ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠳᠤ ᠣᠷᠣᠯᠴᠠᠭᠰᠠᠳ ᠤᠨ ᠰᠤᠷᠪᠤᠯᠵᠢᠯᠠᠭ᠎ᠠ ︵ᠬᠤᠶᠠᠷ︶
ᠨᠡᠶᠢᠲᠡᠯᠡᠭᠰᠡᠨ ᠴᠠᠭ᠄
2023/7/13
    ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠵᠤ᠂ ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠣᠷᠣᠨ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠤᠷ᠎ᠠ ᠬᠠᠭᠠᠰ ᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠳᠤ ᠣᠷᠣᠯᠴᠠᠭᠰᠠᠳ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢ ᠠᠬᠢᠭᠤᠯᠵᠤ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ ᠭᠡᠵᠡᠭᠡᠪᠡ᠃     ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠹᠧᠩ ᠶᠢᠩ ᠽᠦᠨ᠄ ︽ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠲᠥᠪ ᠭᠤᠤᠯᠴᠢ ᠶᠢ ᠠᠳᠬᠤᠨ ᠲᠦᠭᠡᠮᠡᠯ ᠠᠰᠢᠭ ᠬᠦᠷᠲᠡᠭᠡᠬᠦ ᠶᠢ ᠠᠬᠢᠭᠤᠯᠵᠤ᠂ ᠠᠭᠤᠯᠤᠭᠳᠠᠬᠤᠨ ᠢ ᠠᠳᠬᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠠᠳᠬᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠡᠭᠦᠨ ᠤ ᠬᠠᠮᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠲᠤ ᠴᠣᠭᠴᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠲᠠᠯ᠎ᠠ ᠪᠠᠷ ᠲᠠᠰᠤᠷᠠᠯᠳᠠ ᠦᠭᠡᠢ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠣᠨ᠎ᠠ︾ ᠭᠡᠪᠠ᠃    ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠹᠠ ᠴᠢᠤᠸᠠᠨ᠄ ︽ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠠᠯᠠᠱᠠ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢᠶᠠᠷ ᠦᠨᠡᠯᠡᠭᠳᠡᠭᠰᠡᠨ ᠢᠶᠠᠷ ᠠᠵᠠ ᠲᠣᠬᠢᠶᠠᠯ ᠪᠣᠯᠭᠠᠨ᠂ ᠴᠢᠷᠮᠠᠶᠢᠨ ᠠᠵᠢᠯᠯᠠᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠣᠳᠠᠲᠠᠶ ᠪᠥᠭᠡᠳ ᠲᠥᠷᠥᠭᠳᠡᠯ ᠲᠠᠢ ᠪᠣᠯᠭᠠᠵᠤ ᠪᠦᠲᠦᠮᠵᠢᠲᠡᠶ ᠪᠠᠲᠤ ᠴᠣᠭᠴᠠᠯᠠᠨ᠎ᠠ᠂ ᠬᠦᠯᠢᠶᠡᠨ ᠠᠪᠤᠭᠴᠢᠳ ᠤᠨ ᠲᠥᠷᠥᠭᠳᠡᠯ᠂ ᠠᠵᠢᠯ ᠤᠨ ᠪᠦᠲᠦᠮᠵᠢᠲᠡᠶ ᠬᠠᠷᠠᠯᠲᠠ ᠶᠢ ᠠᠴᠢᠶᠠᠯᠠᠭᠴᠢ ᠪᠠᠷ ᠢᠯᠡ ᠪᠣᠯᠭᠠᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠣᠭᠰᠢᠬᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠬᠦᠯᠦᠨ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠬᠦᠯᠦᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠬᠡᠪᠡ᠃     ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠭᠠᠨ᠎ᠠ᠄ ︽ᠪᠢᠳᠡ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠶᠢ ᠰᠠᠶᠢᠲᠤᠷ ᠲᠥᠯᠥᠪᠯᠡᠵᠦ᠂ ᠡᠷᠬᠢᠨ ᠲᠣᠭᠤᠷᠢᠨ ᠤ ᠮᠤᠵᠢ ᠬᠤᠲᠠ ᠯᠤᠭ᠎ᠠ ᠬᠠᠮᠲᠤᠷᠠᠯᠴᠠᠬᠤ ᠲᠠᠯ᠎ᠠ ᠪᠠᠷ ᠬᠦᠴᠦ ᠣᠷᠣᠭᠤᠯᠤᠨ᠂ ᠡᠮᠦᠨᠡᠲᠦ ᠤᠮᠠᠷᠠᠲᠤ ᠨᠡᠪᠲᠡᠷᠡᠬᠦ ᠵᠠᠮ ᠳᠡᠭᠡᠷ᠎ᠡ 3 ᠵᠤᠷᠪᠤᠰ ᠨᠡᠪᠲᠡᠷᠡᠬᠦ ᠵᠠᠮ ᠢ ᠲᠥᠰᠦᠪᠯᠡᠨ ᠪᠥᠲᠥᠭᠡᠨ ᠪᠠᠶᠢᠭᠤᠯᠵᠤ᠂ ᠴᠡᠭᠡ ᠪᠣᠭᠤᠮᠲᠠ ᠠᠴᠠ ᠡᠮᠦᠨᠡᠰᠢ ᠤᠯᠤᠰ ᠤᠨ ᠵᠠᠮ ᠳᠠᠭᠠᠤ 213 ᠪᠠ ᠮᠤᠵᠢ ᠶᠢᠨ ᠵᠠᠮ 228 ᠶᠢ ᠾᠧᠰᠢ ᠶᠢᠨ ᠬᠤᠩᠭᠢᠯ ᠲᠠᠢ ᠬᠤᠯᠪᠣᠨ ᠨᠡᠪᠲᠡᠷᠡᠭᠦᠯᠵᠦ᠂ ᠥᠯᠵᠡᠶ ᠪᠣᠭᠤᠮᠲᠠ ᠠᠴᠠ ᠵᠡᠭᠦᠨ ᠡᠮᠦᠨᠡᠰᠢ ᠤᠯᠤᠰ ᠤᠨ ᠵᠠᠮ ᠳᠠᠭᠠᠤ 626 ᠪᠠ ᠤᠯᠤᠰ ᠤᠨ ᠵᠠᠮ 629 ᠶᠢ ᠨᠢᠩᠰᠢᠶᠠ ᠲᠠᠢ ᠬᠤᠯᠪᠣᠨ ᠨᠡᠪᠲᠡᠷᠡᠭᠦᠯᠵᠦ᠂ ᠥᠯᠵᠡᠶ ᠪᠣᠭᠤᠮᠲᠠ ᠠᠴᠠ ᠡᠮᠦᠨᠡᠰᠢ ᠮᠤᠵᠢ ᠶᠢᠨ ᠵᠠᠮ ᠳᠠᠭᠠᠤ 618 ᠪᠠ ᠤᠯᠤᠰ ᠤᠨ ᠵᠠᠮ 569 ᠶᠢ ᠾᠧᠰᠢ ᠶᠢᠨ ᠬᠤᠩᠭᠢᠯ ᠲᠠᠢ ᠬᠤᠯᠪᠣᠨ ᠨᠡᠪᠲᠡᠷᠡᠭᠦᠯᠵᠦ᠂ ︿ᠨᠢᠭᠡ ᠪᠦᠰᠡ ᠨᠢᠭᠡ ᠵᠠᠮ﹀ ᠪᠠ ︿ᠪᠠᠷᠠᠭᠤᠨ ᠬᠡᠰᠡᠭ ᠤᠨ ᠡᠬᠡ ᠬᠠᠭᠤᠷᠠᠶ ᠲᠡᠯᠡᠶ ᠶᠢᠨ ᠰᠢᠨ᠎ᠡ ᠨᠡᠪᠲᠡᠷᠡᠬᠦ ᠵᠠᠮ﹀ ᠲᠠᠢ ᠬᠤᠯᠪᠣᠨ᠎ᠠ᠃ ᠪᠢᠳᠡ ᠦᠵᠡᠯᠲᠡ ᠪᠠᠨ ᠦᠨᠡᠨᠬᠦ ᠰᠢᠨᠡᠳᠬᠡᠵᠦ᠂ ᠰᠤᠷᠲᠠᠯ ᠢᠶᠠᠨ ᠰᠠᠶᠢᠵᠢᠷᠠᠭᠤᠯᠵᠤ᠂ ︿ᠤᠳᠠᠭᠠᠨ ᠮᠥᠷᠲᠡᠭᠡᠨ ᠪᠦᠳᠦᠭᠦᠯᠢᠭ﹀᠂ ︿ᠦᠬᠡᠨᠴᠡ ᠮᠥᠷᠲᠡᠭᠡᠨ ᠠᠯᠵᠠᠭᠤ﹀᠂ ︿ᠬᠡᠶᠢᠰᠪᠦᠷᠢ ᠮᠥᠷᠲᠡᠭᠡᠨ ᠲᠠᠷᠠᠬᠠᠶ﹀ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︿ᠳᠣᠯᠤᠭ᠎ᠠ ᠶᠢ ᠲᠠᠶᠠᠭᠳᠠᠬᠤ﹀ ᠶᠢ ᠡᠷᠡᠰ ᠪᠡᠶᠡᠯᠡᠭᠦᠯᠵᠦ᠂ ᠺᠠᠳ᠋ᠷ ᠤᠨ ᠡᠩᠨᠡᠭᠡᠨ ᠤ ᠤᠯᠤᠰ ᠲᠥᠷᠥ ᠶᠢᠨ ᠴᠢᠳᠠᠪᠤᠷᠢ ᠪᠠ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠳᠤᠤᠷ᠎ᠠ ᠬᠠᠭᠠᠰ ᠵᠢᠯ ᠤᠨ ᠠᠵᠢᠯ ᠢᠶᠠᠨ ᠨᠠᠩ ᠰᠠᠶᠢᠲᠤᠷ ᠬᠢᠨ᠎ᠠ︾ ᠭᠡᠪᠡ᠃     ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠽᠧᠩ ᠯᠢᠩ ᠭᠤᠸᠠᠩ᠄ ︽ᠪᠥᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠵᠤ᠂ ᠡᠷᠡᠭᠦᠯ ᠡᠩᠬᠡ ᠠᠯᠠᠱᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠡᠭᠡᠵᠢᠩ᠂ ᠢᠷᠭᠠᠶ᠂ ᠯᠠᠨᠵᠧᠤ ᠵᠡᠷᠭᠡ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠷ ᠳᠠᠮᠵᠢᠭᠤᠯᠤᠨ᠂ ᠲᠠᠪᠴᠠᠩᠳᠤ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ᠂ ᠡᠮᠴᠢ ᠰᠤᠪᠢᠯᠠᠭᠴᠢ ᠶᠢᠨ ᠪᠣᠯᠪᠠᠰᠤᠷᠠᠯ ᠪᠠ ᠦᠢᠯᠡᠴᠢᠯᠡᠬᠡᠨ ᠤ ᠪᠠᠲᠤᠯᠠᠭ᠎ᠠ ᠶᠢ ᠴᠢᠩᠭᠠᠳᠬᠠᠵᠤ᠂ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠤᠨ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠬᠡᠨ ᠤ ᠴᠢᠳᠠᠪᠤᠷᠢ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ︾ ᠬᠡᠪᠡ᠃     ᠵᠠᠬᠢᠷᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠲᠠᠩ ᠪᠥᠸᠧ᠄ ︽ᠵᠠᠬᠢᠷᠭ᠎ᠠ ᠶᠢᠨ ᠠᠯᠪᠠᠨ ᠬᠡᠷ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠠᠯᠪᠠᠨ ᠬᠡᠷ ᠤᠨ ᠠᠵᠢᠯ ᠤᠨ ᠡᠭᠦᠷᠭᠡ ᠴᠢᠳᠠᠪᠬᠢ ᠪᠣᠯᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠣᠭᠤᠶᠢᠯᠠᠨ ᠬᠤᠸᠠᠩ ᠱᠦᠵᠢ ᠶᠢᠨ ᠶᠠᠷᠢᠶᠠᠨ ᠳᠠᠭᠠᠨ ᠳᠤᠷᠠᠳᠤᠭᠰᠠᠨ ︿ᠨᠠᠩ ᠶᠡᠭᠡ ᠵᠣᠷᠢᠭ ᠰᠢᠭᠤᠳᠴᠤ ᠦᠵᠡᠯᠲᠡ ᠪᠠᠨ ᠰᠢᠨᠡᠳᠬᠡᠵᠦ᠂ ᠰᠤᠷᠲᠠᠯ ᠢᠶᠠᠨ ᠬᠤᠪᠢᠷᠠᠭᠤᠯᠬᠤ﹀ ᠲᠣᠭᠤᠷᠢᠨ ᠳᠤ᠂ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠥᠰᠦᠯ ᠲᠣᠭᠲᠠᠭᠠᠵᠤ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ︿ᠳᠥᠷᠪᠡᠨ ᠦᠵᠡᠯᠲᠡ﹀ ᠶᠢ ᠦᠨᠡᠨ ᠬᠦ ᠰᠠᠶᠢᠲᠤᠷ ᠪᠣᠶ ᠪᠣᠯᠭᠠᠵᠤ᠂ ︿ᠭᠤᠷᠪᠠᠨ ᠠᠰᠠᠭᠤᠳᠠᠯ﹀ ᠢ ᠰᠠᠶᠢᠲᠤᠷ ᠰᠢᠢᠳᠪᠦᠷᠢᠯᠡᠵᠦ᠂ ᠰᠠᠭᠤᠵᠤ ᠳᠡᠶᠢᠯᠬᠦ ᠥᠬᠡᠶ᠂ ᠤᠳᠠᠭᠠᠰᠢᠷᠠᠭᠤᠯᠵᠤ ᠪᠣᠯᠬᠤ ᠥᠬᠡᠶ᠂ ᠬᠦᠯᠢᠶᠡᠵᠦ ᠳᠡᠶᠢᠯᠬᠦ ᠥᠬᠡᠶ ᠳᠣᠯᠭᠠᠮ᠎ᠠ ᠪᠣᠳᠣᠯ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠢᠶᠠᠨ ᠨᠠᠷᠢᠯᠢᠭ ᠬᠢᠨ᠎ᠠ  ︾ ᠬᠡᠪᠡ᠃     ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠵᠠᠩ ᠶᠦᠩ ᠮᠢᠩ᠄ ︽ᠪᠢᠳᠡ ᠶᠡᠭᠡ ᠬᠦᠴᠦ ᠣᠷᠣᠭᠤᠯᠵᠤ ᠪᠠᠶᠢᠭᠠᠳ ᠤᠰᠤᠨ ᠤ ᠡᠬᠢ ᠰᠤᠷᠪᠤᠯᠵᠢ ᠶᠢ ᠨᠡᠭᠡᠭᠡᠨ ᠠᠷᠪᠢᠯᠠᠬᠤ ᠠᠷᠭ᠎ᠠ ᠪᠠᠷ ᠳᠠᠮᠵᠢᠭᠤᠯᠤᠨ ᠮᠠᠨ ᠤ ᠠᠶᠢᠮᠠᠭ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ  ᠰᠢᠢᠳᠪᠦᠷᠢᠯᠡᠨ᠎ᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠤᠨ ᠠᠯᠠᠱᠠ ᠠᠶᠢᠮᠠᠭ ᠤᠨ ᠤᠰᠤ ᠬᠦᠷᠲᠡᠬᠦ ᠣᠷᠣᠨ ᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠣᠯᠤᠨ ᠢᠨᠵᠧᠨᠧᠷᠢᠩ ᠤᠨ ᠲᠥᠯᠥᠪᠵᠢᠭᠦᠯᠭᠡ ᠶᠢ ᠪᠠᠭᠲᠠᠭᠠᠭᠰᠠᠨ ᠪᠦᠬᠦ ᠠᠶᠢᠮᠠᠭ ᠤᠨ ᠤᠰᠤᠨ ᠲᠣᠣᠷ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠠᠶᠢᠮᠠᠭ ᠤᠨ ᠬᠠᠷ᠎ᠠ ᠭᠤᠣᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠤᠯᠠᠭᠠᠨᠪᠤᠬ᠎ᠠ ᠡᠯᠡᠰᠦᠨ ᠴᠥᠯ ᠤᠨ ᠠᠮᠢ ᠠᠬᠤᠶ ᠶᠢᠨ ᠤᠰᠤ ᠲᠠᠲᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠵᠡᠷᠭᠡ ᠶᠢ ᠰᠠᠶᠢᠲᠤᠷ ᠬᠢᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠵᠤ ᠂ ᠠᠯᠠᠱᠠ ᠶᠢᠨ ᠢᠨᠵᠧᠨᠧᠷᠢᠩ ᠤᠨ ᠤᠰᠤ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ︾ ᠬᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号