ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠳᠤ ᠣᠷᠣᠯᠴᠠᠭᠰᠠᠳ ᠤᠨ ᠰᠤᠷᠪᠤᠯᠵᠢᠯᠠᠭ᠎ᠠ ︵ᠭᠤᠷᠪᠠ︶
ᠨᠡᠶᠢᠲᠡᠯᠡᠭᠰᠡᠨ ᠴᠠᠭ᠄
2023/7/14
   ᠠᠶᠢᠮᠠᠭ ᠤᠨ ᠨᠠᠮ ᠤᠨ ᠬᠤᠷᠢᠶ᠎ᠠ ᠶᠢᠨ  ︵ᠥᠷᠭᠡᠳᠬᠡᠭᠰᠡᠨ︶ ᠬᠤᠷᠠᠯ ᠨᠢ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠦᠷᠢᠶ᠎ᠡ ᠶᠢ ᠬᠠᠩᠭᠢᠨᠠᠭᠤᠯᠵᠤ᠂ ᠬᠤᠷᠠᠯ ᠤᠨ ᠵᠣᠷᠢᠭ ᠰᠠᠨᠠᠭ᠎ᠠ ᠨᠢ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠬᠤᠷᠠᠯ ᠳᠤ ᠣᠷᠣᠯᠴᠠᠭᠰᠠᠳ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠣᠶᠤᠨ ᠰᠠᠨᠠᠭᠠᠨ ᠤ ᠳᠦᠷᠰᠦ ᠪᠠᠶᠢᠳᠠᠯ᠂ ᠯᠠᠪᠳᠠᠭᠤᠨ ᠪᠦᠲᠦᠮᠵᠢᠲᠡᠶ ᠪᠣᠳᠠᠲᠠᠶ ᠠᠷᠭ᠎ᠠ ᠬᠡᠮᠵᠢᠶ᠎ᠡ ᠪᠠᠷ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠶ ᠢᠯᠡᠳᠬᠡᠵᠡᠭᠡᠪᠡ᠃    ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠷᠧᠨ ᠵᠢᠶᠦ᠋ᠨ ᠴᠢᠩ᠄ ︽ᠪᠢᠳᠡ ᠠᠵᠤ ᠠᠬᠤᠶ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠠᠵᠤ ᠠᠬᠤᠶ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠦᠭᠵᠢᠷᠡᠯ ᠤᠨ ᠴᠡᠭ ᠬᠤᠷᠢᠭ᠎ᠠ ᠴᠡᠭ ᠢ ᠨᠡᠪᠲᠡᠷᠡᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠬᠢᠶᠠᠯ ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠠᠵᠤ ᠦᠶ᠋ᠯᠡᠳᠪᠦᠷᠢ ᠶᠢᠨ ᠪᠦᠲᠦᠮᠵᠢᠲᠡᠶ ᠪᠠᠯᠠ ᠣᠷᠣᠭᠤᠯᠤᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠦᠢᠯᠡᠰ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠲᠠᠰᠤᠷᠠᠯᠲᠠ ᠥᠬᠡᠶ ᠠᠬᠢᠭᠤᠯᠤᠨ᠎ᠠ︾ ᠭᠡᠪᠡ᠃    ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠧᠩ ᠱᠧᠩ ᠯᠢ᠄ ︽ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠠᠷᠢᠨ ᠣᠨᠣᠪᠴᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠲᠣᠭᠤᠷᠢᠨ ᠰᠢᠭᠦᠬᠦ ᠲᠢᠩᠬᠢᠮ ᠵᠡᠷᠭᠡ ︿ᠳᠥᠷᠪᠡᠨ ᠭᠠᠵᠠᠷ ᠨᠢᠭᠡ ᠲᠢᠩᠬᠢᠮ﹀ ᠤᠨ ᠬᠠᠮᠵᠢᠯᠴᠠᠬᠤ ᠵᠣᠬᠢᠴᠠᠮᠵᠢ ᠶᠢ ᠤᠯᠠᠮ ᠨᠢᠭᠡ ᠠᠯᠬᠤᠮ ᠰᠢᠨᠡᠴᠢᠯᠡᠵᠦ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠪᠦᠬᠦ ᠠᠶᠢᠮᠠᠭ ᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠢᠳᠠᠯ ᠳᠤ ᠬᠦᠴᠦᠨ ᠨᠡᠮᠡᠷᠢᠯᠡᠨ᠎ᠡ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠩ ᠥᠨᠳᠥᠷ ᠲᠦᠪᠰᠢᠨ ᠪᠥᠬᠦᠶ ᠬᠠᠣᠯᠢᠵᠢᠭᠰᠠᠨ ᠠᠯᠠᠱᠠ ᠶᠢ ᠴᠢᠷᠮᠠᠶᠢᠨ ᠪᠠᠶᠢᠭᠤᠯᠤᠨ᠎ᠠ︾ ᠭᠡᠪᠡ᠃    ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠸᠠᠩ ᠬᠤᠶ᠄ ︽ᠠᠵᠢᠯᠴᠢᠨ ᠤ ᠡᠪᠯᠡᠯ ᠤᠨ ᠪᠥᠬᠦ ᠺᠠᠳ᠋ᠷ ᠠᠵᠢᠯᠲᠠᠨ ᠠᠵᠢᠯᠴᠢᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠷᠬᠡ ᠪᠠᠨ ᠬᠠᠮᠠᠭᠠᠯᠠᠬᠤ ᠪᠠ ᠭᠤᠤᠯ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠬᠦᠢᠴᠡᠳᠬᠡᠵᠦ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠥᠷᠭᠡᠨ ᠣᠯᠠᠨ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ ᠠᠵᠢᠯᠴᠢᠨ ᠤ ᠡᠪᠯᠡᠯ ᠤᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︿ᠤᠳᠠᠭᠠᠨ ᠪᠥᠭᠡᠳ ᠪᠦᠳᠦᠭᠦᠯᠢᠭ﹀ ᠳᠠᠳᠬᠠᠯ ᠢᠶᠠᠨ ᠲᠠᠶᠠᠭᠳᠠᠵᠤ᠂ ︿ᠲᠦᠷᠭᠡᠨ ᠪᠥᠭᠡᠳ ᠨᠠᠷᠢᠯᠢᠭ ᠪᠣᠳᠠᠲᠠᠶ﹀ ᠪᠠᠶᠢᠬᠤ ᠲᠤᠯᠭᠠᠮ᠎ᠠ ᠱᠠᠭᠠᠷᠳᠠᠯᠭ᠎ᠠ ᠶᠢ ᠪᠣᠶ ᠪᠣᠯᠭᠠᠵᠤ᠂ ᠦᠵᠡᠯᠲᠡ ᠪᠠᠨ ᠬᠤᠪᠢᠷᠠᠭᠤᠯᠬᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠬᠦ ᠶᠢ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ ᠢᠯᠡᠷᠡᠬᠦᠯᠦᠨ᠎ᠡ︾ ᠭᠡᠪᠡ᠃    ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ ᠵᠠᠩ ᠲᠤᠤ᠄ ︽ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ ᠂ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠭᠤᠷᠪᠠ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ᠂ ᠨᠠᠮ ᠪᠣᠯᠤᠨ ᠵᠠᠰᠠᠭ ᠤᠨ ᠣᠷᠳᠣᠨ ᠤ ᠲᠠᠷᠢᠶᠠᠴᠢᠳ ᠲᠠᠢ ᠨᠢᠭᠲᠠ ᠬᠠᠷᠢᠯᠴᠠᠬᠤ ᠬᠤᠯᠪᠣᠭᠠᠰᠤ ᠪᠣᠯᠬᠤ ᠪᠠᠷ ᠴᠢᠷᠮᠠᠶᠢᠨ᠎ᠠ︾ ᠭᠡᠪᠡ᠃    ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠭᠦᠸᠧ ᠴᠢᠩ᠄ ︽ᠪᠢᠳᠡ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠠᠵᠤ ᠠᠬᠤᠶᠢᠯᠠᠯ ᠤᠨ ᠠᠩᠬᠠᠷᠴᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠣᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ ᠰᠠᠶᠢᠲᠤᠷ ᠨᠠᠶᠢᠳᠠᠪᠣᠷᠢᠵᠢᠭᠤᠯᠵᠦ᠂ ᠮᠠᠨ ᠤ ᠠᠶᠢᠮᠠᠭ ᠤᠨ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠢ ᠡᠷᠲᠡ ᠡᠬᠢᠯᠡᠭᠦᠯᠵᠦ᠂ ᠡᠷᠲᠡ ᠨᠠᠶᠢᠳᠠᠪᠤᠷᠢᠵᠢᠭᠤᠯᠤᠨ᠂ ᠡᠷᠲᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠠᠯᠤᠰ ᠡᠵᠡᠮᠰᠢᠯ ᠢᠶᠠᠷ ᠤᠨᠳᠤᠤ ᠭᠠᠵᠠᠷ ᠲᠤ ᠳᠠᠭᠠᠭᠠᠴᠢᠯᠠᠯᠲᠠ ᠦᠨᠡᠯᠡᠬᠦ᠂ ᠰᠡᠵᠢᠭᠲᠡᠶ ᠤᠨᠳᠤᠤ ᠰᠠᠨᠠᠯ ᠪᠠ ᠵᠠᠭᠠᠯᠳᠤᠯᠭ᠎ᠠ ᠶᠢ ᠰᠢᠢᠳᠪᠦᠷᠢᠯᠡᠬᠦ᠂ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠠᠵᠢᠯᠯᠠᠭᠠᠨ ᠵᠡᠷᠭᠡ ᠲᠠᠯ᠎ᠠ ᠪᠠᠷ ᠬᠠᠮᠢᠶ᠎ᠠ ᠪᠥᠬᠦᠶ ᠲᠦᠷᠢᠮ ᠲᠣᠭᠲᠠᠭᠠᠯ ᠢ ᠪᠦᠷᠢᠨᠰᠢᠬᠦᠯᠵᠦ᠂ ᠠᠷᠠᠯᠵᠢᠶᠠᠨ ᠤ ᠴᠤᠪᠤᠷᠠᠯ ᠢ ᠰᠢᠯᠤᠭᠤᠳᠬᠠᠨ᠎ᠠ᠃ ᠡᠯᠧᠺᠲᠷᠣᠨᠵᠢᠭᠦᠯᠬᠦ᠂ ᠴᠠᠭᠠᠰᠤ ᠬᠡᠷᠡᠭᠯᠡᠬᠦ ᠥᠬᠡᠶ ᠴᠢᠳᠠᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠯᠳᠠᠰᠢ ᠶᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠭᠠᠨ ᠦᠨᠡᠯᠡᠬᠦ ᠠᠵᠢᠯ ᠤᠨ ᠲᠠᠰ ᠳᠡᠪᠰᠢᠬᠦ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ︾ ᠭᠡᠪᠡ᠃    ᠠᠯᠠᠱᠠ ᠪᠣᠭᠤᠮᠲᠠ ᠶᠢᠨ ᠨᠠᠮ ᠤᠨ ᠬᠤᠷᠢᠶᠠᠨ ᠤ ᠱᠦᠵᠢ᠂ ᠪᠣᠭᠤᠮᠲᠠ ᠶᠢᠨ ᠳᠠᠷᠤᠭ᠎ᠠ ᠯᠢᠦ ᠱᠢ ᠶᠤᠸᠠᠨ᠄ ︽ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠠᠯᠠᠱᠠ ᠪᠣᠭᠤᠮᠲᠠ ᠠᠵᠤ ᠠᠬᠤᠶᠢᠯᠠᠯ ᠳᠤ ᠲᠤᠰᠠᠯᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠳᠤ ᠬᠦᠴᠦᠨ ᠨᠡᠮᠡᠷᠢᠯᠡᠵᠦ᠂ ᠭᠠᠳᠠᠭᠠᠳᠤ ᠠᠴᠠ ᠣᠷᠣᠭᠤᠯᠬᠤ ᠠᠶᠤᠯᠲᠠᠶ ᠬᠢᠮᠢ ᠶᠢᠨ ᠪᠣᠳᠠᠰ ᠢ ᠰᠢᠯᠭᠠᠨ ᠪᠠᠶᠢᠴᠠᠭᠠᠬᠤ ᠵᠠᠭᠪᠤᠷ ᠤᠨ ᠥᠭᠡᠷᠡᠴᠢᠯᠡᠯᠲᠡ ᠶᠢ ᠥᠷᠨᠢᠭᠦᠯᠪᠡ᠃ ᠳᠤᠤᠷ᠎ᠠ ᠬᠠᠭᠠᠰ ᠵᠢᠯ ᠳᠤ᠂ ᠠᠯᠠᠱᠠ ᠪᠣᠭᠤᠮᠲᠠ ᠶᠢᠨ ᠪᠥᠬᠦ ᠺᠠᠳ᠋ᠷ ᠠᠵᠢᠯᠲᠠᠨ ᠠᠵᠢᠯᠴᠢᠨ ︿ᠦᠨᠡᠨᠴᠢ ᠰᠢᠳᠤᠷᠭᠤ ᠶᠢ ᠪᠣᠶ ᠪᠣᠯᠭᠠᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠤᠯᠤᠰ ᠤᠨ ᠡᠭᠦᠳᠡ ᠶᠢ ᠰᠠᠬᠢᠬᠤ᠂ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠲᠡᠮᠡᠴᠡᠬᠦ﹀ ᠠᠵᠢᠯ ᠤᠨ ᠱᠠᠭᠠᠷᠳᠠᠯᠭ᠎ᠠ ᠶᠣᠰᠣᠭᠠᠷ ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠮᠠᠨ ᠤ ᠠᠶᠢᠮᠠᠭ ᠤᠨ ᠭᠠᠳᠠᠭᠠᠳᠣ ᠳᠤ ᠴᠢᠭᠯᠡᠬᠦᠯᠦᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号