ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠵᠦ ᠠᠳᠠᠯ ᠦᠢᠯᠡᠰ ᠴᠣᠭᠴᠠᠯᠠᠬᠤ ᠳᠤ | ᠲᠥᠬᠦᠮ ᠦᠵᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ | ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠤᠨ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ | ︵ᠲᠥᠷᠥ ᠲᠠᠷᠬᠠᠭᠠᠭᠰᠠᠨ ︹2022︺ 5 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ | ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ | ︹2022︺ 20 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠳᠣᠳᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠦᠷᠢᠮ︾ ᠪᠠ ︽ᠠᠯᠠᠱᠠ ᠠᠶᠢᠮᠠᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠮᠡᠳᠡᠭᠳᠡᠬᠦ ᠠᠮᠠᠯᠠᠯᠲᠠ ᠶᠢᠨ ᠲᠦᠷᠢᠮ︾ ᠢ ᠲᠣᠭᠲᠠᠭᠠᠵᠤ᠂ ᠡᠳᠦᠭᠡ | ᠳᠠᠷᠤᠮᠠᠯᠯᠠᠨ ᠲᠠᠷᠬᠠᠭᠠᠵᠤ᠂ ᠵᠢᠷᠤᠮᠯᠠᠨ ᠭᠡᠷᠡᠭᠵᠢᠬᠦᠯᠦᠭᠡᠷᠡᠢ᠃ | | ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠳᠣᠳᠠᠭᠳᠠᠯ ᠢ ᠭᠥᠯᠢᠶᠡᠨ ᠠᠪᠴᠤ | ᠰᠢᠢᠳᠪᠦᠷᠢᠯᠡᠬᠦ ᠲᠦᠷᠢᠮ | | ᠨᠢᠭᠡᠳᠦᠭᠡᠷ ᠵᠦᠢᠯ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠭᠤᠶᠤᠴᠢᠯᠠᠭᠴᠢ ᠶᠢᠨ ᠭᠤᠶᠤᠴᠢᠯᠠᠯ ᠤᠨ ᠮᠠᠲ᠋ᠧᠷᠢᠶᠠᠯ ᠪᠦᠷᠢᠨ ᠪᠤᠰᠤ ᠠᠴᠠ ᠪᠣᠯᠵᠣ ︽ᠣᠯᠠᠨ | ᠤᠳᠠᠭ᠎ᠠ ᠭᠦᠶᠦᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠠᠵᠤ ᠠᠬᠤᠶᠢᠯᠠᠯ ᠣᠯᠠᠨ ᠲᠦᠮᠡᠨ ᠤ ᠤᠴᠢᠷ | ᠶᠠᠪᠤᠳᠠᠯ ᠰᠢᠢᠳᠪᠦᠷᠢᠯᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ | ᠤᠶᠠᠯᠳᠤᠭᠤᠯᠤᠨ᠂ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠳᠤ ᠵᠢᠭᠠᠵᠤ ᠪᠠᠶᠢᠭ᠎ᠠ ᠳᠣᠳᠠᠭᠳᠠᠯ ᠢ ᠬᠦᠯᠢᠶᠡᠨ ᠠᠪᠬᠤ ᠭᠡᠳᠡᠭ ᠨᠢ | ᠦᠨᠳᠦᠰᠦᠨ ᠨᠥᠬᠦᠴᠡᠯ ᠢ ᠪᠦᠷᠢᠯᠳᠦᠭᠦᠯᠬᠦ ᠶᠢ ᠵᠢᠭᠠᠵᠤ ᠪᠤᠶ᠂ ᠴᠢᠬᠤᠯᠠ ᠲᠠᠢ ᠪᠤᠶᠤ ᠭᠤᠤᠯ ᠮᠠᠲ᠋ᠧᠷᠢᠶᠠᠯ ᠨᠢ ᠪᠦᠷᠢᠨ | ᠬᠦᠢᠴᠡᠳ ᠪᠥᠭᠡᠳ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠨ᠎ᠡ᠂ ᠭᠡᠪᠡᠴᠦ ᠳᠡᠳ᠋ ᠨᠥᠬᠦᠴᠡᠯ ᠪᠤᠶᠤ | ᠴᠢᠬᠤᠯᠠ ᠪᠤᠰᠤ ᠮᠠᠲ᠋ᠧᠷᠢᠶᠠᠯ ᠳᠤ ᠳᠤᠲᠠᠭᠳᠠᠵᠤ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ᠂ | ᠠᠷᠠᠳ ᠢᠷᠭᠡᠨ ᠢᠶᠠᠷ ᠳᠠᠮᠵᠢᠬᠤ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ︽ | ᠭᠤᠶᠤᠴᠢᠯᠠᠭᠴᠢ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠵᠣᠬᠢᠴᠠᠩᠭᠤᠢ ᠠᠮᠠᠯᠠᠯᠲᠠ ᠭᠠᠷᠭᠠᠭᠰᠠᠨ ᠤ ᠲᠠᠷᠠᠭ᠎ᠠ᠂ | ᠵᠠᠰᠠᠭ ᠵᠠᠬᠢᠷᠭᠠᠨ ᠤ ᠪᠠᠶᠢᠭᠤᠯᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ︵ᠳᠣᠷᠣᠭᠰᠢ ︽ᠰᠠᠯᠠᠭ᠎ᠠ ᠮᠥᠴᠢᠷ︾ ᠭᠡᠵᠦ ᠨᠢᠭᠡᠳᠦᠯᠲᠡᠶ ᠨᠡᠷᠡᠶᠢᠳᠦᠨ᠎ᠡ︶ ᠤᠷᠢᠳᠠᠪᠠᠷ ᠬᠦᠯᠢᠶᠡᠨ | ᠠᠪᠴᠤ ᠰᠢᠢᠳᠪᠦᠷᠢᠯᠡᠨ᠂ ᠨᠥᠬᠦᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ ᠢ ᠲᠡᠷᠡ ᠳᠠᠷᠤᠶ ᠳᠤᠨᠢ ᠨᠢᠭᠡ ᠯᠡ | ᠤᠳᠠᠭ᠎ᠠ ᠳᠡᠭᠡᠷ᠎ᠡ ᠮᠡᠳᠡᠭᠳᠡᠬᠦ᠂ ᠴᠠᠭ ᠤᠨ ᠬᠢᠵᠠᠭᠠᠷ ᠪᠠ ᠬᠤᠭᠤᠴᠠᠭ᠎ᠠ ᠠᠴᠠ ᠬᠡᠲᠦᠷᠡᠭᠰᠡᠨ ᠢ ᠨᠥᠬᠦᠪᠥᠷᠢᠯᠡᠨ | ᠵᠠᠯᠠᠷᠠᠭᠤᠯᠬᠤ ᠠᠷᠭ᠎ᠠ ᠶᠢ ᠠᠪᠬᠤ᠂ ᠲᠡᠭᠡᠬᠦ ᠮᠥᠷᠲᠡᠭᠡᠨ ᠤᠷᠢᠳᠴᠢᠯᠠᠨ ᠬᠢᠨᠠᠨ ᠬᠠᠷᠭᠤᠭᠤᠯᠬᠤ᠂ ᠭᠤᠶᠤᠴᠢᠯᠠᠭᠴᠢ | ᠪᠦᠬᠦ ᠮᠠᠲ᠋ᠧᠷᠢᠶᠠᠯ ᠢ ᠨᠥᠬᠦᠪᠥᠷᠢᠯᠡᠭᠰᠡᠨ ᠤ ᠳᠠᠷᠠᠭ᠎ᠠ᠂ ᠰᠢᠢᠳᠪᠦᠷᠢᠯᠡᠵᠦ ᠳᠠᠭᠤᠰᠬᠠᠬᠤ ᠪᠠᠷ ᠠᠮᠠᠯᠠᠭᠰᠠᠨ ᠬᠤᠭᠤᠴᠠᠭᠠᠨ | ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠤᠨ ᠰᠠᠨᠠᠯ ᠢ ᠴᠠᠭ ᠲᠤᠬᠠᠶ ᠳᠤᠨᠢ ᠭᠠᠷᠭᠠᠵᠤ᠂ ᠬᠠᠮᠢᠶ᠎ᠠ ᠪᠦᠬᠦᠢ | ᠴᠣᠬᠤᠯᠠᠪᠤᠷᠢ᠂ ᠭᠡᠷᠡᠴᠢ ᠲᠡᠮᠳᠡᠭ ᠢ ᠣᠯᠭᠤᠨ᠎ᠠ᠃ | ᠭᠤᠷᠪᠠᠳᠤᠭᠠᠷ ᠵᠦᠢᠯ ᠳᠤᠲᠠᠭᠳᠠᠯ ᠢ ᠬᠦᠯᠢᠶᠡᠨ ᠠᠪᠴᠦ ᠰᠢᠢᠳᠪᠦᠷᠢᠯᠡᠬᠦ ᠶᠢ ᠭᠤᠶᠤᠴᠢᠯᠠᠭᠴᠢ ᠶᠢᠨ ᠰᠠᠶᠢᠨ | ᠳᠤᠷ᠎ᠠ ᠠᠴᠠ ᠪᠠᠨ ᠭᠤᠶᠤᠴᠢᠯᠠᠬᠤ ᠪᠠᠷ ᠤᠷᠢᠲᠠᠯ ᠪᠣᠯᠭᠠᠵᠤ᠂ ︽ᠴᠢ ᠠᠮᠠᠯᠳᠠᠪᠠᠯ᠂ ᠪᠢ ᠬᠢᠨᠠᠨ ᠵᠥᠪᠰᠢᠶᠡᠷᠡᠬᠦ᠂ ᠴᠢ | ᠢᠲᠡᠭᠡᠯ ᠠᠯᠳᠠᠪᠠᠯ᠂ ᠪᠢ ᠬᠦᠴᠦᠨ ᠦᠭᠡᠢ ᠪᠣᠯᠭᠠᠬᠤ︾ ᠪᠠ ︽ᠬᠡᠨ ᠠᠮᠠᠯᠳᠠᠭᠰᠠᠨ ᠪᠣᠯ ᠲᠡᠷᠡ ᠠᠮᠠᠯᠠᠯᠳᠠ ᠪᠠᠨ | ᠪᠡᠶᠡᠯᠡᠬᠦᠯᠵᠦ᠂ ᠬᠡᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠪᠡᠯ᠂ ᠬᠡᠨ ᠬᠠᠷᠢᠭᠤᠴᠠᠬᠤ︾ ᠵᠠᠷᠴᠢᠮ ᠢ | ᠪᠠᠷᠢᠮᠲᠠᠯᠠᠨ᠂ ᠭᠤᠶᠤᠴᠢᠯᠠᠭᠴᠢ ᠭᠤᠶᠤᠴᠢᠯᠠᠯ ᠳᠤᠷᠠᠳᠬᠤ ᠦᠭᠡᠢ ᠪᠥᠭᠡᠳ ᠠᠮᠠᠯᠠᠯᠲᠠ ᠬᠢᠭᠰᠡᠨ ᠪᠣᠯ ᠰᠠᠯᠠᠭ᠎ᠠ | ᠮᠥᠴᠢᠷ ᠳᠤᠲᠠᠭᠳᠠᠯ ᠢ ᠬᠦᠯᠢᠶᠡᠨ ᠠᠪᠴᠦ ᠰᠢᠢᠳᠪᠦᠷᠢᠯᠡᠵᠦ ᠪᠣᠯᠬᠤ ᠦᠭᠡᠢ᠃ | ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠳᠣᠳᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠦᠷᠢᠮ ᠤᠨ ᠬᠡᠷᠡᠭᠵᠢᠭᠦᠯᠬᠦ ᠠᠵᠢᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ | ᠲᠠᠪᠤᠳᠤᠭᠠᠷ ᠵᠦᠢᠯ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ | ᠲᠦᠪᠰᠢᠨ᠂ ᠮᠥᠩᠭᠦᠨ ᠬᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠬᠤ᠂ ᠬᠥᠮᠦᠨ ᠤ ᠪᠡᠶ᠎ᠡ ᠶᠢᠨ ᠡᠷᠡᠭᠦᠯ | ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠭᠠᠳᠠᠭᠠᠳᠤ ᠲᠠᠢ | ᠬᠤᠯᠪᠣᠭᠳᠠᠬᠤ ᠴᠢᠬᠤᠯᠠ ᠵᠡᠷᠭᠡ ᠶᠢᠨ ᠲᠦᠭᠰᠢᠭᠦᠷᠢ ᠪᠠᠷ ᠨᠡᠯᠢᠶᠡᠳ ᠶᠡᠭᠡ᠂ ᠠᠯᠳᠠᠭ᠎ᠠ ᠶᠢ ᠵᠠᠯᠠᠷᠠᠭᠤᠯᠬᠤ ᠥᠪᠡᠷ ᠤᠨ | ᠥᠷᠲᠡᠭ ᠢᠶᠠᠷ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠶ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠠᠴᠠ ᠪᠤᠰᠤᠳ᠂ ᠡᠯ᠎ᠡ ᠰᠠᠯᠠᠭ᠎ᠠ ᠮᠥᠴᠢᠷ ᠤᠳ ᠬᠠᠮᠤᠭ ᠤᠨ ᠶᠡᠭᠡ ᠬᠡᠮᠵᠢᠶ᠎ᠡ ᠪᠠᠷ ᠠᠵᠤ | ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ ᠳᠤᠲᠠᠭᠳᠠᠯ ᠲᠠᠢ | ᠲᠠᠯ᠎ᠠ ᠶᠢ ᠨᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠤ ᠪᠣᠯᠬᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠢ ᠡᠮᠬᠢᠯᠡᠵᠦ᠂ ᠵᠦᠢᠯᠡᠰ ᠤᠨ ᠨᠡᠷᠡᠶᠢᠳᠦᠯ᠂ ᠭᠤᠤᠯ ᠪᠣᠯᠬᠤ ᠭᠤᠶᠤᠴᠢᠯᠠᠯ ᠤᠨ | ᠮᠠᠲ᠋ᠧᠷᠢᠶᠠᠯ ᠪᠠ ᠳᠤᠲᠠᠭᠳᠠᠯ ᠲᠠᠢ ᠲᠠᠯ᠎ᠠ ᠶᠢ ᠨᠢ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ᠂ ᠳᠤᠲᠠᠭᠳᠠᠯ ᠲᠠᠢ | ᠲᠠᠯ᠎ᠠ ᠶᠢ ᠨᠢ ᠪᠠᠭᠲᠠᠭᠠᠬᠤ ᠴᠠᠭ ᠬᠤᠭᠤᠴᠠᠭ᠎ᠠ᠂ ᠨᠥᠬᠦᠪᠥᠷᠢᠯᠡᠵᠦ ᠵᠠᠯᠠᠷᠠᠭᠤᠯᠬᠤ ᠠᠷᠭ᠎ᠠ ᠶᠢ ᠳᠣᠳᠣᠷᠬᠠᠶᠢᠯᠠᠨ᠎ᠠ᠃ | ᠵᠢᠷᠭᠤᠳᠤᠭᠠᠷ ᠵᠦᠢᠯ ᠳᠣᠳᠠᠭᠳᠠᠯ ᠢ ᠬᠦᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠳᠤ ᠭᠤᠤᠯᠳᠠᠭᠤ᠄ | ︵ᠨᠢᠭᠡ︶ ᠡᠵᠡᠩᠨᠡᠯᠲᠡ ᠶᠢᠨ ᠦᠨᠡᠮᠯᠡᠯ ᠵᠡᠷᠭᠡ ᠠᠵᠤ ᠠᠬᠤᠶᠢᠯᠠᠯ ᠤᠨ ᠬᠢᠷᠢ ᠬᠡᠮ ᠤᠨ ᠭᠡᠷᠡᠴᠢ᠂ ᠠᠵᠤ | ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ | ᠵᠡᠷᠭᠡ︔ | ︵ᠬᠤᠶᠠᠷ︶ ᠠᠵᠤ ᠠᠬᠤᠶᠢᠯᠠᠯ ᠤᠨ ᠬᠥᠷᠥᠩᠭᠡ ᠢᠲᠡᠭᠡᠮᠵᠢ ᠶᠢᠨ ᠭᠡᠷᠡᠴᠢ᠂ ᠰᠦᠢᠳᠬᠡᠯ ᠲᠤᠰᠢᠶᠠᠭᠰᠠᠨ ᠭᠡᠷᠡᠴᠢ | ᠂ ᠠᠵᠤ ᠠᠬᠤᠶᠢᠯᠠᠯ ᠤᠨ ᠳᠣᠲᠣᠭᠠᠳᠤ ᠶᠢᠨ ᠠᠵᠢᠯᠲᠠᠨ ᠤ ᠬᠢᠷᠢ ᠬᠡᠮ ᠤᠨ ᠦᠨᠡᠮᠯᠡᠯ ᠵᠢᠴᠢ ᠳᠣᠲᠣᠭᠠᠳᠤ ᠲᠥᠬᠦᠷ | ᠬᠠᠮᠢᠶᠠᠷᠤᠯᠲᠠ ᠶᠢᠨ ᠲᠥᠯᠥᠪᠯᠡᠭᠡ᠂ ᠲᠥᠰᠦᠯ᠂ ᠳᠦᠷᠢᠮ ᠵᠡᠷᠭᠡ︔ | ︵ᠭᠤᠷᠪᠠ︶ ᠠᠳᠠᠯᠢ ᠨᠢᠭᠡᠨ ᠰᠠᠯᠠᠭ᠎ᠠ ᠮᠥᠴᠢᠷ ᠨᠢ ᠣᠯᠠᠨ ᠱᠠᠲᠤ ᠦᠶ᠎ᠡ ᠳᠤ ᠬᠦᠢᠴᠡᠳᠭᠡᠬᠦ ᠴᠢᠬᠤᠯᠠᠲᠠᠶ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠡᠮᠦᠨ᠎ᠡ ᠨᠢᠭᠡ ᠱᠠᠲᠤ ᠦᠶ᠎ᠡ ᠳᠤ ᠨᠢᠭᠡᠨᠲᠡ ᠲᠤᠰᠢᠶᠠᠭᠰᠠᠨ | ᠭᠤᠶᠤᠴᠢᠯᠠᠬᠤ ᠮᠠᠲ᠋ᠧᠷᠢᠶᠠᠯ ᠪᠠ ᠬᠦᠢᠴᠡᠳᠭᠡᠭᠰᠡᠨ ᠦᠷ᠎ᠡ ᠳ᠋ᠦᠩ︔ | ︵ᠳᠥᠷᠪᠡ︶ ᠣᠯᠠᠨ ᠰᠠᠯᠠᠭ᠎ᠠ ᠮᠥᠴᠢᠷ ᠤᠨ ᠲᠠᠰ ᠳᠠᠷᠠᠭᠠᠯᠠᠨ ᠬᠦᠢᠴᠡᠳᠭᠡᠭᠰᠡᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠲᠤ᠂ ᠲᠠᠷᠠᠭᠠᠴᠢ ᠶᠢᠨ ᠨᠢᠭᠡ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ | ᠬᠦᠢᠴᠡᠳᠭᠡᠬᠦ ᠪᠠᠷ ᠭᠤᠶᠤᠴᠢᠯᠠᠬᠤ ᠳᠤ ᠲᠤᠰᠢᠶᠠᠬᠤ ᠴᠢᠬᠤᠯᠠᠲᠠᠶ ᠳᠡᠭᠡᠷ᠎ᠡ ᠨᠢᠭᠡ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠤᠨ ᠭᠤᠶᠤᠴᠢᠯᠠᠯ ᠤᠨ ᠮᠠᠲ᠋ᠧᠷᠢᠶᠠᠯ ᠪᠠ ᠬᠦᠢᠴᠡᠳᠭᠡᠭᠰᠡᠨ ᠦᠷ᠎ᠡ ᠳ᠋ᠦᠩ︔ | ︵ᠲᠠᠪᠤ︶ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠬᠤ ᠲᠥᠯᠥᠪᠵᠢᠭᠦᠯᠭᠡ᠂ | ᠪᠦᠲᠦᠭᠡᠨ ᠪᠠᠶᠢᠭᠤᠯᠬᠤ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠠᠶᠤᠯ ᠦᠭᠡᠶ᠂ ᠭᠠᠵᠠᠷ ᠰᠢᠷᠣᠶ ᠶᠢ | ᠬᠠᠤᠯᠢ ᠶᠣᠰᠣᠭᠠᠷ ᠠᠰᠢᠭᠯᠠᠬᠤ ᠶᠢ ᠰᠢᠭᠤᠳ ᠨᠥᠯᠥᠭᠡᠯᠡᠬᠦ ᠦᠭᠡᠶ᠂ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠳᠤ ᠦᠨᠡᠯᠡᠨ ᠵᠢᠱᠢᠯᠲᠡ ᠬᠢᠵᠦ ᠮᠠᠭᠠᠳᠯᠠᠬᠤ ᠳᠤ ᠨᠡᠶᠢᠴᠡᠬᠦ︔ | ︵ᠵᠢᠷᠭᠤᠭ᠎ᠠ︶ ᠳᠤᠲᠠᠭᠳᠠᠭᠰᠠᠨ ᠵᠦᠢᠯ ᠤᠨ ᠮᠠᠲᠸᠧᠷᠢᠶᠠᠯ ᠤᠨ ᠥᠨᠢᠳᠡ ᠶᠢᠨ ᠴᠢᠨᠠᠷᠲᠠᠶ ᠳᠤᠲᠠᠭᠳᠠᠵᠤ | ᠪᠠᠶᠢᠭ᠎ᠠ ᠵᠦᠢᠯ ᠪᠤᠶᠤ ᠬᠤᠶᠢᠨᠠᠬᠢ ᠨᠥᠬᠦᠪᠥᠷᠢᠯᠡᠭᠰᠡᠨ ᠮᠠᠲ᠋ᠧᠷᠢᠶᠠᠯ ᠨᠢ ᠨᠢᠭᠡᠨᠲᠡ ᠬᠢᠨᠠᠭᠰᠠᠨ ᠮᠠᠲ᠋ᠧᠷᠢᠶᠠᠯ ᠯᠤᠭ᠎ᠠ | ᠨᠢᠭᠡᠳᠦᠯ ᠦᠭᠡᠶ ᠪᠣᠯᠤᠭᠰᠠᠨ︔ | ︵ᠳᠣᠯᠤᠭ᠎ᠠ︶ ᠬᠢᠨᠠᠨ ᠪᠠᠶᠢᠴᠠᠭᠠᠬᠤ ᠭᠤᠭᠴᠤᠭ᠎ᠠ ᠶᠢᠨ ᠠᠵᠢᠯ ᠤᠨ ᠬᠡᠪ ᠢᠶᠠᠷ ᠶᠠᠪᠤᠭᠳᠠᠬᠤ ᠶᠢ ᠥᠯᠥ | ᠨᠥᠯᠥᠭᠡᠯᠡᠬᠦ ᠪᠤᠰᠤᠳ ᠭᠤᠶᠤᠴᠢᠯᠠᠯ ᠤᠨ ᠮᠠᠲ᠋ᠧᠷᠢᠶᠠᠯ︔ | ︵ᠨᠠᠢᠮᠠ︶ ᠡᠯ᠎ᠡ ᠰᠠᠯᠠᠭ᠎ᠠ ᠮᠥᠴᠢᠷ ᠠᠴᠠ ᠲᠣᠭᠲᠠᠭᠠᠯ ᠳᠤ ᠨᠡᠶᠢᠴᠡᠨ᠎ᠡ ᠭᠡᠵᠦ ᠦᠵᠡᠭᠰᠡᠨ ᠪᠤᠰᠤᠳ | ᠳᠤᠲᠠᠭᠳᠠᠵᠤ ᠪᠣᠯᠬᠤ ᠮᠠᠲ᠋ᠧᠷᠢᠶᠠᠯ᠃ | ᠳᠣᠯᠣᠳᠤᠭᠠᠷ ᠵᠦᠢᠯ ᠭᠤᠶᠤᠴᠢᠯᠠᠭᠴᠢ ᠠᠴᠠ ᠳᠤᠲᠠᠭᠳᠠᠯ ᠢ ᠨᠢ ᠬᠦᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ | ᠤᠨ ᠠᠮᠠᠯᠳᠠᠭᠰᠠᠨ ᠴᠠᠭ ᠬᠤᠭᠤᠴᠠᠭ᠎ᠠ ᠨᠢ ᠰᠠᠯᠠᠭ᠎ᠠ ᠮᠥᠴᠢᠷ ᠤᠨ ᠲᠤᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠬᠡᠬᠦ ᠠᠮᠠᠯᠠᠯᠲᠠ ᠶᠢᠨ ᠴᠠᠭ ᠬᠤᠭᠤᠴᠠᠭ᠎ᠠ ᠠᠴᠠ ᠬᠡᠲᠦᠷᠡᠵᠦ ᠪᠣᠯᠬᠤ ᠦᠭᠡᠢ᠃ | ᠨᠠᠢᠮᠠᠳᠤᠭᠠᠷ ᠵᠦᠢᠯ ᠭᠤᠶᠤᠴᠢᠯᠠᠭᠴᠢ ᠳᠤᠲᠠᠭᠤ ᠵᠦᠢᠯ ᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ ᠪᠠᠷ | ᠭᠤᠶᠤᠴᠢᠯᠠᠭᠰᠠᠨ ᠪᠣᠯ ᠳᠤᠲᠠᠭᠤ ᠵᠦᠢᠯ ᠢ ᠬᠦᠯᠢᠶᠡᠨ ᠠᠪᠴᠤ ᠰᠢᠢᠳᠪᠦᠷᠢᠯᠡᠬᠦ ᠪᠠᠷ ᠭᠤᠶᠤᠴᠢᠯᠠᠭᠰᠠᠨ ᠠᠮᠠᠯᠠᠯᠲᠠ ᠶᠢᠨ | ᠪᠢᠴᠢᠭ ᠢ ᠲᠤᠰᠢᠶᠠᠵᠤ᠂ ᠳᠤᠲᠠᠭᠤ ᠵᠦᠢᠯ ᠢ ᠬᠦᠯᠢᠶᠡᠨ ᠠᠪᠴᠤ ᠰᠢᠢᠳᠪᠦᠷᠢᠯᠡᠬᠦ ᠪᠢᠴᠢᠭ ᠬᠠᠷ᠎ᠠ ᠶᠢ ᠡᠯ᠎ᠡ ᠰᠠᠯᠠᠭ᠎ᠠ | ᠮᠥᠴᠢᠷ ᠠᠴᠠ ᠵᠣᠬᠢᠶᠠᠬᠤ ᠶᠢᠨ ᠬᠠᠮᠲᠤ ᠲᠠᠷᠬᠠᠭᠠᠬᠤ ᠬᠡᠷᠡᠭᠲᠡᠢ᠃ ᠲᠤᠰ ᠠᠮᠠᠯᠠᠯᠲᠠ ᠶᠢᠨ ᠪᠢᠴᠢᠭ ᠨᠢ ᠨᠢᠭᠡ | ᠬᠡᠯᠪᠡᠷᠢ ᠶᠢᠨ ᠬᠤᠶᠠᠷ ᠬᠤᠪᠢ᠂ ᠭᠤᠶᠤᠴᠢᠯᠠᠭᠴᠢ ᠪᠠ ᠰᠠᠯᠠᠭ᠎ᠠ ᠮᠥᠴᠢᠷ ᠲᠤᠰ ᠪᠦᠷᠢ ᠨᠢᠭᠡ ᠬᠤᠪᠢ ᠳᠠᠩᠰᠠ | ᠡᠪᠬᠡᠮᠡᠯ ᠳᠤ ᠣᠷᠣᠭᠤᠯᠤᠨ᠎ᠠ᠃ ᠠᠮᠠᠯᠠᠯᠲᠠ ᠳᠤ ᠡᠷᠬᠡᠪᠰᠢ ᠭᠤᠶᠤᠴᠢᠯᠠᠭᠴᠢ ᠠᠴᠠ ᠪᠢᠴᠢᠭᠯᠡᠭᠰᠡᠨ ᠠᠮᠠᠯᠠᠯᠲᠠ ᠬᠢᠬᠦ ᠶᠢᠨ | ᠬᠠᠮᠲᠤ ᠳᠤᠲᠠᠭᠰᠠᠨ ᠢ ᠬᠦᠯᠢᠶᠡᠨ ᠠᠪᠴᠦ ᠰᠢᠢᠳᠪᠦᠷᠢᠯᠡᠬᠦ ᠪᠢᠴᠢᠭ ᠬᠠᠷ᠎ᠠ ᠳᠡᠭᠡᠷ᠎ᠡ ᠭᠠᠷ ᠤᠨ ᠦᠰᠦᠭ ᠵᠢᠷᠤᠬᠤ | ᠪᠤᠶᠤ ᠲᠠᠮᠠᠭ᠎ᠠ ᠳᠠᠷᠤᠬᠤ ᠬᠡᠷᠡᠭᠲᠡᠶ︔ ᠨᠠᠶᠢᠳᠠᠭᠰᠠᠨ ᠣᠷᠣᠯᠠᠭᠴᠢ ᠨᠢ ᠡᠷᠬᠡᠪᠰᠢ ᠨᠠᠶᠢᠳᠠᠯᠭ᠎ᠠ ᠶᠢᠨ ᠪᠢᠴᠢᠭ ᠢᠶᠠᠨ | ᠳᠠᠭᠠᠯᠳᠤᠭᠤᠯᠬᠤ ᠬᠡᠷᠡᠭᠲᠡᠢ᠃ | ᠶᠢᠰᠦᠳᠦᠭᠡᠷ ᠵᠦᠢᠯ ᠭᠤᠶᠤᠴᠢᠯᠠᠭᠴᠢ ᠶᠢᠨ ᠳᠡᠪᠰᠢᠭᠦᠯᠦᠨ ᠲᠤᠰᠢᠶᠠᠭᠰᠠᠨ ᠭᠤᠣᠯ ᠮᠠᠲ᠋ᠧᠷᠢᠶᠠᠯ ᠨᠢ ᠪᠦᠷᠢᠨ | ᠭᠦᠢᠴᠡᠳ ᠪᠥᠭᠡᠳ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ᠂ ᠰᠠᠯᠠᠭ᠎ᠠ ᠮᠥᠴᠢᠷ ᠲᠡᠷᠡ | ᠳᠣᠣᠷ᠎ᠠ ᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ︔ ᠳᠤᠲᠠᠭᠳᠠᠵᠤ ᠪᠠᠶᠢᠭ᠎ᠠ ᠬᠦᠯᠢᠶᠡᠨ ᠠᠪᠴᠤ | ᠰᠢᠢᠳᠪᠦᠷᠢᠯᠡᠵᠦ ᠪᠣᠯᠬᠤ ᠮᠠᠲ᠋ᠧᠷᠢᠶᠠᠯ ᠢ ᠰᠠᠯᠠᠭ᠎ᠠ ᠮᠥᠴᠢᠷ ᠠᠴᠠ ᠭᠤᠶᠤᠴᠢᠯᠠᠭᠴᠢ ᠳᠤ ᠨᠥᠬᠦᠪᠥᠷᠢᠯᠡᠵᠦ ᠵᠠᠯᠠᠷᠠᠭᠤᠯᠬᠤ | ᠮᠠᠲ᠋ᠧᠷᠢᠶᠠᠯ ᠤᠨ ᠨᠡᠷᠡᠶᠢᠳᠦᠯ᠂ ᠨᠥᠬᠦᠪᠥᠷᠢᠯᠡᠵᠦ ᠵᠠᠯᠠᠷᠠᠭᠤᠯᠬᠤ ᠬᠡᠯᠪᠡᠷᠢ᠂ ᠴᠠᠭ ᠤᠨ ᠬᠢᠵᠠᠭᠠᠷ ᠵᠢᠴᠢ | ᠬᠤᠭᠤᠴᠠᠭ᠎ᠠ ᠠᠴᠠ ᠬᠡᠲᠦᠷᠡᠭᠦᠯᠦᠨ ᠨᠥᠬᠦᠪᠥᠷᠢᠯᠡᠵᠦ ᠵᠠᠯᠠᠷᠠᠭᠤᠯᠣᠨ ᠰᠢᠢᠳᠪᠦᠷᠢᠯᠡᠬᠦ ᠠᠷᠭ᠎ᠠ ᠮᠠᠶ᠋ᠢᠭ ᠢ ᠲᠡᠷᠡ | ᠳᠣᠣᠷ᠎ᠠ ᠨᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ | ᠠᠷᠪᠠᠳᠤᠭᠠᠷ ᠵᠦᠢᠯ ᠭᠤᠶᠤᠴᠢᠯᠠᠭᠴᠢ ᠰᠢᠤᠳᠠᠨ ᠢᠶᠠᠷ ᠢᠯᠡᠭᠡᠬᠦ ᠪᠠ ᠰᠠᠯᠠᠭ᠎ᠠ ᠮᠥᠴᠢᠷ ᠤᠨ ᠵᠥᠪᠰᠢᠶᠡᠷᠡᠭᠰᠡᠨ | ᠪᠤᠰᠤᠳ ᠠᠷᠭ᠎ᠠ ᠮᠠᠶ᠋ᠢᠭ ᠢᠶᠠᠷ ᠳᠤᠲᠠᠭᠳᠠᠵᠤ ᠪᠠᠶᠢᠭ᠎ᠠ ᠮᠠᠲ᠋ᠧᠷᠢᠶᠠᠯ ᠢ ᠨᠥᠬᠦᠪᠥᠷᠢᠯᠡᠵᠦ ᠪᠣᠯᠤᠨ᠎ᠠ᠂ ᠨᠥᠬᠦᠪᠥᠷᠢᠯᠡᠵᠦ | ᠵᠠᠯᠠᠷᠠᠭᠤᠯᠬᠤ ᠴᠠᠭ ᠬᠤᠭᠤᠴᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠤᠨ ᠡᠯ᠎ᠡ ᠰᠠᠯᠠᠭ᠎ᠠ | ᠮᠥᠴᠢᠷ ᠲᠤ ᠬᠦᠷᠭᠡᠭᠰᠡᠨ ᠴᠠᠭ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠤᠨ ᠠᠵᠢᠯᠯᠠᠭᠠᠨ ᠤ ᠴᠤᠪᠤᠷᠠᠯ ᠶᠣᠰᠣᠭᠠᠷ ᠳᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠬᠦᠢᠴᠡᠳᠭᠡᠵᠦ᠂ ᠠᠮᠠᠯᠠᠭᠰᠠᠨ ᠴᠠᠭ ᠬᠤᠭᠤᠴᠠᠭ᠎ᠠ ᠶᠢᠨ | ᠳᠣᠲᠣᠷ᠎ᠠ ᠰᠢᠢᠳᠪᠦᠷᠢᠯᠡᠬᠦ ᠲᠣᠭᠲᠠᠭᠠᠯ ᠭᠠᠷᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠠᠴᠠ ᠠᠮᠠᠯᠠᠯᠲᠠ ᠶᠢᠨ ᠬᠤᠭᠤᠴᠠᠭᠠᠨ ᠳᠣᠲᠣᠷ᠎ᠠ ᠬᠦᠯᠢᠶᠡᠨ | ᠠᠪᠴᠤ ᠰᠢᠢᠳᠪᠦᠷᠢᠯᠡᠬᠦ ᠮᠠᠲ᠋ᠧᠷᠢᠶᠠᠯ ᠳᠤᠲᠠᠭᠳᠠᠵᠤ ᠪᠠᠶᠢᠭ᠎ᠠ ᠪᠠᠨ ᠨᠥᠬᠦᠪᠥᠷᠢᠯᠡᠵᠦ᠂ ᠰᠠᠯᠠᠭ᠎ᠠ ᠮᠥᠴᠢᠷ ᠠᠴᠠ | ᠨᠢᠭᠡᠨᠲᠡ ᠵᠥᠪᠰᠢᠶᠡᠷᠡᠭᠰᠡᠨ ᠲᠣᠭᠲᠠᠭᠠᠯ ᠭᠠᠷᠭᠠᠭᠰᠠᠨ ᠪᠠᠶᠢᠪᠠᠯ᠂ ᠲᠣᠭᠲᠠᠭᠠᠯ ᠤᠨ ᠪᠢᠴᠢᠭ ᠮᠠᠲ᠋ᠧᠷᠢᠶᠠᠯ ᠪᠤᠶᠤ ᠬᠠᠮᠢᠶ᠎ᠠ | ᠪᠦᠬᠦᠢ ᠭᠡᠷᠡᠴᠢ ᠦᠨᠡᠮᠯᠡᠯ ᠢ ᠴᠠᠭ ᠲᠤᠬᠠᠶ ᠳᠤᠨᠢ ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠶ︔ ᠵᠥᠪᠰᠢᠶᠡᠷᠡᠬᠦ | ᠲᠣᠭᠲᠠᠭᠠᠯ ᠭᠠᠷᠭᠠᠭᠠᠳᠤᠢ ᠪᠠᠶᠢᠪᠠᠯ᠂ ᠠᠮᠠᠯᠠᠯᠲᠠ ᠶᠢᠨ ᠬᠤᠭᠤᠴᠠᠭᠠᠨ ᠳᠣᠲᠣᠷ᠎ᠠ ᠰᠢᠢᠳᠪᠦᠷᠢᠯᠡᠬᠦ ᠲᠣᠭᠲᠠᠭᠠᠯ | ᠭᠠᠷᠭᠠᠬᠤ ᠶᠢᠨ ᠬᠠᠮᠲᠤ ᠬᠤᠯᠪᠣᠭᠳᠠᠯ ᠪᠦᠬᠦᠢ ᠵᠥᠪᠰᠢᠶᠡᠷᠡᠯ ᠤᠨ ᠪᠢᠴᠢᠭ ᠪᠤᠶᠤ ᠭᠡᠷᠡᠴᠢ ᠦᠨᠡᠮᠯᠡᠯ ᠢ | ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠭᠤᠶᠤᠴᠢᠯᠠᠭᠴᠢ ᠠᠮᠠᠯᠠᠯᠲᠠ ᠶᠢᠨ ᠬᠤᠭᠤᠴᠠᠭᠠᠨ ᠳᠣᠲᠣᠷ᠎ᠠ ᠪᠦᠬᠦ | ᠮᠠᠲ᠋ᠧᠷᠢᠶᠠᠯ ᠢᠶᠠᠨ ᠨᠥᠬᠦᠪᠥᠷᠢᠯᠡᠨ ᠵᠠᠯᠠᠷᠠᠭᠤᠯᠵᠤ ᠳᠡᠶᠢᠯᠬᠦ ᠦᠭᠡᠶ ᠪᠤᠶᠤ ᠨᠥᠬᠦᠪᠥᠷᠢᠯᠡᠨ ᠵᠠᠯᠠᠷᠠᠭᠤᠯᠤᠭᠰᠠᠨ | ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠶ ᠪᠣᠯ ᠭᠦᠢᠴᠡᠳᠬᠡᠬᠦ ᠪᠠᠨ ᠵᠣᠭᠰᠣᠭᠠᠬᠤ ᠶᠢᠨ ᠬᠠᠮᠲᠤ | ᠭᠦᠢᠴᠡᠳᠬᠡᠬᠦ ᠪᠠᠨ ᠵᠣᠭᠰᠣᠭᠠᠭᠰᠠᠨ ᠤ ᠳᠠᠷᠠᠭᠠᠬᠢ 2 ᠠᠵᠢᠯᠯᠠᠬᠤ ᠡᠳᠦᠷ ᠤᠨ ᠳᠣᠲᠣᠷ᠎ᠠ ᠪᠢᠴᠢᠭᠯᠡᠭᠰᠡᠨ ᠬᠡᠯᠪᠡᠷᠢ | ᠪᠤᠶᠤ ᠣᠳᠠᠰᠣ ᠪᠠᠷ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠲᠤ ᠭᠤᠶᠤᠴᠢᠯᠠᠯ ᠤᠨ ᠮᠠᠲ᠋ᠧᠷᠢᠶᠠᠯ ᠢ | ᠭᠤᠶᠤᠴᠢᠯᠠᠭᠴᠢ ᠳᠤ ᠪᠤᠴᠠᠭᠠᠬᠤ ᠬᠡᠷᠡᠭᠲᠡᠶ᠃ ᠰᠢᠢᠳᠪᠦᠷᠢᠯᠡᠬᠦ ᠪᠠᠷ ᠬᠦᠯᠢᠶᠡᠵᠦ ᠠᠪᠤᠭᠰᠠᠨ ᠦᠭᠡᠢ ᠠᠴᠠ ᠪᠣᠯᠤᠭᠰᠠᠨ | ᠬᠤᠬᠢᠷᠠᠯ ᠢ ᠭᠤᠶᠤᠴᠢᠯᠠᠭᠴᠢ ᠥᠪᠡᠰᠦᠪᠡᠨ ᠡᠭᠦᠷᠭᠡᠯᠡᠨ᠎ᠡ᠃ | ᠠᠷᠪᠠᠨ ᠳᠥᠷᠪᠡᠳᠦᠭᠡᠷ ᠵᠦᠢᠯ ᠳᠤᠲᠠᠭᠳᠠᠯ ᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠢ ᠬᠡᠷᠡᠭᠵᠢᠭᠦᠯᠵᠦ᠂ | ᠠᠯᠳᠠᠭ᠎ᠠ ᠪᠤᠷᠤᠭᠤ ᠶᠢ ᠠᠭᠤᠴᠢᠯᠠᠵᠤ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠭᠤᠷᠪᠠ ᠶᠢ | ᠢᠯᠭᠠᠬᠤ︾ ᠶᠢ ᠪᠠᠷᠢᠮᠲᠠᠯᠠᠨ᠂ ᠠᠯᠳᠠᠭ᠎ᠠ ᠪᠤᠷᠤᠭᠤ ᠶᠢ ᠠᠭᠤᠴᠢᠯᠠᠵᠤ ᠪᠠᠭᠲᠠᠭᠠᠬᠤ ᠪᠠᠶᠢᠳᠠᠯ ᠪᠠ ᠨᠥᠬᠦᠴᠡᠯ ᠳᠤ | ᠨᠡᠶᠢᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠯᠳᠠᠭ᠎ᠠ ᠪᠤᠷᠤᠭᠤ ᠶᠢ ᠠᠭᠤᠴᠢᠯᠠᠵᠤ ᠵᠠᠯᠠᠷᠠᠭᠤᠯᠬᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ︵ᠨᠢᠭᠡ︶ ᠳᠤᠲᠠᠭᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠦᠷᠢᠮ ᠢ ᠬᠡᠷᠡᠭᠯᠡᠭᠰᠡᠨ ᠪᠣᠯᠪᠠᠴᠤ | ᠠᠮᠠᠯᠠᠯᠲᠠ ᠠᠴᠠ ᠵᠥᠷᠢᠴᠡᠨ ᠪᠥᠬᠦ ᠮᠠᠲ᠋ᠧᠷᠢᠶᠠᠯ ᠢ ᠨᠥᠬᠦᠪᠥᠷᠢᠯᠡᠵᠦ ᠵᠠᠯᠠᠷᠠᠭᠤᠯᠤᠭᠰᠠᠨ ᠥᠬᠡᠶ ᠪᠠᠶᠢᠪᠠᠯ᠂ ᠰᠠᠯᠠᠭ᠎ᠠ | ᠮᠥᠴᠢᠷ ᠨᠢ ᠠᠮᠠᠯᠠᠯᠲᠠ ᠶᠢᠨ ᠡᠭᠦᠷᠭᠡ ᠪᠠᠨ ᠥᠯᠥ ᠬᠦᠢᠴᠡᠳᠭᠡᠭᠰᠡᠨ ᠢᠲᠡᠭᠡᠮᠵᠢ ᠠᠯᠳᠠᠭᠰᠠᠨ ᠭᠤᠶᠤᠴᠢᠯᠠᠭᠴᠢ ᠶᠢᠨ | ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠠᠨ ᠨᠡᠶᠢᠲᠡ ᠶᠢᠨ ᠢᠲᠡᠭᠡᠮᠵᠢ ᠶᠢᠨ ᠬᠠᠮᠲᠤᠪᠠᠷ ᠭᠥᠷᠳᠡᠬᠦ ᠲᠠᠪᠴᠠᠩ ᠳᠤ | ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ᠃ | ︵ᠬᠤᠶᠠᠷ︶ ᠠᠵᠢᠯᠳᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ | ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠰᠠᠬᠢᠯᠭ᠎ᠠ ᠪᠠᠲᠤ | ᠶᠢᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄ | ︵1︶ ᠭᠤᠶᠤᠴᠢᠯᠠᠭᠴᠢ ᠳᠤ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠡᠭᠦᠷᠭᠡ ᠪᠠᠨ ᠦᠯᠦ | ᠭᠦᠢᠴᠡᠳᠬᠡᠭᠰᠡᠨ︔ | ︵2︶ ᠳᠤᠲᠠᠭᠤ ᠶᠢ ᠪᠠᠭᠲᠠᠭᠠᠬᠤ ᠠᠮᠠᠯᠠᠯᠲᠠ ᠶᠢᠨ ᠪᠢᠴᠢᠭ ᠲᠤ ᠬᠢᠨᠠᠨ ᠵᠥᠪᠰᠢᠶᠡᠷᠡᠬᠦ ᠨᠥᠬᠦᠴᠡᠯ᠂ | ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠭᠰᠡᠨ ᠪᠤᠶᠤ ᠬᠠᠰᠤᠭᠰᠠᠨ︔ | ︵3︶ ᠭᠤᠶᠤᠴᠢᠯᠠᠭᠴᠢ ᠨᠢ ᠠᠮᠠᠯᠠᠬᠤ ᠳᠤᠷ᠎ᠠ ᠦᠭᠡᠢ ᠠᠴᠠ ᠪᠤᠯᠵᠤ ᠭᠤᠶᠤᠴᠢᠯᠠᠭᠴᠢ ᠶᠢ ᠠᠯᠪᠠᠳᠠᠨ | ᠠᠮᠠᠯᠠᠭᠤᠯᠤᠭᠰᠠᠨ︔ | ︵4︶ ᠭᠤᠶᠤᠴᠢᠯᠠᠭᠴᠢ ᠨᠢ ᠨᠥᠬᠦᠴᠡᠯ ᠳᠤ ᠨᠡᠶᠢᠴᠡᠵᠦ ᠳᠤᠷᠠᠲᠠᠶ᠎ᠠ ᠠᠮᠠᠯᠠᠭᠰᠠᠨ ᠪᠣᠯᠪᠠᠴᠤ | ᠭᠤᠶᠤᠴᠢᠯᠠᠭᠴᠢ ᠶᠢᠨ ᠠᠮᠠᠯᠠᠯᠲᠠ ᠶᠢ ᠲᠡᠪᠴᠢᠭᠰᠡᠨ︔ | ︵5︶ ᠢᠲᠡᠭᠡᠮᠵᠢ ᠠᠯᠳᠠᠭᠰᠠᠳ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠠᠨ ᠨᠡᠶᠢᠲᠡ ᠶᠢᠨ | ᠢᠲᠡᠭᠡᠮᠵᠢ ᠶᠢᠨ ᠬᠠᠮᠲᠤ ᠪᠠᠷ ᠭᠥᠷᠳᠡᠬᠦ ᠲᠠᠪᠴᠠᠩ ᠳᠤ ᠣᠷᠣᠭᠤᠯᠤᠭᠰᠠᠨ ᠥᠬᠡᠶ ᠪᠥᠭᠡᠳ ᠨᠡᠶᠢᠭᠡᠮ ᠳᠤ ᠨᠡᠶᠢᠲᠡᠯᠡᠭᠰᠡᠨ | ᠥᠬᠡᠶ︔ | ︵6︶ ᠰᠠᠶᠢᠲᠤᠷ ᠬᠠᠮᠵᠢᠯᠴᠠᠭᠰᠠᠨ ᠦᠭᠡᠢ᠂ ᠬᠠᠷᠢᠯᠴᠠᠨ ᠲᠦᠯᠬᠢᠯᠴᠡᠭᠡᠳ ᠮᠠᠭᠤ ᠦᠷ᠎ᠡ ᠳ᠋ᠦᠩ | ᠭᠠᠷᠭᠠᠭᠰᠠᠨ︔ | ︵7︶ ᠲᠤᠰ ᠳᠦᠷᠢᠮ ᠢ ᠵᠥᠷᠢᠴᠡᠭᠰᠡᠨ ᠪᠤᠰᠤᠳ ᠠᠵᠢᠯᠯᠠᠭ᠎ᠠ᠃ | | ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠮᠡᠳᠡᠭᠳᠡᠬᠦ ᠠᠮᠠᠯᠠᠯᠲᠠ ᠶᠢᠨ ᠲᠦᠷᠢᠮ | | ᠨᠢᠭᠡᠳᠦᠭᠡᠷ ᠵᠦᠢᠯ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠠᠷᠭ᠎ᠠ | ᠬᠡᠯᠪᠡᠷᠢ ᠶᠢ ᠲᠡᠭᠦᠯᠳᠡᠷᠵᠢᠭᠦᠯᠵᠦ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠬᠦᠢᠴᠡᠳᠭᠡᠬᠦ ᠳᠤ | ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠮᠡᠳᠡᠭᠳᠡᠨ ᠠᠮᠠᠯᠳᠠᠬᠤ ᠲᠦᠷᠢᠮ ᠭᠡᠳᠡᠭ ᠨᠢ ᠲᠦᠷ | ᠬᠦᠴᠦᠨ ᠥᠬᠡᠶ ᠪᠣᠯᠭᠠᠵᠤ ᠪᠣᠯᠬᠤ ᠥᠬᠡᠶ ᠬᠢᠨᠠᠨ ᠵᠥᠪᠰᠢᠶᠡᠷᠡᠯ ᠢ ᠵᠢᠭᠠᠵᠤ ᠪᠣᠶ᠂ ᠭᠡᠪᠡᠴᠦ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠬᠢᠨᠠᠨ ᠵᠥᠪᠰᠢᠶᠡᠷᠡᠬᠦ | ᠨᠥᠬᠦᠴᠡᠯ ᠳᠤ ᠨᠡᠶᠢᠴᠡᠬᠦ ᠥᠬᠡᠶ ᠦᠢᠯᠡ ᠠᠵᠢᠯᠯᠠᠭ᠎ᠠ ᠶᠢ ᠵᠠᠯᠠᠷᠠᠭᠤᠯᠵᠤ ᠳᠡᠶᠢᠯᠬᠦ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠲᠤ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠭᠰᠡᠨ ᠪᠠᠶᠢᠪᠠᠯ᠂ ᠮᠡᠳᠡᠭᠳᠡᠨ ᠠᠮᠠᠯᠳᠠᠬᠤ | ᠲᠦᠷᠢᠮ ᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠪᠠᠶᠢᠭᠤᠯᠣᠯᠭ᠎ᠠ᠂ ᠣᠯᠠᠨ ᠨᠡᠶᠢᠲᠡ ᠶᠢᠨ ᠦᠢᠯᠡᠴᠢᠯᠡᠬᠡᠨ ᠤ | ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ︽ᠰᠠᠯᠠᠭ᠎ᠠ ᠮᠥᠴᠢᠷ︾ ᠭᠡᠵᠦ ᠶᠡᠷᠦᠩᠬᠡᠶᠢᠯᠡᠨ | ᠨᠡᠷᠡᠶᠢᠳᠦᠨ᠎ᠡ︶ ᠨᠢ ᠮᠡᠳᠡᠭᠳᠡᠬᠦ ᠪᠢᠴᠢᠭ ᠤᠨ ᠬᠡᠯᠪᠡᠷᠢᠵᠢᠭᠰᠡᠨ ᠪᠢᠴᠢᠭ ᠬᠠᠷ᠎ᠠ ᠶᠢ ᠲᠣᠭᠲᠠᠭᠠᠬᠤ ᠶᠢᠨ ᠬᠠᠮᠲᠤ | ᠨᠡᠶᠢᠲᠡᠯᠡᠨ᠎ᠡ᠂ ᠠᠷᠠᠳ ᠢᠷᠭᠡᠳ ᠲᠤ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ | ︽ᠭᠤᠶᠤᠴᠢᠯᠠᠭᠴᠢ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠬᠢᠨᠠᠨ ᠵᠥᠪᠰᠢᠶᠡᠷᠡᠬᠦ ᠨᠥᠬᠦᠴᠡᠯ᠂ ᠪᠠᠷᠢᠮᠵᠢᠶ᠎ᠠ᠂ | ᠮᠡᠷᠭᠡᠵᠢᠯ ᠤᠨ ᠱᠠᠭᠠᠷᠳᠠᠯᠭ᠎ᠠ ᠵᠢᠴᠢ ᠬᠡᠷᠡᠭᠰᠡᠬᠦ ᠮᠠᠲ᠋ᠧᠷᠢᠶᠠᠯ ᠵᠡᠷᠭᠡ ᠶᠢ ᠨᠢᠬᠡ ᠯᠡ ᠤᠳᠠᠭ᠎ᠠ ᠳᠡᠭᠡᠷ᠎ᠡ ᠪᠢᠴᠢᠭ ᠢᠶᠠᠷ | ᠮᠡᠳᠡᠭᠳᠡᠵᠦ᠂ ᠠᠮᠠᠯᠠᠯᠲᠠ ᠶᠢᠨ ᠠᠷᠭ᠎ᠠ ᠮᠠᠶ᠋ᠢᠭ ᠢᠶᠠᠷ ᠳᠡᠭᠡᠷ᠎ᠡ ᠳᠤᠷᠠᠳᠤᠭᠰᠠᠨ ᠭᠤᠶᠤᠴᠢᠯᠠᠯ ᠤᠨ ᠮᠠᠲ᠋ᠧᠷᠢᠶᠠᠯ ᠤᠨ ᠪᠦᠬᠦ | ᠠᠭᠤᠯᠭ᠎ᠠ ᠪᠤᠶᠤ ᠬᠡᠰᠡᠭ ᠠᠭᠤᠯᠭ᠎ᠠ ᠶᠢ ᠣᠷᠣᠯᠠᠭᠤᠯᠵᠤ ᠪᠣᠯᠬᠤ ᠶᠢ ᠲᠣᠳᠣᠷᠬᠠᠶᠢᠯᠠᠵᠤ ᠪᠣᠯᠤᠨ᠎ᠠ᠂ ᠭᠤᠶᠤᠴᠢᠯᠠᠭᠴᠢ | ᠱᠠᠭᠠᠷᠳᠠᠯᠭ᠎ᠠ ᠶᠣᠰᠣᠭᠠᠷ ᠪᠢᠴᠢᠭ ᠤᠨ ᠬᠡᠯᠪᠡᠷᠢ ᠪᠠᠷ ᠲᠡᠭᠦᠨ ᠢ ᠬᠢᠨᠠᠨ ᠵᠥᠪᠰᠢᠶᠡᠷᠡᠬᠦ ᠨᠥᠬᠦᠴᠡᠯ ᠳᠤ ᠨᠡᠶᠢᠴᠡᠭᠦᠯᠬᠦ ᠪᠠᠷ | ᠠᠮᠠᠯᠳᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠯᠭᠠᠬᠤ ᠪᠤᠶᠤ | ᠲᠡᠭᠦᠨ ᠢ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠪᠤᠢ ᠪᠦᠬᠦᠢ ᠬᠢᠨᠠᠨ ᠵᠥᠪᠰᠢᠶᠡᠷᠡᠬᠦ ᠨᠥᠬᠦᠴᠡᠯ ᠳᠤ | ᠬᠦᠷᠦᠭᠦᠯᠬᠦ ᠪᠠᠷ ᠠᠮᠠᠯᠳᠠᠬᠤ ᠬᠡᠷᠡᠭᠲᠡᠢ᠂ ᠳᠣᠳᠠᠭᠤ ᠮᠠᠲ᠋ᠧᠷᠢᠶᠠᠯ ᠢ ᠨᠥᠬᠦᠪᠥᠷᠢᠯᠡᠨ ᠲᠤᠰᠢᠶᠠᠭᠰᠠᠨ ᠤᠷᠢᠲᠠᠯ ᠳᠤᠤᠷ᠎ᠠ᠂ | ᠦᠨᠡᠨ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠤᠷᠠᠲᠠᠶ ᠪᠣᠯ᠂ ᠰᠠᠯᠠᠭ᠎ᠠ | ᠮᠥᠴᠢᠷ ᠲᠡᠷᠡ ᠳᠣᠣᠷ᠎ᠠ ᠨᠢ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ ᠪᠣᠯᠤᠨ᠎ᠠ᠃ ᠭᠤᠶᠤᠴᠢᠯᠠᠭᠴᠢ ᠦᠨᠡᠨᠴᠢ | ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠵᠤ᠂ ᠬᠠᠤᠯᠢ ᠳᠤ ᠲᠣᠭᠲᠠᠭᠠᠭᠰᠠᠨ ᠨᠥᠬᠦᠴᠡᠯ ᠳᠤ ᠬᠦᠷᠦᠭᠰᠡᠨ ᠤ ᠳᠠᠷᠠᠭ᠎ᠠ | ᠰᠠᠶ᠋ᠢ ᠣᠨᠴᠠ ᠲᠣᠭᠲᠠᠭᠰᠠᠨ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠤᠨ᠎ᠠ᠃ | ᠭᠤᠷᠪᠠᠳᠤᠭᠠᠷ ᠵᠦᠢᠯ ᠠᠮᠠᠯᠠᠯᠲᠠ ᠨᠢ ᠭᠤᠶᠤᠴᠢᠯᠠᠭᠴᠢ ᠶᠢᠨ ᠰᠠᠶᠢᠨ ᠳᠤᠷ᠎ᠠ ᠶᠢᠨ ᠪᠠᠶᠢᠬᠤ ᠪᠠᠷ ᠤᠷᠢᠲᠠᠯ | ᠪᠣᠯᠭᠠᠵᠤ᠂ ︽ᠴᠢ ᠠᠮᠠᠯᠳᠠᠪᠠᠯ᠂ ᠪᠢ ᠬᠢᠨᠠᠨ ᠵᠥᠪᠰᠢᠶᠡᠷᠡᠬᠦ᠂ ᠴᠢ ᠢᠲᠡᠭᠡᠯ ᠠᠯᠳᠠᠪᠠᠯ᠂ ᠪᠢ ᠬᠦᠴᠦᠨ ᠦᠭᠡᠶ | ᠪᠣᠯᠭᠠᠬᠤ︾ ᠪᠠ ︽ᠬᠡᠨ ᠠᠮᠠᠯᠠᠪᠠᠯ᠂ ᠬᠡᠨ ᠠᠮᠠᠯᠠᠯᠲᠠ ᠪᠠᠨ ᠦᠢᠯᠡᠳᠦᠯᠭᠡᠵᠢᠭᠦᠯᠬᠦ᠂ ᠬᠡᠨ ᠲᠤᠰᠢᠶᠠᠯ ᠢᠶᠠᠨ | ᠭᠦᠢᠴᠡᠳᠬᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠎ᠠ᠃ ᠭᠤᠶᠤᠴᠢᠯᠠᠭᠴᠢ ᠭᠤᠶᠤᠴᠢᠯᠠᠯ ᠭᠠᠷᠭᠠᠬᠤ ᠦᠭᠡᠢ | ᠪᠥᠭᠡᠳ ᠠᠮᠠᠯᠠᠯᠲᠠ ᠭᠠᠷᠭᠠᠭᠰᠠᠨ ᠪᠠᠶᠢᠪᠠᠯ᠂ ᠡᠯ᠎ᠡ ᠰᠠᠯᠠᠭ᠎ᠠ ᠮᠥᠴᠢᠷ ᠬᠡᠯᠡᠵᠦ ᠥᠭᠬᠦ ᠠᠮᠠᠯᠠᠯᠲᠠ ᠬᠢᠵᠦ ᠪᠣᠯᠬᠤ | ᠦᠭᠡᠢ᠃ | ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠢᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ᠲᠠᠪᠤᠳᠤᠭᠠᠷ ᠵᠦᠢᠯ ᠤᠯᠤᠰ ᠤᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠶᠢ ᠭᠠᠷᠭᠠᠪᠠᠯ᠂ ᠤᠯᠤᠰ ᠤᠨ | ᠨᠢᠭᠤᠴᠠ᠂ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠢ | ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠮᠦᠨ ᠤ ᠪᠡᠶ᠎ᠡ ᠶᠢᠨ ᠡᠷᠡᠭᠦᠯ | ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠭᠠᠳᠠᠭᠠᠳᠤ ᠲᠠᠢ ᠬᠤᠯᠪᠣᠭᠳᠠᠬᠤ ᠵᠡᠷᠭᠡ ᠴᠢᠬᠤᠯᠠ | ᠠᠶᠤᠯ ᠲᠦᠭᠰᠢᠭᠦᠷᠢ ᠨᠡᠯᠢᠶᠡᠳ ᠶᠡᠭᠡ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠡᠯᠢᠶᠡᠳ ᠥᠨᠳᠥᠷ᠂ | ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠠᠴᠠ | ᠭᠠᠳᠠᠨ᠎ᠠ᠂ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ | ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ ᠮᠡᠳᠡᠭᠳᠡᠬᠦ ᠠᠮᠠᠯᠠᠯᠲᠠ ᠶᠢᠨ ᠠᠷᠭ᠎ᠠ ᠮᠠᠶ᠋ᠢᠭ ᠢ | ᠠᠪᠴᠤ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠡᠮᠬᠢᠯᠡᠨ᠂ ᠠᠮᠠᠯᠠᠯᠲᠠ ᠶᠢᠨ ᠪᠣᠳᠠᠲᠠᠶ | ᠠᠭᠤᠯᠭ᠎ᠠ᠂ ᠱᠠᠭᠠᠷᠳᠠᠯᠭ᠎ᠠ ᠵᠢᠴᠢ ᠠᠮᠠᠯᠠᠯᠲᠠ ᠠᠴᠠ ᠵᠥᠷᠢᠴᠡᠭᠰᠡᠨ ᠪᠣᠯ ᠡᠭᠦᠷᠭᠡᠯᠡᠬᠦ ᠶᠣᠰᠣᠲᠠᠶ ᠬᠠᠤᠯᠢ ᠶᠢᠨ | ᠬᠠᠷᠢᠭᠤᠴᠠᠯᠭ᠎ᠠ ᠶᠢ ᠳᠣᠳᠣᠷᠬᠠᠶᠢᠯᠠᠵᠦ᠂ ᠠᠵᠢᠯ ᠶᠠᠪᠤᠳᠠᠯ ᠬᠦᠢᠴᠡᠳᠭᠡᠬᠦ ᠠᠮᠠᠯᠠᠯᠲᠠ ᠶᠢᠨ ᠠᠷᠭ᠎ᠠ ᠮᠠᠶ᠋ᠢᠭ ᠪᠠ | ᠠᠮᠠᠯᠠᠯᠲᠠ ᠶᠢᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠨᠠᠷᠢᠨ ᠲᠦᠷᠢᠮ ᠢ ᠨᠠᠷᠢᠯᠢᠭᠵᠢᠭᠤᠯᠣᠨ᠂ ᠨᠡᠶᠢᠭᠡᠮ ᠳᠤ | ᠨᠡᠶᠢᠲᠡᠯᠡᠨ᠎ᠡ᠃ | ᠵᠢᠷᠭᠤᠳᠤᠭᠠᠷ ᠵᠦᠢᠯ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠨᠢ ᠳᠣᠣᠷᠠᠬᠢ ᠨᠥᠬᠦᠴᠡᠯ ᠳᠤ ᠵᠡᠷᠭᠡ ᠪᠠᠷ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠬᠢᠨᠠᠨ ᠵᠥᠪᠰᠢᠶᠡᠷᠡᠭᠳᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠢ ᠨᠥᠬᠦᠴᠡᠯ᠂ | ᠪᠠᠷᠢᠮᠵᠢᠶ᠎ᠠ ᠳᠤ ᠨᠡᠶᠢᠴᠡᠭᠰᠡᠨ ᠡᠰᠡᠬᠦ ᠪᠤᠶᠤ ᠬᠦᠷᠦᠭᠰᠡᠨ ᠡᠰᠡᠬᠦ ᠶᠢ ᠭᠤᠶᠤᠴᠢᠯᠠᠭᠴᠢ ᠮᠠᠭᠠᠳᠯᠠᠵᠤ ᠪᠣᠯᠬᠤ︔ | ︵ᠬᠤᠶᠠᠷ︶ ᠬᠦᠴᠦᠨ ᠦᠭᠡᠢ ᠪᠣᠯᠭᠠᠵᠤ ᠪᠣᠯᠬᠤ ᠵᠦᠢᠯᠡᠰ ᠢ ᠬᠢᠨᠠᠨ ᠵᠥᠪᠰᠢᠶᠡᠷᠡᠵᠦ ᠲᠣᠭᠲᠠᠭᠠᠨ᠎ᠠ︔ | ︵ᠭᠤᠷᠪᠠ︶ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ | ᠲᠦᠪᠰᠢᠨ᠂ ᠮᠥᠩᠭᠦᠨ ᠬᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠬᠤ᠂ ᠬᠥᠮᠦᠨ ᠤ ᠪᠡᠶ᠎ᠡ ᠶᠢᠨ ᠡᠷᠡᠭᠦᠯ | ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠭᠠᠳᠠᠭᠠᠳᠤ ᠲᠠᠢ | ᠬᠤᠯᠪᠣᠭᠳᠠᠬᠤ ᠵᠡᠷᠭᠡ ᠲᠦᠭᠰᠢᠭᠦᠷᠢ ᠪᠠᠷ ᠨᠡᠯᠢᠶᠡᠳ ᠶᠡᠭᠡ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠢᠶᠠᠷ | ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠠᠴᠠ ᠪᠤᠰᠤᠳ ᠵᠦᠢᠯᠡᠰ᠃ | ᠳᠣᠯᠣᠳᠤᠭᠠᠷ ᠵᠦᠢᠯ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠭᠤᠶᠤᠴᠢᠯᠠᠯ ᠢ ᠣᠯᠤᠭᠰᠠᠨ ᠦᠶ᠎ᠡ ᠳᠤ᠂ | ᠢᠲᠡᠭᠡᠮᠵᠢ ᠶᠢᠨ ᠲᠠᠪᠴᠠᠩ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠢᠲᠡᠭᠡᠮᠵᠢ ᠶᠢᠨ ᠪᠠᠶᠢᠳᠠᠯ ᠢ ᠪᠠᠶᠢᠴᠠᠭᠠᠨ | ᠯᠠᠪᠯᠠᠵᠤ᠂ ᠢᠲᠡᠭᠡᠮᠵᠢ ᠨᠢ ᠰᠠᠶᠢᠨ ᠪᠠᠶᠢᠪᠠᠯ᠂ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠣᠯᠤᠨ᠎ᠠ᠃ | ᠨᠠᠢᠮᠠᠳᠤᠭᠠᠷ ᠵᠦᠢᠯ ᠠᠮᠠᠯᠠᠯᠲᠠ ᠶᠢ ᠮᠡᠳᠡᠭᠳᠡᠬᠦ ᠨᠢᠭᠡᠴᠡ ᠨᠢ ᠰᠠᠯᠠᠭ᠎ᠠ ᠮᠥᠴᠢᠷ ᠪᠣᠯᠤᠨ᠎ᠠ᠂ ᠠᠮᠠᠯᠠᠯᠲᠠ ᠶᠢᠨ | ᠲᠠᠯ᠎ᠠ ᠨᠢ ᠭᠤᠶᠤᠴᠢᠯᠠᠭᠴᠢ ᠪᠣᠯᠤᠨ᠎ᠠ᠃ ᠠᠮᠠᠯᠠᠯᠲᠠ ᠶᠢᠨ ᠪᠢᠴᠢᠭ ᠬᠠᠷ᠎ᠠ ᠶᠢ ᠡᠯ᠎ᠡ ᠰᠠᠯᠠᠭ᠎ᠠ ᠮᠥᠴᠢᠷ ᠵᠣᠬᠢᠶᠠᠨ | ᠲᠠᠷᠬᠠᠭᠠᠨ᠎ᠠ᠃ ᠠᠮᠠᠯᠠᠯᠲᠠ ᠶᠢᠨ ᠪᠢᠴᠢᠭ ᠨᠢᠭᠡ ᠬᠡᠯᠪᠡᠷᠢ ᠶᠢᠨ ᠭᠤᠷᠪᠠᠨ ᠬᠤᠪᠢ᠂ ᠨᠢᠭᠡ ᠬᠤᠪᠢ ᠶᠢ ᠰᠠᠯᠠᠭ᠎ᠠ | ᠮᠥᠴᠢᠷ ᠠᠴᠠ ᠦᠨᠡᠮᠯᠡᠯ ᠣᠯᠭᠤᠬᠤ ᠪᠠᠷᠢᠮᠲᠠ ᠪᠣᠯᠭᠠᠵᠤ᠂ ᠨᠢᠭᠡ ᠬᠤᠪᠢ ᠶᠢ ᠬᠠᠮᠢᠶ᠎ᠠ ᠪᠥᠬᠦᠶ ᠵᠦᠢᠯᠡᠰ ᠢ | ᠬᠦᠢᠴᠡᠳᠭᠡᠬᠦ ᠳᠤ ᠬᠡᠷᠡᠭᠯᠡᠵᠦ᠂ ᠨᠢᠭᠡ ᠬᠤᠪᠢ ᠶᠢ ᠭᠤᠶᠤᠴᠢᠯᠠᠭᠴᠢ ᠦᠯᠡᠳᠡᠭᠡᠨ ᠬᠠᠳᠠᠭᠠᠯᠠᠨ᠎ᠠ︔ ᠠᠮᠠᠯᠠᠯᠲᠠ ᠳᠡᠭᠡᠷ᠎ᠡ | ᠡᠷᠬᠡᠪᠰᠢ ᠭᠤᠶᠤᠴᠢᠯᠠᠭᠴᠢ ᠪᠠᠷ ᠪᠢᠴᠢᠭ ᠤᠨ ᠠᠮᠠᠯᠠᠯᠲᠠ ᠬᠢᠯᠭᠡᠬᠦ ᠬᠡᠷᠡᠭᠲᠡᠢ ᠪᠥᠭᠡᠳ ᠠᠮᠠᠯᠠᠯᠲᠠ ᠶᠢᠨ ᠪᠢᠴᠢᠭ ᠳᠡᠭᠡᠷ᠎ᠡ | ᠭᠠᠷ ᠤᠨ ᠦᠰᠦᠭ ᠵᠢᠷᠤᠭᠤᠯᠬᠤ ᠪᠤᠶᠤ ᠲᠠᠮᠠᠭ᠎ᠠ ᠳᠠᠷᠤᠭᠤᠯᠬᠤ ᠬᠡᠷᠡᠭᠲᠡᠢ︔ ᠨᠠᠶᠢᠳᠠᠭᠰᠠᠨ ᠣᠷᠣᠯᠠᠭᠴᠢ ᠨᠢ ᠡᠷᠬᠡᠪᠰᠢ | ᠨᠠᠶᠢᠳᠠᠯᠭ᠎ᠠ ᠶᠢᠨ ᠪᠢᠴᠢᠭ ᠢᠶᠠᠨ ᠳᠠᠭᠠᠯᠳᠤᠭᠤᠯᠬᠤ ᠬᠡᠷᠡᠭᠲᠡᠢ᠃ | ᠶᠢᠰᠦᠳᠦᠭᠡᠷ ᠵᠦᠢᠯ ᠭᠤᠶᠤᠴᠢᠯᠠᠭᠴᠢ ᠠᠴᠠ ᠠᠮᠠᠯᠠᠯᠲᠠ ᠶᠢ ᠮᠡᠳᠡᠭᠳᠡᠬᠦ ᠪᠠᠷ ᠭᠤᠶᠤᠴᠢᠯᠠᠭᠰᠠᠨ᠂ ᠰᠠᠯᠠᠭ᠎ᠠ | ᠮᠥᠴᠢᠷ ᠠᠴᠠ ᠬᠢᠨᠠᠨ ᠵᠥᠪᠰᠢᠶᠡᠷᠡᠬᠦ ᠳᠤ ᠪᠦᠷᠢᠯᠳᠦᠭᠦᠯᠬᠦ ᠴᠢᠬᠤᠯᠠᠲᠠᠶ ᠨᠥᠬᠦᠴᠡᠯ ᠢ ᠨᠢᠭᠡ ᠯᠡ ᠤᠳᠠᠭ᠎ᠠ ᠳᠡᠭᠡᠷ᠎ᠡ | ᠮᠡᠳᠡᠭᠳᠡᠨ᠎ᠡ᠂ ᠱᠠᠭᠠᠷᠳᠠᠯᠭ᠎ᠠ ᠵᠢᠴᠢ ᠬᠡᠷᠡᠭᠰᠡᠬᠦ ᠮᠠᠲ᠋ᠧᠷᠢᠶᠠᠯ᠂ ᠠᠮᠠᠯᠠᠯᠲᠠ ᠶᠢᠨ ᠪᠣᠳᠠᠲᠠᠶ ᠠᠭᠤᠯᠭ᠎ᠠ᠂ ᠠᠮᠠᠯᠠᠯᠲᠠ ᠠᠴᠠ | ᠵᠥᠷᠢᠴᠡᠪᠡᠯ ᠡᠭᠦᠷᠭᠡᠯᠡᠬᠦ ᠶᠣᠰᠣᠲᠠᠶ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠭᠤᠶᠤᠴᠢᠯᠠᠭᠴᠢ ᠶᠢᠨ ᠪᠢᠴᠢᠭᠯᠡᠭᠰᠡᠨ | ᠠᠮᠠᠯᠠᠯᠲᠠ ᠶᠢ ᠮᠡᠳᠡᠭᠳᠡᠬᠦ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢᠨ ᠬᠠᠮᠲᠤ ᠬᠢᠨᠠᠨ | ᠵᠥᠪᠰᠢᠶᠡᠷᠡᠬᠦ ᠳᠤ ᠬᠡᠷᠡᠭᠰᠡᠬᠦ ᠮᠠᠲ᠋ᠧᠷᠢᠶᠠᠯ ᠢ ᠪᠣᠯᠵᠣᠨ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ | ᠨᠥᠬᠦᠪᠥᠷᠢᠯᠡᠵᠦ ᠵᠠᠯᠠᠷᠠᠭᠤᠯᠬᠤ ᠬᠡᠷᠡᠭᠲᠡᠶ᠂ ᠦᠨᠡᠨ ᠪᠤᠰᠤ ᠠᠮᠠᠯᠠᠯᠲᠠ ᠶᠢ ᠳᠤᠷᠠᠲᠠᠶ᠎ᠠ ᠡᠭᠦᠷᠭᠡᠯᠡᠬᠦ ᠬᠠᠤᠯᠢ | ᠴᠠᠭᠠᠵᠠ ᠶᠢᠨ ᠬᠠᠷᠢᠭᠤᠴᠠᠯᠭ᠎ᠠ᠂ ᠬᠤᠶᠠᠷ ᠲᠠᠯ᠎ᠠ ᠪᠠᠷ ᠢᠶᠠᠨ ︽ᠮᠡᠳᠡᠭᠳᠡᠬᠦ ᠠᠮᠠᠯᠠᠯᠲᠠ ᠶᠢᠨ ᠪᠢᠴᠢᠭ︾ ᠲᠤ | ᠬᠠᠮᠲᠤ ᠪᠠᠷ ᠭᠠᠷ ᠤᠨ ᠥᠰᠥᠭ ᠵᠢᠷᠣᠵᠦ᠂ ᠰᠠᠯᠠᠭ᠎ᠠ ᠮᠥᠴᠢᠷ ᠲᠡᠭᠦᠨ ᠤ ᠭᠤᠶᠤᠴᠢᠯᠠᠯ ᠢ ᠬᠢᠨᠠᠨ ᠵᠥᠪᠰᠢᠶᠡᠷᠡᠭᠰᠡᠨ | ᠲᠣᠭᠲᠠᠭᠠᠯ ᠭᠠᠷᠭᠠᠵᠤ ᠪᠣᠯᠤᠨ᠎ᠠ᠂ ᠲᠡᠷᠡᠴᠢᠯᠡᠨ ︽ᠮᠡᠳᠡᠭᠳᠡᠬᠦ ᠠᠮᠠᠯᠠᠯᠲᠠ ᠶᠢᠨ ᠲᠡᠮᠳᠡᠭ︾ ᠲᠠᠢ ᠬᠤᠯᠪᠣᠭᠳᠠᠯ ᠪᠦᠬᠦᠢ | ᠭᠡᠷᠡᠴᠢ ᠦᠨᠡᠮᠯᠡᠯ ᠪᠠ ᠴᠣᠬᠤᠯᠠᠪᠤᠷᠢ ᠪᠢᠴᠢᠭ ᠣᠯᠭᠤᠨ᠎ᠠ᠂ ᠡᠩ ᠤᠨ ᠭᠡᠷᠡᠴᠢ ᠦᠨᠡᠮᠯᠡᠯ ᠪᠠ ᠴᠣᠬᠤᠯᠠᠪᠤᠷᠢ | ᠪᠢᠴᠢᠭ ᠲᠠᠢ ᠠᠳᠠᠯᠢᠬᠠᠨ ᠬᠠᠤᠯᠢ ᠶᠢᠨ ᠬᠦᠴᠦᠨ ᠲᠠᠢ᠃ | ᠠᠷᠪᠠᠳᠤᠭᠠᠷ ᠵᠦᠢᠯ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠪᠠᠷ ᠭᠤᠶᠤᠴᠢᠯᠠᠭᠰᠠᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠨᠢᠭᠡᠴᠡ ᠶᠢ ᠵᠣᠬᠢᠶᠠᠨ | ᠪᠠᠶᠢᠭᠤᠯᠤᠨ ᠲᠥᠷᠥᠯ ᠵᠦᠢᠯ ᠳᠤ ᠬᠠᠮᠲᠤᠷᠠᠨ ᠤᠷᠢᠳᠴᠢᠯᠠᠨ ᠬᠢᠨᠠᠯᠲᠠ ᠬᠢᠬᠦ ᠬᠡᠷᠡᠭᠲᠡᠶ᠃ ᠦᠨᠡᠨ ᠬᠦ ᠲᠤᠬᠠᠶ ᠶᠢᠨ | ᠲᠠᠯᠠᠪᠠᠶ ᠳᠤ ᠣᠴᠢᠵᠤ ᠬᠠᠶᠢᠨ ᠰᠢᠨᠵᠢᠬᠦ᠂ ᠵᠢᠷᠤᠭ ᠢ ᠬᠢᠨᠠᠬᠤ᠂ ᠢᠯᠡ ᠨᠡᠶᠢᠲᠡᠯᠡᠬᠦ᠂ ᠭᠡᠷᠡᠴᠢᠯᠡᠭᠡ ᠰᠣᠨᠣᠰᠬᠤ᠂ | ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠰᠢᠨᠵᠢᠬᠦ᠂ | ᠬᠢᠵᠢᠭ ᠢ ᠪᠠᠶᠢᠴᠠᠭᠠᠬᠤ᠂ ᠰᠢᠯᠭᠠᠨ ᠲᠣᠭᠲᠠᠭᠠᠬᠤ ᠪᠠ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠵᠡᠷᠭᠡ | ᠣᠨᠴᠣᠭᠤᠶ ᠭᠤᠭᠴᠤᠭ᠎ᠠ ᠶᠢ ᠥᠩᠭᠡᠷᠡᠭᠡᠬᠦ ᠴᠢᠬᠤᠯᠠᠲᠠᠶ ᠪᠠᠶᠢᠪᠠᠯ᠂ ᠪᠠᠲᠤᠯᠠᠭᠰᠠᠨ ᠤ ᠳᠠᠷᠠᠭ᠎ᠠ ᠠᠮᠠᠯᠠᠯᠲᠠ ᠶᠢᠨ ᠴᠠᠭ | ᠬᠤᠭᠤᠴᠠᠭ᠎ᠠ ᠶᠢᠨ ᠳᠣᠲᠣᠷ᠎ᠠ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠤ ᠳᠠᠷᠠᠭ᠎ᠠ | ᠭᠠᠷ ᠤᠨ ᠥᠰᠥᠭ ᠵᠢᠷᠤᠵᠤ ᠨᠤᠲᠠᠯᠠᠭᠰᠠᠨ ᠮᠡᠳᠡᠭᠳᠡᠬᠦ ᠠᠮᠠᠯᠠᠯᠲᠠ ᠶᠢᠨ ᠪᠢᠴᠢᠭ᠂ ᠠᠮᠠᠯᠠᠯᠲᠠ ᠶᠢᠨ ᠠᠭᠤᠯᠭ᠎ᠠ᠂ ᠬᠢᠨᠠᠨ | ᠵᠥᠪᠰᠢᠶᠡᠷᠡᠭᠰᠡᠨ ᠦᠷ᠎ᠡ ᠳ᠋ᠦᠩ ᠢᠶᠠᠨ ᠵᠠᠰᠠᠭ ᠤᠨ ᠣᠷᠳᠣᠨ ᠤ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠳᠤ ᠴᠠᠭ ᠲᠤᠬᠠᠶ ᠳᠤᠨᠢ ᠢᠯᠡ | ᠨᠡᠶᠢᠲᠡᠯᠡᠵᠦ᠂ ᠡᠯ᠎ᠡ ᠲᠠᠯ᠎ᠠ ᠶᠢᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠢᠲᠡᠭᠡᠮᠵᠢ ᠶᠢᠨ | ᠮᠡᠳᠡᠭᠡ ᠵᠠᠩᠭᠢ ᠳᠤ ᠬᠢᠨᠠᠨ ᠪᠠᠶᠢᠴᠠᠭᠠᠯᠲᠠ ᠬᠢᠵᠦ᠂ ᠮᠡᠳᠡᠭᠳᠡᠭᠰᠡᠨ ᠮᠠᠲ᠋ᠧᠷᠢᠶᠠᠯ ᠢ ᠠᠮᠠᠯᠠᠯᠲᠠ ᠶᠢᠨ ᠬᠤᠭᠤᠴᠠᠭᠠᠨ | ᠳᠣᠲᠣᠷ᠎ᠠ ᠮᠥᠷᠳᠡᠨ ᠬᠢᠨᠠᠨ ᠪᠠᠶᠢᠴᠠᠭᠠᠯᠲᠠ ᠬᠢᠵᠦ᠂ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠳᠤ ᠬᠠᠷᠢᠭᠤᠴᠠᠬᠤ | ᠬᠡᠷᠡᠭᠲᠡᠶ᠃ ᠭᠤᠶᠤᠴᠢᠯᠠᠭᠴᠢ ᠠᠮᠠᠯᠠᠯᠲᠠ ᠶᠢᠨ ᠬᠤᠭᠤᠴᠠᠭᠠᠨ ᠳᠤ᠂ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠵᠢᠴᠢ | ᠲᠤᠰᠢᠶᠠᠭᠰᠠᠨ ᠮᠠᠲ᠋ᠧᠷᠢᠶᠠᠯ ᠢ ᠴᠡᠭᠴᠡᠯᠡᠨ ᠥᠭᠡᠷᠡᠴᠢᠯᠡᠭᠰᠡᠨ ᠪᠤᠶᠤ ᠬᠤᠭᠤᠴᠠᠭ᠎ᠠ ᠶᠢ ᠤᠷᠲᠤᠳᠬᠠᠭᠰᠠᠨ ᠤ ᠳᠠᠷᠠᠭ᠎ᠠ | ᠮᠥᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠭᠤᠶᠤᠴᠢᠯᠠᠬᠤ ᠬᠢᠷᠢ ᠬᠡᠮ ᠢ ᠪᠦᠷᠢᠯᠳᠦᠭᠦᠯᠦᠭᠰᠡᠨ ᠥᠬᠡᠶ ᠪᠤᠶᠤ | ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠥᠬᠡᠶ ᠪᠠᠶᠢᠳᠠᠯ ᠢᠶᠠᠷ ᠦᠵᠡᠵᠦ᠂ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠭᠰᠡᠨ ᠲᠣᠭᠲᠠᠭᠠᠯ ᠢ ᠬᠦᠴᠦᠨ ᠥᠬᠡᠶ ᠪᠣᠯᠭᠠᠬᠤ ᠶᠢᠨ ᠬᠠᠮᠲᠤ᠂ | ᠢᠲᠡᠭᠡᠮᠵᠢ ᠠᠯᠳᠠᠭᠰᠠᠨ ᠭᠤᠶᠤᠴᠢᠯᠠᠭᠴᠢ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠠᠨ ᠨᠡᠶᠢᠲᠡ ᠶᠢᠨ | ᠢᠲᠡᠭᠡᠮᠵᠢ ᠶᠢᠨ ᠬᠠᠮᠲᠤᠪᠠᠷ ᠭᠥᠷᠳᠡᠬᠦ ᠲᠠᠪᠴᠠᠩ ᠳᠤ ᠣᠷᠣᠭᠤᠯᠬᠤ ᠶᠢᠨ ᠬᠠᠮᠲᠤ᠂ ᠨᠡᠶᠢᠭᠡᠮ ᠳᠤ ᠨᠡᠶᠢᠳᠡᠯᠡᠵᠦ᠂ ᠲᠣᠰ | ᠭᠤᠶᠤᠴᠢᠯᠠᠭᠴᠢ ᠨᠢ 3 ᠵᠢᠯ ᠤᠨ ᠳᠣᠲᠣᠷ᠎ᠠ ᠮᠡᠳᠡᠭᠳᠡᠬᠦ ᠠᠮᠠᠯᠠᠯᠲᠠ ᠶᠢᠨ ᠲᠦᠷᠢᠮ ᠢ ᠳᠠᠭᠢᠵᠤ ᠬᠡᠷᠡᠭᠯᠡᠵᠦ ᠪᠣᠯᠬᠤ | ᠥᠬᠡᠶ᠃ ᠢᠲᠡᠭᠡᠯ ᠢᠶᠠᠨ ᠠᠯᠳᠠᠭᠰᠠᠨ ᠳᠤ ᠬᠦᠨᠳᠦ ᠨᠣᠴᠢᠲᠠᠶ ᠮᠠᠭᠤ ᠨᠥᠯᠥᠭᠡ ᠦᠵᠡᠭᠦᠯᠦᠭᠰᠡᠨ ᠪᠣᠯ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠠᠶᠢᠳᠠᠯ ᠢ ᠨᠢ | ᠦᠨᠳᠦᠰᠦᠯᠡᠨ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠤᠨ ᠬᠦᠷᠭᠡᠭᠰᠡᠨ ᠠᠮᠠᠯᠠᠯᠲᠠ ᠶᠢᠨ ᠠᠭᠤᠯᠭ᠎ᠠ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠣᠯᠤᠭᠰᠠᠨ ᠤ | ᠳᠠᠷᠠᠭ᠎ᠠ᠂ ᠭᠤᠶᠤᠴᠢᠯᠠᠭᠴᠢ ᠶᠢᠨ ᠠᠮᠠᠯᠠᠯᠲᠠ ᠶᠢᠨ ᠠᠭᠤᠯᠭ᠎ᠠ ᠵᠢᠴᠢ ᠬᠢᠨᠠᠨ ᠵᠥᠪᠰᠢᠶᠡᠷᠡᠬᠦ ᠬᠢᠷᠢ ᠬᠡᠮ ᠣᠯᠤᠭᠰᠠᠨ | ᠬᠠᠮᠢᠶ᠎ᠠ ᠪᠦᠬᠦᠢ ᠠᠵᠢᠯᠯᠠᠭ᠎ᠠ ᠡᠷᠬᠢᠯᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠢᠨᠠᠨ ᠬᠠᠮᠢᠶᠠᠷᠴᠤ᠂ ᠪᠣᠳᠠᠲᠤ | ᠪᠠᠶᠢᠳᠠᠯ ᠨᠢ ᠠᠮᠠᠯᠠᠯᠲᠠ ᠶᠢᠨ ᠠᠭᠤᠯᠭ᠎ᠠ ᠲᠠᠢ ᠪᠠᠨ ᠨᠡᠶᠢᠴᠡᠬᠦ ᠦᠭᠡᠶ ᠪᠠᠶᠢᠬᠤ ᠶᠢ ᠣᠯᠵᠤ ᠮᠡᠳᠡᠪᠡᠯ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ | ᠱᠠᠭᠠᠷᠳᠠᠬᠤ ᠶᠢᠨ ᠬᠠᠮᠲᠤ ᠬᠠᠮᠢᠶ᠎ᠠ ᠪᠦᠬᠦᠢ ᠬᠢᠷᠢ ᠬᠡᠮ ᠤᠨ ᠬᠦᠷᠢᠶ᠎ᠡ ᠬᠡᠪᠴᠢᠶ᠎ᠡ ᠣᠯᠤᠭᠰᠠᠨ ᠠᠵᠢᠯᠯᠠᠭ᠎ᠠ | ᠡᠷᠬᠢᠯᠡᠬᠦ ᠶᠢ ᠨᠢ ᠵᠠᠷᠯᠢᠭᠳᠠᠨ ᠵᠣᠭᠰᠣᠭᠠᠬᠤ ᠬᠡᠷᠡᠭᠲᠡᠶ︔ ᠬᠤᠭᠤᠴᠠᠭ᠎ᠠ ᠨᠢ ᠬᠡᠲᠦᠷᠡᠭᠡᠳ ᠴᠡᠭᠴᠡᠯᠡᠨ ᠥᠭᠡᠷᠡᠴᠢᠯᠡᠬᠦ ᠶᠢ | ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠮᠥᠨ ᠬᠦ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ | ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠲᠠᠨᠢᠯᠴᠠᠭᠤᠯᠤᠨ | ᠬᠦᠷᠭᠡᠵᠦ᠂ ᠲᠡᠭᠦᠨ ᠢᠶᠠᠷ ᠬᠢᠨᠠᠨ ᠵᠥᠪᠰᠢᠶᠡᠷᠡᠭᠰᠡᠨ ᠲᠣᠭᠲᠠᠭᠠᠯ ᠢ ᠬᠦᠴᠦᠨ ᠥᠬᠡᠶ ᠪᠣᠯᠭᠠᠬᠤ ᠶᠢᠨ ᠬᠠᠮᠲᠤ᠂ | ᠢᠲᠡᠭᠡᠮᠵᠢ ᠠᠯᠳᠠᠭᠰᠠᠨ ᠭᠤᠶᠤᠴᠢᠯᠠᠭᠴᠢ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠠᠨ ᠨᠡᠶᠢᠲᠡ ᠶᠢᠨ | ᠢᠲᠡᠭᠡᠮᠵᠢ ᠶᠢᠨ ᠬᠠᠮᠲᠤᠪᠠᠷ ᠭᠥᠷᠳᠡᠬᠦ ᠲᠠᠪᠴᠠᠩ ᠳᠤ ᠣᠷᠣᠭᠤᠯᠬᠤ ᠶᠢᠨ ᠬᠠᠮᠲᠤ᠂ ᠨᠡᠶᠢᠭᠡᠮ ᠳᠤ ᠨᠡᠶᠢᠳᠡᠯᠡᠵᠦ᠂ ᠲᠣᠰ | ᠭᠤᠶᠤᠴᠢᠯᠠᠭᠴᠢ ᠨᠢ 3 ᠵᠢᠯ ᠤᠨ ᠳᠣᠲᠣᠷ᠎ᠠ ᠮᠡᠳᠡᠭᠳᠡᠬᠦ ᠠᠮᠠᠯᠠᠯᠲᠠ ᠶᠢᠨ ᠲᠦᠷᠢᠮ ᠢ ᠳᠠᠭᠢᠵᠤ ᠬᠡᠷᠡᠭᠯᠡᠵᠦ ᠪᠣᠯᠬᠤ | ᠥᠬᠡᠶ᠃ ᠢᠲᠡᠭᠡᠯ ᠢᠶᠠᠨ ᠠᠯᠳᠠᠭᠰᠠᠨ ᠳᠤ ᠬᠦᠨᠳᠦ ᠨᠣᠴᠢᠲᠠᠶ ᠮᠠᠭᠤ ᠨᠥᠯᠥᠭᠡ ᠦᠵᠡᠭᠦᠯᠦᠭᠰᠡᠨ ᠪᠣᠯ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠪᠠᠶᠢᠳᠠᠯ ᠢ ᠨᠢ | ᠦᠨᠳᠦᠰᠦᠯᠡᠨ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃ ᠭᠤᠶᠤᠴᠢᠯᠠᠭᠴᠢ ᠬᠢᠨᠠᠨ ᠵᠥᠪᠰᠢᠶᠡᠷᠡᠬᠦ | ᠲᠣᠭᠲᠠᠭᠠᠯ ᠳᠤ ᠡᠭᠦᠰᠦᠭᠰᠡᠨ ᠦᠢᠯᠡ ᠠᠵᠢᠯᠯᠠᠭ᠎ᠠ ᠶᠢᠨ ᠭᠤᠷᠪᠠᠳᠠᠬᠢ ᠡᠲᠡᠭᠡᠳ ᠲᠤ ᠤᠴᠠᠷᠠᠭᠤᠯᠤᠭᠰᠠᠨ ᠮᠠᠭᠤ | ᠨᠥᠯᠥᠭᠡ᠂ ᠬᠤᠬᠢᠷᠠᠯ ᠪᠠ ᠡᠭᠦᠰᠦᠭᠰᠡᠨ ᠬᠠᠤᠯᠢ ᠴᠠᠭᠠᠵᠠ ᠶᠢᠨ ᠦᠷ᠎ᠡ ᠳ᠋ᠦᠩ ᠳᠤ ᠬᠠᠤᠯᠢ ᠶᠣᠰᠣᠭᠠᠷ ᠵᠣᠬᠢᠴᠠᠩᠭᠤᠢ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠠᠷᠪᠠᠨ ᠳᠥᠷᠪᠡᠳᠦᠭᠡᠷ ᠵᠦᠢᠯ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠢᠲᠡᠭᠡᠯ ᠢᠶᠠᠨ ᠠᠯᠳᠠᠭᠰᠠᠨ ᠦᠢᠯᠡ | ᠠᠵᠢᠯᠯᠠᠭ᠎ᠠ ᠶᠢ ᠣᠯᠠᠨ ᠨᠡᠶᠢᠲᠡ ᠶᠢᠨ ᠢᠲᠡᠭᠡᠮᠵᠢ ᠶᠢᠨ ᠬᠠᠮᠲᠤᠪᠠᠷ ᠬᠦᠷᠳᠡᠬᠦ ᠲᠠᠪᠴᠠᠩ ᠳᠤ ᠣᠷᠣᠭᠤᠯᠬᠤ ᠶᠢᠨ ᠬᠠᠮᠲᠤ | ᠨᠡᠶᠢᠭᠡᠮ ᠳᠤ ᠨᠡᠶᠢᠲᠡᠯᠡᠬᠦ ᠠᠴᠠ ᠡᠮᠦᠨ᠎ᠡ᠂ ᠭᠤᠶᠤᠴᠢᠯᠠᠭᠴᠢ ᠶᠢᠨ ᠬᠢᠬᠦ ᠪᠠᠷ ᠪᠠᠶᠢᠭ᠎ᠠ ᠰᠢᠢᠳᠪᠦᠷᠢᠯᠡᠬᠦ ᠲᠣᠭᠲᠠᠭᠠᠯ | ᠵᠢᠴᠢ ᠪᠣᠳᠠᠲᠤ ᠬᠡᠷᠡᠭ᠂ ᠤᠴᠢᠷ ᠰᠢᠯᠲᠠᠭᠠᠨ᠂ ᠦᠨᠳᠦᠰᠦ ᠪᠠᠷᠢᠮᠲᠠ ᠶᠢ ᠮᠡᠳᠡᠭᠳᠡᠬᠦ ᠶᠢᠨ ᠬᠠᠮᠲᠤ ᠭᠤᠶᠤᠴᠢᠯᠠᠭᠴᠢ ᠳᠤ | ᠳᠣᠭᠠᠴᠢᠯᠳᠠ ᠬᠢᠬᠦ᠂ ᠵᠥᠪᠲᠦᠭᠡᠨ ᠲᠣᠳᠣᠷᠬᠠᠶᠢᠯᠠᠬᠤ ᠵᠡᠷᠭᠡ ᠡᠷᠬᠡ ᠶᠢ ᠬᠠᠤᠯᠢ ᠶᠣᠰᠣᠭᠠᠷ ᠡᠳ᠋ᠯᠡᠬᠦ ᠶᠢ ᠮᠡᠳᠡᠭᠳᠡᠬᠦ | ᠬᠡᠷᠡᠭᠲᠡᠶ᠃ ᠭᠤᠶᠤᠴᠢᠯᠠᠭᠴᠢ ᠠᠴᠠ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠪᠤᠰᠤ ᠦᠢᠯᠡ ᠠᠵᠢᠯᠯᠠᠭ᠎ᠠ ᠶᠢ | ᠣᠯᠠᠨ ᠨᠡᠶᠢᠲᠡ ᠶᠢᠨ ᠢᠲᠡᠭᠡᠮᠵᠢ ᠶᠢᠨ ᠬᠠᠮᠲᠤ ᠪᠠᠷ ᠭᠥᠷᠳᠡᠬᠦ ᠲᠠᠪᠴᠠᠩ ᠳᠤ ᠣᠷᠣᠭᠤᠯᠤᠭᠰᠠᠨ ᠳᠤ ᠤᠨᠳᠤᠤ | ᠰᠠᠨᠠᠯ ᠲᠠᠢ ᠪᠠᠶᠢᠪᠠᠯ᠂ ᠲᠣᠭᠲᠠᠭᠠᠯ ᠭᠠᠷᠭᠠᠭᠰᠠᠨ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ | ᠪᠣᠯᠤᠨ᠎ᠠ᠃ ᠰᠠᠯᠠᠭ᠎ᠠ ᠮᠥᠴᠢᠷ ᠣᠨᠳᠣᠣ ᠰᠠᠨᠠᠯ ᠤᠨ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 7 | ᠠᠵᠢᠯᠯᠠᠬᠤ ᠡᠳᠦᠷ ᠤᠨ ᠳᠣᠲᠣᠷ᠎ᠠ ᠵᠠᠯᠠᠷᠠᠭᠤᠯᠬᠤ ᠡᠰᠡᠬᠦ ᠲᠤᠬᠠᠢ ᠲᠣᠭᠲᠠᠭᠠᠯ ᠭᠠᠷᠭᠠᠬᠤ ᠬᠡᠷᠡᠭᠲᠡᠢ ᠪᠥᠭᠡᠳ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠢᠲᠡᠭᠡᠮᠵᠢ ᠶᠢ | ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠠᠶᠢᠮᠠᠭ ᠤᠨ ᠱᠠᠲᠤᠨ ᠤ ᠣᠯᠠᠨ ᠨᠡᠶᠢᠲᠡ ᠶᠢᠨ ᠢᠲᠡᠭᠡᠮᠵᠢ ᠶᠢ | ᠬᠠᠮᠲᠤᠪᠠᠷ ᠭᠥᠷᠳᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ | ᠢᠲᠡᠭᠡᠮᠵᠢ ᠶᠢ ᠰᠡᠷᠭᠦᠭᠡᠬᠦ ᠠᠷᠭ᠎ᠠ ᠶᠢᠨ ᠴᠤᠪᠤᠷᠠᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠭᠤᠶᠤᠴᠢᠯᠠᠯ ᠶᠣᠰᠣᠭᠠᠷ | ᠬᠦᠨᠳᠦ ᠨᠣᠴᠢᠲᠠᠶ ᠢᠲᠡᠭᠡᠮᠵᠢ ᠠᠯᠳᠠᠭᠰᠠᠨ ᠭᠤᠶᠤᠴᠢᠯᠠᠭᠴᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠴᠤᠭᠯᠠᠭᠤᠯᠤᠨ ᠨᠡᠶᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠨᠢᠭᠡᠴᠡ ᠲᠠᠢ ᠬᠠᠮᠵᠢᠯᠴᠠᠨ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ | ᠭᠤᠷᠪᠠ ᠶᠢ ᠢᠯᠭᠠᠬᠤ︾ ᠶᠢ ᠪᠠᠷᠢᠮᠲᠠᠯᠠᠨ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠᠶᠢᠳᠠᠯ ᠪᠠ | ᠨᠥᠬᠦᠴᠡᠯ ᠳᠤ ᠨᠡᠶᠢᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ | ᠶᠣᠰᠣᠭᠠᠷ ᠬᠡᠷᠡᠭᠵᠢᠭᠦᠯᠬᠦ ᠬᠡᠷᠡᠭᠲᠡᠶ᠃ | ︵ᠨᠢᠭᠡ︶ ᠬᠡᠷᠪᠡ ᠳᠤᠤᠷᠠᠬᠢ ᠮᠡᠲᠦ ᠮᠡᠳᠡᠭᠳᠡᠬᠦ ᠠᠮᠠᠯᠠᠯᠲᠠ ᠶᠢᠨ ᠲᠦᠷᠢᠮ ᠢ ᠵᠥᠷᠢᠴᠡᠭᠰᠡᠨ ᠬᠠᠮᠢᠶ᠎ᠠ ᠪᠥᠬᠦᠶ | ᠪᠠᠶᠢᠳᠠᠯ ᠲᠠᠢ ᠪᠣᠯ᠂ ᠭᠤᠶᠤᠴᠢᠯᠠᠭᠴᠢ ᠶᠢᠨ ᠦᠨᠡᠨᠴᠢ ᠢᠲᠡᠭᠡᠮᠵᠢ ᠥᠬᠡᠶ ᠦᠢᠯᠡ ᠠᠵᠢᠯᠯᠠᠭ᠎ᠠ ᠶᠢ ᠣᠯᠠᠨ | ᠨᠡᠶᠢᠲᠡ ᠶᠢᠨ ᠢᠲᠡᠭᠡᠮᠵᠢ ᠶᠢᠨ ᠬᠠᠮᠲᠤᠪᠠᠷ ᠭᠥᠷᠳᠡᠬᠦ ᠲᠠᠪᠴᠠᠩ ᠳᠤ ᠣᠷᠣᠭᠤᠯᠬᠤ ᠶᠢᠨ ᠬᠠᠮᠲᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠭᠠᠷᠭᠠᠬᠤ ᠶᠢᠨ ᠬᠠᠮᠲᠤ᠂ 3 | ᠵᠢᠯ ᠤᠨ ᠳᠣᠲᠣᠷ᠎ᠠ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠵᠦ ᠪᠣᠯᠬᠤ ᠥᠬᠡᠶ᠄ | ︵1︶ ᠭᠤᠶᠤᠴᠢᠯᠠᠯ ᠤᠨ ᠮᠠᠲ᠋ᠧᠷᠢᠶᠠᠯ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠮᠡᠬᠡᠯᠡᠵᠦ | ᠨᠢᠭᠤᠭᠰᠠᠨ᠂ ᠮᠠᠭᠤ ᠰᠠᠨᠠᠭ᠎ᠠ ᠲᠠᠢ ᠪᠠᠷ ᠮᠡᠬᠡᠯᠡᠭᠰᠡᠨ ᠪᠠᠶᠢᠳᠠᠯ ᠣᠷᠣᠰᠢᠵᠤ ᠪᠠᠶᠢᠬᠤ︔ | ︵2︶ ᠠᠮᠠᠯᠠᠯᠲᠠ ᠶᠢᠨ ᠬᠤᠭᠤᠴᠠᠭᠠᠨ ᠳᠤ᠂ ᠮᠠᠲ᠋ᠧᠷᠢᠶᠠᠯ ᠢᠶᠠᠨ ᠲᠤᠰᠢᠶᠠᠭᠰᠠᠨ ᠦᠭᠡᠶ ᠵᠢᠴᠢ ᠲᠤᠰᠢᠶᠠᠭᠰᠠᠨ | ᠮᠠᠲ᠋ᠧᠷᠢᠶᠠᠯ ᠢ ᠴᠡᠭᠴᠡᠯᠡᠨ ᠥᠭᠡᠷᠡᠴᠢᠯᠡᠭᠰᠡᠨ ᠪᠤᠶᠤ ᠬᠤᠭᠤᠴᠠᠭ᠎ᠠ ᠶᠢ ᠨᠢ ᠤᠷᠲᠤᠳᠬᠠᠭᠰᠠᠨ ᠤ ᠳᠠᠷᠠᠭ᠎ᠠ ᠮᠥᠨ ᠬᠦ | ᠱᠠᠭᠠᠷᠳᠠᠯᠭ᠎ᠠ ᠳᠤ ᠨᠡᠶᠢᠴᠡᠬᠦ ᠦᠭᠡᠶ ᠪᠠᠶᠢᠪᠠᠯ᠂ ᠭᠤᠶᠤᠴᠢᠯᠠᠬᠤ ᠬᠢᠷᠢ ᠬᠡᠮ ᠢ ᠪᠦᠷᠢᠯᠳᠦᠭᠦᠯᠦᠭᠰᠡᠨ ᠦᠭᠡᠶ ᠪᠤᠶᠤ | ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠠᠶᠢᠳᠠᠯ ᠢᠶᠠᠷ ᠦᠵᠡᠵᠦ᠂ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠭᠰᠡᠨ ᠲᠣᠭᠲᠠᠭᠠᠯ ᠢ ᠬᠦᠴᠦᠨ ᠦᠭᠡᠶ ᠪᠣᠯᠭᠠᠨ᠎ᠠ︔ | ︵3︶ ᠵᠠᠯᠭᠠᠮᠵᠢ ᠬᠢᠨᠠᠯᠲᠠ ᠬᠠᠮᠢᠶᠠᠷᠤᠯᠲᠠ ᠳᠤ ᠦᠨᠡᠨ ᠪᠣᠳᠠᠲᠠᠢ ᠪᠤᠰᠤ ᠠᠮᠠᠯᠠᠯᠲᠠ ᠬᠢᠭᠰᠡᠨ ᠪᠤᠶᠤ | ᠠᠮᠠᠯᠠᠯᠲᠠ ᠠᠴᠠ ᠵᠥᠷᠢᠴᠡᠭᠰᠡᠨ ᠢ ᠣᠯᠵᠤ ᠮᠡᠳᠡᠭᠰᠡᠨ︔ | ︵4︶ ᠠᠮᠠᠯᠠᠯᠲᠠ ᠬᠢᠬᠦ ᠪᠠᠷ ᠳᠠᠮᠵᠢᠭᠤᠯᠤᠨ ᠬᠢᠨᠠᠨ ᠵᠥᠪᠰᠢᠶᠡᠷᠡᠭᠰᠡᠨ ᠲᠣᠭᠲᠠᠭᠠᠯ ᠣᠯᠤᠭᠰᠠᠨ ᠪᠣᠯᠪᠠᠴᠤ ᠬᠢᠨᠠᠨ | ᠵᠥᠪᠰᠢᠶᠡᠷᠡᠬᠦ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠥᠭᠡᠳ ᠬᠠᠷᠢᠯᠴᠠᠬᠤ ᠶᠢᠨ ᠠᠷᠭ᠎ᠠ ᠥᠬᠡᠶ ᠪᠠᠶᠢᠬᠤ᠃ | ︵5︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠤᠳ᠃ | ︵ᠬᠤᠶᠠᠷ︶ ᠠᠵᠢᠯᠳᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ | ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠰᠠᠬᠢᠯᠭ᠎ᠠ | ᠪᠠᠲᠤ ᠶᠢᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄ | ︵1︶ ᠭᠤᠶᠤᠴᠢᠯᠠᠭᠴᠢ ᠳᠤ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠡᠭᠦᠷᠭᠡ ᠪᠠᠨ ᠦᠯᠦ | ᠭᠦᠢᠴᠡᠳᠬᠡᠭᠰᠡᠨ︔ | ︵2︶ ᠮᠡᠳᠡᠭᠳᠡᠬᠦ ᠠᠮᠠᠯᠠᠯᠲᠠ ᠶᠢᠨ ᠪᠢᠴᠢᠭ ᠲᠤ ᠬᠢᠨᠠᠨ ᠵᠥᠪᠰᠢᠶᠡᠷᠡᠬᠦ ᠨᠥᠬᠦᠴᠡᠯ᠂ ᠪᠠᠷᠢᠮᠵᠢᠶ᠎ᠠ ᠪᠠ | ᠮᠡᠷᠭᠡᠵᠢᠯ ᠤᠨ ᠱᠠᠭᠠᠷᠳᠠᠯᠭ᠎ᠠ ᠶᠢ ᠳᠤᠷ᠎ᠠ ᠪᠠᠷ ᠢᠶᠠᠨ ᠨᠡᠮᠡᠭᠰᠡᠨ ᠪᠤᠶᠤ ᠬᠠᠰᠤᠭᠰᠠᠨ︔ | ︵3︶ ᠭᠤᠶᠤᠴᠢᠯᠠᠭᠴᠢ ᠨᠢ ᠠᠮᠠᠯᠠᠬᠤ ᠳᠤᠷ᠎ᠠ ᠦᠭᠡᠢ ᠠᠴᠠ ᠪᠤᠯᠵᠤ ᠭᠤᠶᠤᠴᠢᠯᠠᠭᠴᠢ ᠶᠢ ᠠᠯᠪᠠᠳᠠᠨ | ᠠᠮᠠᠯᠠᠭᠤᠯᠤᠭᠰᠠᠨ︔ | ︵4︶ ᠭᠤᠶᠤᠴᠢᠯᠠᠭᠴᠢ ᠨᠢ ᠨᠥᠬᠦᠴᠡᠯ ᠳᠤ ᠨᠡᠶᠢᠴᠡᠵᠦ ᠳᠤᠷᠠᠲᠠᠶ᠎ᠠ ᠠᠮᠠᠯᠠᠭᠰᠠᠨ ᠪᠣᠯᠪᠠᠴᠤ | ᠭᠤᠶᠤᠴᠢᠯᠠᠭᠴᠢ ᠶᠢᠨ ᠠᠮᠠᠯᠠᠯᠲᠠ ᠶᠢ ᠲᠡᠪᠴᠢᠭᠰᠡᠨ︔ | ︵5︶ ᠭᠤᠶᠤᠴᠢᠯᠠᠭᠴᠢ ᠶᠢᠨ ᠠᠮᠠᠯᠠᠯᠲᠠ ᠪᠠᠨ ᠭᠦᠢᠴᠡᠳᠬᠡᠭᠰᠡᠨ ᠪᠠᠶᠢᠳᠠᠯ ᠳᠤ ᠲᠤᠰ ᠲᠦᠷᠢᠮ ᠤᠨ ᠶᠣᠰᠣᠭᠠᠷ | ᠬᠢᠨᠠᠯᠲᠠ ᠪᠠᠶᠢᠴᠠᠭᠠᠯᠲᠠ ᠬᠢᠭᠰᠡᠨ ᠦᠭᠡᠢ᠂ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠦᠭᠡᠢ︔ | ︵6︶ ᠭᠤᠶᠤᠴᠢᠯᠠᠭᠴᠢ ᠶᠢᠨ ᠠᠮᠠᠯᠠᠯᠲᠠ ᠪᠠᠨ ᠭᠦᠢᠴᠡᠳᠬᠡᠭᠰᠡᠨ ᠦᠭᠡᠢ ᠦᠢᠯᠡ ᠠᠵᠢᠯᠯᠠᠭ᠎ᠠ ᠳᠤ ᠴᠠᠭ | ᠲᠤᠬᠠᠢ ᠳᠤᠨᠢ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ︔ | ︵7︶ ᠠᠰᠠᠭᠤᠳᠠᠯ ᠢ ᠣᠯᠵᠤ ᠮᠡᠳᠡᠭᠡᠳ ᠴᠠᠭ ᠲᠤᠬᠠᠢ ᠳᠤᠨᠢ ᠬᠤᠯᠪᠣᠭᠳᠠᠯ ᠪᠦᠬᠦᠢ ᠨᠢᠭᠡᠴᠡ ᠳᠤ ᠮᠡᠳᠡᠭᠡ | ᠵᠠᠩᠭᠢ ᠬᠦᠷᠭᠡᠭᠰᠡᠨ ᠦᠭᠡᠢ︔ | ︵8︶ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠭᠥᠷᠳᠡᠬᠦ ᠥᠬᠡᠶ ᠠᠴᠠ | ᠪᠣᠯᠵᠣ᠂ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠥᠬᠡᠶ ᠪᠣᠯᠭᠠᠵᠤ᠂ | ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠶᠢ ᠣᠨᠣᠪᠴᠢ ᠥᠬᠡᠶ ᠪᠣᠯᠭᠠᠭᠰᠠᠨ ᠠᠴᠠ ᠮᠠᠭᠤ ᠦᠷ᠎ᠡ | ᠳ᠋ᠦᠩ ᠭᠠᠷᠭᠠᠭᠰᠠᠨ︔ | ︵9︶ ᠰᠠᠶᠢᠲᠤᠷ ᠬᠠᠮᠵᠢᠯᠴᠠᠭᠰᠠᠨ ᠦᠭᠡᠢ᠂ ᠬᠠᠷᠢᠯᠴᠠᠨ ᠲᠦᠯᠬᠢᠯᠴᠡᠭᠡᠳ ᠮᠠᠭᠤ ᠦᠷ᠎ᠡ ᠳ᠋ᠦᠩ | ᠭᠠᠷᠭᠠᠭᠰᠠᠨ︔ | ︵10︶ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠦᠭᠡᠢ︔ | ︵11︶ ᠲᠤᠰ ᠳᠦᠷᠢᠮ ᠢ ᠵᠥᠷᠢᠴᠡᠭᠰᠡᠨ ᠪᠤᠰᠤᠳ ᠠᠵᠢᠯᠯᠠᠭ᠎ᠠ᠃ |