ᠨᠢᠭᠡ᠂ ᠪᠢᠴᠢᠭ ᠮᠠᠲ᠋ᠧᠷᠢᠶᠠᠯ ᠳᠣᠭᠳᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ | ᠨᠥᠬᠦᠪᠥᠷᠢ ᠶᠢᠨ ᠲᠤᠰᠬᠠᠶ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠬᠠᠤᠯᠢ | ᠲᠣᠭᠲᠠᠭᠠᠯ ﹇2019﹈ 1 ᠳ᠋ᠣᠭᠡᠷ ᠲᠣᠭᠠᠲᠤ︶ ︽ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2023﹈ 7 ᠳ᠋ᠤᠭᠠᠷ ᠲᠣᠭᠠᠲᠤ︶ ᠵᠡᠷᠭᠡ | ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ | ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠵᠣᠷᠢᠯᠭ᠎ᠠ | ᠪᠦᠬᠦ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ᠂ ᠬᠠᠮᠢᠶᠠᠷᠤᠯᠲᠠ | ᠪᠣᠯᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠪᠦᠬᠦ ᠠᠶᠢᠮᠠᠭ ᠤᠨ ᠣᠯᠠᠨ ᠲᠦᠮᠡᠨ ᠤ ᠴᠢᠨᠠᠷ ᠰᠠᠶᠢᠲᠠᠶ᠂ | ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ | ᠬᠦᠷᠲᠡᠬᠦ ᠶᠢ ᠦᠨᠡᠨᠬᠦ ᠪᠠᠳᠣᠯᠠᠨ᠎ᠠ᠃ | ᠭᠤᠷᠪᠠ᠂ ᠪᠢᠴᠢᠭ ᠮᠠᠲ᠋ᠧᠷᠢᠶᠠᠯ ᠤᠨ ᠭᠤᠤᠯ ᠠᠭᠤᠯᠭ᠎ᠠ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠵᠠᠷᠤᠳᠠᠯ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ ᠪᠥᠬᠦ ᠠᠭᠤᠯᠭ᠎ᠠ ᠨᠢ ᠨᠡᠶᠢᠲᠡ 6 ᠪᠦᠯᠦᠭ᠂ 27 ᠵᠦᠢᠯ | ᠪᠠᠶᠢᠵᠤ᠂ ᠡᠯ᠎ᠡ ᠪᠦᠯᠦᠭ ᠤᠨ ᠭᠤᠤᠯᠳᠠᠯᠭ᠎ᠠ ᠲᠠᠢ ᠠᠭᠤᠯᠭ᠎ᠠ ᠶᠢᠨ ᠲᠣᠳᠣᠷᠬᠠᠶᠢᠯᠠᠯᠲᠠ ᠨᠢ ᠳᠤᠤᠷᠠᠬᠢ ᠮᠡᠲᠦ᠄ | ︵ᠨᠢᠭᠡ︶ ᠶᠡᠷᠦᠩᠬᠡᠶ ᠳᠦᠷᠢᠮ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠢᠷᠡᠯᠲᠡ᠂ | ᠵᠠᠷᠤᠯᠭ᠎ᠠ ᠶᠢᠨ ᠬᠡᠪᠴᠢᠶ᠎ᠡ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠥᠷᠢ ᠤᠯᠬᠤ ᠡᠲᠡᠭᠡᠳ᠂ ᠲᠥᠷᠥᠯ | ᠵᠦᠢᠯ ᠵᠢᠴᠢ ᠨᠥᠬᠦᠪᠥᠷᠢ ᠶᠢᠨ ᠪᠦᠷᠢᠯᠳᠦᠯ᠂ ᠪᠤᠳᠤᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠲᠣᠭᠲᠠᠭᠠᠵᠠᠶ᠃ | ᠲᠣᠭᠲᠠᠭᠠᠭᠰᠠᠨ ᠨᠥᠬᠦᠪᠥᠷᠢ ᠶᠢᠨ ᠪᠠᠷᠢᠮᠵᠢᠶ᠎ᠠ ᠳᠤ ᠰᠢᠭᠤᠳ ᠵᠠᠷᠤᠳᠠᠯ ᠪᠠ ᠦᠨᠳᠦᠰᠦᠨ ᠬᠥᠳᠡᠯᠮᠦᠷᠢ | ᠦᠢᠯᠡᠴᠢᠯᠡᠭᠡᠨ ᠤ ᠵᠠᠷᠤᠳᠠᠯ ᠪᠠᠭᠲᠠᠨ᠎ᠠ᠂ ᠠᠳᠠᠯᠢ ᠪᠤᠰᠤ ᠲᠦᠷᠦᠯ ᠢᠯᠭᠠᠯ ᠤᠨ ᠦᠢᠯᠡᠴᠢᠯᠡᠭᠡ ᠶᠢ ᠦᠨᠳᠦᠰᠦᠯᠡᠨ | ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠨ᠎ᠠ᠂ ᠰᠢᠭᠤᠳ ᠵᠠᠷᠤᠳᠠᠯ ᠪᠠ ᠦᠨᠳᠦᠰᠦᠨ ᠬᠥᠳᠡᠯᠮᠦᠷᠢ | ᠦᠢᠯᠡᠴᠢᠯᠡᠭᠡᠨ ᠤ ᠵᠠᠷᠤᠳᠠᠯ ᠢ ᠠᠰ ᠲᠤᠨᠢ ᠪᠤᠳᠤᠬᠤ ᠦᠭᠡᠢ᠃ ᠠᠯᠪᠠᠨ ᠲᠤᠰᠢᠶᠠᠯᠲᠠᠨ ᠤ ᠪᠡᠶ᠎ᠡ ᠬᠡᠮ ᠲᠠᠢ ᠬᠥᠮᠦᠰ | ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠢ ᠳᠠᠭᠠᠭᠠᠨ ᠠᠪᠴᠤ ᠬᠦᠢᠴᠡᠳᠭᠡᠬᠦ ᠳᠤ ᠨᠥᠬᠦᠪᠥᠷᠢ ᠥᠭᠬᠦ ᠥᠬᠡᠶ | ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠰ ᠤᠨ ᠬᠥᠭᠵᠢᠯᠲᠡ ᠪᠣᠯᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠠᠷᠤᠳᠠᠯ ᠤᠨ ᠲᠥᠰᠦᠪ ᠢ ᠵᠦᠶ ᠵᠣᠬᠢᠰᠲᠠᠶ ᠮᠡᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠣᠷᠣᠨ ᠨᠤᠲᠤᠭ ᠤᠨ ᠡᠳ᠋ ᠤᠨ ᠬᠦᠴᠦᠨ ᠤ ᠪᠠᠶᠢᠳᠠᠯ ᠪᠣᠯᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠲᠤᠭ᠎ᠠ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠵᠠᠷᠤᠳᠠᠯ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠰᠦᠪ ᠤᠨ ᠵᠠᠷᠤᠳᠠᠯ ᠢ ᠬᠥᠳᠡᠯᠦᠩᠭᠦᠶ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠴᠠᠭ | ᠲᠤᠬᠠᠶ ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ᠂ ᠬᠢᠨᠠᠨ | ᠪᠤᠳᠤᠬᠤ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ | ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠪᠤᠳᠤᠬᠤ ᠬᠡᠷᠡᠭᠲᠡᠶ᠃ | ︵ᠬᠤᠶᠠᠷ︶ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠨᠥᠬᠦᠪᠥᠷᠢ ᠶᠢᠨ ᠪᠠᠷᠢᠮᠵᠢᠶ᠎ᠠ᠃ | ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠯᠲᠠ᠂ ᠡᠷᠡᠭᠦᠦ ᠶᠢᠨ ᠬᠡᠷᠡᠭ ᠤᠨ ᠬᠢᠨᠠᠨ ᠪᠠᠶᠢᠴᠠᠭᠠᠵᠤ ᠵᠠᠭᠠᠯᠳᠤᠬᠤ᠂ | ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ᠂ ᠢᠷᠭᠡᠨ ᠤ ᠵᠠᠷᠭᠤ᠂ ᠢᠷᠭᠡᠨ ᠤ ᠬᠡᠷᠡᠭ ᠤᠨ ᠪᠤᠰᠤ ᠵᠠᠷᠭᠤ᠂ | ᠬᠥᠳᠡᠯᠮᠦᠷᠢ ᠠᠵᠢᠯᠲᠠᠨ ᠤ ᠶᠠᠪᠤᠳᠠᠯ ᠤᠨ ᠬᠥᠨᠳᠡᠯᠡᠨ ᠤ ᠲᠠᠰᠤᠯᠤᠯᠲᠠ᠂ ᠢᠷᠭᠡᠨ ᠤ ᠬᠡᠷᠡᠭ ᠤᠨ ᠬᠦᠢᠴᠡᠳᠭᠡᠯ᠂ | ᠡᠷᠡᠭᠦᠦ ᠶᠢᠨ ᠬᠡᠷᠡᠭ ᠤᠨ ᠳᠠᠭᠠᠯᠳᠤᠭᠤᠯᠤᠯ ᠢᠷᠭᠡᠨ ᠤ ᠵᠠᠷᠭᠤ᠂ ᠲᠤᠰᠬᠠᠶ ᠵᠢᠷᠤᠮ᠂ ᠵᠠᠰᠠᠭ ᠵᠠᠬᠢᠷᠭᠠᠨ ᠤ ᠵᠠᠷᠭᠤ᠂ | ᠤᠯᠤᠰ ᠤᠨ ᠲᠥᠯᠥᠪᠦᠷᠢ ᠵᠡᠷᠭᠡ ᠠᠳᠠᠯᠢ ᠪᠤᠰᠤ ᠲᠥᠷᠥᠯ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ | ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠪᠠ᠃ | ︵ᠭᠤᠷᠪᠠ︶ ᠪᠤᠰᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠨᠥᠬᠦᠪᠥᠷᠢ ᠶᠢᠨ ᠪᠠᠷᠢᠮᠵᠢᠶ᠎ᠠ᠃ | ᠡᠩ ᠲᠡᠷᠢᠭᠦᠨ ᠳᠤ ᠬᠤᠯᠪᠣᠭᠳᠠᠯ ᠪᠥᠬᠦᠶ ᠨᠢᠬᠡᠴᠡ ᠳᠤ ᠲᠣᠮᠢᠯᠠᠨ ᠰᠠᠭᠤᠯᠭᠠᠭᠰᠠᠨ ᠵᠢᠵᠢᠭᠦᠷᠯᠡᠬᠦ ᠬᠠᠤᠯᠢᠴᠢ ᠶᠢᠨ | ᠡᠳᠦᠷ ᠢᠶᠠᠷ ᠬᠠᠤᠯᠢ ᠴᠠᠭᠠᠵᠠ ᠶᠢᠨ ᠵᠥᠪᠯᠡᠯᠭᠡ ᠥᠭᠬᠦ ᠲᠥᠷᠥᠯ ᠤᠨ ᠬᠠᠤᠯᠢ ᠴᠠᠭᠠᠵᠠ ᠶᠢᠨ ᠬᠠᠪᠰᠤᠷᠤᠯᠭ᠎ᠠ | ᠬᠠᠩᠭᠠᠬᠤ ᠨᠥᠬᠦᠪᠥᠷᠢ ᠶᠢᠨ ᠪᠠᠷᠢᠮᠵᠢᠶ᠎ᠠ ᠵᠢᠴᠢ ᠵᠢᠵᠢᠭᠦᠷᠯᠡᠬᠦ ᠬᠠᠤᠯᠢᠴᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠠᠴᠠ ᠵᠢᠭᠠᠨ ᠲᠣᠮᠢᠯᠠᠭᠰᠠᠨ ᠪᠤᠶᠤ ᠬᠡᠷᠡᠭ ᠰᠢᠢᠳᠪᠦᠷᠢᠯᠡᠬᠦ ᠪᠠᠶᠢᠭᠤᠯᠣᠯᠭ᠎ᠠ ᠠᠴᠠ ᠲᠤᠰᠬᠠᠶ ᠲᠠᠯᠠᠪᠤᠷ | ᠪᠤᠶᠤ ᠰᠠᠬᠢᠨ ᠬᠠᠷᠠᠬᠤ ᠭᠠᠵᠠᠷ ᠲᠤ ᠮᠡᠳᠡᠭᠳᠡᠵᠦ ᠶᠠᠯ᠎ᠠ ᠬᠢᠭᠰᠡᠨ ᠰᠡᠵᠢᠭᠯᠡᠯᠲᠡᠶ ᠬᠥᠮᠦᠨ᠂ ᠵᠠᠭᠠᠯᠳᠤᠭᠳᠠᠭᠴᠢ ᠳᠤ | ᠬᠠᠤᠯᠢ ᠴᠠᠭᠠᠵᠠ ᠶᠢᠨ ᠵᠥᠪᠯᠡᠯᠭᠡ ᠥᠭᠬᠦ᠂ ᠵᠢᠷᠤᠮ ᠢ ᠰᠣᠩᠭᠤᠬᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠬᠤᠪᠢᠷᠠᠭᠤᠯᠬᠤ ᠪᠠᠷ ᠭᠤᠶᠤᠴᠢᠯᠠᠬᠤ᠂ ᠬᠡᠷᠡᠭ ᠢ ᠰᠢᠢᠳᠪᠦᠷᠢᠯᠡᠬᠦ ᠳᠤ ᠰᠠᠨᠠᠯ ᠳᠤᠷᠠᠳᠬᠤ᠂ ᠶᠠᠯ᠎ᠠ ᠬᠢᠭᠰᠡᠨ | ᠰᠡᠵᠢᠭᠯᠡᠯᠲᠡᠶ ᠬᠥᠮᠦᠨ ᠤ ᠰᠠᠶᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ ᠰᠢᠳᠬᠡᠯ ᠢ ᠮᠡᠳᠡᠷᠡᠬᠦ ᠳᠤ ᠣᠷᠣᠯᠴᠠᠬᠤ | ᠵᠡᠷᠭᠡ ᠬᠠᠤᠯᠢ ᠴᠠᠭᠠᠵᠠ ᠶᠢᠨ ᠬᠠᠪᠰᠤᠷᠤᠯᠭ᠎ᠠ ᠦᠵᠡᠭᠦᠯᠬᠦ ᠬᠡᠷᠡᠭ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠪᠠ᠃ | ᠡᠭᠦᠨ ᠠᠴᠠ ᠭᠠᠳᠠᠨ᠎ᠠ ᠬᠠᠤᠯᠢ ᠴᠠᠭᠠᠵᠠ ᠶᠢᠨ ᠵᠥᠪᠯᠡᠯᠭᠡ ᠥᠭᠬᠦ ᠵᠢᠵᠢᠭᠦᠷ᠂ ᠣᠷᠣᠯᠠᠨ ᠲᠤᠭᠤᠷᠪᠢᠭᠰᠠᠨ ᠬᠠᠤᠯᠢ | ᠴᠠᠭᠠᠵᠠ ᠶᠢᠨ ᠪᠢᠴᠢᠭ ᠬᠠᠷ᠎ᠠ᠂ ᠬᠡᠷᠡᠭ ᠤᠨ ᠶᠠᠰᠤ ᠴᠢᠨᠠᠷ ᠢ ᠦᠨᠡᠯᠡᠨ ᠵᠢᠱᠢᠬᠦ ᠵᠡᠷᠭᠡ ᠵᠦᠢᠯᠡᠰ ᠤᠨ ᠨᠥᠬᠦᠪᠥᠷᠢ ᠶᠢᠨ | ᠪᠠᠷᠢᠮᠵᠢᠶ᠎ᠠ ᠶᠢ ᠲᠣᠭᠲᠠᠭᠠᠪᠠ᠃ | ︵ᠲᠦᠷᠪᠡ︶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠥᠷᠢ ᠶᠢᠨ ᠲᠤᠬᠠᠢ ᠣᠨᠴᠣᠭᠤᠢ ᠲᠣᠭᠲᠠᠭᠠᠯ᠃ | ᠬᠡᠷᠡᠭ ᠤᠨ ᠲᠤᠰᠠᠯᠠᠮᠵᠢ ᠭᠥᠷᠳᠡᠭᠰᠡᠨ ᠬᠥᠮᠦᠨ ᠤ ᠲᠤᠭ᠎ᠠ ᠨᠢ ᠣᠯᠠᠨ᠂ ᠬᠡᠷᠡᠭ ᠤᠨ ᠪᠠᠶᠢᠳᠠᠯ ᠨᠢ ᠣᠨᠴᠣᠭᠤᠢ | ᠪᠤᠳᠤᠯᠢᠶᠠᠨᠲᠠᠶ᠂ ᠭᠤᠮᠣᠳᠠᠯ ᠲᠣᠭᠠᠴᠢᠭᠰᠠᠨ ᠬᠡᠷᠡᠭ᠂ ᠳᠠᠬᠢᠨ ᠰᠢᠭᠦᠯᠭᠡᠬᠦ ᠪᠠᠷ ᠭᠤᠶᠤᠴᠢᠯᠠᠬᠤ᠂ ᠣᠷᠣᠨ ᠠᠯᠤᠰᠯᠠᠨ | ᠬᠡᠷᠡᠭ ᠰᠢᠢᠳᠪᠦᠷᠢᠯᠡᠬᠦ᠂ ᠲᠤᠰᠠᠯᠠᠮᠵᠢ ᠶᠢ ᠳᠠᠭᠤᠰᠬᠠᠬᠤ ᠵᠡᠷᠭᠡ ᠣᠨᠴᠣᠭᠤᠢ ᠪᠠᠶᠢᠳᠠᠯ ᠳᠤᠤᠷᠠᠬᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠲᠤ ᠨᠥᠬᠦᠪᠥᠷᠢ ᠥᠭᠬᠦ ᠲᠦᠷᠢᠮ ᠢ ᠲᠣᠳᠣᠷᠬᠠᠶᠢᠯᠠᠭᠰᠠᠨ ᠪᠥᠭᠡᠳ ᠪᠠᠰᠠ | ᠨᠥᠬᠦᠪᠥᠷᠢ ᠥᠭᠬᠦ ᠥᠬᠡᠶ ᠪᠠᠶᠢᠳᠠᠯ ᠢ ᠲᠣᠭᠲᠠᠭᠠᠵᠠᠶ᠃ | ︵ᠲᠠᠪᠤ︶ ᠬᠢᠨᠠᠯᠲᠠ ᠲᠠᠯᠪᠢᠬᠤ ᠪᠠ ᠪᠠᠲᠤᠯᠠᠬᠤ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠰᠢᠢᠳᠪᠦᠷᠢᠯᠡᠵᠦ ᠳᠠᠭᠤᠰᠬᠠᠭᠰᠠᠨ ᠢ ᠲᠠᠩᠰᠠ ᠡᠪᠬᠡᠮᠡᠯ ᠳᠤ ᠣᠷᠣᠭᠤᠯᠬᠤ ᠪᠠ ᠬᠢᠨᠠᠨ ᠬᠠᠷᠭᠤᠭᠤᠯᠬᠤ ᠱᠠᠭᠠᠷᠳᠠᠯᠭ᠎ᠠ ᠶᠢ | ᠲᠣᠭᠲᠠᠭᠠᠵᠤ᠂ ᠬᠡᠷᠡᠭ ᠢ ᠳᠠᠭᠤᠰᠬᠠᠵᠤ ᠬᠢᠨᠠᠨ ᠬᠠᠷᠭᠤᠭᠤᠯᠤᠭᠠᠳ ᠪᠠᠲᠤᠯᠠᠭᠰᠠᠨ ᠤ ᠳᠠᠷᠠᠭᠠᠬᠢ ᠬᠡᠷᠡᠭ ᠤᠨ ᠡᠪᠬᠡᠮᠡᠯ ᠢ | ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠡᠷᠡᠭ ᠤᠨ ᠡᠪᠬᠡᠮᠡᠯ ᠢ ᠦᠨᠡᠯᠡᠨ ᠵᠢᠱᠢᠬᠦ ᠠᠵᠢᠯ ᠢ | ᠵᠣᠬᠢᠶᠠᠨ ᠪᠠᠶᠢᠭᠤᠯᠵᠤ᠂ ᠬᠡᠷᠡᠭ ᠤᠨ ᠡᠪᠬᠡᠮᠡᠯ ᠤᠨ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ | ᠦᠭᠡᠢ ᠲᠦᠷᠪᠡᠨ ᠲᠡᠰ ᠢ ᠦᠨᠡᠯᠡᠨ ᠵᠢᠱᠢᠵᠦ᠂ ᠬᠡᠷᠡᠭ ᠤᠨ ᠶᠠᠰᠤ ᠴᠢᠨᠠᠷ ᠢ ᠦᠨᠡᠯᠡᠨ ᠵᠢᠱᠢᠭᠰᠡᠨ ᠦᠷ᠎ᠡ ᠳ᠋ᠦᠩ ᠤᠨ | ᠲᠡᠰ ᠢ ᠦᠨᠳᠦᠰᠦᠯᠡᠨ ᠬᠡᠷᠡᠭ ᠢ ᠵᠥᠷᠢᠶᠡᠲᠦ ᠨᠥᠬᠦᠪᠥᠷᠢ ᠣᠯᠭᠤᠬᠤ ᠲᠦᠷᠢᠮ ᠢ ᠬᠡᠷᠡᠭᠵᠢᠭᠦᠯᠵᠦ᠂ ᠨᠥᠬᠦᠪᠥᠷᠢ ᠶᠢᠨ | ᠪᠣᠳᠠᠲᠠᠢ ᠵᠣᠭᠤᠰ ᠤᠨ ᠲᠤᠭ᠎ᠠ ᠶᠢ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠨᠥᠬᠦᠪᠥᠷᠢ ᠣᠯᠭᠤᠬᠤ ᠬᠡᠷᠡᠭᠲᠡᠢ᠃ | ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠨᠤᠭᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ | ᠬᠠᠮᠢᠶᠠᠷᠤᠯᠲᠠ ᠪᠠᠨ ᠴᠢᠩᠭᠠᠳᠬᠠᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠥᠷᠢ ᠶᠢ ᠢᠯᠡ ᠨᠡᠶᠢᠲᠡᠯᠡᠬᠦ | ᠳᠦᠷᠢᠮ ᠢ ᠪᠠᠶᠢᠭᠤᠯᠬᠤ ᠬᠡᠷᠡᠭᠲᠡᠶ︔ ᠡᠭᠦᠨ ᠤ ᠬᠠᠮᠲᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠳᠤ | ᠬᠢᠨᠠᠯᠲᠠ ᠲᠠᠯᠪᠢᠬᠤ ᠪᠠᠷ ᠲᠣᠭᠲᠠᠭᠠᠪᠠ᠃ | ︵ᠵᠢᠷᠭᠤᠭ᠎ᠠ︶ ᠳᠠᠭᠠᠯᠳᠤᠭᠤᠯᠤᠭᠰᠠᠨ ᠲᠦᠷᠢᠮ᠃ ᠡᠯ᠎ᠡ ᠬᠤᠰᠢᠭᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠲᠤᠰ | ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠯᠠᠱᠠ ᠠᠶᠢᠮᠠᠭ ᠤᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠷᠤᠳᠠᠯ ᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ | ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ | ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠲᠣᠭᠲᠠᠭᠠᠭᠰᠠᠨ ︽ᠬᠠᠤᠯᠢ ᠴᠠᠭᠠᠵᠠ ᠶᠢᠨ | ᠲᠤᠰᠠᠯᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠠᠷᠭ᠎ᠠ︾ ︵ᠠᠯᠠᠱᠠ | ᠬᠠᠣᠯᠢ ᠴᠠᠭᠠᠵᠠ ᠲᠠᠷᠬᠠᠭᠠᠭᠰᠠᠨ ﹇2019﹈ 106 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ | ᠪᠣᠯᠭᠠᠨ᠎ᠠ᠃ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠵᠢᠭᠠᠨ ᠲᠣᠮᠢᠯᠠᠭᠰᠠᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ ᠤᠤᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ |