ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠳᠤ ᠣᠷᠣᠯᠴᠠᠭᠰᠠᠳ ᠤᠨ ᠰᠤᠷᠪᠤᠯᠵᠢᠯᠠᠭ᠎ᠠ ︵ᠨᠢᠭᠡ︶
ᠨᠡᠶᠢᠲᠡᠯᠡᠭᠰᠡᠨ ᠴᠠᠭ᠄
2023/7/12
    ᠭᠡᠷᠡᠯ ᠰᠠᠴᠤᠷᠠᠩᠭᠤᠢ ᠦᠢᠯᠡᠰ ᠲᠥᠯᠥᠪᠵᠢᠭᠦᠯᠬᠦ ᠠᠴᠠ ᠡᠬᠢᠯᠡᠨ᠎ᠡ︔ ᠬᠥᠭᠵᠢᠯᠲᠡ ᠶᠢ ᠲᠦᠷᠭᠡᠳᠬᠡᠬᠦ ᠳᠤ ᠪᠣᠳᠠᠲᠠᠢ ᠠᠵᠢᠯᠯᠠᠬᠤ ᠳᠤ ᠪᠠᠶᠢᠨ᠎ᠠ᠃ 7 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠷᠠᠯ ᠳᠤ ᠣᠷᠣᠯᠴᠠᠭᠰᠠᠳ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠠᠭᠤᠰᠤᠯᠴᠠᠭᠤᠯᠵᠦ᠂ ᠰᠢᠨ᠎ᠡ ᠠᠶᠠᠨ ᠳᠠᠭᠠᠨ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ ᠲᠥᠪᠯᠡᠷᠡᠭᠦᠯᠵᠦ᠂ ᠠᠮᠵᠢᠯᠲᠠ ᠪᠦᠲᠦᠮᠵᠢ ᠭᠠᠷᠭᠠᠬᠤ ᠪᠠᠷ ᠬᠦᠴᠦᠯᠡᠨ ᠴᠢᠷᠮᠠᠶᠢᠨ᠎ᠠ ᠭᠡᠵᠡᠭᠡᠪᠡ᠃     ᠴᠡᠭᠡ ᠪᠣᠭᠤᠮᠲᠠ ᠶᠢᠨ ᠠᠵᠤ ᠠᠬᠤᠢ ᠶᠢᠨ ᠨᠡᠬᠡᠬᠡᠯᠳᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠥᠷᠡᠨ᠄ ︽ᠪᠢᠳᠡ ᠤᠶᠤᠨ ᠤᠬᠠᠭᠠᠨ ᠬᠦᠴᠦᠨ ᠴᠢᠳᠠᠯ ᠣᠯᠭᠤᠬᠤ᠂ ᠲᠤᠨᠤᠭ ᠲᠥᠬᠦᠭᠡᠷᠦᠮᠵᠢ ᠤᠳᠤ ᠦᠶ᠎ᠡ ᠶᠢᠨ᠂ ᠬᠢᠨᠠᠯᠲᠠ ᠬᠠᠮᠢᠶᠠᠷᠤᠯᠲᠠ ᠥᠨᠳᠥᠷ ᠪᠦᠲᠦᠮᠵᠢᠲᠡᠢ᠂ ᠦᠢᠯᠡᠴᠢᠯᠡᠭᠡ ᠲᠡᠷᠢᠭᠦᠨ ᠵᠡᠷᠭᠡ ᠶᠢᠨ᠂ ᠠᠭᠤᠰᠤᠯᠴᠠᠨ ᠬᠥᠭᠵᠢᠬᠦ ᠵᠡᠷᠭᠡ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢᠨ ᠲᠣᠭᠤᠷᠢᠨ ᠳᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠪᠦᠳᠦᠭᠡᠨ ᠪᠠᠶᠢᠭᠤᠯᠤᠯᠲᠠ ᠶᠢᠨ ᠲᠥᠰᠦᠯ ᠢ ᠲᠦᠷᠭᠡᠨ ᠨᠠᠶᠢᠷᠠᠭᠤᠯᠤᠨ ᠵᠣᠬᠢᠶᠠᠵᠤ᠂ ᠪᠣᠭᠤᠮᠲᠠ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠ ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ᠂ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠭᠦᠢᠯᠭᠡᠭᠡ ᠵᠢᠴᠢ ᠮᠡᠳᠡᠭᠡ ᠵᠠᠩᠭᠢᠵᠢᠯᠲᠠ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠣᠭᠤᠮᠲᠠ ᠶᠢᠨ ᠠᠴᠢᠶᠠᠯᠠᠬᠤ ᠦᠢᠯᠡᠴᠢᠯᠡᠭᠡᠨ ᠤ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ︿ᠨᠢᠭᠡ ᠪᠦᠰᠡ ᠨᠢᠭᠡ ᠵᠠᠮ﹀  ᠳᠤ ᠨᠡᠩ ᠰᠠᠶᠢᠲᠤᠷ ᠦᠢᠯᠡᠴᠢᠯᠡᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠦᠳᠦᠭᠡᠨ ᠪᠠᠶᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠬᠡᠨ ᠤ ᠵᠠᠭᠪᠤᠷ ᠲᠤ ᠰᠢᠨ᠎ᠡ ᠶᠢ ᠡᠭᠦᠳᠦᠨ᠂ ᠪᠣᠭᠤᠮᠲᠠ ᠪᠠᠷ ᠥᠩᠭᠡᠷᠡᠭᠦᠯᠬᠦ ᠪᠠᠶᠢᠴᠠᠭᠠᠨ ᠰᠢᠯᠭᠠᠬᠤ ᠴᠤᠪᠤᠷᠠᠯ ᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠴᠠᠭ ᠢ ᠪᠣᠭᠤᠨᠢᠰᠬᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠰᠦᠢᠳᠬᠡᠯ ᠬᠤᠷᠢᠶᠠᠬᠤ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠵᠢᠱᠢᠶ᠎ᠡ ᠦᠵᠡᠭᠦᠯᠬᠦ ᠪᠣᠭᠤᠮᠲᠠ ᠶᠢ ᠬᠦᠴᠦᠯᠡᠨ ᠪᠠᠶᠢᠭᠤᠯᠤᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠠᠶᠢᠭᠤᠯᠵᠤ᠂ ᠡᠷᠴᠢᠮ ᠢᠶᠠᠨ ᠴᠢᠩᠭᠠᠷᠠᠭᠤᠯᠵᠤ ᠪᠠᠶᠢᠭᠠᠳ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠳᠣᠯᠠᠨ᠎ᠠ︾ ᠬᠡᠪᠡ᠃     ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠᠩ ᠴᠢᠩ ᠵᠢᠢ᠄ ︽ᠪᠢᠳᠠ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ︿ᠰᠦᠪᠡᠭᠴᠢᠯᠡᠬᠦ᠂ ᠭᠦᠶᠦᠬᠦ᠂ ᠠᠵᠢᠭᠯᠠᠬᠤ᠂ ᠨᠠᠶᠢᠳᠠᠪᠤᠷᠢᠵᠢᠭᠤᠯᠬᠤ᠂ ᠲᠡᠳᠬᠦᠬᠦ﹀ ᠪᠠᠷ ᠠᠷᠭ᠎ᠠ ᠬᠡᠮᠵᠢᠶ᠎ᠡ ᠪᠣᠯᠭᠠᠵᠤ᠂ ︿ᠲᠠᠪᠤᠨ ᠶᠡᠭᠡ ᠡᠭᠦᠷᠭᠡ﹀ ᠶᠢ ᠦᠷ᠎ᠡ ᠪᠦᠲᠦᠮᠵᠢ ᠭᠠᠷᠭᠠᠬᠤ ᠪᠠᠷ ᠦᠷᠭᠦᠯᠵᠢᠯᠡᠨ ᠬᠦᠴᠦᠯᠡᠵᠦ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ︿ᠰᠢᠨ᠎ᠡ ᠡᠨᠧᠷᠭᠢ +﹀ ᠠᠵᠤ ᠦᠢᠯᠡᠰ ᠤᠨ ᠪᠦᠲᠦᠴᠡ ᠶᠢ ᠲᠦᠷᠬᠡᠨ ᠪᠤᠵᠠᠭᠠᠶᠢᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ︾ ᠭᠡᠪᠡ᠃ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠶᠢᠨ ᠾᠧ᠄ ︽ᠪᠢᠳᠡ ᠬᠡᠷᠡᠭᠯᠡᠭᠡ ᠶᠢ ᠬᠦᠴᠦᠯᠡᠨ ᠬᠥᠭᠵᠢᠭᠡᠬᠦ ᠪᠠ ᠰᠡᠷᠭᠦᠭᠡᠵᠦ᠂ ᠡᠯ᠎ᠡ ᠬᠤᠰᠢᠭᠤ ᠣᠷᠣᠨ ᠤ ᠭᠤᠤᠯ ᠪᠣᠯᠬᠤ ᠠᠷᠠᠯᠵᠢᠶ᠎ᠠ ᠬᠤᠳᠠᠯᠳᠤᠭᠠᠨ ᠤ ᠵᠡᠭᠡᠯᠢ ᠶᠢ ᠲᠦᠰᠢᠭᠯᠡᠨ᠂ ᠠᠮᠲᠠᠲᠤ ᠢᠳᠡᠭᠡᠨ ᠢᠶᠠᠷ ᠭᠤᠤᠯ ᠰᠡᠳᠦᠪ ᠪᠣᠯᠭᠠᠭᠰᠠᠨ ᠭᠤᠶᠢᠳᠠ ᠰᠠᠶᠢᠬᠠᠨ ᠰᠥᠨᠢ ᠶᠢᠨ ᠵᠠᠬ᠎ᠠ ᠳᠡᠯᠭᠡᠭᠦᠷ᠂ ᠦᠨᠦᠷ ᠠᠮᠲᠠᠲᠤ ᠰᠥᠨᠢ ᠶᠢᠨ ᠢᠳᠡᠭᠡᠨ ᠤ ᠠᠵᠢᠯᠯᠠᠭ᠎ᠠ ᠶᠢ ᠡᠷᠭᠢᠯᠡᠵᠦ᠂ ᠣᠨᠴᠠᠯᠢᠭᠲᠤ ᠭᠠᠳᠠᠭᠰᠢ ᠳᠡᠯᠭᠡᠨ ᠲᠠᠯᠪᠢᠭᠰᠠᠨ ᠲᠥᠪᠯᠡᠷᠡᠯ ᠤᠨ ᠣᠷᠣᠨ ᠢ ᠡᠭᠦᠳᠦᠨ ᠪᠠᠶᠢᠭᠤᠯᠬᠤ᠂ ᠠᠭᠤᠰᠤᠯᠴᠠᠭᠰᠠᠨ ᠰᠢᠭᠤᠳ ᠨᠡᠪᠲᠡᠷᠡᠭᠦᠯᠭᠡ᠂ ᠲᠢᠺ ᠲᠣᠺ᠂ ᠸᠢᠴᠠᠲ ᠤᠨ ᠵᠢᠵᠢᠭ ᠫᠷᠤᠭ᠍ᠷᠠᠮ ᠵᠡᠷᠭᠡ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢᠶᠠᠷ ᠳᠠᠮᠵᠢᠭᠤᠯᠤᠨ ᠮᠠᠨ ᠤ ᠠᠶᠢᠮᠠᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠠᠩ ᠰᠠᠶᠢᠨ ᠦᠢᠯᠡᠴᠢᠯᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠣᠯᠠᠨ ᠠᠷᠭ᠎ᠠ ᠵᠠᠮ ᠢᠶᠠᠷ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠵᠤ ᠠᠰᠢᠭᠯᠠᠨ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠭᠠᠳᠠᠭᠰᠢᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠪᠡ᠃     ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠲᠢᠶᠠᠨ ᠶᠤᠸᠠᠨ᠄ ︽ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ︿ᠨᠠᠮ ᠤᠨ ᠪᠠᠶᠢᠭᠤᠯᠤᠯᠲᠠ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠪᠠᠷ ᠭᠠᠷᠳᠠᠴᠠ ᠪᠣᠯᠭᠠᠵᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠳᠤᠮᠳᠠ ᠣᠯᠠᠨ ᠲᠦᠮᠡᠨ ᠪᠠ ᠠᠵᠤ ᠠᠬᠤᠶᠢᠯᠠᠯ ᠤᠨ ᠪᠠᠴᠢᠮ ᠬᠦᠴᠢᠷᠳᠡᠯ ᠪᠠ ᠰᠠᠨᠠᠭᠠᠰᠢᠷᠠᠯ ᠬᠦᠰᠡᠯ ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠬᠦ ᠶᠢ ᠨᠠᠩ ᠴᠢᠬᠤᠯᠠᠴᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠯᠭᠠᠭᠠᠳ᠂ ᠪᠢᠳᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠪᠠ 12345 ᠤᠲᠠᠰᠤ ᠶᠢᠨ ᠠᠷᠠᠳ ᠤᠨ ᠣᠶᠤᠨ ᠤᠬᠠᠭᠠᠨ ᠢ ᠲᠥᠪᠯᠡᠷᠡᠭᠦᠯᠵᠦ᠂ ᠠᠷᠠᠳ ᠤᠨ ᠠᠰᠠᠭᠤᠯᠲᠠ ᠶᠢ ᠬᠠᠷᠢᠭᠤᠯᠵᠤ᠂ ᠠᠷᠠᠳ ᠤᠨ ᠵᠣᠪᠠᠨᠢᠯ ᠢ ᠠᠷᠢᠯᠭᠠᠬᠤ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃     ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠠᠯᠳ᠋ᠬᠠᠭᠤᠯᠠ᠄ ︽ᠡᠨᠡ ᠵᠢᠯ ᠪᠣᠯ ᠮᠠᠨ ᠤ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠮᠥᠩᠭᠦ ᠣᠷᠣᠭᠤᠯᠤᠨ ᠠᠪᠴᠢᠷᠠᠬᠤ ᠶᠠᠰᠤ ᠴᠢᠨᠠᠷ ᠢ ᠳᠡᠭᠡᠭᠰᠢᠯᠡᠭᠦᠯᠬᠦ ᠣᠨ ᠪᠣᠯᠤᠨ᠎ᠠ᠂ ᠳᠤᠤᠷ᠎ᠠ ᠬᠠᠭᠠᠰ ᠵᠢᠯ ᠳᠤ ᠪᠢᠳᠡ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠨ ᠬᠡᠯᠬᠢᠶ᠎ᠡ ᠶᠢᠨ ᠭᠤᠤᠯ ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠪᠥᠬᠦ ᠵᠢᠯ ᠳᠤ ᠲᠥᠷᠥᠯ ᠵᠦᠢᠯ ᠣᠷᠣᠭᠤᠯᠤᠨ ᠠᠪᠴᠢᠷᠠᠬᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠡᠭᠡ ᠬᠡᠮᠵᠢᠶ᠎ᠡ ᠪᠠᠷ ᠨᠡᠮᠡᠭᠳᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ ᠂ ᠪᠢᠳᠠ ᠪᠠᠰᠠ ᠪᠦᠬᠦ ᠠᠶᠢᠮᠠᠭ ᠤᠨ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠵᠦ᠂ ᠢᠷᠭᠠᠢ ᠪᠠᠶᠠᠠᠬᠤᠳᠠ ᠶᠢᠨ ᠰᠠᠯᠪᠤᠷᠢ ᠱᠤᠭᠤᠮ ᠤᠨ ᠲᠡᠮᠦᠷ ᠵᠠᠮ ᠢ ᠵᠢᠯ ᠤᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠵᠤ᠂ ᠵᠢᠯ ᠤᠨ ᠪᠡᠯᠡ ᠣᠷᠣᠭᠤᠯᠤᠯᠲᠠ 10 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠠᠶᠢᠨ᠎ᠠ᠃ ᠴᠡᠭᠡ ᠪᠣᠭᠤᠮᠲᠠ ᠶᠢᠨ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ ᠪᠠ ᠯᠢᠨ ᠾᠧ ᠴᠡᠭᠡ ᠲᠡᠮᠦᠷ ᠵᠠᠮ ᠤᠨ ᠳᠠᠪᠬᠤᠷ ᠱᠤᠭᠤᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠬᠡᠷᠡᠭᠵᠢᠭᠦᠯᠬᠦ ᠠᠵᠢᠯ ᠢ ᠢᠳᠡᠪᠬᠢᠲᠡᠢ ᠠᠬᠢᠭᠤᠯᠤᠨ᠎ᠠ᠃ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨᠡᠬᠢ ᠡᠯ᠎ᠡ ᠵᠦᠢᠯ ᠤᠨ ᠠᠵᠢᠯ ᠢ ᠲᠦᠷᠬᠡᠨ ᠪᠡᠶᠡᠯᠡᠭᠦᠯᠵᠦ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠠᠯᠠᠱᠠ ᠪᠠᠷᠠᠭᠤᠨ ᠬᠤᠰᠢᠭᠤ ᠪᠣᠯᠤᠨ ᠡᠵᠡᠨ᠎ᠡ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ ᠲᠥᠷᠥᠯ ᠵᠦᠢᠯ ᠢ ᠠᠬᠢᠭᠤᠯᠬᠤ ᠡᠷᠴᠢᠮ ᠢ ᠴᠢᠩᠭᠠᠷᠠᠭᠤᠯᠤᠨ᠎ᠠ︾ ᠭᠡᠪᠡ᠃     ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠮᠠ ᠵᠤᠤ ᠹᠧᠩ᠄ ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠴᠢᠳᠠᠯ ᠬᠤᠷᠠᠮᠳᠤᠭᠤᠯᠵᠤ᠂ ᠢᠲᠡᠭᠡᠯ ᠵᠣᠷᠢᠭ ᠢ ᠬᠥᠪᠴᠢᠯᠡᠪᠡ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠣᠯᠭ᠎ᠠ ᠠᠴᠠ ᠠᠪᠴᠤ ᠬᠡᠯᠡᠪᠡᠯ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠴᠢᠩᠭ᠎ᠠ ᠬᠦᠴᠦᠲᠡᠢ ᠤᠯᠤᠰ ᠲᠦᠷᠦ ᠶᠢᠨ ᠬᠢᠨᠠᠯᠲᠠ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠠᠳᠣᠯᠠᠨ᠎ᠠ᠃ ᠬᠦᠴᠦᠨ ᠢᠶᠠᠨ ᠲᠥᠪᠯᠡᠷᠡᠭᠦᠯᠦᠨ ᠰᠤᠷᠲᠠᠯ ᠢᠶᠠᠨ ᠬᠤᠪᠢᠷᠠᠭᠤᠯᠵᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ︿ᠤᠳᠠᠭᠠᠨ ᠪᠦᠳᠦᠭᠦᠯᠢᠭ ᠰᠤᠯᠠ ᠵᠠᠳᠠᠭᠠᠢ﹀ ᠪᠠ ︿ᠠᠯᠵᠠᠭᠤ ᠬᠤᠶᠢᠷᠭᠤ ᠰᠤᠯᠠ ᠵᠠᠳᠠᠭᠠᠢ﹀ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠦ ᠶᠢᠨ ᠣᠷᠴᠢᠨ ᠢ ᠤᠯᠠᠮ ᠨᠢᠭᠡ ᠠᠯᠬᠤᠮ ᠪᠤᠢ ᠪᠣᠯᠭᠠᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ︾ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号