ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2023/7/11
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠣᠶᠣᠯ ᠢᠶᠠᠷ ᠵᠢᠭᠤᠯᠴᠢᠯᠠᠯ ᠢ ᠪᠣᠢ ᠪᠣᠯᠭᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠲᠦᠷᠭᠡᠳᠬᠡᠵᠦ᠂ ᠪᠥᠬᠦ ᠣᠷᠣᠨ ᠪᠦᠰᠡ ᠪᠥᠬᠦ ᠤᠯᠠᠷᠢᠯ ᠪᠥᠬᠦ ᠦᠢᠯᠡᠰ᠂ ᠵᠦᠷᠢᠶᠡᠴᠢᠯᠡᠭᠰᠡᠨ ᠳᠡᠭᠡᠳᠦ ᠦᠵᠦᠭᠦᠷᠴᠢᠯᠡᠭᠰᠡᠨ ᠨᠠᠷᠠᠲᠤ ᠲᠥᠷᠥᠯ ᠲᠡᠮᠳᠡᠭᠴᠢᠯᠡᠭᠰᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ᠂ ᠳᠤᠮᠳᠠᠳᠤ ᠤᠯᠤᠰ ᠤᠨ ᠬᠥᠮᠦᠨ ᠤ ᠵᠢᠭᠤᠯᠴᠢᠯᠠᠯ ᠤᠨ ᠵᠠᠪᠠᠯ ᠵᠣᠷᠢᠬᠤ ᠭᠠᠵᠠᠷ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠵᠢᠷᠤᠭᠯᠠᠬᠤ ᠰᠠᠭᠤᠷᠢᠨ᠂ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠭᠢᠯᠡᠬᠦ ᠭᠠᠵᠠᠷ᠂ ᠤᠨᠴᠠᠯᠢᠬᠳᠤ ᠠᠷᠠᠳ ᠤᠨ ᠪᠠᠶᠢᠷᠢ ᠶᠢᠨ ᠪᠦᠷᠢᠳᠭᠡᠬᠦᠯᠬᠦ ᠭᠠᠵᠠᠷ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠰᠣᠶᠣᠯ ᠵᠢᠭᠤᠯᠴᠢᠯᠠᠯ ᠤᠨ ᠦᠢᠯᠡᠳᠬᠦᠨ ᠤ ᠲᠠᠰ ᠳᠡᠪᠰᠢᠬᠦ ᠶᠢ ᠠᠬᠢᠭᠤᠯᠤᠨ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠳᠣᠰᠠᠳᠠ᠂ ᠳᠤᠤᠷᠠᠬᠢ ᠠᠷᠭ᠎ᠠ ᠬᠡᠮᠵᠢᠶ᠎ᠡ ᠶᠢ ᠳᠣᠭᠳᠠᠭᠠᠪᠠ᠃     ᠨᠢᠭᠡ᠂ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ     ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠭᠦᠨ ᠪᠡᠶᠡᠴᠢᠯᠡᠨ ᠣᠶᠢᠯᠠᠭᠠᠬᠤ᠂ ᠰᠡᠯᠡᠭᠦᠴᠡᠨ ᠠᠮᠠᠷᠠᠬᠤ ᠡᠵᠡᠩᠨᠡᠯᠲᠡ ᠶᠢᠨ ᠪᠠᠶᠢᠳᠠᠯ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠡᠬᠢ ᠪᠠᠶᠠᠯᠢᠭ ᠢ ᠲᠥᠪᠯᠡᠷᠡᠭᠦᠯᠬᠦ᠂ ᠬᠥᠷᠥᠩᠭᠡ ᠶᠢ ᠶᠡᠬᠡᠰᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠠᠵᠤ ᠦᠢᠯᠡᠰ ᠢ ᠲᠠᠰ ᠳᠡᠪᠰᠢᠭᠦᠯᠬᠦ ᠶᠢ ᠠᠬᠢᠭᠤᠯᠤᠨ᠂ ᠣᠯᠠᠨ ᠨᠡᠶᠢᠲᠡ ᠶᠢᠨ ᠵᠢᠭᠤᠯᠴᠢᠯᠠᠭᠴᠢᠳ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠦᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ︵ᠨᠢᠭᠡ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠢᠶᠠᠷ ᠱᠠᠩᠨᠠᠨ᠎ᠠ᠃     ︵ᠬᠤᠶᠠᠷ︶ ᠤᠯᠤᠰ ᠤᠨ 5 A᠂ 4 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠰᠢᠨ᠎ᠡ ᠪᠠᠷ ᠬᠢᠨᠠᠨ ᠳᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 300 ᠲᠦᠮᠡᠨ ᠲᠥᠭᠦᠷᠢᠭ᠂ 100 ᠲᠦᠮᠡᠨ ᠲᠥᠭᠦᠷᠢᠭ ᠱᠠᠩᠨᠠᠨ᠎ᠠ᠃     ︵ᠭᠤᠷᠪᠠ︶ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ ᠰᠢᠨ᠎ᠡ ᠪᠠᠷ ᠬᠢᠨᠠᠨ ᠳᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠤᠰ ᠲᠤᠰ 200 ᠲᠦᠮᠡᠨ ᠲᠥᠭᠦᠷᠢᠭ᠂ 100 ᠲᠦᠮᠡᠨ ᠲᠥᠭᠦᠷᠢᠭ ᠱᠠᠩᠨᠠᠨ᠎ᠠ᠃     ︵ᠳᠥᠷᠪᠡ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠰᠢᠨ᠎ᠡ ᠪᠠᠷ ᠬᠢᠨᠠᠨ ᠳᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 100 ᠲᠦᠮᠡᠨ ᠲᠥᠭᠦᠷᠢᠭ᠂ 50 ᠲᠦᠮᠡᠨ ᠲᠥᠭᠦᠷᠢᠭ ᠱᠠᠩᠨᠠᠨ᠎ᠠ᠃     ︵ᠲᠠᠪᠤ︶ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠢᠶᠠᠷ ᠰᠢᠨ᠎ᠡ ᠪᠠᠷ ᠬᠢᠨᠠᠨ ᠲᠣᠭᠲᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠤᠰ ᠲᠤᠰ ᠨᠢᠭᠡ ᠤᠳᠠᠭ᠎ᠠ ᠶᠢᠨ ᠴᠢᠨᠠᠷᠲᠠᠶ 100 ᠲᠦᠮᠡᠨ ᠲᠥᠭᠦᠷᠢᠭ᠂ 50 ᠲᠦᠮᠡᠨ ᠲᠥᠭᠦᠷᠢᠭ ᠱᠠᠩᠨᠠᠨ᠎ᠠ᠃     ︵ᠵᠢᠷᠭᠤᠭ᠎ᠠ︶ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠪᠠᠯᠭᠠᠰᠤ ᠪᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠮᠡᠳᠡᠭᠦᠯᠬᠦ ᠭᠤᠣᠯ ᠴᠣᠭᠴᠠ ᠳᠤ ᠲᠤᠰ ᠲᠤᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ᠃     ︵ᠳᠣᠯᠤᠭ᠎ᠠ︶ 5 C᠂ 4 C ᠲᠠᠰ  ᠤᠨ ᠥᠪᠡᠷᠲᠡᠭᠡᠨ ᠲᠡᠷᠭᠡ ᠵᠢᠯᠣᠭᠤᠳᠴᠤ ᠵᠢᠭᠤᠯᠴᠢᠯᠠᠨ ᠬᠤᠨᠣᠭᠯᠠᠬᠤ ᠲᠡᠷᠭᠡ ᠶᠢᠨ ᠬᠤᠸᠠᠷᠠᠨ ᠎ ᠢᠶᠠᠷ ᠰᠢᠨ᠎ᠡ ᠎ ᠪᠠᠷ  ᠬᠢᠨᠠᠨ  ᠲᠣᠭᠳᠠᠭᠠᠭᠳᠠᠭᠰᠠᠨ  ᠵᠠᠬ᠎ᠠ  ᠳᠡᠯᠭᠡᠭᠦᠷ  ᠤᠨ ᠭᠤᠤᠯ ᠴᠣᠭᠴᠠ ᠶᠢ ᠲᠣᠰ ᠲᠣᠰ ᠨᠢᠭᠡ ᠤᠳᠠᠭ᠎ᠠ  ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ᠃     ︵ᠨᠠᠢᠮᠠ︶ ᠲᠠᠪᠤᠨ ᠣᠳᠣᠨ ᠲᠠᠰ᠂ ᠳᠥᠷᠪᠡᠨ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶᠎ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠪᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃     ᠬᠤᠶᠠᠷ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ     ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠪᠠ ᠪᠠᠶᠢᠭᠤᠯᠬᠤ ᠶᠢ ᠳᠡᠮᠵᠢᠵᠦ᠂ ᠵᠢᠭᠤᠯᠴᠢᠯᠠᠯ ᠤᠨ ᠭᠠᠵᠠᠷ᠂ ᠬᠤᠭᠤᠯᠠᠨ ᠬᠡᠷ᠂ ᠠᠷᠠᠳ ᠤᠨ ᠪᠠᠭᠤᠳᠠᠯ ᠵᠡᠷᠭᠡ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠂ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠦᠢᠯᠡᠳᠬᠦᠨ ᠪᠠ ᠦᠢᠯᠡᠴᠢᠯᠡᠬᠡᠨ ᠤ ᠬᠠᠩᠭᠠᠯᠭ᠎ᠠ ᠳᠤ ᠰᠢᠨ᠎ᠡ ᠶᠢ ᠡᠭᠦᠳᠦᠨ᠂ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ︽ᠠᠵᠤ ᠦᠢᠯᠡᠰ ᠤᠨ ᠬᠡᠯᠬᠢᠶ᠎ᠡ︾᠎ ᠶᠢ ᠤᠷᠲᠤᠳᠬᠠᠨ᠎ᠠ᠃     ︵ᠶᠢᠰᠦ︶ 5 ᠣᠳᠣᠨ ᠲᠠᠰ᠂ 4 ᠣᠳᠣᠨ ᠲᠠᠰ ᠤᠨ ᠵᠢᠭᠤᠯᠴᠢᠯᠠᠯ ᠤᠨ ᠵᠣᠴᠢᠳ ᠤᠨ ᠪᠠᠭᠤᠳᠠᠯ ᠢᠶᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠢᠶᠠᠷ ᠱᠠᠩᠨᠠᠨ᠎ᠠ᠃     ︵ᠠᠷᠪᠠ︶ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠰᠢᠨ᠎ᠡ ᠪᠠᠷ ᠬᠢᠨᠠᠨ ᠳᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ᠃     ︵ᠠᠷᠪᠠᠨ ᠨᠢᠭᠡ︶ 5 A᠂ 4 A ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠢᠶᠠᠷ ᠰᠢᠨ᠎ᠡ ᠪᠠᠷ ᠬᠢᠨᠠᠨ ᠳᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ᠃     ︵ᠠᠷᠪᠠᠨ ᠬᠤᠶᠠᠷ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠰᠢᠨ᠎ᠡ ᠪᠠᠷ ᠦᠨᠡᠯᠡᠨ ᠲᠣᠭᠳᠠᠭᠠᠭᠳᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃     ᠭᠤᠷᠪᠠ᠂ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠨ᠎ᠡ     ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠣᠷᠣᠨ ᠪᠦᠰᠡ ᠪᠠᠨ ᠥᠷᠭᠡᠳᠬᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ ᠠᠶᠠᠨᠴᠢᠳ ᠤᠨ ᠤᠷᠤᠰᠬᠠᠯ ᠤᠨ ᠴᠢᠨᠠᠷ ᠰᠠᠶᠢᠲᠠᠶ ᠵᠠᠬ᠎ᠠ ᠳᠡᠯᠭᠡᠭᠦᠷ ᠲᠤ ᠣᠷᠣᠭᠤᠯᠵᠤ ᠢᠷᠡᠬᠦ ᠶᠢ ᠴᠢᠩᠭᠠᠳᠬᠠᠨ᠎ᠠ᠃ ᠠᠯᠠᠱᠠ ᠠᠶᠢᠮᠠᠭ ᠤᠨ ᠳᠣᠲᠣᠭᠠᠳᠤ ᠭᠠᠳᠠᠭᠠᠳᠤ ᠶᠢᠨ ᠡᠯ᠎ᠡ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ᠂ ᠵᠢᠭᠤᠯᠴᠢᠯᠠᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ ᠪᠠᠶᠢᠭᠠᠳ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ᠂ ᠲᠤᠰᠬᠠᠶ ᠭᠠᠯᠲᠤ ᠲᠡᠷᠭᠡ᠂ ᠲᠣᠮᠣ ᠰᠠᠭᠤᠳᠠᠯ ᠤᠨ ᠮᠠᠰᠢᠨ ᠲᠡᠷᠭᠡ ᠪᠠ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠵᠡᠷᠭᠡ ᠠᠶᠠᠨᠴᠢᠳ ᠤᠨ ᠤᠷᠤᠰᠬᠠᠯ ᠤᠨ ᠵᠠᠬ᠎ᠠ ᠳᠡᠯᠭᠡᠭᠦᠷ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠭᠤᠤᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠭᠠᠵᠠᠷ ᠤᠨ ᠬᠠᠮᠲᠤᠷᠠᠯᠴᠠᠨ ᠡᠵᠡᠩᠨᠡᠨ ᠪᠣᠷᠣᠯᠠᠭᠤᠯᠬᠤ ᠳᠤ ᠠᠭᠤᠰᠤᠯᠴᠠᠭᠤᠯᠵᠤ᠂ ᠵᠠᠬ᠎ᠠ ᠳᠡᠯᠭᠡᠭᠦᠷ ᠢ ᠬᠠᠮᠲᠤᠪᠠᠷ ᠥᠷᠭᠡᠳᠬᠡᠬᠦ᠂ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠨᠠᠷᠠᠲᠤ ᠲᠥᠷᠥᠯ ᠲᠡᠮᠳᠡᠭᠲᠦ ᠶᠢ ᠬᠠᠮᠲᠤᠪᠠᠷ ᠪᠠᠶᠢᠭᠤᠯᠬᠤ ᠶᠢ ᠠᠬᠢᠭᠤᠯᠤᠨ᠎ᠠ᠃     ︵ᠠᠷᠪᠠᠨ ᠭᠤᠷᠪᠠ︶ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠤᠨ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ ᠦᠬᠠᠶ᠂ ᠢᠷᠭᠠᠶ ᠵᠡᠷᠭᠡ ᠣᠶᠢᠷ᠎ᠠ ᠬᠠᠪᠢ ᠶᠢᠨ ᠨᠢᠰᠬᠡᠯ ᠤᠨ ᠪᠠᠭᠤᠳᠠᠯ ᠢᠶᠠᠷ ᠳᠠᠮᠵᠢᠭᠤᠯᠤᠨ ᠠᠯᠠᠱᠠ ᠠᠶᠢᠮᠠᠭ ᠲᠤ ᠬᠦᠷᠴᠦ᠂ ᠠᠯᠠᠱᠠ ᠠᠶᠢᠮᠠᠭ ᠲᠤ ᠠᠳᠠᠭ ᠲᠠᠭᠠᠨ 2 ᠡᠳᠦᠷ 1 ᠰᠥᠨᠢ ᠰᠠᠭᠠᠲᠠᠵᠤ᠂ ᠡᠭᠦᠳᠡᠨ ᠪᠢᠯᠧᠲ ᠤᠨ  ᠰᠦᠢᠳᠬᠡᠯ ᠬᠤᠷᠢᠶᠠᠬᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ 2᠎ ᠠᠴᠠ ᠳᠡᠭᠡᠭᠰᠢ ᠶᠢ ᠲᠣᠭᠤᠷᠢᠨ ᠦᠵᠡᠵᠦ᠂ ᠨᠢᠭᠡ ᠯᠡ ᠤᠳᠠᠭ᠎ᠠ ᠶᠢᠨ ᠴᠢᠨᠠᠷᠲᠠᠶ ᠵᠣᠬᠢᠶᠠᠨ ᠪᠠᠶᠢᠭᠤᠯᠤᠯᠲᠠ ᠶᠢ 30— 50 ᠂ 51— 100᠎ ᠳᠤ ᠬᠦᠷᠭᠡᠪᠡᠯ᠂ ᠡᠭᠡᠯᠵᠢ ᠪᠦᠷᠢ ᠶᠢ ᠲᠤᠰ ᠲᠤᠰ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠢ 1 ᠲᠦᠮᠡᠨ ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ︔ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠵᠢᠭᠤᠯᠴᠢᠯᠠᠭᠴᠢᠳ ᠢ ᠵᠣᠬᠢᠶᠠᠨ ᠪᠠᠶᠢᠭᠤᠯᠤᠨ ᠨᠢᠰᠬᠡᠯ ᠳᠠᠭᠠᠭᠠᠴᠢᠯᠠᠨ ᠦᠬᠠᠶ᠂ ᠢᠷᠭᠠᠶ ᠵᠡᠷᠭᠡ ᠡᠷᠬᠢᠨ ᠲᠣᠭᠤᠷᠢᠨ ᠤ ᠨᠢᠰᠬᠡᠯ ᠤᠨ ᠪᠠᠭᠤᠳᠠᠯ ᠢᠶᠠᠷ ᠳᠡᠮᠵᠢᠨ ᠠᠯᠠᠱᠠ ᠠᠶᠢᠮᠠᠭ ᠲᠤ ᠬᠦᠷᠴᠦ᠂ ᠨᠢᠭᠡ ᠯᠡ ᠤᠳᠠᠭ᠎ᠠ ᠳᠤ 101 ᠵᠢᠴᠢ ᠲᠡᠭᠦᠨ ᠠᠴᠠ  ᠠᠷᠪᠢᠨ ᠤᠯᠤᠰ ᠤᠨ ᠳᠣᠲᠣᠭᠠᠳᠤ ᠶᠢᠨ ᠠᠭᠠᠷ ᠠᠶᠠᠯᠠᠯ ᠤᠨ ᠱᠤᠭᠤᠮ ᠪᠠ ᠣᠯᠠᠨ ᠤᠯᠤᠰ ᠤᠨ ᠠᠭᠠᠷ ᠠᠶᠠᠯᠠᠯ ᠤᠨ ᠱᠤᠭᠤᠮ ᠢ ᠵᠣᠬᠢᠶᠠᠨ ᠪᠠᠶᠢᠭᠤᠯᠪᠠᠯ᠂ ᠡᠭᠡᠯᠵᠢ ᠪᠦᠷᠢ ᠶᠢ ᠲᠣᠰ ᠲᠣᠰ 5 ᠲᠦᠮᠡᠨ ᠲᠥᠭᠦᠷᠢᠭ ᠪᠠ 10 ᠲᠦᠮᠡᠨ ᠲᠥᠭᠦᠷᠢᠭ ᠢᠶᠠᠷ ᠱᠠᠩᠨᠠᠨ᠎ᠠ︔ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠵᠤᠭᠠᠴᠠᠭᠰᠠᠳ ᠢ ᠵᠣᠬᠢᠶᠠᠨ ᠪᠠᠶᠢᠭᠤᠯᠵᠤ᠂ ᠠᠯᠠᠱᠠ ᠠᠶᠢᠮᠠᠭ ᠤᠨ ᠳᠤᠷ᠎ᠠ ᠶᠢᠨ ᠨᠢᠭᠡ ᠨᠢᠰᠬᠡᠯ ᠤᠨ ᠪᠠᠭᠤᠳᠠᠯ ᠳᠤ ᠬᠦᠷᠴᠦ᠂ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠨᠢᠭᠡ ᠯᠡ ᠤᠳᠠᠭ᠎ᠠ ᠳᠡᠭᠡᠷ᠎ᠡ 30— 50 ᠰᠠᠭᠤᠳᠠᠯ᠂ 51 ᠰᠠᠭᠤᠳᠠᠯ ᠠᠴᠠ ᠳᠡᠭᠡᠭᠰᠢ ᠵᠣᠬᠢᠶᠠᠨ ᠪᠠᠶᠢᠭᠤᠯᠪᠠᠯ᠂ ᠨᠢᠰᠬᠡᠯ ᠪᠦᠷᠢ ᠶᠢ ᠲᠤᠰ ᠲᠤᠰ 1 ᠲᠦᠮᠡᠨ ᠲᠥᠭᠦᠷᠢᠭ᠂ 2 ᠲᠦᠮᠡᠨ ᠲᠥᠭᠦᠷᠢᠭ ᠢᠶᠠᠷ ᠱᠠᠩᠨᠠᠨ᠎ᠠ᠃     ︵ᠠᠷᠪᠠᠨ ᠳᠥᠷᠪᠡ︶ ᠵᠢᠭᠤᠯᠴᠢᠯᠠᠯ ᠤᠨ ᠭᠠᠵᠠᠷ ᠠᠯᠠᠱᠠ ᠠᠶᠢᠮᠠᠭ ᠲᠤ ᠬᠦᠷᠬᠦ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠵᠣᠬᠢᠶᠠᠨ ᠪᠠᠶᠢᠭᠤᠯᠤᠨ᠂ ᠠᠳᠠᠭ ᠲᠠᠭᠠᠨ 2 ᠡᠳᠦᠷ 1 ᠣᠷᠣᠶ ᠵᠣᠭᠰᠣᠵᠤ᠂ ᠡᠭᠦᠳᠡᠨ ᠪᠢᠯᠧᠲ ᠢᠶᠠᠷ ᠰᠦᠢᠳᠬᠡᠯ ᠬᠤᠷᠢᠶᠠᠵᠤ ᠪᠠᠶᠢᠭ᠎ᠠ A ᠲᠠᠰ ᠤᠨ ᠵᠢᠭᠤᠯᠴᠢᠯᠠᠯ ᠤᠨ 2᠎ ᠠᠴᠠ ᠳᠡᠭᠡᠭᠰᠢ ᠦᠵᠡᠮᠵᠢ ᠶᠢᠨ ᠣᠷᠣᠨ ᠢ ᠲᠣᠭᠤᠷᠢᠨ ᠦᠵᠡᠵᠦ᠂ ᠵᠢᠭᠤᠯᠴᠢᠯᠠᠭᠰᠠᠳ ᠢ ᠨᠢᠭᠡ ᠯᠡ ᠤᠳᠠᠭ᠎ᠠ ᠳᠤ 301—400 ᠬᠥᠮᠦᠨ᠂ 401—500 ᠬᠥᠮᠦᠨ᠂ 501 ᠬᠥᠮᠦᠨ ᠵᠢᠴᠢ ᠲᠡᠭᠦᠨ ᠠᠴᠠ  ᠣᠯᠠᠨ ᠵᠣᠬᠢᠶᠠᠨ ᠪᠠᠶᠢᠭᠤᠯᠤᠭᠰᠠᠨ ᠪᠣᠯ ᠲᠤᠰ ᠲᠤᠰ 1 ᠲᠦᠮᠡᠨ ᠲᠥᠭᠦᠷᠢᠭ᠂ 3 ᠲᠦᠮᠡᠨ ᠲᠥᠭᠦᠷᠢᠭ᠂ 5 ᠲᠦᠮᠡᠨ ᠲᠥᠭᠦᠷᠢᠭ ᠱᠠᠩᠨᠠᠨ᠎ᠠ᠃     ︵ᠠᠷᠪᠠᠨ ᠲᠠᠪᠤ︶ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠠᠴᠠ ᠠᠯᠠᠱᠠ ᠠᠶᠢᠮᠠᠭ ᠲᠤ ᠬᠥᠷᠬᠦ ᠵᠢᠭᠤᠯᠴᠢᠯᠠᠯ ᠤᠨ ᠲᠣᠮᠣ ᠮᠠᠰᠢᠨ ᠲᠡᠷᠭᠡ ᠶᠢ ᠵᠣᠬᠢᠶᠠᠨ ᠪᠠᠶᠢᠭᠤᠯᠵᠤ᠂ ᠠᠳᠠᠭ ᠲᠠᠭᠠᠨ 2 ᠡᠳᠦᠷ 1 ᠰᠥᠨᠢ ᠰᠠᠭᠠᠲᠠᠭᠤᠯᠵᠤ᠂ ᠡᠭᠦᠳᠡᠨ ᠪᠢᠯᠧᠲ ᠢᠶᠠᠷ ᠰᠦᠢᠳᠬᠡᠯ ᠬᠤᠷᠢᠶᠠᠬᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ 2᠎ ᠠᠴᠠ ᠳᠡᠭᠡᠭᠰᠢᠬᠢ ᠪᠦᠯᠬᠦᠮ ᠨᠡᠶᠢᠲᠡ ᠶᠢᠨ ᠵᠢᠭᠤᠯᠴᠢᠯᠠᠭᠰᠠᠳ ᠢ ᠪᠣᠯ᠂ ᠡᠭᠦᠳᠡᠨ ᠪᠢᠯᠧᠲ ᠬᠤᠳᠠᠯᠳᠤᠨ ᠠᠪᠤᠭᠰᠠᠨ ᠬᠥᠮᠦᠨ ᠤ ᠲᠤᠭ᠎ᠠ ᠪᠠᠷ ᠨᠢ ᠬᠥᠮᠦᠨ ᠪᠦᠷᠢ ᠳᠤ 10 ᠲᠥᠭᠦᠷᠢᠭ ᠱᠠᠩᠨᠠᠨ᠎ᠠ᠃     ︵ᠠᠷᠪᠠᠨ ᠵᠢᠷᠭᠤᠭ᠎ᠠ︶ ᠵᠢᠭᠤᠯᠴᠢᠯᠠᠯ ᠤᠨ ᠬᠤᠷᠢᠶ᠎ᠠ ᠪᠤᠶᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ ᠠᠯᠠᠱᠠ ᠠᠶᠢᠮᠠᠭ ᠲᠤ ᠬᠦᠷᠬᠦ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ ᠲᠡᠷᠭᠡᠨ ᠠᠩᠭᠢ ᠶᠢ ᠠᠳᠠᠭ ᠲᠠᠭᠠᠨ 2 ᠡᠳᠦᠷ ᠪᠠᠶᠢᠯᠭᠠᠵᠤ᠂ ᠪᠠᠭᠤᠳᠠᠯ ᠳᠤ 1 ᠰᠥᠨᠢ ᠬᠤᠨᠣᠵᠤ᠂ ᠲᠡᠷᠭᠡ ᠪᠦᠷᠢ ᠠᠴᠠ 2᠎ ᠠᠴᠠ ᠳᠡᠭᠡᠭᠰᠢ ᠡᠭᠦᠳᠡᠨ ᠪᠢᠯᠧᠲ ᠢᠶᠠᠷ ᠰᠦᠢᠳᠬᠡᠯ ᠬᠤᠷᠢᠶᠠᠬᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠮᠥᠷᠲᠡᠭᠡᠨ ᠪᠣᠳᠠᠲᠠᠶ ᠬᠤᠳᠠᠯᠳᠤᠨ ᠠᠪᠬᠤ ᠪᠦᠬᠦ ᠪᠢᠯᠧᠲ  ᠤᠨ ᠬᠥᠮᠦᠨ  ᠤ ᠲᠤᠭ᠎ᠠ ᠶᠢ 2᠎ ᠠᠴᠠ ᠳᠤᠲᠠᠭᠤ ᠦᠭᠡᠶ ᠪᠠᠶᠢᠯᠭᠠᠵᠤ᠂ ᠨᠢᠭᠡ ᠯᠡ ᠤᠳᠠᠭ᠎ᠠ ᠳᠤ 10 —20᠂ 21—30᠂ 31— 40᠂ 41 ᠵᠢᠴᠢ ᠲᠡᠭᠦᠨ  ᠠᠴᠠ  ᠣᠯᠠᠨ ᠬᠦᠮᠦᠨ  ᠢ ᠵᠣᠬᠢᠶᠠᠨ ᠪᠠᠶᠢᠭᠤᠯᠣᠭᠰᠠᠨ ᠪᠣᠯ᠂ ᠲᠤᠰ ᠲᠤᠰ 1 ᠲᠦᠮᠡᠨ ᠲᠥᠭᠦᠷᠢᠭ᠂ 2 ᠲᠦᠮᠡᠨ ᠲᠥᠭᠦᠷᠢᠭ᠂ 3 ᠲᠦᠮᠡᠨ ᠲᠥᠭᠦᠷᠢᠭ᠂ 6 ᠲᠦᠮᠡᠨ ᠲᠥᠭᠦᠷᠢᠭ ᠱᠠᠩᠨᠠᠨ᠎ᠠ᠃     ︵ᠠᠷᠪᠠᠨ ᠳᠣᠯᠤᠭ᠎ᠠ︶ ᠵᠢᠯ ᠤᠨ ᠳᠣᠲᠣᠷ᠎ᠠ ᠵᠢᠭᠤᠯᠴᠢᠯᠠᠭᠴᠢᠳ ᠢ ᠵᠣᠬᠢᠶᠠᠨ ᠪᠠᠶᠢᠭᠤᠯᠵᠤ ᠠᠳᠠᠭ ᠲᠠᠭᠠᠨ 2 ᠡᠳᠦᠷ 1 ᠣᠷᠣᠶ ᠪᠠᠶᠢᠯᠭᠠᠵᠤ᠂ ᠡᠭᠦᠳᠡᠨ ᠪᠢᠯᠧᠲ ᠤᠨ ᠰᠦᠶ᠋ᠳᠬᠡᠯ ᠬᠤᠷᠢᠶᠠᠬᠤ A ᠲᠠᠰ ᠤᠨ 2᠎ ᠠᠴᠠ ᠳᠡᠭᠡᠭᠰᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠣᠭᠤᠷᠢᠨ ᠦᠵᠡᠵᠦ᠂ ᠲᠡᠷᠡᠴᠢᠯᠡᠨ ᠨᠡᠶᠢᠲᠡ ᠬᠥᠮᠦᠨ ᠤ ᠲᠤᠭ᠎ᠠ ᠨᠢ 2001—3000 ᠬᠥᠮᠦᠨ᠂ 3001— 4000 ᠬᠥᠮᠦᠨ᠂ 4001—5000 ᠬᠥᠮᠦᠨ᠂ 5001 ᠬᠥᠮᠦᠨ ᠵᠢᠴᠢ ᠲᠡᠭᠦᠨ ᠠᠴᠠ ᠠᠷᠪᠢᠨ ᠬᠦᠮᠦᠨ ᠵᠢᠭᠤᠯᠴᠢᠯᠠᠯ ᠤᠨ ᠭᠠᠵᠠᠷ ᠢ ᠲᠣᠭᠤᠷᠢᠨ ᠦᠵᠡᠭᠰᠡᠨ ᠪᠣᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 5 ᠲᠦᠮᠡᠨ ᠲᠥᠭᠦᠷᠢᠭ᠂ 6 ᠲᠦᠮᠡᠨ ᠲᠥᠭᠦᠷᠢᠭ᠂ 7 ᠲᠦᠮᠡᠨ ᠲᠥᠭᠦᠷᠢᠭ᠂ 8 ᠲᠦᠮᠡᠨ ᠲᠥᠭᠦᠷᠢᠭ ᠢᠶᠠᠷ ᠱᠠᠩᠨᠠᠨ᠎ᠠ᠃ ᠵᠢᠯ ᠪᠦᠷᠢ ᠶᠢᠨ 1 ᠰᠠᠷ᠎ᠠ ᠶᠢᠨ 1᠎ ᠤ ᠡᠳᠦᠷ ᠠᠴᠠ ᠳᠠᠷᠠᠭ᠎ᠠ ᠵᠢᠯ ᠤᠨ 4 ᠰᠠᠷ᠎ᠠ ᠶᠢᠨ 25᠎ ᠤ ᠡᠳᠦᠷ ᠪᠣᠯᠲᠠᠯᠠᠬᠢ ᠬᠤᠭᠤᠴᠠᠭᠠᠨ ᠳᠤ ᠵᠢᠭᠤᠯᠴᠢᠯᠠᠭᠰᠠᠳ ᠢ ᠵᠣᠬᠢᠶᠠᠨ ᠪᠠᠶᠢᠭᠤᠯᠤᠨ ᠠᠯᠠᠱᠠ ᠠᠶᠢᠮᠠᠭ ᠤᠨ ᠡᠪᠦᠯ ᠬᠠᠪᠤᠷ ᠤᠨ ᠤᠯᠠᠷᠢᠯ ᠤᠨ ᠵᠢᠭᠤᠯᠴᠢᠯᠠᠯ ᠳᠤ ᠣᠷᠣᠯᠴᠠᠬᠤ᠂ ᠠᠳᠠᠭ ᠲᠠᠭᠠᠨ 2 ᠡᠳᠦᠷ 1 ᠣᠷᠣᠶ ᠰᠠᠭᠠᠲᠠᠬᠤ᠂ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠭᠠᠵᠠᠷ 2᠎ ᠠᠴᠠ ᠳᠡᠭᠡᠭᠰᠢ ᠪᠠᠶᠢᠬᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠣᠭᠤᠷᠢᠨ ᠦᠵᠡᠬᠦ ᠮᠥᠷᠲᠡᠭᠡᠨ ᠨᠡᠶᠢᠲᠡ 1000 ᠬᠥᠮᠦᠨ ︵ᠪᠠᠭᠲᠠᠨ᠎ᠠ︶᠎ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠬᠥᠮᠦᠨ ᠪᠦᠷᠢ ᠳᠤ 20 ᠲᠥᠭᠦᠷᠢᠭ ᠱᠠᠩᠨᠠᠨ᠎ᠠ᠃     ᠲᠦᠷᠪᠡ᠂ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠦᠷᠭᠡᠨ ᠪᠣᠢ ᠪᠣᠯᠭᠠᠨ᠎ᠠ     ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠯᠠᠨ ᠡᠰᠢᠵᠢᠬᠦ᠂ ᠠᠵᠢᠯ ᠲᠥᠷᠥᠯ ᠠᠯᠤᠰᠯᠠᠨ ᠠᠭᠤᠰᠤᠯᠴᠠᠨ ᠬᠥᠭᠵᠢᠬᠦ ᠶᠢ ᠳᠡᠮᠵᠢᠵᠦ᠂ ᠡᠯᠡᠰᠦᠨ ᠴᠥᠯ ᠤᠨ ᠠᠮᠠᠷᠠᠯᠲᠠ᠂ ᠬᠥᠳᠡᠭᠡ ᠲᠣᠰᠬᠤᠨ ᠤ ᠰᠡᠯᠡᠭᠦᠴᠡᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠪᠣᠳᠠᠲᠤ ᠦᠵᠡᠮᠵᠢ ᠶᠢᠨ ᠲᠣᠭᠯᠠᠯᠲᠠ ᠵᠡᠷᠭᠡ ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠭᠰᠠᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠲᠥᠷᠥᠯ ᠵᠦᠢᠯ ᠢ ᠪᠣᠶ ᠪᠣᠯᠭᠠᠨ᠎ᠠ᠃ ᠤᠯᠠᠮᠵᠢᠯᠠᠯᠲᠤ ᠲᠣᠭᠤᠷᠢᠨ ᠦᠵᠡᠬᠦ ᠬᠡᠯᠪᠡᠷᠢ ᠪᠦᠬᠦᠢ ᠡᠵᠡᠩᠨᠡᠯᠲᠡ ᠶᠢᠨ ᠪᠠᠶᠢᠳᠠᠯ ᠲᠥᠯᠥᠪ ᠢ ᠪᠡᠶ᠎ᠡ ᠪᠠᠷ ᠢᠶᠠᠨ ᠣᠶᠢᠯᠠᠭᠠᠬᠤ ᠬᠡᠯᠪᠡᠷᠢ ᠪᠦᠬᠦᠢ ᠡᠵᠡᠩᠨᠡᠯᠲᠡ ᠶᠢᠨ ᠪᠠᠶᠢᠳᠠᠯ ᠲᠥᠯᠥᠪ ᠲᠡᠰᠢ ᠬᠤᠪᠢᠷᠠᠭᠤᠯᠬᠤ ᠶᠢ ᠠᠬᠢᠭᠤᠯᠵᠤ᠂ ᠭᠤᠣᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠂ ᠣᠯᠠᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠶ ᠪᠣᠯᠭᠠᠨ᠎ᠠ᠃     ︵ᠠᠷᠪᠠᠨ ᠨᠠᠢᠮᠠ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠷᠡᠭᠦᠯᠵᠢᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠡᠵᠡᠩᠨᠡᠯᠲᠡ ᠶᠢᠨ ᠪᠠᠶᠢᠳᠠᠯ ᠢ ᠡᠭᠦᠳᠦᠨ ᠪᠠᠶᠢᠭᠤᠯᠬᠤ ᠭᠤᠤᠯ ᠴᠣᠭᠴᠠ ᠳᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ᠃     ︵ᠠᠷᠪᠠ ᠶᠢᠰᠦ︶ ᠨᠡᠶᠢᠲᠡ ᠶᠢᠨ ᠵᠣᠷᠯᠣᠩ᠂ ᠠᠮᠠᠷᠠᠵᠤ ᠰᠡᠯᠡᠭᠦᠴᠡᠬᠦ᠂ ᠳᠥᠭᠦᠮ ᠬᠤᠭᠤᠯᠠ᠂ ᠡᠳ᠋ ᠪᠠᠷᠠᠭ᠎ᠠ ᠬᠠᠳᠠᠭᠠᠯᠠᠬᠤ ᠵᠡᠷᠭᠡ ᠴᠢᠳᠠᠮᠵᠢ ᠶᠢ ᠪᠠᠭᠲᠠᠭᠠᠭᠰᠠᠨ ᠵᠢᠭᠤᠯᠴᠢᠯᠠᠯ ᠤᠨ ᠥᠷᠲᠡᠭᠡ᠂ ᠰᠦᠯᠵᠢᠶᠡᠴᠢᠨ ᠤ ᠪᠦᠷᠢᠳᠬᠡᠬᠦᠯᠬᠦ ᠭᠠᠵᠠᠷ᠂ ᠳᠤᠤᠷ᠎ᠠ ᠠᠭᠠᠷ ᠤᠨ ᠵᠢᠭᠤᠯᠴᠢᠯᠠᠯ᠂ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠠᠶᠢᠳᠠᠯ ᠢ ᠡᠭᠦᠳᠦᠨ ᠪᠠᠶᠢᠭᠤᠯᠬᠤ ᠭᠤᠤᠯ ᠴᠣᠭᠴᠠ ᠶᠢ ᠪᠠᠯᠠ ᠮᠥᠩᠭᠦ ᠶᠢᠨ ᠣᠷᠣᠭᠤᠯᠤᠯᠲᠠ ᠶᠢᠨ 10 %᠎ ᠪᠠᠷ ᠱᠠᠩᠨᠠᠵᠤ᠂ ᠲᠠᠩ ᠭᠠᠭᠴᠠ ᠲᠥᠷᠥᠯ ᠵᠦᠢᠯ ᠤᠨ ᠬᠠᠮᠤᠭ ᠤᠨ ᠥᠨᠳᠥᠷ ᠱᠠᠩᠨᠠᠯ ᠢ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃      ︵ᠬᠤᠷᠢ︶ ᠪᠡᠶ᠎ᠡ ᠪᠠᠨ ᠳᠠᠭᠠᠭᠠᠵᠤ ᠡᠭᠦᠳᠦᠨ ᠪᠦᠲᠦᠭᠡᠭᠰᠡᠨ ᠪᠤᠶᠤ ᠥᠪᠡᠷᠮᠢᠴᠡ ᠣᠨᠴᠠᠯᠢᠭ ᠲᠠᠢ ᠪᠣᠳᠠᠲᠤ ᠦᠵᠡᠭᠳᠡᠯᠲᠦ ᠲᠣᠭᠯᠠᠯᠲᠠ ᠶᠢᠨ ᠵᠦᠴᠦᠭᠡ᠂ ᠲᠣᠭᠲᠠᠮᠠᠯ ᠲᠣᠭᠯᠠᠯᠲᠠ ᠶᠢᠨ ᠲᠠᠯᠠᠪᠤᠷ ᠲᠠᠢ᠂ ᠪᠦᠬᠦ ᠵᠢᠯ ᠤᠨ ᠲᠣᠭᠯᠠᠯᠲᠠ ᠶᠢᠨ ᠴᠠᠭ ᠨᠢ 100 ᠡᠳᠦᠷ ᠠᠴᠠ ᠳᠤᠲᠠᠭᠤ ᠦᠭᠡᠶ᠂ ᠲᠣᠭᠯᠠᠯᠲᠠ ᠶᠢᠨ ᠲᠠᠯᠠᠪᠠᠶ ᠨᠢ 100 ᠲᠠᠯᠠᠪᠠᠶ ᠠᠴᠠ ᠳᠤᠲᠠᠭᠤ ᠦᠭᠡᠶ᠂ ᠤᠷᠠᠨ ᠰᠠᠶᠢᠬᠠᠨ ᠤ ᠲᠣᠭᠯᠠᠭᠴᠢ 21— 30 ᠬᠥᠮᠦᠨ ︵ᠲᠣᠭᠲᠠᠮᠠᠯ ᠰᠠᠭᠤᠳᠠᠯ ᠤᠨ ᠲᠤᠭ᠎ᠠ ᠨᠢ 101 ᠰᠠᠭᠤᠳᠠᠯ ᠠᠴᠠ ᠳᠡᠭᠡᠭᠰᠢ︶᠂ 31—50 ᠬᠥᠮᠦᠨ ︵ᠲᠣᠭᠲᠠᠮᠠᠯ ᠰᠠᠭᠤᠳᠠᠯ ᠤᠨ ᠲᠤᠭ᠎ᠠ ᠨᠢ 201 ᠰᠠᠭᠤᠳᠠᠯ ᠠᠴᠠ ᠳᠡᠭᠡᠭᠰᠢ︶᠂ 51 ᠬᠥᠮᠦᠨ ᠵᠢᠴᠢ ︵ᠲᠣᠭᠲᠠᠮᠠᠯ ᠰᠠᠭᠤᠳᠠᠯ ᠤᠨ ᠲᠤᠭ᠎ᠠ ᠨᠢ 301 ᠰᠠᠭᠤᠳᠠᠯ ᠠᠴᠠ ᠳᠡᠭᠡᠭᠰᠢ︶ ᠳᠡᠭᠦᠨ ᠠᠴᠠ ᠠᠷᠪᠢᠨ ᠬᠦᠮᠦᠨ ᠪᠠᠶᠢᠪᠠᠯ᠂ 3 A ᠳᠡᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠤᠰ ᠲᠤᠰ 10 ᠲᠦᠮᠡᠨ ᠲᠥᠭᠦᠷᠢᠭ᠂ 20 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ᠃     ᠲᠠᠪᠤ᠂ ᠰᠣᠶᠣᠯ ᠤᠨ ᠰᠢᠨ᠎ᠡ ᠶᠢ ᠡᠭᠦᠳᠬᠦ ᠪᠠ ᠵᠢᠭᠤᠯᠴᠢᠯᠠᠯ ᠤᠨ ᠲᠠᠸᠠᠷ ᠢ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ     ᠠᠯᠠᠱᠠ ᠠᠶᠢᠮᠠᠭ ᠤᠨ ᠭᠠᠵᠠᠷ ᠣᠷᠣᠨ ᠤ ᠣᠨᠴᠠᠯᠢᠭᠲᠤ ᠰᠣᠶᠣᠯ ᠵᠢᠭᠤᠯᠴᠢᠯᠠᠯ ᠤᠨ ᠡᠯᠧᠮᠧᠨ᠋ᠲ ᠢ ᠠᠭᠤᠳᠠᠯᠬᠤ ᠪᠠ ᠥᠷᠭᠡᠳᠬᠡᠬᠦ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠪᠦᠲᠦᠭᠡᠯᠴᠢ ᠰᠡᠳᠬᠢᠮᠵᠢ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠂ ᠢᠯᠭᠠᠨ ᠲᠠᠨᠢᠬᠤ ᠬᠡᠮᠵᠢᠶ᠎ᠡ ᠪᠠᠷ ᠥᠨᠳᠥᠷ᠂ ᠳᠦᠷᠢ ᠲᠥᠷᠬᠦ ᠪᠠᠷ ᠢᠯᠡ ᠲᠣᠳᠣ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠠ ᠣᠨᠴᠠᠯᠢᠭᠲᠤ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠦᠨ᠎ᠡ᠃ ︽ᠠᠯᠠᠱᠠ ᠪᠡᠯᠡᠭ︾᠎ ᠤᠨ ᠨᠠᠷᠠᠲᠤ ᠲᠡᠮᠳᠡᠭ ᠢ ᠡᠭᠦᠳᠴᠦ ᠳᠡᠭᠡᠭᠰᠢᠯᠡᠭᠦᠯᠬᠦ ᠶᠢ ᠳᠡᠮᠵᠢᠵᠦ᠂ ︽ᠥᠪᠥᠷ ᠮᠣᠩᠭᠤᠯ ᠤᠨ ᠪᠡᠯᠡᠭ︾ ᠠᠯᠠᠱᠠ ᠰᠣᠶᠣᠯ ᠵᠢᠭᠤᠯᠴᠢᠯᠠᠯ ᠤᠨ ᠲᠠᠸᠠᠷ ᠤᠨ ᠬᠤᠰᠢᠭᠤᠴᠢ ᠳᠡᠯᠭᠡᠭᠦᠷ ᠢ ᠪᠠᠶᠢᠭᠤᠯᠤᠨ᠎ᠠ᠃ ᠰᠣᠶᠣᠯ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠣᠶᠣᠯ ᠤᠨ ᠰᠢᠨ᠎ᠡ ᠶᠢ ᠡᠭᠦᠳᠬᠦ ᠪᠠ ᠵᠢᠭᠤᠯᠴᠢᠯᠠᠯ ᠤᠨ ᠲᠠᠸᠠᠷ ᠢ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃     ︵ᠬᠤᠷᠢᠨ ᠨᠢᠭᠡ︶ ᠳᠤᠮᠳᠠᠳᠤ ᠤᠯᠤᠰ ᠤᠨ ᠣᠨᠴᠠᠯᠢᠭ ᠪᠦᠬᠦᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠢᠯᠭᠠᠷᠠᠭᠤᠯᠬᠤ ᠠᠵᠢᠯᠯᠠᠭ᠎ᠠ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠬᠦᠷᠲᠡᠪᠡᠯ᠂ ᠲᠤᠰ ᠲᠤᠰ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠠᠵᠤ ᠠᠬᠤᠶᠢᠯᠠᠯ ᠪᠤᠶᠤ ᠬᠤᠪᠢ ᠬᠥᠮᠦᠨ ᠳᠤ 5 ᠲᠦᠮᠡᠨ ᠲᠥᠭᠦᠷᠢᠭ᠂ 3 ᠲᠦᠮᠡᠨ ᠲᠥᠭᠦᠷᠢᠭ᠂ 2 ᠲᠦᠮᠡᠨ ᠲᠥᠭᠦᠷᠢᠭ ᠱᠠᠩᠨᠠᠨ᠎ᠠ︔ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠵᠢᠷᠤᠭ ᠲᠥᠯᠥᠪᠯᠡᠭᠡ ᠶᠢᠨ ᠤᠷᠤᠯᠳᠤᠭᠠᠨ ᠤ ᠰᠢᠯᠭᠠᠷᠠᠭᠤᠯᠤᠯᠲᠠ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ ᠣᠷᠣᠯᠴᠠᠭᠰᠠᠨ ᠠᠵᠤ ᠠᠬᠤᠶᠢᠯᠠᠯ ᠪᠤᠶᠤ ᠬᠤᠪᠢ ᠬᠥᠮᠦᠨ ᠢ ᠲᠣᠰ ᠲᠣᠰ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠢᠶᠠᠷ ᠱᠠᠩᠨᠠᠨ᠎ᠠ︔ ︽ᠥᠪᠥᠷ ᠮᠣᠩᠭᠤᠯ ᠤᠨ ᠪᠡᠯᠡᠭ︾᠎ ᠤᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠨᠡᠷᠡᠰ ᠲᠤ ᠰᠢᠨ᠎ᠡ ᠪᠠᠷ ᠰᠣᠩᠭᠤᠭᠳᠠᠭᠰᠠᠨ ᠰᠣᠶᠣᠯ ᠵᠢᠭᠤᠯᠴᠢᠯᠠᠯ ᠤᠨ ᠲᠠᠸᠠᠷ ᠲᠤ ᠲᠠᠸᠠᠷ ᠪᠦᠷᠢ ᠳᠤ 0 . 5 ᠲᠦᠮᠡᠨ ᠲᠥᠭᠦᠷᠢᠭ ᠱᠠᠩᠨᠠᠵᠤ᠂ ᠭᠤᠶᠤᠴᠢᠯᠠᠨ ᠮᠡᠳᠡᠭᠦᠯᠦᠭᠰᠡᠨ ᠭᠠᠭᠴᠠ ᠭᠤᠤᠯ ᠴᠣᠭᠴᠠ ᠶᠢᠨ ᠣᠨ ᠤ ᠳᠣᠲᠣᠷᠠᠬᠢ ᠱᠠᠩᠨᠠᠯ ᠢ ᠬᠠᠮᠤᠭ ᠤᠨ ᠥᠨᠳᠥᠷ ᠲᠡᠭᠡᠨ 5 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠬᠤᠷᠢᠨ ᠬᠤᠶᠠᠷ︶ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ ︵ᠳᠡᠭᠡᠳᠦ ᠬᠤᠷᠳᠤ ᠶᠢᠨ ᠲᠡᠮᠦᠷ ᠵᠠᠮ ᠤᠨ ᠥᠷᠲᠡᠭᠡ ᠪᠠᠭᠲᠠᠨ᠎ᠠ︶᠂ ᠮᠠᠰᠢᠨ ᠲᠡᠷᠭᠡᠨ ᠤ ᠥᠷᠲᠡᠭᠡ᠂ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠴᠡᠴᠡᠷᠯᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ 3 A ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠳᠤ ᠤᠤᠯ ᠤᠨ ᠪᠠᠶᠢᠭᠰᠠᠨ ᠳᠡᠯᠭᠡᠭᠦᠷ ᠢ ᠰᠢᠨ᠎ᠡ ᠪᠠᠷ ᠪᠠᠶᠢᠭᠤᠯᠬᠤ ᠪᠠ ᠠᠰᠢᠭᠯᠠᠨ ︽ᠥᠪᠥᠷ ᠮᠣᠩᠭᠤᠯ ᠤᠨ ᠪᠡᠯᠡᠭ︾ ᠠᠯᠠᠱᠠ ᠶᠢᠨ ᠰᠣᠶᠣᠯ ᠵᠢᠭᠤᠯᠴᠢᠯᠠᠯ ᠤᠨ ᠲᠠᠸᠠᠷ ᠤᠨ ᠬᠤᠰᠢᠭᠤᠴᠢ ᠳᠡᠯᠭᠡᠭᠦᠷ ᠪᠣᠯᠭᠠᠨ ᠥᠭᠡᠷᠡᠴᠢᠯᠡᠨ ᠪᠠᠶᠢᠭᠤᠯᠵᠤ᠂ ︽︿ᠥᠪᠥᠷ ᠮᠣᠩᠭᠤᠯ ᠤᠨ ᠪᠡᠯᠡᠭ﹀ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ ᠤᠨ ᠮᠠᠭᠠᠳᠯᠠᠨ ᠲᠣᠭᠲᠠᠭᠠᠬᠤ ᠵᠢᠷᠤᠮᠵᠢᠯ︾᠎ ᠤᠨ ᠡᠯ᠎ᠡ ᠵᠦᠢᠯ ᠤᠨ ᠪᠠᠷᠢᠮᠵᠢᠶ᠎ᠠ ᠳᠤ ᠬᠦᠷᠦᠭᠰᠡᠨ ᠪᠥᠭᠡᠳ ᠭᠡᠷᠡᠴᠢᠯᠡᠭᠡ ᠬᠢᠯᠭᠡᠭᠰᠡᠨ ᠰᠣᠶᠣᠯ ᠵᠢᠭᠤᠯᠴᠢᠯᠠᠯ ᠤᠨ ᠲᠠᠸᠠᠷ ᠤᠨ ᠳᠡᠯᠭᠡᠭᠦᠷ ᠲᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃     ︵ᠬᠤᠷᠢᠨ ᠭᠤᠷᠪᠠ︶ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠠᠯᠠᠱᠠ ᠠᠶᠢᠮᠠᠭ ᠤᠨ ᠳᠣᠲᠣᠷᠠᠬᠢ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠪᠤᠶᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠠᠯᠠᠱᠠ ᠠᠶᠢᠮᠠᠭ ᠤᠨ ᠳᠣᠲᠣᠷᠠᠬᠢ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠲᠠᠯᠠᠪᠤᠷ ᠪᠠ ᠪᠡᠶᠡᠴᠢᠯᠡᠨ ᠣᠶᠢᠯᠠᠭᠠᠬᠤ ᠬᠢᠴᠢᠶᠡᠯ ᠲᠤᠰᠠᠭᠠᠷ ᠨᠡᠭᠡᠭᠡᠬᠦ ᠡᠯ᠎ᠡ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ  ᠵᠦᠢᠯ ᠢ ᠥᠷᠨᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ︾᠎ ᠨᠢ ᠨᠡᠶᠢᠲᠡ 100 ᠡᠳᠦᠷ ᠢ ᠳᠠᠪᠠᠪᠠᠯ᠂ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃     ᠵᠢᠷᠭᠤᠭ᠎ᠠ᠂ ᠰᠣᠶᠣᠯ  ᠵᠢᠭᠤᠯᠴᠢᠯᠠᠯ ᠎ ᠤᠨ ᠤᠬᠠᠭᠤᠯᠭ᠎ᠠ  ᠡᠵᠡᠩᠨᠡᠨ  ᠪᠣᠷᠣᠯᠠᠭᠤᠯᠬᠤ  ᠰᠢᠰᠲ᠋ᠧᠮᠵᠢ  ᠶᠢ ᠪᠠᠶᠢᠭᠤᠯᠤᠨ᠎ᠠ     ᠤᠬᠠᠭᠤᠯᠤᠨ ᠲᠠᠨᠢᠯᠴᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠤᠬᠠᠭᠤᠯᠤᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ ᠤᠬᠠᠭᠤᠯᠭ᠎ᠠ ᠶᠢ ᠥᠷᠨᠢᠭᠦᠯᠦᠨ᠎ᠡ᠃ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠤᠨ  ᠦᠢᠯᠡᠳᠦᠯ ᠢ ᠬᠦᠢᠴᠡᠳ ᠪᠠᠳᠠᠷᠠᠭᠤᠯᠵᠤ᠂ ᠡᠵᠡᠩᠨᠡᠨ ᠪᠣᠷᠣᠯᠠᠭᠤᠯᠬᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠰᠣᠳᠣᠨ ᠵᠢᠭᠤᠯᠴᠢᠯᠠᠯ ᠤᠨ ᠵᠠᠮ ᠱᠤᠭᠤᠮ᠂ ᠣᠨᠴᠠᠯᠢᠭᠲᠤ ᠦᠢᠯᠡᠳᠬᠦᠨ ᠵᠡᠷᠭᠡ ᠶᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ︽ᠬᠠᠨ ᠲᠩᠷᠢ ᠠᠯᠠᠱᠠ︾ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ︵ᠬᠤᠷᠢᠨ ᠳᠥᠷᠪᠡ︶ ᠥᠪᠡᠰᠦᠪᠡᠨ ᠪᠠᠯᠠ ᠭᠠᠷᠭᠠᠵᠤ ᠠᠯᠠᠱᠠ ᠠᠶᠢᠮᠠᠭ ᠤᠨ ᠳᠣᠲᠣᠭᠠᠳᠤ ᠳᠤ ᠵᠣᠬᠢᠬᠤ ᠬᠡᠪᠴᠢᠶ᠎ᠡ ᠪᠠ ᠨᠥᠯᠥᠭᠡᠯᠡᠬᠦ ᠬᠦᠴᠦᠨ ᠲᠠᠢ ᠦᠵᠡᠰᠬᠦᠯᠡᠩ᠂ ᠤᠷᠤᠯᠳᠤᠭᠠᠨ᠂ ᠤᠷᠠᠨ ᠲᠣᠭᠯᠠᠯᠲᠠ᠂ ᠶᠠᠷᠢᠶᠠᠨ ᠤ ᠲᠠᠪᠴᠠᠩ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠬᠠᠭᠠᠯᠠᠨ ᠡᠷᠭᠢᠯᠡᠵᠦ᠂ ᠠᠵᠢᠯᠯᠠᠭ᠎ᠠ ᠶᠢᠨ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 5 %᠎ ᠪᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠠᠯᠠᠱᠠ ᠠᠶᠢᠮᠠᠭ ᠤᠨ ᠳᠣᠲᠣᠷᠠᠬᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠥᠪᠡᠰᠦᠪᠡᠨ ᠪᠠᠯᠠ ᠭᠠᠷᠭᠠᠵᠤ ᠤᠯᠤᠰ ᠤᠨ ᠳᠣᠲᠣᠭᠠᠳᠤ ᠭᠠᠳᠠᠭᠠᠳᠤ ᠳᠤ ᠲᠠᠨᠢᠯᠴᠠᠭᠤᠯᠬᠤ ᠬᠤᠷᠠᠯ᠂ ᠤᠬᠠᠭᠤᠯᠤᠨ ᠲᠠᠨᠢᠯᠴᠠᠭᠤᠯᠬᠤ ᠬᠤᠷᠠᠯ ᠵᠡᠷᠭᠡ ᠠᠵᠢᠯᠯᠠᠭ᠎ᠠ ᠡᠷᠭᠢᠯᠡᠬᠦ ᠳᠤ᠂ ᠠᠵᠢᠯᠯᠠᠭ᠎ᠠ ᠶᠢᠨ ᠪᠣᠳᠠᠲᠠᠶ ᠪᠠᠯᠠ ᠣᠷᠣᠭᠤᠯᠤᠯᠲᠠ ᠶᠢᠨ ᠲᠣᠭᠠᠨ ᠤ 5 %᠎ ᠪᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠬᠤᠷᠢᠨ ᠲᠠᠪᠤ︶ ᠤᠯᠤᠰ ᠤᠨ ᠲᠠᠰ᠂ ᠮᠤᠵᠢ ᠶᠢᠨ ᠲᠠᠰ ᠤᠨ ᠵᠠᠭᠤᠴᠢᠯᠠᠭᠤᠷ ᠤᠨ ᠲᠠᠪᠴᠠᠩ ᠳᠤ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠵᠠᠮ ᠱᠤᠭᠤᠮ ᠤᠨ ᠦᠢᠯᠡᠳᠬᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠣᠳᠠᠰ ᠤᠨ ᠪᠤᠰᠤ ᠰᠣᠶᠣᠯ ᠤᠨ ᠥᠪ ᠵᠡᠷᠭᠡ ᠠᠭᠤᠯᠭ᠎ᠠ ᠶᠢ ᠪᠠᠭᠲᠠᠭᠠᠭᠰᠠᠨ ᠤᠬᠠᠭᠤᠯᠭ᠎ᠠ ᠶᠢᠨ ᠵᠠᠷ ᠮᠡᠳᠡᠭᠡ ᠲᠠᠯᠪᠢᠭᠰᠠᠨ ᠠᠯᠠᠱᠠ ᠠᠶᠢᠮᠠᠭ ᠤᠨ ᠳᠣᠲᠣᠷᠠᠬᠢ ᠠᠵᠤ ᠠᠬᠤᠶᠢᠯᠠᠯ ᠢ ᠦᠷᠭᠦᠯᠵᠢᠯᠡᠨ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠪᠣᠳᠠᠲᠠᠶ ᠥᠭᠬᠦ ᠵᠣᠭᠤᠰ ᠤᠨ ᠲᠤᠭ᠎ᠠ ᠶᠢᠨ 5 % ᠪᠠ 3 %᠎ ᠪᠠᠷ ᠲᠣᠰ ᠲᠣᠰ ᠱᠠᠩᠨᠠᠵᠤ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠪᠠ 5 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠬᠤᠷᠢᠨ ᠵᠢᠷᠭᠤᠭ᠎ᠠ︶ IP ᠬᠠᠷᠢᠶ᠎ᠠ ᠭᠠᠵᠠᠷ ᠨᠢ ᠠᠯᠠᠱᠠ ᠠᠶᠢᠮᠠᠭ ᠲᠤ ᠪᠠᠶᠢᠬᠤ ᠶᠢᠨ ᠬᠠᠮᠲᠤ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠰᠠᠷ᠎ᠠ ᠪᠦᠷᠢ 5 ᠵᠤᠷᠪᠤᠰ ᠠᠴᠠ ᠳᠡᠭᠡᠭᠰᠢ ᠵᠢᠷᠤᠭ ᠪᠢᠴᠢᠯᠬᠡ ᠨᠡᠶᠢᠲᠡᠯᠡᠭᠰᠡᠨ ᠪᠥᠭᠡᠳ ᠳᠠᠭᠠᠰᠢᠶᠠᠭᠴᠢᠳ ᠤᠨ ᠳᠤᠭ᠎ᠠ ᠨᠢ 10 ᠲᠦᠮᠡ ᠠᠴᠠ ᠳᠡᠭᠡᠭᠰᠢ ᠪᠠᠶᠢᠬᠤ ᠲᠠᠩᠰᠠᠨ ᠡᠷᠦᠬᠡ ᠶᠢᠨ ᠪᠣᠳᠠᠲᠠᠶ ᠡᠵᠡᠮᠰᠢᠭᠴᠢ ᠶᠢ ᠣᠨ ᠤ ᠳᠣᠲᠣᠷ᠎ᠠ ᠨᠢᠭᠡ ᠤᠳᠠᠭ᠎ᠠ ᠶᠢᠨ ᠴᠢᠨᠠᠷᠲᠠᠶ ᠪᠠᠷ 2 ᠲᠦᠮᠡᠨ ᠲᠥᠭᠦᠷᠢᠭ ᠢᠶᠠᠷ ᠱᠠᠩᠨᠠᠨ᠎ᠠ ︵ᠬᠠᠮᠲᠤᠷᠠᠯ ᠢ 1 ᠬᠥᠮᠦᠨ ᠢᠶᠠᠷ ᠪᠤᠳᠤᠨ᠎ᠠ︶︔ ᠳᠠᠭᠠᠰᠢᠶᠠᠭᠴᠢᠳ ᠤᠨ ᠳᠤᠭ᠎ᠠ ᠨᠢ 1000 ᠲᠦᠮᠡ ᠶᠢ ᠳᠠᠪᠠᠭᠰᠠᠨ ᠰᠦᠯᠵᠢᠶᠡᠨ ᠴᠤᠤᠲᠠᠨ ᠢ ᠲᠤᠬᠠᠶ ᠶᠢᠨ ᠭᠠᠵᠠᠷ ᠲᠤᠨᠢ ᠵᠢᠷᠤᠭᠯᠠᠵᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠶᠢᠨ ᠣᠬᠤᠷ ᠸᠢᠳᠢᠣ᠋ ᠶᠢ ᠰᠡᠭᠦᠳᠡᠷᠯᠡᠭᠰᠡᠨ ᠪᠥᠭᠡᠳ ᠭᠠᠭᠴᠠ ᠸᠢᠳᠢᠣ᠋ ᠶᠢᠨ ᠮᠠᠭᠲᠠᠭᠠᠯ ᠰᠠᠶᠢᠰᠢᠶᠠᠯ ᠤᠨ ᠬᠡᠮᠵᠢᠶ᠎ᠡ ᠨᠢ 10 ᠲᠦᠮᠡ ᠠᠴᠠ ᠳᠡᠭᠡᠭᠰᠢ᠂ ᠨᠡᠪᠲᠡᠷᠡᠭᠦᠯᠬᠦ ᠬᠡᠮᠵᠢᠶ᠎ᠡ ᠨᠢ 100 ᠲᠦᠮᠡ ᠠᠴᠠ ᠳᠠᠪᠠᠭᠰᠠᠨ ᠰᠦᠯᠵᠢᠶᠡᠨ ᠤ ᠴᠤᠤᠲᠠᠨ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ 1 ᠲᠦᠮᠡᠨ ᠲᠥᠭᠦᠷᠢᠭ ᠢᠶᠠᠷ ᠱᠠᠩᠨᠠᠵᠤ᠂ ᠨᠡᠶᠢᠲᠡ 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃     ︵ᠬᠤᠷᠢᠨ ᠳᠣᠯᠤᠭ᠎ᠠ︶ ᠤᠯᠤᠰ ᠤᠨ ᠳᠣᠲᠣᠭᠠᠳᠤ ᠶᠢᠨ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ ︵ᠳᠡᠭᠡᠳᠦ ᠬᠤᠷᠳᠤ ᠶᠢᠨ ᠲᠡᠮᠦᠷ ᠵᠠᠮ ᠤᠨ ᠥᠷᠲᠡᠭᠡ︶᠂ ᠮᠠᠰᠢᠨ ᠲᠡᠷᠭᠡᠨ ᠤ ᠥᠷᠲᠡᠭᠡ ᠵᠡᠷᠭᠡ ᠨᠡᠶᠢᠲᠡ ᠶᠢᠨ ᠬᠡᠷᠡᠭᠯᠡᠭᠡᠨ ᠤ ᠣᠷᠣᠨ ᠪᠦᠰᠡ ᠵᠢᠴᠢ ᠨᠢᠰᠬᠡᠯ ᠤᠨ ᠠᠶᠠᠨᠴᠢᠳ ᠤᠨ ᠥᠷᠥᠭᠡ᠂ ᠳᠡᠭᠡᠳᠦ ᠬᠤᠷᠳᠤ ᠶᠢᠨ ᠲᠡᠮᠦᠷ ᠵᠠᠮ ᠤᠨ ᠸᠠᠭᠤᠨ᠂ ᠨᠡᠶᠢᠲᠡ ᠶᠢᠨ ᠮᠠᠰᠢᠨ ᠲᠡᠷᠭᠡᠨ ᠤ ᠸᠠᠭᠤᠨ ᠳᠤ ᠦᠷᠭᠦᠯᠵᠢᠯᠡᠨ 30 ᠡᠳᠦᠷ ᠠᠴᠠ ᠳᠤᠲᠠᠭᠤ ᠥᠬᠡᠶ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠵᠠᠷ ᠮᠡᠳᠡᠭᠡ ᠲᠠᠯᠪᠢᠭᠰᠠᠨ ᠠᠯᠠᠱᠠ ᠠᠶᠢᠮᠠᠭ ᠤᠨ ᠳᠣᠲᠣᠷᠠᠬᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠪᠣᠳᠠᠲᠠᠶ ᠥᠭᠬᠦ ᠵᠣᠭᠤᠰ ᠤᠨ ᠲᠤᠭ᠎ᠠ ᠶᠢᠨ 5 %᠎ ᠪᠠᠷ ᠱᠠᠩᠨᠠᠨ᠎ᠠ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠬᠤᠷᠢᠨ ᠨᠠᠶ᠋ᠮᠠ︶ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ᠂ ᠣᠳᠣᠨ ᠲᠠᠰ ᠤᠨ ᠪᠠᠭᠤᠳᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠣᠷᠣᠭᠤᠯᠤᠨ ᠠᠪᠴᠢᠷᠠᠭᠰᠠᠨ ᠲᠤᠰᠬᠠᠶ ᠮᠡᠷᠭᠡᠵᠢᠯ ᠤᠨ ᠪᠦᠯᠬᠦᠮ ᠨᠡᠶᠢᠲᠡ ᠠᠯᠠᠱᠠ ᠠᠶᠢᠮᠠᠭ ᠢᠶᠠᠷ ᠭᠤᠤᠯ ᠦᠵᠡᠮᠵᠢ ᠠᠪᠬᠤ ᠭᠠᠵᠠᠷ ᠪᠣᠯᠭᠠᠨ ᠰᠡᠭᠦᠳᠡᠷᠯᠡᠵᠦ᠂ ᠤᠯᠤᠰ ᠤᠨ ᠳᠣᠲᠣᠭᠠᠳᠤ ᠶᠢᠨ ᠲᠢᠶᠠᠲᠷ ᠤᠨ ᠰᠦᠯᠵᠢᠶᠡᠨ ᠳᠡᠭᠡᠷ᠎ᠡ ᠭᠠᠷᠭᠠᠬᠤ ᠪᠤᠶᠤ ᠲᠥᠪ ᠲᠧᠯᠸᠢᠰ᠂ ᠣᠳᠣᠨ ᠲᠧᠯᠸᠢᠰ ᠢᠶᠠᠷ ᠨᠡᠪᠲᠡᠷᠡᠭᠦᠯᠬᠦ ᠠᠯᠠᠱᠠ ᠠᠶᠢᠮᠠᠭ ᠤᠨ ᠳᠦᠷᠢ ᠲᠥᠷᠬᠦ ᠶᠢ ᠢᠯᠡᠷᠡᠭᠦᠯᠬᠦ ᠶᠡᠷᠦᠩᠬᠡᠶ ᠴᠠᠭ ᠨᠢ 30 ᠰᠧᠺᠦ᠋ᠨ᠋ᠳ᠋ ᠠᠴᠠ ᠳᠡᠭᠡᠭᠰᠢᠬᠢ ᠤᠤᠭᠠᠯ ᠡᠭᠦᠳᠦᠯᠲᠡ ᠶᠢᠨ ᠺᠢᠨᠣ᠋ ᠲᠧᠯᠸᠢᠰ ᠤᠨ ᠪᠦᠲᠦᠭᠡᠯ᠂ ᠶᠡᠷᠦᠩᠬᠡᠶᠢᠯᠡᠭᠰᠡᠨ ᠤᠷᠠᠯᠢᠭ ᠤᠨ ᠲᠥᠷᠥᠯ ᠤᠨ ᠫᠷᠤᠭ᠍ᠷᠠᠮ᠂ ᠪᠠᠷᠢᠮᠲᠠᠲᠤ ᠹᠢᠯᠢᠮ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ᠳᠣᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢ ᠳᠡᠮᠵᠢᠨ᠎ᠡ     ᠣᠶᠤᠨᠴᠢ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠳᠡᠮᠵᠢᠵᠦ᠂ ᠤᠯᠤᠰ ᠤᠨ ᠳᠣᠲᠣᠭᠠᠳᠤ ᠶᠢᠨ ᠨᠠᠷᠠᠲᠤ ᠳᠠᠭᠠᠭᠤᠯᠤᠭᠴᠢ ᠠᠵᠤ ᠠᠬᠤᠶᠢᠯᠠᠯ ᠪᠠ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠦᠢᠯᠡᠴᠢᠯᠡᠭᠡ ᠶᠢ ᠪᠠᠶᠠᠯᠢᠭᠵᠢᠭᠤᠯᠬᠤ ᠶᠢ ᠵᠣᠷᠢᠭᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ︽ᠡᠭᠦᠯᠡᠨ ᠳᠤ ᠭᠠᠷᠭᠠᠬᠤ᠂ ᠲᠤᠭ᠎ᠠ ᠬᠡᠷᠡᠭᠯᠡᠬᠦ᠂ ᠣᠶᠤᠨ ᠤᠬᠠᠭᠠᠨ ᠨᠡᠮᠡᠷᠢᠯᠡᠬᠦ ︾᠎ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ ︽ᠠᠮᠢᠯᠠᠭᠤᠯᠵᠤ︾᠂ ᠣᠶᠤᠨᠴᠢᠯᠠᠭᠰᠠᠨ ᠲᠠᠯᠠᠪᠤᠷ ᠤᠨ ᠬᠡᠷᠡᠭᠯᠡᠯᠲᠡ ᠶᠢ ᠠᠬᠢᠭᠤᠯᠤᠨ᠎ᠠ᠃     ︵ᠬᠤᠷᠢ ᠶᠢᠰᠦ︶ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠥᠬᠦ ᠣᠷᠣᠨ ᠪᠦᠰᠡ ᠶᠢᠨ ︽ᠣᠶᠤᠨᠴᠢ ᠰᠣᠶᠣᠯ ᠵᠢᠭᠤᠯᠴᠢᠯᠠᠯ︾᠎ ᠤᠨ ᠬᠡᠷᠡᠭᠯᠡᠭᠡᠨ ᠤ ᠰᠢᠰᠲ᠋ᠧᠮ ᠵᠢᠴᠢ ᠲᠤᠤᠷ ᠰᠦᠯᠵᠢᠶ᠎ᠡ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠳᠤ᠂ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢ 50 ᠲᠦᠮᠡᠨ ᠲᠥᠭᠦᠷᠢᠭ ᠠᠴᠠ ᠳᠤᠲᠠᠭᠤ ᠪᠠᠶᠢᠯᠭᠠᠬᠤ ᠥᠬᠡᠶ ᠲᠥᠷᠥᠯ ᠵᠦᠢᠯ ᠳᠤ ᠣᠷᠣᠭᠤᠯᠤᠯᠲᠠ ᠶᠢᠨ ᠵᠣᠭᠤᠰ ᠤᠨ ᠲᠤᠭ᠎ᠠ ᠶᠢᠨ 5 %᠎ ᠪᠠᠷ ᠨᠥᠬᠦᠪᠥᠷᠢᠯᠡᠵᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠭᠤᠴᠢ︶ ᠮᠦᠽᠧᠶ᠂ ᠨᠣᠮ ᠤᠨ ᠰᠠᠩ᠂ ᠰᠣᠶᠣᠯ ᠤᠨ ᠣᠷᠳᠣᠨ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ ᠵᠡᠷᠭᠡ ᠶᠢ ᠳᠡᠮᠵᠢᠵᠦ᠂ ᠰᠣᠶᠣᠯ ᠤᠨ ᠡᠬᠢ ᠪᠠᠶᠠᠯᠢᠭ ᠢ ᠬᠡᠷᠡᠭᠯᠡᠨ ᠭᠦᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ᠂ ᠦᠵᠡᠰᠬᠦᠯᠡᠩ᠂ ᠵᠤᠭ᠎ᠠ ᠴᠡᠩᠭᠡᠯ ᠢ ᠪᠡᠶᠡᠴᠢᠯᠡᠨ ᠣᠶᠢᠯᠠᠭᠠᠬᠤ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠲᠣᠭᠠᠴᠢᠯᠠᠭᠰᠠᠨ ᠦᠵᠡᠭᠦᠯᠦᠯᠭᠡ ᠶᠢᠨ ᠣᠷᠳᠣᠨ᠂ ᠬᠡᠶᠢᠰᠪᠦᠷᠢ ᠦᠵᠡᠮᠵᠢ ᠶᠢᠨ ᠣᠷᠣᠨ ᠵᠡᠷᠭᠡ ᠦᠢᠯᠡᠴᠢᠯᠡᠭᠡ ᠶᠢ ᠥᠷᠨᠢᠭᠦᠯᠦᠨ᠂ ᠭᠦᠨ ᠣᠶᠢᠯᠠᠭᠠᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠰᠢᠨ᠎ᠡ ᠪᠠᠶᠢᠳᠠᠯ ᠢ ᠪᠣᠶ ᠪᠣᠯᠭᠠᠵᠤ᠂ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢᠨ 5 %᠎ ᠪᠠᠷ ᠨᠥᠬᠦᠪᠥᠷᠢ ᠥᠭᠴᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠭᠤᠴᠢᠨ ᠨᠢᠭᠡ︶ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ᠂ ᠲᠣᠭᠯᠠᠯᠲᠠ ᠡᠵᠡᠩᠨᠡᠯᠲᠡ ᠶᠢᠨ ᠲᠠᠯᠠᠪᠤᠷ ᠭᠠᠵᠠᠷ ᠤᠨ  ᠳᠣᠭᠠᠴᠢᠯᠠᠬᠤ ᠬᠡᠯᠪᠡᠷᠢ ᠪᠠᠨ ᠬᠤᠪᠢᠷᠠᠭᠤᠯᠬᠤ ᠶᠢ ᠳᠠᠮᠵᠢᠵᠤ᠂ ︽ᠢᠨᠲ᠋ᠧᠷ ᠰᠦᠯᠵᠢᠶ᠎ᠡ + ᠲᠣᠭᠯᠠᠯᠲᠠ︾᠎ ᠶᠢᠨ ᠲᠠᠪᠴᠠᠩ ᠢ ᠪᠤᠢ ᠪᠣᠯᠭᠠᠵᠤ᠂ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠤᠳᠬ᠎ᠠ ᠤᠷᠠᠯᠢᠭ ᠤᠨ ᠠᠵᠢᠯᠲᠠᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠳᠤ ᠰᠦᠯᠵᠢᠶᠡᠨ ᠤ ᠦᠵᠡᠭᠦᠯᠦᠯᠭᠡ ᠥᠷᠨᠢᠭᠦᠯᠬᠦ ᠶᠢ ᠵᠣᠷᠢᠭᠵᠢᠭᠤᠯᠤᠨ᠂ ᠰᠦᠯᠵᠢᠶᠡᠨ ᠳᠡᠭᠡᠷ᠎ᠡ ᠦᠢᠯᠡᠳᠴᠦ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶ᠎ᠡ ᠶᠢᠨ ᠣᠨᠴᠠᠯᠢᠭ ᠵᠢᠮ᠎ᠡ ᠶᠣᠰᠣ ᠳᠤ ᠨᠡᠶᠢᠴᠡᠭᠰᠡᠨ᠂ ᠰᠦᠯᠵᠢᠶᠡᠨ ᠳᠡᠭᠡᠷ᠎ᠡ ᠲᠣᠭᠯᠠᠯᠲᠠ ᠭᠠᠷᠭᠠᠬᠤ᠂ ᠤᠯᠠᠮᠵᠢᠯᠠᠬᠤ᠂ ᠬᠡᠷᠡᠭᠯᠡᠭᠡ ᠬᠢᠬᠦ ᠳᠤ ᠲᠣᠬᠢᠷᠠᠬᠤ ᠨᠢᠭᠡ ᠪᠦᠯᠦᠭ ᠠᠩᠬᠠᠨ ᠤ ᠡᠭᠦᠯᠡᠨ ᠲᠣᠭᠯᠠᠯᠲᠠ ᠶᠢᠨ ᠪᠦᠲᠦᠭᠡᠭᠳᠡᠬᠦᠨ ᠢ ᠪᠤᠶᠢᠵᠢᠭᠤᠯᠵᠤ᠂ ᠪᠣᠳᠠᠲᠠᠢ ᠪᠡᠯᠡ ᠮᠥᠩᠭᠦ ᠶᠢᠨ ᠣᠷᠣᠭᠤᠯᠤᠯᠲᠠ ᠶᠢᠨ 5 %᠎ ᠪᠠᠷ ᠰᠢᠯᠢᠳᠡᠭ ᠢ ᠨᠢ ᠰᠣᠩᠭᠤᠨ ᠨᠥᠬᠦᠪᠥᠷᠢ ᠥᠭᠴᠦ᠂ ᠳᠠᠩ ᠭᠠᠭᠴᠠ ᠲᠥᠷᠥᠯ ᠵᠦᠢᠯ ᠨᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃     ᠨᠠᠢᠮᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠎ᠠ     ᠨᠡᠶᠢᠭᠡᠮ ᠤᠨ ᠬᠥᠷᠥᠩᠭᠡ ᠶᠢ ᠬᠥᠳᠥᠯᠥᠨ ᠵᠢᠯᠣᠭᠤᠳᠴᠤ ᠪᠠᠶᠢᠭᠠᠳ ᠰᠣᠶᠣᠯ ᠵᠢᠭᠤᠯᠴᠢᠯᠠᠯ ᠤᠨ ᠡᠬᠢ ᠪᠠᠶᠠᠯᠢᠭ ᠎ ᠤᠨ ᠨᠡᠭᠡᠭᠡᠯᠳᠡ ᠳᠤ ᠣᠷᠣᠯᠴᠠᠭᠤᠯᠵᠤ᠂ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠮᠥᠩᠭᠦᠨ ᠭᠦᠢᠯᠭᠡᠭᠡᠨ ᠤ ᠬᠤᠷᠰᠢᠯᠴᠠᠭ᠎ᠠ ᠶᠢ ᠴᠢᠩᠭᠠᠳᠬᠠᠨ᠎ᠠ᠃ ᠣᠯᠠᠨ ᠡᠰᠢᠵᠢᠭᠰᠡᠨ ᠪᠠᠯᠠ ᠣᠷᠣᠭᠤᠯᠵᠤ ᠪᠠᠯᠠ ᠳᠣᠭᠢᠷᠠᠭᠤᠯᠬᠤ ᠪᠠᠶᠢᠭᠤᠯᠤᠯ ᠢ ᠪᠠᠶᠢᠭᠤᠯᠵᠤ᠂ ᠪᠠᠯᠠ ᠳᠣᠭᠢᠷᠠᠭᠤᠯᠬᠤ ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠠᠯᠠ ᠣᠷᠣᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠂ ᠴᠢᠨᠠᠷ ᠰᠠᠶᠢᠲᠠᠶ ᠲᠥᠷᠥᠯ ᠵᠦᠢᠯ ᠎ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠯᠠᠱᠠ ᠠᠶᠢᠮᠠᠭ  ᠢ ᠤᠯᠤᠰ  ᠤᠨ ᠳᠣᠲᠣᠭᠠᠳᠤ ᠭᠠᠳᠠᠭᠠᠳᠤ ᠎ ᠶᠢᠨ ᠰᠣᠶᠣᠯ ᠵᠢᠭᠤᠯᠴᠢᠯᠠᠯ  ᠤᠨ ᠰᠢᠨ᠎ᠡ ᠥᠨᠳᠦᠷᠯᠢᠭ ᠪᠣᠯᠭᠠᠨ ᠪᠠᠶᠢᠭᠤᠯᠤᠨ᠎ᠠ᠃     ︵ᠭᠤᠴᠢᠨ ᠬᠤᠶᠠᠷ︶ ︽ᠡᠯᠡᠰᠦᠨ ᠴᠥᠯ ᠤᠨ ᠪᠠᠶᠠᠰᠤᠯᠲᠤ ᠶᠢᠷᠲᠢᠨᠴᠦ︾᠂ ᠡᠯᠡᠰᠦᠨ ᠴᠥᠯ ᠤᠨ ᠬᠠᠯᠠᠭᠤᠨ ᠷᠠᠰᠢᠶᠠᠨ᠂ ᠡᠯᠡᠰᠦᠨ ᠴᠥᠯ ᠤᠨ ᠭᠤᠤᠯ ᠰᠡᠳᠦᠪᠲᠦ ᠪᠠᠭᠤᠳᠠᠯ᠂ ᠡᠯᠡᠰᠦᠨ ᠱᠤᠭᠤᠮᠠᠯ ᠤᠨ ᠴᠡᠴᠡᠷᠯᠢᠭ᠂ ᠡᠯᠡᠰᠦᠨ ᠴᠥᠯ ᠤᠨ ᠳᠡᠭᠦᠵᠢᠩ ᠵᠠᠮ᠂ ᠡᠯᠡᠰᠦᠨ ᠴᠥᠯ ᠤᠨ ᠬᠤᠨᠤᠭ ᠪᠠᠭᠤᠳᠠᠯ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠭᠦᠨᠵᠡᠭᠡᠶ ᠣᠶᠢᠯᠠᠭᠠᠯᠲᠠ᠂ ᠰᠡᠯᠡᠭᠦᠴᠡᠨ ᠠᠮᠠᠷᠠᠬᠤ ᠡᠵᠡᠩᠨᠡᠯᠲᠡ ᠶᠢᠨ ᠪᠠᠶᠢᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠲᠣᠮᠣ ᠬᠡᠯᠪᠡᠷᠢ ᠶᠢᠨ ᠡᠯᠡᠰᠦᠨ ᠴᠥᠯ ᠤᠨ ᠭᠤᠤᠯ ᠰᠡᠳᠦᠪᠲᠦ ᠪᠣᠳᠠᠲᠤ ᠦᠵᠡᠮᠵᠢ ᠶᠢᠨ ᠲᠣᠭᠯᠠᠯᠲᠠ᠂ ᠪᠠᠶᠠᠷ ᠳᠤᠷᠠᠰᠬᠠᠯ ᠤᠨ ᠤᠷᠤᠯᠳᠤᠭᠠᠨ ᠤ ᠠᠵᠢᠯᠯᠠᠭ᠎ᠠ ᠶᠢ ᠳᠠᠮᠵᠢᠵᠤ᠂ ᠡᠯᠡᠰᠦᠨ ᠴᠥᠯ ᠤᠨ ᠭᠤᠤᠯ ᠰᠡᠳᠦᠪᠲᠦ ᠰᠣᠶᠣᠯ ᠵᠢᠭᠤᠯᠴᠢᠯᠠᠯ ᠤᠨ ᠲᠠᠸᠠᠷ ᠢ ᠰᠤᠳᠤᠯᠤᠨ ᠨᠡᠭᠡᠭᠡᠨ᠎ᠡ᠃ ᠨᠥᠯᠥᠭᠡᠯᠡᠬᠦ ᠬᠦᠴᠦᠨ ᠪᠦᠬᠦᠢ ᠴᠢᠬᠤᠯᠠ ᠶᠡᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠳᠤ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠬᠦᠮᠵᠢ ᠦᠵᠡᠭᠦᠯᠵᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠢ ᠳᠠᠪᠠᠭᠤᠯᠬᠤ ᠥᠬᠡᠶ᠃     ︵ᠭᠤᠴᠢᠨ ᠭᠤᠷᠪᠠ︶ ᠠᠯᠠᠱᠠ ᠠᠶᠢᠮᠠᠭ ᠲᠤ ᠴᠢᠬᠤᠯᠠ ᠶᠡᠭᠡ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠪᠣᠳᠠᠲᠠᠶᠢᠵᠢᠭᠤᠯᠤᠨ ᠬᠡᠷᠡᠭᠵᠢᠭᠦᠯᠦᠭᠰᠡᠨ ᠪᠥᠭᠡᠳ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠶᠢ ᠪᠣᠳᠠᠲᠠᠶ ᠪᠡᠶᠡᠯᠡᠭᠦᠯᠦᠭᠰᠡᠨ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠢ ᠪᠣᠳᠠᠲᠠᠶ ᠪᠡᠯᠡ ᠮᠥᠩᠭᠦ ᠶᠢᠨ ᠣᠷᠣᠭᠤᠯᠤᠯᠲᠠ ᠶᠢᠨ 10 %᠎ ᠪᠠᠷ ᠱᠠᠩᠨᠠᠨ᠎ᠠ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠭᠤᠤᠯᠳᠠᠯᠭ᠎ᠠ ᠲᠠᠢ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠳᠤ ︽ᠵᠢᠭᠡᠯᠡᠯᠭᠡ ᠶᠢᠨ ᠳᠠᠮ ᠬᠦᠦ︾ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠥᠷᠥᠯ ᠵᠦᠢᠯ᠂ ᠠᠭᠤᠰᠤᠯᠴᠠᠨ ᠵᠢᠱᠢᠶ᠎ᠡ ᠦᠵᠡᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠷᠥᠯ  ᠵᠦᠢᠯ ᠵᠡᠷᠭᠡ ᠶᠢ ᠳᠡᠮᠵᠢᠵᠦ᠂ ᠲᠠᠩ ᠭᠠᠭᠴᠠ ᠲᠥᠷᠥᠯ ᠵᠦᠢᠯ ᠤᠨ ᠳᠠᠮ ᠬᠦᠦ ᠥᠭᠬᠦ ᠵᠣᠭᠤᠰ ᠤᠨ ᠲᠤᠭ᠎ᠠ ᠶᠢ ᠲᠥᠷᠥᠯ ᠵᠦᠢᠯ ᠤᠨ ᠳᠠᠮ ᠬᠦᠦ ᠥᠭᠬᠦ ᠬᠤᠭᠤᠴᠠᠭᠠᠨ ᠳᠤ ︵ᠨᠢᠭᠡ ᠵᠢᠯ︶ ᠥᠭᠬᠦ ᠬᠦᠦ ᠮᠥᠩᠭᠦ ᠶᠢᠨ 50 %᠎ ᠠᠴᠠ ᠬᠡᠲᠦᠷᠡᠭᠦᠯᠵᠦ ᠪᠣᠯᠬᠤ ᠥᠬᠡᠶ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠠᠯᠠᠱᠠ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠺᠢᠨᠣ᠋ ᠶᠢᠨ ᠣᠷᠳᠣᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠤᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠢ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢᠨ 10 %᠎ ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ︵ᠭᠤᠴᠢᠨ ᠳᠥᠷᠪᠡ︶ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠬᠦ ᠪᠠ ᠬᠤᠶᠠᠳᠠᠬᠢ ᠬᠡᠷᠡᠭᠯᠡᠭᠡᠨ ᠤ ᠲᠥᠷᠥᠯ ᠵᠦᠢᠯ ᠢ ᠥᠷᠭᠡᠳᠬᠡᠵᠦ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠣᠶᠣᠯ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠪᠠᠶᠢᠭᠤᠯᠤᠯᠲᠠ ᠵᠡᠷᠭᠡ ᠲᠥᠷᠥᠯ ᠵᠦᠢᠯ ᠢ ᠡᠭᠦᠳᠦᠨ ᠪᠠᠶᠢᠭᠤᠯᠵᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠳᠠᠲᠠᠶ ᠪᠡᠶᠡᠯᠡᠭᠦᠯᠦᠭᠰᠡᠨ ᠪᠥᠭᠡᠳ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢᠨ 10 %᠎ ᠪᠠᠷ ᠨᠥᠬᠦᠪᠥᠷᠢ ᠥᠭᠴᠦ᠂ ᠲᠠᠩ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ᠶᠢᠰᠦ᠂ ᠲᠡᠷᠢᠭᠦᠨ ᠵᠡᠷᠭᠡ ᠶᠢᠨ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ     ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠪᠠ ᠰᠣᠶᠣᠯ ᠵᠢᠭᠤᠯᠴᠢᠯᠠᠯ ᠤᠨ ᠲᠦᠷᠦᠭᠦᠦ ᠠᠵᠤ ᠠᠬᠤᠶᠢᠯᠠᠯ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ︽ᠵᠠᠰᠠᠭ ᠤᠨ ᠣᠷᠳᠣᠨ + ᠶᠡᠭᠡ ᠳᠡᠭᠡᠳᠦ ᠰᠤᠷᠭᠠᠭᠤᠯᠢ + ᠠᠵᠤ ᠠᠬᠤᠶᠢᠯᠠᠯ︾᠎ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠵᠤ᠂ ᠠᠵᠢᠯ ᠲᠥᠷᠥᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠂ ᠡᠵᠡᠩᠨᠡᠯᠲᠡ ᠬᠠᠮᠢᠶᠠᠷᠤᠯᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠥᠷᠥᠯ ᠵᠦᠢᠯ ᠢ ᠲᠥᠰᠦᠪᠯᠡᠬᠦ᠂ ᠡᠵᠡᠩᠨᠡᠨ ᠪᠣᠷᠣᠯᠠᠭᠤᠯᠬᠤ᠂ ᠡᠵᠡᠩᠨᠡᠨ ᠬᠠᠮᠢᠶᠠᠷᠬᠤ ᠵᠡᠷᠭᠡ ᠲᠠᠯ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠣᠶᠤᠨ ᠤ ᠳᠡᠮᠵᠢᠯᠭᠡ ᠬᠠᠩᠭᠠᠨ᠎ᠠ᠃     ︵ᠭᠤᠴᠢᠨ ᠲᠠᠪᠤ︶ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠷ ᠰᠤᠳᠤᠯᠤᠭᠳᠠᠬᠤᠨ ᠪᠣᠯᠭᠠᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠤᠷᠠᠯᠢᠭ ᠤᠨ ᠤᠬᠠᠭᠠᠨ᠂ ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠪᠠ ᠵᠢᠭᠤᠯᠴᠢᠯᠠᠯ ᠤᠨ ᠰᠤᠳᠤᠯᠭᠠᠨ ᠤ ᠰᠠᠭᠤᠷᠢᠨ ᠭᠠᠵᠠᠷ ᠵᠡᠷᠭᠡ ᠱᠠᠩᠨᠠᠯ ᠤᠨ ᠵᠦᠢᠯ ᠢ ᠣᠯᠤᠭᠰᠠᠨ ᠲᠥᠷᠥᠯ ᠵᠦᠢᠯ ᠤᠨ ᠨᠢᠭᠡᠴᠡ ᠪᠤᠶᠤ ᠬᠤᠪᠢ ᠬᠥᠮᠦᠨ ᠢ ᠲᠤᠰ ᠲᠤᠰ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃     ︵ᠭᠤᠴᠢᠨ ᠵᠢᠷᠭᠤᠭ᠎ᠠ︶ ᠤᠯᠤᠰ ᠤᠨ ᠲᠡᠰ ᠤᠨ ︽ᠸᠧᠨ ᠬᠤᠸᠠ ᠱᠠᠩᠨᠠᠯ︾᠂ ︽ᠯᠢᠩᠬᠸ᠎ᠠ ᠱᠠᠩᠨᠠᠯ︾᠂ ︽ᠠᠯᠲᠠᠨ ᠬᠤᠩᠬᠤ ᠱᠠᠩᠨᠠᠯ︾᠂ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾᠂ ︽ᠭᠡᠷᠡᠯᠳᠦ ᠣᠳᠣᠳ ᠤᠨ ᠱᠠᠩᠨᠠᠯ︾᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠲᠠᠪᠤᠨ ᠨᠢᠭᠡ ᠶᠢᠨ ᠢᠨᠵᠧᠨᠧᠷᠢᠩ ᠤᠨ ᠱᠠᠩᠨᠠᠯ︾᠂ ︽ᠭᠡᠷᠡᠯᠳᠦ ᠣᠳᠣᠳ ᠤᠨ ᠱᠠᠩᠨᠠᠯ︾ ᠣᠯᠤᠭᠰᠠᠨ ᠪᠣᠯ ᠵᠣᠬᠢᠶᠠᠨ ᠪᠦᠲᠦᠭᠡᠬᠦ ᠪᠦᠯᠬᠦᠮ ᠪᠤᠶᠤ ᠬᠤᠪᠢ ᠬᠥᠮᠦᠨ ᠢ ᠲᠣᠰ ᠲᠣᠰ 20 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃     ︵ᠭᠤᠴᠢᠨ ᠳᠣᠯᠤᠭ᠎ᠠ︶ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠪᠦᠯᠬᠦᠮ ᠨᠡᠶᠢᠲᠡ ᠪᠤᠶᠤ ᠬᠤᠪᠢ ᠬᠥᠮᠦᠨ ᠢ ᠨᠢᠭᠡ ᠤᠳᠠᠭ᠎ᠠ ᠶᠢᠨ ᠴᠢᠨᠠᠷᠲᠠᠶ ᠪᠠᠷ ᠲᠣᠰ ᠲᠣᠰ 5 ᠲᠦᠮᠡᠨ ᠲᠥᠭᠦᠷᠢᠭ᠂ 3 ᠲᠦᠮᠡᠨ ᠲᠥᠭᠦᠷᠢᠭ᠂ 2 ᠲᠦᠮᠡᠨ ᠲᠥᠭᠦᠷᠢᠭ ᠢᠶᠠᠷ ᠱᠠᠩᠨᠠᠨ᠎ᠠ ︵ᠪᠦᠯᠬᠦᠮ ᠨᠡᠶᠢᠲᠡ ᠶᠢ 1 ᠬᠥᠮᠦᠨ ᠢᠶᠠᠷ ᠪᠤᠳᠤᠨ᠎ᠠ︶︔ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠵᠢᠭᠤᠯᠴᠢᠯᠠᠯ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠠᠳ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠭᠰᠡᠨ ᠵᠢᠭᠤᠯᠴᠢᠯᠠᠯ ᠤᠨ ᠠᠵᠢᠯ ᠡᠷᠭᠢᠯᠡᠭᠰᠡᠳ ᠢ ᠲᠣᠰ ᠲᠣᠰ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0 . 5 ᠲᠦᠮᠡᠨ ᠲᠥᠭᠦᠷᠢᠭ ᠢᠶᠠᠷ ᠱᠠᠩᠨᠠᠨ᠎ᠠ᠃     ︵ᠭᠤᠴᠢᠨ ᠨᠠᠢᠮᠠ︶ ᠠᠯᠠᠱᠠ ᠠᠶᠢᠮᠠᠭ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠦᠰ ᠣᠨᠴᠠ ᠳᠡᠰ᠂ ᠳᠡᠭᠡᠳᠦ ᠳᠡᠰ᠂ ᠳᠤᠮᠳᠠ ᠳᠡᠰ᠂ ᠠᠩᠬ᠎ᠠ ᠵᠡᠷᠭᠡ ᠶᠢᠨ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠰᠢᠯᠭᠠᠨ ᠠᠪᠤᠭᠰᠠᠨ ᠤ ᠳᠠᠷᠠᠭ᠎ᠠ ᠠᠯᠠᠱᠠ ᠠᠶᠢᠮᠠᠭ ᠲᠤ ᠵᠢᠭᠤᠯᠴᠢᠯᠠᠯ ᠤᠨ ᠬᠥᠲᠥᠴᠢ ᠶᠢᠨ ᠦᠢᠯᠡᠴᠢᠯᠡᠭᠡᠨ ᠡᠷᠬᠢᠯᠡᠬᠦ ᠶᠢᠨ ᠬᠠᠮᠲᠤ ᠭᠤᠷᠪᠠᠨ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠵᠤ᠂ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠲᠤᠰ ᠲᠤᠰ 3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠂ 0 . 5 ᠲᠦᠮᠡᠨ ᠲᠥᠭᠦᠷᠢᠭ ᠢᠶᠠᠷ ᠱᠠᠩᠨᠠᠨ᠎ᠠ᠃     ᠠᠷᠪᠠ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠎ᠡ     ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯᠲᠠᠨ᠂ ᠪᠠᠯᠠ ᠮᠥᠩᠭᠦ᠂ ᠭᠠᠵᠠᠷ ᠰᠢᠷᠣᠶ ᠵᠡᠷᠭᠡ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠴᠢᠨᠠᠷ ᠰᠠᠶᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ ᠲᠡᠳᠡᠨ ᠪᠣᠳᠠᠲᠠᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠴᠢᠩᠭᠠᠷᠠᠭᠤᠯᠤᠨ᠎ᠠ᠃    ︵ᠭᠤᠴᠢ ᠶᠢᠰᠦ︶ ᠭᠠᠵᠠᠷ ᠰᠢᠷᠣᠶ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠰᠣᠶᠣᠯ ᠪᠠ ᠵᠢᠭᠤᠯᠴᠢᠯᠠᠯ ᠤᠨ ᠴᠢᠬᠤᠯᠠ ᠶᠡᠭᠡ ᠵᠦᠢᠯᠡᠰ ᠢ ᠡᠩ ᠲᠡᠷᠢᠭᠦᠨ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠣᠨ ᠤ ᠭᠠᠵᠠᠷ ᠬᠡᠷᠡᠭᠯᠡᠬᠦ ᠲᠥᠯᠥᠪᠯᠡᠭᠡ ᠳᠤ ᠣᠷᠣᠭᠤᠯᠤᠨ᠎ᠠ᠃ ᠴᠡᠭ ᠬᠡᠯᠪᠡᠷᠢ ᠪᠠᠷ ᠭᠠᠵᠠᠷ ᠬᠠᠩᠭᠠᠬᠤ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠬᠦ᠂ ᠲᠦᠷᠢᠶᠡᠰᠦᠯᠡᠬᠦ ᠪᠠ ᠬᠤᠳᠠᠯᠳᠤᠬᠤ ᠶᠢ ᠤᠶᠠᠯᠳᠤᠭᠤᠯᠬᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠬᠤᠪᠢ ᠣᠷᠣᠬᠤ᠂ ᠬᠤᠯᠪᠣᠭᠠᠯᠠᠨ ᠡᠵᠡᠩᠨᠡᠬᠦ ᠵᠡᠷᠭᠡ ᠬᠡᠯᠪᠡᠷᠢ ᠪᠠᠷ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢ ᠳᠡᠮᠵᠢᠨ᠎ᠡ᠃    ︵ᠳᠥᠴᠢ︶ ᠵᠠᠮ ᠬᠠᠷᠢᠯᠴᠠᠭᠠᠨ  ᠤ ᠰᠠᠭᠤᠷᠢ ᠪᠡᠯᠡᠳᠬᠡᠮᠵᠢ ᠎ ᠶᠢᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠎ᠠ᠃ ᠰᠣᠶᠣᠯ ᠎ ᠤᠨ ᠵᠢᠭᠤᠯᠴᠢᠯᠠᠯ ᠎ ᠤᠨ ᠠᠵᠤ  ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠴᠢᠳᠠᠮᠵᠢ ᠶᠢ ᠬᠦᠢᠴᠡᠳ ᠪᠣᠳᠣᠯᠬᠢᠯᠠᠵᠤ᠂ ᠭᠠᠳᠠᠭᠠᠳᠣ ᠳᠣᠲᠣᠭᠠᠳᠤ ᠶᠢ ᠬᠤᠯᠪᠣᠭᠰᠠᠨ ᠰᠠᠭᠠᠳ ᠦᠭᠡᠶ ᠵᠢᠭᠤᠯᠴᠢᠯᠠᠯ ᠤᠨ ᠵᠠᠮ ᠬᠠᠷᠢᠯᠴᠠᠭᠠᠨ ᠤ ᠲᠤᠤᠷ ᠰᠦᠯᠵᠢᠶ᠎ᠡ ᠎ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ  ᠶᠢ ᠠᠬᠢᠭᠤᠯᠵᠤ᠂ ᠵᠠᠮ ᠬᠠᠷᠢᠯᠴᠠᠭᠠᠨ ᠤ ᠭᠤᠣᠯ ᠱᠤᠭᠤᠮ ᠬᠢᠭᠡᠳ ᠵᠢᠭᠤᠯᠴᠢᠯᠠᠯ ᠎ ᠤᠨ ᠦᠵᠡᠮᠵᠢ ᠶᠢᠨ ᠣᠷᠣᠨ᠂ ᠠᠮᠠᠷᠠᠯᠲᠠ ᠎ ᠶᠢᠨ ᠣᠷᠣᠨ ᠎ ᠤ ᠵᠣᠯᠭᠠᠯᠴᠠᠭ᠎ᠠ  ᠎ ᠶᠢ ᠴᠢᠩᠭᠠᠳᠬᠠᠵᠤ᠂ ᠵᠢᠭᠤᠯᠴᠢᠯᠠᠯ  ᠤᠨ ᠦᠵᠡᠮᠵᠢ ᠶᠢᠨ ᠣᠷᠣᠨ ᠵᠡᠷᠭᠡ ᠎ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠳᠥᠴᠢᠨ ᠨᠢᠭᠡ︶ ᠱᠠᠩᠨᠠᠯ ᠤᠨ ᠪᠡᠯᠡ ᠮᠥᠩᠭᠦ ᠶᠢ ᠠᠯᠠᠱᠠ ᠠᠶᠢᠮᠠᠭ ᠤᠨ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠵᠢᠯ ᠪᠦᠷᠢ 3000 ᠲᠦᠮᠡᠨ ᠲᠥᠭᠦᠷᠢᠭ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠡᠳᠬᠦᠨ ᠱᠠᠩᠨᠠᠬᠤ ᠳᠤ ᠬᠡᠷᠡᠭᠯᠡᠨ᠎ᠡ᠃ ᠡᠯ᠎ᠡ ᠬᠤᠰᠢᠭᠤ ︵ᠣᠷᠣᠨ︶᠎ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠨᠡ ᠬᠦ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ ᠭᠠᠭᠴᠠ ᠵᠦᠢᠯ ᠤᠨ ᠱᠠᠩᠨᠠᠯ ᠨᠥᠬᠦᠪᠥᠷᠢ ᠪᠤᠶᠤ ᠶᠡᠷᠦᠩᠬᠡᠶᠢᠯᠡᠭᠰᠡᠨ ᠴᠢᠨᠠᠷᠲᠠᠶ ᠱᠠᠩᠨᠠᠯ ᠨᠥᠬᠦᠪᠥᠷᠢ ᠲᠣᠬᠢᠷᠠᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃    ︵ᠳᠥᠴᠢᠨ ᠬᠤᠶᠠᠷ︶ ︽ᠤᠷᠢᠳᠠᠪᠠᠷ ᠱᠠᠩᠨᠠᠵᠤ ᠳᠠᠷᠠᠭ᠎ᠠ ᠨᠢ ᠨᠥᠬᠦᠪᠥᠷᠢ ᠥᠭᠬᠦ ᠶᠢ ᠬᠡᠷᠡᠭᠵᠢᠭᠦᠯᠬᠦ︾᠂ ︽ᠥᠨᠳᠥᠷ ᠪᠠᠶᠢᠯᠭᠠᠬᠤ ᠠᠴᠠ ᠪᠢᠰᠢ ᠳᠤᠤᠷ᠎ᠠ ᠪᠠᠶᠢᠯᠭᠠᠬᠤ ᠦᠬᠡᠢ︾ ᠪᠠᠶᠢᠬᠤ ᠵᠠᠷᠴᠢᠮ ᠢ ᠪᠠᠷᠢᠮᠲᠠᠯᠠᠵᠤ᠂ ᠳᠠᠪᠬᠤᠷᠳᠠᠭᠤᠯᠤᠨ ᠱᠠᠩᠨᠠᠬᠤ ᠦᠭᠡᠶ᠂ ᠳᠡᠭᠡᠷᠡᠬᠢ ᠪᠤᠶ ᠪᠦᠬᠦᠢ ᠱᠠᠩᠨᠠᠯ ᠤᠨ ᠮᠥᠩᠭᠦ ᠳᠤ ᠴᠥᠮ ᠭᠠᠶᠢᠯᠢ ᠪᠠᠭᠲᠠᠨ᠎ᠠ᠃ ︽ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ︾᠎ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠲᠦᠷᠦᠭᠦᠯᠡᠨ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ ᠶᠢ ᠲᠣᠭᠲᠠᠭᠠᠬᠤ᠂ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠬᠤ᠂ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠵᠤ᠂ ᠠᠯᠠᠱᠠ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠮᠥᠷᠳᠡᠨ ᠬᠡᠷᠡᠭᠯᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃    ︵ᠳᠥᠴᠢᠨ ᠭᠤᠷᠪᠠ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ ᠴᠥᠮ ᠱᠠᠩᠨᠠᠯ ᠨᠥᠬᠦᠪᠥᠷᠢ ᠥᠭᠬᠦ ᠦᠭᠡᠶ᠃ ᠪᠠᠷᠢᠮᠲᠠ ᠶᠢ ᠬᠤᠳᠠᠯ ᠢᠶᠠᠷ ᠮᠡᠳᠡᠭᠦᠯᠬᠦ᠂ ᠭᠡᠷ᠎ᠡ ᠶᠢ ᠬᠤᠳᠠᠯ ᠢᠶᠠᠷ ᠵᠣᠬᠢᠶᠠᠬᠤ᠂ ᠳᠠᠪᠬᠤᠷᠳᠠᠭᠤᠯᠤᠨ ᠮᠡᠳᠡᠭᠦᠯᠬᠦ ᠵᠡᠷᠭᠡ ᠵᠦᠢ ᠪᠤᠰᠤ ᠠᠷᠭ᠎ᠠ ᠪᠠᠷᠢᠯ ᠢ ᠬᠡᠷᠡᠭᠯᠡᠨ ᠱᠠᠩᠨᠠᠵᠤ ᠲᠤᠰᠠᠯᠠᠬᠤ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠲᠤᠬᠠᠶ ᠶᠢᠨ ᠵᠢᠯ ᠵᠢᠴᠢ ᠳᠠᠷᠠᠭ᠎ᠠ ᠵᠢᠯ ᠤᠨ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠶ ᠪᠣᠯᠭᠠᠵᠤ᠂ ᠨᠢᠭᠡᠨᠲᠡ ᠣᠯᠭᠤᠭᠰᠠᠨ ᠪᠡᠯᠡ ᠮᠥᠩᠭᠦ ᠶᠢ ᠬᠠᠤᠯᠢ ᠶᠣᠰᠣᠭᠠᠷ ᠨᠡᠬᠡᠮᠵᠢᠯᠡᠨ ᠪᠤᠴᠠᠭᠠᠯᠭᠠᠵᠤ᠂ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃    ︵ᠳᠥᠴᠢᠨ ᠳᠥᠷᠪᠡ︶ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠬᠦᠨᠳᠦ ᠶᠡᠭᠡ ᠦᠢᠯᠡ ᠠᠵᠢᠯᠯᠠᠭ᠎ᠠ ᠠᠴᠠ ᠪᠣᠯᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠶᠢᠴᠠᠭᠠᠨ ᠰᠢᠢᠳᠪᠦᠷᠢᠯᠡᠭᠰᠡᠨ ᠪᠤᠶᠤ ᠨᠡᠯᠢᠶᠡᠳ ᠶᠡᠭᠡ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠭᠠᠷᠴᠤ ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠤᠶᠤ ᠣᠨ ᠤ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠢᠶᠠᠷ ᠳᠣᠭᠳᠠᠭᠠᠭᠳᠠᠭᠰᠠᠨ ᠪᠤᠶᠤ ᠣᠨ ᠤ ᠳᠣᠲᠣᠷ᠎ᠠ ᠳᠡᠭᠡᠳᠦ ᠱᠠᠲᠤᠨ ᠤ ᠵᠢᠭᠤᠯᠴᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷ᠎ᠠ ᠳᠠᠩᠰᠠ ᠳᠤ ᠣᠷᠣᠭᠰᠠᠨ ᠠᠵᠤ ᠠᠬᠤᠶᠢᠯᠠᠯ ᠤᠨ ᠲᠤᠰ ᠵᠢᠯ ᠤᠨ ᠮᠡᠳᠡᠭᠦᠯᠬᠦ ᠬᠢᠷᠢ ᠬᠡᠮ ᠢ ᠨᠢ ᠴᠥᠮ ᠬᠦᠴᠦᠨ ᠦᠭᠡᠶ ᠪᠣᠯᠭᠠᠵᠤ᠂ ᠨᠢᠭᠡᠨᠲᠡ ᠣᠯᠭᠤᠭᠰᠠᠨ ᠪᠡᠯᠡ ᠮᠥᠩᠭᠦ ᠶᠢ ᠬᠠᠤᠯᠢ ᠶᠣᠰᠣᠭᠠᠷ ᠨᠡᠬᠡᠮᠵᠢᠯᠡᠨ ᠠᠪᠴᠢᠷᠠᠨ᠎ᠠ᠃    ︵ᠳᠥᠴᠢᠨ ᠲᠠᠪᠤ︶ ᠲᠣᠰ ᠠᠷᠭ᠎ᠠ ᠬᠡᠮᠵᠢᠶ᠎ᠡ ᠶᠢ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠂ ᠬᠦᠴᠦᠨ ᠲᠠᠢ ᠬᠤᠭᠤᠴᠠᠭ᠎ᠠ ᠨᠢ 3 ᠵᠢᠯ᠂ 1 ᠵᠢᠯ ᠳᠣᠷᠰᠢᠨ ᠭᠡᠷᠡᠭᠵᠢᠬᠦᠯᠦᠨ᠎ᠡ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠣᠳᠠᠲᠠᠶ ᠪᠠᠶᠢᠳᠠᠯ ᠢ ᠦᠨᠳᠦᠰᠦᠯᠡᠨ ᠲᠠᠰᠤᠷᠠᠯᠲᠠ ᠥᠬᠡᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ ᠪᠣᠯᠤᠨ᠎ᠠ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃     ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号