ᠨᠢᠬᠡ᠂ ᠨᠡᠮᠡᠯᠲᠡ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ | ᠮᠠᠨ ᠤ ᠠᠶᠢᠮᠠᠭ ᠤᠨ ᠤᠤᠯ ᠤᠨ ︽ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ 2020 ᠣᠨ ᠤ 1 ᠳ᠋ᠦ᠋ᠭᠡᠷ ᠰᠠᠷ᠎ᠠ ᠳᠤ | ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ ᠭᠡᠷᠡᠭᠵᠢᠬᠦᠯᠪᠡ᠃ 2020 ᠣᠨ ᠤ 1 ᠰᠠᠷ᠎ᠠ ᠠᠴᠠ ᠨᠠᠰᠢ᠂ | ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ | ᠂ ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠣᠨᠣᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ︾ ᠶᠢ | ᠪᠠᠷᠢᠮᠲᠠᠯᠠᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢ ᠪᠠᠶᠢᠭᠤᠯᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ | ᠲᠥᠯᠥᠪᠵᠢᠭᠦᠯᠵᠦ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ | ᠲᠦᠪᠰᠢᠨ ᠢ ᠪᠦᠲᠦᠮᠵᠢᠲᠡᠢ ᠬᠠᠮᠠᠭᠠᠯᠠᠪᠠ᠃ ᠡᠭᠦᠨ ᠤ ᠬᠠᠮᠲᠤ᠂ ᠭᠤᠷᠪᠠᠨ ᠵᠢᠯ ᠭᠠᠷᠤᠶ ᠶᠢᠨ ᠬᠢᠵᠢᠭ ᠤᠨ ᠪᠠᠶᠢᠳᠠᠯ ᠢ | ᠪᠠᠶᠢᠩᠭᠤ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠩᠭᠡᠷᠡᠭᠡᠵᠦ᠂ | ᠮᠠᠨ ᠤ ᠠᠶᠢᠮᠠᠭ ᠡᠩ ᠤᠨ ᠦᠶ᠎ᠡ ᠪᠠ ᠬᠢᠵᠢᠭ ᠤᠨ ᠦᠶ᠎ᠡ ᠶᠢ ᠨᠢᠭᠡ ᠴᠤᠭᠴᠠᠵᠢᠭᠤᠯᠤᠭᠰᠠᠨ ᠵᠢᠯᠣᠭᠤᠳᠬᠤ | ᠰᠢᠰᠲ᠋ᠧᠮ ᠢ ᠪᠦᠲᠦᠮᠵᠢᠲᠡᠶ ᠠᠵᠢᠯᠯᠠᠭᠤᠯᠬᠤ᠂ ᠪᠠᠶᠢᠩᠭᠤ ᠰᠡᠷᠭᠡᠶᠢᠯᠡᠨ ᠡᠵᠡᠮᠳᠡᠬᠦ ᠠᠴᠠ ᠭᠡᠨᠡᠳᠲᠡ ᠶᠢᠨ ᠬᠢᠵᠢᠭ ᠤᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠬᠥᠭᠵᠢᠭᠡᠬᠦ᠂ ᠭᠡᠨᠡᠳᠲᠡ ᠶᠢᠨ ᠬᠢᠵᠢᠭ ᠤᠨ ᠪᠠᠶᠢᠳᠠᠯ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ᠂ ᠬᠢᠵᠢᠭ ᠤᠨ ᠪᠠᠶᠢᠳᠠᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠭᠡᠨᠡᠳᠲᠡ ᠶᠢᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠢᠳᠪᠦᠷᠢᠯᠡᠬᠦ᠂ | ᠡᠮᠴᠢᠯᠡᠭᠡᠨ ᠤ ᠠᠪᠤᠷᠠᠨ ᠵᠠᠰᠠᠬᠤ᠂ ᠵᠠᠮ ᠬᠠᠷᠢᠯᠴᠠᠭᠠᠨ ᠤ ᠪᠠᠲᠤᠯᠠᠭ᠎ᠠ᠂ ᠨᠡᠶᠢᠭᠡᠮ ᠲᠣᠭᠤᠷᠢᠭ ᠤᠨ ᠬᠠᠮᠢᠶᠠᠷᠤᠨ | ᠡᠵᠡᠮᠳᠡᠬᠦ ᠪᠠ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠮᠴᠢᠯᠡᠭᠡ ᠪᠠ ᠠᠮᠢᠳᠤᠷᠠᠯ ᠤᠨ ᠡᠳ᠋ ᠪᠣᠳᠠᠰ ᠤᠨ | ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠵᠢᠴᠢ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠵᠢᠯᠣᠭᠤᠳᠣᠯᠭ᠎ᠠ ᠵᠡᠷᠭᠡ ᠲᠠᠯ᠎ᠠ ᠪᠠᠷ ᠮᠠᠰᠢ ᠣᠯᠠᠨ ᠠᠮᠵᠢᠯᠲᠠ ᠲᠠᠢ ᠲᠤᠷᠰᠢᠯᠭ᠎ᠠ ᠪᠠ ᠠᠷᠭ᠎ᠠ | ᠬᠢᠳᠡᠯ ᠢ ᠬᠤᠷᠠᠮᠳᠤᠭᠤᠯᠪᠠ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ | ᠳ᠋ᠦᠩᠨᠡᠭᠰᠡᠨ ᠰᠠᠭᠤᠷᠢᠨ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠶᠡᠭᠡ ᠠᠮᠤᠷ ᠲᠦᠪᠰᠢᠨ ᠶᠡᠭᠡ ᠪᠠᠴᠢᠮ | ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠳᠤᠮᠳᠠᠬᠢ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠠᠪᠤᠷᠠᠨ | ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠡᠯᠡᠳᠬᠡᠯ | ᠲᠥᠰᠦᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠨᠠᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠳᠠᠢ᠂ ᠥᠨᠳᠥᠷ | ᠪᠦᠲᠦᠮᠵᠢᠲᠡᠶ ᠰᠠᠶᠢᠲᠤᠷ ᠬᠢᠬᠦ ᠶᠢᠨ ᠲᠥᠯᠥᠭᠡ᠂ ᠠᠶᠢᠮᠠᠭ ᠤᠨ ᠵᠠᠬᠢᠷᠭ᠎ᠠ ᠶᠢᠨ ᠡᠯ᠎ᠡ ᠲᠥᠷᠥᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ ᠬᠤᠰᠢᠭᠤ ᠣᠷᠣᠨ | ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ | 2020 ᠣᠨ ᠤ ᠬᠡᠪᠯᠡᠯ ᠤᠨ ︽ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ | ᠬᠤᠶᠠᠷ᠂ ᠵᠠᠰᠠᠪᠤᠷᠢ ᠣᠷᠣᠭᠤᠯᠤᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠬᠠᠤᠯᠢ︾᠂ ︽ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾᠂ ︽ᠤᠯᠤᠰ ᠤᠨ | ᠳᠣᠲᠣᠭᠠᠳᠤ ᠶᠢᠨ ᠵᠠᠮ ᠬᠠᠷᠢᠯᠴᠠᠭ᠎ᠠ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ︾᠂ ︽ᠤᠯᠤᠰ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ | ᠪᠣᠯᠤᠨ ᠪᠡᠯᠡᠳᠬᠡᠯ ᠲᠥᠰᠦᠯ ᠢ ᠦᠨᠳᠦᠰᠦᠯᠡᠨ ᠵᠠᠰᠠᠪᠤᠷᠢ ᠣᠷᠣᠭᠤᠯᠪᠡ᠃ | ᠭᠤᠷᠪᠠ᠂ ᠵᠠᠰᠠᠪᠤᠷᠢ ᠣᠷᠣᠭᠤᠯᠤᠭᠰᠠᠨ ᠶᠠᠪᠤᠴᠠ | ᠲᠣᠰ ᠤᠳᠠᠭᠠᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠳᠠᠭᠠᠨ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠢᠶ᠎ᠠ ᠪᠥᠬᠦᠶ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠪᠡᠯᠡᠳᠬᠡᠯ ᠲᠥᠰᠦᠯ ᠢ ᠭᠦᠢᠴᠡᠳ ᠰᠤᠳᠤᠯᠤᠭᠰᠠᠨ ᠰᠠᠭᠤᠷᠢᠨ ᠳᠡᠭᠡᠷ᠎ᠡ᠂ ᠮᠠᠨ ᠤ | ᠠᠶᠢᠮᠠᠭ ᠤᠨ ᠭᠤᠷᠪᠠᠨ ᠵᠢᠯ ᠭᠠᠷᠤᠶ ᠶᠢᠨ ᠲᠤᠷᠰᠢᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ ᠪᠥᠬᠦ ᠲᠠᠯ᠎ᠠ ᠪᠠᠷ | ᠰᠢᠰᠲ᠋ᠧᠮ ᠲᠠᠢ ᠳ᠋ᠦᠩᠨᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠬᠦ᠂ | ᠬᠥᠭᠵᠢᠯᠲᠡ ᠶᠢᠨ ᠵᠢᠮ᠎ᠡ ᠶᠣᠰᠣ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠥᠬᠦ ᠶᠠᠪᠤᠴᠠ ᠶᠢᠨ | ᠪᠣᠳᠠᠲᠤ ᠪᠠᠶᠢᠳᠠᠯ ᠢ ᠵᠢᠷᠤᠮᠯᠠᠨ᠂ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠡᠷᠡᠭᠵᠢᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠪᠣᠳᠠᠲᠤ ᠦᠷ᠎ᠡ ᠪᠦᠲᠦᠮᠵᠢ ᠲᠠᠢ | ᠲᠦᠷᠢᠮ ᠠᠷᠭ᠎ᠠ ᠬᠡᠮᠵᠢᠶ᠎ᠡ ᠪᠠ ᠲᠣᠭᠲᠠᠴᠠ ᠶᠢ ᠪᠦᠷᠢᠯᠳᠦᠭᠦᠯᠦᠨ᠂ ︽ᠠᠯᠠᠱᠠ ᠠᠶᠢᠮᠠᠭ ᠤᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ | 2023 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠰᠠᠨᠠᠯ ᠬᠤᠷᠢᠶᠠᠬᠤ ᠨᠣᠤᠷᠠᠭ︶ ᠢ ᠪᠣᠶ ᠪᠣᠯᠭᠠᠵᠤ᠂ | ᠡᠯ᠎ᠡ ᠬᠤᠰᠢᠭᠤ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠭᠡᠯᠳᠡᠰ ᠵᠥᠪᠯᠡᠯ ᠠᠯᠪᠠᠨ ᠬᠡᠷ ᠲᠣᠪᠴᠢᠶ᠎ᠠ ᠠᠴᠠ | ᠤᠷᠢᠳ ᠬᠤᠵᠢᠳ ᠰᠠᠨᠠᠯ ᠬᠤᠷᠢᠶᠠᠪᠠ᠃ ᠳᠠᠷᠠᠭ᠎ᠠ ᠨᠢ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠣᠰ ᠪᠡᠯᠡᠳᠬᠡᠯ ᠲᠥᠰᠦᠯ ᠤᠨ ᠡᠷᠬᠢᠯᠡᠨ ᠨᠠᠶᠢᠷᠠᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ | ᠪᠡᠯᠡᠳᠬᠡᠯ ᠲᠥᠰᠦᠯ ᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ᠂ ᠬᠢᠨᠠᠨ ᠲᠣᠭᠲᠠᠭᠠᠭᠰᠠᠨ ᠰᠠᠨᠠᠯ ᠢ | ᠦᠨᠳᠦᠰᠦᠯᠡᠨ᠂ ᠣᠯᠠᠨ ᠤᠳᠠᠭ᠎ᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ︽ᠠᠯᠠᠱᠠ ᠠᠶᠢᠮᠠᠭ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ︵2023 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︵ᠬᠢᠨᠠᠭᠤᠯᠬᠤ ᠨᠣᠤᠷᠠᠭ︶ ᠢ ᠪᠣᠶ ᠪᠣᠯᠭᠠᠵᠤ | ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠲᠤ ᠮᠡᠳᠡᠭᠦᠯᠦᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ | ᠬᠢᠯᠭᠡᠪᠡ᠃ | ᠳᠥᠷᠪᠡ᠂ ᠵᠠᠰᠠᠪᠤᠷᠢ ᠣᠷᠣᠭᠤᠯᠤᠭᠰᠠᠨ ᠠᠭᠤᠯᠭ᠎ᠠ | ︵ᠨᠢᠭᠡ︶ ᠶᠡᠷᠦᠩᠬᠡᠢ ᠪᠣᠷᠣ ᠲᠥᠰᠥᠪ᠃ ︽ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2023 | ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︶︾ ᠶᠢ ᠶᠡᠷᠦᠩᠬᠡᠶ ᠲᠦᠷᠢᠮ᠂ ᠪᠠᠴᠢᠮ ᠪᠠᠶᠢᠳᠠᠯ ᠢ ᠠᠷᠭᠠᠴᠠᠭᠠᠬᠤ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠮᠡᠳᠡᠭᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠲᠤᠰᠬᠠᠯ ᠪᠠ ᠳᠠᠭᠤᠰᠬᠠᠬᠤ᠂ ᠬᠤᠶᠢᠨᠠᠬᠢ ᠶᠠᠪᠤᠳᠠᠯ ᠢ ᠰᠢᠢᠳᠪᠦᠷᠢᠯᠡᠬᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠪᠠ ᠪᠠᠲᠤᠯᠠᠬᠤ᠂ ᠪᠡᠯᠡᠳᠬᠡᠯ ᠲᠥᠰᠦᠯ ᠢ ᠲᠣᠭᠲᠠᠭᠠᠬᠤ ᠪᠠ ᠳᠠᠭᠠᠯᠳᠤᠭᠤᠯᠬᠤ ᠲᠦᠷᠢᠮ ᠵᠡᠷᠭᠡ ᠨᠠᠢᠮᠠᠨ ᠬᠡᠰᠡᠭ | ᠬᠤᠪᠢᠶᠠᠪᠠ᠃ | ︵ᠬᠤᠶᠠᠷ︶ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ | 1. ᠨᠢᠭᠡᠳᠦᠭᠡᠷ ᠪᠦᠯᠦᠭ ᠶᠡᠷᠦᠩᠬᠡᠶ ᠳᠦᠷᠢᠮ ︽ᠣᠷᠣᠨ ᠲᠤᠭ᠎ᠠ ᠶᠢᠨ ᠦᠨᠳᠦᠰᠦᠯᠡᠯ︾ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢ ᠨᠡᠮᠡᠪᠡ︔ ︽ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠳᠡᠰ ᠬᠤᠪᠢᠶᠠᠬᠤ︾᠂ ︽ᠬᠦᠨᠳᠦ | ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ︾ ᠲᠤ ︽ᠨᠢᠭᠡ ᠤᠳᠠᠭ᠎ᠠ ᠢᠳᠡᠭᠡᠨ ᠳᠤ | ᠬᠤᠤᠷᠳᠠᠭᠳᠠᠭᠰᠠᠨ ᠬᠥᠮᠦᠨ ᠤ ᠲᠤᠭ᠎ᠠ 100 ᠬᠥᠮᠦᠨ ᠢ ᠳᠠᠪᠠᠭᠰᠠᠨ ᠪᠥᠭᠡᠳ ᠦᠬᠦᠭᠰᠡᠨ ᠡᠪᠡᠳᠴᠢᠨ ᠤ ᠵᠢᠱᠢᠶ᠎ᠡ | ᠭᠠᠷᠬᠤ︾ ᠠᠭᠤᠯᠭ᠎ᠠ ᠶᠢ ᠨᠡᠮᠡᠵᠦ᠂ ︽ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ︾ ᠲᠤ ︽ᠨᠢᠭᠡ ᠤᠳᠠᠭ᠎ᠠ ᠢᠳᠡᠭᠡᠨ ᠳᠤ ᠬᠤᠤᠷᠳᠠᠭᠳᠠᠭᠰᠠᠨ ᠬᠥᠮᠦᠨ ᠤ ᠲᠤᠭ᠎ᠠ 50 — 99 ᠪᠤᠶᠤ | ᠦᠬᠦᠭᠰᠡᠨ ᠡᠪᠡᠳᠴᠢᠨ ᠤ ᠵᠢᠱᠢᠶ᠎ᠡ ᠭᠠᠷᠬᠤ︾ ᠠᠭᠤᠯᠭ᠎ᠠ ᠶᠢ ᠨᠡᠮᠡᠵᠦ᠂ ︽ᠡᠩ ᠤᠨ ᠭᠡᠨᠡᠳᠲᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ︾ ᠳᠤ ︽ᠨᠢᠭᠡ ᠤᠳᠠᠭᠠᠨ ᠤ ᠢᠳᠡᠭᠡᠨ ᠳᠤ ᠬᠤᠤᠷᠳᠠᠭᠳᠠᠭᠰᠠᠨ | ᠬᠥᠮᠦᠨ ᠤ ᠲᠤᠭ᠎ᠠ 30 — 49 ᠨᠡᠮᠡᠭᠳᠡᠵᠦ᠂ ᠦᠬᠦᠭᠰᠡᠨ ᠡᠪᠡᠳᠴᠢᠨ ᠤ ᠵᠢᠱᠢᠶ᠎ᠡ ᠢᠯᠡᠷᠡᠭᠰᠡᠨ ᠦᠭᠡᠢ︾ ᠭᠡᠭᠦ | ᠠᠭᠤᠯᠭ᠎ᠠ ᠶᠢ ᠨᠡᠮᠡᠵᠦ᠂ ᠢᠳᠡᠭᠡᠨ ᠤ ᠠᠮᠤᠷ ᠲᠦᠪᠰᠢᠨ ᠢ ᠳᠣᠪᠣᠶᠢᠯᠭᠠᠪᠠ᠃ | 2. ᠬᠤᠶᠠᠳᠣᠭᠠᠷ ᠪᠦᠯᠦᠭ ︽ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ | ᠡᠭᠦᠷᠭᠡ ᠬᠠᠷᠢᠭᠤᠴᠠᠯᠭ᠎ᠠ︾᠂ ︽ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ︾ ᠳᠤ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠯᠠᠱᠠ ᠪᠣᠭᠤᠮᠲᠠ᠂ ᠡᠵᠡᠨ᠎ᠠ ᠪᠣᠭᠤᠮᠲᠠ᠂ | ᠴᠡᠭᠡ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠥᠯᠵᠡᠶ ᠬᠢᠯᠢ ᠪᠠᠷ | ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ ᠪᠦᠷᠢᠯᠳᠦᠬᠦᠨ ᠨᠢᠭᠡᠴᠡ ᠶᠢ | ᠨᠡᠮᠡᠭᠳᠡᠭᠦᠯᠵᠦ᠂ ᠤᠤᠯ ᠤᠨ ᠠᠶᠢᠮᠠᠭ ᠤᠨ ᠷᠠᠳᠢᠣ᠋ ᠲᠧᠯᠸᠢᠰ ᠬᠤᠷᠢᠶ᠎ᠠ ᠶᠢ ᠠᠶᠢᠮᠠᠭ ᠤᠨ ᠬᠠᠮ ᠵᠠᠭᠤᠴᠢᠯᠠᠭᠤᠷ ᠤᠨ | ᠲᠥᠪ ᠪᠣᠯᠭᠠᠨ ᠥᠭᠡᠷᠡᠴᠢᠯᠡᠵᠦ᠂ ᠠᠶᠢᠮᠠᠭ ᠤᠨ ᠲᠡᠮᠦᠷ ᠵᠠᠮ ᠤᠨ ᠠᠶᠠᠯᠠᠯ ᠤᠨ ᠲᠥᠪ ᠢ ᠠᠶᠢᠮᠠᠭ ᠤᠨ ᠪᠠᠯᠠ | ᠣᠷᠣᠭᠤᠯᠤᠯᠲᠠ ᠶᠢ ᠠᠬᠢᠭᠤᠯᠬᠤ ᠲᠥᠪ ᠪᠣᠯᠭᠠᠨ ᠥᠭᠡᠷᠡᠴᠢᠯᠡᠵᠦ᠂ ᠵᠢᠯᠣᠭᠤᠳᠬᠤ ᠭᠠᠵᠠᠷ ᠤᠨ ᠪᠦᠷᠢᠯᠳᠦᠬᠦᠨ | ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠣᠳᠣᠷᠬᠠᠶᠢᠯᠠᠪᠠ᠃ ︽ᠠᠶᠢᠮᠠᠭ ᠤᠨ | ᠵᠢᠯᠣᠭᠤᠳᠬᠤ ᠭᠠᠵᠠᠷ ᠤᠨ ᠠᠵᠢᠯᠯᠠᠬᠤ ᠳᠤᠭᠤᠶᠢᠯᠠᠩ︾ ᠤᠨ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ | ᠳᠤᠭᠤᠶᠢᠯᠠᠩ ᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠦᠷᠦᠭᠦᠯᠡᠨ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠢᠵᠦ᠂ ᠠᠮᠤᠷ ᠢ ᠬᠠᠮᠠᠭᠠᠯᠠᠬᠤ | ᠪᠠᠲᠤᠯᠠᠭ᠎ᠠ ᠶᠢᠨ ᠳᠤᠭᠤᠶᠢᠯᠠᠩ ᠢ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠳᠦᠷᠦᠭᠦᠯᠡᠵᠦ ᠪᠠᠶᠢᠭᠰᠠᠨ ᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠭᠠᠨ | ᠥᠭᠡᠷᠡᠴᠢᠯᠡᠵᠦ᠂ ᠭᠠᠳᠠᠭᠠᠳᠤ ᠲᠠᠢ ᠬᠤᠯᠪᠣᠭᠳᠠᠬᠤ ᠵᠢᠴᠢ ᠰᠢᠶᠠᠩᠭᠠᠩ ᠣᠣᠮᠧᠨ ᠲᠠᠶᠢᠸᠠᠨ ᠳᠤ ᠬᠤᠯᠪᠣᠭᠳᠠᠬᠤ ᠬᠡᠷᠡᠭ | ᠶᠠᠪᠤᠳᠠᠯ ᠤᠨ ᠠᠵᠢᠯᠯᠠᠬᠤ ᠳᠤᠭᠤᠶᠢᠯᠠᠩ ᠢ ᠬᠦᠴᠦᠨ ᠥᠬᠡᠶ ᠪᠣᠯᠭᠠᠪᠠ᠃ ᠲᠤᠰᠬᠠᠶ ᠮᠡᠷᠭᠡᠵᠢᠯ ᠤᠨ ᠪᠠᠶᠢᠭᠤᠯᠣᠮᠵᠢ | ᠠᠴᠠ ᠪᠣᠭᠤᠮᠳᠠ ᠶᠢ ᠬᠠᠰᠣᠪᠠ᠃ | 3. ᠳᠦᠷᠪᠡᠳᠦᠭᠡᠷ ᠪᠦᠯᠦᠭ ︽ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠤᠰᠬᠠᠯ ᠪᠠ ᠵᠣᠭᠰᠣᠭᠠᠬᠤ ᠪᠦᠯᠦᠭ︾᠂ ︽ᠪᠠᠴᠢᠮ ᠪᠠᠶᠢᠳᠠᠯ ᠢ ᠠᠷᠭᠠᠴᠠᠬᠤ | ᠠᠷᠭ᠎ᠠ ᠬᠡᠮᠵᠢᠶ᠎ᠡ︾ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠭ᠎ᠠ ᠬᠡᠮᠵᠢᠶ᠎ᠡ ᠳᠤ ︽ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ ᠶᠢ ᠬᠢᠨᠠᠨ | ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ᠂ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠢᠨᠠᠨ ᠬᠡᠮᠵᠢᠬᠦ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠪᠠ ᠲᠦᠭᠰᠢᠭᠦᠷᠢ ᠶᠢᠨ ᠨᠡᠪᠲᠡᠷᠡᠯᠴᠡᠭᠡ ᠶᠢ | ᠴᠢᠩᠭᠠᠳᠬᠠᠵᠤ᠂ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠬᠤ︾ ᠵᠡᠷᠭᠡ ᠠᠭᠤᠯᠭ᠎ᠠ ᠶᠢ ᠨᠡᠮᠡᠪᠡ︔ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠪᠤᠰᠤᠳ ᠰᠠᠯᠠᠭ᠎ᠠ | ᠮᠥᠴᠢᠷ ᠯᠦᠭᠡ ᠶᠢᠨ ᠵᠣᠬᠢᠴᠠᠭᠤᠯᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ︾ ᠵᠡᠷᠭᠡ ᠠᠭᠤᠯᠭ᠎ᠠ ᠶᠢ ᠨᠡᠮᠡᠪᠡ᠃ | 4. ᠵᠢᠷᠭᠤᠳᠤᠭᠠᠷ ᠪᠦᠯᠦᠭ ︽ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠲᠤᠯᠠᠬᠤ︾᠂ ︽ᠪᠠᠴᠢᠮ ᠪᠠᠶᠢᠳᠠᠯ ᠢ | ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠣᠭᠲᠠᠯᠴᠠᠭ᠎ᠠ︾ ᠳᠤ ︽ᠠᠶᠢᠮᠠᠭ ᠤᠨ ᠲᠥᠪ ᠡᠮᠨᠡᠯᠭᠡ ᠶᠢᠨ | ᠬᠤᠷᠢᠶ᠎ᠠ᠂ ᠡᠯ᠎ᠡ ᠬᠤᠰᠢᠭᠤ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠠᠴᠠ ᠬᠠᠯᠳᠠᠪᠤᠷᠢᠲᠤ ᠡᠪᠡᠳᠴᠢᠨ ᠤ ᠲᠣᠭᠤᠷᠢᠭ ᠪᠠᠶᠢᠭᠤᠯᠬᠤ︾ ᠶᠢ ᠲᠣᠳᠣᠷᠬᠠᠶᠢᠯᠠᠪᠠ︔ ︽ᠪᠠᠴᠢᠮ | ᠪᠠᠶᠢᠳᠠᠯ ᠢ ᠠᠷᠭᠠᠴᠠᠭᠠᠬᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ | ᠦᠨᠳᠦᠰᠦᠯᠡᠨ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠭᠠᠬᠤ ᠡᠷᠡᠭᠦᠯ ᠬᠠᠮᠠᠭᠠᠯᠠᠯ ᠤᠨ ᠠᠪᠤᠷᠠᠨ ᠵᠠᠰᠠᠬᠤ | ᠡᠩᠨᠡᠭᠡ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠭᠤᠤᠯᠳᠠᠭᠤ ᠪᠠᠴᠢᠮ ᠪᠠᠶᠢᠳᠠᠯ ᠢ ᠠᠷᠭᠠᠴᠠᠭᠠᠬᠤ ᠠᠨᠠᠭᠠᠬᠤ | ᠤᠬᠠᠭᠠᠨ ᠤ ᠠᠪᠤᠷᠠᠨ ᠲᠤᠰᠠᠯᠠᠬᠤ ᠡᠩᠨᠡᠭᠡ᠂ ᠲᠦᠷᠭᠡᠨ ᠴᠢᠨᠠᠷᠲᠠᠶ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠡᠵᠡᠮᠳᠡᠬᠦ ᠡᠩᠨᠡᠭᠡ᠂ ᠭᠡᠨᠡᠳᠲᠡ ᠶᠢᠨ ᠴᠢᠨᠠᠷᠲᠠᠶ ᠬᠤᠤᠷᠳᠠᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠡᠩᠨᠡᠭᠡ᠂ ᠰᠡᠳᠬᠢᠴᠡ ᠶᠢᠨ ᠬᠢᠮᠤᠷᠠᠯ ᠢ ᠬᠠᠮᠢᠶᠠᠷᠬᠤ ᠡᠩᠨᠡᠭᠡ᠂ ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠬᠤ ᠡᠩᠨᠡᠭᠡ ᠵᠡᠷᠭᠡ ᠶᠢ ᠪᠠᠭᠲᠠᠭᠠᠵᠤ᠂ ᠲᠥᠷᠥᠯ ᠪᠦᠷᠢ ᠶᠢᠨ ᠡᠩᠨᠡᠭᠡ ᠲᠣᠰ ᠪᠦᠷᠢ 20 ᠬᠥᠮᠦᠨ ᠣᠷᠴᠢᠮ︾ | ᠭᠡᠵᠦ ᠲᠣᠳᠣᠷᠬᠠᠶ ᠲᠣᠭᠲᠠᠭᠠᠵᠠᠶ᠃ | | | | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ | | |