ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠳᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/6/21
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠬᠡᠪ ᠴᠢᠨᠠᠷ ᠢᠶᠠᠷ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠠᠷᠢᠭᠤᠨ ᠴᠢᠬᠡᠴᠢ ᠪᠥᠭᠡᠳ ᠥᠨᠳᠥᠷ ᠪᠦᠲᠦᠮᠵᠢᠲᠡᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠲᠦᠷᠬᠡᠨ ᠪᠠᠶᠢᠭᠤᠯᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠦᠨᠡᠨᠬᠦ ᠪᠠᠲᠤᠯᠠᠬᠤ ᠪᠠ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠷᠤᠭᠰᠢ ᠬᠥᠭᠵᠢᠭᠦᠯᠬᠦ ᠶᠢ ᠠᠬᠢᠭᠤᠯᠬᠤ ᠶᠢᠨ ᠲᠤᠰᠠᠳᠠ᠂ ︽ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ  ᠤ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠬᠦ ᠲᠤᠬᠠᠢ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠲᠥᠪ ᠬᠠᠤᠯᠢ ᠠᠯᠪᠠᠨ ᠲᠠᠷᠬᠠᠭᠠᠭᠰᠠᠨ ᠢᠯᠡ ᠴᠠᠬᠢᠯᠭᠠᠨ ᠮᠡᠳᠡᠭᠡ  ︵2023  ﹇1﹈ ᠳ᠋ᠣᠭᠡᠷ ᠲᠣᠭᠠᠲᠤ︶ ᠪᠣᠯᠤᠨ ︽︿ᠥᠪᠥᠷ ᠮᠣᠩᠭᠤᠯ ᠣᠨ ᠥᠪᠡᠷᠲᠡᠭᠡᠨ ᠵᠠᠰᠠᠭ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠤ ᠳᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠭ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 2002 ﹇10﹈  ᠳ᠋ᠣᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ  ᠳᠣᠰᠬᠠᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠬᠠᠭᠠᠭᠰᠠᠨ 2023 ﹇137﹈ ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 3 ᠰᠠᠷ᠎ᠠ ᠠᠴᠠ 10 ᠰᠠᠷ᠎ᠠ ᠪᠣᠯᠲᠠᠯ᠎ᠠ᠂ ᠪᠥᠬᠦ ᠠᠶᠢᠮᠠᠭ ᠤᠨ ᠬᠡᠪᠴᠢᠶᠡᠨ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ︵ᠳᠣᠷᠣᠭᠰᠢ ᠲᠤᠰᠬᠠᠶ ᠴᠡᠭᠴᠡᠯᠡᠨ ᠵᠠᠰᠠᠬᠤ ᠭᠡᠵᠦ ᠲᠣᠪᠴᠢᠯᠠᠨ᠎ᠠ︶ ᠠᠵᠢᠯ ᠢ ᠥᠷᠨᠢᠭᠦᠯᠦᠨ᠎ᠡ᠂ ᠡᠳᠦᠭᠡ ᠳᠣᠣᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃       ᠨᠢᠭᠡ᠂ ᠠᠵᠢᠯ ᠤᠨ ᠬᠠᠷᠠᠯᠲᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠠᠵᠢᠯ ᠤᠨ ᠪᠥᠬᠦ ᠶᠠᠪᠤᠴᠠ ᠪᠠ ᠡᠯ᠎ᠡ ᠭᠤᠭᠴᠤᠭ᠎ᠠ ᠳᠤ ᠳᠣᠣᠱᠯᠠᠭᠤᠯᠵᠦ᠂ ᠬᠠᠤᠯᠢ ᠪᠠᠷ ᠵᠠᠰᠠᠬᠤ ᠨᠢ ᠠᠷᠠᠳ ᠤᠨ ᠲᠥᠯᠥᠭᠡ ᠭᠡᠬᠦ ᠣᠶᠢᠯᠠᠭᠠᠭᠳᠠᠬᠤᠨ ᠢ ᠦᠢᠯᠡᠳᠦᠯᠬᠡᠵᠢᠬᠦᠯᠬᠦ᠂ ᠬᠠᠤᠯᠢ ᠬᠡᠷᠡᠭᠵᠢᠭᠦᠯᠬᠦ ᠠᠷᠬᠠᠭ ᠬᠡᠮ ᠢ ᠴᠡᠭᠴᠡᠯᠡᠨ ᠵᠠᠰᠠᠬᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠬᠦᠴᠦᠲᠡᠶ ᠪᠦᠲᠦᠮᠵᠢᠲᠡᠶ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠰᠤᠷᠲᠠᠯ ᠤᠨ ᠪᠣᠶ ᠪᠣᠯᠭᠠᠬᠤ ᠶᠢ ᠴᠢᠩᠭᠠᠳᠬᠠᠵᠤ᠂ ᠬᠡᠪ ᠴᠢᠨᠠᠷ ᠳᠦᠷᠢ ᠲᠥᠷᠬᠦ ᠶᠢ ᠳᠡᠭᠡᠭᠰᠢᠯᠡᠭᠦᠯᠵᠦ᠂ ᠵᠣᠷᠢᠯᠲᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠰᠢᠨᠡᠳᠬᠡᠵᠦ ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠨᠢᠭᠲᠠ ᠴᠢᠩᠭ᠎ᠠ ᠵᠢᠷᠤᠮᠵᠢᠯ ᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠪᠠᠲᠤᠯᠠᠭ᠎ᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠤᠯᠤᠰ ᠲᠥᠷᠥ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠵᠦ᠂ ᠠᠵᠢᠯ ᠡᠷᠭᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠦᠢᠴᠡᠳ ᠪᠠᠲᠤᠯᠠᠵᠤ᠂ ᠠᠷᠠᠳ ᠣᠯᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠶᠢ ᠬᠥᠲᠥᠯᠥᠨ ᠵᠢᠯᠣᠭᠤᠳᠣᠨ᠎ᠠ᠃      ᠬᠤᠶᠠᠷ᠂ ᠭᠤᠣᠯᠳᠠᠯᠭ᠎ᠠ ᠲᠠᠢ ᠠᠭᠤᠯᠭ᠎ᠠ      ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠬᠡᠯᠡᠯᠴᠡᠭᠡ ᠶᠡᠬᠡᠲᠡᠶ᠂ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠢᠵᠠᠭᠠᠷᠯᠠᠵᠤ ᠪᠠᠶᠢᠭ᠎ᠠ ᠲᠦᠭᠵᠢᠷᠡᠯ᠂ ᠬᠠᠤᠯᠢ ᠬᠡᠷᠡᠭᠵᠢᠭᠦᠯᠬᠦ ᠶᠢ ᠬᠠᠷᠰᠢᠯᠠᠵᠤ ᠬᠢᠨᠠᠯᠲᠠ ᠲᠠᠯᠪᠢᠬᠤ ᠪᠠᠶᠢᠭᠤᠯᠤᠯ ᠢ ᠬᠠᠷᠰᠢᠯᠠᠵᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠷᠠᠭᠤᠯᠬᠤ ᠴᠢᠨᠠᠷ᠂ ᠰᠡᠷᠡᠮᠵᠢᠯᠡᠭᠦᠯᠬᠦ ᠴᠢᠨᠠᠷ᠂ ᠤᠳᠤᠷᠢᠳᠤᠮᠵᠢ ᠶᠢᠨ ᠴᠢᠨᠠᠷ ᠢ ᠪᠠᠷᠢᠮᠲᠠᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠢᠯᠭᠠᠷᠠᠭᠤᠯᠵᠤ᠂ ᠵᠠᠯᠠᠷᠠᠭᠤᠯᠵᠤ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠤᠨ᠂ ᠶᠠᠰᠤ ᠶᠢ ᠨᠢ ᠬᠤᠰᠤᠵᠤ ᠬᠤᠤᠷ ᠢ ᠨᠢ ᠠᠷᠢᠯᠭᠠᠨ᠂ ᠠᠷᠠᠳ ᠣᠯᠠᠨ ᠪᠣᠯᠤᠨ ᠠᠵᠢᠯ ᠡᠷᠭᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠰᠢᠨᠡᠴᠢᠯᠡᠬᠦ‍ ᠨᠢᠭᠡ ᠤᠳᠠᠭᠠᠨ ᠤ ᠰᠢᠪᠲᠤᠯᠤᠯᠲᠠ ᠶᠢᠨ ᠳᠠᠶᠢᠯᠠᠯᠳᠤᠭᠠᠨ ᠢ ᠬᠢᠬᠦ ᠬᠡᠷᠡᠭᠲᠡᠶ᠃     ︵ᠨᠢᠭᠡ︶ ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ ᠠᠰᠠᠭᠤᠳᠠᠯ᠃ ᠲᠣᠷᠭᠠᠬᠤ ᠪᠠ ᠬᠤᠷᠢᠶᠠᠵᠤ ᠠᠪᠬᠤ ᠬᠦᠢᠴᠡᠳᠭᠡᠯ ᠲᠤᠭ᠎ᠠ᠂ ᠬᠠᠤᠯᠢ ᠬᠡᠷᠡᠭᠵᠢᠭᠦᠯᠬᠦ ᠲᠤᠭ᠎ᠠ ᠬᠡᠮᠵᠢᠶ᠎ᠡ ᠶᠢ ᠬᠢᠨᠠᠨ ᠰᠢᠯᠭᠠᠬᠤ ᠬᠦᠢᠴᠡᠳᠭᠡᠯ ᠲᠤᠭ᠎ᠠ᠂ ᠭᠠᠶᠢᠯᠢ ᠶᠢᠨ ᠪᠤᠰᠤ ᠣᠷᠣᠯᠭ᠎ᠠ ᠶᠢᠨ ᠡᠭᠦᠷᠭᠡ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ  ᠰᠦᠢᠳᠬᠡᠯ ᠬᠤᠷᠢᠶᠠᠬᠤ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠲᠣᠷᠭᠠᠬᠤ ᠪᠠ ᠲᠤᠰᠢᠶᠠᠬᠤ ᠶᠢ ᠰᠠᠯᠭᠠᠬᠤ ᠲᠦᠷᠢᠮ᠂ ᠠᠰᠢᠭ ᠬᠠᠷᠠᠬᠤ ᠴᠢᠨᠠᠷᠲᠠᠶ ᠬᠠᠤᠯᠢ ᠬᠡᠷᠡᠭᠵᠢᠭᠦᠯᠦᠯᠲᠡ᠂ ᠰᠣᠩᠭᠤᠯᠲᠠ ᠶᠢᠨ ᠴᠢᠨᠠᠷᠲᠠᠶ ᠬᠠᠤᠯᠢ ᠬᠡᠷᠡᠭᠵᠢᠭᠦᠯᠦᠯᠲᠡ᠂ ᠲᠣᠭᠲᠠᠭᠠᠯ ᠠᠴᠠ ᠵᠥᠷᠢᠴᠡᠨ ᠡᠯᠧᠺᠲᠷᠣᠨ ᠬᠢᠨᠠᠨ ᠡᠵᠡᠮᠳᠡᠬᠦ ᠰᠢᠰᠲ᠋ᠧᠮ ᠪᠠᠶᠢᠭᠤᠯᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶     ︵ᠬᠤᠶᠠᠷ︶ ᠬᠠᠤᠯᠢ ᠬᠡᠷᠡᠭᠵᠢᠭᠦᠯᠬᠦ ᠳᠡᠭᠡᠨ ᠵᠢᠷᠤᠮᠵᠢᠯ ᠦᠭᠡᠢ ᠪᠠᠶᠢᠬᠤ ᠠᠰᠠᠭᠤᠳᠠᠯ᠃ ᠴᠢᠯᠥᠭᠡᠲᠦ ᠲᠠᠰᠤᠯᠤᠯᠲᠠ ᠶᠢᠨ ᠡᠷᠬᠡ ᠶᠢ ᠳᠤᠷ᠎ᠠ ᠪᠠᠷ ᠬᠡᠷᠡᠭᠯᠡᠬᠦ᠂ ᠠᠳᠠᠯᠢ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠦᠷᠢᠶᠡᠴᠢᠯᠡᠭᠰᠡᠨ ᠰᠢᠳᠬᠡᠯ ᠲᠣᠷᠭᠠᠭᠤᠯᠢ ᠶᠢ ᠬᠡᠷᠡᠭᠵᠢᠭᠦᠯᠬᠦ᠂ ᠳᠤᠷ᠎ᠠ ᠪᠠᠷ ᠢᠶᠠᠨ ᠵᠠᠮ ᠤᠨ ᠬᠤᠷᠢᠭ᠎ᠠ ᠲᠠᠯᠪᠢᠬᠤ᠂ ᠲᠡᠷᠭᠡ ᠬᠠᠰᠢᠵᠤ ᠲᠡᠷᠭᠡ ᠬᠠᠰᠤᠬᠤ᠂ ᠳᠤᠷ᠎ᠠ ᠵᠣᠷᠢᠭ ᠢᠶᠠᠷ ᠢᠶᠠᠨ ᠪᠠᠶᠢᠴᠠᠭᠠᠯᠲᠠ ᠬᠢᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠭᠡᠷᠡᠴᠢ ᠪᠠᠷᠢᠮᠲᠠ ᠶᠢ ᠳᠡᠩᠰᠡᠯᠡᠨ ᠬᠠᠳᠠᠭᠠᠯᠠᠬᠤ ᠠᠷᠭ᠎ᠠ ᠬᠡᠮᠵᠢᠶ᠎ᠡ ᠶᠢ ᠳᠤᠷ᠎ᠠ ᠪᠠᠷ ᠬᠡᠷᠡᠭᠯᠡᠬᠦ᠂ ᠬᠠᠤᠯᠢ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠶᠢ ᠬᠢᠵᠠᠭᠠᠷᠯᠠᠨ ᠬᠤᠷᠳᠤᠴᠠ ᠶᠢ ᠬᠢᠵᠠᠭᠠᠷᠯᠠᠵᠤ ᠵᠠᠮ ᠬᠠᠷᠢᠯᠴᠠᠭ᠎ᠠ ᠶᠢ ᠨᠥᠯᠥᠭᠡᠯᠡᠬᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠥᠷᠲᠡᠭᠡ ︵ᠴᠡᠭ︶ ᠶᠢᠨ ᠠᠵᠢᠯᠯᠠᠭᠠᠨ ᠨᠢ ᠵᠢᠷᠤᠮᠵᠢᠯ ᠥᠬᠡᠶ ᠪᠠᠶᠢᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶     ︵ᠭᠤᠷᠪᠠ︶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠨᠢ ᠳᠥᠭᠦᠮ ᠬᠥᠰᠢᠭᠦᠨ ᠪᠠᠶᠢᠬᠤ ᠠᠰᠠᠭᠤᠳᠠᠯ᠃ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠬᠠᠤᠯᠢ ᠬᠡᠷᠡᠭᠵᠢᠭᠦᠯᠬᠦ᠂ ᠬᠥᠳᠡᠯᠭᠡᠭᠡᠨ ᠤ ᠮᠠᠶ᠋ᠢᠭ ᠢᠶᠠᠷ ᠬᠠᠤᠯᠢ ᠬᠡᠷᠡᠭᠵᠢᠭᠦᠯᠬᠦ᠂ ᠬᠡᠲᠦᠷᠡᠲᠡᠯ᠎ᠡ ᠬᠠᠤᠯᠢ ᠬᠡᠷᠡᠭᠵᠢᠭᠦᠯᠬᠦ᠂ ᠬᠦᠨᠳᠦ ᠴᠣᠬᠢᠯᠲᠠ ᠥᠭᠬᠦ᠂ ᠬᠥᠮᠦᠨ ᠤ ᠡᠷᠬᠡ ᠶᠢᠨ ᠪᠠᠲᠤᠯᠠᠭ᠎ᠠ ᠶᠢ ᠬᠥᠩᠭᠡᠪᠴᠢᠯᠡᠬᠦ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠷᠭᠡ ᠬᠥᠰᠬᠡ ᠶᠢᠨ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠲᠣᠷᠭᠠᠬᠤ ᠪᠠᠷ ᠪᠠᠭᠤᠯᠭᠠᠬᠤ ᠶᠢ ᠣᠷᠣᠯᠠᠭᠤᠯᠬᠤ ᠶᠢ ᠵᠠᠰᠠᠬᠤ᠂ ᠬᠠᠤᠯᠢ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠥᠯᠥ ᠥᠭᠬᠦ ᠲᠣᠭᠲᠠᠭᠠᠯ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶     ︵ᠲᠦᠷᠪᠡ︶ ᠬᠠᠤᠯᠢ ᠬᠡᠷᠡᠭᠵᠢᠭᠦᠯᠦᠯᠲᠡ ᠶᠢᠨ ᠪᠦᠳᠦᠭᠦᠯᠢᠭ ᠪᠠᠶᠢᠬᠤ ᠠᠰᠠᠭᠤᠳᠠᠯ᠃ ᠲᠣᠷᠭᠠᠬᠤ ᠶᠢ ᠴᠢᠬᠤᠯᠠᠴᠢᠯᠠᠬᠤ᠂ ᠰᠤᠷᠭᠠᠨ ᠬᠥᠮᠦᠵᠢᠭᠦᠯᠬᠦ ᠶᠢ ᠬᠥᠩᠭᠡᠪᠴᠢᠯᠡᠬᠦ᠂ ᠪᠤᠷᠤᠭᠤ ᠶᠢ ᠵᠠᠯᠠᠷᠠᠭᠤᠯᠬᠤ ᠶᠢ ᠬᠥᠩᠭᠡᠪᠴᠢᠯᠡᠬᠦ᠂ ᠦᠢᠯᠡᠴᠢᠯᠡᠬᠦ ᠶᠢ ᠬᠥᠩᠭᠡᠪᠴᠢᠯᠡᠬᠦ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠨᠢᠭᠡ ᠯᠡ ᠳᠡᠭᠡᠷ᠎ᠡ ᠲᠣᠷᠭᠠᠬᠤ᠂ ᠵᠥᠪᠲᠦᠭᠡᠬᠦ ᠶᠢ ᠰᠣᠨᠣᠰᠬᠤ ᠦᠭᠡᠶ᠂ ᠤᠴᠢᠷ ᠰᠢᠯᠲᠠᠭᠠᠨ ᠢ ᠨᠢ ᠠᠰᠠᠭᠤᠬᠤ ᠦᠭᠡᠶ ᠪᠠᠶᠢᠬᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠲᠣᠭᠠᠴᠢᠬᠤ ᠡᠷᠬᠡ᠂ ᠵᠥᠪᠲᠦᠭᠡᠬᠦ ᠡᠷᠬᠡ ᠶᠢ ᠬᠤᠬᠢᠷᠠᠭᠤᠯᠬᠤ᠂ ᠭᠡᠷᠡᠴᠢᠯᠡᠭᠡ ᠰᠣᠨᠣᠰᠬᠤ ᠡᠷᠬᠡ ᠳᠤᠷᠠᠳᠬᠤ᠂ ︽ᠰᠢᠯᠲᠠᠭᠯᠠᠬᠤ︾ ᠮᠠᠶ᠋ᠢᠭ ᠢᠶᠠᠷ ᠬᠠᠤᠯᠢ ᠬᠡᠷᠡᠭᠵᠢᠭᠦᠯᠬᠦ᠂ ᠣᠯᠠᠨ ᠲᠦᠮᠡᠨ ᠳᠤ ︽ᠬᠦᠢᠲᠡᠨ ᠢᠶᠠᠷ ᠬᠠᠨᠳᠣᠬᠤ᠂ ᠲᠦᠯᠬᠢᠬᠦ︾᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠴᠢᠨᠠᠭᠰᠢᠯᠠᠪᠠᠯ ᠬᠦᠴᠦᠷᠬᠡᠭᠯᠡᠯ ᠢᠶᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶       ︵ᠲᠠᠪᠤ︶ ᠬᠠᠤᠯᠢ ᠬᠡᠷᠡᠭᠵᠢᠭᠦᠯᠬᠦ ᠳᠤ ︽ᠬᠤᠪᠢ ᠶᠢᠨ ᠠᠰᠢᠭ ᠬᠥᠭᠡᠭᠡᠴᠡᠯᠳᠦᠬᠦ︾ ᠠᠰᠠᠭᠤᠳᠠᠯ᠃ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠨᠠᠶᠢᠷ ᠬᠠᠷᠠᠵᠤ ᠬᠠᠤᠯᠢ ᠴᠠᠭᠠᠵᠠ ᠶᠢ ᠭᠠᠵᠢᠭᠤᠳᠠᠭᠤᠯᠬᠤ ᠂ ᠡᠷᠬᠡ ᠪᠠᠨ ᠠᠰᠢᠭᠯᠠᠨ ᠠᠮᠢ ᠬᠤᠪᠢ ᠪᠠᠨ ᠪᠣᠷᠳᠣᠵᠤ ᠨᠠᠶᠢᠷ ᠲᠠᠯ᠎ᠠ ᠬᠠᠷᠠᠵᠤ ᠬᠡᠷᠡᠭ ᠰᠢᠢᠳᠪᠦᠷᠢᠯᠡᠬᠦ᠂ ᠬᠠᠷᠢᠴᠠᠭ᠎ᠠ ᠬᠤᠯᠪᠣᠭ᠎ᠠ ᠪᠠᠷ ᠬᠡᠷᠡᠭ ᠰᠢᠢᠳᠪᠦᠷᠢᠯᠡᠬᠦ᠂ ᠵᠣᠭᠤᠰ ᠮᠥᠩᠭᠦ ᠠᠪᠴᠤ ᠬᠡᠷᠡᠭ ᠰᠢᠢᠳᠪᠦᠷᠢᠯᠡᠬᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠠᠤᠯᠢ ᠪᠤᠰᠤ ᠵᠠᠭᠤᠴᠢ ᠵᠢᠴᠢ ᠲᠤᠰᠠᠯᠠᠬᠤ ᠬᠠᠤᠯᠢ ᠬᠡᠷᠡᠭᠵᠢᠭᠦᠯᠬᠦ ᠠᠵᠢᠯᠳᠠᠨ ᠤ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠤᠭᠰᠠᠨ ᠢᠶᠠᠷ ᠬᠦᠷᠦᠯᠴᠡᠬᠦ ᠦᠭᠡᠢ᠂ ︽ᠠᠷᠠᠯ ᠤᠨ ᠱᠠᠷ︾ ᠲᠠᠢ ᠰᠥᠯᠪᠡᠭᠡᠯᠳᠦᠨ ᠬᠡᠭᠡᠯᠢ ᠬᠠᠭ᠋ᠤᠤᠯᠢ ᠠᠪᠬᠤ᠂ ᠳᠤᠷ᠎ᠠ ᠪᠠᠷ ᠢᠶᠠᠨ ᠲᠡᠷᠭᠡ ᠬᠥᠰᠬᠡ ᠲᠠᠯᠪᠢᠬᠤ᠂ ︽ᠵᠣᠭᠤᠰ ᠤᠨ ᠡᠷᠬᠡ ᠶᠢᠨ ᠠᠷᠠᠯᠵᠢᠶ᠎ᠠ︾ ᠬᠢᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠴᠡ᠄ ᠲᠣᠪᠴᠢᠶ᠎ᠠ ᠶᠢᠨ ᠠᠮᠤᠷ ᠲᠦᠪᠰᠢᠨ ᠤ ᠬᠠᠤᠯᠢ ᠲᠣᠭᠲᠠᠭᠠᠯ ᠤᠨ ᠰᠠᠯᠠᠭ᠎ᠠ᠂ ᠵᠠᠰᠠᠮᠠᠯ ᠵᠠᠮ ᠤᠨ ᠰᠠᠯᠠᠭ᠎ᠠ᠂ ᠲᠡᠭᠡᠭᠡᠪᠦᠷᠢ ᠶᠢᠨ ᠦᠢᠯᠡᠴᠢᠯᠡᠬᠡᠨ ᠤ ᠰᠠᠯᠠᠭ᠎ᠠ᠂ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ︶     ᠭᠤᠷᠪᠠ᠂ ᠠᠯᠬᠤᠮ ᠳᠠᠷᠠᠭ᠎ᠠ ᠶᠢᠨ ᠲᠣᠬᠢᠷᠠᠭᠤᠯᠤᠯᠲᠠ     ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠨᠢ 2023 ᠣᠨ ᠤ 3 ᠰᠠᠷ᠎ᠠ ᠠᠴᠠ ᠡᠬᠢᠯᠡᠵᠦ᠂ 10 ᠰᠠᠷ᠎ᠠ ᠶᠢᠨ ᠰᠡᠭᠦᠯᠴᠢ ᠪᠣᠯᠲᠠᠯ᠎ᠠ ᠦᠨᠳᠦᠰᠦᠨ ᠳᠡᠭᠡᠨ ᠳᠠᠭᠤᠰᠴᠤ᠂ ᠪᠠᠶᠢᠷᠢᠯᠠᠭᠤᠯᠤᠯᠲᠠ ᠳᠠᠶᠢᠴᠢᠯᠠᠯᠲᠠ᠂ ᠥᠪᠡᠷ ᠢ ᠪᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ ᠳᠡᠭᠡᠭᠰᠢᠯᠡᠭᠦᠯᠬᠦ ᠵᠡᠷᠭᠡ ᠳᠥᠷᠪᠡᠨ ᠱᠠᠲᠤ ᠦᠶ᠎ᠡ ᠬᠤᠪᠢᠶᠠᠨ ᠶᠠᠪᠣᠭᠳᠠᠨ᠎ᠠ᠃     ︵ᠨᠢᠭᠡ︶ ᠪᠠᠶᠢᠷᠢᠯᠠᠭᠤᠯᠤᠨ ᠳᠠᠶᠢᠴᠢᠯᠠᠬᠤ ︵3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ︶᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠵᠢᠭᠠᠪᠤᠷᠢ ᠠᠪᠴᠤ ᠬᠠᠷᠢᠭᠤ ᠮᠡᠳᠡᠭᠦᠯᠬᠦ᠂ ᠵᠣᠬᠢᠴᠠᠭᠤᠯᠤᠨ ᠬᠠᠷᠢᠯᠴᠠᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠨᠢ ᠠᠷᠭ᠎ᠠ ᠲᠠᠢ᠂ ᠵᠢᠯᠣᠭᠤᠳᠣᠯᠭ᠎ᠠ ᠨᠢ ᠬᠦᠴᠦᠲᠡᠶ᠂ ᠰᠢᠮᠳᠠᠭᠤᠯᠤᠨ ᠰᠠᠶᠢᠵᠢᠷᠠᠭᠤᠯᠤᠭᠰᠠᠨ ᠨᠢ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠲᠤᠰᠬᠠᠶ ᠠᠩᠭᠢ ᠵᠣᠬᠢᠶᠠᠨ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠠᠶ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠤᠨ ᠡᠬᠡ ᠳᠠᠩᠰᠠ ᠪᠠᠶᠢᠭᠤᠯᠤᠨ᠂ ᠠᠵᠢᠯ ᠤᠨ ᠠᠷᠭ᠎ᠠ ᠮᠠᠶ᠋ᠢᠭ᠂ ᠠᠵᠢᠯ ᠤᠨ ᠦᠷ᠎ᠡ ᠪᠦᠲᠦᠭᠡᠯ ᠪᠣᠯᠤᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠪᠡᠶᠡᠯᠡᠭᠦᠯᠬᠦ ᠴᠠᠭ ᠬᠤᠭᠤᠴᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠴᠡᠭᠴᠡᠯᠡᠨ ᠵᠠᠰᠠᠬᠤ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠲᠠᠢ ᠬᠠᠷᠭᠤᠭᠤᠯᠵᠤ᠂ ᠲᠤᠰ ᠨᠢᠬᠡᠴᠡ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠲᠤᠰᠬᠠᠢ ᠪᠠᠶᠢᠷᠢᠯᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃      ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠪᠣᠳᠠᠲᠠᠶ ᠬᠡᠷᠡᠭᠵᠢᠭᠦᠯᠬᠦ ᠲᠥᠰᠦᠯ ᠢ 3 ᠳ᠋ᠤᠭᠠᠷ ᠰᠠᠷ᠎ᠠ ᠶᠢᠨ 27 ᠤ ᠡᠳᠦᠷ ᠠᠴᠠ ᠡᠮᠦᠨ᠎ᠡ ᠠᠶᠢᠮᠠᠭ ᠤᠨ ᠲᠣᠪᠴᠢᠶ᠎ᠠ ︵1 ᠬᠤᠪᠢᠳᠠᠨ ᠬᠠᠮᠢᠶᠠᠷᠬᠤ ᠤᠳᠤᠷᠢᠳᠤᠯᠭ᠎ᠠ᠂ 1 ᠬᠠᠷᠢᠯᠴᠠᠬᠤ ᠠᠵᠢᠯᠲᠠᠨ ᠢ ᠵᠡᠷᠭᠡ ᠳᠤ ᠨᠢ ᠮᠡᠳᠡᠭᠦᠯᠦᠨ ᠬᠦᠷᠭᠡᠵᠦ ︶᠂ ᠳᠠᠶᠢᠴᠢᠯᠠᠯᠲᠠ ᠪᠠᠶᠢᠷᠢᠯᠠᠭᠤᠯᠤᠯᠲᠠ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠰᠤᠷᠤᠯᠴᠠᠯᠭ᠎ᠠ ᠬᠥᠮᠦᠵᠢᠯ᠂ ᠠᠰᠠᠭᠤᠳᠠᠯ ᠢ ᠪᠠᠶᠢᠴᠠᠭᠠᠨ ᠳᠡᠯᠭᠡᠬᠦ᠂ ᠰᠦᠪᠡᠭᠴᠢ ᠶᠢ ᠴᠤᠭᠯᠠᠭᠤᠯᠬᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠤᠨ ᠪᠠᠶᠢᠴᠠᠭᠠᠬᠤ ᠶᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠶᠢᠨ ᠬᠠᠮᠲᠤ ᠦᠨᠡᠨ ᠬᠦ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠠᠵᠢᠯ ᠤᠨ ᠲᠣᠪᠴᠢ ᠮᠡᠳᠡᠭᠡ ᠶᠢᠨ ᠳᠦᠷᠢᠮ ᠢ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠬᠤᠭᠤᠴᠠᠭᠠᠨ ᠳᠤ ᠭᠠᠷᠠᠭ ᠪᠦᠷᠢ ᠠᠳᠠᠭ ᠲᠠᠭᠠᠨ 1 ᠬᠤᠭᠤᠴᠠᠭᠠᠨ ᠤ ᠠᠵᠢᠯ ᠤᠨ ᠲᠣᠪᠴᠢ ᠮᠡᠳᠡᠭᠡ ᠶᠢ ᠮᠡᠳᠡᠭᠦᠯᠦᠨ ᠬᠦᠷᠭᠡᠬᠦ ᠬᠡᠷᠡᠭᠲᠡᠶ᠃     ︵ᠬᠤᠶᠠᠷ︶ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ︵3 ᠳ᠋ᠤᠭᠠᠷ ᠰᠠᠷ᠎ᠠ ᠶᠢᠨ ᠳᠤᠮᠳᠠᠴᠢ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶   ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 3 ᠰᠠᠷ᠎ᠠ ᠶᠢᠨ 27 ᠤ ᠡᠳᠦᠷ ᠠᠴᠠ ᠡᠮᠦᠨ᠎ᠡ ᠨᠡᠶᠢᠭᠡᠮ ᠨᠡᠶᠢᠲᠡ ᠳᠤ ᠲᠤᠰᠬᠠᠶ ᠴᠡᠭᠴᠡᠯᠡᠨ ᠵᠠᠰᠠᠬᠤ ᠵᠠᠷᠯᠠᠯ ᠨᠡᠶᠢᠲᠡᠯᠡᠵᠦ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠬᠢᠨᠠᠮᠠᠭᠠᠶ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠠᠵᠢᠯ ᠳᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠬᠦ ᠬᠡᠷᠡᠭᠲᠡᠶ᠃ ᠲᠦᠷᠢᠮ ᠲᠣᠭᠲᠠᠭᠠᠯ ᠵᠦᠶ ᠵᠣᠬᠢᠰ ᠥᠬᠡᠶ᠂ ᠬᠠᠤᠯᠢ ᠬᠡᠷᠡᠭᠵᠢᠭᠦᠯᠦᠭᠰᠡᠨ ᠨᠢ ᠵᠢᠷᠤᠮᠵᠢᠯ ᠥᠬᠡᠶ᠂ ᠲᠥᠪ ᠭᠤᠤᠯᠴᠢ ᠪᠤᠰᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠷᠬᠠᠭ ᠬᠡᠮ ᠤᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠳᠤ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠤᠨ ᠰᠦᠪᠡᠭᠴᠢ ᠶᠢ ᠪᠥᠬᠦ ᠲᠠᠯ᠎ᠠ ᠪᠠᠷ ᠲᠣᠳᠣᠷᠬᠠᠶᠢᠯᠠᠬᠤ ᠬᠡᠷᠡᠭᠲᠡᠶ᠃ ᠢᠯᠡ ᠴᠢᠨᠠᠷᠲᠠᠶ ᠠᠰᠠᠭᠤᠳᠠᠯ ᠪᠠ ᠦᠨᠳᠦᠰᠦ ᠰᠤᠷᠪᠤᠯᠵᠢ ᠶᠢᠨ ᠠᠰᠠᠭᠤᠳᠠᠯ ᠢ ᠨᠢᠭᠡ ᠴᠣᠭᠴᠠᠵᠢᠭᠤᠯᠤᠨ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ᠂ ᠭᠠᠳᠠᠭᠠᠳᠤ ᠰᠦᠪᠡᠭᠴᠢ ᠶᠢ   ᠰᠢᠮᠳᠠᠭᠤᠯᠣᠨ ᠪᠠᠶᠢᠴᠠᠭᠠᠬᠤ᠂ ᠭᠤᠤᠯᠳᠠᠯᠭ᠎ᠠ ᠲᠠᠢ ᠠᠰᠠᠭᠤᠳᠠᠯ ᠢ ᠭᠦᠨᠵᠡᠭᠡᠶ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠠᠰᠠᠭᠤᠳᠠᠯ ᠤᠨ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠠᠨᠢᠯᠲᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠵᠠᠳᠠᠯᠤᠨ ᠰᠢᠨᠵᠢᠬᠦ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠶ᠃ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠤᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ᠂ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠬᠢᠨᠠᠯᠲᠠ ᠲᠠᠯᠪᠢᠬᠤ ᠤᠲᠠᠰᠤ᠂ ᠲᠠᠬᠢᠨ ᠵᠥᠪᠯᠡᠬᠦ᠂ ᠵᠠᠭᠠᠯᠳᠤᠬᠤ ᠵᠡᠷᠭᠡ ᠠᠷᠭ᠎ᠠ ᠵᠠᠮ ᠢ ᠶᠡᠷᠦᠩᠬᠡᠶᠢᠯᠡᠨ ᠬᠡᠷᠡᠭᠯᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠰᠦᠪᠡᠭᠴᠢ ᠶᠢᠨ ᠢᠷᠡᠯᠳᠡ ᠶᠢᠨ ᠠᠷᠭ᠎ᠠ ᠵᠠᠮ ᠢ ᠥᠷᠭᠡᠳᠬᠡᠵᠦ᠂ ᠵᠢᠯᠣᠭᠤᠴᠢ ᠪᠠ ᠠᠶᠠᠨᠴᠢᠳ᠂ ᠠᠵᠢᠯ ᠡᠷᠬᠢᠯᠡᠭᠰᠡᠳ ᠪᠠ ᠨᠡᠶᠢᠭᠡᠮ ᠤᠨ ᠡᠯ᠎ᠡ ᠡᠲᠡᠭᠡᠳ ᠤᠨ ᠤᠯᠠᠨ ᠲᠦᠮᠡᠨ ᠤ ᠲᠤᠰᠬᠠᠯ ᠵᠢᠴᠢ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃     ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠠᠷᠪᠠ ᠬᠤᠨᠤᠭ ᠢᠶᠠᠷ ᠳᠣᠭᠢᠷᠠᠭᠤᠯᠵᠤ᠂ ᠰᠠᠷ᠎ᠠ ᠪᠦᠷᠢ ᠶᠢᠨ 1 ᠤ ᠡᠳᠦᠷ ᠠᠴᠠ ᠡᠮᠦᠨ᠎ᠡ ᠲᠣᠪᠴᠢᠶ᠎ᠠ ᠳᠤ ᠳᠡᠭᠡᠷ᠎ᠡ ᠰᠠᠷ᠎ᠠ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ᠂ ᠭᠤᠤᠯᠳᠠᠯᠭ᠎ᠠ ᠲᠠᠢ ᠡᠭᠦᠷᠭᠡ ᠶᠢᠨ ᠲᠣᠬᠢᠷᠠᠭᠤᠯᠤᠯᠲᠠ ᠶᠢᠨ ᠡᠬᠡ ᠲᠠᠩᠰᠠ ︵ᠳᠠᠭᠠᠯᠳᠤᠭᠤᠯᠤᠯ 2︶ ᠪᠠ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ︵ᠳᠠᠭᠠᠯᠳᠤᠭᠤᠯᠤᠯ 3︶ ᠶᠢ ᠬᠠᠮᠲᠤ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃     ︵ᠭᠤᠷᠪᠠ︶ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ︵7 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶᠃ ᠡᠯ᠎ᠡ ᠬᠤᠰᠢᠭᠤ  ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠳᠠᠷᠤᠯᠲᠠ ᠶᠢ ᠳᠠᠮᠵᠢᠭᠤᠯᠬᠤ ᠪᠠᠨ ᠴᠢᠩᠭᠠᠳᠬᠠᠵᠤ᠂ ︽ᠡᠴᠦᠰ ᠲᠤᠨᠢ ᠲᠤᠯᠲᠠᠯ᠎ᠠ ᠠᠳᠬᠤᠬᠤ︾᠂ ︽ᠬᠢᠲᠤᠭᠠᠨ ᠢᠷ ᠢ ᠳᠣᠲᠣᠭᠰᠢ ᠬᠠᠨᠳᠤᠭᠤᠯᠬᠤ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ  ᠨᠢᠭᠡᠴᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠬᠦᠷᠦᠯᠴᠡᠬᠦ ᠥᠬᠡᠶ ᠲᠠᠯ᠎ᠠ ᠶᠢ ᠵᠠᠳᠠᠯᠵᠤ ᠰᠤᠳᠤᠯᠤᠨ ᠮᠠᠭᠠᠳᠯᠠᠵᠤ᠂ ᠲᠤᠰᠬᠠᠶ ᠴᠡᠭᠴᠡᠯᠡᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠶ᠂ ᠴᠢᠩᠭ᠎ᠠ ᠨᠢᠮᠪᠠᠶ ᠦᠷᠭᠦᠯᠵᠢᠯᠡᠨ ᠠᠬᠢᠭᠤᠯᠬᠤ ᠬᠡᠷᠡᠭᠲᠡᠶ᠃ ᠴᠠᠭ ᠲᠤᠨᠢ ᠲᠤᠬᠢᠷᠠᠭᠤᠯᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠪᠣᠯᠤᠨ ᠡᠮᠦᠨ᠎ᠡ ᠹᠷᠣᠨᠲ ᠤᠨ ᠬᠠᠤᠯᠢ ᠬᠡᠷᠡᠭᠵᠢᠭᠦᠯᠬᠦ ᠠᠵᠢᠯᠳᠠᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠶᠢ ᠴᠢᠬᠤᠯᠠᠴᠢᠯᠠᠵᠤ᠂ ᠱᠠᠯᠠᠪᠳᠠᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠦᠨᠡᠨ ᠬᠦ ᠪᠠᠶᠢᠴᠠᠭᠠᠵᠤ ᠦᠨᠡᠨ ᠬᠦ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠡᠶᠢᠭᠡᠮ ᠤᠨ ᠠᠩᠬᠠᠷᠤᠯ ᠳᠤ ᠬᠠᠷᠢᠭᠤ ᠲᠤᠰᠬᠠᠬᠤ ᠶᠢ ᠱᠠᠯᠠᠪᠳᠠᠭᠤᠯᠤᠨ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠬᠤ ᠬᠡᠷᠡᠭᠲᠡᠢ᠃ ᠴᠡᠭᠴᠡᠯᠡᠨ ᠵᠠᠰᠠᠬᠤ ᠠᠵᠢᠯ ᠨᠢ ᠰᠤᠯᠠ᠂ ︽ᠨᠠᠵᠠᠭᠠᠶᠢᠷᠠᠭᠰᠠᠨ︾ ᠠᠵᠢᠯ ᠤᠨ ᠠᠰᠠᠭᠤᠳᠠᠯ ᠢᠶᠠᠷ ᠲᠣᠪᠤᠶᠢᠮ᠎ᠠ ᠨᠢᠭᠡᠴᠡ ᠶᠢ ᠴᠠᠭ ᠲᠤᠬᠠᠶ ᠳᠤᠨᠢ ᠵᠠᠷᠯᠠᠨ ᠰᠢᠭᠦᠮᠵᠢᠯᠡᠬᠦ᠂ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠵᠦ ᠰᠢᠮᠳᠠᠭᠤᠯᠤᠨ ᠬᠦᠢᠴᠡᠳᠭᠡᠬᠦᠯᠬᠦ ᠵᠡᠷᠭᠡ ᠠᠷᠭ᠎ᠠ ᠮᠠᠶ᠋ᠢᠭ ᠢᠶᠠᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠤᠳᠠᠭᠠᠰᠢᠷᠠᠭᠤᠯᠤᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠠᠯᠪᠠ ᠬᠠᠰᠢᠵᠤ ᠠᠮᠠ ᠪᠥᠭᠯᠡᠭᠰᠡᠨ ᠴᠢᠨᠠᠭᠰᠢᠯᠠᠪᠠᠯ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃      ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠷᠪᠠ ᠬᠤᠨᠤᠭ ᠢᠶᠠᠷ ᠲᠣᠬᠢᠷᠠᠭᠤᠯᠵᠤ᠂ ᠰᠠᠷ᠎ᠠ ᠪᠦᠷᠢ ᠶᠢᠨ 1 ᠤ ᠡᠳᠦᠷ ᠠᠴᠠ ᠡᠮᠦᠨ᠎ᠡ ᠲᠣᠰ ᠨᠢᠭᠡᠴᠡ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ᠂ ᠠᠵᠢᠯ ᠤᠨ ᠦᠷ᠎ᠡ ᠪᠦᠲᠦᠮᠵᠢ᠂ ᠢᠯᠡᠷᠡᠭᠦᠯᠦᠭᠰᠡᠨ ᠭᠤᠤᠯ ᠠᠰᠠᠭᠤᠳᠠᠯ ᠪᠠ ᠬᠤᠯᠪᠣᠭᠳᠠᠯ ᠪᠥᠬᠦᠶ ᠰᠠᠨᠠᠭᠤᠯᠭ᠎ᠠ ᠵᠡᠷᠭᠡ ᠶᠢ ᠳ᠋ᠦᠩᠨᠡᠯᠲᠡ ᠶᠢᠨ ᠮᠡᠳᠡᠭᠦᠯᠦᠯᠲᠡ ᠪᠣᠯᠭᠠᠵᠤ᠂ ᠭᠤᠤᠯᠳᠠᠯᠭ᠎ᠠ ᠲᠠᠢ ᠡᠭᠦᠷᠭᠡ ᠶᠢᠨ ᠲᠣᠬᠢᠷᠠᠭᠤᠯᠤᠯᠲᠠ ᠶᠢᠨ ᠡᠬᠡ ᠲᠠᠩᠰᠠ ᠪᠠ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠮᠲᠤ ᠠᠶᠢᠮᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠬᠠᠷᠠᠬᠠᠨ ᠠᠬᠢᠭᠤᠯᠵᠤ ᠪᠠᠶᠢᠭ᠎ᠠ ᠪᠤᠶᠤ ᠤᠷᠲᠤ ᠬᠤᠭᠤᠴᠠᠭ᠎ᠠ ᠪᠠᠷ ᠠᠬᠢᠭᠤᠯᠬᠤ ᠴᠢᠬᠤᠯᠠᠲᠠᠢ ᠠᠰᠠᠭᠤᠳᠠᠯ ᠳᠤ᠂ ᠣᠳᠣᠬᠢ ᠱᠠᠲᠤᠨ ᠤ ᠦᠷ᠎ᠡ ᠪᠦᠲᠦᠮᠵᠢ ᠪᠠ ᠤᠷᠲᠤ ᠬᠤᠭᠤᠴᠠᠭᠠᠨ ᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠨᠠᠭᠠᠳᠤ ᠵᠠᠬ᠎ᠠ ᠳᠠᠭᠠᠨ 1 ᠨᠡᠶᠢᠲᠡᠯᠢᠭ ᠬᠡᠷᠡᠭ ᠤᠨ ᠵᠢᠱᠢᠶ᠎ᠡ ︵ᠳᠠᠭᠠᠯᠳᠤᠭᠤᠯᠤᠯ 4︶ ᠳᠠᠭᠠᠯᠳᠤᠭᠤᠯᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ ᠢ ᠲᠤᠰᠬᠠᠢ ᠰᠡᠳᠦᠪ ᠢᠶᠠᠷ ᠲᠣᠳᠣᠷᠬᠠᠶᠢᠯᠠᠯᠲᠠ ᠬᠢᠬᠦ ᠶᠢᠨ ᠬᠠᠮᠲᠤ ᠮᠡᠳᠡᠭᠦᠯᠦᠨ ᠬᠦᠷᠭᠡᠬᠦ ᠬᠡᠷᠡᠭᠲᠡᠢ᠃      ︵ᠳᠥᠷᠪᠡ︶ ᠳ᠋ᠦᠩᠨᠡᠨ ᠳᠡᠭᠡᠭᠰᠢᠯᠡᠬᠦᠯᠬᠦ ︵ᠣᠷᠳᠣ ᠬᠤᠭᠤᠴᠠᠭ᠎ᠠ ᠪᠠᠷ ᠠᠬᠢᠭᠤᠯᠤᠨ᠎ᠠ︶᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠲᠤᠰᠬᠠᠶ ᠴᠡᠭᠴᠡᠯᠡᠨ ᠵᠠᠰᠠᠬᠤ ᠠᠵᠢᠯ ᠤᠨ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠵᠦ᠂ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠪᠠᠶᠢᠩᠭᠤ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ᠃ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠤᠰᠬᠠᠶ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠨ᠂ ᠴᠢᠬᠤᠯᠠ ᠶᠡᠭᠡ ᠬᠠᠤᠯᠢᠵᠢᠯ ᠤᠨ ᠬᠡᠷᠡᠭ ᠢ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢᠨ ᠲᠠᠰ ᠳᠠᠷᠠᠭᠠᠯᠠᠯ ᠢ ᠤᠯᠠᠮ ᠴᠢᠨᠠᠭᠰᠢᠳᠠ ᠵᠢᠷᠤᠮᠵᠢᠭᠤᠯᠵᠤ᠂ ᠪᠥᠬᠦ ᠲᠠᠯ᠎ᠠ ᠶᠢ ᠬᠠᠮᠤᠷᠤᠭᠰᠠᠨ᠂ ᠨᠠᠶᠢᠳᠠᠪᠣᠷᠢᠳᠠᠢ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠪᠣᠯᠤᠨ ᠨᠠᠮ ᠤᠨ ᠳᠣᠲᠣᠭᠠᠳᠤ ᠶᠢᠨ ᠪᠤᠰᠤᠳ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠶᠢ ᠵᠣᠯᠭᠠᠭᠤᠯᠬᠤ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠬᠠᠤᠯᠢᠵᠢᠯ ᠤᠨ ᠬᠦᠷᠢᠶᠡᠨ ᠤ ᠲᠣᠪᠤᠶᠢᠮ᠎ᠠ ᠠᠰᠠᠭᠤᠳᠠᠯ ᠢ  ᠰᠢᠢᠳᠪᠦᠷᠢᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠡᠪ ᠪᠣᠯᠪᠠᠰᠤᠷᠠᠯ ᠴᠢᠳᠠᠪᠤᠷᠢ ᠶᠢ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠦᠪᠰᠢᠨ ᠢ ᠠᠬᠢᠭᠤᠯᠬᠤ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃      ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠡᠯ᠎ᠡ ᠲᠥᠷᠥᠯ ᠤᠨ ᠠᠰᠠᠭᠤᠳᠠᠯ ᠪᠠ ᠰᠦᠪᠡᠭᠴᠢ ᠶᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠ ᠦᠷ᠎ᠡ ᠪᠦᠲᠦᠭᠡᠯ ᠢ ᠰᠢᠰᠲ᠋ᠧᠮ ᠲᠠᠢ ᠳ᠋ᠦᠩᠨᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠦᠨᠳᠦᠰᠦ ᠠᠴᠠ ᠨᠢ ᠵᠠᠰᠠᠬᠤ ᠠᠷᠭ᠎ᠠ ᠬᠡᠮᠵᠢᠶ᠎ᠡ ᠵᠢᠴᠢ ᠰᠠᠨᠠᠯ ᠰᠠᠨᠠᠭᠤᠯᠭ᠎ᠠ ᠶᠢ ᠳᠤᠷᠠᠳᠴᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ 10 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠠᠶᠢᠮᠠᠭ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠬᠤ ᠪᠠ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ ᠠᠮᠢᠳᠤᠯᠢᠭ ᠬᠠᠣᠯᠢ  ᠪᠠᠷ ᠵᠠᠰᠠᠬᠤ ᠦᠢᠯᠡᠳᠦᠯᠭᠡ ᠮᠥᠨ᠂ ᠬᠠᠣᠯᠢ ᠪᠠᠷ ᠵᠠᠰᠠᠬᠤ ᠠᠷᠠᠳ ᠤᠨ ᠲᠥᠯᠥᠭᠡ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠬᠠᠤᠯᠢ ᠬᠡᠷᠡᠭᠵᠢᠭᠦᠯᠬᠦ ᠠᠷᠬᠠᠭ ᠭᠡᠮ ᠢ ᠴᠡᠭᠴᠡᠯᠡᠨ ᠵᠠᠰᠠᠬᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠴᠡᠭᠴᠡᠯᠡᠨ ᠵᠠᠰᠠᠯᠲᠠ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ  ᠦᠢᠯᠡᠳᠦᠯᠬᠡᠵᠢᠬᠦᠯᠵᠦ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠴᠢᠬᠤᠯᠠ ᠠᠵᠢᠯ ᠤᠨ ᠱᠠᠭᠠᠷᠳᠠᠯᠭ᠎ᠠ ᠪᠣᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠤᠬᠠᠮᠰᠠᠷᠲᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠵᠠᠳᠠᠯᠤᠨ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠡᠷᠡᠰ ᠬᠤᠷᠢᠭᠯᠠᠨ ᠵᠣᠭᠰᠣᠭᠠᠵᠤ᠂ ᠦᠨᠡᠨ ᠠᠴᠠ ᠵᠥᠪ ᠢ ᠡᠷᠢᠬᠦ᠂ ᠨᠠᠷᠢᠯᠢᠭ ᠣᠨᠣᠪᠴᠢᠳᠠᠢ ᠵᠦᠶ ᠵᠣᠬᠢᠰᠲᠠᠶ᠂ ᠤᠯᠤᠰ ᠲᠥᠷᠥ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ ᠪᠣᠯᠤᠨ ᠨᠡᠶᠢᠭᠡᠮ ᠤᠨ ᠦᠷ᠎ᠡ ᠪᠦᠲᠦᠮᠵᠢ ᠶᠢ ᠬᠠᠷᠢᠯᠴᠠᠨ ᠨᠢᠭᠡᠳᠬᠡᠬᠦ ᠬᠡᠷᠡᠭᠲᠡᠶ᠃ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠬᠡᠷᠡᠭᠵᠢᠭᠦᠯᠦᠯᠲᠡ ᠶᠢᠨ ᠳᠤᠪᠤᠶᠢᠮ᠎ᠠ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠶᠢ ᠡᠨᠡ ᠵᠢᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ᠣᠨ ᠤ ᠰᠢᠯᠭᠠᠨ ᠬᠢᠨᠠᠬᠤ ᠴᠢᠬᠤᠯᠠ ᠬᠦᠢᠴᠡᠳᠬᠡᠯ ᠲᠣᠭᠠᠨ ᠤ ᠠᠭᠤᠯᠭ᠎ᠠ ᠪᠣᠯᠭᠠᠨ᠎ᠠ᠃ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠣᠬᠢᠶᠠᠨ ᠪᠠᠶᠢᠭᠤᠯᠤᠨ ᠤᠳᠤᠷᠢᠳᠴᠤ᠂ ᠲᠤᠰ ᠨᠢᠭᠡᠴᠡ ᠶᠢᠨ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ᠂ ᠲᠤᠰᠬᠠᠶ ᠴᠡᠭᠴᠡᠯᠡᠨ ᠵᠠᠰᠠᠬᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠮᠡᠳᠡᠭᠡ ᠵᠠᠩᠭᠢ ᠶᠢᠨ ᠲᠣᠪᠴᠢ ᠮᠡᠳᠡᠭᠡ ᠶᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠ ᠨᠠᠶᠢᠷᠠᠭᠤᠯᠤᠨ ᠨᠡᠶᠢᠲᠡᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠡᠮᠬᠢ ᠵᠢᠷᠤᠮ ᠲᠠᠢ᠂ ᠠᠬᠢᠭᠤᠯᠤᠯᠲᠠ ᠬᠦᠴᠦᠲᠡᠶ᠂ ᠴᠡᠭᠴᠡᠯᠡᠨ ᠵᠠᠰᠠᠯᠲᠠ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃      ︵ᠭᠤᠷᠪᠠ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠣᠯᠤᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠦ᠂ ᠲᠣᠰ  ᠨᠢᠬᠡᠴᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠮᠥᠷᠳᠡᠨ ᠰᠢᠮᠳᠠᠭᠤᠯᠤᠨ ᠪᠠᠶᠢᠴᠠᠭᠠᠬᠤ᠂ ᠬᠠᠷᠢᠭᠤᠴᠠᠯᠭ᠎ᠠ ᠲᠤᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠬᠤ ᠶᠢᠨ ᠬᠠᠮᠲᠤ ᠲᠤᠰᠬᠠᠶ ᠴᠡᠭᠴᠡᠯᠡᠨ ᠵᠠᠰᠠᠬᠤ ᠠᠵᠢᠯ ᠢ ᠲᠣᠰ ᠨᠢᠬᠡᠴᠡ ᠶᠢᠨ ᠬᠠᠣᠯᠢ ᠪᠠᠷ ᠵᠠᠰᠠᠬᠤ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠴᠢᠬᠤᠯᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ  ᠨᠠᠶᠢᠳᠠᠪᠤᠷᠢᠵᠢᠭᠤᠯᠬᠤ ᠶᠢ ᠠᠬᠢᠭᠤᠯᠤᠨ ᠪᠠᠲᠤᠯᠠᠬᠤ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ ᠤᠨ ᠤᠶᠠᠯᠳᠤᠯ ᠤᠨ ᠴᠡᠭ ᠪᠠ ᠭᠠᠷᠳᠠᠬᠤ ᠴᠡᠭ ᠢ ᠣᠨᠣᠪᠴᠢᠲᠠᠶ ᠣᠯᠵᠤ᠂ ᠲᠤᠰᠬᠠᠶ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠤᠯᠢ ᠬᠡᠷᠡᠭᠵᠢᠭᠦᠯᠬᠦ ᠠᠵᠢᠯ ᠤᠨ ᠬᠠᠷᠢᠯᠴᠠᠨ ᠠᠭᠤᠰᠤᠯᠴᠠᠨ ᠬᠠᠷᠢᠯᠴᠠᠨ ᠠᠬᠢᠭᠤᠯᠬᠤ ᠶᠢ ᠴᠢᠬᠤᠯᠠᠴᠢᠯᠠᠨ ᠠᠬᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠬᠤ᠂ ᠴᠡᠪᠡᠷᠯᠡᠨ ᠴᠡᠭᠴᠡᠯᠡᠬᠦ᠂ ᠱᠠᠯᠠᠪᠳᠠᠭᠤᠯᠤᠨ ᠠᠬᠢᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠲᠤᠰᠬᠠᠶ ᠴᠡᠭᠴᠡᠯᠡᠨ ᠵᠠᠰᠠᠭᠰᠠᠨ ᠪᠠᠶᠢᠳᠠᠯ ᠢᠶᠠᠨ ᠠᠶᠢᠮᠠᠭ ᠤᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃      ︵ᠳᠥᠷᠪᠡ︶ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠣᠪᠤᠶᠢᠯᠭᠠᠨ᠎ᠠ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ ᠴᠢᠬᠤᠯᠠᠴᠢᠯᠠᠵᠤ᠂ ᠥᠪᠡᠷᠮᠢᠴᠡ ᠴᠢᠨᠠᠷ ᠤᠨ ᠠᠰᠠᠭᠤᠳᠠᠯ ᠬᠢᠭᠡᠳ ᠨᠡᠶᠢᠲᠡᠯᠢᠭ ᠴᠢᠨᠠᠷᠲᠠᠶ ᠠᠰᠠᠭᠤᠳᠠᠯ᠂ ᠢᠯᠡ ᠲᠣᠳᠣ ᠠᠰᠠᠭᠤᠳᠠᠯ ᠬᠢᠭᠡᠳ ᠭᠦᠨ ᠳᠠᠪᠬᠤᠷᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠵᠤ᠂ ᠳᠣᠭᠰᠢᠨ ᠡᠮ ᠢᠶᠠᠷ ᠠᠷᠬᠠᠭ ᠢ ᠵᠠᠰᠠᠬᠤ ᠪᠠ ᠡᠬᠢ ᠡᠭᠦᠰᠦᠯ ᠠᠴᠠ ᠨᠢ ᠠᠳᠬᠤᠵᠤ ᠦᠨᠳᠦᠰᠦ ᠠᠴᠠ ᠨᠢ ᠵᠠᠰᠠᠬᠤ ᠶᠢ ᠨᠡᠪᠲᠡᠷᠡᠯᠴᠡᠭᠦᠯᠬᠦ ᠶᠢ ᠪᠡᠶᠡᠯᠡᠭᠦᠯᠵᠦ᠂ ᠨᠢᠭᠡ ᠬᠡᠷᠡᠭ ᠢ ᠴᠡᠭᠴᠡᠯᠡᠨ ᠥᠭᠡᠷᠡᠴᠢᠯᠡᠪᠡᠯ᠂ ᠨᠢᠭᠡ ᠲᠠᠯ᠎ᠠ ᠶᠢ ᠰᠡᠷᠡᠮᠵᠢᠯᠡᠭᠦᠯᠵᠦ ᠂ ᠨᠢᠭᠡ ᠲᠠᠯ᠎ᠠ ᠶᠢ ᠵᠠᠰᠠᠬᠤ ᠬᠡᠷᠡᠭᠲᠡᠶ᠃ ᠳᠦᠷᠢᠮ ᠤᠨ ᠲᠠᠯ᠎ᠠ ᠠᠴᠠ ︽ᠡᠪᠡᠳᠴᠢᠨ ᠤ ᠦᠨᠳᠦᠰᠦ︾ ᠶᠢ ᠡᠷᠢᠵᠦ᠂ ︽ᠡᠪᠡᠳᠴᠢᠨ ᠤ ᠦᠨᠳᠦᠰᠦ︾ ᠶᠢ ᠠᠷᠢᠯᠭᠠᠬᠤ ᠶᠢ ᠴᠢᠬᠤᠯᠠᠴᠢᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠤ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠵᠡᠷᠭᠡ ᠳᠤ ᠲᠤᠰᠬᠠᠶ ᠢᠯᠭᠠᠷᠠᠭᠤᠯᠤᠯᠲᠠ ᠬᠢᠵᠦ᠂ ᠬᠠᠮᠢᠶ᠎ᠠ ᠪᠦᠬᠦᠢ ᠠᠭᠤᠯᠭ᠎ᠠ ᠳᠤ ᠪᠦᠲᠦᠭᠡᠯᠴᠢ ᠴᠢᠨᠠᠷᠲᠠᠶ ᠰᠠᠨᠠᠯ ᠳᠤᠷᠠᠳᠬᠤ ᠬᠡᠷᠡᠭᠲᠡᠶ᠃ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠠᠰᠠᠭᠤᠳᠠᠯ ᠪᠣᠯᠤᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠨᠡᠶᠢᠭᠡᠮ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠬᠦᠴᠢᠷ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠬᠠᠤᠯᠢ ᠬᠡᠷᠡᠭᠵᠢᠭᠦᠯᠬᠦ ᠲᠦᠭᠵᠢᠷᠡᠯ ᠢ ᠨᠠᠮᠳᠠᠭᠤᠯᠵᠤ᠂ ᠬᠠᠤᠯᠢ ᠬᠡᠷᠡᠭᠵᠢᠭᠦᠯᠬᠦ ᠡᠪᠡᠷᠰᠢᠶᠡᠯ ᠢ ᠵᠠᠰᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠶᠠᠪᠤᠴᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ ᠴᠢᠩᠳᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠬᠥᠮᠦᠨ ᠪᠠ ᠬᠡᠷᠡᠭ ᠶᠠᠪᠤᠳᠠᠯ ᠢ ᠣᠯᠵᠤ ᠦᠵᠡᠬᠦ︾ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠶᠢ ᠰᠢᠮᠳᠠᠭᠤᠯᠣᠨ ᠪᠠᠶᠢᠴᠠᠭᠠᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠬᠠᠮᠵᠢᠯᠴᠠᠬᠤ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠯᠡᠷᠡᠭᠦᠯᠦᠭᠰᠡᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠪᠠ ᠰᠦᠪᠡᠭᠴᠢ ᠶᠢ ᠲᠣᠭᠲᠠᠭᠠᠯ ᠶᠣᠰᠣᠭᠠᠷ ᠵᠢᠷᠤᠮ ᠶᠣᠰᠣᠭᠠᠷ ᠰᠢᠯᠵᠢᠭᠦᠯᠦᠨ ᠲᠤᠰᠢᠶᠠᠵᠤ᠂ ᠨᠠᠷᠢᠯᠢᠭ   ᠣᠨᠣᠪᠴᠢᠳᠠᠢ ᠪᠠᠷ ᠬᠠᠷᠢᠭᠤᠴᠠᠯᠭ᠎ᠠ ᠨᠡᠬᠡᠮᠵᠢᠯᠡᠨ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠡᠷᠡᠰ ᠪᠠᠲᠤ ᠵᠣᠷᠢᠭ ᠪᠠ ᠰᠦᠷᠳᠡᠭᠦᠯᠬᠦ ᠦᠢᠯᠡᠳᠦᠯ ᠢ ᠢᠯᠡᠷᠡᠭᠦᠯᠬᠦ ᠬᠡᠷᠡᠭᠲᠡᠢ᠃ ᠡᠭᠦᠳᠡ ᠪᠠᠨ ᠨᠡᠭᠡᠭᠡᠵᠦ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠨᠢᠭᠲᠠ ᠠᠩᠬᠠᠷᠴᠤ᠂ ᠲᠤᠰᠬᠠᠶ ᠴᠡᠭᠴᠡᠯᠡᠨ ᠵᠠᠰᠠᠯᠲᠠ ᠳᠤ ᠣᠯᠠᠨ ᠲᠦᠮᠡᠨ ᠢ ᠣᠷᠣᠯᠴᠠᠭᠤᠯᠬᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠯᠭᠡᠬᠦ᠂ ᠣᠯᠠᠨ ᠲᠦᠮᠡᠨ ᠢᠶᠠᠷ ᠦᠨᠡᠯᠡᠭᠦᠯᠬᠦ ᠶᠢ ᠪᠡᠶᠡᠯᠡᠭᠦᠯᠵᠦ᠂ ᠲᠤᠰᠬᠠᠶ ᠴᠡᠭᠴᠡᠯᠡᠨ ᠵᠠᠰᠠᠯᠲᠠ ᠶᠢᠨ ᠰᠢᠨ᠎ᠡ ᠦᠷ᠎ᠡ ᠪᠦᠲᠦᠭᠡᠯ ᠰᠢᠨ᠎ᠡ ᠦᠷ᠎ᠡ ᠪᠦᠲᠦᠮᠵᠢ ᠪᠠᠷ ᠠᠷᠠᠳ ᠲᠦᠮᠡᠨ ᠤ ᠢᠲᠡᠭᠡᠯ ᠢ ᠣᠯᠵᠤ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃       ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠵᠥᠪ ᠤᠯᠤᠰ ᠲᠥᠷᠥ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠸᠢᠴᠠᠲ᠂ ᠰᠦᠯᠵᠢᠶ᠎ᠡ᠂ ᠲᠢᠺ ᠳᠣᠺ᠂ ᠪᠤᠰᠢᠭᠤ ᠭᠠᠷ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠶ ᠤᠬᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠠᠬᠢᠴᠠ ᠶᠢ ᠴᠠᠭ ᠲᠤᠬᠠᠶ ᠳᠤᠨᠢ ᠲᠤᠰᠬᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ  
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号