ᠲᠡᠵᠢᠭᠡᠪᠦᠷᠢ ᠶᠢᠨ ᠲᠠᠤᠯᠠᠢ ᠶᠢᠨ ᠠᠷᠠᠴᠢᠯᠠᠭ᠎ᠠ ᠳᠣᠳᠣᠮᠳᠣᠯᠭ᠎ᠠ ᠶᠢᠨ ᠦᠨᠳᠦᠰᠦᠨ ᠱᠠᠭᠠᠷᠳᠠᠯᠭ᠎ᠠ ---- ᠵᠣᠬᠢᠰᠲᠠᠢ ᠵᠣᠬᠢᠴᠠᠭᠤᠯᠬᠤ᠂ ᠲᠡᠵᠢᠭᠡᠯ ᠪᠣᠷᠳᠤᠭ᠎ᠠ ᠶᠢ ᠣᠯᠠᠨ ᠶᠠᠩᠵᠤ ᠶᠢᠨ ᠪᠣᠯᠭᠠᠬᠤ
ᠨᠡᠶᠢᠲᠡᠯᠡᠭᠰᠡᠨ ᠴᠠᠭ᠄
2023/6/28
     ᠲᠡᠵᠢᠭᠡᠪᠦᠷᠢ ᠶᠢᠨ ᠲᠠᠤᠯᠠᠢ ᠶᠢᠨ ᠥᠰᠦᠯᠲᠡ ᠲᠦᠷᠭᠡᠨ᠂ ᠦᠷᠡᠵᠢᠬᠦ ᠴᠢᠳᠠᠪᠤᠷᠢ ᠥᠨᠳᠥᠷ᠂ ᠪᠡᠶ᠎ᠡ ᠶᠢᠨ ᠳᠣᠲᠣᠭᠠᠳᠤ ᠶᠢᠨ ᠪᠣᠳᠠᠰ ᠤᠨ ᠰᠣᠯᠢᠯᠴᠠᠭ᠎ᠠ ᠰᠠᠶᠢᠨ᠂ ᠭᠦᠢᠴᠡᠳ ᠰᠢᠮ᠎ᠡ ᠲᠡᠵᠢᠭᠡᠯ ᠬᠡᠷᠡᠭᠰᠡᠨ᠎ᠡ᠃ ᠡᠶᠢᠮᠦ ᠠᠴᠠ ᠲᠡᠵᠢᠭᠡᠪᠦᠷᠢ ᠶᠢᠨ ᠲᠠᠤᠯᠠᠢ ᠶᠢᠨ ᠡᠳᠦᠷ ᠤᠨ ᠲᠡᠵᠢᠭᠡᠯ ᠨᠢ ᠣᠯᠠᠨ ᠵᠦᠢᠯ ᠤᠨ ᠲᠡᠵᠢᠭᠡᠯ ᠪᠣᠷᠳᠤᠭ᠎ᠠ ᠪᠠᠷ ᠪᠦᠷᠢᠯᠳᠦᠵᠦ᠂ ᠲᠡᠵᠢᠭᠡᠯ ᠪᠣᠷᠳᠣᠭᠠᠨ ᠳᠤ ᠠᠭᠤᠯᠤᠭᠳᠠᠵᠤ ᠪᠠᠶᠢᠭ᠎ᠠ ᠰᠢᠮ᠎ᠡ ᠲᠡᠵᠢᠭᠡᠯ ᠢ ᠨᠢ ᠦᠨᠳᠦᠰᠦᠯᠡᠵᠦ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠵᠦ᠂ ᠵᠣᠬᠢᠰᠲᠠᠢ ᠲᠣᠬᠢᠷᠠᠭᠤᠯᠬᠤ ᠬᠡᠷᠡᠭᠲᠡᠢ᠂ ᠢᠩᠭᠢᠬᠦ ᠨᠢ ᠥᠰᠦᠯᠲᠡ ᠪᠤᠶᠢᠵᠢᠯᠲᠠ ᠳᠤ ᠠᠰᠢᠭᠲᠠᠢ ᠮᠥᠷᠲᠡᠭᠡᠨ ᠤᠭᠤᠷᠠᠭ ᠤᠨ ᠬᠠᠷᠢᠯᠴᠠᠨ ᠨᠥᠬᠦᠪᠦᠷᠢᠯᠡᠬᠦ ᠦᠢᠯᠡᠳᠦᠯ ᠳᠤ ᠴᠦ ᠠᠰᠢᠭᠲᠠᠢ ᠶᠤᠮ᠃ ᠦᠢᠯᠡᠳᠪᠦᠷᠢᠯᠡᠯ ᠤᠨ ᠦᠢᠯᠡᠳᠦᠯᠭᠡ ᠳᠤᠮᠳᠠ᠂ ᠲᠡᠵᠢᠭᠡᠯ ᠪᠣᠷᠳᠣᠭᠠᠨ ᠤ ᠤᠭᠤᠷᠠᠭ ᠤᠨ ᠬᠤᠷᠣᠭᠳᠠᠯ ᠢ ᠠᠷᠪᠢᠯᠠᠬᠤ ᠶᠢᠨ ᠲᠥᠯᠥᠭᠡ᠂ ᠦᠷᠭᠦᠯᠵᠢ ᠣᠯᠠᠨ ᠵᠦᠢᠯ ᠤᠨ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠬᠡᠷᠡᠭᠯᠡᠵᠦ᠂ ᠲᠡᠵᠢᠭᠡᠯ ᠪᠣᠷᠳᠣᠭᠠᠨ ᠤ ᠬᠤᠭᠤᠷᠣᠨᠳᠣᠬᠢ ᠴᠢᠬᠤᠯᠠ ᠬᠡᠷᠡᠭᠴᠡᠭᠡᠨ ᠤ ᠰᠢᠪᠲᠦᠷᠲᠦ ᠬᠦᠴᠢᠯ ᠢ ᠬᠠᠷᠢᠯᠴᠠᠨ ᠨᠥᠬᠦᠪᠦᠷᠢᠯᠡᠵᠦ᠂ ᠳᠠᠩ ᠭᠠᠭᠴᠠ ᠲᠡᠵᠢᠭᠡᠯ ᠪᠣᠷᠳᠤᠭ᠎ᠠ ᠪᠠᠷ ᠲᠡᠵᠢᠭᠡᠬᠦ ᠶᠢ ᠴᠡᠭᠡᠷᠯᠡᠨ᠎ᠡ᠃ ᠵᠢᠱᠢᠶᠡᠯᠡᠪᠡᠯ ᠦᠶᠡᠲᠦ ᠤᠷᠭᠤᠮᠠᠯ ᠤᠨ ᠢᠵᠠᠭᠤᠷ ᠤᠨ ᠦᠷ᠎ᠡ ᠶᠢᠨ ᠲᠦᠷᠦᠯ ᠳᠤ ᠶᠡᠷᠦ ᠳᠡᠭᠡᠨ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ ᠳᠣᠣᠷ᠎ᠠ ᠠᠭᠤᠯᠤᠭᠳᠠᠳᠠᠭ᠂ ᠬᠠᠷᠢᠨ ᠪᠤᠷᠴᠠᠭ ᠤᠨ ᠢᠵᠠᠭᠤᠷ ᠤᠨ ᠦᠷ᠎ᠡ ᠳᠤ ᠯᠢᠰᠢᠨ ᠰᠢᠪᠲᠦᠷᠲᠦ ᠬᠦᠴᠢᠯ ᠪᠠ ᠥᠩᠭᠡᠲᠦ ᠰᠢᠪᠲᠦᠷᠲᠦ ᠬᠦᠴᠢᠯ ᠨᠡᠯᠢᠶᠡᠳ ᠠᠷᠪᠢᠨ ᠠᠭᠤᠯᠤᠭᠳᠠᠵᠤ᠂ ᠥᠨᠳᠡᠭᠡᠨ ᠰᠢᠪᠲᠦᠷᠲᠦ ᠬᠦᠴᠢᠯ ᠭᠦᠢᠴᠡᠳ ᠪᠤᠰᠤ ᠪᠠᠶᠢᠳᠠᠭ᠃ ᠡᠶᠢᠮᠦ ᠠᠴᠠ ᠭᠡᠷ ᠤᠨ ᠲᠠᠤᠯᠠᠢ ᠶᠢᠨ ᠡᠳᠦᠷ ᠤᠨ ᠲᠡᠵᠢᠭᠡᠯ ᠢ ᠪᠦᠷᠢᠯᠳᠦᠭᠦᠯᠬᠦ ᠦᠶ᠎ᠡ ᠳᠤ᠂ ᠦᠶᠡᠲᠦ ᠤᠷᠭᠤᠮᠠᠯ ᠤᠨ ᠢᠵᠠᠭᠤᠷ ᠤᠨ ᠦᠷ᠎ᠡ ᠵᠢᠴᠢ ᠳᠠᠭᠠᠯᠲᠠ ᠪᠦᠲᠦᠭᠡᠭᠳᠡᠬᠦᠨ ᠢᠶᠠᠷ ᠭᠤᠣᠯ ᠴᠣᠭᠴᠠ ᠪᠣᠯᠭᠠᠵᠤ᠂ 10%~20% ᠶᠢᠨ ᠪᠤᠷᠴᠠᠭ ᠤᠨ ᠪᠣᠣᠪᠤ᠂ ᠯᠣᠬᠠᠱᠧᠩ ᠤᠨ ᠬᠡᠪᠡᠭ ᠤᠨ ᠲᠥᠷᠥᠯ ᠤᠨ ᠪᠣᠷᠳᠤᠭ᠎ᠠ ᠶᠢ ᠬᠤᠯᠢᠵᠤ ᠡᠳᠦᠷ ᠤᠨ ᠲᠡᠵᠢᠭᠡᠯ ᠪᠣᠯᠭᠠᠪᠠᠯ ᠪᠦᠬᠦ᠋ᠢᠯᠡ ᠬᠤᠨᠤᠭ ᠤᠨ ᠲᠡᠵᠢᠭᠡᠯ ᠤᠨ ᠤᠭᠤᠷᠠᠭ ᠤᠨ ᠦᠢᠯᠡᠳᠦᠯ ᠪᠠ ᠠᠰᠢᠭᠯᠠᠮᠵᠢ ᠶᠢ ᠳᠡᠭᠡᠭᠰᠢᠯᠡᠭᠦᠯᠵᠦ ᠴᠢᠳᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号