ᠨᠢᠭᠡᠳᠦᠭᠡᠷ ᠵᠦᠢᠯ ᠠᠯᠠᠱᠠ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠬᠠᠮᠢᠶᠠᠷᠤᠯᠲᠠ ᠶᠢ ᠵᠢᠷᠤᠮᠵᠢᠭᠤᠯᠵᠤ᠂ ᠲᠤᠰᠬᠠᠶ ᠮᠡᠷᠭᠡᠵᠢᠯᠲᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠪᠢᠴᠢᠭ | ᠮᠠᠲ᠋ᠧᠷᠢᠶᠠᠯ ᠤᠨ ᠮᠡᠷᠭᠡᠵᠢᠯ ᠤᠨ ᠦᠨᠡᠯᠡᠯᠲᠡ᠂ ᠰᠢᠯᠭᠠᠨ ᠬᠤᠷᠢᠶᠠᠵᠤ ᠬᠢᠨᠠᠨ ᠪᠠᠶᠢᠴᠠᠭᠠᠬᠤ ᠵᠡᠷᠭᠡ ᠲᠠᠯ᠎ᠠ ᠶᠢᠨ ᠲᠤᠰᠬᠠᠶ | ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠤ | ᠬᠠᠮᠢᠶᠠᠷᠤᠯᠲᠠ ᠶᠢᠨ ᠰᠢᠢᠳᠪᠦᠷᠢᠳᠦ ᠪᠣᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠠᠮᠢ | ᠠᠬᠤᠶ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠢᠨᠵᠧᠨᠧᠷᠢᠩ ᠤᠨ ᠦᠨᠡᠯᠡᠯᠲᠡ ᠶᠢᠨ ᠲᠥᠪ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠷᠭᠡᠵᠢᠯ ᠤᠨ ᠦᠨᠡᠯᠡᠯᠲᠡ ᠶᠢᠨ ᠲᠤᠰᠬᠠᠶ ᠮᠡᠷᠭᠡᠵᠢᠯᠲᠡᠨ ᠤ | ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ︾ ︵ᠣᠷᠴᠢᠨ ᠲᠣᠭᠤᠷᠢᠨ ᠤ ᠦᠨᠡᠯᠡᠯᠲᠡ ᠲᠠᠷᠬᠠᠭᠠᠭᠰᠠᠨ ﹇2020﹈ | 33 ᠳ᠋ᠤᠭᠠᠷ ᠲᠣᠭᠠᠲᠤ︶ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ︵ᠳᠣᠷᠣᠭᠰᠢ ︽ᠲᠤᠰᠬᠠᠶ ᠮᠡᠷᠭᠡᠵᠢᠯᠲᠡᠨ ᠤ ᠬᠥᠮᠥᠷᠭᠡ︾ | ᠭᠡᠵᠦ ᠲᠣᠪᠴᠢᠯᠠᠨ᠎ᠠ︶ ᠶᠢ ᠪᠠᠶᠢᠭᠤᠯᠬᠤ ᠪᠠ ᠬᠠᠮᠢᠶᠠᠷᠬᠤ ᠳᠤ ᠳᠣᠭᠢᠷᠠᠨ᠎ᠠ᠂ ᠬᠥᠮᠥᠷᠭᠡ ᠳᠤ ᠣᠷᠣᠭᠤᠯᠬᠤ ᠲᠤᠰᠬᠠᠶ | ᠮᠡᠷᠭᠡᠵᠢᠯᠲᠡᠨ ᠨᠢ ᠡᠷᠬᠡᠪᠰᠢ ᠵᠦᠪᠰᠢᠶᠡᠷᠡᠭᠳᠡᠬᠦ ᠶᠢᠨ ᠬᠠᠮᠲᠤ ᠲᠣᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠶ᠃ | ᠭᠤᠷᠪᠠᠳᠤᠭᠠᠷ ᠵᠦᠢᠯ ᠲᠣᠰ ᠲᠤᠰᠬᠠᠶ ᠮᠡᠷᠭᠡᠵᠢᠯᠲᠡᠨ ᠤ ᠬᠥᠮᠥᠷᠭᠡ ᠶᠢ ᠠᠯᠠᠱᠠ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ ᠠᠴᠠ ᠵᠣᠬᠢᠶᠠᠨ ᠪᠠᠶᠢᠭᠤᠯᠵᠤ᠂ ᠠᠯᠠᠱᠠ ᠠᠶᠢᠮᠠᠭ ᠤᠨ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ | ᠦᠨᠡᠯᠡᠯᠲᠡ ᠶᠢᠨ ᠪᠢᠴᠢᠭ ᠮᠠᠲ᠋ᠧᠷᠢᠶᠠᠯ ᠤᠨ ᠮᠡᠷᠭᠡᠵᠢᠯ ᠤᠨ ᠦᠨᠡᠯᠡᠨ ᠵᠢᠱᠢᠯᠲᠡ᠂ ᠠᠵᠤ ᠠᠬᠤᠶᠢᠯᠠᠯ ᠤᠨ ᠪᠠᠷᠢᠯᠭ᠎ᠠ | ᠳᠠᠭᠤᠰᠴᠤ ᠣᠷᠴᠢᠨ ᠲᠣᠭᠤᠷᠢᠨ ᠤ ᠬᠠᠮᠠᠭᠠᠯᠠᠯᠲᠠ ᠶᠢ ᠥᠪᠡᠰᠦᠪᠡᠨ ᠰᠢᠯᠭᠠᠨ ᠠᠪᠬᠤ ᠵᠢᠴᠢ ᠪᠤᠰᠤᠳ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠠᠵᠢᠯ ᠳᠤ ᠬᠡᠷᠡᠭᠯᠡᠨ᠎ᠡ᠃ ᠠᠯᠠᠱᠠ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠲᠤ ᠨᠠᠶᠢᠳᠠᠵᠤ ᠵᠢᠷᠤᠮᠵᠢᠯ ᠨᠢᠭᠡᠳᠦᠯᠲᠡᠶ᠂ ᠭᠠᠵᠠᠷ | ᠣᠷᠣᠨ ᠤ ᠪᠠᠶᠢᠳᠠᠯ ᠳᠠᠭᠠᠨ ᠳᠣᠭᠢᠷᠠᠬᠤ᠂ ᠬᠥᠳᠡᠯᠦᠩᠭᠦᠶ ᠪᠠᠷ ᠰᠢᠨᠡᠳᠬᠡᠬᠦ ᠵᠠᠷᠴᠢᠮ ᠶᠣᠰᠣᠭᠠᠷ ᠡᠳᠦᠷ ᠲᠤᠲᠤᠮ ᠤᠨ | ᠬᠠᠮᠢᠶᠠᠷᠤᠯᠲᠠ ᠬᠢᠨ᠎ᠠ᠃ | ᠳᠥᠷᠪᠡᠳᠦᠭᠡᠷ ᠵᠦᠢᠯ ᠲᠤᠰᠬᠠᠢ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠨ ᠣᠷᠣᠬᠤ ᠲᠤᠰᠬᠠᠢ | ᠮᠡᠷᠭᠡᠵᠢᠯᠲᠡᠨ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠶᠣᠰᠣ ᠮᠣᠷᠠᠯ ᠲᠠᠢ᠂ ᠬᠠᠤᠯᠢ ᠰᠠᠬᠢᠯᠭ᠎ᠠ ᠠᠴᠠ | ᠵᠥᠷᠢᠴᠡᠭᠰᠡᠨ ᠦᠢᠯᠡ ᠠᠵᠢᠯᠯᠠᠭ᠎ᠠ ᠦᠭᠡᠶ᠂ ᠪᠤᠰᠤᠳᠴᠢ᠂ ᠲᠥᠪ ᠭᠤᠣᠯᠴᠢ᠂ ᠬᠢᠨᠠᠮᠠᠭᠠᠶ ᠬᠠᠷᠢᠭᠤᠴᠠᠬᠤ᠂ | ᠵᠠᠷᠴᠢᠮ ᠢ ᠪᠠᠷᠢᠮᠲᠠᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷ ᠦᠢᠯᠡ ᠠᠵᠢᠯᠯᠠᠭᠠᠨ ᠤ ᠪᠠᠷᠢᠮᠵᠢᠶ᠎ᠠ | ᠪᠣᠯᠭᠠᠵᠤ ᠴᠢᠳᠠᠬᠤ᠃ | ︵ᠬᠤᠶᠠᠷ︶ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ | ᠂ ᠮᠡᠷᠭᠡᠵᠢᠯ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠶᠢ ᠣᠶᠢᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ | ᠮᠠᠨ ᠤ ᠠᠶᠢᠮᠠᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ | ᠣᠶᠢᠯᠭᠠᠨ᠎ᠠ᠃ | ︵ᠭᠤᠷᠪᠠ︶ ᠳᠤᠮᠳᠠ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠪᠤᠶᠤ ᠬᠠᠮᠢᠶ᠎ᠠ ᠪᠥᠬᠦᠶ | ᠠᠵᠢᠯ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ᠂ ᠬᠠᠮᠢᠶ᠎ᠠ ᠪᠥᠬᠦᠶ ᠲᠤᠰᠬᠠᠶ | ᠮᠡᠷᠭᠡᠵᠢᠯ ᠤᠨ ᠬᠦᠷᠢᠶᠡᠨ ᠳᠤ ᠲᠠᠪᠤᠨ ᠵᠢᠯ ᠠᠴᠠ ᠳᠡᠭᠡᠭᠰᠢ ᠠᠵᠢᠯᠯᠠᠭᠰᠠᠨ᠂ ᠲᠣᠰ ᠲᠤᠰᠬᠠᠶ ᠮᠡᠷᠭᠡᠵᠢᠯ ᠵᠢᠴᠢ ᠬᠠᠮᠢᠶ᠎ᠠ | ᠪᠥᠬᠦᠶ ᠲᠤᠰᠬᠠᠶ ᠮᠡᠷᠭᠡᠵᠢᠯ ᠪᠠ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠰᠠᠶᠢᠨ ᠮᠡᠳᠡᠬᠦ᠂ ᠨᠡᠯᠢᠶᠡᠳ ᠪᠠᠶᠠᠯᠢᠭ | ᠠᠵᠢᠯ ᠤᠨ ᠲᠤᠷᠰᠢᠯᠭ᠎ᠠ ᠲᠠᠢ ᠪᠠᠶᠢᠬᠤ᠃ | ᠭᠤᠷᠪᠠᠳᠤᠭᠠᠷ ᠵᠦᠢᠯ ᠳᠤ ᠵᠢᠭᠰᠠᠭᠠᠭᠰᠠᠨ ᠨᠥᠬᠦᠴᠡᠯ ᠤᠨ ᠱᠠᠭᠠᠷᠳᠠᠯᠭ᠎ᠠ ᠳᠤ ᠬᠦᠷᠴᠦ ᠳᠡᠶᠢᠯᠬᠦ ᠥᠬᠡᠶ | ᠪᠣᠯᠪᠠᠴᠤ ᠬᠠᠮᠢᠶ᠎ᠠ ᠪᠥᠬᠦᠶ ᠬᠦᠷᠢᠶᠡᠨ ᠳᠤ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠤᠶᠤ ᠬᠠᠮᠢᠶᠠᠷᠤᠯᠲᠠ ᠶᠢᠨ | ᠲᠤᠷᠰᠢᠯᠭ᠎ᠠ ᠪᠠᠷ ᠲᠣᠪᠤᠶᠢᠮ᠎ᠠ ᠪᠥᠭᠡᠳ ᠪᠤᠰᠤᠳ ᠨᠥᠬᠦᠴᠡᠯ ᠳᠤ ᠨᠡᠶᠢᠴᠡᠪᠡᠯ᠂ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶᠠᠨ ᠤ ᠶᠠᠪᠤᠳᠠᠯ ᠤᠨ ᠲᠤᠰᠬᠠᠶ ᠰᠡᠳᠦᠪᠲᠦ ᠬᠤᠷᠠᠯ ᠢᠶᠠᠷ ᠶᠠᠷᠢᠯᠴᠠᠭᠤᠯᠤᠨ ᠪᠠᠲᠤᠯᠠᠭᠰᠠᠨ ᠤ | ᠳᠠᠷᠠᠭ᠎ᠠ᠂ ᠲᠤᠰᠬᠠᠶ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠨ ᠣᠷᠣᠵᠤ ᠪᠣᠯᠤᠨ᠎ᠠ᠃ | ︵ᠳᠥᠷᠪᠡ︶ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠤ ᠨᠠᠰᠤ ᠶᠢ ᠵᠠᠷᠴᠢᠮ ᠳᠡᠭᠡᠷ᠎ᠡ ᠪᠠᠨ 65 | ᠨᠠᠰᠤᠨ ᠠᠴᠠ ᠳᠣᠷᠣᠭᠰᠢ ᠪᠠᠶᠢᠯᠭᠠᠬᠤ ᠬᠡᠷᠡᠭᠲᠡᠶ᠂ ᠭᠡᠬᠦ ᠳᠡᠭᠡᠨ ᠣᠨᠴᠠ ᠬᠡᠷᠡᠭᠰᠡᠬᠦ ᠨᠡᠷ᠎ᠡ ᠬᠦᠨᠳᠦᠲᠦ ᠲᠤᠰᠬᠠᠶ | ᠮᠡᠷᠭᠡᠵᠢᠯᠲᠡᠨ ᠤ ᠨᠠᠰᠤ ᠶᠢ ᠵᠣᠬᠢᠰᠲᠠᠶ ᠪᠠᠷ ᠠᠭᠤᠵᠢᠭᠤ ᠲᠠᠯᠪᠢᠵᠤ ᠪᠣᠯᠤᠨ᠎ᠠ᠃ | ︵ᠲᠠᠪᠤ︶ ᠪᠡᠶ᠎ᠡ ᠮᠠᠬᠠᠪᠣᠳ ᠨᠢ ᠡᠷᠡᠭᠦᠯ ᠴᠢᠭᠢᠷᠠᠭ᠂ ᠬᠢᠨᠠᠨ ᠪᠠᠶᠢᠴᠠᠭᠠᠬᠤ ᠵᠢᠴᠢ ᠲᠤᠬᠠᠶ ᠶᠢᠨ ᠲᠠᠯᠠᠪᠠᠶ ᠶᠢ | ᠬᠠᠶᠢᠨ ᠰᠢᠨᠵᠢᠬᠦ ᠠᠵᠢᠯ ᠢ ᠡᠭᠦᠷᠭᠡᠯᠡᠵᠦ ᠳᠡᠶᠢᠯᠬᠦ᠃ | ᠲᠠᠪᠤᠳᠤᠭᠠᠷ ᠵᠦᠢᠯ ᠲᠤᠰᠬᠠᠶ ᠮᠡᠷᠭᠡᠵᠢᠯᠲᠡᠨ ᠪᠣᠯᠬᠤ ᠳᠤ ᠳᠣᠭᠢᠷᠠᠬᠤ ᠥᠬᠡᠶ ᠬᠡᠳᠦᠨ ᠵᠦᠢᠯ ᠤᠨ ᠪᠠᠶᠢᠳᠠᠯ᠄ | ︵ᠨᠢᠭᠡ︶ ᠠᠵᠢᠯ ᠳᠤ ᠪᠠᠶᠢᠭ᠎ᠠ ᠠᠯᠪᠠᠲᠠᠨ ᠵᠢᠴᠢ ᠠᠯᠪᠠᠳᠠᠨ ᠤ ᠬᠠᠮᠢᠶᠠᠷᠤᠯᠲᠠ ᠶᠢᠨ ᠳᠦᠷᠢᠮ ᠢᠶᠠᠷ ᠯᠠᠪᠯᠠᠯᠳᠠ | ᠪᠣᠯᠭᠠᠭᠰᠠᠨ ᠨᠢᠭᠡᠴᠡ ᠶᠢᠨ ᠠᠵᠢᠯᠲᠠᠨ᠃ | ︵ᠬᠤᠶᠠᠷ︶ ᠬᠠᠮᠢᠶᠠᠷᠤᠯᠲᠠ ᠶᠢᠨ ᠠᠵᠢᠯ ᠤᠨ ᠪᠠᠶᠢᠷᠢᠨ ᠳᠤ ᠤᠷᠳᠤ ᠬᠤᠭᠤᠴᠠᠭ᠎ᠠ ᠪᠠᠷ ᠠᠵᠢᠯᠯᠠᠭᠠᠳ᠂ | ᠲᠤᠰᠢᠶᠠᠯ ᠬᠠᠷᠢᠭᠤᠴᠠᠯᠭ᠎ᠠ ᠪᠠᠨ ᠪᠤᠰᠤᠳᠴᠢ ᠪᠠᠷ᠂ ᠭᠤᠣᠯᠴᠢ ᠪᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ᠃ | ︵ᠭᠤᠷᠪᠠ︶ ᠠᠳᠠᠯᠢ ᠨᠢᠭᠡᠨ ᠬᠢᠨᠠᠨ ᠲᠣᠭᠲᠠᠭᠠᠬᠤ ᠵᠦᠢᠯᠡᠰ ᠲᠤ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠬᠦᠢᠴᠡᠳᠭᠡᠭᠰᠡᠨ ᠪᠠᠶᠢᠪᠠᠯ᠂ ᠲᠣᠰ ᠵᠦᠢᠯᠡᠰ ᠤᠨ ᠲᠤᠰᠬᠠᠶ ᠮᠡᠷᠭᠡᠵᠢᠯᠲᠡᠨ ᠤ ᠡᠭᠦᠷᠭᠡ | ᠬᠠᠷᠢᠭᠤᠴᠠᠯᠭ᠎ᠠ ᠶᠢ ᠵᠡᠷᠭᠡᠪᠡᠷ ᠡᠭᠦᠷᠭᠡᠯᠡᠵᠦ ᠪᠣᠯᠬᠤ ᠥᠬᠡᠶ᠃ | ︵ᠳᠥᠷᠪᠡ︶ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠤᠰᠬᠠᠶ ᠮᠡᠷᠭᠡᠵᠢᠯᠲᠡᠨ ᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠳᠤ ᠲᠣᠬᠢᠷᠠᠬᠤ ᠦᠭᠡᠶ ᠪᠤᠰᠤᠳ ᠪᠠᠶᠢᠳᠠᠯ᠃ | ᠵᠢᠷᠭᠤᠳᠤᠭᠠᠷ ᠵᠦᠢᠯ ᠲᠤᠰᠬᠠᠶ ᠮᠡᠷᠭᠡᠵᠢᠯᠲᠡᠨ ᠨᠢ ᠲᠤᠰᠬᠠᠶ ᠮᠡᠷᠭᠡᠵᠢᠯᠲᠡᠨ ᠤ ᠬᠥᠮᠥᠷᠭᠡ ᠳᠤ ᠣᠷᠣᠬᠤ | ᠳᠤ ᠬᠤᠪᠢ ᠬᠥᠮᠦᠨ ᠭᠤᠶᠤᠴᠢᠯᠠᠬᠤ ᠪᠠ ᠨᠢᠭᠡᠴᠡ ᠠᠴᠠ ᠪᠠᠲᠤᠯᠠᠨ ᠲᠠᠨᠢᠯᠴᠠᠭᠤᠯᠬᠤ ᠠᠷᠭ᠎ᠠ ᠮᠠᠶ᠋ᠢᠭ ᠢᠶᠠᠷ | ᠭᠤᠶᠤᠴᠢᠯᠠᠵᠤ ᠪᠣᠯᠤᠨ᠎ᠠ᠂ ᠨᠢᠭᠡᠴᠡ ᠠᠴᠠ ᠪᠠᠲᠤᠯᠠᠨ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠭᠤᠶᠤᠴᠢᠯᠠᠯ ᠭᠠᠷᠭᠠᠭᠰᠠᠨ ᠪᠣᠯ᠂ ᠨᠢᠭᠡᠴᠡ ᠨᠢ ᠤᠷᠢᠳᠠᠪᠠᠷ ᠲᠠᠨᠢᠯᠴᠠᠭᠤᠯᠤᠭᠳᠠᠭᠴᠢ ᠶᠢᠨ ᠵᠥᠪᠰᠢᠶᠡᠷᠡᠯ ᠢ ᠣᠯᠬᠤ | ᠬᠡᠷᠡᠭᠲᠡᠶ᠃ ᠨᠠᠰᠤᠨ ᠤ ᠠᠮᠠᠷᠠᠯᠲᠠ ᠪᠠᠨ ᠠᠪᠤᠭᠰᠠᠳ ᠥᠪᠡᠷ ᠢᠶᠠᠨ ᠭᠤᠶᠤᠴᠢᠯᠠᠵᠤ ᠪᠣᠯᠤᠨ᠎ᠠ᠃ | ᠳᠣᠯᠣᠳᠤᠭᠠᠷ ᠵᠦᠢᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠭᠠᠳᠠᠭᠰᠢᠯᠠᠭᠤᠯᠬᠤ ᠶᠢ ᠬᠠᠮᠢᠶᠠᠷᠬᠤ ᠰᠠᠯᠠᠭ᠎ᠠ ᠠᠴᠠ ᠬᠥᠮᠥᠷᠭᠡ ᠳᠤ ᠣᠷᠣᠭᠤᠯᠬᠤ ᠲᠤᠰᠬᠠᠶ | ᠮᠡᠷᠭᠡᠵᠢᠯᠲᠡᠨ ᠤ ᠬᠢᠷᠢ ᠬᠡᠮ ᠢ ᠬᠢᠨᠠᠨ ᠪᠠᠶᠢᠴᠠᠭᠠᠬᠤ ᠪᠠ ᠨᠤᠲᠠᠯᠠᠨ ᠲᠣᠭᠲᠠᠭᠠᠨ᠎ᠠ᠃ ᠲᠣᠪᠴᠢᠶ᠎ᠠ ᠶᠢᠨ ᠶᠠᠪᠤᠳᠠᠯ ᠤᠨ | ᠲᠤᠰᠬᠠᠶ ᠰᠡᠳᠦᠪᠲᠦ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ᠂ ᠰᠣᠩᠭᠤᠭᠳᠠᠭᠰᠠᠨ ᠲᠤᠰᠬᠠᠶ | ᠮᠡᠷᠭᠡᠵᠢᠯᠲᠡᠨ ᠤ ᠨᠡᠷᠡᠰ ᠢ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠦᠯᠵᠢᠶᠡᠨ | ᠳᠡᠭᠡᠷ᠎ᠡ ᠢᠯᠡ ᠨᠡᠶᠢᠲᠡᠯᠡᠨ᠎ᠡ᠃ | ᠨᠠᠢᠮᠠᠳᠤᠭᠠᠷ ᠵᠦᠢᠯ ᠲᠤᠰᠬᠠᠢ ᠮᠡᠷᠭᠡᠵᠢᠯᠲᠡᠨ ᠳᠣᠣᠷᠠᠬᠢ ᠡᠷᠬᠡ ᠨᠦᠭᠦᠳ ᠢ ᠡᠳ᠋ᠯᠡᠨ᠎ᠡ᠄ | ︵ᠨᠢᠭᠡ︶ ᠲᠤᠰᠬᠠᠶ ᠮᠡᠷᠭᠡᠵᠢᠯᠲᠡᠨ ᠤ ᠬᠥᠮᠥᠷᠭᠡ ᠳᠤ ᠰᠠᠶᠢᠨ ᠳᠤᠷ᠎ᠠ ᠠᠴᠠ ᠪᠠᠨ ᠣᠷᠣᠬᠤ ᠪᠤᠶᠤ | ᠤᠬᠤᠷᠢᠨ ᠭᠠᠷᠬᠤ︔ | ︵ᠬᠤᠶᠠᠷ︶ ᠦᠨᠡᠯᠡᠨ ᠵᠢᠱᠢᠭᠰᠡᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠯᠡᠯᠲᠡ ᠶᠢᠨ ᠪᠢᠴᠢᠭ | ᠮᠠᠲ᠋ᠧᠷᠢᠶᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠲᠥᠷᠥᠯ ᠵᠦᠢᠯ ᠵᠢᠴᠢ ᠬᠠᠮᠢᠶ᠎ᠠ ᠪᠥᠬᠦᠶ | ᠪᠠᠶᠢᠳᠠᠯ ᠢ ᠮᠡᠳᠡᠬᠦ ᠡᠷᠬᠡ︔ | ︵ᠭᠤᠷᠪᠠ︶ ᠥᠷᠨᠢᠭᠦᠯᠦᠭᠰᠡᠨ ᠠᠵᠢᠯ ᠤᠨ ᠢᠶᠠᠨ ᠲᠤᠬᠠᠢ ᠪᠡᠶ᠎ᠡ ᠪᠠᠨ ᠳᠠᠭᠠᠭᠠᠵᠤ ᠰᠠᠨᠠᠯ ᠢᠶᠠᠨ ᠢᠯᠡᠳᠬᠡᠵᠦ᠂ | ᠶᠠᠮᠠᠷᠪᠠ ᠨᠢᠭᠡᠴᠡ ᠪᠤᠶᠤ ᠬᠤᠪᠢ ᠬᠥᠮᠦᠨ ᠤ ᠭᠠᠷ ᠲᠦᠷᠦᠭᠦ ᠶᠢ ᠬᠦᠯᠢᠶᠡᠬᠦ ᠤᠢᠭᠡᠢ ᠪᠠᠶᠢᠬᠤ︔ | ︵ᠳᠥᠷᠪᠡ︶ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠲᠣᠭᠲᠠᠭᠠᠯ ᠶᠣᠰᠣᠭᠠᠷ ᠵᠣᠬᠢᠴᠠᠩᠭᠤᠶ ᠪᠦᠬᠦᠢ | ᠲᠤᠰᠬᠠᠶ ᠮᠡᠷᠭᠡᠵᠢᠯᠲᠡᠨ ᠤ ᠬᠥᠳᠡᠯᠮᠦᠷᠢ ᠦᠢᠯᠡᠴᠢᠯᠡᠭᠡᠨ ᠤ ᠯᠠᠪᠯᠠᠯᠭ᠎ᠠ ᠶᠢᠨ ᠰᠦᠢᠳᠬᠡᠯ ᠣᠯᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠷᠬᠡ᠃ | ᠶᠢᠰᠦᠳᠦᠭᠡᠷ ᠵᠦᠢᠯ ᠲᠤᠰᠬᠠᠢ ᠮᠡᠷᠭᠡᠵᠢᠯᠲᠡᠨ ᠳᠣᠣᠷᠠᠬᠢ ᠡᠭᠦᠷᠭᠡ ᠨᠦᠭᠦᠳ ᠢ ᠡᠭᠦᠷᠭᠡᠯᠡᠨ᠎ᠡ᠄ | ︵ᠨᠢᠭᠡ︶ ᠠᠵᠢᠯ ᠳᠤ ᠪᠠᠶᠢᠪᠠᠯ᠂ ᠲᠤᠰᠬᠠᠢ ᠮᠡᠷᠭᠡᠵᠢᠯᠲᠡᠨ ᠤ ᠠᠵᠢᠯ ᠢ ᠡᠭᠦᠷᠭᠡᠯᠡᠬᠦ ᠠᠴᠠ ᠡᠮᠦᠨ᠎ᠡ ᠠᠵᠢᠯᠯᠠᠵᠤ | ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢ ᠣᠯᠬᠤ ᠬᠡᠷᠡᠭᠲᠡᠢ︔ | ︵ᠬᠤᠶᠠᠷ︶ ᠰᠢᠨᠵᠢᠯᠡᠬᠦ ᠤᠬᠠᠭᠠᠨᠴᠢ ᠦᠨᠡᠨ ᠢ ᠪᠠᠷᠢᠮᠲᠠᠯᠠᠬᠤ ᠪᠠ ᠬᠠᠷᠢᠭᠤᠴᠠᠬᠤ ᠣᠪᠣᠷ ᠢᠶᠠᠷ ᠡᠭᠦᠷᠭᠡ | ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠣᠷᠣᠯᠴᠠᠭᠰᠠᠨ ᠮᠡᠷᠭᠡᠵᠢᠯ ᠤᠨ ᠦᠨᠡᠯᠡᠨ ᠵᠢᠱᠢᠯᠲᠡ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠠᠵᠢᠯ ᠳᠤ ᠬᠢᠨᠠᠮᠠᠭᠠᠶ ᠬᠠᠨᠳᠤᠵᠤ᠂ ᠮᠡᠷᠭᠡᠵᠢᠯ ᠤᠨ ᠦᠨᠡᠯᠡᠨ | ᠵᠢᠱᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠬᠠᠮᠢᠶ᠎ᠠ ᠪᠦᠬᠦᠢ ᠮᠠᠲ᠋ᠧᠷᠢᠶᠠᠯ ᠢ | ᠤᠷᠢᠳᠴᠢᠯᠠᠨ ᠰᠤᠳᠤᠯᠤᠨ ᠦᠵᠡᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠪᠤᠰᠤᠳᠴᠢ ᠂ ᠲᠥᠪ ᠭᠤᠣᠯᠴᠢ | ᠪᠠᠷ ᠰᠠᠨᠠᠯ ᠢᠶᠠᠨ ᠳᠤᠷᠠᠳᠬᠤ ᠶᠢᠨ ᠬᠠᠮᠲᠤ᠂ ᠳᠤᠷᠠᠳᠤᠭᠰᠠᠨ ᠪᠢᠴᠢᠭᠯᠡᠭᠰᠡᠨ ᠪᠠ ᠠᠮᠠᠨ ᠰᠠᠨᠠᠯ ᠳᠤ ᠬᠠᠷᠢᠭᠤᠴᠠᠬᠤ | ᠬᠡᠷᠡᠭᠲᠡᠶ︔ | ︵ᠭᠤᠷᠪᠠ︶ ᠬᠡᠷᠪᠡ ᠦᠨᠡᠯᠡᠨ ᠵᠢᠱᠢᠬᠦ᠂ ᠬᠢᠨᠠᠨ ᠪᠠᠶᠢᠴᠠᠭᠠᠬᠤ᠂ ᠨᠤᠲᠠᠯᠠᠬᠤ᠂ ᠰᠢᠯᠭᠠᠨ ᠠᠪᠬᠤ ᠪᠠᠷ ᠪᠠᠶᠢᠭ᠎ᠠ | ᠲᠥᠷᠥᠯ ᠵᠦᠢᠯ ᠯᠦᠭᠡ ᠠᠰᠢᠭ ᠲᠤᠰᠠ ᠶᠢᠨ ᠬᠠᠷᠢᠴᠠᠭ᠎ᠠ ᠲᠠᠢ ᠪᠠᠶᠢᠵᠤ᠂ ᠬᠢᠨᠠᠨ ᠪᠠᠶᠢᠴᠠᠭᠠᠯᠲᠠ ᠶᠢᠨ ᠲᠥᠪ ᠭᠤᠤᠯᠴᠢ | ᠴᠢᠨᠠᠷ ᠢ ᠨᠥᠯᠥᠭᠡᠯᠡᠵᠦ ᠮᠡᠳᠡᠪᠡᠯ᠂ ᠰᠠᠨᠠᠭᠠᠴᠢᠯᠠᠭ᠎ᠠ ᠠᠴᠠ ᠪᠠᠨ ᠵᠠᠶᠢᠯᠠᠰᠬᠢᠬᠦ ᠪᠠᠷ ᠳᠤᠷᠠᠳᠬᠤ ᠬᠡᠷᠡᠭᠲᠡᠶ︔ | ︵ᠲᠦᠷᠪᠡ︶ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠵᠢᠷᠣᠮᠯᠠᠵᠦ᠂ ᠨᠢᠭᠤᠴᠠ ᠶᠢ ᠬᠠᠮᠠᠭᠠᠯᠠᠬᠤ | ᠱᠠᠭᠠᠷᠳᠠᠯᠭ᠎ᠠ ᠲᠠᠢ ᠠᠵᠢᠯ ᠤᠨ ᠦᠷ᠎ᠡ ᠪᠦᠲᠦᠭᠡᠯ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠶᠠᠮᠠᠷᠪᠠ ᠬᠡᠯᠪᠡᠷᠢ ᠪᠠᠷ | ᠨᠡᠶᠢᠲᠡᠯᠡᠬᠦ᠂ ᠪᠤᠰᠤᠳ ᠲᠤ ᠰᠢᠯᠵᠢᠭᠦᠯᠦᠨ ᠥᠭᠬᠦ ᠪᠤᠶᠤ ᠭᠠᠳᠠᠭᠰᠢ ᠳᠠᠮᠵᠢᠭᠤᠯᠵᠤ ᠪᠣᠯᠬᠤ ᠦᠭᠡᠢ︔ | ︵ᠲᠠᠪᠤ︶ ᠮᠡᠷᠭᠡᠵᠢᠯ ᠤᠨ ᠦᠨᠡᠯᠡᠯᠲᠡ ᠬᠢᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ | ᠠᠵᠢᠯ ᠤᠨ ᠳᠤᠮᠳᠠ ᠬᠡᠷᠪᠡ ᠬᠤᠯᠪᠣᠭᠳᠠᠯ ᠪᠥᠬᠦᠶ ᠬᠥᠮᠦᠰ ᠤᠨ ᠲᠣᠭᠲᠠᠭᠠᠯ ᠢ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠳᠤ ᠪᠠᠶᠢᠳᠠᠯ ᠢᠶᠠᠨ ᠲᠤᠰᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠦᠢᠯᠡ ᠠᠵᠢᠯᠯᠠᠭ᠎ᠠ ᠬᠢᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠪᠠᠶᠢᠳᠠᠯ ᠢᠶᠠᠨ ᠲᠤᠰᠬᠠᠬᠤ ᠬᠡᠷᠡᠭᠲᠡᠶ︔ | ︵ᠵᠢᠷᠭᠤᠭ᠎ᠠ︶ ᠠᠯᠠᠱᠠ ᠠᠶᠢᠮᠠᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠵᠢᠴᠢ ᠪᠥᠬᠦ ᠠᠶᠢᠮᠠᠭ ᠤᠨ | ᠪᠤᠰᠤᠳ ᠡᠯ᠎ᠡ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠮᠡᠷᠭᠡᠵᠢᠯ ᠤᠨ | ᠦᠨᠡᠯᠡᠨ ᠵᠢᠱᠢᠬᠦ ᠠᠵᠢᠯ ᠳᠤ ᠣᠷᠣᠯᠴᠠᠬᠤ ᠳᠤ ᠤᠷᠢᠭᠰᠠᠨ ᠲᠠᠯ᠎ᠠ ᠶᠢᠨ ᠬᠢᠨᠠᠯᠲᠠ ᠲᠠᠯᠪᠢᠬᠤ᠂ ᠰᠢᠯᠭᠠᠨ ᠬᠢᠨᠠᠬᠤ ᠪᠠ | ᠬᠠᠮᠢᠶᠠᠷᠬᠤ ᠶᠢ ᠬᠦᠯᠢᠶᠡᠨ᠎ᠡ︔ | ︵ᠳᠣᠯᠤᠭ᠎ᠠ︶ ᠲᠤᠰᠬᠠᠶ ᠮᠡᠷᠭᠡᠵᠢᠯᠲᠡᠨ ᠬᠤᠪᠢ ᠬᠥᠮᠦᠨ ᠨᠢ ᠲᠥᠷᠥᠯ ᠵᠦᠢᠯ ᠢ ᠦᠨᠡᠯᠡᠨ ᠵᠢᠱᠢᠭᠰᠡᠨ ᠤ | ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ | ᠦᠨᠡᠯᠡᠯᠲᠡ ᠶᠢᠨ ᠪᠢᠴᠢᠭ ᠮᠠᠲ᠋ᠧᠷᠢᠶᠠᠯ ᠤᠨ ᠡᠳᠦᠷ ᠲᠤᠲᠤᠮ ᠤᠨ ᠰᠢᠯᠭᠠᠨ ᠬᠢᠨᠠᠬᠤ ᠬᠦᠰᠦᠨᠦᠭᠲᠦ᠂ ᠲᠤᠰᠬᠠᠶ | ᠮᠡᠷᠭᠡᠵᠢᠯᠲᠡᠨ ᠤ ᠰᠠᠨᠠᠯ ᠢ ᠬᠠᠷᠢᠭᠤ ᠲᠤᠰᠬᠠᠬᠤ ᠬᠡᠷᠡᠭᠲᠡᠶ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠬᠠᠮᠢᠶ᠎ᠠ ᠪᠥᠬᠦᠶ ᠡᠭᠦᠷᠭᠡ᠃ | ᠠᠷᠪᠠᠳᠤᠭᠠᠷ ᠵᠦᠢᠯ ᠪᠥᠬᠦ ᠠᠶᠢᠮᠠᠭ ᠤᠨ ᠡᠯ᠎ᠡ ᠱᠠᠲᠤᠨ ᠤ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢ ᠬᠢᠨᠠᠨ ᠵᠥᠪᠰᠢᠶᠡᠷᠡᠬᠦ᠂ ᠮᠡᠷᠭᠡᠵᠢᠯ ᠤᠨ ᠦᠨᠡᠯᠡᠨ ᠵᠢᠱᠢᠬᠦ ᠰᠠᠯᠠᠭ᠎ᠠ ᠮᠥᠴᠢᠷ ᠨᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ | ᠮᠠᠲ᠋ᠧᠷᠢᠶᠠᠯ ᠤᠨ ᠮᠡᠷᠭᠡᠵᠢᠯ ᠤᠨ ᠦᠨᠡᠯᠡᠨ ᠵᠢᠱᠢᠬᠦ ᠠᠵᠢᠯ ᠢ ᠥᠷᠨᠢᠭᠦᠯᠬᠦ ᠳᠡᠭᠡᠨ᠂ ᠡᠩ ᠲᠡᠷᠢᠭᠦᠨ ᠳᠤ ᠮᠠᠨ ᠤ | ᠠᠶᠢᠮᠠᠭ ᠤᠨ ᠬᠠᠮᠤᠭ ᠤᠨ ᠰᠢᠨ᠎ᠡ ᠢᠯᠡ ᠨᠡᠶᠢᠲᠡᠯᠡᠭᠰᠡᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠤᠰᠬᠠᠶ | ᠮᠡᠷᠭᠡᠵᠢᠯᠲᠡᠨ ᠢ ᠰᠣᠩᠭᠤᠨ᠎ᠠ᠂ ᠬᠡᠷᠪᠡ ᠣᠨᠴᠣᠭᠤᠶ ᠬᠡᠷᠡᠭᠴᠡᠭᠡ ᠲᠠᠢ ᠪᠣᠯ᠂ ᠬᠥᠮᠥᠷᠭᠡ ᠠᠴᠠ ᠭᠠᠳᠠᠨ᠎ᠠ ᠲᠦᠷ ᠴᠠᠭ | ᠲᠤᠰᠬᠠᠶ ᠮᠡᠷᠭᠡᠵᠢᠯᠲᠡᠨ ᠰᠣᠩᠭᠤᠨ ᠬᠡᠷᠡᠭᠯᠡᠵᠦ ᠪᠣᠯᠤᠨ᠎ᠠ᠂ ᠬᠥᠮᠥᠷᠭᠡ ᠠᠴᠠ ᠭᠠᠳᠠᠨ᠎ᠠ ᠰᠣᠩᠭᠤᠨ ᠬᠡᠷᠡᠭᠯᠡᠬᠦ ᠲᠤᠰᠬᠠᠶ | ᠮᠡᠷᠭᠡᠵᠢᠯᠲᠡᠨ ᠤ ᠬᠥᠮᠦᠨ ᠤ ᠲᠤᠭ᠎ᠠ ᠶᠢ ᠤᠷᠢᠭᠰᠠᠨ ᠲᠤᠰᠬᠠᠶ ᠮᠡᠷᠭᠡᠵᠢᠯᠲᠡᠨ ᠤ ᠶᠡᠷᠦᠩᠬᠡᠶ ᠲᠤᠭ᠎ᠠ ᠶᠢᠨ ᠭᠤᠷᠪᠠᠨ ᠤ | ᠨᠢᠭᠡ ᠠᠴᠠ ᠬᠡᠲᠦᠷᠡᠭᠦᠯᠵᠦ ᠪᠣᠯᠬᠤ ᠥᠬᠡᠶ᠃ ᠵᠠᠷᠴᠢᠮ ᠳᠡᠭᠡᠷ᠎ᠡ ᠪᠠᠨ ᠤᠳᠠᠭ᠎ᠠ ᠪᠦᠷᠢ ᠶᠢᠨ ᠮᠡᠷᠭᠡᠵᠢᠯ ᠤᠨ ᠦᠨᠡᠯᠡᠨ | ᠵᠢᠱᠢᠬᠦ ᠲᠤᠰᠬᠠᠶ ᠮᠡᠷᠭᠡᠵᠢᠯᠲᠡᠨ ᠤ ᠬᠥᠮᠦᠨ ᠤ ᠲᠤᠭ᠎ᠠ ᠨᠢ 35 ᠬᠥᠮᠦᠨ ᠪᠠᠶᠢᠵᠤ᠂ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠤᠯᠪᠣᠭᠳᠠᠬᠤ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠲᠤᠰᠬᠠᠶ ᠮᠡᠷᠭᠡᠵᠢᠯ ᠤᠨ ᠬᠦᠷᠢᠶ᠎ᠡ | ᠴᠠᠷᠠᠭ᠎ᠠ᠂ ᠭᠠᠵᠠᠷ ᠣᠷᠣᠨ᠂ ᠣᠷᠣᠨ ᠪᠦᠰᠡ᠂ ᠰᠠᠪᠠ ᠭᠠᠵᠠᠷ᠂ ᠲᠤᠰᠬᠠᠶ ᠮᠡᠷᠭᠡᠵᠢᠯᠲᠡᠨ ᠤ ᠬᠥᠮᠦᠨ ᠤ ᠲᠤᠭ᠎ᠠ | ᠵᠡᠷᠭᠡ ᠬᠦᠴᠦᠨ ᠵᠦᠢᠯ ᠢ ᠦᠨᠳᠦᠰᠦᠯᠡᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠠᠰᠢᠷᠠᠮ ᠳᠠᠭᠠᠤ ᠰᠣᠩᠭᠤᠨ | ᠠᠪᠴᠤ᠂ ᠲᠤᠰᠬᠠᠶ ᠮᠡᠷᠭᠡᠵᠢᠯᠲᠡᠨ ᠤ ᠲᠣᠰ ᠬᠥᠮᠦᠨ ᠤ ᠵᠥᠪᠰᠢᠶᠡᠷᠡᠯ ᠢ ᠣᠯᠤᠭᠰᠠᠨ ᠤ ᠳᠠᠷᠠᠭ᠎ᠠ ᠲᠣᠭᠲᠠᠭᠠᠬᠤ | ᠬᠡᠷᠡᠭᠲᠡᠶ᠃ | ᠠᠶᠢᠮᠠᠭ ᠤᠨ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠶᠢ ᠥᠪᠡᠰᠦᠪᠡᠨ ᠵᠣᠬᠢᠶᠠᠨ | ᠪᠠᠶᠢᠭᠤᠯᠬᠤ ᠳᠠᠭᠠᠨ᠂ ᠲᠥᠷᠥᠯ ᠵᠦᠢᠯ ᠤᠨ ᠣᠨᠴᠠᠯᠢᠭ ᠵᠢᠴᠢ ᠬᠠᠮᠢᠶ᠎ᠠ ᠪᠥᠬᠦᠶ ᠰᠢᠯᠭᠠᠨ ᠠᠪᠬᠤ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠠᠶᠢᠮᠠᠭ ᠤᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠢᠯᠭᠠᠨ ᠠᠪᠬᠤ ᠲᠤᠰᠬᠠᠶ | ᠮᠡᠷᠭᠡᠵᠢᠯᠲᠡᠨ ᠢ ᠥᠪᠡᠰᠦᠪᠡᠨ ᠰᠣᠩᠭᠤᠨ ᠲᠠᠨᠢᠯᠴᠠᠭᠤᠯᠵᠤ᠂ ᠵᠠᠷᠴᠢᠮ ᠳᠡᠭᠡᠷ᠎ᠡ ᠪᠠᠨ ᠤᠳᠠᠭ᠎ᠠ ᠪᠦᠷᠢ ᠶᠢᠨ ᠪᠠᠷᠢᠯᠭ᠎ᠠ | ᠳᠠᠭᠤᠰᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠠᠪᠬᠤ ᠲᠤᠰᠬᠠᠶ ᠮᠡᠷᠭᠡᠵᠢᠯᠲᠡᠨ ᠤ ᠬᠥᠮᠦᠨ ᠤ | ᠲᠤᠭ᠎ᠠ ᠨᠢ 35 ᠬᠥᠮᠦᠨ ᠪᠣᠯᠤᠨ᠎ᠠ᠃ | ᠠᠶᠢᠮᠠᠭ ᠤᠨ ᠳᠣᠲᠣᠭᠠᠳᠤ ᠶᠢᠨ ᠪᠤᠰᠤᠳ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠨᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠮᠡᠷᠭᠡᠵᠢᠯᠲᠡᠨ ᠢᠶᠠᠷ ᠮᠡᠷᠭᠡᠵᠢᠯ ᠤᠨ ᠲᠤᠯᠭᠠᠭᠤᠷᠢᠯᠠᠯ ᠬᠢᠯᠭᠡᠬᠦ ᠴᠢᠬᠤᠯᠠᠲᠠᠶ | ᠪᠠᠶᠢᠪᠠᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠮᠠᠨ ᠤ ᠠᠶᠢᠮᠠᠭ ᠤᠨ ᠲᠤᠰᠬᠠᠶ ᠮᠡᠷᠭᠡᠵᠢᠯᠲᠡᠨ ᠤ | ᠬᠥᠮᠥᠷᠭᠡ ᠠᠴᠠ ᠵᠣᠬᠢᠬᠤ ᠲᠤᠰᠬᠠᠶ ᠮᠡᠷᠭᠡᠵᠢᠯᠲᠡᠨ ᠢ ᠰᠣᠩᠭᠤᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠲᠤᠰᠬᠠᠶ ᠮᠡᠷᠭᠡᠵᠢᠯᠲᠡᠨ ᠤ ᠬᠥᠮᠥᠷᠭᠡ ᠳᠤ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠵᠦ᠂ ᠬᠥᠮᠥᠷᠭᠡ ᠶᠢᠨ ᠳᠣᠲᠣᠷᠠᠬᠢ ᠲᠤᠰᠬᠠᠶ ᠮᠡᠷᠭᠡᠵᠢᠯᠲᠡᠨ ᠤ ᠮᠡᠳᠡᠭᠡ ᠵᠠᠩᠭᠢ ᠶᠢ ᠲᠥᠪᠯᠡᠷᠡᠭᠦᠯᠦᠨ | ᠰᠢᠨᠡᠳᠬᠡᠬᠦ ᠶᠢ 2 ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠬᠤ ᠶᠢᠨ ᠬᠠᠮᠲᠤ᠂ ᠠᠯᠠᠱᠠ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠦᠯᠵᠢᠶᠡᠨ ᠳᠤ ᠵᠠᠷᠯᠠᠨ ᠨᠡᠶᠢᠲᠡᠯᠡᠨ᠎ᠡ᠃ | ᠠᠷᠪᠠᠨ ᠬᠤᠶᠠᠳᠤᠭᠠᠷ ᠵᠦᠢᠯ ᠲᠤᠰᠬᠠᠶ ᠮᠡᠷᠭᠡᠵᠢᠯᠲᠡᠨ ᠤ ᠬᠥᠮᠥᠷᠭᠡ ᠳᠤ ᠰᠣᠩᠭᠤᠭᠳᠠᠭᠰᠠᠨ ᠲᠤᠰᠬᠠᠶ | ᠮᠡᠷᠭᠡᠵᠢᠯᠲᠡᠳ ᠢᠲᠡᠭᠡᠮᠵᠢ ᠶᠢᠨ ᠲᠠᠯ᠎ᠠ ᠪᠠᠷ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠢᠷᠢ ᠬᠡᠮ ᠢ ᠨᠢ ᠬᠦᠴᠦᠨ | ᠥᠬᠡᠶ ᠪᠣᠯᠭᠠᠬᠤ ᠮᠥᠷᠲᠡᠭᠡᠨ 5 ᠵᠢᠯ ᠤᠨ ᠳᠣᠲᠣᠷ᠎ᠠ ᠬᠥᠮᠥᠷᠭᠡ ᠳᠤ ᠣᠷᠣᠭᠤᠯᠬᠤ ᠪᠠᠷ ᠳᠠᠬᠢᠨᠲᠠ ᠭᠤᠶᠤᠴᠢᠯᠠᠵᠤ | ᠪᠣᠯᠬᠤ ᠥᠬᠡᠶ᠄ | ︵ᠨᠢᠭᠡ︶ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠡᠰᠡᠬᠦᠯ᠎ᠡ | ᠮᠡᠷᠭᠡᠵᠢᠯ ᠤᠨ ᠦᠨᠡᠯᠡᠨ ᠵᠢᠱᠢᠬᠦ ᠠᠵᠢᠯ ᠳᠤ ᠪᠤᠰᠤᠳᠴᠢ ᠪᠤᠰᠤ᠂ ᠭᠤᠣᠯᠴᠢ ᠪᠤᠰᠤ ᠪᠠᠷ ᠣᠷᠣᠯᠴᠠᠭᠰᠠᠨ︔ | ︵ᠬᠤᠶᠠᠷ︶ ᠪᠤᠰᠤᠳ ᠤᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠤᠭᠰᠠᠨ ᠪᠤᠶᠤ ᠪᠤᠰᠤᠳ ᠠᠰᠢᠭ | ᠲᠤᠰᠠ ᠣᠯᠵᠤ᠂ ᠪᠤᠰᠤᠳᠴᠢ ᠪᠠᠷ᠂ ᠲᠥᠪ ᠭᠤᠣᠯᠴᠢ ᠪᠠᠷ ᠮᠡᠷᠭᠡᠵᠢᠯ ᠤᠨ ᠦᠨᠡᠯᠡᠨ ᠵᠢᠱᠢᠬᠦ ᠠᠵᠢᠯ ᠢ | ᠨᠦᠯᠦᠭᠡᠯᠡᠭᠰᠡᠨ︔ | ︵ᠭᠤᠷᠪᠠ︶ ᠦᠨᠡᠯᠡᠨ ᠵᠢᠱᠢᠬᠦ ᠪᠠᠷ ᠪᠠᠶᠢᠭ᠎ᠠ ᠲᠥᠷᠥᠯ ᠵᠦᠢᠯ ᠯᠦᠭᠡ ᠠᠰᠢᠭ ᠬᠤᠤᠷ ᠤᠨ ᠬᠠᠷᠢᠴᠠᠭ᠎ᠠ ᠲᠠᠢ | ᠪᠠᠶᠢᠵᠤ᠂ ᠬᠢᠨᠠᠨ ᠪᠠᠶᠢᠴᠠᠭᠠᠯᠲᠠ ᠶᠢᠨ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ᠂ ᠤᠷᠢᠳᠠᠪᠠᠷ ᠪᠠᠶᠢᠳᠠᠯ ᠢ | ᠮᠡᠳᠡᠭᠰᠡᠨ ᠪᠣᠯᠪᠠᠴᠤ ᠰᠠᠨᠠᠭᠠᠴᠢᠯᠠᠭ᠎ᠠ ᠠᠴᠠ ᠪᠠᠨ ᠵᠠᠶᠢᠯᠠᠭᠰᠠᠨ ᠥᠬᠡᠶ︔ | ︵ᠲᠦᠷᠪᠡ︶ ᠬᠢᠨᠠᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠮᠡᠷᠭᠡᠵᠢᠯ ᠤᠨ ᠨᠢᠭᠤᠴᠠ᠂ | ᠬᠤᠳᠠᠯᠳᠤᠭᠠᠨ ᠤ ᠨᠢᠭᠤᠴᠠ ᠵᠢᠴᠢ ᠢᠯᠡ ᠪᠣᠯᠭᠠᠬᠤ ᠳᠤ ᠲᠣᠬᠢᠷᠠᠮᠵᠢ ᠦᠭᠡᠢ ᠪᠤᠰᠤᠳ ᠮᠡᠳᠡᠭᠡ ᠵᠠᠩᠭᠢ ᠶᠢ | ᠵᠠᠳᠠᠷᠠᠭᠤᠯᠤᠭᠰᠠᠨ︔ | ︵ᠲᠠᠪᠤ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠵᠥᠷᠢᠴᠡᠭᠰᠡᠨ᠃ | ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠬᠥᠮᠥᠷᠭᠡ ᠳᠣᠲᠣᠷᠠᠬᠢ ᠲᠤᠰᠬᠠᠶ ᠮᠡᠷᠭᠡᠵᠢᠯᠲᠡᠨ ᠢ ᠰᠣᠩᠭᠤᠨ | ᠠᠪᠴᠤ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠷᠨᠢᠭᠦᠯᠬᠦ ᠶᠠᠪᠤᠴᠠ ᠳᠤ᠂ ᠬᠡᠷᠪᠡ ᠲᠤᠰᠬᠠᠶ ᠮᠡᠷᠭᠡᠵᠢᠯᠲᠡᠨ | ᠰᠣᠩᠭᠤᠨ ᠠᠪᠬᠤ ᠳᠤ ᠳᠡᠭᠡᠷ᠎ᠡ ᠳᠤᠷᠠᠳᠤᠭᠰᠠᠨ ᠪᠠᠶᠢᠳᠠᠯ ᠲᠠᠢ ᠪᠠᠶᠢᠬᠤ ᠶᠢ ᠣᠯᠵᠤ ᠮᠡᠳᠡᠪᠡᠯ᠂ ᠲᠤᠰᠬᠠᠶ ᠮᠡᠷᠭᠡᠵᠢᠯᠲᠡᠨ | ᠲᠣᠰ ᠬᠥᠮᠦᠨ ᠳᠤᠨᠢ ᠵᠠᠯᠠᠷᠠᠭᠤᠯᠬᠤ ᠱᠠᠭᠠᠷᠳᠠᠯᠭ᠎ᠠ ᠳᠤᠷᠠᠳᠴᠤ ᠪᠣᠯᠤᠨ᠎ᠠ᠂ ᠬᠡᠷᠪᠡ ᠮᠥᠨ ᠬᠦ ᠵᠠᠯᠠᠷᠠᠭᠤᠯᠵᠤ ᠳᠡᠶᠢᠯᠬᠦ | ᠥᠬᠡᠶ ᠪᠣᠯ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠳᠤ ᠮᠡᠳᠡᠭᠦᠯᠦᠨ ᠬᠦᠷᠭᠡᠵᠦ ᠪᠣᠯᠤᠨ᠎ᠠ᠂ ᠬᠢᠨᠠᠨ ᠬᠠᠷᠭᠤᠭᠤᠯᠤᠭᠠᠳ ᠦᠨᠡᠨ ᠪᠣᠳᠠᠲᠠᠶ ᠪᠠᠶᠢᠪᠠᠯ᠂ | ᠬᠥᠮᠥᠷᠭᠡ ᠳᠤ ᠣᠷᠣᠭᠤᠯᠬᠤ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠮᠥᠷᠲᠡᠭᠡᠨ 5 ᠵᠢᠯ ᠤᠨ ᠳᠣᠲᠣᠷ᠎ᠠ | ᠬᠥᠮᠥᠷᠭᠡ ᠳᠤ ᠣᠷᠣᠭᠤᠯᠬᠤ ᠪᠠᠷ ᠳᠠᠬᠢᠨᠲᠠ ᠭᠤᠶᠤᠴᠢᠯᠠᠵᠤ ᠪᠣᠯᠬᠤ ᠥᠬᠡᠶ᠃ | ᠠᠷᠪᠠᠨ ᠭᠤᠷᠪᠠᠳᠤᠭᠠᠷ ᠵᠦᠢᠯ ᠲᠤᠰᠬᠠᠶ ᠮᠡᠷᠭᠡᠵᠢᠯᠲᠡᠨ ᠤ ᠬᠥᠮᠥᠷᠭᠡ ᠣᠷᠣᠮ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠣᠨ᠎ᠠ᠃ ᠲᠤᠰᠬᠠᠶ ᠮᠡᠷᠭᠡᠵᠢᠯᠲᠡᠨ ᠤ ᠰᠣᠩᠭᠤᠯᠲᠠ᠂ ᠢᠲᠡᠭᠡᠮᠵᠢ ᠶᠢᠨ ᠦᠨᠡᠯᠡᠯᠲᠡ ᠪᠠ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠤᠨ ᠡᠳᠦᠷ ᠲᠤᠲᠤᠮ ᠤᠨ ᠰᠢᠯᠭᠠᠨ | ᠬᠢᠨᠠᠬᠤ ᠬᠦᠰᠦᠨᠦᠭᠲᠦ ᠳᠤ ᠪᠥᠬᠦ ᠶᠠᠪᠤᠴᠠ ᠳᠤ ᠣᠷᠣᠮ ᠦᠯᠡᠳᠡᠭᠡᠵᠦ᠂ ᠬᠠᠮᠢᠶ᠎ᠠ ᠪᠥᠬᠦᠶ ᠲᠡᠮᠳᠡᠭᠯᠡᠯ ᠢ ᠪᠠᠶᠢᠴᠠᠭᠠᠨ | ᠯᠠᠪᠯᠠᠵᠤ ᠪᠣᠯᠬᠤ᠂ ᠮᠥᠷᠳᠡᠵᠦ ᠪᠣᠯᠬᠤ ᠶᠢ ᠬᠦᠢᠴᠡᠳᠭᠡᠨ᠎ᠡ᠃ | ᠠᠷᠪᠠᠨ ᠳᠥᠷᠪᠡᠳᠦᠭᠡᠷ ᠵᠦᠢᠯ ᠲᠣᠰ ᠠᠷᠭ᠎ᠠ ᠶᠢ ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠲᠠᠪᠤᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 24 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠠᠯᠠᠱᠠ ᠠᠶᠢᠮᠠᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠬᠠᠮᠲᠤ ᠳᠤᠨᠢ ᠬᠦᠴᠦᠨ ᠦᠭᠡᠢ ᠪᠣᠯᠭᠠᠨ᠎ᠠ᠃ | |