᠨ᠎ᠡ᠃ | ︵8︶ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠪᠠᠶᠢᠴᠠᠭᠠᠨ᠎ᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠡᠯ᠎ᠡ ᠬᠤᠰᠢᠭᠤ ︵ᠣᠷᠣᠨ︶ | ᠂ ᠡᠯ᠎ᠡ ᠰᠠᠯᠠᠭ᠎ᠠ ᠮᠥᠴᠢᠷ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠣᠨᠣᠪᠴᠢᠲᠠᠶ ᠡᠵᠡᠮᠳᠡᠵᠦ᠂ ᠦᠨᠡᠨ ᠠᠴᠠ | ᠵᠥᠪ ᠢ ᠡᠷᠢᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠨᠡᠶᠢᠲᠡᠯᠡᠬᠦ ᠶᠢᠨ ᠬᠠᠮᠲᠤ ᠨᠢᠭᠤᠴᠠ ᠶᠢ ᠬᠠᠮᠠᠭᠠᠯᠠᠬᠤ | ᠠᠵᠢᠯ ᠢ ᠰᠠᠶᠢᠲᠤᠷ ᠬᠢᠨ᠎ᠡ︔ 12345 ᠵᠡᠷᠭᠡ ᠤᠲᠠᠰᠤ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠢᠶ᠎ᠠ | ᠪᠥᠬᠦᠶ ᠮᠡᠳᠡᠭᠡ ᠵᠠᠩᠭᠢ ᠶᠢ ᠣᠯᠠᠨ ᠲᠠᠯ᠎ᠠ ᠠᠴᠠ ᠴᠤᠭᠯᠠᠭᠤᠯᠤᠨ᠂ ᠣᠯᠠᠨ ᠲᠦᠮᠡᠨ ᠤ ᠲᠤᠰᠠᠯᠠᠮᠵᠢ ᠭᠤᠶᠤᠴᠢᠯᠠᠬᠤ | ᠠᠷᠭ᠎ᠠ ᠵᠠᠮ ᠢ ᠰᠢᠯᠤᠭᠤᠳᠬᠠᠵᠤ᠂ ᠣᠯᠠᠨ ᠲᠦᠮᠡᠨ ᠤ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠎ᠡ | ︔ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠡᠷᠡᠭᠦᠯ ᠮᠡᠨᠳᠦ ᠶᠢᠨ ᠬᠥᠮᠦᠵᠢᠯ ᠢ ᠵᠥᠪ ᠢᠶᠠᠷ ᠬᠥᠲᠥᠯᠥᠨ | ᠵᠢᠯᠣᠭᠤᠳᠴᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠃ | ︵9︶ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠥᠷᠨᠢᠭᠦᠯᠦᠨ᠎ᠡ᠃ ᠵᠡᠭᠡᠯᠢ ᠭᠤᠳᠤᠮᠵᠢ | ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ ᠵᠢᠴᠢ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠪᠤᠰᠤᠳ ᠰᠠᠯᠠᠭ᠎ᠠ ᠮᠥᠴᠢᠷ ᠢ | ᠬᠠᠪᠰᠤᠷᠴᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠬᠦ᠂ ᠠᠵᠢᠯᠲᠠᠨ ᠢ ᠰᠠᠯᠭᠠᠬᠤ | ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ︵10︶ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ᠂ ᠪᠠᠷᠠᠭᠠᠨ ᠤ ᠦᠨ᠎ᠡ ᠶᠢ ᠳᠠᠷᠤᠵᠤ ᠲᠡᠭᠰᠢᠳᠬᠡᠭᠡᠳ᠂ | ᠳᠦᠷᠬᠢᠷᠡᠨ ᠪᠤᠯᠢᠶᠠᠬᠤ ᠶᠠᠪᠤᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ︔ ᠴᠤᠤᠷᠬᠠᠯ ᠲᠠᠯᠪᠢᠨ ᠴᠤᠤᠷᠬᠠᠯ ᠲᠠᠷᠬᠠᠭᠠᠬᠤ᠂ | ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠬᠤᠳᠠᠯ | ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠤᠨ | ᠨᠡᠶᠢᠭᠡᠮ ᠤᠨ ᠠᠮᠤᠷ ᠲᠦᠪᠰᠢᠨ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵11︶ ᠤᠬᠠᠭᠤᠯᠭ᠎ᠠ ᠬᠥᠮᠦᠵᠢᠯ ᠪᠣᠯᠤᠨ ᠲᠦᠭᠰᠢᠭᠦᠷᠢ ᠶᠢᠨ ᠳᠣᠬᠠᠢ ᠰᠠᠨᠠᠯ ᠪᠣᠳᠣᠯ ᠢᠶᠠᠨ ᠰᠣᠯᠢᠯᠴᠠᠬᠤ ᠶᠢ | ᠴᠢᠩᠭᠠᠷᠠᠭᠤᠯᠣᠨ᠎ᠠ᠃ ᠢᠨᠲ᠋ᠧᠷ ᠰᠦᠯᠵᠢᠶ᠎ᠡ᠂ ᠪᠢᠴᠢᠯ ᠪᠦᠷᠭᠡ᠂ ᠸᠢᠴᠠᠲ᠂ ᠬᠠᠷᠢᠯᠴᠠᠭᠠᠨ ᠤ ᠦᠵᠦᠭᠦᠷ ᠵᠡᠷᠭᠡ ᠰᠢᠨ᠎ᠡ | ᠵᠠᠭᠤᠴᠢᠯᠠᠭᠤᠷ ᠪᠠ ᠷᠠᠳᠢᠣ᠋ ᠲᠧᠯᠸᠢᠰ᠂ ᠰᠣᠨᠢᠨ᠂ ᠤᠬᠠᠭᠤᠯᠭ᠎ᠠ ᠶᠢᠨ ᠵᠦᠢᠯ ᠵᠡᠷᠭᠡ ᠤᠯᠠᠮᠵᠢᠯᠠᠨ ᠲᠠᠷᠬᠠᠭᠠᠬᠤ | ᠵᠠᠭᠤᠴᠢᠯᠠᠭᠤᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠢᠶ᠎ᠠ ᠪᠥᠬᠦᠶ ᠮᠡᠳᠡᠯᠭᠡ ᠶᠢ ᠪᠥᠬᠦ ᠲᠠᠯ᠎ᠠ ᠪᠠᠷ ᠣᠯᠠᠨ | ᠠᠷᠭ᠎ᠠ ᠵᠠᠮ ᠢᠶᠠᠷ ᠲᠦᠭᠡᠮᠡᠯᠵᠢᠭᠦᠯᠦᠨ᠂ ᠬᠥᠮᠦᠨ ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠬᠤ ᠶᠢ ᠴᠢᠬᠤᠯᠠᠴᠢᠯᠠᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵12︶ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠵᠢᠯᠣᠭᠤᠳᠬᠤ | ᠠᠵᠢᠯ ᠢ ᠬᠠᠷᠢᠭᠤᠴᠠᠭᠤᠯᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠭᠤᠤᠯᠳᠠᠯᠭ᠎ᠠ ᠲᠠᠢ ᠪᠠᠶᠢᠭᠤᠯᠤᠮᠵᠢ ᠳᠤ | ᠭᠦᠨᠵᠡᠭᠡᠶᠢᠷᠡᠨ ᠤᠬᠠᠭᠤᠯᠭ᠎ᠠ ᠬᠥᠮᠦᠵᠢᠯ ᠥᠷᠨᠢᠭᠦᠯᠵᠦ᠂ ᠮᠡᠷᠭᠡᠵᠢᠯ ᠤᠨ ᠵᠢᠯᠣᠭᠤᠳᠣᠯᠭ᠎ᠠ ᠪᠠ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠯᠲᠠ ᠶᠢ ᠴᠢᠩᠭᠠᠳᠬᠠᠨ᠂ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠤᠨ᠎ᠠ᠃ | 4 . 2 . 2 ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ︵1︶ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ | ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ | ︵2︶ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠲᠤᠰᠬᠠᠢ | ᠮᠡᠷᠭᠡᠵᠢᠯᠲᠡᠨ ᠤ ᠵᠥᠪᠯᠡᠯᠭᠡ ᠥᠭᠬᠦ ᠺᠣᠮᠢᠰ ᠢ ᠵᠣᠬᠢᠶᠠᠨ ᠪᠠᠶᠢᠭᠤᠯᠵᠤ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠦᠨᠡᠯᠡᠨ ᠵᠢᠱᠢᠭᠦᠯᠵᠦ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠡᠬᠢᠯᠡᠭᠦᠯᠬᠦ ᠳᠡᠰ ᠢ ᠳᠤᠷᠠᠳᠤᠨ᠎ᠠ᠃ | ︵3︶ ᠪᠤᠰᠤᠳ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠲᠣᠭᠲᠠᠮᠠᠯ ᠬᠠᠷᠢᠯᠴᠠᠭᠴᠢ ᠶᠢᠨ | ᠳᠦᠷᠢᠮ ᠢ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠴᠠᠭ ᠲᠤᠬᠠᠢ ᠳᠤᠨᠢ ᠰᠣᠯᠢᠯᠴᠠᠨ | ᠵᠥᠪᠳᠡᠯᠴᠡᠵᠦ᠂ ᠤᠯᠠᠨ ᠰᠠᠯᠠᠭ᠎ᠠ ᠮᠥᠴᠢᠷ ᠤᠨ ᠨᠡᠪᠲᠡᠷᠡᠯᠴᠡᠨ ᠣᠷᠣᠯᠴᠠᠭᠰᠠᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠯᠳᠦᠭᠦᠯᠦᠨ᠎ᠡ᠃ | ︵4︶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠃ ᠬᠡᠷᠡᠭᠴᠡᠭᠡ ᠪᠠᠨ ᠦᠨᠳᠦᠰᠦᠯᠡᠨ ᠪᠠᠴᠢᠮ | ᠪᠠᠶᠢᠳᠠᠯ ᠢ ᠠᠷᠭᠠᠴᠠᠬᠤ ᠸᠠᠺᠼᠢᠨ ᠤ ᠲᠠᠷᠢᠯᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠷᠭᠡᠶᠢᠯᠡᠬᠦ | ᠡᠮ ᠤᠤᠭᠤᠬᠤ ᠬᠡᠷᠡᠭᠲᠡᠶ᠃ | ︵5︶ ᠬᠢᠨᠠᠨ ᠵᠢᠯᠣᠭᠤᠳᠴᠤ ᠪᠠᠶᠢᠴᠠᠭᠠᠨ᠎ᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠪᠥᠬᠦ ᠠᠶᠢᠮᠠᠭ ᠪᠤᠶᠤ ᠭᠤᠤᠯᠳᠠᠯᠭ᠎ᠠ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠢᠨᠠᠨ | ᠵᠢᠯᠣᠭᠤᠳᠬᠤ ᠪᠠ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠤᠰᠢᠭᠤᠨ ︵ᠣᠷᠣᠨ︶ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠢᠮᠳᠠᠭᠤᠯᠤᠨ ᠪᠠᠶᠢᠴᠠᠭᠠᠬᠤ ᠪᠠ ᠵᠢᠯᠣᠭᠤᠳᠬᠤ ᠶᠢ | ᠬᠠᠷᠢᠭᠤᠴᠠᠨ᠎ᠠ᠃ | ︵6︶ ᠮᠡᠳᠡᠭᠡ ᠵᠠᠩᠭᠢ ᠶᠢ ᠮᠡᠳᠡᠭᠳᠡᠨ᠎ᠡ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠡᠳᠡᠭᠡ ᠵᠠᠩᠭᠢ ᠶᠢ ᠮᠡᠳᠡᠭᠳᠡᠬᠦ ᠶᠢ ᠬᠠᠷᠢᠭᠤᠴᠠᠵᠤ᠂ ᠬᠥᠷᠰᠢ | ᠵᠡᠷᠭᠡᠯᠡᠳᠡᠭᠡ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠲᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠬᠤᠯᠪᠣᠭᠳᠠᠯ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠮᠡᠳᠡᠭᠳᠡᠨ᠎ᠡ᠃ | ︵7︶ ᠮᠡᠷᠭᠡᠵᠢᠯ ᠤᠨ ᠪᠠᠷᠢᠮᠵᠢᠶ᠎ᠠ ᠪᠠ ᠳᠦᠷᠢᠮᠵᠢᠯ ᠤᠨ ᠪᠣᠯᠪᠠᠰᠤᠷᠠᠯ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠣᠬᠢᠬᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ | ︵8︶ ᠡᠷᠡᠭᠦᠯ ᠬᠠᠮᠠᠭᠠᠯᠠᠯ ᠤᠨ ᠮᠡᠳᠡᠯᠭᠡ ᠶᠢ ᠳᠦᠭᠡᠮᠡᠯᠵᠢᠬᠦᠯᠦᠨ᠎ᠡ᠃ ᠬᠡᠷᠡᠭ ᠤᠨ ᠰᠢᠨᠵᠢ ᠴᠢᠨᠠᠷ ᠲᠤ | ᠴᠢᠭᠯᠡᠭᠦᠯᠦᠨ᠂ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠭᠯᠡᠭᠦᠯᠬᠦ ᠴᠢᠨᠠᠷᠲᠠᠶ ᠪᠠᠷ | ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠰᠡᠳᠬᠢᠴᠡ ᠶᠢᠨ ᠬᠠᠷᠰᠢ ᠰᠠᠭᠠᠳ ᠢ ᠠᠷᠢᠯᠭᠠᠵᠤ᠂ ᠰᠡᠳᠬᠢᠴᠡ ᠶᠢᠨ | ᠬᠢᠮᠤᠷᠠᠯ ᠳᠤ ᠭᠠᠷ ᠲᠦᠷᠦᠭᠦ ᠠᠵᠢᠯ ᠢ ᠥᠷᠨᠢᠭᠦᠯᠦᠨ᠎ᠡ᠃ | ︵9︶ ᠬᠡᠷᠡᠭ ᠢ ᠦᠨᠡᠯᠡᠨ ᠵᠢᠱᠢᠨ᠎ᠡ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠳᠤ | ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠬᠡᠷᠡᠭ ᠤᠨ ᠲᠦᠢᠮᠣ ᠪᠠᠶᠢᠳᠠᠯ᠂ ᠲᠤᠬᠠᠶ ᠶᠢᠨ ᠲᠠᠯᠠᠪᠠᠶ ᠶᠢᠨ | ᠪᠠᠶᠢᠴᠠᠭᠠᠨ ᠰᠢᠢᠳᠪᠦᠷᠢᠯᠡᠭᠰᠡᠨ ᠲᠦᠢᠮᠣ ᠪᠠᠶᠢᠳᠠᠯ᠂ ᠡᠪᠡᠳᠴᠢᠲᠡᠨ ᠢ ᠠᠪᠤᠷᠠᠨ ᠡᠮᠨᠡᠭᠰᠡᠨ ᠪᠠᠶᠢᠳᠠᠯ᠂ ᠠᠪᠤᠭᠰᠠᠨ | ᠠᠷᠭ᠎ᠠ ᠬᠡᠮᠵᠢᠶ᠎ᠡ᠂ ᠦᠷ᠎ᠡ ᠪᠦᠲᠦᠮᠵᠢ ᠶᠢᠨ ᠦᠨᠡᠯᠡᠯᠲᠡ ᠵᠡᠷᠭᠡ ᠶᠢ ᠪᠠᠭᠲᠠᠭᠠᠨ᠎ᠠ᠃ | ︵10︶ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ᠎ᠠ᠃ | 4 . 2 . 3 ᠡᠮᠴᠢᠯᠡᠭᠡᠨ ᠤ ᠪᠠᠶᠢᠭᠤᠯᠤᠮᠵᠢ | ︵1︶ ᠡᠪᠡᠳᠴᠢᠲᠡᠨ ᠢ ᠬᠦᠯᠢᠶᠡᠨ ᠠᠪᠴᠤ ᠡᠮᠨᠡᠬᠦ᠂ ᠬᠦᠯᠢᠶᠡᠨ ᠠᠪᠴᠤ ᠡᠮᠨᠡᠬᠦ ᠪᠠ ᠰᠢᠯᠵᠢᠭᠦᠯᠦᠨ | ᠵᠥᠭᠡᠭᠡᠪᠦᠷᠢᠯᠡᠬᠦ ᠠᠵᠢᠯ ᠢ ᠥᠷᠨᠢᠭᠦᠯᠵᠦ᠂ ᠬᠦᠨᠳᠦ ᠡᠪᠡᠳᠴᠢᠲᠡᠨ ᠪᠠ ᠡᠩ ᠤᠨ ᠡᠪᠡᠳᠴᠢᠲᠡᠨ ᠢ ᠰᠠᠯᠭᠠᠨ | ᠬᠠᠮᠢᠶᠠᠷᠬᠤ ᠶᠢ ᠬᠡᠷᠡᠭᠵᠢᠭᠦᠯᠵᠦ᠂ ᠰᠡᠵᠢᠭᠯᠡᠯᠲᠡᠢ ᠡᠪᠡᠳᠴᠢᠲᠡᠨ ᠢ ᠴᠠᠭ ᠲᠤᠬᠠᠢ ᠳᠤᠨᠢ ᠣᠨᠣᠰᠢᠯᠠᠨ᠎ᠠ᠃ | ︵2︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠳ ᠢ ᠬᠠᠮᠵᠢᠨ ᠵᠠᠭᠪᠤᠷ | ᠴᠤᠭᠯᠠᠭᠤᠯᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ | ︵3︶ ᠡᠮᠴᠢᠯᠡᠭᠡᠨ ᠤ ᠪᠠᠶᠢᠭᠤᠯᠤᠮᠵᠢ ᠳᠣᠲᠣᠷᠠᠬᠢ ᠲᠤᠬᠠᠶ ᠶᠢᠨ ᠲᠠᠯᠠᠪᠤᠷ ᠢ ᠬᠢᠵᠠᠭᠠᠷᠯᠠᠬᠤ᠂ ᠠᠷᠢᠭᠤᠳᠬᠠᠨ | ᠲᠤᠰᠠᠭᠠᠷᠯᠠᠬᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ᠂ ᠡᠮᠴᠢᠯᠡᠭᠡᠨ ᠤ ᠬᠤᠭ ᠨᠣᠪᠰᠢ ᠪᠠ ᠪᠣᠬᠢᠷ ᠤᠰᠤ ᠶᠢ | ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠰᠣᠯᠪᠢᠴᠠᠨ ᠬᠠᠯᠳᠠᠪᠤᠷᠢᠯᠠᠬᠤ ᠪᠠ ᠪᠣᠬᠢᠷᠲᠤᠭᠤᠯᠬᠤ ᠶᠢ ᠰᠡᠷᠭᠡᠶᠢᠯᠡᠨ᠎ᠡ᠃ | | ︵4︶ ᠬᠠᠯᠳᠠᠪᠤᠷᠢᠲᠤ ᠡᠪᠡᠳᠴᠢᠨ ᠪᠠ ᠬᠤᠣᠷᠳᠠᠭᠳᠠᠭᠰᠠᠨ ᠡᠪᠡᠳᠴᠢᠲᠡᠨ ᠢ ᠮᠡᠳᠡᠭᠦᠯᠬᠦ ᠠᠵᠢᠯ ᠢ ᠰᠠᠶᠢᠲᠤᠷ | ᠬᠢᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠠᠴᠠ ᠪᠣᠯᠵᠤ ᠪᠡᠶ᠎ᠡ ᠮᠠᠬᠠᠪᠣᠳ ᠨᠢ | ᠭᠡᠮᠲᠦᠭᠰᠡᠨ ᠡᠪᠡᠳᠴᠢᠲᠡᠨ ᠢ ᠶᠠᠮᠠᠷᠪᠠ ᠡᠮᠴᠢᠯᠡᠭᠡᠨ ᠤ ᠪᠠᠶᠢᠭᠤᠯᠤᠮᠵᠢ ᠭᠡᠳ ᠬᠦᠯᠢᠶᠡᠨ ᠠᠪᠴᠤ ᠡᠮᠨᠡᠬᠦ ᠶᠢ ᠲᠡᠪᠴᠢᠵᠦ | ᠪᠣᠯᠬᠤ ᠦᠭᠡᠶ᠃ | ︵5︶ ᠰᠢᠯᠲᠠᠭᠠᠨ ᠨᠢ ᠲᠣᠳᠣᠷᠬᠠᠢ ᠦᠭᠡᠢ ᠣᠯᠠᠨ ᠨᠡᠶᠢᠳᠡ ᠶᠢ ᠬᠠᠮᠣᠷᠣᠭᠰᠠᠨ ᠡᠪᠡᠳᠴᠢᠨ ᠡᠮᠭᠡᠭ ᠪᠠ | ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠳᠤ ᠡᠪᠡᠳᠴᠢᠨ ᠤ ᠵᠢᠱᠢᠶ᠎ᠡ ᠶᠢᠨ ᠵᠠᠳᠠᠯᠤᠯᠲᠠ ᠪᠠ | ᠳ᠋ᠦᠩᠨᠡᠯᠲᠡ ᠶᠢ ᠰᠠᠶᠢᠲᠤᠷ ᠬᠢᠵᠦ᠂ ᠣᠨᠣᠰᠢᠯᠠᠨ ᠵᠠᠰᠠᠬᠤ ᠲᠤᠷᠰᠢᠯᠭ᠎ᠠ ᠶᠢ ᠬᠤᠷᠠᠮᠳᠤᠭᠤᠯᠤᠨ᠎ᠠ᠃ ᠬᠦᠨᠳᠦ ᠶᠡᠭᠡ | ᠬᠤᠣᠷᠳᠠᠭᠳᠠᠭᠰᠠᠨ ᠬᠡᠷᠡᠭ ᠢ ᠪᠣᠯ ᠲᠤᠬᠠᠶ ᠶᠢᠨ ᠭᠠᠵᠠᠷ ᠲᠤᠨᠢ ᠠᠪᠤᠷᠠᠨ ᠲᠤᠰᠠᠯᠠᠬᠤ᠂ ᠡᠪᠡᠳᠴᠢᠲᠡᠨ ᠢ ᠰᠢᠯᠵᠢᠭᠦᠯᠦᠨ | ᠲᠡᠭᠡᠭᠡᠪᠦᠷᠢᠯᠡᠬᠦ᠂ ᠦᠷᠭᠦᠯᠵᠢᠯᠡᠨ ᠡᠮᠨᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠤᠨ ᠶᠣᠰᠣᠭᠠᠷ | ᠰᠢᠢᠳᠪᠦᠷᠢᠯᠡᠨ᠎ᠡ᠃ | 4 . 2 . 4 ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ | ︵1︶ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠡ ᠵᠠᠩᠭᠢ ᠶᠢᠨ | ᠮᠡᠳᠡᠭᠦᠯᠦᠯᠲᠡ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠬᠦ | ᠪᠠ ᠵᠠᠳᠠᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵2︶ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠦᠨ᠎ᠡ᠃ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠨ ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ᠂ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠬᠤ ᠲᠥᠯᠥᠪᠯᠡᠭᠡ ᠪᠣᠯᠤᠨ ᠲᠥᠰᠦᠯ ᠢ ᠳᠠᠷᠦ᠋ᠢᠬᠠᠨ ᠲᠣᠭᠲᠠᠭᠠᠵᠤ᠂ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠬᠤᠯᠪᠣᠭᠳᠠᠬᠤ ᠬᠥᠮᠦᠰ ᠤᠨ | ᠡᠪᠡᠳᠴᠢᠯᠡᠭᠰᠡᠨ ᠪᠠᠶᠢᠳᠠᠯ᠂ ᠲᠠᠷᠬᠠᠯᠲᠠ ᠶᠢᠨ ᠣᠨᠴᠠᠯᠢᠭ ᠲᠤ ᠪᠠᠶᠢᠴᠠᠭᠠᠯᠲᠠ ᠵᠠᠳᠠᠯᠤᠯᠲᠠ ᠬᠢᠵᠦ᠂ ᠴᠢᠭᠯᠡᠭᠦᠯᠬᠦ | ᠴᠢᠨᠠᠷᠲᠠᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠶ︔ | ᠬᠠᠯᠳᠠᠪᠤᠷᠢᠲᠤ ᠡᠪᠡᠳᠴᠢᠲᠡᠨ᠂ ᠰᠡᠵᠢᠭᠯᠡᠯᠲᠡᠶ ᠡᠪᠡᠳᠴᠢᠲᠡᠨ᠂ ᠡᠪᠡᠳᠴᠢᠨ ᠡᠭᠦᠰᠭᠡᠭᠴᠢ ᠶᠢ ᠠᠪᠴᠤ ᠶᠠᠪᠤᠭᠰᠠᠳ | ᠵᠢᠴᠢ ᠨᠢᠭᠲᠠ ᠣᠶᠢᠷᠠᠲᠤᠭᠰᠠᠳ ᠢ ᠮᠥᠷᠳᠡᠨ ᠪᠠᠶᠢᠴᠠᠭᠠᠵᠤ᠂ ᠬᠠᠯᠳᠠᠪᠤᠷᠢᠯᠠᠬᠤ ᠬᠡᠯᠬᠢᠶ᠎ᠡ ᠶᠢ ᠪᠠᠶᠢᠴᠠᠭᠠᠨ | ᠲᠣᠳᠣᠷᠬᠠᠶᠢᠯᠠᠬᠤ ᠶᠢᠨ ᠬᠠᠮᠲᠤ ᠳᠡᠭᠡᠷ᠎ᠡ ᠨᠢᠭᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠳᠤ ᠪᠠᠶᠢᠳᠠᠯ ᠢᠶᠠᠨ ᠮᠡᠳᠡᠭᠳᠡᠬᠦ ᠬᠡᠷᠡᠭᠲᠡᠶ᠃ | ︵3︶ ᠲᠤᠷᠰᠢᠯᠲᠠ ᠶᠢᠨ ᠲᠠᠰᠤᠭ ᠢ ᠰᠢᠯᠭᠠᠨ ᠪᠠᠶᠢᠴᠠᠭᠠᠨ᠎ᠠ᠃ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠨᠢ ᠬᠤᠰᠢᠭᠤᠨ ︵ᠣᠷᠣᠨ︶ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢ ᠵᠢᠭᠠᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠶᠣᠰᠣᠭᠠᠷ | ᠬᠦᠢᠴᠡᠳ ᠬᠡᠮᠵᠢᠶᠡᠨ ᠤ ᠵᠠᠭᠪᠤᠷ ᠢ ᠴᠤᠭᠯᠠᠭᠤᠯᠵᠤ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ ᠶᠢ | ᠥᠷᠨᠢᠭᠦᠯᠵᠦ᠂ ᠡᠪᠡᠳᠴᠢᠨ ᠡᠭᠦᠰᠭᠡᠬᠦ ᠰᠢᠯᠲᠠᠭᠠᠨ ᠢ ᠨᠢ ᠡᠷᠢᠬᠦ ᠬᠡᠷᠡᠭᠲᠡᠶ᠃ | ︵4︶ ᠮᠡᠷᠭᠡᠵᠢᠯ ᠤᠨ ᠪᠣᠯᠪᠠᠰᠤᠷᠠᠯ ᠥᠷᠨᠢᠭᠦᠯᠦᠨ᠎ᠡ᠃ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠪᠣᠯᠤᠨ ᠬᠤᠰᠢᠭᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠨᠤᠭᠤᠳ ᠲᠤᠰ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ | ᠲᠤᠰᠬᠠᠶ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠲᠤᠰ ᠲᠤᠰ ᠬᠠᠷᠢᠭᠤᠴᠠᠨ᠎ᠠ︔ ᠠᠶᠢᠮᠠᠭ ᠤᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠬᠤᠰᠢᠭᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠬᠤ ᠶᠢᠨ ᠬᠠᠮᠲᠤ | ᠬᠤᠰᠢᠭᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠪᠠᠭᠰᠢ ᠶᠢᠨ | ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ | 4 . 2 . 5 ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ | ︵1︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ | ᠳᠤᠤᠷ᠎ᠠ᠂ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ | ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ | ︵2︶ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠲᠠᠢ ᠤᠶᠠᠯᠳᠤᠭᠤᠯᠤᠨ᠂ ᠢᠳᠡᠭᠡᠨ ᠤ ᠡᠷᠡᠭᠦᠯ ᠬᠠᠮᠠᠭᠠᠯᠠᠯ᠂ ᠣᠷᠴᠢᠨ ᠠᠬᠤᠢ ᠶᠢᠨ | ᠡᠷᠡᠭᠦᠯ ᠬᠠᠮᠠᠭᠠᠯᠠᠯ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠵᠡᠷᠭᠡ ᠡᠷᠡᠭᠦᠯ ᠬᠠᠮᠠᠭᠠᠯᠠᠯ ᠤᠨ ᠬᠢᠨᠠᠯᠲᠠ ᠪᠠ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ | ︵3︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠬᠠᠮᠵᠢᠨ ︽ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ︾ ᠪᠠ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠠᠬᠢ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ | 4 . 2 . 6 ᠪᠣᠭᠤᠮᠲᠠ | ︵1︶ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠪᠠᠯ᠂ ᠪᠣᠭᠤᠮᠲᠠ ᠨᠢ | ᠮᠡᠷᠭᠡᠵᠢᠯ ᠤᠨ ᠬᠦᠴᠦᠨ ᠢᠶᠠᠨ ᠳᠠᠶᠢᠴᠢᠯᠠᠵᠤ᠂ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵2︶ ᠪᠣᠭᠤᠮᠲᠠ ᠶᠢᠨ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠮᠡᠳᠡᠭᠡ | ᠵᠠᠩᠭᠢ ᠪᠠ ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | 4 . 2 . 7 ᠬᠡᠷᠡᠭ ᠭᠠᠷᠤᠭᠰᠠᠨ ᠪᠤᠰᠤ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠤᠭᠰᠠᠨ ᠥᠬᠡᠶ ᠭᠠᠵᠠᠷ | ᠣᠷᠣᠨ ᠨᠢ ᠪᠤᠰᠤᠳ ᠭᠠᠵᠠᠷ ᠣᠷᠣᠨ ᠳᠤ ᠡᠭᠦᠰᠦᠭᠰᠡᠨ ᠬᠡᠷᠡᠭ ᠤᠨ ᠰᠢᠨᠵᠢ ᠴᠢᠨᠠᠷ᠂ ᠣᠨᠴᠠᠯᠢᠭ᠂ ᠡᠭᠦᠰᠦᠭᠰᠡᠨ | ᠣᠷᠣᠨ ᠪᠦᠰᠡ ᠪᠣᠯᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠲᠣᠰ ᠭᠠᠵᠠᠷ ᠣᠷᠣᠨ ᠤ ᠨᠥᠯᠥᠭᠡᠯᠡᠭᠳᠡᠬᠦ | ᠪᠣᠯᠤᠮᠵᠢ ᠪᠣᠯᠤᠨ ᠬᠡᠮᠵᠢᠶ᠎ᠡ ᠶᠢ ᠵᠠᠳᠠᠯᠵᠤ᠂ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵1︶ ᠬᠡᠷᠡᠭ ᠡᠭᠦᠰᠦᠭᠰᠡᠨ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠪᠠᠨ ᠨᠢᠭᠲᠠ ᠪᠠᠲᠤᠯᠠᠵᠤ᠂ ᠬᠤᠯᠪᠣᠭᠳᠠᠯ | ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠬᠤ ᠬᠡᠷᠡᠭᠲᠡᠢ᠃ | ︵2︶ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ | ᠬᠡᠷᠡᠭᠰᠡᠬᠦ ᠬᠥᠮᠦᠨ ᠬᠢᠭᠡᠳ ᠡᠳ᠋ ᠪᠠᠷᠠᠭ᠎ᠠ ᠶᠢᠨ ᠪᠡᠯᠡᠳᠬᠡᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ᠃ | ︵3︶ ᠬᠠᠮᠢᠶ᠎ᠠ ᠪᠥᠬᠦᠶ ᠡᠪᠡᠳᠴᠢᠨ ᠡᠮᠭᠡᠭ ᠬᠢᠭᠡᠳ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ | ᠮᠡᠳᠡᠭᠦᠯᠦᠯᠲᠡ ᠶᠢᠨ ᠠᠵᠢᠯ ᠢ ᠴᠢᠩᠭᠠᠳᠬᠠᠵᠤ᠂ ᠴᠢᠬᠤᠯᠠᠲᠠᠶ ᠦᠶ᠎ᠡ ᠳᠤ ᠲᠤᠰᠬᠠᠶ ᠮᠡᠳᠡᠭᠦᠯᠦᠯᠲᠡ ᠶᠢᠨ ᠲᠦᠷᠢᠮ ᠢ | ᠪᠠᠶᠢᠭᠤᠯᠤᠨ᠎ᠠ᠃ | ︵4︶ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠪᠠ ᠭᠤᠣᠯᠳᠠᠯᠭ᠎ᠠ ᠲᠠᠢ | ᠭᠤᠭᠴᠤᠭ᠎ᠠ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠠᠵᠢᠯ ᠢ ᠥᠷᠨᠢᠭᠦᠯᠵᠦ᠂ | ᠤᠷᠢᠳᠴᠢᠯᠠᠨ ᠰᠡᠷᠭᠡᠶᠢᠯᠡᠨ᠎ᠡ᠃ | ︵5︶ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠪᠠ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ᠂ | ᠣᠯᠠᠨ ᠨᠡᠶᠢᠲᠡ ᠶᠢᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ︵6︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠲᠣᠭᠲᠠᠭᠠᠯ ᠢ ᠦᠨᠳᠦᠰᠦᠯᠡᠨ᠂ ᠵᠠᠮ ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ | ᠵᠡᠷᠭᠡ ᠶᠢ ᠥᠷᠨᠢᠭᠦᠯᠦᠨ᠎ᠡ᠃ | 4 . 3 ᠱᠠᠲᠤ ᠬᠤᠪᠢᠶᠠᠨ ᠳᠠᠭᠠᠬᠤ | 4 . 3 . 1 ᠣᠨᠴᠠ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ︵ᠳᠡᠰ︶ | ᠣᠨᠴᠠ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠤᠳᠤᠷᠢᠳᠤᠯᠭ᠎ᠠ ᠪᠠ | ᠵᠢᠯᠣᠭᠤᠳᠤᠯᠭ᠎ᠠ ᠳᠣᠣᠷ᠎ᠠ᠂ ᠠᠶᠢᠮᠠᠭ ᠤᠨ ᠵᠢᠯᠣᠭᠤᠳᠬᠤ ᠭᠠᠵᠠᠷ ᠠᠴᠠ ᠠᠶᠢᠮᠠᠭ ᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | 4 . 3 . 2 ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ︵ | ᠳᠡᠰ︶ | ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠪᠣᠯ | ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠨᠢᠭᠡᠳᠦᠯᠲᠡᠶ ᠤᠳᠤᠷᠢᠳᠬᠤ ᠪᠠ ᠵᠢᠯᠣᠭᠤᠳᠤᠨ᠎ᠠ᠃ ᠠᠶᠢᠮᠠᠭ ᠤᠨ ᠵᠢᠯᠣᠭᠤᠳᠬᠤ ᠭᠠᠵᠠᠷ ᠨᠢ ᠥᠪᠡᠷᠲᠡᠭᠡᠨ | ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠡᠷᠡᠭ ᠭᠠᠷᠤᠭᠰᠠᠨ | ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠣᠯᠤᠨ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠶ᠃ | 4 . 3 . 3 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠯᠢᠶᠡᠳ ᠶᠡᠭᠡ ᠭᠡᠨᠡᠳᠲᠡ ᠶᠢᠨ ᠬᠡᠷᠡᠭ ︵ᠳᠡᠰ︶ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠯᠢᠶᠡᠳ ᠶᠡᠭᠡ ᠭᠡᠨᠡᠳᠲᠡ ᠶᠢᠨ ᠬᠡᠷᠡᠭ ᠢ ᠠᠶᠢᠮᠠᠭ ᠤᠨ | ᠵᠢᠯᠣᠭᠤᠳᠬᠤ ᠭᠠᠵᠠᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠴᠢᠬᠤᠯᠠ ᠲᠠᠢ ᠦᠶ᠎ᠡ ᠳᠤ᠂ ᠥᠪᠡᠷᠲᠡᠭᠡᠨ | ᠵᠠᠰᠠᠬᠤ ᠣᠷᠣᠨ ᠠᠴᠠ ᠠᠵᠢᠯᠯᠠᠬᠤ ᠳᠤᠭᠤᠶᠢᠯᠠᠩ ᠲᠣᠮᠢᠯᠠᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠵᠢᠯᠣᠭᠤᠳᠤᠨ ᠰᠠᠶᠢᠲᠤᠷ ᠬᠢᠬᠦ ᠶᠢ ᠭᠤᠶᠤᠴᠢᠯᠠᠬᠤ ᠶᠢᠨ ᠬᠠᠮᠲᠤ ᠳᠡᠮᠵᠢᠯᠭᠡ ᠬᠠᠩᠭᠠᠬᠤ ᠬᠡᠷᠡᠭᠲᠡᠶ᠃ | 4 . 3 . 4 ᠡᠩ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ︵ᠳᠡᠰ︶ | ᠡᠩ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠡᠷᠡᠭ ᠭᠠᠷᠤᠭᠰᠠᠨ | ᠭᠠᠵᠠᠷ ᠤᠨ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠢᠶᠠᠷᠤᠯᠲᠠ ᠶᠢᠨ ᠵᠥᠪᠯᠡᠯ ᠠᠴᠠ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠠᠵᠢᠯᠯᠠᠬᠤ ᠳᠤᠭᠤᠶᠢᠯᠠᠩ ᠲᠣᠮᠢᠯᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠬᠤ ᠶᠢᠨ ᠬᠠᠮᠲᠤ ᠠᠵᠢᠯᠲᠠᠨ᠂ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠴᠢᠬᠤᠯᠠ ᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠠᠵᠢᠯᠯᠠᠬᠤ ᠳᠤᠭᠤᠶᠢᠯᠠᠩ ᠲᠣᠮᠢᠯᠠᠵᠤ ᠵᠢᠯᠣᠭᠤᠳᠣᠯᠭ᠎ᠠ ᠪᠠ ᠳᠡᠮᠵᠢᠯᠭᠡ ᠬᠠᠩᠭᠠᠬᠤ ᠶᠢ ᠭᠤᠶᠤᠴᠢᠯᠠᠨ᠎ᠠ᠃ | | 4 . 4 ᠳᠠᠭᠠᠵᠤ ᠬᠢᠬᠦ ᠠᠷᠭ᠎ᠠ ᠬᠡᠮᠵᠢᠶ᠎ᠡ | 4 . 4 . 1 ᠣᠨᠴᠠ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ︵ᠳᠡᠰ︶ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠵᠤ ᠬᠢᠬᠦ ᠶᠢ ᠡᠬᠢᠯᠡᠭᠦᠯᠦᠨ᠂ ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠪᠣᠯᠤᠨ | ᠵᠢᠯᠣᠭᠤᠳᠤᠯᠭ᠎ᠠ ᠳᠣᠣᠷ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠶᠢᠮᠠᠭ ᠤᠨ ᠵᠠᠬᠢᠷᠭ᠎ᠠ᠂ ᠬᠤᠰᠢᠭᠤᠨ ︵ | ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠥᠪᠡᠷᠲᠡᠭᠡᠨ ᠵᠠᠰᠠᠬᠤ | ᠣᠷᠣᠨ ᠤ ᠵᠢᠯᠣᠭᠤᠳᠬᠤ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠵᠢᠯᠣᠭᠤᠳᠣᠯᠭ᠎ᠠ | ᠵᠣᠬᠢᠴᠠᠭᠤᠯᠭ᠎ᠠ ᠶᠢᠨ ᠳᠤᠤᠷ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ | 4 . 4 . 2 ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ︵ | ᠳᠡᠰ︶ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠡᠬᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠨᠢᠭᠡᠳᠦᠯᠲᠡᠶ ᠤᠳᠤᠷᠢᠳᠤᠨ ᠵᠢᠯᠣᠭᠤᠳᠴᠤ᠂ ᠠᠶᠢᠮᠠᠭ ᠤᠨ ᠵᠠᠬᠢᠷᠭ᠎ᠠ᠂ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠪᠠ ᠵᠢᠯᠣᠭᠤᠳᠣᠯᠭ᠎ᠠ ᠳᠤᠤᠷ᠎ᠠ᠂ ᠲᠣᠰ ᠭᠠᠵᠠᠷ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠥᠷᠨᠢᠭᠦᠯᠦᠨ᠎ᠡ᠃ | 4 . 4 . 3 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠯᠢᠶᠡᠳ ᠶᠡᠭᠡ ᠭᠡᠨᠡᠳᠲᠡ ᠶᠢᠨ ᠬᠡᠷᠡᠭ ︵ᠳᠡᠰ︶ | ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | ︵1︶ ᠠᠶᠢᠮᠠᠭ ᠤᠨ ᠵᠠᠬᠢᠷᠭ᠎ᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠨ ᠬᠡᠷᠡᠭᠵᠢᠭᠦᠯᠵᠦ᠂ | ᠵᠢᠯᠣᠭᠤᠳᠬᠤ ᠭᠠᠵᠠᠷ ᠪᠠᠶᠢᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠬᠠᠪᠰᠤᠷᠤᠨ ᠮᠡᠳᠡᠭᠡ ᠵᠠᠩᠭᠢ | ᠴᠤᠭᠯᠠᠭᠤᠯᠬᠤ᠂ ᠠᠵᠢᠯᠲᠠᠨ ᠢ ᠲᠠᠷᠬᠠᠭᠠᠵᠤ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠬᠢᠵᠢᠭᠲᠦ ᠣᠷᠣᠨ ᠢ | ᠲᠣᠭᠲᠠᠭᠠᠬᠤ᠂ ᠪᠢᠲᠡᠭᠦᠮᠵᠢᠯᠡᠬᠦ᠂ ᠲᠤᠰᠠᠭᠠᠷᠯᠠᠬᠤ ᠪᠠ ᠤᠬᠠᠭᠤᠯᠬᠤ ᠵᠡᠷᠭᠡ ᠠᠵᠢᠯ ᠢ ᠬᠠᠤᠯᠢ ᠶᠣᠰᠣᠭᠠᠷ ᠬᠢᠬᠦ ᠶᠢ | ᠬᠠᠷᠢᠭᠤᠴᠠᠨ᠎ᠠ︔ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠰᠡᠬᠦ ᠡᠮᠨᠡᠯᠭᠡ ᠶᠢᠨ ᠠᠪᠤᠷᠠᠨ ᠵᠠᠰᠠᠬᠤ ᠪᠠ ᠰᠡᠷᠭᠡᠶᠢᠯᠡᠬᠦ ᠳᠤ ᠬᠡᠷᠡᠭᠯᠡᠬᠦ | ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ᠂ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠵᠡᠷᠭᠡ ᠡᠳ᠋ | ᠪᠠᠷᠠᠭ᠎ᠠ ᠶᠢᠨ ᠬᠠᠩᠭᠠᠯᠭ᠎ᠠ ᠶᠢ ᠪᠠᠲᠤᠯᠠᠨ᠎ᠠ᠃ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠶᠢ ᠭᠤᠶᠤᠴᠢᠯᠠᠵᠤ ᠪᠣᠯᠤᠨ᠎ᠠ᠃ ᠬᠤᠰᠢᠭᠤᠨ ︵ᠣᠷᠣᠨ︶ ᠤ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠶᠢᠮᠠᠭ ᠤᠨ ᠵᠢᠯᠣᠭᠤᠳᠬᠤ ᠭᠠᠵᠠᠷ ᠤᠨ | ᠨᠢᠭᠡᠳᠦᠯᠲᠡᠶ ᠤᠳᠤᠷᠢᠳᠤᠯᠭ᠎ᠠ ᠪᠠ ᠵᠢᠯᠣᠭᠤᠳᠣᠯᠭ᠎ᠠ ᠳᠤᠤᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ | ︵2︶ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠡᠷᠡ ᠳᠠᠷᠤᠶ ᠳᠤᠨᠢ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠴᠠᠭᠠᠨ ᠨᠤᠲᠠᠯᠠᠬᠤ ᠶᠢᠨ ᠬᠠᠮᠲᠤ ᠬᠡᠷᠡᠭ ᠶᠠᠪᠤᠳᠠᠯ ᠳᠤ ᠶᠡᠷᠦᠩᠬᠡᠶᠢᠯᠡᠭᠰᠡᠨ | ᠦᠨᠡᠯᠡᠯᠲᠡ ᠬᠢᠨ᠎ᠠ᠃ ᠡᠭᠦᠨ ᠤ ᠬᠠᠮᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠡᠪᠡᠳᠴᠢᠯᠡᠵᠦ | ᠵᠡᠮᠳᠡᠭ ᠪᠣᠯᠤᠭᠰᠠᠨ ᠬᠥᠮᠦᠰ ᠢ ᠲᠤᠰᠠᠭᠠᠷᠯᠠᠵᠤ ᠠᠪᠤᠷᠠᠨ ᠵᠠᠰᠠᠬᠤ᠂ ᠨᠢᠭᠲᠠ ᠣᠶᠢᠷᠠᠲᠤᠭᠰᠠᠳ ᠢ ᠲᠤᠰᠠᠭᠠᠷᠯᠠᠬᠤ᠂ | ᠣᠷᠴᠢᠨ ᠲᠣᠭᠤᠷᠢᠨ ᠤ ᠠᠮᠢᠳᠤ ᠪᠣᠳᠠᠰ ᠤᠨ ᠥᠯᠢᠭᠡᠷ ᠡᠳ᠋ ᠢ ᠴᠤᠭᠯᠠᠭᠤᠯᠬᠤ ᠪᠠ ᠠᠷᠢᠭᠤᠳᠬᠠᠨ ᠰᠢᠢᠳᠪᠦᠷᠢᠯᠡᠬᠦ | ᠵᠡᠷᠭᠡ ᠪᠠᠴᠢᠮ ᠬᠢᠵᠠᠭᠠᠷᠯᠠᠬᠤ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠶᠢᠨ | ᠬᠠᠮᠲᠤ ᠲᠣᠭᠲᠠᠭᠠᠯ ᠶᠣᠰᠣᠭᠠᠷ ᠠᠶᠢᠮᠠᠭ ᠤᠨ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠳᠤ ᠪᠠᠶᠢᠴᠠᠭᠠᠯᠲᠠ ᠬᠢᠭᠰᠡᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ | ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | 4 . 4 . 4 ᠡᠩ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ︵ᠳᠡᠰ︶ | ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | ᠡᠩ ᠤᠨ ︵ᠲᠠᠰ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠪᠡᠯ᠂ | ᠬᠤᠰᠢᠭᠤᠨ ︵ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠰᠢᠨᠵᠢ ᠴᠢᠨᠠᠷ᠂ ᠲᠥᠷᠥᠯ ᠢᠯᠭᠠᠯ ᠪᠠ | ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠲᠣᠰ ᠪᠡᠯᠡᠳᠬᠡᠯ ᠲᠥᠰᠦᠯ ᠢ ᠬᠡᠷᠡᠭᠵᠢᠭᠦᠯᠦᠨ᠎ᠡ᠃ ᠬᠤᠰᠢᠭᠤᠨ ︵ | ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠵᠢᠯᠣᠭᠤᠳᠬᠤ ᠭᠠᠵᠠᠷ ᠤᠨ | ᠨᠢᠭᠡᠳᠦᠯᠲᠡᠶ ᠤᠳᠤᠷᠢᠳᠤᠯᠭ᠎ᠠ ᠪᠠ ᠵᠢᠯᠣᠭᠤᠳᠣᠯᠭ᠎ᠠ ᠳᠤᠤᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠲᠣᠭᠲᠠᠭᠠᠯ ᠶᠣᠰᠣᠭᠠᠷ ᠴᠠᠭ ᠲᠤᠬᠠᠶ ᠳᠤᠨᠢ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠡᠷᠡᠭ ᠢ ᠰᠢᠢᠳᠪᠦᠷᠢᠯᠡᠭᠰᠡᠨ ᠪᠠᠶᠢᠳᠠᠯ ᠢᠶᠠᠨ ᠮᠡᠳᠡᠭᠦᠯᠦᠨ᠎ᠡ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠶ | ᠮᠡᠷᠭᠡᠵᠢᠯᠲᠡᠳ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠪᠠᠶᠢᠭᠠᠳ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠯ᠎ᠠ ᠪᠠᠷ ᠮᠡᠷᠭᠡᠵᠢᠯ | ᠤᠨ ᠵᠢᠯᠣᠭᠤᠳᠣᠯᠭ᠎ᠠ ᠬᠢᠬᠦ ᠬᠡᠷᠡᠭᠲᠡᠶ᠃ | 4 . 5 ᠳᠠᠭᠠᠵᠤ ᠬᠢᠬᠦ ᠶᠢ ᠵᠣᠭᠰᠣᠭᠠᠬᠤ | ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠵᠣᠭᠰᠣᠭᠠᠬᠤ ᠨᠥᠬᠦᠴᠡᠯ᠄ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠳᠠᠯᠳᠠ ᠬᠡᠮ ᠪᠤᠶᠤ ᠬᠠᠮᠢᠶ᠎ᠠ ᠪᠥᠬᠦᠶ ᠠᠶᠤᠯᠲᠠᠶ ᠬᠦᠴᠦᠨ | ᠵᠦᠢᠯ ᠢ ᠠᠷᠢᠯᠭᠠᠬᠤ᠂ ᠡᠰᠡᠬᠦᠯ᠎ᠡ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠡᠭᠦᠰᠦᠭᠰᠡᠨ ᠤ ᠳᠠᠷᠠᠭ᠎ᠠ ᠬᠠᠮᠤᠭ ᠤᠨ | ᠣᠷᠳᠣ ᠨᠢᠭᠤᠭᠳᠠᠮᠠᠯ ᠬᠤᠭᠤᠴᠠᠭ᠎ᠠ ᠶᠢ ᠥᠩᠭᠡᠷᠡᠭᠡᠭᠡᠳ ᠰᠢᠨ᠎ᠡ ᠡᠪᠡᠳᠴᠢᠲᠡᠨ ᠢᠯᠡᠷᠡᠭᠰᠡᠨ ᠥᠬᠡᠶ᠃ | ᠣᠨᠴᠠ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠦ ᠬᠢᠬᠦ ᠪᠠᠨ ᠵᠣᠭᠰᠣᠬᠤ ᠳᠤ᠂ ᠥᠪᠡᠷᠲᠡᠭᠡᠨ ᠵᠠᠰᠠᠬᠤ ᠣᠷᠣᠨ ᠤ | ᠵᠢᠯᠣᠭᠤᠳᠬᠤ ᠭᠠᠵᠠᠷ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠪᠦᠬᠦ ᠤᠯᠤᠰ ᠤᠨ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ | ᠮᠡᠳᠡᠭᠦᠯᠦᠨ ᠲᠣᠭᠲᠠᠭᠠᠯᠭᠠᠨ᠎ᠠ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠦᠨᠳᠦ ᠶᠡᠭᠡ ᠬᠡᠷᠡᠭ ᠲᠤ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ | ᠵᠠᠳᠠᠯᠤᠯᠲᠠ ᠨᠤᠲᠠᠯᠠᠯᠲᠠ ᠬᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠵᠣᠭᠰᠣᠭᠠᠬᠤ ᠰᠠᠨᠠᠭᠤᠯᠭ᠎ᠠ | ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ | ᠣᠷᠣᠨ ᠤ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ | ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ | | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠨᠡᠯᠢᠶᠡᠳ ᠶᠡᠭᠡ ᠭᠡᠨᠡᠳᠲᠡ ᠶᠢᠨ ᠬᠡᠷᠡᠭ ᠢ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠳᠠᠯᠤᠨ | ᠨᠤᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠬᠤ ᠰᠠᠨᠠᠭᠤᠯᠭ᠎ᠠ ᠳᠤᠷᠠᠳᠴᠤ᠂ ᠠᠶᠢᠮᠠᠭ ᠤᠨ ᠵᠠᠬᠢᠷᠭ᠎ᠠ | ᠪᠤᠶᠤ ᠠᠶᠢᠮᠠᠭ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ | ᠬᠠᠮᠲᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠦᠨ᠎ᠡ᠃ | ᠡᠩ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠤᠰᠢᠭᠤᠨ ︵ | ᠣᠷᠣᠨ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠠᠳᠠᠯᠤᠨ ᠨᠤᠲᠠᠯᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠬᠤ | ᠰᠠᠨᠠᠭᠤᠯᠭ᠎ᠠ ᠳᠤᠷᠠᠳᠴᠤ᠂ ᠬᠤᠰᠢᠭᠤᠨ ︵ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠪᠤᠶᠤ ᠬᠤᠰᠢᠭᠤᠨ ︵ᠣᠷᠣᠨ︶ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠬᠦ ᠶᠢᠨ ᠬᠠᠮᠲᠤ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠮᠡᠳᠡᠭᠦᠯᠦᠨ᠎ᠡ᠃ | ᠲᠠᠪᠤ᠂ ᠬᠤᠶᠢᠨᠠᠬᠢ ᠶᠠᠪᠤᠳᠠᠯ ᠢ ᠰᠢᠢᠳᠪᠦᠷᠢᠯᠡᠬᠦ | 5.1 ᠦᠢᠯᠡᠳᠪᠦᠷᠢᠯᠡᠯ ᠢ ᠰᠡᠷᠭᠦᠭᠡᠬᠦ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ ᠦᠭᠡᠶᠢᠰᠬᠡᠵᠦ᠂ ᠨᠡᠶᠢᠭᠡᠮ ᠤᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠰᠡᠷᠭᠦᠭᠡᠬᠦ | ᠬᠡᠷᠡᠭᠲᠡᠶ᠃ | 5 . 2 ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ | ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠳᠠᠭᠤᠰᠤᠭᠰᠠᠨ ᠤ ᠳᠠᠷᠠᠭ᠎ᠠ᠂ ᠡᠯ᠎ᠡ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠬᠥᠮᠦᠰ ᠢ ᠵᠣᠬᠢᠶᠠᠨ | ᠪᠠᠶᠢᠭᠤᠯᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠭᠰᠡᠨ | ᠪᠠᠶᠢᠳᠠᠯ ᠳᠤ ᠦᠨᠡᠯᠡᠨ ᠵᠢᠱᠢᠯᠲᠡ ᠬᠢᠬᠦ ᠬᠡᠷᠡᠭᠲᠡᠶ᠃ ᠦᠨᠡᠯᠡᠨ ᠵᠢᠱᠢᠬᠦ ᠠᠭᠤᠯᠭ᠎ᠠ ᠳᠤ ᠭᠤᠤᠯᠳᠠᠭᠤ ᠬᠡᠷᠡᠭ ᠤᠨ | ᠲᠦᠢᠮᠣ ᠪᠠᠶᠢᠳᠠᠯ᠂ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠢᠢᠳᠪᠦᠷᠢᠯᠡᠬᠦ ᠲᠦᠢᠮᠣ ᠪᠠᠶᠢᠳᠠᠯ᠂ ᠡᠪᠡᠳᠴᠢᠲᠡᠨ ᠢ | ᠠᠪᠤᠷᠠᠨ ᠵᠠᠰᠠᠭᠰᠠᠨ ᠪᠠᠶᠢᠳᠠᠯ᠂ ᠠᠷᠭ᠎ᠠ ᠬᠡᠮᠵᠢᠶ᠎ᠡ ᠠᠪᠤᠭᠰᠠᠨ ᠦᠷ᠎ᠡ ᠪᠦᠲᠦᠮᠵᠢ ᠶᠢᠨ ᠦᠨᠡᠯᠡᠯᠲᠡ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠣᠯᠤᠭᠰᠠᠨ | ᠲᠤᠷᠰᠢᠯᠭ᠎ᠠ ᠵᠢᠴᠢ ᠬᠠᠯᠠᠨ ᠰᠠᠶᠢᠵᠢᠷᠠᠭᠤᠯᠬᠤ ᠰᠠᠨᠠᠭᠤᠯᠭ᠎ᠠ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠳᠡᠭᠡᠳᠦ ᠨᠢᠭᠡ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠵᠡᠷᠭᠡ | ᠪᠠᠭᠲᠠᠨ᠎ᠠ᠃ | 5 . 3 ᠱᠠᠩᠨᠠᠬᠤ | ᠬᠤᠰᠢᠭᠤᠨ ︵ᠣᠷᠣᠨ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠠᠴᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠵᠤ ᠬᠤᠪᠢ ᠨᠡᠮᠡᠷᠢ ᠦᠵᠡᠭᠦᠯᠦᠭᠰᠡᠨ | ᠲᠡᠷᠢᠭᠦᠨ ᠤ ᠬᠠᠮᠲᠤ ᠪᠠ ᠬᠤᠪᠢ ᠬᠥᠮᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ | ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠳᠤᠮᠳᠠ ᠡᠷᠡᠯᠬᠡᠭ | ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠲᠤ ᠱᠠᠩᠨᠠᠯ ᠢ ᠨᠢ ᠨᠡᠬᠡᠮᠵᠢᠯᠡᠨ ᠣᠯᠭᠤᠬᠤ ᠬᠡᠷᠡᠭᠲᠡᠶ᠃ | 5 . 4 ᠬᠠᠷᠢᠭᠤᠴᠠᠯᠭ᠎ᠠ ᠨᠡᠬᠡᠮᠵᠢᠯᠡᠬᠦ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ᠂ ᠮᠡᠳᠡᠭᠦᠯᠬᠦ᠂ ᠪᠠᠶᠢᠴᠠᠭᠠᠬᠤ | ᠂ ᠡᠵᠡᠮᠳᠡᠬᠦ ᠪᠠ ᠰᠢᠢᠳᠪᠦᠷᠢᠯᠡᠬᠦ ᠶᠠᠪᠤᠴᠠ ᠳᠤ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ | ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ︽ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ︾ | ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠳᠣᠬᠠᠢ ᠶᠢᠨ ᠬᠥᠮᠦᠨ ᠤ | ᠬᠠᠷᠢᠭᠤᠴᠠᠯᠭ᠎ᠠ ᠶᠢ ᠨᠡᠬᠡᠮᠵᠢᠯᠡᠨ᠎ᠡ᠃ | 5 . 5 ᠠᠰᠠᠷᠠᠮᠵᠢ ᠪᠠ ᠨᠥᠬᠦᠪᠥᠷᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ︶ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠣᠷᠣᠯᠴᠠᠭᠰᠠᠨ ᠠᠴᠠ ᠪᠣᠯᠵᠤ ᠡᠪᠡᠳᠴᠢᠯᠡᠭᠰᠡᠨ᠂ ᠵᠡᠮᠳᠡᠭ | ᠪᠣᠯᠤᠭᠰᠠᠨ᠂ ᠦᠬᠦᠭᠰᠡᠨ ᠬᠥᠮᠦᠰ ᠲᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ | ᠲᠤᠰᠠᠯᠠᠮᠵᠢ ᠪᠠ ᠠᠰᠠᠷᠠᠮᠵᠢ ᠣᠯᠭᠤᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠨᠢᠭᠡᠳᠦᠭᠡᠷ | ᠹᠷᠣᠨᠲ ᠤᠨ ᠠᠵᠢᠯ ᠳᠤ ᠣᠷᠣᠯᠴᠠᠭᠰᠠᠨ ᠲᠤᠰᠬᠠᠶ ᠮᠡᠷᠭᠡᠵᠢᠯ ᠤᠨ ᠠᠵᠢᠯᠲᠠᠨ ᠳᠤ ᠠᠵᠢᠯ ᠤᠨ ᠬᠡᠷᠡᠭᠴᠡᠭᠡ ᠪᠠᠨ | ᠦᠨᠳᠦᠰᠦᠯᠡᠨ ᠵᠣᠬᠢᠰᠲᠠᠶ ᠨᠥᠬᠦᠪᠥᠷᠢ ᠶᠢᠨ ᠪᠠᠷᠢᠮᠵᠢᠶ᠎ᠠ ᠲᠣᠭᠲᠠᠭᠠᠵᠤ᠂ ᠨᠥᠬᠦᠪᠥᠷᠢ ᠥᠭᠬᠦ ᠬᠡᠷᠡᠭᠲᠡᠶ᠃ | 5.6 ᠲᠠᠲᠠᠪᠤᠷᠢᠯᠠᠨ ᠬᠡᠷᠡᠭᠯᠡᠭᠰᠡᠨ ᠡᠳ᠋ ᠪᠣᠳᠠᠰ᠂ ᠬᠥᠳᠡᠯᠮᠦᠷᠢ ᠦᠢᠯᠡᠴᠢᠯᠡᠭᠡ ᠶᠢᠨ ᠨᠥᠬᠦᠪᠥᠷᠢ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ | ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠦᠪᠯᠡᠯ︶ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠤ | ᠬᠤᠯᠪᠣᠭᠳᠠᠯ ᠪᠦᠬᠦᠢ ᠨᠢᠭᠡᠴᠡ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠡᠳ᠋ ᠪᠠᠷᠠᠭ᠎ᠠ᠂ ᠲᠥᠬᠦᠭᠡᠷᠦᠮᠵᠢ | ᠪᠣᠯᠤᠨ ᠬᠥᠳᠡᠯᠮᠦᠷᠢ ᠦᠢᠯᠡᠴᠢᠯᠡᠭᠡ ᠶᠢ ᠪᠠᠴᠢᠮ ᠰᠢᠯᠵᠢᠭᠦᠯᠦᠨ ᠴᠤᠭᠯᠠᠭᠤᠯᠵᠤ᠂ ᠲᠠᠲᠠᠪᠤᠷᠢᠯᠠᠨ ᠬᠡᠷᠡᠭᠯᠡᠬᠦ ᠳᠤ | ᠦᠨᠡᠯᠡᠨ ᠵᠢᠱᠢᠯᠲᠡ ᠬᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠦᠢ ᠵᠣᠬᠢᠰᠲᠠᠶ ᠨᠥᠬᠦᠪᠥᠷᠢ ᠥᠭᠬᠦ | ᠬᠡᠷᠡᠭᠲᠡᠶ᠃ | ᠵᠢᠷᠭᠤᠭ᠎ᠠ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠲᠤᠯᠠᠬᠤ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠡᠭᠡᠨ ᠰᠡᠷᠭᠡᠶᠢᠯᠡᠬᠦ ᠪᠠᠷ ᠭᠤᠣᠯ ᠪᠣᠯᠭᠠᠵᠤ᠂ ᠡᠩ ᠤᠨ ᠦᠶ᠎ᠡ ᠪᠠ ᠭᠡᠷᠡᠭ ᠭᠠᠷᠣᠭᠰᠠᠨ ᠦᠶ᠎ᠡ ᠶᠢ | ᠤᠶᠠᠯᠳᠤᠭᠤᠯᠬᠤ ᠶᠢ ᠪᠠᠷᠢᠮᠲᠠᠯᠠᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠰᠢᠯᠭᠠᠬᠤ ᠪᠠ ᠰᠡᠷᠡᠮᠵᠢᠯᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡᠨ ᠤ ᠪᠠᠶᠢᠭᠤᠯᠤᠯᠲᠠ ᠪᠣᠯᠤᠨ ᠮᠡᠷᠭᠡᠵᠢᠯ ᠤᠨ ᠰᠤᠳᠤᠯᠤᠯ ᠢ | ᠴᠢᠩᠭᠠᠳᠬᠠᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ | ᠡᠵᠡᠮᠳᠡᠬᠦ ᠨᠢᠭᠡᠳᠦᠯᠲᠡᠶ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠤᠷᠤᠭᠰᠢᠲᠠᠶ | ᠥᠷᠨᠢᠬᠦ ᠶᠢ ᠪᠠᠲᠤᠯᠠᠬᠤ ᠬᠡᠷᠡᠭᠲᠡᠶ᠃ | 6 . 1 ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠨᠠᠮ ᠤᠨ ᠠᠵᠢᠯ ᠤᠨ ᠬᠤᠷᠢᠶ᠎ᠠ ᠬᠠᠮᠢᠶᠠᠷᠤᠯᠲᠠ ᠶᠢᠨ ᠵᠥᠪᠯᠡᠯ︶ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠰᠢᠰᠲ᠋ᠧᠮᠵᠢ ᠶᠢ | ᠴᠢᠩᠭᠠᠷᠠᠭᠤᠯᠤᠨ᠂ ᠵᠢᠯᠣᠭᠤᠳᠬᠤ ᠰᠢᠰᠲ᠋ᠧᠮ ᠤᠨ ᠡᠬᠢᠯᠡᠭᠦᠯᠬᠦ ᠲᠣᠭᠲᠠᠴᠠ᠂ ᠮᠡᠳᠡᠭᠡ ᠵᠠᠩᠭᠢ ᠮᠡᠳᠡᠭᠦᠯᠬᠦ ᠲᠦᠷᠢᠮ᠂ | ᠠᠵᠢᠯ ᠤᠨ ᠵᠤᠷᠰᠢᠮᠠᠯ ᠬᠤᠷᠠᠯ ᠤᠨ ᠲᠦᠷᠢᠮ᠂ ᠠᠵᠢᠯ ᠤᠨ ᠡᠬᠡ ᠲᠠᠩᠰᠠ ᠶᠢᠨ ᠲᠦᠷᠢᠮ᠂ ᠨᠡᠪᠲᠡᠷᠡᠯᠴᠡᠨ ᠬᠠᠷᠢᠯᠴᠠᠬᠤ | ᠲᠣᠭᠲᠠᠴᠠ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠲᠦᠷᠢᠮ᠂ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢᠨ ᠲᠦᠷᠢᠮ᠂ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠲᠦᠷᠢᠮ ᠵᠡᠷᠭᠡ ᠠᠵᠢᠯ ᠤᠨ ᠲᠣᠭᠲᠠᠴᠠ ᠪᠠ | ᠲᠦᠷᠢᠮ ᠢ ᠲᠡᠭᠦᠯᠳᠡᠷᠵᠢᠭᠦᠯᠦᠨ᠎ᠡ᠃ ᠵᠢᠯᠣᠭᠤᠳᠬᠤ ᠰᠢᠰᠲ᠋ᠧᠮᠵᠢ ᠨᠢ ᠤᠳᠤᠷᠢᠳᠤᠯᠭ᠎ᠠ ᠬᠠᠷᠢᠴᠠᠩᠭᠤᠶ ᠲᠣᠭᠲᠠᠭᠤᠨ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠨᠢ ᠬᠤᠪᠢᠷᠠᠬᠤ ᠦᠭᠡᠶ᠂ ᠠᠵᠢᠯᠲᠠᠨ ᠨᠢ ᠬᠤᠪᠢᠷᠠᠬᠤ ᠦᠭᠡᠶ | ᠪᠠᠶᠢᠬᠤ ᠶᠢ ᠪᠡᠶᠡᠯᠡᠭᠦᠯᠵᠦ᠂ 24 ᠴᠠᠭ ᠤᠨ ᠥᠨᠳᠥᠷ ᠦᠷ᠎ᠡ ᠪᠦᠲᠦᠮᠵᠢᠲᠡᠶ ᠠᠵᠢᠯᠯᠠᠭᠠᠨ ᠤ ᠪᠠᠶᠢᠳᠠᠯ ᠢ ᠢᠮᠠᠭᠲᠠ | ᠪᠠᠲᠤᠯᠠᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠭᠠᠷᠪᠠᠯ ᠬᠡᠪ ᠤᠨ ᠪᠠᠶᠢᠳᠠᠯ | ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠰᠣᠯᠢᠭᠳᠠᠯ ᠢ ᠦᠳᠲᠡᠷ ᠲᠦᠷᠭᠡᠨ ᠪᠡᠶᠡᠯᠡᠭᠦᠯᠬᠦ ᠶᠢ ᠦᠨᠡᠨᠬᠦ | ᠪᠠᠲᠤᠯᠠᠵᠤ᠂ ᠳᠠᠭᠠᠵᠦ ᠬᠢᠬᠦ ᠬᠠᠯᠠᠭᠤᠷᠠᠯ ᠤᠨ ᠬᠤᠭᠤᠴᠠᠭ᠎ᠠ ᠶᠢ ᠪᠣᠭᠤᠨᠢᠰᠬᠠᠨ᠂ ᠠᠷᠭᠠᠴᠠᠬᠤ ᠵᠠᠩᠭᠢᠯᠠᠭ᠎ᠠ ᠶᠢᠨ | ᠬᠤᠭᠤᠴᠠᠭ᠎ᠠ ᠶᠢ ᠡᠵᠡᠮᠳᠡᠵᠦ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠬᠥᠭᠵᠢᠯᠲᠡ ᠶᠢ ᠴᠠᠭ ᠲᠤᠬᠠᠶ ᠳᠤᠨᠢ ᠡᠵᠡᠮᠳᠡᠬᠦ ᠬᠡᠷᠡᠭᠲᠡᠶ᠃ | 6 . 2 ᠮᠡᠷᠭᠡᠵᠢᠯ ᠤᠨ ᠪᠠᠲᠤᠯᠠᠭ᠎ᠠ | 6 . 2 . 1 ᠮᠡᠳᠡᠭᠡ ᠵᠠᠩᠭᠢ ᠶᠢᠨ ᠰᠢᠰᠲ᠋ᠧᠮᠵᠢ | ᠤᠯᠤᠰ᠂ ᠥᠪᠡᠷᠲᠡᠭᠡᠨ ᠵᠠᠰᠠᠬᠤ ᠣᠷᠣᠨ ᠠᠴᠠ ᠪᠠᠶᠢᠭᠤᠯᠤᠭᠰᠠᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠰᠢᠢᠳᠪᠦᠷᠢᠳᠦ ᠪᠣᠳᠣᠯᠭ᠎ᠠ ᠶᠢᠨ ᠵᠢᠯᠣᠭᠤᠳᠬᠤ ᠰᠢᠰᠲ᠋ᠧᠮᠵᠢ ᠶᠢᠨ ᠮᠡᠳᠡᠭᠡ ᠵᠠᠩᠭᠢ᠂ | ᠮᠡᠷᠭᠡᠵᠢᠯ ᠤᠨ ᠲᠠᠪᠴᠠᠩ ᠪᠣᠯᠤᠨ ᠠᠯᠠᠱᠠ ᠶᠢᠨ ᠡᠷᠡᠭᠦᠯ ᠮᠡᠨᠳᠦ ᠶᠢᠨ ᠳᠠᠪᠴᠠᠩ ᠢ ᠭᠦᠢᠴᠡᠳ ᠠᠰᠢᠭᠯᠠᠨ᠂ ᠪᠦᠬᠦ | ᠠᠶᠢᠮᠠᠭ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠢᠴᠢ ᠬᠠᠮᠢᠶ᠎ᠠ ᠪᠦᠬᠦᠢ | ᠮᠡᠳᠡᠭᠡ ᠵᠠᠩᠭᠢ ᠶᠢ ᠴᠤᠭᠯᠠᠭᠤᠯᠬᠤ᠂ ᠰᠢᠢᠳᠪᠦᠷᠢᠯᠡᠬᠦ᠂ ᠵᠠᠳᠠᠯᠬᠤ᠂ ᠨᠡᠶᠢᠲᠡᠯᠡᠬᠦ᠂ ᠳᠠᠮᠵᠢᠭᠤᠯᠬᠤ ᠪᠠ ᠮᠡᠳᠡᠭᠡ | ᠵᠠᠩᠭᠢ ᠶᠢ ᠬᠠᠷᠢᠭᠤ ᠲᠤᠰᠬᠠᠬᠤ ᠵᠡᠷᠭᠡ ᠠᠵᠢᠯ ᠢ ᠡᠭᠦᠷᠭᠡᠯᠡᠨ᠎ᠡ᠃ ᠰᠢᠢᠳᠪᠦᠷᠢᠳᠦ ᠪᠣᠳᠣᠯᠭ᠎ᠠ ᠶᠢᠨ ᠵᠢᠯᠣᠭᠤᠳᠬᠤ | ᠰᠢᠰᠲ᠋ᠧᠮᠵᠢ ᠨᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ ᠡᠯ᠎ᠡ | ᠬᠤᠰᠢᠭᠤ ︵ᠣᠷᠣᠨ︶ ᠶᠢ ᠬᠠᠮᠣᠷᠣᠨᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠥᠬᠦ | ᠠᠶᠢᠮᠠᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠣᠲᠣ ᠶᠢᠨ ᠪᠠᠶᠢᠭ᠎ᠠ ᠡᠬᠢ ᠪᠠᠶᠠᠯᠢᠭ ᠢ | ᠬᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠡᠮ ᠡᠮᠨᠡᠯᠭᠡ ᠶᠢᠨ ᠠᠪᠤᠷᠠᠨ ᠵᠠᠰᠠᠬᠤ ᠮᠡᠳᠡᠭᠡ ᠵᠠᠩᠭᠢ ᠶᠢᠨ | ᠰᠦᠯᠵᠢᠶ᠎ᠡ ᠶᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠮ | ᠡᠮᠨᠡᠯᠭᠡ ᠶᠢᠨ ᠠᠪᠤᠷᠠᠨ ᠵᠠᠰᠠᠬᠤ ᠪᠠᠶᠢᠭᠤᠯᠤᠮᠵᠢ ᠬᠢᠭᠡᠳ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ | 6 . 2 . 2 ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ | ᠤᠯᠤᠰ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠨᠡᠬᠦ ᠪᠠ ᠰᠡᠷᠭᠡᠶᠢᠯᠡᠬᠦ ᠶᠢᠨ ᠬᠠᠮᠵᠢᠯᠴᠠᠬᠤ ᠲᠣᠭᠲᠠᠴᠠ ᠶᠢᠨ | ᠰᠢᠨ᠎ᠡ ᠶᠢ ᠡᠭᠦᠳᠴᠦ᠂ ᠭᠠᠴᠠᠭ᠎ᠠ ᠲᠣᠰᠬᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠢ | ᠪᠦᠷᠢᠨᠰᠢᠭᠦᠯᠬᠦ ᠬᠡᠷᠡᠭᠲᠡᠶ᠃ ᠠᠶᠢᠮᠠᠭ ᠤᠨ ᠲᠤᠰ ᠱᠠᠲᠤ᠂ ᠡᠯ᠎ᠡ ᠬᠤᠰᠢᠭᠤ ︵ᠲᠣᠭᠤᠷᠢᠭ︶ ᠨᠤᠭᠤᠳ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠦᠨᠳᠦᠰᠦᠨ ᠱᠠᠲᠤᠨ ᠤ ᠰᠡᠷᠭᠡᠶᠢᠯᠡᠨ ᠡᠷᠡᠭᠦᠯᠵᠢᠭᠦᠯᠬᠦ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠲᠦᠷᠭᠡᠳᠬᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠪᠠᠨ ᠴᠢᠩᠭᠠᠷᠠᠭᠤᠯᠬᠤ ᠬᠡᠷᠡᠭᠲᠡᠶ | ︔ ᠴᠢᠳᠠᠮᠵᠢ ᠨᠢ ᠪᠦᠷᠢᠨ ᠲᠡᠭᠦᠯᠳᠡᠷ᠂ ᠲᠤᠰᠬᠠᠯ ᠨᠢ ᠲᠦᠷᠭᠡᠨ᠂ ᠠᠵᠢᠯᠯᠠᠭᠠᠨ ᠨᠢ ᠵᠣᠬᠢᠴᠠᠩᠭᠤᠶ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠣᠭᠲᠠᠴᠠ ᠶᠢ ᠪᠠᠶᠢᠭᠤᠯᠤᠨ᠎ᠠ︔ ᠬᠤᠲᠠ ᠬᠥᠳᠡᠭᠡ ᠶᠢ ᠬᠠᠮᠤᠷᠤᠭᠰᠠᠨ᠂ ᠬᠤᠷᠴᠠ ᠰᠡᠷᠭᠡᠭ ᠥᠨᠳᠥᠷ ᠪᠦᠲᠦᠮᠵᠢᠲᠡᠶ᠂ | ᠲᠦᠷᠭᠡᠨ ᠪᠥᠭᠡᠳ ᠰᠠᠭᠠᠳ ᠥᠬᠡᠶ ᠨᠡᠪᠲᠡᠷᠡᠬᠦ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠲᠤᠤᠷ ᠰᠦᠯᠵᠢᠶ᠎ᠡ ᠶᠢ | ᠪᠦᠷᠢᠨᠰᠢᠭᠦᠯᠬᠦ ᠬᠡᠷᠡᠭᠲᠡᠶ︔ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠭᠤᠷᠢ | ᠲᠥᠬᠦᠭᠡᠷᠦᠮᠵᠢ ᠪᠠ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠨ᠎ᠠ︔ | ᠡᠪᠡᠳᠴᠢᠨ ᠡᠮᠭᠡᠭ ᠢ ᠬᠢᠵᠠᠭᠠᠷᠯᠠᠬᠤ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠲᠤᠬᠠᠶ ᠶᠢᠨ ᠲᠠᠯᠠᠪᠠᠶ ᠶᠢᠨ ᠰᠢᠢᠳᠪᠦᠷᠢᠯᠡᠯᠳᠡ ᠪᠣᠯᠤᠨ | ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | 6 . 2 . 3 ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠰᠢᠰᠲ᠋ᠧᠮᠵᠢ | ︽ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠡᠩ ᠤᠨ ᠦᠶ᠎ᠡ ᠪᠠ ᠭᠡᠷᠡᠭ ᠭᠠᠷᠣᠭᠰᠠᠨ | ᠦᠶ᠎ᠡ ᠶᠢ ᠤᠶᠠᠯᠳᠤᠭᠤᠯᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠵᠦᠢ ᠵᠣᠬᠢᠰᠲᠠᠢ | ᠪᠠᠶᠢᠷᠢᠯᠠᠭᠤᠯᠬᠤ︾ ᠵᠠᠷᠴᠢᠮ ᠶᠣᠰᠣᠭᠠᠷ᠂ ᠪᠦᠬᠦ ᠠᠶᠢᠮᠠᠭ ᠤᠨ ᠬᠡᠪᠴᠢᠶᠡᠨ ᠳᠤ ᠪᠣᠳᠠᠲᠠᠢ ᠳᠤ ᠨᠡᠶᠢᠴᠡᠭᠰᠡᠨ᠂ ᠬᠤᠲᠠ | ᠬᠥᠳᠡᠭᠡ ᠶᠢ ᠬᠠᠮᠤᠷᠤᠭᠰᠠᠨ᠂ ᠴᠢᠳᠠᠪᠬᠢ ᠪᠦᠷᠢᠨ ᠲᠡᠭᠦᠯᠳᠡᠷ᠂ ᠲᠤᠰᠬᠠᠯ ᠬᠤᠷᠴᠠ ᠰᠡᠷᠭᠡᠭ᠂ ᠠᠵᠢᠯᠯᠠᠭᠠᠨ | ᠵᠣᠬᠢᠴᠠᠩᠭᠤᠢ᠂ ᠦᠷᠭᠦᠯᠵᠢᠯᠡᠨ ᠬᠥᠭᠵᠢᠭᠰᠡᠨ ᠡᠮ ᠡᠮᠨᠡᠯᠭᠡ ᠶᠢᠨ ᠠᠪᠤᠷᠠᠨ ᠵᠠᠰᠠᠬᠤ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ | ︵1︶ ᠲᠦᠷᠭᠡᠨ ᠠᠪᠤᠷᠠᠯᠲᠠ ᠶᠢᠨ ᠪᠠᠶᠢᠭᠤᠯᠤᠮᠵᠢ᠃ ᠪᠦᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭᠠᠨ ᠤ ᠲᠦᠷᠭᠡᠨ ᠠᠪᠤᠷᠠᠬᠤ ᠲᠣᠣᠷ | ᠰᠦᠯᠵᠢᠶᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠪᠦᠬᠦ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠬᠤ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵2︶ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠪᠠᠶᠢᠭᠤᠯᠤᠮᠵᠢ᠃ ᠠᠶᠢᠮᠠᠭ ᠤᠨ ᠳᠦᠪ ᠡᠮᠨᠡᠯᠭᠡ ᠶᠢᠨ | ᠬᠤᠷᠢᠶ᠎ᠠ᠂ ᠡᠯ᠎ᠡ ᠬᠤᠰᠢᠭᠤ ︵ᠣᠷᠣᠨ︶ ᠶᠢᠨ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠬᠠᠯᠳᠠᠪᠤᠷᠢᠲᠤ ᠡᠪᠡᠳᠴᠢᠨ ᠪᠦᠬᠦᠢ ᠣᠷᠣᠨ ᠢ ᠪᠠᠶᠢᠭᠤᠯᠤᠨ᠎ᠠ᠃ | 6 . 2 . 4 ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮᠵᠢ | ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠡᠭᠦᠷᠭᠡ ᠴᠢᠳᠠᠪᠤᠷᠢ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠡᠷᠡᠭᠦᠯ ᠬᠠᠮᠠᠭᠠᠯᠠᠯ ᠤᠨ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ | ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯᠲᠠᠨ ᠳᠤ ᠬᠢᠷᠢ ᠬᠡᠮ ᠢᠶᠠᠷ ᠨᠢ ᠵᠥᠪᠰᠢᠶᠡᠷᠡᠨ ᠣᠷᠣᠭᠤᠯᠬᠤ | ᠳᠦᠷᠢᠮ ᠪᠣᠯᠤᠨ ᠠᠵᠢᠯ ᠤᠨ ᠪᠠᠶᠢᠷᠢ ᠳᠡᠭᠡᠷ᠎ᠡ ᠨᠢ ᠪᠣᠯᠪᠠᠰᠤᠷᠠᠭᠤᠯᠬᠤ ᠳᠦᠷᠢᠮ ᠢ ᠬᠡᠷᠡᠭᠵᠢᠭᠦᠯᠵᠦ᠂ ᠡᠷᠡᠭᠦᠯ | ᠬᠠᠮᠠᠭᠠᠯᠠᠯ ᠤᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠴᠢᠳᠠᠪᠤᠷᠢ ᠪᠣᠯᠤᠨ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 6 . 2 . 5 ᠪᠠᠴᠢᠮ ᠪᠠᠶᠢᠳᠠᠯ ᠢ ᠠᠷᠭᠠᠴᠠᠬᠤ ᠡᠷᠡᠭᠦᠯ ᠬᠠᠮᠠᠭᠠᠯᠠᠯ ᠤᠨ ᠠᠪᠤᠷᠠᠨ ᠵᠠᠰᠠᠬᠤ ᠡᠩᠨᠡᠭᠡ | ︵1︶ ᠵᠣᠬᠢᠶᠠᠨ ᠪᠠᠶᠢᠭᠤᠯᠬᠤ ᠵᠠᠷᠴᠢᠮ᠃ ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ︽ᠡᠩ ᠤᠨ ᠦᠶ᠎ᠡ ᠪᠠ ᠬᠡᠷᠡᠭ ᠭᠠᠷᠣᠭᠰᠠᠨ ᠦᠶ᠎ᠡ ᠶᠢ ᠤᠶᠠᠯᠳᠤᠭᠤᠯᠬᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠬᠠᠮᠢᠶᠠᠷᠬᠤ᠂ ᠱᠠᠲᠤ ᠬᠤᠪᠢᠶᠠᠨ | ᠬᠠᠷᠢᠭᠤᠴᠠᠬᠤ᠂ ᠨᠢᠭᠡᠳᠦᠯᠲᠡᠶ ᠬᠠᠮᠢᠶᠠᠷᠬᠤ᠂ ᠵᠣᠬᠢᠴᠠᠭᠤᠯᠤᠨ ᠠᠵᠢᠯᠯᠠᠭᠤᠯᠬᠤ︾ ᠵᠠᠷᠴᠢᠮ ᠶᠣᠰᠣᠭᠠᠷ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ | ᠡᠩᠨᠡᠭᠡ ᠶᠢ ᠪᠠᠶᠢᠭᠤᠯᠤᠨ᠎ᠠ᠃ | ︵2︶ ᠵᠣᠬᠢᠶᠠᠨ ᠪᠠᠶᠢᠭᠤᠯᠬᠤ ᠬᠡᠯᠪᠡᠷᠢ ᠪᠠ ᠲᠥᠷᠥᠯ ᠵᠦᠢᠯ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠦᠨᠳᠦᠰᠦᠯᠡᠨ ᠵᠣᠬᠢᠴᠠᠩᠭᠤᠶ ᠪᠦᠬᠦᠢ | ᠪᠠᠴᠢᠮ ᠪᠠᠶᠢᠳᠠᠯ ᠢ ᠠᠷᠭᠠᠴᠠᠬᠤ ᠡᠷᠡᠭᠦᠯ ᠬᠠᠮᠠᠭᠠᠯᠠᠯ ᠤᠨ ᠠᠪᠤᠷᠠᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠤᠨ᠎ᠠ᠂ | ᠡᠭᠦᠨ ᠳᠤ ᠭᠤᠣᠯᠳᠠᠭᠤ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠡᠩᠨᠡᠭᠡ᠂ ᠲᠦᠷᠭᠡᠨ ᠴᠢᠨᠠᠷᠲᠠᠶ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠡᠩᠨᠡᠭᠡ᠂ ᠭᠡᠨᠡᠳᠲᠡ ᠡᠭᠦᠰᠦᠭᠰᠡᠨ ᠬᠤᠣᠷᠳᠠᠭᠳᠠᠭᠰᠠᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡ᠂ ᠰᠡᠳᠬᠢᠴᠡ ᠶᠢᠨ ᠬᠢᠮᠤᠷᠠᠯ ᠢ ᠬᠠᠮᠢᠶᠠᠷᠬᠤ | ᠡᠩᠨᠡᠭᠡ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠡᠩᠨᠡᠭᠡ ᠵᠡᠷᠭᠡ ᠪᠠᠭᠲᠠᠵᠤ᠂ ᠲᠥᠷᠥᠯ ᠪᠦᠷᠢ ᠶᠢᠨ ᠡᠩᠨᠡᠭᠡ ᠳᠤ | ᠲᠤᠰ ᠲᠤᠰ 20 ᠬᠥᠮᠦᠨ ᠣᠷᠴᠢᠮ ᠪᠤᠶ᠃ | ᠪᠠᠴᠢᠮ ᠪᠠᠶᠢᠳᠠᠯ ᠢ ᠠᠷᠭᠠᠴᠠᠬᠤ ᠡᠷᠡᠭᠦᠯ ᠬᠠᠮᠠᠭᠠᠯᠠᠯ ᠤᠨ ᠠᠪᠤᠷᠠᠨ ᠵᠠᠰᠠᠬᠤ ᠡᠩᠨᠡᠭᠡ ᠨᠢ ᠬᠡᠷᠡᠭ ᠤᠨ ᠲᠥᠷᠥᠯ | ᠬᠡᠯᠪᠡᠷᠢ ᠶᠢ ᠦᠨᠳᠦᠰᠦᠯᠡᠨ᠂ ᠪᠦᠬᠦ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ | ᠡᠮᠴᠢᠯᠡᠭᠡᠨ ᠤ ᠪᠠᠶᠢᠭᠤᠯᠤᠮᠵᠢ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠳᠣᠲᠣᠷ᠎ᠠ ᠠᠴᠠ | ᠪᠣᠳᠠᠲᠠᠶ ᠠᠵᠢᠯᠯᠠᠬᠤ ᠴᠢᠳᠠᠪᠤᠷᠢ ᠲᠠᠢ ᠲᠤᠬᠠᠶ ᠶᠢᠨ ᠲᠠᠯᠠᠪᠠᠶ ᠶᠢᠨ ᠲᠠᠬᠤᠯ ᠡᠪᠡᠳᠴᠢᠨ ᠤ ᠰᠤᠳᠤᠯᠤᠯ᠂ | ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ᠂ ᠡᠮᠴᠢᠯᠡᠭᠡᠨ ᠤ ᠠᠪᠤᠷᠠᠨ ᠵᠠᠰᠠᠬᠤ᠂ ᠰᠡᠳᠬᠢᠴᠡ ᠵᠦᠶ᠂ | ᠮᠡᠳᠡᠭᠡ ᠵᠠᠩᠭᠢ ᠶᠢᠨ ᠲᠤᠤᠷ ᠰᠦᠯᠵᠢᠶ᠎ᠡ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠪᠦᠷᠢᠯᠳᠦᠭᠦᠯᠬᠦ | ᠬᠡᠷᠡᠭᠲᠡᠶ᠃ | ︵3︶ ᠬᠠᠮᠢᠶᠠᠷᠤᠯᠲᠠ ᠪᠠ ᠪᠣᠯᠪᠠᠰᠤᠷᠠᠯ᠃ ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ᠂ ᠡᠩᠨᠡᠭᠡ ᠳᠤ ᠴᠠᠭ ᠲᠤᠬᠠᠶ ᠳᠤᠨᠢ ᠲᠣᠬᠢᠷᠠᠭᠤᠯᠤᠯᠲᠠ | ᠬᠢᠵᠦ᠂ ᠪᠣᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | 6 . 2 . 6 ᠰᠣᠷᠢᠯᠲᠠ | ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠨᠢᠭᠡᠳᠦᠯᠲᠡᠶ | ᠲᠥᠯᠥᠪᠵᠢᠭᠦᠯᠬᠦ᠂ ᠲᠥᠷᠥᠯ ᠬᠤᠪᠢᠶᠠᠨ ᠶᠠᠪᠤᠭᠳᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠭᠤᠤᠯᠳᠠᠯᠭ᠎ᠠ ᠪᠠᠨ | ᠲᠣᠪᠤᠶᠢᠯᠭᠠᠬᠤ᠂ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ︾ ᠵᠠᠷᠴᠢᠮ ᠶᠣᠰᠣᠭᠠᠷ᠂ ᠲᠣᠭᠲᠠᠮᠠᠯ ᠬᠤᠭᠤᠴᠠᠭ᠎ᠠ | ᠪᠠ ᠲᠣᠭᠲᠠᠮᠠᠯ ᠪᠤᠰᠤ ᠬᠤᠭᠤᠴᠠᠭ᠎ᠠ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠣᠬᠢᠶᠠᠨ | ᠪᠠᠶᠢᠭᠤᠯᠤᠭᠰᠠᠨ ᠰᠣᠷᠢᠯᠲᠠ ᠳᠤ ᠤᠯᠠᠨ ᠨᠡᠶᠢᠲᠡ ᠪᠠᠷ ᠢᠶᠠᠨ ᠣᠷᠣᠯᠴᠠᠬᠤ ᠴᠢᠬᠤᠯᠠᠲᠠᠢ ᠪᠠᠶᠢᠪᠠᠯ ᠡᠷᠬᠡᠪᠰᠢ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | 6 . 3 ᠡᠳ᠋ ᠪᠠᠷᠠᠭ᠎ᠠ᠂ ᠵᠠᠷᠤᠳᠠᠯ ᠤᠨ ᠪᠠᠲᠤᠯᠠᠭ᠎ᠠ | 6 . 3 . 1 ᠡᠳ᠋ ᠪᠠᠷᠠᠭ᠎ᠠ ᠨᠥᠭᠡᠴᠡᠯᠡᠬᠦ | ᠤᠯᠤᠰ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠭᠠᠷᠴᠠᠭ | ᠶᠣᠰᠣᠭᠠᠷ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠭᠵᠢᠭᠦᠯᠦᠯᠲᠡ ᠥᠭᠡᠷᠡᠴᠢᠯᠡᠯᠲᠡ ᠪᠣᠯᠤᠨ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠡᠪᠲᠡᠷᠡᠯᠴᠡᠭᠡ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠡᠳ᠋ ᠪᠠᠷᠠᠭ᠎ᠠ ᠪᠣᠯᠤᠨ | ᠦᠢᠯᠡᠳᠪᠦᠷᠢᠯᠡᠯ ᠤᠨ ᠴᠢᠳᠠᠪᠤᠷᠢ ᠶᠢᠨ ᠨᠥᠭᠡᠴᠡᠯᠡᠯ ᠢ ᠰᠠᠶᠢᠲᠤᠷ ᠬᠢᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠡᠳ᠋ ᠪᠠᠷᠠᠭ᠎ᠠ ᠨᠥᠭᠡᠴᠡᠯᠡᠬᠦ ᠲᠥᠯᠥᠪᠯᠡᠭᠡ ᠶᠢ ᠳᠤᠷᠠᠳᠴᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠤᠳ ᠡᠳ᠋ ᠪᠠᠷᠠᠭ᠎ᠠ ᠨᠥᠭᠡᠴᠡᠯᠡᠬᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠪᠠᠷᠠᠭ᠎ᠠ ᠨᠥᠭᠡᠴᠡᠯᠡᠬᠦ | ᠵᠠᠷᠤᠳᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠪᠠᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠨᠥᠭᠡᠴᠡ ᠡᠳ᠋ | ᠪᠠᠷᠠᠭ᠎ᠠ ᠶᠢ ᠰᠢᠯᠵᠢᠭᠦᠯᠦᠨ ᠬᠡᠷᠡᠭᠯᠡᠬᠦ ᠬᠡᠷᠡᠭᠲᠡᠶ᠃ ᠨᠥᠭᠡᠴᠡ ᠡᠳ᠋ ᠪᠣᠳᠠᠰ ᠢ ᠬᠡᠷᠡᠭᠯᠡᠭᠰᠡᠨ ᠤ ᠲᠠᠷᠠᠭ᠎ᠠ ᠴᠠᠭ | ᠲᠤᠬᠠᠢ ᠳᠤᠨᠢ ᠨᠥᠬᠦᠪᠥᠷᠢᠯᠡᠬᠦ ᠬᠡᠷᠡᠭᠲᠡᠢ᠃ | 6 . 3 . 2 ᠵᠠᠷᠤᠳᠠᠯ ᠤᠨ ᠪᠠᠲᠤᠯᠠᠭ᠎ᠠ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢᠨ ᠡᠳ᠋ ᠤᠨ | ᠵᠠᠰᠠᠭ ᠤᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠷᠤᠳᠠᠯ ᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠦᠨᠡᠨᠬᠦ | ᠪᠠᠲᠤᠯᠠᠵᠤ᠂ ᠬᠡᠷᠡᠭᠰᠡᠬᠦ ᠪᠡᠯᠡ ᠮᠥᠩᠭᠦ ᠶᠢ ᠰᠠᠯᠠᠭ᠎ᠠ ᠮᠥᠴᠢᠷ ᠤᠨ ᠲᠥᠰᠦᠪ ᠲᠤ ᠲᠣᠬᠢᠷᠠᠭᠤᠯᠤᠭᠰᠠᠨ ᠪᠠᠶᠢᠪᠠᠯ᠂ ᠴᠠᠭ | ᠲᠤᠬᠠᠶ ᠳᠤᠨᠢ ᠰᠠᠯᠭᠠᠨ ᠥᠭᠬᠦ ᠬᠡᠷᠡᠭᠲᠡᠶ︔ ᠰᠠᠯᠠᠭ᠎ᠠ ᠮᠥᠴᠢᠷ ᠤᠨ ᠲᠥᠰᠦᠪ ᠲᠤ ᠲᠣᠬᠢᠷᠠᠭᠤᠯᠤᠭᠰᠠᠨ ᠦᠭᠡᠶ ᠪᠣᠯ᠂ | ᠰᠠᠯᠠᠭ᠎ᠠ ᠮᠥᠴᠢᠷ ᠤᠨ ᠲᠥᠰᠦᠪ ᠤᠨ ᠳᠣᠲᠣᠷᠠᠬᠢ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠬᠤ ᠪᠤᠶᠤ | ᠲᠥᠰᠦᠪ ᠢᠶᠠᠨ ᠨᠡᠮᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠶ᠃ | 6 . 4 ᠴᠢᠮᠡᠭᠡ ᠬᠤᠯᠪᠣᠭ᠎ᠠ ᠬᠢᠭᠡᠳ ᠵᠠᠮ ᠬᠠᠷᠢᠯᠴᠠᠭᠠᠨ ᠤ ᠪᠠᠲᠤᠯᠠᠭ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠨᠢ ᠪᠣᠳᠠᠲᠤ ᠬᠡᠷᠡᠭᠴᠡᠭᠡ ᠪᠠᠨ | ᠦᠨᠳᠦᠰᠦᠯᠡᠨ ᠴᠢᠮᠡᠭᠡ ᠬᠤᠯᠪᠣᠭᠠᠨ ᠤ ᠲᠥᠬᠦᠭᠡᠷᠦᠮᠵᠢ ᠪᠣᠯᠤᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ | ᠲᠣᠬᠢᠷᠠᠭᠤᠯᠬᠤ ᠬᠡᠷᠡᠭᠲᠡᠶ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠤᠨ | ᠪᠠᠴᠢᠮ ᠪᠠᠶᠢᠳᠠᠯ ᠢ ᠠᠷᠭᠠᠴᠠᠬᠤ ᠪᠠᠴᠢᠮ ᠡᠳ᠋ ᠪᠠᠷᠠᠭ᠎ᠠ ᠪᠣᠯᠤᠨ ᠠᠪᠤᠷᠠᠨ ᠲᠤᠰᠠᠯᠠᠬᠤ ᠡᠩᠨᠡᠭᠡ ᠶᠢ ᠲᠡᠭᠡᠭᠡᠪᠦᠷᠢᠯᠡᠨ | ᠬᠦᠷᠭᠡᠬᠦ ᠶᠢ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠶ︔ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠴᠢᠮᠡᠭᠡ ᠬᠤᠯᠪᠣᠭᠠᠨ ᠤ ᠡᠵᠡᠩᠨᠡᠯᠲᠡ ᠶᠢᠨ ᠡᠯ᠎ᠡ ᠠᠵᠤ ᠠᠬᠤᠶᠢᠯᠠᠯ ᠢ ᠵᠣᠬᠢᠴᠠᠭᠤᠯᠤᠨ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ | ᠃ | 6 . 5 ᠬᠠᠤᠯᠢ ᠴᠠᠭᠠᠵᠠ ᠶᠢᠨ ᠪᠠᠲᠤᠯᠠᠭ᠎ᠠ | ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠳᠤ ᠢᠯᠡᠷᠡᠭᠰᠡᠨ ᠰᠢᠨ᠎ᠡ ᠠᠰᠠᠭᠤᠳᠠᠯ᠂ ᠰᠢᠨ᠎ᠡ | ᠪᠠᠶᠢᠳᠠᠯ ᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠲᠦᠷᠢᠮ ᠲᠣᠭᠲᠠᠭᠠᠯ ᠢ ᠲᠤᠭᠤᠷᠪᠢᠬᠤ ᠪᠠ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠰᠢᠨᠵᠢᠯᠡᠬᠦ ᠤᠬᠠᠭᠠᠨᠴᠢ ᠪᠥᠭᠡᠳ ᠪᠦᠷᠢᠨ ᠪᠦᠲᠦᠨ ᠲᠦᠷᠢᠮ ᠤᠨ ᠰᠢᠰᠲ᠋ᠧᠮᠵᠢ ᠶᠢ ᠪᠦᠷᠢᠯᠳᠦᠭᠦᠯᠬᠦ | ᠬᠡᠷᠡᠭᠲᠡᠶ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ︶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ | ᠂ ᠲᠤᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠶ ᠠᠴᠠ ᠪᠣᠯᠵᠤ | ᠠᠵᠢᠯ ᠤᠨ ᠬᠤᠬᠢᠷᠠᠯ ᠤᠴᠠᠷᠠᠭᠤᠯᠤᠭᠰᠠᠨ ᠪᠣᠯ ᠬᠤᠯᠪᠣᠭᠳᠠᠯ ᠪᠦᠬᠦᠢ ᠳᠣᠬᠠᠢ ᠶᠢᠨ ᠬᠥᠮᠦᠨ ᠤ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠶ᠃ | 6 . 6 ᠨᠡᠶᠢᠭᠡᠮ ᠨᠡᠶᠢᠲᠡ ᠶᠢᠨ ᠤᠬᠠᠭᠤᠯᠭ᠎ᠠ ᠬᠥᠮᠦᠵᠢᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ︶ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠷᠠᠳᠢᠤ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ᠂ ᠤᠬᠠᠭᠤᠯᠭ᠎ᠠ ᠶᠢᠨ ᠭᠠᠷ ᠳᠡᠪᠲᠡᠷ ᠵᠡᠷᠭᠡ | ᠣᠯᠠᠨ ᠵᠦᠢᠯ ᠤᠨ ᠬᠡᠯᠪᠡᠷᠢ ᠮᠠᠶ᠋ᠢᠭ ᠢ ᠠᠰᠢᠭᠯᠠᠨ᠂ ᠨᠡᠶᠢᠭᠡᠮ ᠤᠨ ᠨᠡᠶᠢᠲᠡ ᠣᠯᠠᠨ ᠳᠤ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠬᠦ | ᠬᠥᠮᠦᠵᠢᠯ ᠢ ᠥᠷᠭᠡᠨ ᠢᠶᠠᠷ ᠥᠷᠨᠢᠭᠦᠯᠵᠦ᠂ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠮᠡᠳᠡᠯᠭᠡ ᠶᠢ ᠤᠬᠠᠭᠤᠯᠤᠨ᠂ ᠣᠯᠠᠨ ᠲᠦᠮᠡᠨ ᠤ ᠰᠢᠨᠵᠢᠯᠡᠬᠦ ᠤᠬᠠᠭᠠᠨᠴᠢ ᠦᠢᠯᠡ ᠠᠵᠢᠯᠯᠠᠭ᠎ᠠ ᠪᠣᠯᠤᠨ ᠠᠷᠭ᠎ᠠ | ᠮᠠᠶ᠋ᠢᠭ ᠢᠶᠠᠷ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠬᠠᠨᠳᠤᠬᠤ ᠶᠢ | ᠵᠢᠯᠣᠭᠤᠳᠬᠤ ᠬᠡᠷᠡᠭᠲᠡᠶ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠪᠣᠯᠤᠨ ᠡᠷᠡᠭᠦᠯ | ᠬᠠᠮᠠᠭᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ | ᠨᠡᠶᠢᠭᠡᠮ ᠤᠨ ᠪᠦᠯᠬᠦᠮ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | 6 . 7 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ | ᠡᠷᠡᠭᠦᠯ ᠮᠡᠨᠳᠦ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠤᠬᠠᠮᠰᠠᠷ ᠪᠣᠯᠤᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ | ᠬᠢᠵᠢᠭ ᠡᠭᠦᠰᠬᠦ ᠲᠦᠭᠰᠢᠭᠦᠷᠢ ᠶᠢ ᠪᠠᠭᠤᠷᠠᠭᠤᠯᠵᠤ᠂ ᠣᠯᠠᠨ ᠨᠡᠶᠢᠲᠡ ᠶᠢᠨ ᠰᠡᠳᠬᠢᠴᠡ ᠶᠢᠨ ᠵᠢᠯᠣᠭᠤᠳᠣᠯᠭ᠎ᠠ ᠶᠢᠨ | ᠠᠵᠢᠯ ᠢ ᠰᠠᠶᠢᠲᠤᠷ ᠬᠢᠵᠦ᠂ ᠨᠡᠶᠢᠭᠡᠮ ᠤᠨ ᠭᠡᠯᠮᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠲᠤᠤᠷᠵᠢᠭᠤᠯᠤᠭᠰᠠᠨ | ᠬᠠᠮᠢᠶᠠᠷᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ | ᠰᠤᠮᠤ ᠰᠢᠶᠠᠩ ᠪᠠᠯᠭᠠᠰᠤ ᠶᠢᠨ ᠺᠠᠳ᠋ᠷ ᠵᠡᠷᠭᠡ ᠶᠢ ᠳᠠᠶᠢᠴᠢᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠪᠡᠳᠴᠢᠨ ᠤ | ᠵᠢᠱᠢᠶ᠎ᠡ ᠶᠢ ᠴᠠᠭ ᠲᠤᠬᠠᠶ ᠳᠤᠨᠢ ᠢᠯᠡᠷᠡᠭᠦᠯᠵᠦ᠂ ᠨᠢᠭᠲᠠ ᠣᠶᠢᠷᠠᠲᠤᠭᠰᠠᠳ ᠢ ᠮᠥᠷᠳᠡᠬᠦ ᠪᠠ ᠬᠠᠮᠢᠶᠠᠷᠴᠤ᠂ | ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠬᠤᠷᠢᠭᠯᠠᠬᠤ ᠬᠡᠷᠡᠭᠲᠡᠶ᠃ | ᠳᠣᠯᠤᠭ᠎ᠠ᠂ ᠪᠡᠯᠡᠳᠬᠡᠯ ᠲᠥᠰᠦᠯ ᠢ ᠲᠣᠭᠲᠠᠭᠠᠬᠤ | ᠲᠣᠰ ᠪᠡᠯᠡᠳᠬᠡᠯ ᠲᠥᠰᠦᠯ ᠢ ᠠᠶᠢᠮᠠᠭ ᠤᠨ ᠵᠠᠬᠢᠷᠭ᠎ᠠ ᠠᠴᠠ ᠬᠢᠨᠠᠨ ᠲᠣᠭᠲᠠᠭᠠᠵᠤ ᠨᠡᠶᠢᠲᠡᠯᠡᠬᠦ ᠶᠢᠨ ᠬᠠᠮᠲᠤ | ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠯᠲᠡ ᠬᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠶᠢᠳᠠᠯ ᠤᠨ ᠬᠤᠪᠢᠷᠠᠯᠲᠠ ᠪᠠ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠠᠰᠠᠭᠤᠳᠠᠯ ᠢ | ᠦᠨᠳᠦᠰᠦᠯᠡᠨ ᠴᠠᠭ ᠲᠤᠬᠠᠶ ᠳᠤᠨᠢ ᠰᠢᠨᠡᠳᠬᠡᠨ᠂ ᠵᠠᠰᠠᠪᠤᠷᠢ ᠣᠷᠣᠭᠤᠯᠬᠤ ᠪᠠ ᠨᠥᠬᠦᠪᠥᠷᠢᠯᠡᠨ᠎ᠡ᠃ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠡᠷᠡᠭᠴᠡᠭᠡ ᠪᠠ ᠲᠣᠰ ᠪᠡᠯᠡᠳᠬᠡᠯ | ᠲᠥᠰᠦᠯ ᠤᠨ ᠲᠣᠭᠲᠠᠭᠠᠯ ᠢ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠪᠣᠳᠠᠲᠠᠢ ᠠᠵᠢᠯ ᠤᠨ ᠪᠡᠯᠡᠳᠬᠡᠯ ᠲᠥᠰᠦᠯ ᠢ ᠲᠣᠭᠲᠠᠭᠠᠵᠤ᠂ ᠠᠶᠢᠮᠠᠭ ᠤᠨ ᠵᠠᠬᠢᠷᠭ᠎ᠠ ᠳᠤ | ᠮᠡᠳᠡᠭᠦᠯᠦᠨ ᠳᠠᠩᠰᠠᠯᠠᠭᠤᠯᠤᠨ᠎ᠠ᠃ | ᠬᠤᠰᠢᠭᠤᠨ ︵ᠣᠷᠣᠨ︶ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ︽ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮ︾ ᠤᠨ | ᠲᠣᠭᠲᠠᠭᠠᠯ ᠢ ᠦᠨᠳᠦᠰᠦᠯᠡᠨ᠂ ᠲᠣᠰ ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠬᠤ ᠶᠢᠨ ᠬᠠᠮᠲᠤ ᠲᠣᠰ ᠭᠠᠵᠠᠷ | ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠬᠢᠶᠠᠨ | ᠪᠠᠶᠢᠭᠤᠯᠤᠨ ᠲᠣᠭᠲᠠᠭᠠᠨ᠎ᠠ᠃ | ᠨᠠᠢᠮᠠ᠂ ᠳᠠᠭᠠᠯᠳᠤᠭᠤᠯᠤᠭᠰᠠᠨ ᠳᠦᠷᠢᠮ | 8 . 1 ᠨᠡᠷ᠎ᠡ ᠲᠣᠮᠢᠶ᠎ᠠ | ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠭᠡᠳᠡᠭ ᠨᠢ ᠶᠠᠮᠠᠷ ᠨᠢᠭᠡᠨ ᠬᠠᠯᠳᠠᠪᠤᠷᠢᠲᠤ | ᠡᠪᠡᠳᠴᠢᠨ ᠣᠬᠤᠷᠬᠠᠨ ᠬᠤᠭᠤᠴᠠᠭᠠᠨ ᠤ ᠳᠣᠲᠣᠷ᠎ᠠ ᠡᠭᠦᠰᠴᠦ᠂ ᠨᠥᠯᠥᠭᠡᠯᠡᠬᠦ ᠬᠡᠪᠴᠢᠶ᠎ᠡ ᠨᠢ ᠥᠷᠭᠡᠨ ᠳᠡᠯᠭᠡᠷ | ᠪᠠᠶᠢᠵᠤ᠂ ᠶᠡᠭᠡ ᠬᠡᠮᠵᠢᠶᠡᠨ ᠤ ᠡᠪᠡᠳᠴᠢᠲᠡᠨ ᠪᠤᠶᠤ ᠦᠬᠦᠭᠰᠡᠨ ᠡᠪᠡᠳᠴᠢᠨ ᠤ ᠵᠢᠱᠢᠶ᠎ᠡ ᠢᠯᠡᠷᠡᠵᠦ᠂ ᠡᠪᠡᠳᠴᠢᠯᠡᠬᠦ | ᠨᠤᠷᠮ᠎ᠠ ᠨᠢ ᠡᠩ ᠤᠨ ᠵᠢᠯ ᠤᠨ ᠡᠪᠡᠳᠴᠢᠯᠡᠬᠦ ᠨᠤᠷᠮ᠎ᠠ ᠠᠴᠠ ᠬᠤᠯᠠ ᠳᠠᠪᠠᠭᠰᠠᠨ ᠪᠠᠶᠢᠳᠠᠯ ᠢ ᠵᠢᠭᠠᠵᠤ ᠪᠠᠶᠢᠨ᠎ᠠ᠃ | ᠰᠢᠯᠲᠠᠭᠠᠨ ᠨᠢ ᠲᠣᠳᠣᠷᠬᠠᠢ ᠦᠭᠡᠢ ᠬᠠᠮᠳᠣ ᠣᠯᠠᠨ ᠢ ᠬᠠᠮᠣᠷᠣᠭᠰᠠᠨ ᠡᠪᠡᠳᠴᠢᠨ ᠭᠡᠳᠡᠭ ᠪᠣᠯ ᠣᠬᠤᠷᠬᠠᠨ | ᠬᠤᠭᠤᠴᠠᠭᠠᠨ ᠤ ᠳᠣᠲᠣᠷ᠎ᠠ᠂ ᠬᠠᠷᠢᠴᠠᠩᠭᠤᠢ ᠲᠥᠪᠯᠡᠷᠡᠭᠰᠡᠨ ᠶᠠᠮᠠᠷ ᠨᠢᠭᠡᠨ ᠣᠷᠣᠨ ᠤ ᠳᠣᠲᠣᠷ᠎ᠠ᠂ ᠡᠰᠡᠬᠦᠯ᠎ᠡ | ᠬᠠᠮᠲᠤ ᠶᠢᠨ ᠡᠮᠴᠢᠯᠡᠭᠡᠨ ᠤ ᠢᠯᠡᠷᠡᠯ ᠲᠠᠢ ᠡᠪᠡᠳᠴᠢᠲᠡᠨ ᠵᠡᠷᠭᠡ ᠪᠠᠷ ᠢᠯᠡᠷᠡᠬᠦ ᠪᠥᠭᠡᠳ ᠡᠪᠡᠳᠴᠢᠨ ᠤ ᠵᠢᠱᠢᠶ᠎ᠡ ᠨᠢ | ᠲᠠᠰᠤᠷᠠᠯᠲᠠ ᠦᠭᠡᠢ ᠨᠡᠮᠡᠭᠳᠡᠵᠦ᠂ ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠴᠦ᠂ ᠲᠦᠷ ᠴᠠᠭ ᠲᠣᠳᠣᠷᠬᠠᠢ | ᠣᠨᠣᠰᠢᠯᠠᠵᠤ ᠳᠡᠶᠢᠯᠬᠦ ᠦᠭᠡᠢ ᠡᠪᠡᠳᠴᠢᠨ ᠡᠮᠭᠡᠭ ᠢ ᠵᠢᠭᠠᠵᠤ ᠪᠠᠶᠢᠨ᠎ᠠ᠃ | ᠢᠳᠡᠭᠡᠨ ᠳᠤ ᠬᠤᠣᠷᠳᠠᠭᠳᠠᠬᠤ ᠭᠡᠳᠡᠭ ᠨᠢ ᠪᠠᠺᠲ᠋ᠧᠷᠢ ᠶᠢᠨ ᠴᠢᠨᠠᠷᠲᠠᠶ ᠪᠤᠶᠤ ᠬᠢᠮᠢ ᠶᠢᠨ ᠴᠢᠨᠠᠷᠲᠠᠶ ᠬᠤᠣᠷᠲᠤ | ᠪᠣᠳᠠᠰ ᠲᠤ ᠪᠣᠬᠢᠷᠲᠤᠭᠳᠠᠭᠰᠠᠨ ᠢᠳᠡᠭᠡᠨ ᠢ ᠢᠳᠡᠬᠦ ᠪᠤᠶᠤ ᠲᠤᠰ ᠪᠡᠶ᠎ᠡ ᠶᠢᠨ ᠬᠤᠣᠷ ᠲᠠᠢ ᠢᠳᠡᠭᠡᠨ ᠢ ᠠᠳᠡᠭᠦᠷᠡᠨ | ᠢᠳᠡᠵᠦ᠂ ᠲᠦᠷᠭᠡᠨ ᠴᠢᠨᠠᠷᠲᠠᠶ ᠬᠤᠣᠷᠳᠠᠯᠭ᠎ᠠ ᠶᠢᠨ ᠴᠢᠨᠠᠷᠲᠠᠶ ᠡᠪᠡᠳᠴᠢᠨ ᠢ ᠡᠭᠦᠰᠭᠡᠬᠦ ᠶᠢ ᠵᠢᠭᠠᠵᠤ ᠪᠠᠶᠢᠨ᠎ᠠ᠃ | ᠬᠦᠨᠳᠦ ᠶᠡᠭᠡ ᠠᠵᠢᠯ ᠤᠨ ᠨᠥᠯᠥᠭᠡᠨ ᠤ ᠬᠤᠣᠷᠳᠠᠯᠭ᠎ᠠ ᠭᠡᠳᠡᠭ ᠨᠢ ᠠᠵᠢᠯ ᠮᠡᠷᠭᠡᠵᠢᠯ ᠤᠨ ᠬᠤᠣᠷ ᠬᠥᠨᠥᠭᠡᠯ ᠤᠨ | ᠰᠢᠯᠲᠠᠭᠠᠨ ᠠᠴᠠ ᠪᠣᠯᠤᠭᠰᠠᠨ ᠬᠥᠮᠦᠨ ᠤ ᠲᠤᠭ᠎ᠠ ᠨᠢ ᠤᠯᠠᠨ ᠪᠤᠶᠤ ᠦᠬᠦᠵᠦ ᠰᠢᠷᠬᠠᠲᠤᠭᠰᠠᠨ ᠨᠢ ᠨᠡᠯᠢᠶᠡᠳ ᠬᠦᠨᠳᠦ | ᠨᠣᠴᠢᠲᠠᠢ ᠬᠤᠣᠷᠳᠠᠯᠭ᠎ᠠ ᠶᠢᠨ ᠬᠡᠷᠡᠭ ᠢ ᠵᠢᠭᠠᠵᠤ ᠪᠠᠶᠢᠨ᠎ᠠ᠃ | ᠰᠢᠨ᠎ᠡ ᠬᠠᠯᠳᠠᠪᠤᠷᠢᠲᠤ ᠡᠪᠡᠳᠴᠢᠨ ᠪᠣᠯ ᠪᠦᠬᠦ ᠳᠡᠯᠡᠬᠡᠢ ᠳᠤ ᠠᠩᠬ᠎ᠠ ᠤᠳᠠᠭ᠎ᠠ ᠢᠯᠡᠷᠡᠭᠦᠯᠦᠭᠰᠡᠨ ᠬᠠᠯᠳᠠᠪᠤᠷᠢᠲᠤ | ᠡᠪᠡᠳᠴᠢᠨ ᠢ ᠵᠢᠭᠠᠵᠤ ᠪᠠᠢᠨ᠎ᠠ᠃ | ᠮᠠᠨ ᠤ ᠤᠯᠤᠰ ᠲᠤ ᠬᠠᠷᠠᠬᠠᠨ ᠣᠯᠵᠤ ᠮᠡᠳᠡᠭᠡᠳᠦᠢ ᠬᠠᠯᠳᠠᠪᠤᠷᠢᠲᠤ ᠡᠪᠡᠳᠴᠢᠨ ᠭᠡᠳᠡᠭ ᠨᠢ ᠡᠸ᠋ᠪᠣᠯᠠ ᠵᠡᠷᠭᠡ | ᠤᠯᠤᠰ ᠪᠠ ᠭᠠᠵᠠᠷ ᠣᠷᠣᠨ ᠠᠴᠠ ᠨᠢᠭᠡᠨᠲᠡ ᠣᠯᠵᠤ ᠮᠡᠳᠡᠭᠰᠡᠨ᠂ ᠮᠠᠨ ᠤ ᠤᠯᠤᠰ ᠲᠤ ᠬᠠᠷᠠᠬᠠᠨ ᠣᠯᠵᠤ ᠮᠡᠳᠡᠭᠡᠳᠦᠢ | ᠬᠠᠯᠳᠠᠪᠤᠷᠢᠲᠤ ᠡᠪᠡᠳᠴᠢᠨ ᠢ ᠵᠢᠭᠠᠵᠤ ᠪᠠᠶᠢᠨ᠎ᠠ᠃ | ᠮᠠᠨ ᠤ ᠤᠯᠤᠰ ᠤᠨ ᠨᠢᠭᠡᠨᠲᠡ ᠤᠰᠠᠳᠬᠠᠭᠰᠠᠨ ᠬᠠᠯᠳᠠᠪᠤᠷᠢᠲᠤ ᠡᠪᠡᠳᠴᠢᠨ ᠭᠡᠳᠡᠭ ᠨᠢ ᠴᠡᠴᠡᠭ ᠡᠪᠡᠳᠴᠢᠨ᠂ | ᠨᠤᠭᠤᠰᠤᠨ ᠤ ᠪᠣᠷᠣ ᠡᠳ᠋ ᠤᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠵᠢᠭᠠᠵᠤ ᠪᠠᠶᠢᠨ᠎ᠠ᠃ | 8 . 2 ᠪᠡᠯᠡᠳᠬᠡᠯ ᠲᠥᠰᠦᠯ ᠢ ᠬᠡᠷᠡᠭᠵᠢᠭᠦᠯᠬᠦ ᠬᠤᠭᠤᠴᠠᠭ᠎ᠠ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |