ᠠᠯᠠᠱᠠ ᠠᠶᠢᠮᠠᠭ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠲᠣᠭᠲᠠᠭᠠᠯ ︵2023 ᠣᠨ ᠳᠤ ᠵᠠᠰᠠᠪᠤᠷᠢ ᠣᠷᠣᠭᠤᠯᠣᠭᠰᠠᠨ︶
ᠨᠡᠶᠢᠲᠡᠯᠡᠭᠰᠡᠨ ᠴᠠᠭ᠄
2023/6/8
    ᠨᠢᠭᠡᠳᠦᠭᠡᠷ ᠵᠦᠢᠯ ᠠᠷᠠᠳ ᠤᠨ ᠠᠭᠠᠷ ᠤᠨ ᠨᠢᠰᠦᠭᠦᠷ ᠠᠯᠠᠱᠠ ᠠᠶᠢᠮᠠᠭ ᠤᠨ ᠬᠠᠷᠢᠶ᠎ᠠ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠣᠨ ᠪᠦᠰᠡ ᠳᠠᠬᠢ ᠠᠵᠢᠯᠯᠠᠭᠠᠨ ᠤ ᠠᠮᠤᠷ ᠲᠦᠪᠰᠢᠨ ᠢ ᠪᠠᠲᠤᠯᠠᠵᠤ᠂ ᠡᠯ᠎ᠡ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢᠨ ᠲᠤᠰᠠᠳᠠ᠂   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠰᠦᠯᠲᠡ ᠶᠢᠨ ᠦᠨᠳᠦᠰᠦᠨ ᠳᠦᠷᠢᠮ︾᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠣᠷᠣᠨ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠳᠦᠷᠢᠮ ᠲᠣᠭᠲᠠᠭᠠᠯ ᠵᠢᠴᠢ ᠪᠠᠷᠢᠮᠵᠢᠶ᠎ᠠ ᠶᠢ ᠦᠨᠳᠦᠰᠦᠯᠡᠨ ᠲᠤᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ ᠲᠤᠰ ᠲᠣᠭᠲᠠᠭᠠᠯ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠪᠣᠯᠤᠨ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠳᠤ ᠲᠣᠬᠢᠷᠠᠨ᠎ᠠ᠃ ᠥᠪᠥᠷ ᠮᠣᠩᠭᠤᠯ ᠤᠨ ᠠᠯᠠᠱᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠳᠣᠣᠷ᠎ᠠ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠭᠡᠵᠦ ᠲᠣᠪᠴᠢᠯᠠᠨ᠎ᠠ︶ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠳᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠠᠶᠢᠮᠠᠭ᠂ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠠᠮᠤᠭ ᠤᠨ ᠰᠢᠨ᠎ᠡ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠵᠢᠷᠤᠭ᠂ ᠨᠢᠰᠬᠡᠯ ᠤᠨ ᠪᠠᠭᠤᠳᠠᠯ ᠤᠨ ᠬᠠᠷᠰᠢᠯᠠᠬᠤ ᠪᠣᠳᠠᠰ ᠤᠨ ᠬᠢᠵᠠᠭᠠᠷᠯᠠᠯ ᠤᠨ ᠬᠡᠪᠴᠢᠶ᠎ᠡ ᠶᠢ ᠳᠠᠩᠰᠠᠯᠠᠭᠤᠯᠤᠨ᠎ᠠ᠃     ᠭᠤᠷᠪᠠᠳᠤᠭᠠᠷ ᠵᠦᠢᠯ ᠨᠢᠰᠬᠡᠯ ᠤᠨ ᠪᠠᠭᠤᠳᠠᠯ ᠤᠨ ᠪᠠᠶᠢᠭ᠎ᠠ ᠭᠠᠵᠠᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠪᠣᠯᠤᠨ ᠱᠠᠭᠠᠷᠳᠠᠯᠭ᠎ᠠ ᠶᠢ ᠨᠡᠶᠢᠭᠡᠮ ᠳᠤ ᠨᠡᠶᠢᠲᠡᠯᠡᠬᠦ ᠶᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠥᠨᠳᠥᠷ ᠲᠤ ᠬᠤᠯᠪᠣᠭᠳᠠᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠬᠤ ᠶᠢᠨ ᠬᠠᠮᠲᠤ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠴᠡᠪᠡᠷ ᠠᠭᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠬᠤᠷᠢᠶᠠᠬᠤ ᠮᠠᠲ᠋ᠧᠷᠢᠶᠠᠯ ᠢ ᠮᠡᠳᠡᠭᠦᠯᠦᠨ ᠬᠦᠷᠭᠡᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠠᠵᠢᠯ ᠲᠥᠷᠥᠯ ᠤᠨ ᠰᠠᠨᠠᠯ ᠳᠣᠷᠠᠳᠣᠨ᠎ᠠ᠃     ᠳᠥᠷᠪᠡᠳᠦᠭᠡᠷ ᠵᠦᠢᠯ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠨᠢ ᠲᠣᠭᠤᠷᠢᠨ ᠪᠠᠶᠢᠴᠠᠭᠠᠬᠤ᠂ ᠮᠡᠳᠡᠭᠦᠯᠬᠦ ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠵᠦ᠂ ᠨᠢᠰᠦᠯᠲᠡ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠠᠷᠢᠯᠭᠠᠬᠤ ᠬᠡᠷᠡᠭᠲᠡᠶ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠤᠬᠠᠭᠤᠯᠭ᠎ᠠ ᠂  ᠬᠥᠮᠦᠵᠢᠯ ᠤᠨ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠴᠡᠪᠡᠷ ᠠᠭᠠᠷ ᠤᠨ ᠬᠠᠮᠠᠭᠠᠯᠠᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠵᠦ᠂ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠬᠤᠷᠢᠭᠯᠠᠨ ᠵᠣᠭᠰᠣᠭᠠᠬᠤ ᠡᠷᠬᠡ ᠲᠠᠢ᠃     ᠲᠠᠪᠤᠳᠤᠭᠠᠷ ᠵᠦᠢᠯ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠭᠡᠳᠡᠭ ᠨᠢ ᠨᠢᠰᠬᠡᠯ ᠤᠨ ᠪᠠᠭᠤᠳᠠᠯ ᠤᠨ ᠪᠠᠷᠢᠮᠵᠢᠶᠠᠲᠤ ᠴᠡᠭ ᠢᠶᠠᠷ ᠲᠣᠭᠤᠷᠢᠭ ᠲᠥᠪ ᠪᠣᠯᠭᠠᠭᠰᠠᠨ᠂ ᠲᠦᠪᠰᠢᠨ ᠤ ᠷᠠᠳᠢᠦ᠋ᠰ ᠢᠶᠠᠷ 55  ᠺᠢᠯᠣᠮᠧᠲᠷ ᠣᠷᠣᠨ ᠵᠠᠶ ᠶᠢ ᠵᠢᠭᠠᠵᠤ ᠪᠣᠶ᠂ ᠴᠡᠪᠡᠷ ᠠᠭᠠᠷ ᠤᠨ ᠲᠣᠭᠤᠷᠢᠨ ᠪᠠᠶᠢᠴᠠᠭᠠᠯᠲᠠ ᠶᠢᠨ ᠣᠷᠣᠨ ᠪᠦᠰᠡ ᠪᠠ ᠴᠡᠪᠡᠷ ᠠᠭᠠᠷ ᠤᠨ ᠠᠩᠬᠠᠷᠤᠯ ᠤᠨ ᠣᠷᠣᠨ ᠪᠦᠰᠡ ᠭᠡᠵᠦ ᠬᠤᠪᠢᠶᠠᠨ᠎ᠠ᠃ ᠠᠭᠠᠷ ᠤᠨ ᠴᠡᠪᠡᠷᠴᠡ ᠶᠢᠨ ᠪᠠᠶᠢᠴᠠᠭᠠᠯᠲᠠ ᠶᠢᠨ ᠣᠷᠣᠨ ᠪᠦᠰᠡ ᠪᠣᠯ ᠨᠢᠰᠬᠡᠯ ᠤᠨ ᠪᠠᠭᠤᠳᠠᠯ ᠤᠨ ᠬᠠᠷᠰᠢ ᠰᠠᠭᠠᠳ ᠢ ᠬᠢᠵᠠᠭᠠᠷᠯᠠᠬᠤ ᠲᠠᠯ᠎ᠠ ᠶᠢᠨ ᠣᠷᠣᠨ ᠪᠦᠰᠡ ᠳᠡᠭᠡᠷ᠎ᠡ ᠨᠢ ᠵᠣᠬᠢᠰᠲᠠᠶ ᠭᠠᠳᠠᠷ ᠣᠷᠣᠨ ᠪᠦᠰᠡ ᠪᠣᠯᠤᠨ᠎ᠠ᠂ ᠡᠩ ᠤᠨ ᠪᠠᠶᠢᠳᠠᠯ ᠳᠣᠤᠷ᠎ᠠ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ ᠤᠨ ᠭᠤᠤᠯ ᠱᠤᠭᠤᠮ ᠤᠨ ᠬᠤᠶᠠᠷ ᠬᠠᠵᠠᠭᠤ ᠶᠢᠨ ᠲᠤᠰ ᠲᠤᠰ 10 ᠺᠢᠯᠣᠮᠧᠲᠷ ᠂ ᠭᠦᠶᠦᠯᠲᠡ ᠶᠢᠨ ᠵᠠᠮ ᠤᠨ ᠦᠵᠦᠭᠦᠷ ᠤᠨ ᠭᠠᠳᠠᠨ᠎ᠠ 20 ᠺᠢᠯᠣᠮᠧᠲᠷ ᠤᠨ ᠳᠣᠲᠣᠷᠠᠬᠢ ᠣᠷᠣᠨ ᠪᠦᠰᠡ ᠪᠣᠯᠤᠨ᠎ᠠ᠃ ᠠᠭᠠᠷ ᠤᠨ ᠴᠡᠪᠡᠷᠴᠡ ᠶᠢᠨ ᠠᠩᠬᠠᠷᠤᠯ ᠤᠨ ᠣᠷᠣᠨ ᠪᠣᠯ ᠠᠭᠠᠷ ᠤᠨ ᠴᠡᠪᠡᠷᠴᠡ ᠶᠢᠨ ᠲᠣᠭᠤᠷᠢᠨ ᠪᠠᠶᠢᠴᠠᠭᠠᠯᠲᠠ ᠶᠢᠨ ᠣᠷᠣᠨ ᠠᠴᠠ ᠭᠠᠳᠠᠨᠠᠬᠢ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠣᠯᠤᠨ᠎ᠠ᠃     ᠵᠢᠷᠭᠤᠳᠤᠭᠠᠷ ᠵᠦᠢᠯ ᠠᠯᠠᠱᠠ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ᠂ ᠳᠣᠤᠷᠠᠬᠢ ᠠᠵᠢᠯᠯᠠᠭ᠎ᠠ ᠬᠢᠬᠦ ᠶᠢ ᠴᠠᠭᠠᠵᠠᠯᠠᠨ᠎ᠠ᠄             ︵ᠨᠢᠭᠡ︶ ᠠᠭᠠᠷ   ᠲᠤ ᠶᠡᠭᠡ ᠬᠡᠮᠵᠢᠶᠡᠨ  ᠤ ᠤᠲᠤᠭ᠎ᠠ᠂ ᠲᠣᠭᠤᠰᠣ᠂ ᠭᠠᠯ᠂ ᠬᠠᠶᠠᠭᠳᠠᠮᠠᠯ ᠬᠡᠢ ᠭᠠᠳᠠᠭᠰᠢᠯᠠᠭᠤᠯᠵᠦ᠂ ᠨᠢᠰᠦᠯᠲᠡ  ᠶᠢᠨ ᠠᠮᠤᠷ ᠳᠦᠪᠰᠢᠨ  ᠢ ᠨᠥᠯᠥᠭᠡᠯᠡᠬᠦ ᠪᠠᠷᠢᠯᠭ᠎ᠠ  ᠪᠤᠶᠤ ᠲᠥᠬᠦᠭᠡᠷᠦᠮᠵᠢ ᠪᠠᠶᠢᠭᠤᠯᠬᠤ︔     ︵ᠬᠤᠶᠠᠷ︶ ᠫᠤᠤᠳᠠᠯᠭ᠎ᠠ ᠶᠢᠨ ᠲᠠᠯᠠᠪᠠᠶ᠂ ᠳᠡᠯᠪᠡᠷᠡᠬᠦ ᠪᠣᠳᠠᠰ ᠤᠨ ᠬᠥᠮᠥᠷᠭᠡ ᠪᠠᠶᠢᠭᠤᠯᠬᠤ ᠵᠡᠷᠭᠡ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠪᠠᠷᠢᠯᠭ᠎ᠠ ᠶᠢᠨ ᠵᠦᠢᠯ ᠪᠤᠶᠤ ᠪᠡᠯᠡᠳᠬᠡᠮᠵᠢ ᠪᠠᠶᠢᠭᠤᠯᠬᠤ︔     ︵ᠭᠤᠷᠪᠠ︶ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠱᠠᠭᠠᠷᠳᠠᠯᠭ᠎ᠠ ᠳᠤ ᠨᠡᠶᠢᠴᠡᠬᠦ ᠦᠭᠡᠶ ᠭᠡᠷ ᠪᠠᠷᠢᠯᠭ᠎ᠠ ᠪᠤᠶᠤ ᠪᠡᠯᠡᠳᠬᠡᠮᠵᠢ ᠪᠠᠶᠢᠭᠤᠯᠬᠤ︔     ︵ᠲᠦᠷᠪᠡ︶ ᠨᠢᠰᠬᠡᠯ ᠤᠨ ᠪᠠᠭᠤᠳᠠᠯ ᠤᠨ ᠬᠠᠷᠠᠭᠠᠨ ᠤ ᠠᠶᠠᠯᠠᠯ ᠢ ᠲᠤᠰᠠᠯᠠᠬᠤ ᠪᠡᠯᠡᠳᠬᠡᠮᠵᠢ ᠶᠢᠨ ᠬᠡᠷᠡᠭᠯᠡᠯᠲᠡ ᠪᠤᠶᠤ ᠠᠷᠠᠳ ᠤᠨ ᠬᠡᠷᠡᠭᠴᠡᠭᠡᠨ ᠤ ᠠᠭᠠᠷ ᠠᠶᠠᠯᠠᠯ ᠤᠨ ᠪᠠᠭᠠᠵᠢ ᠬᠡᠷᠡᠭᠰᠡᠯ ᠤᠨ ᠵᠢᠯᠣᠭᠤᠴᠢ ᠶᠢᠨ ᠬᠠᠷᠠᠭᠠᠨ ᠤ ᠳ᠋ᠧᠩ ᠤᠨ ᠭᠡᠷᠡᠯ᠂ ᠯᠠᠶᠢᠰᠧᠷ᠂ ᠲᠡᠮᠳᠡᠭ᠂ ᠪᠣᠳᠠᠰ ᠵᠡᠷᠭᠡ ᠶᠢ ᠪᠠᠶᠢᠷᠢᠯᠠᠭᠤᠯᠬᠤ︔     ︵ᠲᠠᠪᠤ︶ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠪᠤᠶᠤ ᠨᠢᠰᠬᠡᠯ ᠤᠨ ᠪᠠᠭᠤᠳᠠᠯ ᠤᠨ ᠠᠶᠠᠯᠠᠯ ᠢ ᠲᠤᠰᠠᠯᠠᠬᠤ ᠪᠡᠯᠡᠳᠬᠡᠮᠵᠢ ᠶᠢᠨ ᠬᠡᠷᠡᠭᠯᠡᠯᠲᠡ ᠶᠢ ᠨᠥᠯᠥᠭᠡᠯᠡᠬᠦ ᠤᠷᠭᠤᠮᠠᠯ ᠢ ᠳᠠᠷᠢᠬᠤ︔     ︵ᠵᠢᠷᠭᠤᠭ᠎ᠠ︶ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠰᠢᠪᠠᠭᠤᠨ ᠤ ᠲᠥᠷᠥᠯ ᠵᠢᠴᠢ ᠵᠢᠯᠣᠭᠤᠴᠢ ᠥᠬᠡᠶ ᠴᠢᠯᠥᠭᠡᠲᠦ ᠬᠡᠶᠢᠲᠦ ᠪᠥᠮᠪᠦᠭᠡ ᠪᠠ ᠪᠤᠰᠤᠳ ᠪᠣᠳᠠᠰ ᠢ ᠬᠠᠷᠪᠤᠨ ᠨᠢᠰᠭᠡᠬᠦ︔     ︵ᠳᠤᠯᠤᠭ᠎ᠠ︶ ᠨᠢᠰᠬᠡᠯ ᠤᠨ ᠪᠠᠭᠤᠳᠠᠯ ᠤᠨ ᠴᠠᠬᠢᠯᠭᠠᠨ ᠰᠣᠷᠢᠨᠵᠢᠨ ᠣᠷᠣᠨ ᠢ ᠨᠥᠯᠥᠭᠡᠯᠡᠬᠦ ᠪᠠᠷᠢᠯᠭ᠎ᠠ ᠪᠠᠶᠢᠭᠤᠯᠬᠤ ᠪᠤᠶᠤ ᠪᠡᠯᠡᠳᠬᠡᠮᠵᠢ ᠪᠠᠶᠢᠭᠤᠯᠬᠤ︔     ︵ᠨᠠᠢᠮᠠ︶ ᠰᠢᠪᠠᠭᠤᠨ ᠤ ᠲᠥᠷᠥᠯ ᠵᠢᠴᠢ ᠪᠤᠰᠤᠳ ᠠᠮᠢᠲᠠᠨ ᠢ ᠠᠮᠠᠷᠬᠠᠨ ᠲᠠᠲᠠᠬᠤ ᠵᠠᠳᠠᠭᠠᠶ ᠬᠤᠭ ᠨᠣᠪᠰᠢ ᠶᠢᠨ ᠲᠠᠯᠠᠪᠠᠶ᠂ ᠨᠢᠲᠤᠯᠬᠤ ᠲᠠᠯᠠᠪᠠᠶ᠂ ᠲᠡᠵᠢᠭᠡᠨ ᠦᠷᠡᠵᠢᠭᠦᠯᠬᠦ ᠲᠠᠯᠠᠪᠠᠶ ᠵᠡᠷᠭᠡ ᠲᠠᠯᠠᠪᠤᠷ ᠭᠠᠵᠠᠷ ᠢ ᠪᠠᠶᠢᠷᠢᠯᠠᠭᠤᠯᠬᠤ︔     ︵ᠶᠢᠰᠦ︶ ᠤᠲᠤᠭ᠎ᠠ ᠤᠨᠢᠶᠠᠷ ᠲᠠᠢ ᠶᠡᠭᠡ ᠬᠡᠮᠵᠢᠶᠡᠨ ᠤ ᠲᠠᠷᠢᠮᠠᠯ ᠤᠨ ᠡᠰᠢ ᠰᠦᠷᠡᠯ᠂ ᠬᠤᠭ ᠨᠣᠪᠰᠢ ᠵᠡᠷᠭᠡ ᠪᠣᠳᠠᠰ ᠢ ᠰᠢᠲᠠᠭᠠᠬᠤ ᠪᠤᠶᠤ ᠬᠤᠸᠠᠷ ᠫᠤᠤᠵᠢᠩ ᠲᠠᠯᠪᠢᠬᠤ︔     ︵ᠠᠷᠪᠠ︶ ᠨᠢᠰᠦᠯᠲᠡ  ᠶᠢᠨ ᠠᠶᠤᠯ ᠦᠭᠡᠢ  ᠶᠢ ᠨᠥᠯᠦᠭᠡᠯᠡᠵᠦ ᠮᠡᠳᠡᠬᠦ ᠪᠤᠰᠤᠳ ᠪᠠᠶᠢᠳᠠᠯ ᠪᠤᠶᠤ ᠬᠥᠳᠡᠯᠭᠡᠭᠡᠨ︔     ᠳᠡᠭᠡᠷᠡᠬᠢ ᠲᠣᠭᠲᠠᠭᠠᠯ ᠢ ᠵᠥᠷᠢᠴᠡᠪᠡᠯ᠂ ᠰᠠᠭᠤᠭ᠎ᠠ ᠭᠠᠵᠠᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠲᠦᠷᠢᠮ︾ ᠤᠨ ᠳᠣᠲᠣᠷᠠᠬᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠷᠢᠭᠤᠴᠠᠯᠭᠠᠲᠠᠨ ᠢ ᠰᠢᠳᠬᠡᠨ᠎ᠡ᠃     ᠳᠣᠯᠣᠳᠤᠭᠠᠷ ᠵᠦᠢᠯ ᠨᠢᠰᠬᠡᠯ ᠤᠨ ᠪᠠᠭᠤᠳᠠᠯ ᠤᠨ ᠬᠠᠷᠰᠢ ᠰᠠᠭᠠᠳ ᠢ ᠬᠢᠵᠠᠭᠠᠷᠯᠠᠬᠤ ᠬᠡᠪᠴᠢᠶ᠎ᠡ ᠠᠴᠠ ᠭᠠᠳᠠᠨ᠎ᠠ᠂ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ ᠤᠨ ᠭᠤᠣᠯ ᠱᠤᠭᠤᠮ ᠤᠨ ᠬᠤᠶᠠᠷ ᠬᠠᠵᠠᠭᠤ ᠠᠴᠠ ᠡᠯ᠎ᠡ 10 ᠺᠢᠯᠣᠮᠧᠲᠷ᠂ ᠭᠦᠶᠦᠯᠲᠡ ᠶᠢᠨ ᠵᠠᠮ ᠤᠨ ᠦᠵᠦᠭᠦᠷ ᠠᠴᠠ 20 ᠺᠢᠯᠣᠮᠧᠲᠷ ᠤᠨ ᠣᠷᠣᠨ ᠪᠦᠰᠡ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠳᠣᠣᠷᠠᠬᠢ ᠪᠠᠶᠢᠳᠠᠯ ᠤᠳ ᠤᠨ ᠨᠢᠭᠡ ᠳᠤ ᠨᠡᠶᠢᠴᠡᠪᠡᠯ᠂ ᠵᠠᠰᠠᠭ ᠤᠨ ᠣᠷᠳᠣᠨ ᠤ ᠲᠥᠯᠥᠪᠵᠢᠭᠦᠯᠭᠡ ᠶᠢᠨ ᠰᠠᠯᠠᠭ᠎ᠠ ᠮᠥᠴᠢᠷ ᠠᠴᠠ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠳᠤ ᠪᠢᠴᠢᠭ ᠤᠨ ᠭᠤᠶᠤᠴᠢᠯᠠᠯ ᠳᠡᠪᠰᠢᠭᠦᠯᠵᠦ ᠴᠡᠪᠡᠷ ᠠᠭᠠᠷ ᠤᠨ ᠬᠢᠨᠠᠨ ᠰᠢᠯᠭᠠᠯᠲᠠ ︵ᠮᠠᠲ᠋ᠧᠷᠢᠶᠠᠯ ᠲᠤᠰᠢᠶᠠᠬᠤ ᠮᠠᠲ᠋ᠧᠷᠢᠶᠠᠯ ᠢᠶᠠᠷ ᠯᠠᠪᠯᠠᠯᠲᠠ ᠪᠣᠯᠭᠠᠨ᠎ᠠ︶ ᠬᠢᠯᠭᠡᠨ᠎ᠡ᠄     ︵ᠨᠢᠭᠡ︶ ᠪᠠᠶᠢᠭᠤᠯᠬᠤ ᠭᠡᠵᠦ ᠪᠠᠶᠢᠭ᠎ᠠ ︵ᠪᠠᠶᠢᠭᠤᠯᠬᠤ︶ ᠪᠠᠷᠢᠯᠭ᠎ᠠ ᠶᠢᠨ ᠬᠠᠮᠤᠭ ᠤᠨ ᠥᠨᠳᠥᠷ ᠴᠡᠭ ᠨᠢ ᠭᠠᠵᠠᠷ ᠤᠨ ᠭᠠᠳᠠᠷᠭᠤ ᠠᠴᠠ 30 ᠮᠧᠲᠷ ︵ᠪᠠᠭᠲᠠᠨ᠎ᠠ︶ ᠦᠨᠳᠦᠷ᠂ ᠨᠢᠰᠬᠡᠯ ᠤᠨ ᠪᠠᠭᠤᠳᠠᠯ ᠠᠴᠠ ᠭᠠᠷᠴᠤ ᠢᠷᠡᠬᠦ ᠪᠠᠷᠢᠮᠵᠢᠶ᠎ᠠ ᠥᠨᠳᠥᠷ ᠤᠨ ᠬᠡᠮᠵᠢᠶ᠎ᠡ ᠨᠢ 150 ᠮᠧᠲᠷ ︵ᠪᠠᠭᠲᠠᠨ᠎ᠠ︶︔     ︵ᠬᠤᠶᠠᠷ ︶ ᠪᠠᠶᠢᠭᠤᠯᠬᠤ ᠪᠠᠷ ᠲᠦᠰᠦᠪᠯᠡᠵᠦ ᠪᠣᠢ ᠪᠠᠷᠢᠯᠭ᠎ᠠ ᠨᠢ ᠯᠠᠪᠯᠠᠬᠤ ᠥᠨᠳᠥᠷᠴᠡ ᠠᠴᠠ ᠳᠠᠪᠠᠵᠤ᠂ ᠨᠢᠰᠬᠡᠯ ᠤᠨ ᠪᠠᠭᠤᠳᠠᠯ ᠤᠨ ᠬᠡᠮᠵᠢᠭᠦᠷᠯᠢᠭ ᠤᠨ ᠬᠠᠷᠰᠢ ᠠᠴᠠ ᠳᠠᠪᠠᠭᠰᠠᠨ ᠥᠨᠳᠥᠷᠴᠡ ᠠᠴᠠ ᠳᠠᠪᠠᠭᠰᠠᠨ ᠪᠠᠶᠢᠵᠤ ᠮᠡᠳᠡᠬᠦ︔     ︵ᠭᠤᠷᠪᠠ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠠᠬᠢᠯᠭᠠᠨ ᠰᠣᠷᠢᠨᠵᠢᠨ ᠣᠷᠣᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ᠂ ᠷᠠᠳᠢᠣ᠋ ᠬᠤᠷᠢᠶ᠎ᠠ ︵ᠥᠷᠲᠡᠭᠡ︶᠂ ᠢᠯᠴᠢ ᠴᠠᠬᠢᠯᠭᠠᠨ ᠤ ᠦᠢᠯᠡᠳᠪᠦᠷᠢ ᠶᠢᠨ ᠬᠤᠯᠠᠩ᠂ 11 ᠲᠦᠮᠡᠨ ᠸᠣᠯᠲ ᠵᠢᠴᠢ ᠲᠡᠭᠦᠨ ᠠᠴᠠ ᠳᠡᠭᠡᠭᠰᠢᠬᠢ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ ᠴᠥᠮ᠎ᠡ ᠶᠢᠨ ᠴᠠᠬᠢᠯᠭᠠᠨ ᠤ ᠦᠢᠯᠡᠳᠪᠦᠷᠢ᠂ ᠲᠣᠮᠣ ᠬᠡᠯᠪᠡᠷᠢ ᠶᠢᠨ ᠠᠵᠢᠯ ᠤᠨ ᠰᠢᠨᠵᠢᠯᠡᠬᠦ ᠤᠬᠠᠭᠠᠨ ᠤ ᠡᠮᠨᠡᠯᠭᠡ ᠶᠢᠨ ᠲᠥᠬᠦᠭᠡᠷᠦᠮᠵᠢ᠂ ᠷᠠᠳᠢᠣ᠋ ᠶᠢᠨ ᠳᠠᠷᠤᠴᠠ ︵ᠬᠤᠷᠢᠭᠯᠠᠬᠤ︶ ᠶᠢᠨ ᠲᠥᠬᠦᠭᠡᠷᠦᠮᠵᠢ ᠵᠡᠷᠭᠡ ᠪᠡᠯᠡᠳᠬᠡᠯ ᠲᠥᠬᠦᠭᠡᠷᠦᠮᠵᠢ ᠶᠢ ᠪᠠᠶᠢᠭᠤᠯᠬᠤ ᠪᠠᠷ ᠳᠦᠯᠦᠪᠯᠡᠵᠦ ᠪᠠᠶᠢᠭ᠎ᠠ︔     ︵ᠳᠥᠷᠪᠡ︶ ᠷᠠᠳᠠᠷ ᠢ ᠵᠠᠬᠢᠷᠤᠨ ᠬᠠᠮᠢᠶᠠᠷᠬᠤ ᠪᠤᠶᠤ ADS-B ᠢ ᠬᠢᠨᠠᠨ ᠵᠠᠬᠢᠷᠤᠨ ᠬᠠᠮᠢᠶᠠᠷᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠪᠠᠶᠢᠪᠠᠯ᠂ ᠬᠢᠨᠠᠨ ᠠᠵᠢᠭᠯᠠᠵᠤ ᠬᠥᠲᠥᠯᠦᠨ ᠵᠢᠯᠣᠭᠤᠳᠬᠤ ᠣᠷᠣᠨ ᠤ ᠳᠣᠲᠣᠷ᠎ᠠ᠂ ᠪᠠᠷᠢᠯᠭ᠎ᠠ ᠶᠢᠨ ᠵᠦᠢᠯ ᠳᠠᠬᠢ ᠬᠠᠮᠤᠭ ᠤᠨ ᠥᠨᠳᠥᠷ ᠬᠡᠮᠵᠢᠶ᠎ᠡ ᠨᠢ ᠲᠤᠰ ᠬᠢᠨᠠᠨ ᠠᠵᠢᠭᠯᠠᠨ ᠵᠢᠯᠤᠭᠤᠳᠬᠤ ᠳᠡᠪᠢᠭᠦᠷ ᠤᠨ ᠣᠷᠣᠨ ᠤ ᠳᠣᠲᠣᠷᠠᠬᠢ ᠬᠠᠷᠰᠢ ᠰᠠᠭᠠᠳ ᠢ ᠡᠵᠡᠮᠳᠡᠵᠦ ᠳᠡᠶᠢᠯᠬᠦ ᠦᠨᠳᠦᠷ ᠠᠴᠠ ᠳᠠᠪᠠᠭᠰᠠᠨ︔     ᠨᠠᠢᠮᠠᠳᠤᠭᠠᠷ ᠵᠦᠢᠯ ᠨᠢᠰᠬᠡᠯ ᠤᠨ ᠪᠠᠭᠤᠳᠠᠯ ᠠᠴᠠ ᠵᠠᠶᠢᠳᠠᠢ ᠬᠦᠶᠦᠯᠳᠡ ᠶᠢᠨ ᠵᠠᠮ ᠤᠨ ᠭᠤᠤᠯ ᠱᠤᠭᠤᠮ ᠤᠨ ᠬᠤᠶᠠᠷ ᠬᠠᠵᠠᠭᠤ ᠠᠴᠠ ᠡᠯ᠎ᠡ 10 ᠺᠢᠯᠣᠮᠧᠲᠷ᠂ ᠬᠦᠶᠦᠯᠳᠡ ᠶᠢᠨ ᠵᠠᠮ ᠤᠨ ᠦᠵᠦᠭᠦᠷ ᠤᠨ ᠭᠠᠳᠠᠨ᠎ᠠ 20 ᠺᠢᠯᠣᠮᠧᠲᠷ ᠤᠨ ᠣᠷᠣᠨ ᠤ ᠭᠠᠳᠠᠨ᠎ᠠ᠂ ᠨᠢᠰᠬᠡᠯ ᠤᠨ ᠪᠠᠭᠤᠳᠠᠯ ᠤᠨ ᠰᠠᠭᠤᠷᠢ ᠪᠠᠷᠢᠮᠵᠢᠶ᠎ᠠ ᠴᠡᠭ ᠤᠨ 55 ᠺᠢᠯᠣᠮᠧᠲᠷ ᠤᠨ ᠣᠷᠣᠨ ᠤ ᠬᠡᠪᠴᠢᠶᠡᠨ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠲᠥᠯᠥᠪᠵᠢᠭᠦᠯᠭᠡ ᠶᠢᠨ ᠰᠠᠯᠠᠭ᠎ᠠ ᠮᠥᠴᠢᠷ ᠠᠴᠠ ᠠᠷᠠᠳ ᠤᠨ ᠠᠭᠠᠷ ᠤᠨ ᠲᠡᠭᠡᠭᠡᠪᠦᠷᠢ ᠶᠢᠨ ᠭᠠᠵᠠᠷ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠳᠤ ᠪᠢᠴᠢᠭ ᠤᠨ ᠭᠤᠶᠤᠴᠢᠯᠠᠯ ᠳᠡᠪᠰᠢᠭᠦᠯᠵᠦ ᠴᠡᠪᠡᠷ ᠠᠭᠠᠷ ᠤᠨ ᠬᠢᠨᠠᠨ ᠰᠢᠯᠭᠠᠯᠲᠠ ︵ᠲᠤᠰᠢᠶᠠᠬᠤ ᠮᠠᠲ᠋ᠧᠷᠢᠶᠠᠯ ᠢᠶᠠᠷ ᠯᠠᠪᠯᠠᠯᠲᠠ ᠪᠣᠯᠭᠠᠬᠤ ᠳᠠᠭᠠᠯᠳᠤᠭᠤᠯᠤᠯ︶ ᠬᠢᠯᠬᠡᠨ᠎ᠡ᠄     ︵ᠨᠢᠬᠡ︶ ᠪᠠᠶᠢᠭᠤᠯᠬᠤ ︵ᠪᠠᠶᠢᠭᠤᠯᠬᠤ ᠪᠠᠷ ᠳᠦᠯᠦᠪᠯᠡᠵᠦ ᠪᠠᠶᠢᠭ᠎ᠠ︶ ᠪᠠᠷᠢᠯᠭ᠎ᠠ ᠨᠢ ᠯᠠᠪᠯᠠᠬᠤ ᠥᠨᠳᠥᠷᠴᠡ ᠠᠴᠠ ᠳᠠᠪᠠᠵᠤ᠂ ᠨᠢᠰᠬᠡᠯ ᠤᠨ ᠪᠠᠭᠤᠳᠠᠯ ᠤᠨ ᠬᠡᠮᠵᠢᠭᠦᠷᠯᠢᠭ ᠤᠨ ᠬᠠᠷᠰᠢ ᠠᠴᠠ ᠳᠠᠪᠠᠭᠰᠠᠨ ᠥᠨᠳᠥᠷᠴᠡ ᠠᠴᠠ ᠳᠠᠪᠠᠭᠰᠠᠨ ᠨᠥᠯᠥᠭᠡ ᠪᠠᠶᠢᠵᠤ ᠮᠡᠳᠡᠬᠦ︔     ︵ᠬᠤᠶᠠᠷ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠠᠬᠢᠯᠭᠠᠨ ᠰᠣᠷᠢᠨᠵᠢᠨ ᠣᠷᠣᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ᠂ ᠷᠠᠳᠢᠣ᠋ ᠬᠤᠷᠢᠶ᠎ᠠ ︵ᠥᠷᠲᠡᠭᠡ︶᠂ ᠢᠯᠴᠢ ᠴᠠᠬᠢᠯᠭᠠᠨ ᠤ ᠦᠢᠯᠡᠳᠪᠦᠷᠢ ᠶᠢᠨ ᠬᠤᠯᠠᠩ᠂ 11 ᠲᠦᠮᠡᠨ ᠸᠣᠯᠲ ᠵᠢᠴᠢ ᠲᠡᠭᠦᠨ ᠠᠴᠠ ᠳᠡᠭᠡᠭᠰᠢᠬᠢ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ ᠴᠥᠮ᠎ᠡ ᠶᠢᠨ ᠴᠠᠬᠢᠯᠭᠠᠨ ᠤ ᠦᠢᠯᠡᠳᠪᠦᠷᠢ᠂ ᠲᠣᠮᠣ ᠬᠡᠯᠪᠡᠷᠢ ᠶᠢᠨ ᠠᠵᠢᠯ ᠤᠨ ᠰᠢᠨᠵᠢᠯᠡᠬᠦ ᠤᠬᠠᠭᠠᠨ ᠤ ᠡᠮᠨᠡᠯᠭᠡ ᠶᠢᠨ ᠲᠥᠬᠦᠭᠡᠷᠦᠮᠵᠢ᠂ ᠷᠠᠳᠢᠣ᠋ ᠶᠢᠨ ᠳᠠᠷᠤᠴᠠ ︵ᠬᠤᠷᠢᠭᠯᠠᠬᠤ︶ ᠶᠢᠨ ᠲᠥᠬᠦᠭᠡᠷᠦᠮᠵᠢ ᠵᠡᠷᠭᠡ ᠪᠡᠯᠡᠳᠬᠡᠯ ᠲᠥᠬᠦᠭᠡᠷᠦᠮᠵᠢ ᠶᠢ ᠪᠠᠶᠢᠭᠤᠯᠬᠤ ᠪᠠᠷ ᠳᠦᠯᠦᠪᠯᠡᠵᠦ ᠪᠠᠶᠢᠭ᠎ᠠ︔     ︵ᠭᠤᠷᠪᠠ︶ ᠷᠠᠳᠠᠷ ᠢ ᠵᠠᠬᠢᠷᠤᠨ ᠬᠠᠮᠢᠶᠠᠷᠬᠤ ᠪᠤᠶᠤ ADS-B ᠢ ᠬᠢᠨᠠᠨ ᠵᠠᠬᠢᠷᠤᠨ ᠬᠠᠮᠢᠶᠠᠷᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠪᠠᠶᠢᠪᠠᠯ᠂ ᠬᠢᠨᠠᠨ ᠠᠵᠢᠭᠯᠠᠵᠤ ᠬᠥᠲᠥᠯᠦᠨ ᠵᠢᠯᠣᠭᠤᠳᠬᠤ ᠣᠷᠣᠨ ᠳᠣᠲᠣᠷ᠎ᠠ᠂ ᠪᠠᠷᠢᠯᠭ᠎ᠠ ᠶᠢᠨ ᠵᠦᠢᠯ ᠤᠨ ᠬᠠᠮᠤᠭ ᠤᠨ ᠥᠨᠳᠥᠷ ᠬᠡᠮᠵᠢᠶ᠎ᠡ ᠨᠢ ᠲᠤᠰ ᠬᠢᠨᠠᠨ ᠠᠵᠢᠭᠯᠠᠨ ᠵᠢᠯᠤᠭᠤᠳᠬᠤ ᠳᠡᠪᠢᠭᠦᠷ ᠤᠨ ᠣᠷᠣᠨ ᠤ ᠳᠣᠲᠣᠷᠠᠬᠢ ᠬᠠᠷᠰᠢ ᠰᠠᠭᠠᠳ ᠢ ᠡᠵᠡᠮᠳᠡᠵᠦ ᠳᠡᠶᠢᠯᠬᠦ ᠦᠨᠳᠦᠷ ᠠᠴᠠ ᠳᠠᠪᠠᠭᠰᠠᠨ︔     ᠶᠢᠰᠦᠳᠦᠭᠡᠷ ᠵᠦᠢᠯ ᠪᠠᠷᠢᠯᠭ᠎ᠠ ᠪᠠᠷᠢᠬᠤ ᠪᠤᠶᠤ ᠲᠥᠬᠦᠭᠡᠷᠦᠮᠵᠢ ᠨᠢ ᠬᠢᠵᠠᠭᠠᠷᠯᠠᠬᠤ ᠥᠨᠳᠥᠷ ᠤᠨ ᠬᠡᠮᠵᠢᠶ᠎ᠡ ᠵᠢᠴᠢ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠬᠤᠯᠪᠣᠭᠳᠠᠯ ᠪᠥᠬᠦᠶ ᠪᠤᠰᠤᠳ ᠪᠠᠶᠢᠳᠠᠯ ᠪᠠᠶᠢᠪᠠᠯ ᠤᠯᠤᠰ ᠤᠨ ᠬᠤᠯᠪᠣᠭᠳᠠᠯ ᠪᠥᠬᠦᠶ ᠪᠠᠷᠢᠮᠵᠢᠶ᠎ᠠ ᠶᠣᠰᠣᠭᠠᠷ ᠨᠢᠰᠦᠯᠲᠡ ᠶᠢ ᠬᠠᠷᠰᠢᠯᠠᠬᠤ ᠳ᠋ᠧᠩ᠂ ᠲᠡᠮᠳᠡᠭ ᠲᠠᠯᠪᠢᠬᠤ ᠴᠢᠬᠤᠯᠠᠳᠠᠢ ᠪᠠᠷᠢᠯᠭ᠎ᠠ᠂ ᠭᠡᠷ ᠪᠠᠷᠢᠯᠭ᠎ᠠ ᠪᠤᠶᠤ ᠲᠥᠬᠦᠭᠡᠷᠦᠮᠵᠢ ᠳᠤ ᠨᠢᠰᠦᠯᠲᠡ ᠶᠢᠨ ᠬᠠᠷᠰᠢ ᠰᠠᠭᠠᠳ ᠪᠣᠯᠬᠤ ᠳ᠋ᠧᠩ᠂ ᠲᠡᠮᠳᠡᠭ ᠢ ᠨᠢᠭᠡᠨᠲᠡ ᠤᠭᠰᠠᠷᠠᠭᠰᠠᠨ ᠪᠣᠯ ᠬᠠᠮᠢᠶᠠᠷᠤᠭᠴᠢ ᠨᠢ ᠬᠡᠪ ᠤᠨ ᠶᠣᠰᠣᠭᠠᠷ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠢᠰᠦᠯᠲᠡ ᠶᠢᠨ ᠰᠠᠭᠠᠳ ᠤᠨ ᠳ᠋ᠧᠩ᠂ ᠲᠡᠮᠳᠡᠭ ᠡᠪᠳᠡᠭᠳᠡᠵᠦ᠂ ᠲᠣᠨᠤᠭ ᠲᠥᠬᠦᠭᠡᠷᠦᠮᠵᠢ ᠶᠢᠨ ᠬᠠᠮᠢᠶᠠᠷᠤᠭᠴᠢ ᠴᠠᠭ ᠲᠤᠬᠠᠢ ᠳᠤᠨᠢ ᠰᠡᠯᠪᠢᠨ ᠵᠠᠰᠠᠬᠤ ᠬᠡᠷᠡᠭᠲᠡᠢ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠨᠢᠰᠦᠯᠲᠡ ᠶᠢ ᠬᠠᠷᠰᠢᠯᠠᠬᠤ ᠳ᠋ᠧᠩ᠂ ᠲᠡᠮᠳᠡᠭ ᠤᠭᠰᠠᠷᠠᠬᠤ ᠶᠢ ᠬᠤᠷᠢᠭᠯᠠᠵᠤ ᠪᠣᠯᠬᠤ ᠦᠭᠡᠶ᠂ ᠨᠢᠰᠦᠯᠲᠡ ᠶᠢ ᠬᠠᠷᠰᠢᠯᠠᠬᠤ ᠳ᠋ᠧᠩ᠂ ᠲᠡᠮᠳᠡᠭ ᠢ ᠬᠡᠪ ᠤᠨ ᠶᠣᠰᠣᠭᠠᠷ ᠬᠡᠷᠡᠭᠯᠡᠬᠦ ᠶᠢ ᠨᠥᠯᠥᠭᠡᠯᠡᠵᠦ ᠪᠣᠯᠬᠤ ᠦᠭᠡᠶ᠃ ᠨᠢᠰᠬᠡᠯ ᠢ ᠬᠠᠷᠰᠢᠯᠠᠬᠤ ᠳ᠋ᠧᠩ᠂ ᠲᠡᠮᠳᠡᠭ ᠢ ᠬᠡᠪ ᠢᠶᠠᠷ ᠬᠡᠷᠡᠭᠯᠡᠬᠦ ᠶᠢ ᠪᠠᠲᠤᠯᠠᠭᠰᠠᠨ ᠦᠭᠡᠢ᠂ ᠡᠰᠡᠬᠦᠯ᠎ᠡ ᠨᠢᠰᠦᠯᠲᠡ ᠶᠢ ᠬᠠᠷᠰᠢᠯᠠᠬᠤ ᠳ᠋ᠧᠩ᠂ ᠲᠡᠮᠳᠡᠭ ᠤᠭᠰᠠᠷᠠᠬᠤ ᠶᠢ ᠬᠤᠷᠢᠭᠯᠠᠭᠰᠠᠨ᠂ ᠡᠰᠡᠬᠦᠯ᠎ᠡ ᠨᠢᠰᠦᠯᠲᠡ ᠶᠢ ᠬᠠᠷᠰᠢᠯᠠᠬᠤ ᠳ᠋ᠧᠩ᠂ ᠲᠡᠮᠳᠡᠭ ᠢ ᠬᠡᠪ ᠤᠨ ᠶᠣᠰᠣᠭᠠᠷ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠵᠠᠯᠠᠷᠠᠭᠤᠯᠬᠤ ᠪᠠᠷ ᠮᠡᠳᠡᠭᠳᠡᠬᠦ ᠪᠥᠭᠡᠳ ᠪᠠᠶᠢᠭ᠎ᠠ ᠭᠠᠵᠠᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾ ᠳᠠᠬᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠳᠬᠡᠨ᠎ᠡ᠃     ᠠᠷᠪᠠᠳᠤᠭᠠᠷ ᠵᠦᠢᠯ ᠨᠢᠰᠬᠡᠯ ᠤᠨ ᠪᠠᠭᠤᠳᠠᠯ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠠᠯᠪᠠᠨ ᠵᠠᠷ ᠨᠡᠶᠢᠲᠡᠯᠡᠭᠰᠡᠨ ᠤ ᠳᠠᠷᠠᠭ᠎ᠠ᠂ ᠶᠠᠮᠠᠷᠪᠠ  ᠨᠢᠬᠡᠴᠡ ᠪᠠ ᠬᠤᠪᠢ ᠬᠥᠮᠦᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠡᠪᠴᠢᠶᠡᠨ ᠳᠣᠲᠣᠷ᠎ᠠ ᠪᠠ ᠤᠯᠤᠰ ᠤᠨ ᠲᠣᠭᠲᠠᠭᠠᠯ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠣᠰᠬᠠᠵᠤ᠂ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠬᠦ ᠪᠠᠷᠢᠯᠭ᠎ᠠ᠂ ᠪᠠᠷᠢᠯᠭ᠎ᠠ  ᠶᠢᠨ ᠵᠦᠢᠯ᠂ ᠮᠣᠳᠣ᠂ ᠳ᠋ᠧᠩ  ᠤᠨ ᠭᠡᠷᠡᠯ ᠪᠠ ᠪᠤᠰᠤᠳ ᠬᠠᠷᠰᠢ ᠰᠠᠭᠠᠳ ᠪᠣᠳᠠᠰ ᠢ ᠲᠤᠬᠢᠷᠠᠭᠤᠯᠤᠭᠰᠠᠨ ᠪᠠᠶᠢᠪᠠᠯ᠂ ᠨᠢᠰᠬᠡᠯ  ᠤᠨ ᠪᠠᠭᠤᠳᠠᠯ  ᠤᠨ ᠪᠠᠶᠢᠭ᠎ᠠ ᠭᠠᠵᠠᠷ  ᠤᠨ ᠬᠤᠰᠢᠭᠤᠨ  ᠤ ᠠᠷᠠᠳ  ᠤᠨ ᠵᠠᠰᠠᠭ  ᠤᠨ ᠣᠷᠳᠣᠨ ᠠᠴᠠ ᠵᠠᠷᠯᠢᠭᠳᠠᠵᠤ ᠪᠠᠶᠢᠭᠠᠳ ᠴᠡᠪᠡᠷᠯᠡᠨ ᠠᠷᠢᠯᠭᠠᠨ᠎ᠠ᠃     ᠠᠷᠪᠠᠨ ᠨᠢᠭᠡᠳᠦᠭᠡᠷ ᠵᠦᠢᠯ ᠨᠢᠰᠬᠡᠯ ᠤᠨ ᠪᠠᠭᠤᠳᠠᠯ ᠤᠨ ᠣᠶᠢᠷ᠎ᠠ ᠬᠠᠪᠢ ᠶᠢᠨ ᠣᠷᠣᠨ ᠪᠦᠰᠡ ᠶᠢᠨ ᠳᠣᠲᠣᠷ᠎ᠠ ᠪᠠᠷᠢᠯᠭ᠎ᠠ ᠶᠢᠨ ᠮᠠᠰᠢᠨ ᠤ ᠲᠥᠷᠥᠯ ᠤᠨ ᠲᠦᠷ ᠴᠠᠭ ᠤᠨ ᠰᠠᠭᠠᠳ ᠪᠣᠳᠠᠰ ᠪᠠᠶᠢᠷᠢᠯᠠᠭᠤᠯᠵᠤ᠂ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠳᠠᠮᠵᠢᠭᠤᠯᠤᠨ᠂ ᠪᠠᠷᠢᠯᠭ᠎ᠠ ᠶᠢᠨ ᠨᠢᠭᠡᠴᠡ ᠯᠦᠭᠡ ᠵᠣᠬᠢᠴᠠᠭᠤᠯᠤᠨ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃     ᠠᠷᠪᠠᠨ ᠬᠤᠶᠠᠳᠤᠭᠠᠷ ᠵᠦᠢᠯ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠭᠠᠳᠠᠨ᠎ᠠ ᠨᠢᠰᠦᠭᠰᠡᠨ ᠨᠢᠰᠦᠯᠲᠡ ᠶᠢᠨ ᠠᠶᠤᠯ ᠦᠭᠡᠶ ᠶᠢ ᠨᠥᠯᠥᠭᠡᠯᠡᠬᠦ ᠰᠢᠪᠠᠭᠤᠨ ᠤ ᠲᠥᠷᠥᠯ ᠪᠣᠯ᠂ ᠨᠢᠰᠦᠯᠲᠡ ᠶᠢᠨ ᠵᠠᠮ ᠱᠤᠭᠤᠮ ᠢᠶᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠢᠶᠠᠷ  ᠳᠠᠭᠠᠷᠢᠵᠦ ᠪᠣᠯᠬᠤ ᠦᠭᠡᠶ᠃     ᠠᠷᠪᠠᠨ ᠭᠤᠷᠪᠠᠳᠤᠭᠠᠷ ᠵᠦᠢᠯ ᠵᠠᠬᠢᠳᠠᠯ ᠤᠨ ᠲᠠᠭᠲᠠᠭ᠎ᠠ ᠶᠢᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠨᠤᠭᠤᠳ ᠨᠡᠶᠢᠭᠡᠮᠯᠢᠭ ᠤᠨ ᠭᠡᠰᠢᠭᠦᠨ᠂ ᠲᠠᠭᠲᠠᠭ᠎ᠠ ᠶᠢᠨ ᠫᠧᠩ᠂ ᠺᠯᠦ᠋ᠪ ᠵᠡᠷᠭᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠡᠭᠦᠨ ᠳᠤ ᠵᠠᠬᠢᠳᠠᠯ ᠤᠨ ᠲᠠᠭᠲᠠᠭ᠎ᠠ ᠲᠠᠯᠪᠢᠬᠤ ᠪᠠ ᠬᠠᠯᠢᠨ ᠨᠢᠰᠬᠦ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠠᠵᠢᠯᠯᠠᠭ᠎ᠠ ᠳᠤ ᠬᠢᠨᠠᠯᠲᠠ ᠲᠠᠯᠪᠢᠬᠤ ᠦᠶ᠎ᠡ ᠳᠤ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠨᠢᠰᠦᠯᠲᠡ ᠶᠢᠨ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠶ᠃ ᠵᠠᠬᠢᠳᠠᠯ ᠤᠨ ᠲᠠᠭᠲᠠᠭ᠎ᠠ ᠶᠢᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠨᠢ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠲᠠᠢ ᠬᠠᠮᠵᠢᠯᠴᠠᠨ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠭᠡᠰᠢᠭᠦᠨ ᠪᠣᠯᠤᠨ ᠲᠠᠭᠲᠠᠭ᠎ᠠ ᠶᠢᠨ ᠰᠠᠷᠠᠪᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠠᠶᠢᠴᠠᠭᠠᠬᠤ ᠬᠡᠷᠡᠭᠲᠡᠶ᠃ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ  ᠲᠠᠭᠲᠠᠭ᠎ᠠ ᠶᠢ ᠲᠠᠯᠪᠢᠵᠤ ᠪᠠᠶᠢᠭ᠎ᠠ ᠭᠡᠰᠢᠭᠦᠳ ᠢ ᠬᠤᠷᠢᠭᠯᠠᠨ ᠵᠣᠭᠰᠣᠭᠠᠵᠤ᠂ ᠲᠤᠰᠠ ᠪᠣᠯᠬᠤ ᠦᠭᠡᠶ ᠪᠣᠯ ᠴᠠᠭ ᠲᠤᠬᠠᠶ ᠳᠤᠨᠢ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠪᠤᠶᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠢᠯᠡᠴᠢᠯᠡᠨ ᠮᠡᠳᠡᠭᠦᠯᠬᠦ ᠬᠡᠷᠡᠭᠲᠡᠶ᠃ ᠵᠠᠬᠢᠳᠠᠯ ᠤᠨ ᠲᠠᠭᠲᠠᠭ᠎ᠠ ᠶᠢᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠨᠢ ᠰᠠᠭᠤᠭ᠎ᠠ ᠭᠠᠵᠠᠷ ᠤᠨ ᠢᠶᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠳᠤ ᠰᠠᠭᠤᠭ᠎ᠠ ᠭᠠᠵᠠᠷ ᠤᠨ ᠰᠢᠨ᠎ᠡ ᠭᠡᠰᠢᠭᠦᠨ ᠢ ᠬᠥᠭᠵᠢᠭᠦᠯᠵᠦ ᠪᠣᠯᠬᠤ ᠦᠭᠡᠶ᠃     ᠠᠷᠪᠠᠨ ᠳᠥᠷᠪᠡᠳᠦᠭᠡᠷ ᠵᠦᠢᠯ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠲᠠᠢ ᠬᠠᠮᠲᠤᠷᠠᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠴᠢᠯᠥᠭᠡᠲᠦ ᠬᠡᠶᠢᠲᠦ ᠪᠥᠮᠪᠦᠭᠡ᠂ ᠠᠭᠠᠷ ᠤᠨ ᠵᠠᠭᠪᠤᠷ᠂ ᠴᠠᠭᠠᠰᠤᠨ ᠰᠢᠪᠠᠭᠤ᠂ ᠺᠦᠩ ᠮᠢᠩ ᠳ᠋ᠧᠩ᠂ ᠬᠤᠸᠠᠷ ᠫᠤᠤᠵᠢᠩ ᠵᠢᠴᠢ ᠪᠤᠰᠤᠳ ᠠᠭᠠᠷ ᠲᠤ ᠳᠡᠬᠦᠯᠢᠭᠰᠡᠨ ᠪᠣᠳᠠᠰ ᠤᠨ ᠬᠢᠵᠠᠭᠠᠷᠯᠠᠬᠤ ᠥᠨᠳᠥᠷ ᠤᠨ ᠬᠡᠮᠵᠢᠶ᠎ᠡ ᠪᠠ ᠣᠷᠣᠨ ᠪᠦᠰᠡ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃     ᠠᠷᠪᠠᠨ ᠲᠠᠪᠤᠳᠤᠭᠠᠷ ᠵᠦᠢᠯ ᠠᠯᠠᠱᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠳᠠᠷᠦ᠋ᠢᠬᠠᠨ ᠬᠤᠷᠢᠭᠯᠠᠨ ᠵᠣᠭᠰᠣᠭᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠮᠡᠳᠡᠭᠦᠯᠦᠯᠲᠡ ᠶᠢ ᠣᠯᠤᠭᠰᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠢᠰᠦᠯᠲᠡ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠠᠷᠢᠯᠭᠠᠬᠤ ᠬᠡᠷᠡᠭᠲᠡᠶ᠃     ᠠᠷᠪᠠᠨ ᠵᠢᠷᠭᠤᠳᠤᠭᠠᠷ ᠵᠦᠢᠯ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ᠲᠣᠰ ᠲᠣᠭᠲᠠᠭᠠᠯ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠢᠳᠬᠡᠯ ᠢ ᠬᠡᠷᠡᠭᠵᠢᠬᠦᠯᠬᠦ ᠶᠢᠨ ᠬᠠᠮᠲᠤ ᠨᠠᠶᠢᠳᠠᠯᠭ᠎ᠠ ᠶᠢ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠣᠯᠭ᠎ᠠ ᠪᠠ ᠨᠠᠶᠢᠳᠠᠯᠭ᠎ᠠ ᠶᠢ ᠬᠦᠯᠢᠶᠡᠭᠰᠡᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠭᠤᠯᠭ᠎ᠠ ᠶᠢ ᠵᠠᠷᠯᠠᠨ ᠨᠡᠶᠢᠲᠡᠯᠡᠨ᠎ᠡ᠃     ᠠᠷᠪᠠᠨ ᠳᠣᠯᠣᠳᠤᠭᠠᠷ ᠵᠦᠢᠯ ᠲᠤᠰ ᠲᠣᠭᠲᠠᠭᠠᠯ  ᠢ ᠠᠯᠠᠱᠠ ᠠᠶᠢᠮᠠᠭ  ᠤᠨ ᠪᠡᠯᠡ ᠣᠷᠣᠭᠤᠯᠤᠯᠲᠠ  ᠶᠢ ᠠᠬᠢᠭᠤᠯᠬᠤ ᠲᠥᠪ ᠪᠣᠯᠤᠨ ᠠᠯᠠᠱᠠ  ᠶᠢᠨ ᠨᠢᠰᠬᠡᠯ  ᠤᠨ ᠪᠠᠭᠤᠳᠠᠯ  ᠤᠨ ᠺᠣᠮᠫᠠᠨᠢ  ᠠᠴᠠ ᠬᠠᠷᠢᠭᠤᠴᠠᠨ ᠲᠠᠶᠢᠯᠪᠤᠷᠢᠯᠠᠨ᠎ᠠ᠃     ᠠᠷᠪᠠᠨ ᠨᠠᠢᠮᠠᠳᠤᠭᠠᠷ ᠵᠦᠢᠯ ᠲᠣᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ᠂ ᠤᠤᠯ ᠤᠨ ︽ᠠᠯᠠᠱᠠ ᠠᠶᠢᠮᠠᠭ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠲᠣᠭᠲᠠᠭᠠᠯ︾ ︵ᠠᠯᠠᠱᠠ ᠵᠠᠬᠢᠷᠭ᠎ᠠ ᠲᠠᠷᠬᠠᠭᠠᠭᠰᠠᠨ ︹2017﹈ 31 ᠳ᠋ᠣᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号