ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠪᠥᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ | ᠬᠡᠪ ᠴᠢᠨᠠᠷ ᠢᠶᠠᠷ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠠᠷᠢᠭᠤᠨ ᠴᠢᠬᠡᠴᠢ ᠪᠥᠭᠡᠳ ᠥᠨᠳᠥᠷ ᠪᠦᠲᠦᠮᠵᠢᠲᠡᠶ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠲᠦᠷᠬᠡᠨ | ᠪᠠᠶᠢᠭᠤᠯᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠦᠨᠡᠨᠬᠦ ᠪᠠᠲᠤᠯᠠᠬᠤ ᠪᠠ ᠠᠬᠢᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠷᠤᠭᠰᠢ ᠬᠥᠭᠵᠢᠭᠦᠯᠬᠦ ᠶᠢ ᠠᠬᠢᠭᠤᠯᠬᠤ ᠶᠢᠨ | ᠲᠤᠰᠠᠳᠠ᠂ ︽ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ | ᠤ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠬᠦ ᠲᠤᠬᠠᠢ ᠲᠥᠪ ᠤᠨ ᠪᠦᠬᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠲᠥᠪ ᠬᠠᠤᠯᠢ ᠠᠯᠪᠠᠨ | ᠲᠠᠷᠬᠠᠭᠠᠭᠰᠠᠨ ᠢᠯᠡ ᠴᠠᠬᠢᠯᠭᠠᠨ ᠮᠡᠳᠡᠭᠡ ︵2023 ﹇1﹈ ᠳ᠋ᠣᠭᠡᠷ ᠲᠣᠭᠠᠲᠤ︶ ᠪᠣᠯᠤᠨ ︽︿ᠥᠪᠥᠷ ᠮᠣᠩᠭᠤᠯ | ᠣᠨ ᠥᠪᠡᠷᠲᠡᠭᠡᠨ ᠵᠠᠰᠠᠭ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠲᠡᠭᠡᠭᠡᠪᠦᠷᠢ ᠶᠢᠨ ᠬᠠᠤᠯᠢ | ᠬᠡᠷᠡᠭᠵᠢᠭᠦᠯᠬᠦ ᠬᠦᠷᠢᠶᠡᠨ ᠤ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠬᠡᠷᠡᠭᠵᠢᠭᠦᠯᠬᠦ | ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠭ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠵᠠᠰᠠᠬᠤ | ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 2002 ﹇10﹈ ᠳ᠋ᠣᠭᠡᠷ | ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠳᠣᠰᠬᠠᠢ ᠴᠡᠭᠴᠡᠯᠡᠨ ᠵᠠᠰᠠᠬᠤ ᠠᠵᠢᠯ ᠤᠨ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠬᠠᠭᠠᠭᠰᠠᠨ 2023 ﹇ | 137﹈ ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 3 ᠰᠠᠷ᠎ᠠ ᠠᠴᠠ 10 ᠰᠠᠷ᠎ᠠ | ᠪᠣᠯᠲᠠᠯ᠎ᠠ᠂ ᠪᠥᠬᠦ ᠠᠶᠢᠮᠠᠭ ᠤᠨ ᠬᠡᠪᠴᠢᠶᠡᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ︵ᠳᠣᠷᠣᠭᠰᠢ ᠲᠤᠰᠬᠠᠶ ᠴᠡᠭᠴᠡᠯᠡᠨ | ᠵᠠᠰᠠᠬᠤ ᠭᠡᠵᠦ ᠲᠣᠪᠴᠢᠯᠠᠨ᠎ᠠ︶ ᠠᠵᠢᠯ ᠢ ᠥᠷᠨᠢᠭᠦᠯᠦᠨ᠎ᠡ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ | ᠠᠵᠢᠯ ᠤᠨ ᠪᠥᠬᠦ ᠶᠠᠪᠤᠴᠠ ᠪᠠ ᠡᠯ᠎ᠡ ᠭᠤᠭᠴᠤᠭ᠎ᠠ ᠳᠤ ᠳᠣᠣᠱᠯᠠᠭᠤᠯᠵᠦ᠂ ᠬᠠᠤᠯᠢ ᠪᠠᠷ ᠵᠠᠰᠠᠬᠤ ᠨᠢ ᠠᠷᠠᠳ ᠤᠨ | ᠲᠥᠯᠥᠭᠡ ᠭᠡᠬᠦ ᠣᠶᠢᠯᠠᠭᠠᠭᠳᠠᠬᠤᠨ ᠢ ᠦᠢᠯᠡᠳᠦᠯᠬᠡᠵᠢᠬᠦᠯᠬᠦ᠂ ᠬᠠᠤᠯᠢ ᠬᠡᠷᠡᠭᠵᠢᠭᠦᠯᠬᠦ ᠠᠷᠬᠠᠭ ᠬᠡᠮ ᠢ ᠴᠡᠭᠴᠡᠯᠡᠨ | ᠵᠠᠰᠠᠬᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠪᠠᠷ | ᠬᠦᠴᠦᠯᠡᠬᠦ ᠴᠡᠭ ᠪᠣᠯᠭᠠᠵᠤ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠬᠦᠴᠦᠲᠡᠶ ᠪᠦᠲᠦᠮᠵᠢᠲᠡᠶ ᠰᠢᠢᠳᠪᠦᠷᠢᠯᠡᠵᠦ᠂ | ᠬᠠᠤᠯᠢ ᠬᠡᠷᠡᠭᠵᠢᠭᠦᠯᠬᠦ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ | ᠪᠠᠲᠤᠳᠬᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠰᠤᠷᠲᠠᠯ ᠤᠨ ᠪᠣᠶ ᠪᠣᠯᠭᠠᠬᠤ ᠶᠢ | ᠴᠢᠩᠭᠠᠳᠬᠠᠵᠤ᠂ ᠬᠡᠪ ᠴᠢᠨᠠᠷ ᠳᠦᠷᠢ ᠲᠥᠷᠬᠦ ᠶᠢ ᠳᠡᠭᠡᠭᠰᠢᠯᠡᠭᠦᠯᠵᠦ᠂ ᠵᠣᠷᠢᠯᠲᠠ ᠶᠢᠨ ᠤᠬᠠᠮᠰᠠᠷ ᠢ ᠪᠠᠲᠤ ᠪᠣᠶ | ᠪᠣᠯᠭᠠᠵᠤ᠂ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠰᠢᠨᠡᠳᠬᠡᠵᠦ | ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠨᠢᠭᠲᠠ | ᠴᠢᠩᠭ᠎ᠠ ᠵᠢᠷᠤᠮᠵᠢᠯ ᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠪᠠᠲᠤᠯᠠᠭ᠎ᠠ ᠶᠢᠨ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠤᠯᠤᠰ ᠲᠥᠷᠥ ᠶᠢᠨ ᠬᠡᠪ ᠴᠢᠨᠠᠷ ᠢ | ᠢᠯᠡᠳᠲᠡ ᠳᠡᠭᠡᠭᠰᠢᠯᠡᠭᠦᠯᠵᠦ᠂ ᠠᠵᠢᠯ ᠡᠷᠭᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠦᠢᠴᠡᠳ ᠪᠠᠲᠤᠯᠠᠵᠤ᠂ | ᠠᠷᠠᠳ ᠣᠯᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠶᠢ ᠬᠥᠲᠥᠯᠥᠨ ᠵᠢᠯᠣᠭᠤᠳᠣᠨ᠎ᠠ᠃ | ᠬᠤᠶᠠᠷ᠂ ᠭᠤᠣᠯᠳᠠᠯᠭ᠎ᠠ ᠲᠠᠢ ᠠᠭᠤᠯᠭ᠎ᠠ | ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠬᠡᠯᠡᠯᠴᠡᠭᠡ ᠶᠡᠬᠡᠲᠡᠶ᠂ ᠵᠢᠷᠤᠮᠵᠢᠯ ᠲᠠᠢ ᠲᠥᠪ ᠭᠤᠤᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠢᠵᠠᠭᠠᠷᠯᠠᠵᠤ ᠪᠠᠶᠢᠭ᠎ᠠ ᠲᠦᠭᠵᠢᠷᠡᠯ᠂ ᠬᠠᠤᠯᠢ ᠬᠡᠷᠡᠭᠵᠢᠭᠦᠯᠬᠦ ᠶᠢ | ᠬᠠᠷᠰᠢᠯᠠᠵᠤ ᠬᠢᠨᠠᠯᠲᠠ ᠲᠠᠯᠪᠢᠬᠤ ᠪᠠᠶᠢᠭᠤᠯᠤᠯ ᠢ ᠬᠠᠷᠰᠢᠯᠠᠵᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠯᠠᠷᠠᠭᠤᠯᠬᠤ ᠴᠢᠨᠠᠷ᠂ ᠰᠡᠷᠡᠮᠵᠢᠯᠡᠭᠦᠯᠬᠦ ᠴᠢᠨᠠᠷ᠂ ᠤᠳᠤᠷᠢᠳᠤᠮᠵᠢ ᠶᠢᠨ ᠴᠢᠨᠠᠷ ᠢ ᠪᠠᠷᠢᠮᠲᠠᠯᠠᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ | ᠪᠥᠬᠦ ᠲᠠᠯ᠎ᠠ ᠪᠠᠷ ᠪᠠᠶᠢᠴᠠᠭᠠᠨ ᠢᠯᠭᠠᠷᠠᠭᠤᠯᠵᠤ᠂ ᠵᠠᠯᠠᠷᠠᠭᠤᠯᠵᠤ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠤᠨ᠂ | ᠶᠠᠰᠤ ᠶᠢ ᠨᠢ ᠬᠤᠰᠤᠵᠤ ᠬᠤᠤᠷ ᠢ ᠨᠢ ᠠᠷᠢᠯᠭᠠᠨ᠂ ᠠᠷᠠᠳ ᠣᠯᠠᠨ ᠪᠣᠯᠤᠨ ᠠᠵᠢᠯ ᠡᠷᠭᠢᠯᠡᠭᠰᠡᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠰᠢᠨᠡᠴᠢᠯᠡᠬᠦ ᠨᠢᠭᠡ ᠤᠳᠠᠭᠠᠨ ᠤ ᠰᠢᠪᠲᠤᠯᠤᠯᠲᠠ ᠶᠢᠨ | ᠳᠠᠶᠢᠯᠠᠯᠳᠤᠭᠠᠨ ᠢ ᠬᠢᠬᠦ ᠬᠡᠷᠡᠭᠲᠡᠶ᠃ | ︵ᠨᠢᠭᠡ︶ ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ ᠠᠰᠠᠭᠤᠳᠠᠯ᠃ ᠲᠣᠷᠭᠠᠬᠤ ᠪᠠ ᠬᠤᠷᠢᠶᠠᠵᠤ | ᠠᠪᠬᠤ ᠬᠦᠢᠴᠡᠳᠭᠡᠯ ᠲᠤᠭ᠎ᠠ᠂ ᠬᠠᠤᠯᠢ ᠬᠡᠷᠡᠭᠵᠢᠭᠦᠯᠬᠦ ᠲᠤᠭ᠎ᠠ ᠬᠡᠮᠵᠢᠶ᠎ᠡ ᠶᠢ ᠬᠢᠨᠠᠨ ᠰᠢᠯᠭᠠᠬᠤ ᠬᠦᠢᠴᠡᠳᠭᠡᠯ ᠲᠤᠭ᠎ᠠ᠂ | ᠭᠠᠶᠢᠯᠢ ᠶᠢᠨ ᠪᠤᠰᠤ ᠣᠷᠣᠯᠭ᠎ᠠ ᠶᠢᠨ ᠡᠭᠦᠷᠭᠡ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠲᠣᠷᠭᠠᠬᠤ ᠪᠠ ᠲᠤᠰᠢᠶᠠᠬᠤ ᠶᠢ ᠰᠠᠯᠭᠠᠬᠤ | ᠲᠦᠷᠢᠮ᠂ ᠠᠰᠢᠭ ᠬᠠᠷᠠᠬᠤ ᠴᠢᠨᠠᠷᠲᠠᠶ ᠬᠠᠤᠯᠢ ᠬᠡᠷᠡᠭᠵᠢᠭᠦᠯᠦᠯᠲᠡ᠂ ᠰᠣᠩᠭᠤᠯᠲᠠ ᠶᠢᠨ ᠴᠢᠨᠠᠷᠲᠠᠶ ᠬᠠᠤᠯᠢ | ᠬᠡᠷᠡᠭᠵᠢᠭᠦᠯᠦᠯᠲᠡ᠂ ᠲᠣᠭᠲᠠᠭᠠᠯ ᠠᠴᠠ ᠵᠥᠷᠢᠴᠡᠨ ᠡᠯᠧᠺᠲᠷᠣᠨ ᠬᠢᠨᠠᠨ ᠡᠵᠡᠮᠳᠡᠬᠦ ᠰᠢᠰᠲ᠋ᠧᠮ ᠪᠠᠶᠢᠭᠤᠯᠬᠤ ᠵᠡᠷᠭᠡ | ᠠᠰᠠᠭᠤᠳᠠᠯ ᠢ ᠴᠢᠩᠭ᠎ᠠ ᠪᠠᠶᠢᠴᠠᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ | ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ | ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ︶ | ︵ᠬᠤᠶᠠᠷ︶ ᠬᠠᠤᠯᠢ ᠬᠡᠷᠡᠭᠵᠢᠭᠦᠯᠬᠦ ᠳᠡᠭᠡᠨ ᠵᠢᠷᠤᠮᠵᠢᠯ ᠦᠭᠡᠢ ᠪᠠᠶᠢᠬᠤ ᠠᠰᠠᠭᠤᠳᠠᠯ᠃ ᠴᠢᠯᠥᠭᠡᠲᠦ | ᠲᠠᠰᠤᠯᠤᠯᠲᠠ ᠶᠢᠨ ᠡᠷᠬᠡ ᠶᠢ ᠳᠤᠷ᠎ᠠ ᠪᠠᠷ ᠬᠡᠷᠡᠭᠯᠡᠬᠦ᠂ ᠠᠳᠠᠯᠢ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠵᠦᠷᠢᠶᠡᠴᠢᠯᠡᠭᠰᠡᠨ ᠰᠢᠳᠬᠡᠯ ᠲᠣᠷᠭᠠᠭᠤᠯᠢ ᠶᠢ ᠬᠡᠷᠡᠭᠵᠢᠭᠦᠯᠬᠦ᠂ ᠳᠤᠷ᠎ᠠ ᠪᠠᠷ ᠢᠶᠠᠨ ᠵᠠᠮ ᠤᠨ ᠬᠤᠷᠢᠭ᠎ᠠ | ᠲᠠᠯᠪᠢᠬᠤ᠂ ᠲᠡᠷᠭᠡ ᠬᠠᠰᠢᠵᠤ ᠲᠡᠷᠭᠡ ᠬᠠᠰᠤᠬᠤ᠂ ᠳᠤᠷ᠎ᠠ ᠵᠣᠷᠢᠭ ᠢᠶᠠᠷ ᠢᠶᠠᠨ ᠪᠠᠶᠢᠴᠠᠭᠠᠯᠲᠠ ᠬᠢᠬᠦ᠂ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠭᠡᠷᠡᠴᠢ ᠪᠠᠷᠢᠮᠲᠠ ᠶᠢ ᠳᠡᠩᠰᠡᠯᠡᠨ ᠬᠠᠳᠠᠭᠠᠯᠠᠬᠤ ᠠᠷᠭ᠎ᠠ | ᠬᠡᠮᠵᠢᠶ᠎ᠡ ᠶᠢ ᠳᠤᠷ᠎ᠠ ᠪᠠᠷ ᠬᠡᠷᠡᠭᠯᠡᠬᠦ᠂ ᠬᠠᠤᠯᠢ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠶᠢ ᠬᠢᠵᠠᠭᠠᠷᠯᠠᠨ | ᠬᠤᠷᠳᠤᠴᠠ ᠶᠢ ᠬᠢᠵᠠᠭᠠᠷᠯᠠᠵᠤ ᠵᠠᠮ ᠬᠠᠷᠢᠯᠴᠠᠭ᠎ᠠ ᠶᠢ ᠨᠥᠯᠥᠭᠡᠯᠡᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠥᠷᠲᠡᠭᠡ ︵ᠴᠡᠭ︶ ᠶᠢᠨ ᠠᠵᠢᠯᠯᠠᠭᠠᠨ ᠨᠢ ᠵᠢᠷᠤᠮᠵᠢᠯ ᠥᠬᠡᠶ ᠪᠠᠶᠢᠬᠤ ᠵᠡᠷᠭᠡ ᠠᠰᠠᠭᠤᠳᠠᠯ ᠢ | ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ | ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ | ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ︶ | ︵ᠭᠤᠷᠪᠠ︶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠨᠢ ᠳᠥᠭᠦᠮ ᠬᠥᠰᠢᠭᠦᠨ ᠪᠠᠶᠢᠬᠤ ᠠᠰᠠᠭᠤᠳᠠᠯ᠃ ︽ | ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠬᠠᠤᠯᠢ ᠬᠡᠷᠡᠭᠵᠢᠭᠦᠯᠬᠦ᠂ ᠬᠥᠳᠡᠯᠭᠡᠭᠡᠨ ᠤ ᠮᠠᠶ᠋ᠢᠭ ᠢᠶᠠᠷ ᠬᠠᠤᠯᠢ | ᠬᠡᠷᠡᠭᠵᠢᠭᠦᠯᠬᠦ᠂ ᠬᠡᠲᠦᠷᠡᠲᠡᠯ᠎ᠡ ᠬᠠᠤᠯᠢ ᠬᠡᠷᠡᠭᠵᠢᠭᠦᠯᠬᠦ᠂ ᠬᠦᠨᠳᠦ ᠴᠣᠬᠢᠯᠲᠠ ᠥᠭᠬᠦ᠂ ᠬᠥᠮᠦᠨ ᠤ ᠡᠷᠬᠡ ᠶᠢᠨ | ᠪᠠᠲᠤᠯᠠᠭ᠎ᠠ ᠶᠢ ᠬᠥᠩᠭᠡᠪᠴᠢᠯᠡᠬᠦ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠷᠭᠡ | ᠬᠥᠰᠬᠡ ᠶᠢᠨ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠲᠣᠷᠭᠠᠬᠤ ᠪᠠᠷ ᠪᠠᠭᠤᠯᠭᠠᠬᠤ ᠶᠢ ᠣᠷᠣᠯᠠᠭᠤᠯᠬᠤ ᠶᠢ | ᠵᠠᠰᠠᠬᠤ᠂ ᠬᠠᠤᠯᠢ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠯᠥ ᠥᠭᠬᠦ ᠲᠣᠭᠲᠠᠭᠠᠯ | ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ | ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ | ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ︶ | ︵ᠲᠦᠷᠪᠡ︶ ᠬᠠᠤᠯᠢ ᠬᠡᠷᠡᠭᠵᠢᠭᠦᠯᠦᠯᠲᠡ ᠶᠢᠨ ᠪᠦᠳᠦᠭᠦᠯᠢᠭ ᠪᠠᠶᠢᠬᠤ ᠠᠰᠠᠭᠤᠳᠠᠯ᠃ ᠲᠣᠷᠭᠠᠬᠤ ᠶᠢ | ᠴᠢᠬᠤᠯᠠᠴᠢᠯᠠᠬᠤ᠂ ᠰᠤᠷᠭᠠᠨ ᠬᠥᠮᠦᠵᠢᠭᠦᠯᠬᠦ ᠶᠢ ᠬᠥᠩᠭᠡᠪᠴᠢᠯᠡᠬᠦ᠂ ᠪᠤᠷᠤᠭᠤ ᠶᠢ ᠵᠠᠯᠠᠷᠠᠭᠤᠯᠬᠤ ᠶᠢ ᠬᠥᠩᠭᠡᠪᠴᠢᠯᠡᠬᠦ᠂ | ᠦᠢᠯᠡᠴᠢᠯᠡᠬᠦ ᠶᠢ ᠬᠥᠩᠭᠡᠪᠴᠢᠯᠡᠬᠦ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠨᠢᠭᠡ ᠯᠡ ᠳᠡᠭᠡᠷ᠎ᠡ ᠲᠣᠷᠭᠠᠬᠤ᠂ | ᠵᠥᠪᠲᠦᠭᠡᠬᠦ ᠶᠢ ᠰᠣᠨᠣᠰᠬᠤ ᠦᠭᠡᠶ᠂ ᠤᠴᠢᠷ ᠰᠢᠯᠲᠠᠭᠠᠨ ᠢ ᠨᠢ ᠠᠰᠠᠭᠤᠬᠤ ᠦᠭᠡᠶ ᠪᠠᠶᠢᠬᠤ᠂ ᠵᠠᠰᠠᠭ ᠵᠠᠬᠢᠷᠭᠠᠨ ᠤ | ᠬᠠᠷᠢᠴᠠᠩᠭᠤᠶ ᠬᠥᠮᠦᠨ ᠤ ᠲᠣᠭᠠᠴᠢᠬᠤ ᠡᠷᠬᠡ᠂ ᠵᠥᠪᠲᠦᠭᠡᠬᠦ ᠡᠷᠬᠡ ᠶᠢ ᠬᠤᠬᠢᠷᠠᠭᠤᠯᠬᠤ᠂ ᠭᠡᠷᠡᠴᠢᠯᠡᠭᠡ ᠰᠣᠨᠣᠰᠬᠤ | ᠡᠷᠬᠡ ᠳᠤᠷᠠᠳᠬᠤ᠂ ︽ᠰᠢᠯᠲᠠᠭᠯᠠᠬᠤ︾ ᠮᠠᠶ᠋ᠢᠭ ᠢᠶᠠᠷ ᠬᠠᠤᠯᠢ ᠬᠡᠷᠡᠭᠵᠢᠭᠦᠯᠬᠦ᠂ ᠣᠯᠠᠨ ᠲᠦᠮᠡᠨ ᠳᠤ ︽ | ᠬᠦᠢᠲᠡᠨ ᠢᠶᠠᠷ ᠬᠠᠨᠳᠣᠬᠤ᠂ ᠲᠦᠯᠬᠢᠬᠦ︾᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ | ᠴᠢᠨᠠᠭᠰᠢᠯᠠᠪᠠᠯ ᠬᠦᠴᠦᠷᠬᠡᠭᠯᠡᠯ ᠢᠶᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ | ᠵᠠᠰᠠᠬᠤ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ | ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ | ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶ | ︵ᠲᠠᠪᠤ︶ ᠬᠠᠤᠯᠢ ᠬᠡᠷᠡᠭᠵᠢᠭᠦᠯᠬᠦ ᠳᠤ ︽ᠬᠤᠪᠢ ᠶᠢᠨ ᠠᠰᠢᠭ ᠬᠥᠭᠡᠭᠡᠴᠡᠯᠳᠦᠬᠦ︾ ᠠᠰᠠᠭᠤᠳᠠᠯ᠃ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠨᠠᠶᠢᠷ ᠬᠠᠷᠠᠵᠤ ᠬᠠᠤᠯᠢ ᠴᠠᠭᠠᠵᠠ ᠶᠢ ᠭᠠᠵᠢᠭᠤᠳᠠᠭᠤᠯᠬᠤ | ᠂ ᠡᠷᠬᠡ ᠪᠠᠨ ᠠᠰᠢᠭᠯᠠᠨ ᠠᠮᠢ ᠬᠤᠪᠢ ᠪᠠᠨ ᠪᠣᠷᠳᠣᠵᠤ ᠨᠠᠶᠢᠷ ᠲᠠᠯ᠎ᠠ ᠬᠠᠷᠠᠵᠤ ᠬᠡᠷᠡᠭ ᠰᠢᠢᠳᠪᠦᠷᠢᠯᠡᠬᠦ᠂ ᠬᠠᠷᠢᠴᠠᠭ᠎ᠠ | ᠬᠤᠯᠪᠣᠭ᠎ᠠ ᠪᠠᠷ ᠬᠡᠷᠡᠭ ᠰᠢᠢᠳᠪᠦᠷᠢᠯᠡᠬᠦ᠂ ᠵᠣᠭᠤᠰ ᠮᠥᠩᠭᠦ ᠠᠪᠴᠤ ᠬᠡᠷᠡᠭ ᠰᠢᠢᠳᠪᠦᠷᠢᠯᠡᠬᠦ᠂ ︽ᠳᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠠᠤᠯᠢ | ᠪᠤᠰᠤ ᠵᠠᠭᠤᠴᠢ ᠵᠢᠴᠢ ᠲᠤᠰᠠᠯᠠᠬᠤ ᠬᠠᠤᠯᠢ ᠬᠡᠷᠡᠭᠵᠢᠭᠦᠯᠬᠦ ᠠᠵᠢᠯᠳᠠᠨ ᠤ ᠬᠠᠤᠯᠢ ᠲᠣᠭᠲᠠᠭᠠᠯ ᠢ ᠵᠥᠷᠢᠴᠡᠭᠰᠡᠨ ᠦᠢᠯᠡ | ᠠᠵᠢᠯᠯᠠᠭ᠎ᠠ ᠶᠢ ᠬᠢᠨᠠᠨ ᠬᠠᠮᠢᠶᠠᠷᠤᠭᠰᠠᠨ ᠢᠶᠠᠷ ᠬᠦᠷᠦᠯᠴᠡᠬᠦ ᠦᠭᠡᠢ᠂ ︽ᠠᠷᠠᠯ ᠤᠨ ᠱᠠᠷ︾ ᠲᠠᠢ ᠰᠥᠯᠪᠡᠭᠡᠯᠳᠦᠨ | ᠬᠡᠭᠡᠯᠢ ᠬᠠᠭ᠋ᠤᠤᠯᠢ ᠠᠪᠬᠤ᠂ ᠳᠤᠷ᠎ᠠ ᠪᠠᠷ ᠢᠶᠠᠨ ᠲᠡᠷᠭᠡ ᠬᠥᠰᠬᠡ ᠲᠠᠯᠪᠢᠬᠤ᠂ ︽ᠵᠣᠭᠤᠰ ᠤᠨ ᠡᠷᠬᠡ ᠶᠢᠨ ᠠᠷᠠᠯᠵᠢᠶ᠎ᠠ︾ | ᠬᠢᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ | ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ | ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ︶ | ᠭᠤᠷᠪᠠ᠂ ᠠᠯᠬᠤᠮ ᠳᠠᠷᠠᠭ᠎ᠠ ᠶᠢᠨ ᠲᠣᠬᠢᠷᠠᠭᠤᠯᠤᠯᠲᠠ | ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠨᠢ 2023 ᠣᠨ ᠤ 3 ᠰᠠᠷ᠎ᠠ ᠠᠴᠠ ᠡᠬᠢᠯᠡᠵᠦ᠂ 10 | ᠰᠠᠷ᠎ᠠ ᠶᠢᠨ ᠰᠡᠭᠦᠯᠴᠢ ᠪᠣᠯᠲᠠᠯ᠎ᠠ ᠦᠨᠳᠦᠰᠦᠨ ᠳᠡᠭᠡᠨ ᠳᠠᠭᠤᠰᠴᠤ᠂ ᠪᠠᠶᠢᠷᠢᠯᠠᠭᠤᠯᠤᠯᠲᠠ ᠳᠠᠶᠢᠴᠢᠯᠠᠯᠲᠠ᠂ | ᠥᠪᠡᠷ ᠢ ᠪᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ | ᠳ᠋ᠦᠩᠨᠡᠨ ᠳᠡᠭᠡᠭᠰᠢᠯᠡᠭᠦᠯᠬᠦ ᠵᠡᠷᠭᠡ ᠳᠥᠷᠪᠡᠨ ᠱᠠᠲᠤ ᠦᠶ᠎ᠡ ᠬᠤᠪᠢᠶᠠᠨ ᠶᠠᠪᠣᠭᠳᠠᠨ᠎ᠠ᠃ | ︵ᠨᠢᠭᠡ︶ ᠪᠠᠶᠢᠷᠢᠯᠠᠭᠤᠯᠤᠨ ᠳᠠᠶᠢᠴᠢᠯᠠᠬᠤ ︵3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ︶᠃ ᠡᠯ᠎ᠡ | ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠤᠳᠤᠷᠢᠳᠬᠤ | ᠪᠠᠶᠢᠭᠤᠯᠤᠮᠵᠢ ᠪᠠᠶᠢᠭᠤᠯᠵᠤ᠂ ᠵᠢᠭᠠᠪᠤᠷᠢ ᠠᠪᠴᠤ ᠬᠠᠷᠢᠭᠤ ᠮᠡᠳᠡᠭᠦᠯᠬᠦ᠂ ᠵᠣᠬᠢᠴᠠᠭᠤᠯᠤᠨ ᠬᠠᠷᠢᠯᠴᠠᠬᠤ᠂ ᠮᠡᠳᠡᠭᠡ | ᠵᠠᠩᠭᠢ ᠮᠡᠳᠡᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠶ ᠴᠡᠭᠴᠡᠯᠡᠨ | ᠵᠠᠰᠠᠬᠤ ᠠᠵᠢᠯ ᠤᠨ ᠲᠣᠬᠢᠷᠠᠭᠤᠯᠤᠯᠲᠠ ᠨᠢ ᠠᠷᠭ᠎ᠠ ᠲᠠᠢ᠂ ᠵᠢᠯᠣᠭᠤᠳᠣᠯᠭ᠎ᠠ ᠨᠢ ᠬᠦᠴᠦᠲᠡᠶ᠂ ᠰᠢᠮᠳᠠᠭᠤᠯᠤᠨ | ᠰᠠᠶᠢᠵᠢᠷᠠᠭᠤᠯᠤᠭᠰᠠᠨ ᠨᠢ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠲᠤᠰᠬᠠᠶ ᠠᠩᠭᠢ | ᠵᠣᠬᠢᠶᠠᠨ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠠᠶ ᠬᠡᠷᠡᠭᠵᠢᠭᠦᠯᠬᠦ ᠲᠥᠰᠦᠯ ᠢ ᠰᠤᠳᠤᠯᠤᠨ | ᠲᠣᠭᠲᠠᠭᠠᠵᠤ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ | ᠠᠵᠢᠯ ᠤᠨ ᠡᠬᠡ ᠳᠠᠩᠰᠠ ᠪᠠᠶᠢᠭᠤᠯᠤᠨ᠂ ᠠᠵᠢᠯ ᠤᠨ ᠠᠷᠭ᠎ᠠ ᠮᠠᠶ᠋ᠢᠭ᠂ ᠠᠵᠢᠯ ᠤᠨ ᠦᠷ᠎ᠡ ᠪᠦᠲᠦᠭᠡᠯ ᠪᠣᠯᠤᠨ | ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ ᠬᠠᠷᠢᠭᠤᠴᠠᠯᠭ᠎ᠠ | ᠡᠭᠦᠷᠭᠡᠯᠡᠭᠴᠢ ᠪᠣᠯᠤᠨ ᠪᠡᠶᠡᠯᠡᠭᠦᠯᠬᠦ ᠴᠠᠭ ᠬᠤᠭᠤᠴᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠴᠡᠭᠴᠡᠯᠡᠨ ᠵᠠᠰᠠᠬᠤ | ᠠᠭᠤᠯᠭ᠎ᠠ᠂ ᠠᠵᠢᠯ ᠤᠨ ᠲᠤᠬᠢᠷᠠᠭᠤᠯᠤᠯᠳᠠ ᠲᠠᠢ ᠬᠠᠷᠭᠤᠭᠤᠯᠵᠤ᠂ ᠲᠤᠰ ᠨᠢᠬᠡᠴᠡ ᠶᠢᠨ ᠲᠤᠰᠬᠠᠢ ᠴᠡᠭᠴᠡᠯᠡᠨ | ᠵᠠᠰᠠᠬᠤ ᠠᠵᠢᠯ ᠢ ᠲᠤᠰᠬᠠᠢ ᠪᠠᠶᠢᠷᠢᠯᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ | ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ | ᠪᠣᠳᠠᠲᠠᠶ ᠬᠡᠷᠡᠭᠵᠢᠭᠦᠯᠬᠦ ᠲᠥᠰᠦᠯ ᠢ 3 ᠳ᠋ᠤᠭᠠᠷ ᠰᠠᠷ᠎ᠠ ᠶᠢᠨ 27 ᠤ ᠡᠳᠦᠷ ᠠᠴᠠ ᠡᠮᠦᠨ᠎ᠡ ᠠᠶᠢᠮᠠᠭ ᠤᠨ ᠲᠣᠪᠴᠢᠶ᠎ᠠ | ︵1 ᠬᠤᠪᠢᠳᠠᠨ ᠬᠠᠮᠢᠶᠠᠷᠬᠤ ᠤᠳᠤᠷᠢᠳᠤᠯᠭ᠎ᠠ᠂ 1 ᠬᠠᠷᠢᠯᠴᠠᠬᠤ ᠠᠵᠢᠯᠲᠠᠨ ᠢ ᠵᠡᠷᠭᠡ ᠳᠤ ᠨᠢ ᠮᠡᠳᠡᠭᠦᠯᠦᠨ ᠬᠦᠷᠭᠡᠵᠦ | ︶᠂ ᠳᠠᠶᠢᠴᠢᠯᠠᠯᠲᠠ ᠪᠠᠶᠢᠷᠢᠯᠠᠭᠤᠯᠤᠯᠲᠠ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠰᠤᠷᠤᠯᠴᠠᠯᠭ᠎ᠠ ᠬᠥᠮᠦᠵᠢᠯ᠂ | ᠠᠰᠠᠭᠤᠳᠠᠯ ᠢ ᠪᠠᠶᠢᠴᠠᠭᠠᠨ ᠳᠡᠯᠭᠡᠬᠦ᠂ ᠰᠦᠪᠡᠭᠴᠢ ᠶᠢ ᠴᠤᠭᠯᠠᠭᠤᠯᠬᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ | ᠰᠠᠶᠢᠵᠢᠷᠠᠭᠤᠯᠬᠤ᠂ ᠰᠢᠮᠳᠠᠭᠤᠯᠤᠨ ᠪᠠᠶᠢᠴᠠᠭᠠᠬᠤ ᠶᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠵᠦ᠂ | ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠶᠢᠨ ᠬᠠᠮᠲᠤ ᠦᠨᠡᠨ ᠬᠦ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠠᠵᠢᠯ ᠤᠨ ᠲᠣᠪᠴᠢ ᠮᠡᠳᠡᠭᠡ ᠶᠢᠨ | ᠳᠦᠷᠢᠮ ᠢ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠬᠤᠭᠤᠴᠠᠭᠠᠨ ᠳᠤ ᠭᠠᠷᠠᠭ ᠪᠦᠷᠢ ᠠᠳᠠᠭ ᠲᠠᠭᠠᠨ 1 | ᠬᠤᠭᠤᠴᠠᠭᠠᠨ ᠤ ᠠᠵᠢᠯ ᠤᠨ ᠲᠣᠪᠴᠢ ᠮᠡᠳᠡᠭᠡ ᠶᠢ ᠮᠡᠳᠡᠭᠦᠯᠦᠨ ᠬᠦᠷᠭᠡᠬᠦ ᠬᠡᠷᠡᠭᠲᠡᠶ᠃ | ︵ᠬᠤᠶᠠᠷ︶ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ︵3 ᠳ᠋ᠤᠭᠠᠷ ᠰᠠᠷ᠎ᠠ ᠶᠢᠨ | ᠳᠤᠮᠳᠠᠴᠢ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 3 ᠰᠠᠷ᠎ᠠ ᠶᠢᠨ 27 ᠤ ᠡᠳᠦᠷ ᠠᠴᠠ ᠡᠮᠦᠨ᠎ᠡ ᠨᠡᠶᠢᠭᠡᠮ | ᠨᠡᠶᠢᠲᠡ ᠳᠤ ᠲᠤᠰᠬᠠᠶ ᠴᠡᠭᠴᠡᠯᠡᠨ ᠵᠠᠰᠠᠬᠤ ᠵᠠᠷᠯᠠᠯ ᠨᠡᠶᠢᠲᠡᠯᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ | ᠵᠠᠯᠠᠷᠠᠭᠤᠯᠬᠤ ᠶᠢ ᠬᠢᠨᠠᠮᠠᠭᠠᠶ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠠᠵᠢᠯ ᠳᠤ | ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠬᠦ ᠬᠡᠷᠡᠭᠲᠡᠶ᠃ ᠲᠦᠷᠢᠮ ᠲᠣᠭᠲᠠᠭᠠᠯ ᠵᠦᠶ ᠵᠣᠬᠢᠰ ᠥᠬᠡᠶ᠂ | ᠬᠠᠤᠯᠢ ᠬᠡᠷᠡᠭᠵᠢᠭᠦᠯᠦᠭᠰᠡᠨ ᠨᠢ ᠵᠢᠷᠤᠮᠵᠢᠯ ᠥᠬᠡᠶ᠂ ᠲᠥᠪ ᠭᠤᠤᠯᠴᠢ ᠪᠤᠰᠤ᠂ ᠣᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠠᠷᠬᠠᠭ ᠬᠡᠮ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠬᠡᠷᠡᠭᠵᠢᠭᠦᠯᠬᠦ | ᠠᠵᠢᠯᠲᠠᠨ ᠳᠤ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠤᠨ ᠰᠦᠪᠡᠭᠴᠢ ᠶᠢ ᠪᠥᠬᠦ ᠲᠠᠯ᠎ᠠ ᠪᠠᠷ | ᠲᠣᠳᠣᠷᠬᠠᠶᠢᠯᠠᠬᠤ ᠬᠡᠷᠡᠭᠲᠡᠶ᠃ ᠢᠯᠡ ᠴᠢᠨᠠᠷᠲᠠᠶ ᠠᠰᠠᠭᠤᠳᠠᠯ ᠪᠠ ᠦᠨᠳᠦᠰᠦ ᠰᠤᠷᠪᠤᠯᠵᠢ ᠶᠢᠨ ᠠᠰᠠᠭᠤᠳᠠᠯ ᠢ ᠨᠢᠭᠡ | ᠴᠣᠭᠴᠠᠵᠢᠭᠤᠯᠤᠨ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢ | ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ᠂ ᠭᠠᠳᠠᠭᠠᠳᠤ ᠰᠦᠪᠡᠭᠴᠢ ᠶᠢ ᠰᠢᠮᠳᠠᠭᠤᠯᠣᠨ ᠪᠠᠶᠢᠴᠠᠭᠠᠬᠤ᠂ | ᠭᠤᠤᠯᠳᠠᠯᠭ᠎ᠠ ᠲᠠᠢ ᠠᠰᠠᠭᠤᠳᠠᠯ ᠢ ᠭᠦᠨᠵᠡᠭᠡᠶ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠠᠰᠠᠭᠤᠳᠠᠯ ᠤᠨ | ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ | ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠴᠢᠩᠭ᠎ᠠ ᠠᠳᠬᠤᠵᠤ᠂ ᠲᠠᠨᠢᠯᠲᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠵᠠᠳᠠᠯᠤᠨ | ᠰᠢᠨᠵᠢᠬᠦ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ | ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠶ᠃ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ | ᠰᠢᠯᠤᠭᠤᠳᠬᠠᠵᠤ᠂ ᠠᠰᠠᠭᠤᠳᠠᠯ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠰᠣᠨᠢᠨ ᠮᠡᠳᠡᠭᠡᠨ ᠤ | ᠵᠠᠭᠤᠴᠢᠯᠠᠭᠤᠷ᠂ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ᠂ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠤᠲᠠᠰᠤ᠂ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠬᠢᠨᠠᠯᠲᠠ ᠲᠠᠯᠪᠢᠬᠤ | ᠤᠲᠠᠰᠤ᠂ ᠲᠠᠬᠢᠨ ᠵᠥᠪᠯᠡᠬᠦ᠂ ᠵᠠᠭᠠᠯᠳᠤᠬᠤ ᠵᠡᠷᠭᠡ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠲᠤᠰᠬᠠᠢ ᠴᠡᠭᠴᠡᠯᠡᠨ | ᠵᠠᠰᠠᠬᠤ ᠠᠵᠢᠯ ᠤᠨ ᠰᠦᠪᠡᠭᠴᠢ ᠶᠢᠨ ᠢᠷᠡᠯᠳᠡ ᠶᠢᠨ ᠠᠷᠭ᠎ᠠ ᠵᠠᠮ ᠢ ᠥᠷᠭᠡᠳᠬᠡᠵᠦ᠂ ᠵᠢᠯᠣᠭᠤᠴᠢ ᠪᠠ ᠠᠶᠠᠨᠴᠢᠳ᠂ | ᠠᠵᠢᠯ ᠡᠷᠬᠢᠯᠡᠭᠰᠡᠳ ᠪᠠ ᠨᠡᠶᠢᠭᠡᠮ ᠤᠨ ᠡᠯ᠎ᠡ ᠡᠲᠡᠭᠡᠳ ᠤᠨ ᠤᠯᠠᠨ ᠲᠦᠮᠡᠨ ᠤ ᠲᠤᠰᠬᠠᠯ ᠵᠢᠴᠢ ᠰᠠᠨᠠᠯ ᠢ | ᠥᠷᠭᠡᠨ ᠢᠶᠠᠷ ᠰᠣᠨᠣᠰᠬᠤ ᠬᠡᠷᠡᠭᠲᠡᠢ᠃ | ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠠᠷᠪᠠ ᠬᠤᠨᠤᠭ ᠢᠶᠠᠷ ᠳᠣᠭᠢᠷᠠᠭᠤᠯᠵᠤ᠂ ᠰᠠᠷ᠎ᠠ | ᠪᠦᠷᠢ ᠶᠢᠨ 1 ᠤ ᠡᠳᠦᠷ ᠠᠴᠠ ᠡᠮᠦᠨ᠎ᠡ ᠲᠣᠪᠴᠢᠶ᠎ᠠ ᠳᠤ ᠳᠡᠭᠡᠷ᠎ᠡ ᠰᠠᠷ᠎ᠠ ᠶᠢᠨ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ᠂ ᠭᠤᠤᠯᠳᠠᠯᠭ᠎ᠠ ᠲᠠᠢ ᠡᠭᠦᠷᠭᠡ ᠶᠢᠨ | ᠲᠣᠬᠢᠷᠠᠭᠤᠯᠤᠯᠲᠠ ᠶᠢᠨ ᠡᠬᠡ ᠲᠠᠩᠰᠠ ︵ᠳᠠᠭᠠᠯᠳᠤᠭᠤᠯᠤᠯ 2︶ ᠪᠠ ᠪᠠᠶᠢᠴᠠᠭᠠᠨ ᠵᠠᠯᠠᠷᠠᠭᠤᠯᠵᠤ ᠴᠡᠭᠴᠡᠯᠡᠨ | ᠰᠠᠶᠢᠵᠢᠷᠠᠭᠤᠯᠬᠤ ᠡᠬᠡ ᠲᠠᠩᠰᠠ ︵ᠳᠠᠭᠠᠯᠳᠤᠭᠤᠯᠤᠯ 3︶ ᠶᠢ ᠬᠠᠮᠲᠤ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ︵ᠭᠤᠷᠪᠠ︶ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ︵7 ᠳ᠋ᠤᠭᠠᠷ ᠰᠠᠷ᠎ᠠ ᠠᠴᠠ 10 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ︶᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠳᠠᠷᠤᠯᠲᠠ ᠶᠢ ᠳᠠᠮᠵᠢᠭᠤᠯᠬᠤ ᠪᠠᠨ ᠴᠢᠩᠭᠠᠳᠬᠠᠵᠤ᠂ ︽ᠡᠴᠦᠰ ᠲᠤᠨᠢ | ᠲᠤᠯᠲᠠᠯ᠎ᠠ ᠠᠳᠬᠤᠬᠤ︾᠂ ︽ᠬᠢᠲᠤᠭᠠᠨ ᠢᠷ ᠢ ᠳᠣᠲᠣᠭᠰᠢ ᠬᠠᠨᠳᠤᠭᠤᠯᠬᠤ︾ ᠶᠢ ᠪᠠᠷᠢᠮᠲᠠᠯᠠᠨ | ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠱᠠᠯᠠᠪᠳᠠᠭᠤᠯᠤᠨ | ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠨᠢᠭᠡᠴᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠰᠣᠨᠣᠰᠴᠤ᠂ ᠠᠵᠢᠯ ᠤᠨ | ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠬᠦᠷᠦᠯᠴᠡᠬᠦ ᠥᠬᠡᠶ ᠲᠠᠯ᠎ᠠ ᠶᠢ ᠵᠠᠳᠠᠯᠵᠤ ᠰᠤᠳᠤᠯᠤᠨ | ᠮᠠᠭᠠᠳᠯᠠᠵᠤ᠂ ᠲᠤᠰᠬᠠᠶ ᠴᠡᠭᠴᠡᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠴᠢᠩᠭ᠎ᠠ ᠪᠣᠳᠠᠲᠠᠶ᠂ ᠴᠢᠩᠭ᠎ᠠ ᠨᠢᠮᠪᠠᠶ ᠦᠷᠭᠦᠯᠵᠢᠯᠡᠨ ᠠᠬᠢᠭᠤᠯᠬᠤ ᠬᠡᠷᠡᠭᠲᠡᠶ᠃ ᠴᠠᠭ ᠲᠤᠨᠢ ᠲᠤᠬᠢᠷᠠᠭᠤᠯᠤᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ | ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ | ᠪᠣᠯᠤᠨ ᠡᠮᠦᠨ᠎ᠡ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠳᠠᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠶᠢ | ᠴᠢᠬᠤᠯᠠᠴᠢᠯᠠᠵᠤ᠂ ᠱᠠᠯᠠᠪᠳᠠᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠳᠠᠯᠳᠠᠭᠤᠷ ᠰᠤᠷᠪᠤᠯᠵᠢᠯᠠᠬᠤ᠂ | ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠦᠨᠡᠨ ᠬᠦ | ᠪᠠᠶᠢᠴᠠᠭᠠᠵᠤ ᠦᠨᠡᠨ ᠬᠦ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠡᠶᠢᠭᠡᠮ ᠤᠨ | ᠠᠩᠬᠠᠷᠤᠯ ᠳᠤ ᠬᠠᠷᠢᠭᠤ ᠲᠤᠰᠬᠠᠬᠤ ᠶᠢ ᠱᠠᠯᠠᠪᠳᠠᠭᠤᠯᠤᠨ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ | ᠦᠷ᠎ᠡ ᠪᠦᠲᠦᠮᠵᠢ ᠶᠢ ᠲᠤᠪᠤᠶᠢᠯᠭᠠᠬᠤ ᠬᠡᠷᠡᠭᠲᠡᠢ᠃ ᠴᠡᠭᠴᠡᠯᠡᠨ ᠵᠠᠰᠠᠬᠤ ᠠᠵᠢᠯ ᠨᠢ ᠰᠤᠯᠠ᠂ ︽ᠨᠠᠵᠠᠭᠠᠶᠢᠷᠠᠭᠰᠠᠨ︾ | ᠠᠵᠢᠯ ᠤᠨ ᠠᠰᠠᠭᠤᠳᠠᠯ ᠢᠶᠠᠷ ᠲᠣᠪᠤᠶᠢᠮ᠎ᠠ ᠨᠢᠭᠡᠴᠡ ᠶᠢ ᠴᠠᠭ ᠲᠤᠬᠠᠶ ᠳᠤᠨᠢ ᠵᠠᠷᠯᠠᠨ ᠰᠢᠭᠦᠮᠵᠢᠯᠡᠬᠦ᠂ ᠵᠠᠬᠢᠳᠠᠯ ᠢᠶᠠᠷ | ᠠᠰᠠᠭᠤᠵᠤ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠵᠦ ᠰᠢᠮᠳᠠᠭᠤᠯᠤᠨ ᠬᠦᠢᠴᠡᠳᠭᠡᠬᠦᠯᠬᠦ ᠵᠡᠷᠭᠡ ᠠᠷᠭ᠎ᠠ ᠮᠠᠶ᠋ᠢᠭ ᠢᠶᠠᠷ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠤᠳᠠᠭᠠᠰᠢᠷᠠᠭᠤᠯᠤᠭᠰᠠᠨ᠂ | ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠠᠯᠪᠠ ᠬᠠᠰᠢᠵᠤ ᠠᠮᠠ ᠪᠥᠭᠯᠡᠭᠰᠡᠨ ᠴᠢᠨᠠᠭᠰᠢᠯᠠᠪᠠᠯ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ | ᠬᠡᠷᠡᠭᠲᠡᠢ᠃ | ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ | ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠷᠪᠠ ᠬᠤᠨᠤᠭ ᠢᠶᠠᠷ ᠲᠣᠬᠢᠷᠠᠭᠤᠯᠵᠤ᠂ ᠰᠠᠷ᠎ᠠ | ᠪᠦᠷᠢ ᠶᠢᠨ 1 ᠤ ᠡᠳᠦᠷ ᠠᠴᠠ ᠡᠮᠦᠨ᠎ᠡ ᠲᠣᠰ ᠨᠢᠭᠡᠴᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ᠂ | ᠠᠵᠢᠯ ᠤᠨ ᠦᠷ᠎ᠡ ᠪᠦᠲᠦᠮᠵᠢ᠂ ᠢᠯᠡᠷᠡᠭᠦᠯᠦᠭᠰᠡᠨ ᠭᠤᠤᠯ ᠠᠰᠠᠭᠤᠳᠠᠯ ᠪᠠ ᠬᠤᠯᠪᠣᠭᠳᠠᠯ ᠪᠥᠬᠦᠶ ᠰᠠᠨᠠᠭᠤᠯᠭ᠎ᠠ | ᠵᠡᠷᠭᠡ ᠶᠢ ᠳ᠋ᠦᠩᠨᠡᠯᠲᠡ ᠶᠢᠨ ᠮᠡᠳᠡᠭᠦᠯᠦᠯᠲᠡ ᠪᠣᠯᠭᠠᠵᠤ᠂ ᠭᠤᠤᠯᠳᠠᠯᠭ᠎ᠠ ᠲᠠᠢ ᠡᠭᠦᠷᠭᠡ ᠶᠢᠨ ᠲᠣᠬᠢᠷᠠᠭᠤᠯᠤᠯᠲᠠ ᠶᠢᠨ | ᠡᠬᠡ ᠲᠠᠩᠰᠠ ᠪᠠ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠮᠲᠤ ᠠᠶᠢᠮᠠᠭ ᠤᠨ | ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠬᠠᠷᠠᠬᠠᠨ ᠠᠬᠢᠭᠤᠯᠵᠤ ᠪᠠᠶᠢᠭ᠎ᠠ ᠪᠤᠶᠤ ᠤᠷᠲᠤ ᠬᠤᠭᠤᠴᠠᠭ᠎ᠠ ᠪᠠᠷ | ᠠᠬᠢᠭᠤᠯᠬᠤ ᠴᠢᠬᠤᠯᠠᠲᠠᠢ ᠠᠰᠠᠭᠤᠳᠠᠯ ᠳᠤ᠂ ᠣᠳᠣᠬᠢ ᠱᠠᠲᠤᠨ ᠤ ᠦᠷ᠎ᠡ ᠪᠦᠲᠦᠮᠵᠢ ᠪᠠ ᠤᠷᠲᠤ ᠬᠤᠭᠤᠴᠠᠭᠠᠨ ᠤ | ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠨᠠᠭᠠᠳᠤ ᠵᠠᠬ᠎ᠠ ᠳᠠᠭᠠᠨ 1 ᠨᠡᠶᠢᠲᠡᠯᠢᠭ ᠬᠡᠷᠡᠭ ᠤᠨ ᠵᠢᠱᠢᠶ᠎ᠡ ︵ | ᠳᠠᠭᠠᠯᠳᠤᠭᠤᠯᠤᠯ 4︶ ᠳᠠᠭᠠᠯᠳᠤᠭᠤᠯᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ᠂ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠢ ᠲᠤᠰᠬᠠᠢ | ᠰᠡᠳᠦᠪ ᠢᠶᠠᠷ ᠲᠣᠳᠣᠷᠬᠠᠶᠢᠯᠠᠯᠲᠠ ᠬᠢᠬᠦ ᠶᠢᠨ ᠬᠠᠮᠲᠤ ᠮᠡᠳᠡᠭᠦᠯᠦᠨ ᠬᠦᠷᠭᠡᠬᠦ ᠬᠡᠷᠡᠭᠲᠡᠢ᠃ | ︵ᠳᠥᠷᠪᠡ︶ ᠳ᠋ᠦᠩᠨᠡᠨ ᠳᠡᠭᠡᠭᠰᠢᠯᠡᠬᠦᠯᠬᠦ ︵ᠣᠷᠳᠣ ᠬᠤᠭᠤᠴᠠᠭ᠎ᠠ ᠪᠠᠷ ᠠᠬᠢᠭᠤᠯᠤᠨ᠎ᠠ︶᠃ ᠡᠯ᠎ᠡ ᠬᠤᠰᠢᠭᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠤᠰᠬᠠᠶ ᠴᠡᠭᠴᠡᠯᠡᠨ ᠵᠠᠰᠠᠬᠤ | ᠠᠵᠢᠯ ᠤᠨ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠵᠦ᠂ ᠪᠦᠲᠦᠮᠵᠢᠲᠡᠶ | ᠠᠵᠢᠯ ᠤᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ | ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠪᠠᠶᠢᠩᠭᠤ ᠶᠢᠨ ᠵᠠᠰᠠᠯᠲᠠ ᠶᠢᠨ | ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ᠃ ᠲᠤᠰᠬᠠᠶ | ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠤᠰᠬᠠᠶ ᠴᠡᠭᠴᠡᠯᠡᠨ ᠵᠠᠰᠠᠬᠤ ᠪᠠᠷ | ᠠᠵᠠ ᠲᠣᠬᠢᠶᠠᠯ ᠪᠣᠯᠭᠠᠨ᠂ ᠴᠢᠬᠤᠯᠠ ᠶᠡᠭᠡ ᠬᠠᠤᠯᠢᠵᠢᠯ ᠤᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ | ᠲᠣᠭᠲᠠᠴᠠ ᠶᠢᠨ ᠲᠠᠰ ᠳᠠᠷᠠᠭᠠᠯᠠᠯ ᠢ ᠤᠯᠠᠮ ᠴᠢᠨᠠᠭᠰᠢᠳᠠ ᠵᠢᠷᠤᠮᠵᠢᠭᠤᠯᠵᠤ᠂ ᠪᠥᠬᠦ ᠲᠠᠯ᠎ᠠ ᠶᠢ ᠬᠠᠮᠤᠷᠤᠭᠰᠠᠨ᠂ | ᠨᠠᠶᠢᠳᠠᠪᠣᠷᠢᠳᠠᠢ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮ ᠢ | ᠪᠠᠶᠢᠭᠤᠯᠤᠨ ᠪᠦᠷᠢᠨᠰᠢᠬᠦᠯᠵᠤ᠂ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠪᠣᠯᠤᠨ ᠨᠠᠮ ᠤᠨ ᠳᠣᠲᠣᠭᠠᠳᠤ ᠶᠢᠨ | ᠪᠤᠰᠤᠳ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ | ᠵᠣᠯᠭᠠᠭᠤᠯᠬᠤ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠬᠠᠤᠯᠢᠵᠢᠯ ᠤᠨ ᠬᠦᠷᠢᠶᠡᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠩᠨᠡᠭᠡᠨ ᠤ ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠦᠪᠰᠢᠨ ᠢ ᠠᠬᠢᠭᠤᠯᠬᠤ ᠪᠠᠶᠢᠩᠭᠤ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ | ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ | ᠡᠯ᠎ᠡ ᠲᠥᠷᠥᠯ ᠤᠨ ᠠᠰᠠᠭᠤᠳᠠᠯ ᠪᠠ ᠰᠦᠪᠡᠭᠴᠢ ᠶᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠨᠠᠷᠢᠨ ᠬᠢᠨᠠᠮᠠᠭᠠᠶ ᠡᠮᠬᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠ ᠦᠷ᠎ᠡ | ᠪᠦᠲᠦᠭᠡᠯ ᠢ ᠰᠢᠰᠲ᠋ᠧᠮ ᠲᠠᠢ ᠳ᠋ᠦᠩᠨᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ | ᠰᠠᠶᠢᠵᠢᠷᠠᠭᠤᠯᠬᠤ ᠦᠨᠳᠦᠰᠦ ᠠᠴᠠ ᠨᠢ ᠵᠠᠰᠠᠬᠤ ᠠᠷᠭ᠎ᠠ ᠬᠡᠮᠵᠢᠶ᠎ᠡ ᠵᠢᠴᠢ ᠰᠠᠨᠠᠯ ᠰᠠᠨᠠᠭᠤᠯᠭ᠎ᠠ ᠶᠢ ᠳᠤᠷᠠᠳᠴᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ 10 ᠳ᠋ᠤᠭᠠᠷ ᠰᠠᠷ᠎ᠠ ᠶᠢᠨ | 10 ᠤ ᠡᠳᠦᠷ ᠠᠴᠠ ᠡᠮᠦᠨ᠎ᠡ ᠠᠶᠢᠮᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠪᠣᠯ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠪᠠ ᠰᠢ ᠶᠢᠨ | ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ ᠠᠮᠢᠳᠤᠯᠢᠭ ᠬᠠᠣᠯᠢ | ᠪᠠᠷ ᠵᠠᠰᠠᠬᠤ ᠦᠢᠯᠡᠳᠦᠯᠭᠡ ᠮᠥᠨ᠂ ᠬᠠᠣᠯᠢ ᠪᠠᠷ ᠵᠠᠰᠠᠬᠤ ᠠᠷᠠᠳ ᠤᠨ ᠲᠥᠯᠥᠭᠡ ᠭᠡᠬᠦ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ᠂ ᠬᠠᠤᠯᠢ ᠬᠡᠷᠡᠭᠵᠢᠭᠦᠯᠬᠦ ᠠᠷᠬᠠᠭ ᠭᠡᠮ ᠢ ᠴᠡᠭᠴᠡᠯᠡᠨ ᠵᠠᠰᠠᠬᠤ᠂ ᠴᠢᠩᠭ᠎ᠠ ᠵᠢᠷᠤᠮᠵᠢᠭᠤᠨ ᠲᠥᠪ | ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ | ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠴᠡᠭᠴᠡᠯᠡᠨ ᠵᠠᠰᠠᠯᠲᠠ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠦᠢᠯᠡᠳᠦᠯᠬᠡᠵᠢᠬᠦᠯᠵᠦ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ | ᠵᠠᠰᠠᠬᠤ ᠴᠢᠬᠤᠯᠠ ᠠᠵᠢᠯ ᠤᠨ ᠱᠠᠭᠠᠷᠳᠠᠯᠭ᠎ᠠ ᠪᠣᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠬᠠᠶ ᠤᠬᠠᠮᠰᠠᠷᠲᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ | ᠱᠠᠲᠤ ᠱᠠᠲᠤ ᠪᠠᠷ ᠵᠠᠳᠠᠯᠤᠨ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ | ᠠᠰᠠᠭᠤᠳᠠᠯ ᠢ ᠡᠷᠡᠰ ᠬᠤᠷᠢᠭᠯᠠᠨ ᠵᠣᠭᠰᠣᠭᠠᠵᠤ᠂ ᠦᠨᠡᠨ ᠠᠴᠠ ᠵᠥᠪ ᠢ ᠡᠷᠢᠬᠦ᠂ ᠨᠠᠷᠢᠯᠢᠭ ᠣᠨᠣᠪᠴᠢᠳᠠᠢ ᠵᠦᠶ | ᠵᠣᠬᠢᠰᠲᠠᠶ᠂ ᠤᠯᠤᠰ ᠲᠥᠷᠥ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ | ᠪᠣᠯᠤᠨ ᠨᠡᠶᠢᠭᠡᠮ ᠤᠨ ᠦᠷ᠎ᠡ ᠪᠦᠲᠦᠮᠵᠢ ᠶᠢ ᠬᠠᠷᠢᠯᠴᠠᠨ ᠨᠢᠭᠡᠳᠬᠡᠬᠦ ᠬᠡᠷᠡᠭᠲᠡᠶ᠃ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠤᠰᠬᠠᠢ | ᠴᠡᠭᠴᠡᠯᠡᠨ ᠵᠠᠰᠠᠯᠲᠠ ᠶᠢ ᠥᠷᠨᠢᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠬᠡᠷᠡᠭᠵᠢᠭᠦᠯᠦᠯᠲᠡ ᠶᠢᠨ ᠳᠤᠪᠤᠶᠢᠮ᠎ᠠ | ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ | ᠬᠦᠷᠢᠶᠡᠨ ᠳᠠᠬᠢ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠡᠩᠨᠡᠭᠡ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠶᠢᠨ | ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠣᠰ ᠤᠳᠠᠭᠠᠨ ᠤ ᠲᠤᠰᠬᠠᠶ | ᠴᠡᠭᠴᠡᠯᠡᠨ ᠵᠠᠰᠠᠯᠲᠠ ᠶᠢ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ᠣᠨ ᠤ ᠰᠢᠯᠭᠠᠨ ᠬᠢᠨᠠᠬᠤ ᠴᠢᠬᠤᠯᠠ | ᠬᠦᠢᠴᠡᠳᠬᠡᠯ ᠲᠣᠭᠠᠨ ᠤ ᠠᠭᠤᠯᠭ᠎ᠠ ᠪᠣᠯᠭᠠᠨ᠎ᠠ᠃ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠵᠣᠬᠢᠶᠠᠨ ᠪᠠᠶᠢᠭᠤᠯᠤᠨ ᠤᠳᠤᠷᠢᠳᠴᠤ᠂ ᠲᠤᠰ ᠨᠢᠭᠡᠴᠡ ᠶᠢᠨ ᠢᠶᠠᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ | ᠠᠵᠢᠯ ᠤᠨ ᠲᠤᠰᠬᠠᠶ ᠠᠩᠭᠢ ᠪᠠᠶᠢᠭᠤᠯᠵᠤ᠂ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ᠂ ᠲᠤᠰᠬᠠᠶ ᠴᠡᠭᠴᠡᠯᠡᠨ | ᠵᠠᠰᠠᠬᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠮᠡᠳᠡᠭᠡ ᠵᠠᠩᠭᠢ ᠶᠢᠨ ᠲᠣᠪᠴᠢ ᠮᠡᠳᠡᠭᠡ ᠶᠢ ᠲᠤᠬᠠᠶ ᠶᠢᠨ | ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠ ᠨᠠᠶᠢᠷᠠᠭᠤᠯᠤᠨ ᠨᠡᠶᠢᠲᠡᠯᠡᠵᠦ᠂ ᠲᠤᠷᠰᠢᠯᠭ᠎ᠠ ᠠᠷᠭ᠎ᠠ | ᠬᠢᠳᠡᠯ ᠢᠶᠠᠨ ᠳ᠋ᠦᠩᠨᠡᠵᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠵᠤ᠂ | ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠡᠮᠬᠢ ᠵᠢᠷᠤᠮ ᠲᠠᠢ᠂ ᠠᠬᠢᠭᠤᠯᠤᠯᠲᠠ ᠬᠦᠴᠦᠲᠡᠶ᠂ ᠴᠡᠭᠴᠡᠯᠡᠨ | ᠵᠠᠰᠠᠯᠲᠠ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ | ︵ᠭᠤᠷᠪᠠ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠤᠰᠬᠠᠶ ᠴᠡᠭᠴᠡᠯᠡᠨ ᠵᠠᠰᠠᠬᠤ | ᠠᠵᠢᠯ ᠤᠨ ᠬᠡᠷᠡᠭᠵᠢᠭᠦᠯᠬᠦ ᠲᠥᠰᠦᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠲᠣᠰ ᠨᠢᠬᠡᠴᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠮᠥᠷᠳᠡᠨ | ᠰᠢᠮᠳᠠᠭᠤᠯᠤᠨ ᠪᠠᠶᠢᠴᠠᠭᠠᠬᠤ᠂ ᠬᠠᠷᠢᠭᠤᠴᠠᠯᠭ᠎ᠠ ᠲᠤᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠬᠤ ᠶᠢᠨ | ᠬᠠᠮᠲᠤ ᠲᠤᠰᠬᠠᠶ ᠴᠡᠭᠴᠡᠯᠡᠨ ᠵᠠᠰᠠᠬᠤ ᠠᠵᠢᠯ ᠢ ᠲᠣᠰ ᠨᠢᠬᠡᠴᠡ ᠶᠢᠨ ᠬᠠᠣᠯᠢ ᠪᠠᠷ ᠵᠠᠰᠠᠬᠤ ᠪᠠᠶᠢᠭᠤᠯᠤᠯᠲᠠ᠂ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠴᠢᠬᠤᠯᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠲᠤᠰᠬᠠᠶ | ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ ᠪᠠᠲᠤᠯᠠᠬᠤ ᠬᠡᠷᠡᠭᠲᠡᠶ᠃ | ᠲᠤᠰᠬᠠᠶ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ ᠤᠨ ᠤᠶᠠᠯᠳᠤᠯ ᠤᠨ | ᠴᠡᠭ ᠪᠠ ᠭᠠᠷᠳᠠᠬᠤ ᠴᠡᠭ ᠢ ᠣᠨᠣᠪᠴᠢᠲᠠᠶ ᠣᠯᠵᠤ᠂ ᠲᠤᠰᠬᠠᠶ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠤᠯᠢ | ᠬᠡᠷᠡᠭᠵᠢᠭᠦᠯᠬᠦ ᠠᠵᠢᠯ ᠤᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ ᠶᠢ ᠴᠢᠬᠤᠯᠠᠴᠢᠯᠠᠨ ᠠᠬᠢᠭᠤᠯᠵᠤ᠂ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠬᠤ᠂ ᠴᠡᠪᠡᠷᠯᠡᠨ | ᠴᠡᠭᠴᠡᠯᠡᠬᠦ᠂ ᠱᠠᠯᠠᠪᠳᠠᠭᠤᠯᠤᠨ ᠠᠬᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠲᠤᠰᠬᠠᠶ ᠴᠡᠭᠴᠡᠯᠡᠨ ᠵᠠᠰᠠᠭᠰᠠᠨ ᠪᠠᠶᠢᠳᠠᠯ ᠢᠶᠠᠨ ᠠᠶᠢᠮᠠᠭ ᠤᠨ | ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ | ︵ᠳᠥᠷᠪᠡ︶ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠣᠪᠤᠶᠢᠯᠭᠠᠨ᠎ᠠ᠃ ᠥᠩᠭᠡᠨ ᠲᠠᠯ᠎ᠠ ᠪᠠ | ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ | ᠴᠢᠬᠤᠯᠠᠴᠢᠯᠠᠵᠤ᠂ ᠥᠪᠡᠷᠮᠢᠴᠡ ᠴᠢᠨᠠᠷ ᠤᠨ ᠠᠰᠠᠭᠤᠳᠠᠯ ᠬᠢᠭᠡᠳ ᠨᠡᠶᠢᠲᠡᠯᠢᠭ ᠴᠢᠨᠠᠷᠲᠠᠶ ᠠᠰᠠᠭᠤᠳᠠᠯ᠂ ᠢᠯᠡ ᠲᠣᠳᠣ | ᠠᠰᠠᠭᠤᠳᠠᠯ ᠬᠢᠭᠡᠳ ᠭᠦᠨ ᠳᠠᠪᠬᠤᠷᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠵᠤ᠂ ᠳᠣᠭᠰᠢᠨ | ᠡᠮ ᠢᠶᠠᠷ ᠠᠷᠬᠠᠭ ᠢ ᠵᠠᠰᠠᠬᠤ ᠪᠠ ᠡᠬᠢ ᠡᠭᠦᠰᠦᠯ ᠠᠴᠠ ᠨᠢ ᠠᠳᠬᠤᠵᠤ ᠦᠨᠳᠦᠰᠦ ᠠᠴᠠ ᠨᠢ ᠵᠠᠰᠠᠬᠤ ᠶᠢ | ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠨᠢᠭᠡ ᠬᠡᠷᠡᠭ ᠢ ᠴᠡᠭᠴᠡᠯᠡᠨ ᠥᠭᠡᠷᠡᠴᠢᠯᠡᠪᠡᠯ᠂ ᠨᠢᠭᠡ ᠲᠠᠯ᠎ᠠ ᠶᠢ ᠰᠡᠷᠡᠮᠵᠢᠯᠡᠭᠦᠯᠵᠦ | ᠂ ᠨᠢᠭᠡ ᠲᠠᠯ᠎ᠠ ᠶᠢ ᠵᠠᠰᠠᠬᠤ ᠬᠡᠷᠡᠭᠲᠡᠶ᠃ ᠳᠦᠷᠢᠮ ᠤᠨ ᠲᠠᠯ᠎ᠠ ᠠᠴᠠ ︽ᠡᠪᠡᠳᠴᠢᠨ ᠤ ᠦᠨᠳᠦᠰᠦ︾ ᠶᠢ ᠡᠷᠢᠵᠦ᠂ ︽ | ᠡᠪᠡᠳᠴᠢᠨ ᠤ ᠦᠨᠳᠦᠰᠦ︾ ᠶᠢ ᠠᠷᠢᠯᠭᠠᠬᠤ ᠶᠢ ᠴᠢᠬᠤᠯᠠᠴᠢᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ | ᠬᠡᠷᠡᠭᠵᠢᠭᠦᠯᠬᠦ ᠬᠦᠷᠢᠶᠡᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ᠂ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠳᠤ ᠲᠤᠰᠬᠠᠶ ᠢᠯᠭᠠᠷᠠᠭᠤᠯᠤᠯᠲᠠ ᠬᠢᠵᠦ᠂ ᠬᠠᠮᠢᠶ᠎ᠠ ᠪᠦᠬᠦᠢ ᠠᠭᠤᠯᠭ᠎ᠠ ᠳᠤ | ᠪᠦᠲᠦᠭᠡᠯᠴᠢ ᠴᠢᠨᠠᠷᠲᠠᠶ ᠰᠠᠨᠠᠯ ᠳᠤᠷᠠᠳᠬᠤ ᠬᠡᠷᠡᠭᠲᠡᠶ᠃ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠰᠠᠭᠤᠳᠠᠯ ᠪᠣᠯᠤᠨ ᠤᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠨᠡᠶᠢᠭᠡᠮ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠤᠯᠢ ᠬᠡᠷᠡᠭᠵᠢᠭᠦᠯᠬᠦ ᠬᠦᠴᠢᠷ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠬᠠᠤᠯᠢ ᠬᠡᠷᠡᠭᠵᠢᠭᠦᠯᠬᠦ ᠲᠦᠭᠵᠢᠷᠡᠯ ᠢ | ᠨᠠᠮᠳᠠᠭᠤᠯᠵᠤ᠂ ᠬᠠᠤᠯᠢ ᠬᠡᠷᠡᠭᠵᠢᠭᠦᠯᠬᠦ ᠡᠪᠡᠷᠰᠢᠶᠡᠯ ᠢ ᠵᠠᠰᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠨᠠᠭᠰᠢᠳᠠ | ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ | ᠴᠢᠩᠳᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠬᠥᠮᠦᠨ ᠪᠠ ᠬᠡᠷᠡᠭ ᠶᠠᠪᠤᠳᠠᠯ ᠢ ᠣᠯᠵᠤ ᠦᠵᠡᠬᠦ︾ ᠶᠢ ᠪᠠᠷᠢᠮᠲᠠᠯᠠᠨ᠂ | ᠬᠠᠤᠯᠢ ᠪᠠᠷ ᠵᠠᠰᠠᠬᠤ ᠶᠢ ᠰᠢᠮᠳᠠᠭᠤᠯᠣᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠯᠲᠠ ᠲᠠᠯᠪᠢᠬᠤ ᠬᠠᠮᠵᠢᠯᠴᠠᠬᠤ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠡᠷᠡᠭᠦᠯᠦᠭᠰᠡᠨ | ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠪᠠ ᠰᠦᠪᠡᠭᠴᠢ ᠶᠢ ᠲᠣᠭᠲᠠᠭᠠᠯ ᠶᠣᠰᠣᠭᠠᠷ ᠵᠢᠷᠤᠮ | ᠶᠣᠰᠣᠭᠠᠷ ᠰᠢᠯᠵᠢᠭᠦᠯᠦᠨ ᠲᠤᠰᠢᠶᠠᠵᠤ᠂ ᠨᠠᠷᠢᠯᠢᠭ ᠣᠨᠣᠪᠴᠢᠳᠠᠢ ᠪᠠᠷ ᠬᠠᠷᠢᠭᠤᠴᠠᠯᠭ᠎ᠠ ᠨᠡᠬᠡᠮᠵᠢᠯᠡᠨ᠂ ᠲᠤᠰᠬᠠᠢ | ᠴᠡᠭᠴᠡᠯᠡᠨ ᠵᠠᠰᠠᠬᠤ ᠠᠵᠢᠯ ᠤᠨ ᠡᠷᠡᠰ ᠪᠠᠲᠤ ᠵᠣᠷᠢᠭ ᠪᠠ ᠰᠦᠷᠳᠡᠭᠦᠯᠬᠦ ᠦᠢᠯᠡᠳᠦᠯ ᠢ ᠢᠯᠡᠷᠡᠭᠦᠯᠬᠦ ᠬᠡᠷᠡᠭᠲᠡᠢ᠃ | ᠡᠭᠦᠳᠡ ᠪᠠᠨ ᠨᠡᠭᠡᠭᠡᠵᠦ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠢ ᠨᠢᠭᠲᠠ ᠠᠩᠬᠠᠷᠴᠤ᠂ ᠲᠤᠰᠬᠠᠶ ᠴᠡᠭᠴᠡᠯᠡᠨ ᠵᠠᠰᠠᠯᠲᠠ ᠳᠤ ᠣᠯᠠᠨ ᠲᠦᠮᠡᠨ ᠢ ᠣᠷᠣᠯᠴᠠᠭᠤᠯᠬᠤ᠂ | ᠣᠯᠠᠨ ᠲᠦᠮᠡᠨ ᠤ ᠬᠢᠨᠠᠯᠲᠠ ᠶᠢ ᠬᠦᠯᠢᠶᠡᠯᠭᠡᠬᠦ᠂ ᠣᠯᠠᠨ ᠲᠦᠮᠡᠨ ᠢᠶᠠᠷ ᠦᠨᠡᠯᠡᠭᠦᠯᠬᠦ ᠶᠢ ᠪᠡᠶᠡᠯᠡᠭᠦᠯᠵᠦ᠂ ᠲᠤᠰᠬᠠᠶ | ᠴᠡᠭᠴᠡᠯᠡᠨ ᠵᠠᠰᠠᠯᠲᠠ ᠶᠢᠨ ᠰᠢᠨ᠎ᠡ ᠦᠷ᠎ᠡ ᠪᠦᠲᠦᠭᠡᠯ ᠰᠢᠨ᠎ᠡ ᠦᠷ᠎ᠡ ᠪᠦᠲᠦᠮᠵᠢ ᠪᠠᠷ ᠠᠷᠠᠳ ᠲᠦᠮᠡᠨ ᠤ ᠢᠲᠡᠭᠡᠯ ᠢ | ᠣᠯᠵᠤ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠠᠤᠯᠢ | ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠵᠥᠪ ᠤᠯᠤᠰ | ᠲᠥᠷᠥ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠷᠠᠳᠢᠣ᠋ ᠨᠡᠪᠲᠡᠷᠡᠭᠦᠯᠭᠡ᠂ | ᠲᠧᠯᠸᠢᠰ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠸᠢᠴᠠᠲ᠂ ᠰᠦᠯᠵᠢᠶ᠎ᠡ᠂ ᠲᠢᠺ ᠳᠣᠺ᠂ ᠪᠤᠰᠢᠭᠤ | ᠭᠠᠷ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠪᠠᠶᠢᠷᠢᠯᠠᠭᠤᠯᠤᠯᠲᠠ ᠶᠢ | ᠭᠦᠨᠵᠡᠭᠡᠶ ᠤᠬᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠠᠬᠢᠴᠠ ᠶᠢ ᠴᠠᠭ ᠲᠤᠬᠠᠶ ᠳᠤᠨᠢ | ᠲᠤᠰᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠳᠡᠯᠭᠡᠨ | ᠦᠵᠡᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠢᠳᠡᠪᠬᠢᠲᠡᠶ ᠪᠠᠳᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |