2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠣᠣᠱᠯᠠᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠮ ᠤᠨ | ᠬᠤᠷᠢᠳᠤᠭᠠᠷ ᠶᠡᠭᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ | ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠪᠠᠶᠢᠳᠠᠯ ᠢ ᠰᠢᠨᠵᠢᠯᠡᠬᠦ | ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠪᠥᠬᠦ ᠨᠡᠮᠡᠭᠳᠡᠯ ᠤᠨ ᠡᠯᠧᠮᠧᠨ᠋ᠲ ᠢ ᠣᠨᠣᠪᠴᠢᠲᠠᠶ ᠡᠷᠢᠵᠦ᠂ | ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ | ᠤᠷᠤᠭᠰᠢᠯᠠᠯᠲᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠶ᠃ 2023 ᠣᠨ ᠳᠤ ᠪᠥᠬᠦ ᠠᠶᠢᠮᠠᠭ ᠤᠨ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠠᠳᠠᠯᠢ ᠬᠤᠭᠤᠴᠠᠭᠠᠨ ᠤ ᠬᠢ ᠠᠴᠠ 7 % ᠪᠠᠷ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ | 50% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ | ᠬᠤᠭᠤᠴᠠᠭᠠᠨ ᠤ ᠬᠢ ᠠᠴᠠ 7 % ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 3 % ᠪᠠᠷ ᠨᠡᠮᠡᠭᠳᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ | ᠠᠵᠤ ᠠᠬᠤᠶ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠡᠷᠴᠢᠮ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠭᠦᠢᠴᠡᠳᠭᠡᠯ ᠲᠤᠭ᠎ᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠳᠣᠣᠷᠠᠬᠢ ᠲᠠᠪᠤᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠪᠠᠲᠤᠳᠬᠠᠵᠤ᠂ ᠲᠠᠪᠤᠨ ᠶᠡᠭᠡ ᠡᠭᠦᠷᠭᠡ ᠶᠢ | ᠨᠠᠶᠢᠳᠠᠪᠤᠷᠢᠵᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠶᠢ ᠬᠦᠴᠦᠯᠡᠨ ᠠᠬᠢᠭᠤᠯᠤᠨ᠎ᠠ | ︵ᠨᠢᠭᠡ︶ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠮᠢ ᠠᠬᠤᠢ ᠶᠢᠨ | ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠬᠦᠯᠦᠨ᠂ ᠪᠦᠬᠦ ᠠᠶᠢᠮᠠᠭ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ | ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠬᠦᠯᠦᠨ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ | ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠦᠷᠨᠢᠬᠦᠯᠦᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠨᠢᠭᠡᠳᠦᠯᠲᠡᠢ | ᠳᠦᠯᠦᠪᠵᠢᠬᠦᠯᠦᠨ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠥᠯᠡᠷᠬᠡᠭ ᠢ ᠶᠡᠷᠦᠩᠬᠡᠶᠢᠯᠡᠨ ᠵᠠᠰᠠᠬᠤ ᠲᠥᠷᠥᠯ | ᠵᠦᠢᠯ ᠢ ᠬᠡᠷᠡᠭᠵᠢᠬᠦᠯᠬᠦ ᠶᠢ ᠳᠦᠷᠭᠡᠳᠬᠡᠵᠦ᠂ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ | ᠬᠤᠶᠠᠳᠤᠭᠠᠷ ᠬᠤᠭᠤᠴᠠᠭ᠎ᠠ᠂ ᠠᠯᠠᠱᠠ ᠠᠭᠤᠯᠠ ᠶᠢᠨ ᠠᠮᠢ ᠠᠬᠤᠶ ᠶᠢ ᠵᠠᠰᠠᠵᠤ ᠰᠡᠷᠭᠦᠭᠡᠬᠦ᠂ ᠤᠯᠠᠭᠠᠨᠪᠤᠬ᠎ᠠ ᠡᠯᠡᠰᠦᠨ | ᠴᠥᠯ ᠤᠨ ᠠᠮᠢ ᠠᠬᠤᠶ ᠶᠢᠨ ᠪᠢᠲᠡᠭᠦᠮᠵᠢᠯᠡᠬᠦ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠭᠢᠭᠤᠯᠣᠨ᠂ 43 ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ | ᠵᠦᠢᠯ ᠢ ᠭᠡᠷᠡᠭᠵᠢᠬᠦᠯᠵᠦ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠳᠤ ᠳᠣᠷᠠᠳᠣᠭᠰᠠᠨ ᠵᠦᠢᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠡᠷᠡᠰ ᠰᠠᠶᠢᠲᠤᠷ ᠠᠳᠬᠤᠵᠦ᠂ ᠠᠯᠠᠱᠠ ᠠᠭᠤᠯᠠ ᠶᠢᠨ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠪᠠ 2022 ᠣᠨ ᠤ ᠤᠯᠤᠰ ᠤᠨ ᠰᠡᠷᠡᠮᠵᠢᠯᠡᠭᠦᠯᠬᠦ ᠹᠢᠯᠢᠮ ᠳᠤ ᠲᠤᠰᠬᠠᠭᠰᠠᠨ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠠᠬᠢᠭᠤᠯᠣᠨ᠂ ᠬᠠᠲᠤᠨ ᠭᠤᠤᠯ ᠤᠨ ᠰᠠᠪᠠ ᠭᠠᠵᠠᠷ ᠤᠨ ᠡᠯ᠎ᠡ | ᠲᠥᠷᠥᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠵᠢᠷᠣᠮᠵᠢᠭᠤᠯᠣᠨ᠂ ᠪᠠᠷᠠᠭᠤᠨ ᠣᠷᠣᠨ ᠤ | ᠴᠦᠯᠯᠡᠷᠭᠡᠭᠵᠢᠯ ᠢ ᠵᠠᠰᠠᠵᠤ ᠬᠠᠮᠠᠭᠠᠯᠠᠬᠤ ᠵᠢᠱᠢᠶ᠎ᠡ ᠦᠵᠡᠭᠦᠯᠬᠦ ᠵᠠᠭᠪᠤᠷ ᠢ ᠴᠢᠷᠮᠠᠶᠢᠨ ᠡᠭᠦᠳᠦᠨ᠎ᠡ᠃ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠵᠤ | ᠰᠢᠯᠭᠠᠨ ᠬᠢᠨᠠᠬᠤ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠂ ᠣᠶ ᠰᠢᠭᠤᠶ ᠨᠣᠳᠤᠭ ᠪᠡᠯᠴᠢᠭᠡᠷ ᠨᠤᠭᠤ | ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃ ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠤᠨ ᠠᠵᠢᠯ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠰᠤᠨ ᠤ ᠠᠮᠢ ᠠᠬᠤᠶ ᠶᠢᠨ | ᠵᠠᠰᠠᠯᠲᠠ ᠪᠠ ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ︽ | ᠳᠥᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ︾ ᠢ ᠴᠡᠭᠴᠡᠯᠡᠬᠦ ᠠᠵᠢᠯ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ | ᠭᠦᠨᠵᠡᠭᠡᠶ ᠠᠬᠢᠭᠤᠯᠵᠤ᠂ ᠬᠠᠲᠤᠨ ᠭᠤᠤᠯ᠂ ᠬᠠᠷ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ | ᠪᠠ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠥᠷᠥᠰᠥ ᠰᠢᠷᠣᠶ ᠶᠢ ᠬᠠᠮᠠᠭᠠᠯᠠᠵᠤ ᠵᠠᠰᠠᠬᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠬᠦᠬᠡ | ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠢᠯ | ᠲᠦᠷᠦᠯ ᠤᠨ ᠪᠣᠬᠢᠷᠲᠤᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠣᠯᠤᠨ | ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠠᠬᠢᠭᠤᠯᠵᠤ᠂ ᠳᠡᠭᠳᠡᠮᠡᠯ ᠲᠣᠭᠤᠰᠣᠨ ᠤ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠨᠡᠭᠦᠳᠡᠯ ᠡᠬᠢᠳᠤ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠪᠣᠬᠢᠷᠲᠤᠯᠳᠤ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠴᠡᠩᠭᠡᠭ ᠤᠰᠤ ᠶᠢ ᠬᠠᠮᠠᠭᠠᠯᠠᠬᠤ | ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠵᠤ ᠵᠠᠰᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠬᠠᠲᠤᠨ ᠭᠤᠤᠯ᠂ ᠬᠠᠷ᠎ᠠ ᠭᠤᠤᠯ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ | ᠵᠠᠰᠠᠬᠤ ᠶᠢ ᠴᠢᠩᠭᠠᠳᠬᠠᠵᠤ᠂ ᠬᠤᠲᠠ ᠪᠠᠯᠭᠠᠰᠤ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠪᠠᠷᠢᠮᠵᠢᠶ᠎ᠠ ᠳᠤ ᠬᠦᠷᠦᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ | ᠪᠠᠶᠢᠭᠤᠯᠤᠮᠵᠢ ᠶᠢᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠲᠦᠷᠬᠡᠨ ᠨᠥᠬᠦᠪᠥᠷᠢᠯᠡᠵᠦ᠂ | ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠠ ᠪᠠᠷᠢᠮᠵᠢᠶ᠎ᠠ ᠳᠤ ᠬᠦᠷᠦᠭᠦᠯᠬᠦ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ | ᠰᠠᠶᠢᠲᠤᠷ ᠬᠢᠵᠦ᠂ 7 ᠪᠠᠶᠢᠭᠤᠯᠤᠯᠳᠠᠲᠤ ᠲᠣᠰᠬᠤᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠵᠠᠰᠠᠬᠤ ᠠᠵᠢᠯ ᠢ ᠪᠡᠶᠡᠯᠡᠭᠦᠯᠦᠨ᠂ ᠬᠠᠲᠤᠨ ᠭᠤᠤᠯ ᠤᠨ ᠰᠠᠪᠠ ᠭᠠᠵᠠᠷ ᠤᠨ ᠲᠡᠦᠬᠡᠨ ᠠᠴᠠ ᠦᠯᠡᠳᠡᠭᠳᠡᠵᠦ ᠢᠷᠡᠭᠰᠡᠨ | ᠠᠭᠤᠷᠬᠠᠶ ᠶᠢᠨ ᠪᠣᠬᠢᠷᠲᠤᠯ ᠤᠨ ᠪᠠᠶᠢᠳᠠᠯ ᠢ ᠪᠠᠶᠢᠴᠠᠭᠠᠨ ᠦᠨᠡᠯᠡᠬᠦ ᠶᠢ ᠥᠷᠨᠢᠭᠦᠯᠵᠦ᠂ ᠬᠥᠷᠥᠰᠥ ᠰᠢᠷᠣᠶ ᠶᠢᠨ | ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠰᠢᠨᠡᠳᠬᠡᠨ᠂ | ᠬᠦᠨᠳᠦ ᠲᠡᠮᠦᠷᠯᠢᠭ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠢᠨᠵᠧᠨᠧᠷᠢᠩ ᠢ ᠬᠢᠨᠠᠮᠠᠭᠠᠶ ᠲᠥᠯᠥᠪᠯᠡᠨ᠎ᠡ᠃ | ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ | ᠨᠠᠶᠢᠳᠠᠪᠤᠷᠢᠵᠢᠭᠤᠯᠤᠨ᠎ᠠ᠃ ︽ᠲᠠᠪᠤ ᠶᠢ ᠦᠨᠳᠦᠰᠦᠨ ᠠᠴᠠ ᠨᠢ ᠰᠢᠢᠳᠪᠦᠷᠢᠯᠡᠬᠦ︾ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠬᠠᠭᠠᠰ ᠳᠤᠲᠠᠭᠤ︾ ᠢᠨᠵᠧᠨᠧᠷᠢᠩ ᠢ ᠰᠢᠢᠳᠪᠦᠷᠢᠯᠡᠬᠦ ᠠᠬᠢᠴᠠ ᠶᠢ ᠲᠦᠷᠭᠡᠳᠬᠡᠨ᠂ ᠡᠯ᠎ᠡ | ᠲᠥᠷᠥᠯ ᠤᠨ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠢ ᠴᠢᠩᠭᠠᠳᠬᠠᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠥᠨᠳᠥᠷ﹀ ᠲᠥᠷᠥᠯ ᠵᠦᠢᠯ ᠤᠨ ᠳᠣᠣᠷ᠎ᠠ ᠬᠢᠷᠢ | ᠬᠡᠮᠵᠢᠶᠡᠨ ᠤ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠢ ᠴᠢᠩᠭ᠎ᠠ | ᠬᠡᠷᠡᠭᠵᠢᠭᠦᠯᠵᠦ᠂ ᠠᠯᠠᠱᠠ ᠠᠶᠢᠮᠠᠭ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ | ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽1 + N + X︾ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠲᠦᠷᠬᠡᠨ ᠪᠠᠶᠢᠭᠤᠯᠵᠤ᠂ 2021 ᠣᠨ᠂ 2022 ᠣᠨ ᠤ ᠥᠪᠡᠷᠲᠡᠭᠡᠨ ᠵᠠᠰᠠᠬᠤ ᠣᠷᠣᠨ ᠤ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠥᠷᠥᠯ ᠵᠦᠢᠯ ᠤᠨ ᠬᠤᠯᠪᠣᠭᠳᠠᠯ ᠪᠦᠬᠦᠢ ᠠᠮᠠᠯᠠᠯᠲᠠ ᠪᠠᠨ ᠪᠦᠬᠦᠨ ᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠳᠡᠭᠡᠳᠦ ᠰᠢᠨ᠎ᠡ | ᠮᠡᠷᠭᠡᠵᠢᠯ ᠤᠨ ᠣᠷᠣᠨ ︵ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠲᠩᠷᠢ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ︶᠂ ᠬᠤᠶᠠᠳᠤᠭᠠᠷ ᠲᠥᠷᠥᠯ ᠤᠨ ᠬᠦᠷᠢᠶᠡᠯᠡᠩ ᠲᠣᠭᠤᠷᠢᠭ ᠴᠡᠭᠡ ᠪᠣᠭᠤᠮᠲᠠ ᠶᠢᠨ | ᠬᠦᠷᠢᠶᠡᠯᠡᠩ ᠲᠣᠭᠤᠷᠢᠭ ᠤᠨ ᠣᠷᠴᠢᠯ ᠥᠭᠡᠷᠡᠴᠢᠯᠡᠯᠲᠡ ᠶᠢ ᠰᠠᠶᠢᠲᠤᠷ ᠬᠢᠬᠦ ᠶᠢ ᠠᠬᠢᠭᠤᠯᠤᠨ᠎ᠠ᠃ ᠡᠯ᠎ᠡ ᠬᠦᠷᠢᠶᠡᠨ ᠤ | ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ᠃ | ︵ᠬᠤᠶᠠᠷ︶ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ ᠶᠡᠷᠦᠩᠬᠡᠢ | ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠳᠣᠣᠱᠯᠠᠭᠤᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ | ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ | ᠥᠷᠢᠰᠥᠯᠳᠦᠭᠡᠨ ᠢ ᠴᠠᠭ ᠲᠤᠬᠠᠢ ᠳᠤᠨᠢ ᠰᠡᠷᠭᠡᠶᠢᠯᠡᠨ ᠠᠷᠢᠯᠭᠠᠵᠤ᠂ ᠨᠡᠩ ᠠᠮᠤᠷ ᠲᠦᠪᠰᠢᠨ ᠲᠣᠭᠲᠠᠭᠤᠨ | ᠨᠡᠶᠢᠭᠡᠮ ᠤᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠢᠯᠢ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠶᠢ ᠴᠢᠩᠭᠠᠳᠬᠠᠨ᠎ᠠ᠃ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠵᠦᠢ ᠪᠤᠰᠤ ᠵᠢᠭᠡᠯᠡᠯᠭᠡ ᠶᠢ ᠬᠥᠳᠡᠯᠦᠩᠭᠦᠶ ᠪᠠᠷ ᠠᠷᠢᠯᠭᠠᠬᠤ ᠶᠢ ᠴᠢᠩᠭᠠᠳᠬᠠᠨ᠂ | ᠮᠥᠩᠭᠦᠨ ᠬᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠠᠷᠢᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠳᠥᠯᠥᠵᠦ | ᠳᠠᠭᠤᠰᠬᠠᠨ᠎ᠠ᠃ ᠵᠠᠬ᠎ᠠ ᠳᠡᠯᠭᠡᠭᠦᠷ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠥᠪᠡᠷ ᠤᠨ ᠥᠷᠲᠡᠭ ᠢ | ᠪᠠᠭᠤᠷᠠᠭᠤᠯᠬᠤ ᠢᠨᠵᠧᠨᠧᠷᠢᠩ ᠢ ᠪᠥᠬᠦ ᠬᠦᠴᠦᠨ ᠢᠶᠠᠷ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠭᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠠᠤᠯᠢ ᠲᠦᠭᠡᠮᠡᠯᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠠᠯᠠᠱᠠ᠂ | ᠬᠠᠤᠯᠢ ᠪᠠᠷ ᠵᠠᠰᠠᠬᠤ ᠠᠯᠠᠱᠠ ᠶᠢ ᠬᠦᠴᠦᠯᠡᠨ ᠪᠠᠶᠢᠭᠤᠯᠤᠨ᠎ᠠ᠃ | ᠠᠶᠤᠯᠭᠦᠢ ᠦᠢᠯᠡᠳᠪᠦᠷᠢᠯᠡᠯ ᠤᠨ ᠠᠵᠢᠯ ᠢ ᠳᠣᠪᠣᠶᠢᠮ᠎ᠠ ᠰᠠᠶᠢᠲᠤᠷ ᠠᠳᠬᠤᠨ᠎ᠠ᠃ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠶᠣᠯᠬᠦᠢ ᠦᠢᠯᠡᠳᠪᠦᠷᠢᠯᠡᠯ ᠤᠨ ᠵᠥᠪᠯᠡᠯ ᠤᠨ 15 ᠵᠦᠢᠯ ᠤᠨ ᠬᠠᠲᠠᠭᠤ ᠠᠷᠭ᠎ᠠ ᠬᠡᠮᠵᠢᠶ᠎ᠡ ᠪᠠ | ᠥᠪᠡᠷᠲᠡᠭᠡᠨ ᠵᠠᠰᠠᠬᠤ ᠣᠷᠣᠨ ᠤ 53 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠤᠨ᠂ | ᠠᠶᠣᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ︽ᠢᠨᠲ᠋ᠧᠷ ᠰᠦᠯᠵᠢᠶ᠎ᠡ + | ᠬᠠᠤᠯᠢ ᠬᠡᠷᠡᠭᠵᠢᠭᠦᠯᠬᠦ︾ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠶᠢᠮᠠᠭ ᠤᠨ ᠡᠯ᠎ᠡ | ᠬᠤᠰᠢᠭᠤ ᠣᠷᠣᠨ᠂ ᠡᠯ᠎ᠡ ᠠᠵᠢᠯ ᠲᠥᠷᠥᠯ ᠢ ᠬᠠᠮᠤᠷᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ | ᠰᠢᠰᠲ᠋ᠧᠮ ᠢ ᠪᠠᠶᠢᠭᠤᠯᠵᠤ᠂ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠦᠷᠭᠡᠳᠬᠡᠵᠦ᠂ ᠠᠶᠤᠯᠲᠠᠶ ᠬᠢᠮᠢ ᠶᠢᠨ ᠪᠣᠳᠠᠰ ᠤᠨ | ᠠᠶᠤᠯ ᠲᠦᠭᠰᠢᠭᠦᠷᠢ ᠶᠢ ᠬᠢᠨᠠᠨ ᠬᠡᠮᠵᠢᠬᠦ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠵᠤ᠂ | ᠦᠢᠯᠡᠳᠦᠯ ᠢᠶᠠᠨ ᠪᠠᠳᠠᠷᠠᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ ᠲᠣᠭᠲᠠᠭᠰᠠᠨ ᠬᠤᠭᠤᠴᠠᠭ᠎ᠠ ᠲᠠᠢ ᠪᠠᠷ ᠪᠥᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢᠨ ᠪᠠᠶᠢᠳᠠᠯ᠂ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠵᠤ᠂ ᠴᠠᠭ ᠠᠭᠠᠷ ᠠᠭᠤᠷ | ᠠᠮᠢᠰᠬᠤᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠠᠭᠤᠯᠠᠨ ᠦᠶᠡᠷ᠂ ᠭᠠᠩ ᠬᠠᠭᠰᠠᠷᠠᠭᠠᠨ ᠵᠡᠷᠭᠡ | ᠪᠠᠶᠢᠭᠠᠯᠢ ᠶᠢᠨ ᠭᠠᠮᠰᠢᠭ ᠢ ᠢᠳᠡᠪᠬᠢᠲᠡᠶ ᠰᠡᠷᠭᠡᠶᠢᠯᠡᠨ ᠠᠷᠭᠠᠴᠠᠨ᠎ᠠ︔ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠡᠭᠡᠷ᠎ᠡ | ᠭᠠᠳᠠᠨᠠᠬᠢ ᠳᠦᠢᠮᠡᠷ ᠢ ᠣᠨᠳᠠᠷᠠᠭᠠᠬᠤ ᠠᠵᠢᠯ ᠢ ᠴᠢᠩᠭᠠᠳᠬᠠᠨ᠎ᠠ︔ ᠦᠶᠡᠷ ᠤᠨ ᠡᠮᠦᠨᠡᠬᠢ ᠪᠠᠶᠢᠴᠠᠭᠠᠯᠲᠠ ᠶᠢ | ᠴᠢᠩᠭᠠᠳᠬᠠᠵᠤ᠂ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ︔ ᠭᠠᠵᠠᠷ | ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠠᠶᠢᠮᠠᠭ ᠤᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ︔ ᠠᠶᠢᠮᠠᠭ ᠤᠨ ᠱᠠᠲᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠠᠵᠢᠯ ᠢ | ᠰᠠᠶᠢᠲᠤᠷ ᠬᠢᠵᠦ᠂ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠠᠪᠤᠷᠠᠨ ᠲᠤᠰᠠᠯᠠᠬᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠷᠪᠠ︶ ᠡᠨᠧᠷᠭᠢ ᠶᠢᠨ ᠬᠤᠪᠢᠰᠬᠠᠯ ᠢ ᠠᠬᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ | ᠡᠨᠧᠷᠭᠢ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠵᠡᠮᠳᠡᠨ᠎ᠡ᠃ ᠪᠥᠬᠦ ᠤᠯᠤᠰ ᠤᠨ ᠴᠢᠬᠤᠯᠠ ᠪᠣᠯᠬᠤ | ᠳ᠋ᠦᠩᠰᠢᠭᠤᠷ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠪᠠᠶᠢᠷᠢᠯᠠᠭᠤᠯᠤᠯᠲᠠ ᠳᠤ ᠰᠠᠭᠤᠷᠢᠯᠠᠨ ᠲᠣᠰ | ᠪᠡᠶ᠎ᠡ ᠶᠢᠨ ᠬᠥᠭᠵᠢᠯᠲᠡ ᠪᠠᠨ ᠲᠥᠯᠥᠪᠵᠢᠭᠦᠯᠵᠦ᠂ ᠴᠡᠪᠡᠷ ᠡᠨᠧᠷᠭᠢ ᠶᠢ ᠣᠷᠣᠯᠠᠭᠤᠯᠤᠨ ᠣᠯᠠᠷᠢᠭᠤᠯᠣᠨ ᠬᠡᠷᠡᠭᠯᠡᠬᠦ᠂ | ᠣᠷᠣᠨ ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭ᠎ᠠ᠂ ᠴᠡᠪᠡᠷ ᠡᠨᠧᠷᠭᠢ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ ︽ᠭᠤᠷᠪᠠᠨ ᠵᠢᠱᠢᠶ᠎ᠡ ᠦᠵᠡᠭᠦᠯᠬᠦ ᠣᠷᠣᠨ︾ ᠢ ᠬᠦᠴᠦᠯᠡᠨ | ᠪᠠᠶᠢᠭᠤᠯᠵᠤ᠂ ︽ᠴᠠᠬᠢᠯᠭᠠᠨ ᠭᠠᠷᠭᠠᠬᠤ ᠬᠡᠪᠴᠢᠶ᠎ᠡ ᠪᠠᠷ ᠬᠠᠮᠤᠭ ᠤᠨ ᠶᠡᠭᠡ᠂ ᠪᠠᠲᠤᠯᠠᠭ᠎ᠠ ᠶᠢᠨ ᠴᠢᠳᠠᠪᠤᠷᠢ ᠪᠠᠷ | ᠬᠠᠮᠤᠭ ᠤᠨ ᠴᠢᠩᠭ᠎ᠠ᠂ ᠠᠵᠤ ᠦᠢᠯᠡᠰ ᠤᠨ ᠬᠢᠷᠢ ᠲᠦᠪᠰᠢᠨ ᠢᠶᠠᠷ ᠬᠠᠮᠤᠭ ᠤᠨ ᠥᠨᠳᠥᠷ᠂ ᠶᠡᠷᠦᠩᠬᠡᠶᠢᠯᠡᠭᠰᠡᠨ | ᠥᠪᠡᠷ ᠤᠨ ᠥᠷᠲᠡᠭ ᠢᠶᠠᠷ ᠬᠠᠮᠤᠭ ᠤᠨ ᠳᠤᠤᠷ᠎ᠠ᠂ ᠠᠮᠢ ᠠᠬᠤᠶ ᠶᠢᠨ ᠦᠨ᠎ᠡ ᠥᠷᠲᠡᠭ ᠢᠶᠠᠷ ᠬᠠᠮᠤᠭ ᠤᠨ ᠪᠠᠭ᠎ᠠ︾ | ᠶᠢ ᠴᠢᠷᠮᠠᠶᠢᠨ ᠪᠡᠶᠡᠯᠡᠭᠦᠯᠵᠦ᠂ ᠠᠯᠠᠱᠠ ᠶᠢ ᠴᠡᠪᠡᠷ ᠡᠨᠧᠷᠭᠢ ᠶᠢᠨ ᠠᠵᠤ ᠠᠬᠤᠶ ᠶᠢᠨ ᠥᠨᠳᠦᠷᠯᠢᠭ ᠭᠠᠵᠠᠷ᠂ ᠴᠡᠪᠡᠷ | ᠴᠠᠬᠢᠯᠭᠠᠨ ᠤ ᠥᠪᠡᠷ ᠤᠨ ᠥᠷᠲᠡᠭ ᠤᠨ ᠬᠤᠲᠣᠭᠤᠷ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ | ᠴᠡᠪᠡᠷ ᠡᠨᠧᠷᠭᠢ ᠪᠠᠷ ᠣᠷᠣᠯᠠᠭᠤᠯᠵᠤ ᠣᠯᠠᠷᠢᠭᠤᠯᠣᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠢ ᠲᠦᠷᠬᠡᠨ | ᠪᠠᠶᠢᠭᠤᠯᠤᠨ᠎ᠠ᠃ 2023 ᠣᠨ ᠢ ᠪᠦᠬᠦ ᠠᠶᠢᠮᠠᠭ ᠤᠨ ︽ᠴᠡᠪᠡᠷ ᠡᠨᠧᠷᠭᠢ ᠶᠢᠨ ᠪᠣᠭᠤᠮᠲᠠ ᠰᠢᠪᠲᠤᠯᠬᠤ | ᠬᠤᠷᠳᠤᠴᠠ ᠶᠢ ᠳᠡᠭᠡᠭᠰᠢᠯᠡᠭᠦᠯᠬᠦ ᠣᠨ︾ ᠢᠶᠠᠷ ᠳᠣᠭᠳᠠᠭᠠᠵᠦ᠂ ︽ᠴᠡᠪᠡᠷ ᠡᠨᠧᠷᠭᠢ +︾ ︽+ ᠴᠡᠪᠡᠷ ᠡᠨᠧᠷᠭᠢ︾ | ᠳᠤ ᠠᠩᠬᠠᠷᠤᠯ ᠢᠶᠠᠨ ᠳᠦᠪᠯᠡᠷᠡᠬᠦᠯᠦᠨ᠂ ᠲᠩᠷᠢ ᠡᠯᠡᠰᠦᠨ ᠴᠦᠯ ᠤᠨ ᠮᠢᠩᠭᠠᠨ ᠲᠦᠮᠡᠨ ᠺᠢᠯᠣᠸᠠᠲ ᠤᠨ ᠲᠡᠰ ᠤᠨ | ᠴᠡᠪᠡᠷ ᠡᠨᠧᠷᠭᠢ ᠶᠢ ᠪᠦᠬᠦ ᠬᠦᠴᠦᠨ ᠢᠶᠠᠷ ᠠᠬᠢᠭᠤᠯᠣᠨ᠂ ᠤᠯᠠᠨᠪᠤᠯᠠᠭ ᠱᠠᠨᠳᠦ᠋ᠩ ᠤᠨ 160 ᠲᠦᠮᠡᠨ ᠺᠢᠯᠣᠸᠠᠲ ᠤᠨ | ᠭᠠᠳᠠᠭᠰᠢ ᠬᠦᠷᠭᠡᠬᠦ ᠵᠡᠷᠭᠡ ᠬᠤᠶᠠᠷ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠵᠡᠬᠦᠨ ᠪᠡᠯ ᠵᠡᠷᠭᠡ 4 | ᠤᠰᠤ ᠲᠠᠲᠠᠵᠤ ᠡᠨᠧᠷᠭᠢ ᠬᠠᠳᠠᠭᠠᠯᠠᠬᠤ ᠲᠦᠷᠦᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠭᠤᠣᠯᠳᠠᠯᠭ᠎ᠠ ᠲᠠᠢ ᠬᠡᠷᠡᠭᠵᠢᠭᠦᠯᠬᠦ ᠲᠦᠷᠦᠯ ᠵᠦᠢᠯ ᠤᠨ ᠨᠠᠷᠢᠨ ᠳᠠᠩᠰᠠᠨ ᠳᠤ ᠣᠷᠣᠭᠤᠯᠬᠤ ᠪᠠᠷ ᠴᠢᠷᠮᠠᠶᠢᠨ᠂ | ᠠᠯᠠᠱᠠ ᠵᠢᠶᠠᠩᠰᠢ ᠵᠡᠷᠭᠡ ᠭᠠᠳᠠᠭᠰᠢ ᠬᠦᠷᠭᠡᠬᠦ ᠨᠡᠪᠲᠡᠷᠡᠯ ᠵᠠᠮ ᠢ ᠡᠷᠲᠡᠬᠡᠨ ᠬᠡᠷᠡᠭᠵᠢᠭᠦᠯᠬᠦ ᠪᠠᠷ ᠴᠢᠷᠮᠠᠶᠢᠨ᠂ ᠪᠠᠳᠠᠶ ᠶᠢᠨ | ᠵᠢᠷᠠᠨ ᠤ ᠡᠯᠡᠰᠦᠨ ᠴᠥᠯ᠂ ᠤᠯᠠᠭᠠᠨ ᠪᠤᠬ᠎ᠠ ᠡᠯᠡᠰᠦᠨ ᠴᠥᠯ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ | ᠢᠳᠡᠪᠬᠢᠲᠡᠶ ᠳᠦᠯᠦᠪᠵᠢᠬᠦᠯᠵᠦ᠂ 2023 ᠣᠨ ᠳᠤ ᠪᠠᠶᠢᠭᠤᠯᠵᠤ ᠪᠠᠶᠢᠭ᠎ᠠ ᠮᠠᠰᠢᠨ ᠴᠣᠭᠴᠠᠯᠠᠪᠤᠷᠢ ᠶᠢ 2000 | ᠲᠦᠮᠡᠨ ᠺᠢᠯᠣᠸᠠᠲ ᠢ ᠳᠠᠪᠠᠭᠤᠯᠬᠤ ᠪᠠᠷ ᠴᠢᠷᠮᠠᠶᠢᠨ᠂ ᠰᠢᠨ᠎ᠡ ᠪᠠᠷ ᠨᠡᠮᠡᠭᠳᠡᠭᠰᠡᠨ ᠲᠣᠣᠷ ᠲᠤ ᠨᠡᠶᠢᠯᠡᠭᠦᠯᠦᠭᠰᠡᠨ | ᠴᠠᠬᠢᠯᠭᠠᠨ ᠭᠠᠷᠭᠠᠯᠲᠠ ᠶᠢ 500 ᠲᠦᠮᠡᠨ ᠺᠢᠯᠣᠸᠠᠲ ᠢ ᠳᠠᠪᠠᠭᠤᠯᠣᠨ᠎ᠠ᠃ | ᠣᠷᠣᠨ ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ | ᠲᠦᠷᠭᠡᠪᠴᠢᠯᠡᠨ ᠪᠠᠶᠢᠭᠤᠯᠤᠨ᠎ᠠ᠃ ᠴᠡᠪᠡᠷ ᠴᠠᠬᠢᠯᠭᠠᠨ ᠢ ᠪᠠᠭᠲᠠᠭᠠᠨ ᠰᠢᠩᠭᠡᠭᠡᠬᠦ ᠪᠠ ᠭᠠᠳᠠᠭᠰᠢ ᠬᠦᠷᠭᠡᠬᠦ ᠬᠤᠶᠠᠷ | ᠳᠠᠯ᠎ᠠ ᠪᠠᠷ ᠵᠠᠮᠨᠠᠬᠤ ᠶᠢ ᠪᠠᠷᠢᠮᠲᠠᠯᠠᠵᠤ᠂ ᠲᠣᠰ ᠭᠠᠵᠠᠷ ᠤᠨ ᠴᠠᠬᠢᠯᠭᠠᠨ ᠡᠭᠦᠰᠭᠡᠭᠴᠢ ᠶᠢᠨ ᠲᠠᠯ᠎ᠠ᠂ ᠣᠷᠣᠨ | ᠪᠦᠰᠡ ᠶᠢᠨ ᠴᠠᠬᠢᠯᠭᠠᠨ ᠲᠤᠤᠷ ᠤᠨ ᠲᠠᠯ᠎ᠠ᠂ ᠡᠷᠬᠢᠨ ᠲᠣᠭᠤᠷᠢᠨ ᠤ ᠬᠡᠷᠡᠭᠯᠡᠭᠴᠢ ᠶᠢᠨ ᠲᠠᠯ᠎ᠠ ᠶᠢᠨ ᠬᠠᠩᠭᠠᠯᠭ᠎ᠠ | ᠬᠡᠷᠡᠭᠴᠡᠭᠡ ᠶᠢ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠡᠷᠡᠯ ᠤᠨ ᠤᠰᠤᠲᠥ᠋ᠷᠥᠭᠴᠢ ᠰᠢᠪᠲᠦᠷ + ᠰᠠᠭᠤᠷᠢ | ᠪᠡᠯᠡᠳᠬᠡᠮᠵᠢ ᠶᠢ ᠨᠢᠭᠡ ᠴᠣᠭᠴᠠᠵᠢᠭᠤᠯᠤᠭᠰᠠᠨ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ | ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠰᠦᠪᠯᠡᠨ ᠠᠬᠢᠭᠤᠯᠵᠤ᠂ ᠲᠩᠷᠢ 60 | ᠲᠦᠮᠡᠨ ᠺᠢᠯᠣᠸᠠᠲ ᠤᠨ ᠰᠠᠯᠬᠢᠨ ᠬᠡᠷᠡᠯ ᠤᠨ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ᠂ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠰᠠᠯᠬᠢᠨ ᠬᠡᠷᠡᠯ ᠤᠨ ᠤᠰᠤᠲᠥ᠋ᠷᠥᠭᠴᠢ ᠪᠠᠷ ᠰᠢᠪᠲᠦᠷ ᠦᠢᠯᠡᠳᠬᠦ ᠶᠢ ᠨᠢᠭᠡ | ᠴᠣᠭᠴᠠᠵᠢᠭᠤᠯᠬᠤ᠂ ᠰᠢᠩᠭᠡᠨ ᠳᠠᠷᠤᠯᠲᠠᠲᠤ ᠬᠡᠶ ᠬᠥᠳᠡᠯᠭᠡᠭᠦᠷ ᠤᠨ ᠨᠡᠶᠢᠯᠡᠮᠡᠯ ᠨᠥᠭᠡᠴᠡ ᠶᠢᠨ ᠵᠢᠱᠢᠶ᠎ᠡ ᠦᠵᠡᠭᠦᠯᠬᠦ | ᠵᠡᠷᠭᠡ ᠪᠣᠬᠢᠷᠲᠤᠯ ᠥᠬᠡᠶ ᠡᠨᠧᠷᠭᠢ ᠶᠢ ᠣᠷᠣᠯᠠᠭᠤᠯᠬᠤ 5 ᠲᠥᠷᠥᠯ ᠵᠦᠢᠯ ᠢ ᠡᠬᠢᠯᠡᠨ ᠬᠡᠷᠡᠭᠵᠢᠬᠦᠯᠦᠨ᠎ᠡ᠃ ᠡᠷᠭᠢᠨ | ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠶ ᠡᠨᠧᠷᠭᠢ ᠶᠢᠨ ᠬᠤᠷᠰᠢᠯᠴᠠᠭ᠎ᠠ ᠶᠢ ᠴᠢᠩᠭᠠᠳᠬᠠᠨ᠂ ᠦᠬᠠᠶ | ᠬᠤᠲᠠ ᠯᠤᠭ᠎ᠠ ᠶᠢᠨ ᠮᠢᠩᠭᠠᠨ ᠲᠦᠮᠡᠨ ᠺᠢᠯᠣᠸᠠᠲ ᠤᠨ ᠪᠣᠬᠢᠷᠲᠤᠯ ᠦᠭᠡᠶ ᠡᠨᠧᠷᠭᠢ ᠶᠢᠨ ᠬᠤᠷᠰᠢᠯᠴᠠᠭᠠᠨ ᠤ ᠲᠥᠷᠥᠯ | ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠯᠠᠱᠠ ᠬᠢᠭᠡᠳ ᠪᠤᠭᠤᠲᠤ᠂ ᠤᠯᠠᠭᠠᠨᠴᠠᠪ ᠤᠨ ᠮᠢᠩᠭᠠᠨ | ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠠᠷᠭ᠎ᠠ ᠰᠦᠪᠡᠭᠴᠢᠯᠡᠨ ᠬᠡᠷᠡᠭᠵᠢᠭᠦᠯᠵᠦ | ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨᠳᠠᠬᠢ ᠴᠠᠬᠢᠯᠭᠠᠨ ᠢ ᠵᠡᠭᠦᠨᠰᠢ ᠬᠦᠷᠭᠡᠬᠦ︾ ᠲᠥᠷᠥᠯ ᠵᠦᠢᠯ ᠳᠤ | ᠢᠳᠡᠪᠬᠢᠲᠡᠶ ᠣᠷᠣᠯᠴᠠᠨ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ︽ᠥᠨᠳᠥᠷ | ᠠᠴᠢᠶᠠᠯᠠᠪᠤᠷᠢ ᠲᠠᠢ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠲᠥᠪᠯᠡᠷᠡᠭᠰᠡᠨ ᠣᠷᠣᠨ︾ ᠤ ᠪᠦᠲᠦᠭᠡᠨ | ᠪᠠᠶᠢᠭᠤᠯᠤᠯᠲᠠ ᠶᠢ ᠬᠦᠴᠦᠲᠡᠶ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢ | ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠳᠦ ᠠᠵᠤ ᠠᠬᠤᠶᠢᠯᠠᠯ ᠯᠤᠭ᠎ᠠ ᠶᠢᠨ | ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠵᠢᠶᠠᠩᠰᠢ᠂ ᠵᠢᠶᠠᠩᠰᠦ ᠵᠡᠷᠭᠡ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠭᠠᠵᠠᠷ ᠣᠷᠣᠨ ᠯᠤᠭ᠎ᠠ ᠶᠢᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ | ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠤᠷᠢᠶᠠᠯᠠᠨ᠎ᠠ᠃ | ︵ᠳᠥᠷᠪᠡ︶ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠣᠨ᠎ᠠ | ᠦᠷᠭᠦᠯᠵᠢᠯᠡᠬᠦ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠠᠮᠢ ᠠᠬᠤᠶ ᠶᠢᠨ ᠪᠣᠬᠢᠷᠲᠤᠯ ᠥᠬᠡᠶ ᠦᠷᠭᠦᠯᠵᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ | ᠠᠷᠪᠢᠯᠠᠬᠤ ᠥᠨᠳᠥᠷ ᠪᠦᠲᠦᠮᠵᠢᠲᠡᠶ ᠳᠠᠷᠢᠵᠤ ᠲᠡᠵᠢᠭᠡᠬᠦ ᠵᠠᠭᠪᠤᠷ ᠢ ᠳᠡᠯᠭᠡᠷᠡᠭᠦᠯᠵᠦ᠂ ᠬᠠᠮᠤᠭ ᠤᠨ ᠪᠠᠭ᠎ᠠ ᠭᠠᠵᠠᠷ | ᠰᠢᠷᠣᠶ᠂ ᠬᠠᠮᠤᠭ ᠤᠨ ᠪᠠᠭ᠎ᠠ ᠤᠰᠤ᠂ ᠬᠠᠮᠤᠭ ᠤᠨ ᠪᠠᠭ᠎ᠠ ᠪᠣᠬᠢᠷᠲᠤᠯ ᠢᠶᠠᠷ ᠬᠠᠮᠤᠭ ᠤᠨ ᠶᠡᠭᠡ ᠠᠮᠢ ᠠᠬᠤᠶ ᠶᠢᠨ | ᠥᠷᠲᠡᠭ᠂ ᠬᠠᠮᠤᠭ ᠤᠨ ᠶᠡᠭᠡ ᠠᠵᠤ ᠦᠢᠯᠡᠰ ᠤᠨ ᠦᠷ᠎ᠡ ᠠᠰᠢᠭ᠂ ᠬᠠᠮᠤᠭ ᠤᠨ ᠶᠡᠭᠡ ᠵᠣᠯ ᠵᠢᠷᠭᠠᠯ ᠤᠨ ᠵᠢᠭᠠᠯᠲᠠ | ᠲᠤᠭ᠎ᠠ ᠶᠢ ᠰᠣᠯᠢᠵᠤ ᠠᠪᠴᠢᠷᠠᠨ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠣᠷᠣᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠶᠢ ᠠᠬᠢᠭᠤᠯᠤᠨ᠎ᠠ᠃ ᠬᠥᠭᠵᠢᠯᠲᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ︽ᠮᠢᠬ᠎ᠠ ᠰᠦ | ᠨᠣᠯᠤᠤᠷ ᠵᠢᠮᠢᠰ ᠢᠳᠡᠰᠢᠨ ᠨᠣᠭᠤᠭ᠎ᠠ ᠡᠷᠡᠭᠦᠯᠵᠢᠯ︾ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠪᠥᠬᠦ | ᠤᠯᠤᠰ ᠤᠨ ᠴᠢᠬᠤᠯᠠ ᠣᠨᠴᠠᠯᠢᠭᠲᠤ ᠲᠡᠮᠡᠭᠡᠨ ᠤ ᠠᠵᠤ ᠦᠢᠯᠡᠰ ᠪᠠ ᠠᠮᠢ ᠠᠬᠤᠶ ᠡᠯᠡᠰᠦᠨ ᠤ ᠠᠵᠤ ᠦᠢᠯᠡᠰ ᠤᠨ | ︽ᠬᠤᠤᠰ ᠣᠳᠣᠨ ᠣᠷᠣᠨ︾ ᠢ ᠪᠥᠲᠥᠭᠡᠨ ᠪᠠᠶᠢᠭᠤᠯᠤᠨ᠎ᠠ᠃ ᠭᠠᠵᠠᠷ ᠰᠢᠷᠣᠶ ᠡᠵᠡᠩᠨᠡᠬᠦ ᠠᠵᠢᠯ ᠢ ᠰᠠᠶᠢᠲᠤᠷ ᠬᠢᠵᠦ᠂ | ᠳᠤᠮᠳᠠᠳᠤ ᠤᠯᠤᠰ ᠤᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ ᠪᠣᠬᠢᠷᠲᠤᠯ ᠥᠬᠡᠶ ᠡᠨᠧᠷᠭᠢ ᠶᠢᠨ ᠲᠡᠵᠢᠭᠡᠯ | ᠡᠪᠡᠰᠦ ᠳᠠᠷᠢᠬᠤ ᠳᠡᠭᠡᠳᠦ ᠲᠠᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠯᠠᠱᠠ ᠠᠶᠢᠮᠠᠭ ᠤᠨ ︽ᠬᠤᠯᠢᠰᠢᠨ ᠢᠳᠡᠭᠡᠨ︾ ᠤ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠪᠠᠷᠢᠮᠵᠢᠶᠠᠵᠢᠭᠤᠯᠤᠭᠰᠠᠨ ᠪᠣᠰᠤᠭ᠎ᠠ ᠴᠣᠭᠴᠠᠲᠤ | ᠲᠠᠷᠢᠮᠠᠯ ᠤᠨ ᠰᠢᠰᠲ᠋ᠧᠮᠵᠢ ᠶᠢ ᠪᠤᠶᠢᠵᠢᠭᠤᠯᠤᠨ ᠪᠦᠷᠢᠯᠳᠦᠭᠦᠯᠦᠨ᠎ᠡ᠃ ᠠᠮᠤ ᠪᠤᠳᠠᠭ᠎ᠠ ᠶᠢᠨ ᠠᠮᠤᠷ ᠲᠦᠪᠰᠢᠨ ᠤ | ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ ᠶᠢ ᠥᠷᠭᠡᠳᠬᠡᠨ᠂ ᠭᠠᠵᠠᠷ ᠰᠢᠷᠣᠶ ᠶᠢᠨ ᠮᠥ ᠪᠦᠷᠢ ᠶᠢᠨ ᠳᠤᠮᠳᠠᠴᠢ | ᠦᠷ᠎ᠡ ᠠᠰᠢᠭ ᠢ ᠳᠡᠭᠡᠭᠰᠢᠯᠡᠭᠦᠯᠵᠦ᠂ 400 ᠲᠦᠮᠡᠨ ᠮᠥ ᠪᠡᠯᠡᠳᠬᠡᠯ ᠡᠬᠢ ᠪᠠᠶᠠᠯᠢᠭ ᠤᠨ ᠲᠠᠷᠢᠶᠠᠨ ᠭᠠᠵᠠᠷ ᠤᠨ | ᠬᠡᠪᠴᠢᠶᠡᠵᠢᠭᠦᠯᠦᠨ ᠨᠡᠭᠡᠭᠡᠨ ᠠᠰᠢᠭᠯᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ | ᠠᠬᠢᠭᠤᠯᠤᠨ᠎ᠠ᠃ ᠠᠯᠠᠱᠠ ᠶᠢᠨ ᠬᠤᠤᠰ ᠪᠥᠬᠦᠲᠦ ᠲᠡᠮᠡᠭᠡ᠂ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ᠂ | ᠠᠯᠠᠱᠠ ᠶᠢᠨ ᠰᠢᠷ᠎ᠠ ᠦᠬᠡᠷ᠂ ᠡᠯᠡᠰᠦᠨ ᠤᠷᠭᠤᠮᠠᠯ ᠵᠡᠷᠭᠡ ᠴᠢᠨᠠᠷ ᠰᠠᠶᠢᠲᠠᠶ ᠲᠠᠷᠢᠶᠠᠯᠠᠩ ᠮᠠᠯ ᠠᠵᠤ ᠠᠬᠤᠶ ᠶᠢᠨ ᠡᠬᠢ | ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ | ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠯᠠᠱᠠ ᠶᠢᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ︵ᠲᠠᠪᠤ︶ ᠭᠠᠳᠠᠭᠠᠳᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠴᠣᠭᠴᠠᠯᠠᠨ᠎ᠠ | ᠪᠣᠭᠤᠮᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ | ᠤᠯᠤᠰ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠢ ᠰᠠᠶᠢᠲᠤᠷ ᠡᠷᠭᠢᠯᠡᠵᠦ᠂ ᠴᠡᠭᠡ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ᠂ ᠵᠠᠬ᠎ᠠ ᠶᠢᠨ ᠠᠷᠠᠯᠵᠢᠶ᠎ᠠ᠂ ᠮᠢᠬᠠᠨ ᠤ ᠲᠥᠷᠥᠯ ᠢ ᠡᠳ᠋ᠰᠢᠭᠦᠯᠬᠦ᠂ ᠨᠡᠭᠦᠷᠡᠰᠦ ᠶᠢ ᠤᠬᠢᠶᠠᠨ | ᠰᠢᠯᠢᠵᠦ ᠡᠳ᠋ᠰᠢᠭᠦᠯᠬᠦ᠂ AGV ᠵᠢᠯᠣᠭᠤᠴᠢ ᠥᠬᠡᠶ ᠮᠠᠰᠢᠨ ᠲᠡᠷᠭᠡ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠯᠵᠡᠶ ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠶᠢ ᠨᠢᠭᠡ | ᠴᠣᠭᠴᠠᠵᠢᠭᠤᠯᠤᠭᠰᠠᠨ ᠲᠤᠰᠠᠯᠠᠨ ᠪᠠᠶᠢᠭᠤᠯᠬᠤ ᠲᠥᠷᠥᠯ ᠵᠦᠢᠯ᠂ ᠤᠶᠤᠨᠲᠤ ᠪᠣᠭᠤᠮᠲᠠ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠶᠢᠨ ᠠᠴᠢᠶᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ 2023 ᠣᠨ ᠳᠤ 1600 ᠲᠦᠮᠡᠨ ᠲᠣᠨ ᠨᠡᠭᠦᠷᠡᠰᠦ ᠭᠠᠳᠠᠭᠠᠳᠤ ᠠᠴᠠ ᠣᠷᠣᠭᠤᠯᠬᠤ ᠪᠠᠷ | ᠲᠥᠯᠥᠪᠯᠡᠵᠦ ᠪᠣᠶ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠳ᠋ᠰᠢᠭᠦᠯᠬᠦ ᠬᠡᠯᠪᠡᠷᠢ ᠶᠢᠨ ︽ᠪᠣᠭᠤᠮᠲᠠ + | ᠳᠣᠲᠣᠷ ᠭᠠᠵᠠᠷ + ᠠᠵᠤ ᠦᠢᠯᠡᠰ︾ ᠤᠨ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠪᠣᠭᠤᠮᠲᠠ ᠬᠢᠭᠡᠳ | ᠠᠶᠢᠮᠠᠭ ᠤᠨ ᠳᠣᠲᠣᠭᠠᠳᠤᠬᠢ ᠬᠦᠷᠢᠶᠡᠯᠡᠩ ᠲᠣᠭᠤᠷᠢᠭ ᠤᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠣᠷᠣᠨ | ᠠᠯᠤᠰᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠬᠦ᠂ ᠣᠷᠣᠨ ᠪᠦᠰᠡ ᠶᠢ ᠨᠢᠭᠡ ᠴᠣᠭᠴᠠᠵᠢᠭᠤᠯᠬᠤ ᠵᠡᠷᠭᠡ | ᠪᠦᠲᠦᠮᠵᠢᠲᠡᠢ ᠬᠠᠮᠲᠤᠷᠠᠯᠴᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠪᠣᠭᠤᠮᠲᠠ ᠶᠢᠨ ᠳᠣᠲᠣᠭᠠᠳᠤ ᠶᠢᠨ | ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃ | ᠭᠠᠳᠠᠭᠠᠳᠤ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠠᠯᠠᠱᠠ ᠠᠶᠢᠮᠠᠭ ᠤᠨ | ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠰᠢᠨ᠎ᠡ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠬᠠᠭᠤᠷᠠᠶ ᠲᠡᠯᠡᠶ ᠶᠢᠨ ᠠᠷᠠᠯᠵᠢᠶᠠᠨ ᠤ | ᠰᠢᠨ᠎ᠡ ᠨᠡᠪᠲᠡᠷᠡᠬᠦ ᠵᠠᠮ᠂ ᠪᠡᠭᠡᠵᠢᠩ ᠲᠢᠶᠠᠨᠵᠢᠨ ᠾᠧᠪᠧᠶ ᠵᠡᠷᠭᠡ ᠤᠯᠤᠰ ᠤᠨ ᠭᠤᠤᠯᠳᠠᠯᠭ᠎ᠠ ᠲᠠᠢ ᠪᠠᠶᠢᠯᠳᠤᠬᠤ | ᠪᠣᠳᠣᠯᠭ᠎ᠠ ᠶᠢᠨ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠮᠲᠤᠷᠠᠯᠴᠠᠭ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠦᠬᠠᠶ᠂ ᠳᠡᠷᠡᠰᠦᠨ ᠵᠡᠷᠭᠡ ᠭᠠᠵᠠᠷ ᠣᠷᠣᠨ ᠯᠤᠭ᠎ᠠ ᠶᠢᠨ ᠰᠢᠨ᠎ᠡ | ᠡᠨᠧᠷᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠠᠶᠢᠮᠠᠭ ᠬᠢᠭᠡᠳ ᠭᠠᠨᠰᠦ᠂ ᠨᠢᠩᠰᠢᠶᠠ 7 ᠬᠤᠲᠠ ︵ | ᠵᠢᠶᠠ ᠢᠦᠶ ᠭᠤᠸᠠᠨ ᠪᠣᠭᠤᠮᠲᠠ᠂ ᠵᠢᠦᠴᠢᠦᠸᠠᠨ᠂ ᠵᠠᠩ ᠶᠧ᠂ ᠶᠢᠨ ᠴᠠᠩ᠂ ᠦ᠋ ᠸᠧᠶ᠂ ᠪᠠᠶ ᠶᠢᠨ ᠪᠣᠯᠤᠨ ᠳᠡᠷᠡᠰᠦᠨ | ︶ ᠶᠢᠨ ᠲᠣᠭᠲᠠᠭᠰᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ | ᠨᠠᠶᠢᠳᠠᠪᠤᠷᠢᠵᠢᠭᠤᠯᠵᠤ᠂ ᠨᠢᠩᠰᠢᠶᠠ ᠶᠢᠨ ᠢᠷᠭᠠᠶ ᠬᠤᠲᠠ᠂ ᠱᠢ ᠽᠦᠶ ᠱᠠᠨ ᠬᠤᠲᠠ᠂ ᠦ᠋ ᠵᠥᠩ ᠬᠤᠲᠠ ᠶᠢᠨ | ᠵᠠᠰᠠᠭ ᠤᠨ ᠣᠷᠳᠣᠨ ᠯᠤᠭ᠎ᠠ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠬᠤ ᠶᠢ ᠠᠬᠢᠭᠤᠯᠤᠨ᠎ᠠ᠃ | ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠢᠳᠡᠪᠬᠢᠲᠡᠶ ᠥᠷᠭᠡᠳᠬᠡᠵᠦ᠂ ︽ᠠᠯᠢᠪᠠᠪᠠ ᠣᠯᠠᠨ ᠤᠯᠤᠰ ᠤᠨ | ᠥᠷᠲᠡᠭᠡ ᠶᠢᠨ ᠥᠪᠥᠷ ᠮᠣᠩᠭᠤᠯ ᠤᠨ ᠦᠢᠯᠡᠴᠢᠯᠡᠬᠡᠨ ᠤ ᠲᠥᠪ︾ ᠢ ᠮᠠᠨ ᠤ ᠠᠶᠢᠮᠠᠭ ᠲᠤ ᠨᠤᠲᠤᠭᠰᠢᠭᠤᠯᠬᠤ ᠪᠠᠷ | ᠠᠵᠠ ᠲᠣᠬᠢᠶᠠᠯ ᠪᠣᠯᠭᠠᠵᠤ᠂ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ | ᠪᠤᠶᠢᠵᠢᠭᠤᠯᠤᠨ ᠬᠥᠭᠵᠢᠭᠦᠯᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 2023 ᠣᠨ ᠤ ᠰᠢᠶᠠᠨ ᠤ ᠬᠡᠪᠴᠢᠶᠡᠨ ᠤ ᠭᠠᠳᠠᠨᠠᠬᠢ | ᠠᠵᠤ ᠠᠬᠤᠶ ᠠᠷᠠᠯᠵᠢᠶᠠᠨ ᠤ ᠨᠡᠮᠡᠭᠳᠡᠯ ᠲᠠᠢ ᠪᠠᠶᠢᠬᠤ ᠵᠢᠱᠢᠶ᠎ᠡ ᠦᠵᠡᠭᠦᠯᠬᠦ ᠠᠵᠢᠯ ᠤᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠪᠥᠬᠦ ᠠᠶᠢᠮᠠᠭ ᠤᠨ ᠭᠠᠳᠠᠭᠠᠳᠤ ᠠᠷᠠᠯᠵᠢᠶᠠᠨ ᠤ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠲᠤᠨ ᠭᠤᠤᠯ ᠤᠨ ᠤᠰᠤ | ᠬᠠᠩᠭᠠᠬᠤ ᠲᠤᠰᠬᠠᠶ ᠬᠡᠷᠡᠭᠯᠡᠭᠡᠨ ᠤ ᠪᠠᠷᠢᠯᠭ᠎ᠠ ᠪᠠ ᠢᠷᠭᠠᠶ ᠠᠴᠠ ᠪᠠᠶᠠᠨᠬᠤᠲᠠ ᠬᠥᠷᠬᠦ ᠰᠠᠯᠪᠤᠷᠢ ᠱᠤᠭᠤᠮ ᠤᠨ ᠲᠡᠮᠦᠷ | ᠵᠠᠮ᠂ ᠯᠢᠨᠾᠧ ᠠᠴᠠ ᠬᠠᠮᠢ ᠬᠥᠷᠬᠦ ᠲᠡᠮᠦᠷ ᠵᠠᠮ ᠤᠨ ᠡᠵᠡᠨ᠎ᠡ ᠬᠥᠷᠬᠦ ᠬᠡᠰᠡᠭ ᠤᠨ ᠴᠢᠳᠠᠮᠵᠢ ᠪᠠᠨ ᠥᠷᠭᠡᠳᠬᠡᠨ | ᠥᠭᠡᠷᠡᠴᠢᠯᠡᠨ ᠪᠠᠶᠢᠭᠤᠯᠬᠤ᠂ G 1817 ᠪᠠᠶᠠᠨᠬᠤᠳᠳᠤᠭ ᠠᠴᠠ ᠪᠠᠶᠠᠨᠬᠤᠲᠠ ᠬᠥᠷᠬᠦ ᠬᠡᠰᠡᠭ ᠤᠨ ᠳᠡᠭᠡᠳᠦ | ᠬᠤᠷᠳᠤ ᠶᠢᠨ ᠵᠠᠰᠠᠮᠠᠯ ᠵᠠᠮ᠂ ᠤᠯᠤᠰ ᠤᠨ ᠵᠠᠮ 331 ᠱᠤᠭᠤᠮ ᠤᠨ ᠪᠣᠩᠬᠤᠨ ᠠᠴᠠ ᠰᠢᠬᠢᠷ ᠬᠤᠳᠳᠤᠭ ᠬᠥᠷᠬᠦ | ᠬᠡᠰᠡᠭ ᠤᠨ ᠵᠠᠰᠠᠮᠠᠯ ᠵᠠᠮ᠂ ᠮᠤᠵᠢ ᠶᠢᠨ ᠵᠠᠮ 315 ᠱᠤᠭᠤᠮ ᠤᠨ ᠲᠡᠮᠡᠭᠡᠲᠦ ᠠᠴᠠ ᠦ᠋ ᠸᠧᠶ ᠬᠥᠷᠬᠦ ᠬᠡᠰᠡᠭ ᠤᠨ | ᠵᠠᠰᠠᠮᠠᠯ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠲᠠᠰ | ᠳᠡᠪᠰᠢᠬᠦᠯᠦᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ ᠵᠡᠷᠭᠡ ᠭᠤᠤᠯᠳᠠᠯᠭ᠎ᠠ ᠲᠠᠢ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠥᠯᠵᠡᠶ — ᠰᠤᠬᠤᠨᠲᠤ᠂ ᠴᠠᠭᠠᠨ ᠳᠠᠷᠠᠰᠤ — ᠵᠢᠷᠠᠨᠲᠠᠶ᠂ ᠪᠣᠩᠬᠤᠨ — ᠪᠠᠶᠠᠨᠬᠤᠲᠠ ᠶᠢᠨ ᠡᠷᠲᠡᠬᠡᠨ ᠠᠵᠢᠯ | ᠡᠬᠢᠯᠡᠭᠦᠯᠬᠦ ᠶᠢ ᠲᠦᠷᠬᠡᠨ ᠠᠬᠢᠭᠤᠯᠵᠤ᠂ ᠱᠠᠨᠳᠠᠨ —ᠪᠠᠳᠠᠢ ᠶᠢᠨ ᠵᠢᠷᠠᠨ ᠤ ᠲᠡᠮᠦᠷ ᠵᠠᠮ ᠢ ᠡᠬᠢᠯᠡᠨ ᠰᠤᠳᠤᠯᠵᠤ᠂ | ᠳᠤᠮᠳᠠᠳᠤ ᠮᠣᠩᠭᠤᠯ ᠤᠷᠤᠰ ᠤᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠰᠢᠨ᠎ᠡ ᠵᠠᠮ ᠢ ᠡᠷᠲᠡᠬᠡᠨ | ᠨᠡᠪᠲᠡᠷᠡᠭᠦᠯᠦᠨ᠎ᠡ᠃᠃ | ᠬᠤᠶᠠᠷ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠰᠢᠨ᠎ᠡ ᠳᠡᠭᠡᠭᠰᠢᠯᠡᠯᠲᠡ ᠶᠢ ᠬᠦᠴᠦᠯᠡᠨ ᠠᠬᠢᠭᠤᠯᠤᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠮᠠᠨ ᠤ ᠠᠶᠢᠮᠠᠭ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ | ᠡᠭᠦᠳᠬᠦ ᠬᠡᠯᠬᠢᠶ᠎ᠡ ᠶᠢ ᠵᠦᠶ ᠵᠣᠬᠢᠰᠲᠠᠶ ᠪᠠᠶᠢᠷᠢᠰᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠪᠣᠬᠢᠷᠲᠤᠯ | ᠥᠬᠡᠶ ᠳᠤᠤᠷ᠎ᠠ ᠨᠡᠭᠦᠷᠡᠰᠦᠲᠥ᠋ᠷᠥᠭᠴᠢᠲᠦ᠂ ᠰᠢᠨ᠎ᠡ ᠡᠨᠧᠷᠭᠢ ᠶᠢᠨ ᠨᠥᠭᠡᠴᠡ᠂ ᠴᠡᠪᠡᠷ ᠡᠨᠧᠷᠭᠢ ᠶᠢ ᠤᠯᠠᠷᠢᠭᠤᠯᠬᠤ | ᠵᠡᠷᠭᠡ ᠲᠠᠯ᠎ᠠ ᠶᠢᠨ ᠮᠡᠷᠭᠡᠵᠢᠯ ᠢ ᠭᠤᠤᠯᠳᠠᠯᠭ᠎ᠠ ᠲᠠᠢ ᠰᠢᠪᠲᠤᠯᠵᠤ᠂ ᠲᠡᠮᠡᠭᠡᠨ ᠤ ᠬᠡᠷᠡᠭᠰᠡᠬᠦ ᠰᠢᠮ᠎ᠡ ᠲᠡᠵᠢᠭᠡᠯ ᠤᠨ | ᠪᠦᠷᠢᠯᠳᠦᠬᠦᠨ ᠤ ᠪᠠᠷᠢᠮᠵᠢᠶ᠎ᠠ ᠶᠢᠨ ᠰᠤᠳᠤᠯᠭᠠᠨ ᠢ ᠬᠡᠷᠡᠭᠵᠢᠭᠦᠯᠵᠦ᠂ ᠠᠯᠠᠱᠠ ᠶᠢᠨ ᠬᠤᠤᠰ ᠪᠥᠬᠦᠲᠦ ᠲᠡᠮᠡᠭᠡ᠂ | ᠠᠯᠠᠱᠠ ᠶᠢᠨ ᠴᠠᠭᠠᠨ ᠨᠣᠯᠣᠣᠷᠳᠣ ᠢᠮᠠᠭ᠎ᠠ᠂ ᠲᠤᠭᠤᠯ ᠤᠨ ᠡᠭᠦᠯᠳᠡᠷ ᠤᠨ ᠡᠬᠢ ᠪᠠᠶᠠᠯᠢᠭ ᠤᠨ ᠬᠥᠮᠥᠷᠭᠡ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠲᠣᠭᠤᠷᠢᠨ ᠳᠤ ᠵᠣᠬᠢᠴᠠᠩᠭᠤᠢ ᠠᠮᠢ ᠠᠬᠤᠢ ᠣᠷᠴᠢᠨ ᠲᠣᠭᠤᠷᠢᠨ ᠢ ᠬᠢᠨᠠᠨ | ᠬᠡᠮᠵᠢᠬᠦ ᠪᠠ ᠰᠡᠷᠭᠦᠭᠡᠬᠦ ᠮᠡᠷᠭᠡᠵᠢᠯ ᠤᠨ ᠰᠤᠳᠤᠯᠭᠠᠨ ᠢ ᠭᠤᠣᠯᠳᠠᠯᠭ᠎ᠠ ᠲᠠᠢ ᠥᠷᠨᠢᠭᠦᠯᠦᠨ᠎ᠡ᠃ ᠭᠤᠣᠯᠳᠠᠯᠭ᠎ᠠ ᠲᠠᠢ | ᠬᠦᠷᠢᠶ᠎ᠡ ᠬᠡᠪᠴᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ | ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠴᠢᠳᠠᠪᠤᠷᠢᠲᠠᠨ ᠢ ᠲᠡᠳᠡᠨ ᠣᠷᠣᠭᠤᠯᠬᠤ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠶᠢᠮᠠᠭ ᠤᠨ ᠳᠣᠲᠣᠭᠠᠳᠤᠬᠢ ᠠᠵᠤ ᠠᠬᠤᠶᠢᠯᠠᠯ ᠤᠨ ︽ᠣᠷᠣᠨ | ᠪᠦᠰᠡ ᠶᠢ ᠬᠤᠯᠪᠣᠬᠤ︾ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠢᠳᠡᠪᠬᠢᠲᠡᠢ ᠰᠦᠪᠡᠭᠴᠢᠯᠡᠨ᠎ᠡ᠃ ︽ | 4+8+N︾ ᠬᠠᠮᠲᠤᠷᠠᠯᠴᠠᠭᠠᠨ ᠤ ᠵᠠᠭᠪᠤᠷ ᠢ ᠨᠠᠶᠢᠳᠠᠪᠣᠷᠢᠵᠢᠭᠤᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢ | ᠬᠥᠲᠥᠯᠥᠨ ᠵᠢᠯᠣᠭᠤᠳᠴᠤ ᠪᠠᠶᠢᠭᠠᠳ ᠮᠡᠷᠭᠡᠵᠢᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠲᠠᠯ᠎ᠠ ᠪᠠᠷ | ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢᠨ ᠬᠠᠮᠲᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠠᠷ ᠨᠡᠶᠢᠲᠡᠯᠡᠨ ᠮᠠᠩᠯᠠᠶᠢᠯᠠᠭᠤᠯᠬᠤ︾ ᠲᠥᠷᠥᠯ ᠵᠦᠢᠯ ᠪᠤᠶᠤ ︽ | ᠮᠣᠷᠢᠨ ᠤᠷᠤᠯᠳᠤᠭᠠᠨ ᠤ ᠳᠦᠷᠢᠮ︾ ᠵᠡᠷᠭᠡ ᠲᠥᠷᠥᠯ ᠵᠦᠢᠯ ᠢ ᠬᠠᠮᠲᠤᠪᠠᠷ ᠳᠠᠭᠠᠭᠠᠨ ᠠᠪᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3 . 0 ᠬᠡᠪ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ | 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠨᠡᠯᠡᠨ ᠵᠢᠱᠢᠬᠦ ᠠᠯᠠᠱᠠ ᠠᠶᠢᠮᠠᠭ ᠤᠨ ᠬᠤᠪᠢᠶᠠᠷᠢ ᠮᠡᠳᠡᠭᠦᠯᠦᠯᠲᠡ︾ ᠳᠤ ᠵᠢᠭᠰᠠᠭᠠᠭᠰᠠᠨ ᠴᠡᠭᠴᠡᠯᠡᠨ | ᠰᠠᠶᠢᠵᠢᠷᠠᠭᠤᠯᠬᠤ ᠠᠰᠠᠭᠤᠳᠠᠯ ᠢ ᠰᠢᠮᠳᠠᠭᠤᠯᠤᠨ ᠨᠠᠶᠢᠳᠠᠪᠣᠷᠢᠵᠢᠭᠤᠯᠣᠨ᠎ᠠ᠃ ︽ᠳᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠣᠭᠠᠴᠢᠯᠠᠭᠰᠠᠨ ᠵᠠᠰᠠᠭ ᠤᠨ ᠣᠷᠳᠣᠨ︾ ᠢ ᠯᠠᠪᠳᠠᠭᠤᠨ | ᠪᠠᠲᠤᠲᠠᠶ ᠪᠠᠶᠢᠭᠤᠯᠤᠨ᠂ ︽ᠮᠥᠩᠬᠡ ᠰᠤᠪᠠᠭ︾ ᠤᠨ ᠵᠦᠢᠯᠡᠰ ᠤᠨ ᠬᠡᠪᠴᠢᠶ᠎ᠡ ᠶᠢ ᠥᠷᠭᠡᠳᠬᠡᠵᠦ᠂ ︽ᠨᠢᠭᠡ | ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ︽ᠨᠢᠭᠡ ᠴᠤᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠬᠦᠢᠴᠡᠳᠬᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠵᠠᠬ᠎ᠠ ᠳᠡᠯᠭᠡᠭᠦᠷ ᠢ ᠰᠢᠯᠤᠭᠤᠳᠬᠠᠨ ᠠᠷᠠᠳ ᠲᠤ | ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠶ ᠠᠵᠢᠯᠯᠠᠭ᠎ᠠ ᠶᠢ ᠡᠬᠢᠯᠡᠭᠦᠯᠦᠨ | ᠬᠡᠷᠡᠭᠵᠢᠭᠦᠯᠵᠦ᠂ ︽ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠬᠠᠮᠢᠶᠠᠷᠤᠭᠴᠢ︾ ᠶᠢᠨ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠬᠤ ᠴᠢᠳᠠᠪᠤᠷᠢ ᠶᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠬᠡᠨ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠳᠠᠭᠠᠨ ᠭᠥᠷᠳᠡᠬᠦ ᠪᠠ | ᠬᠠᠮᠲᠤᠷᠠᠨ ᠱᠠᠩᠨᠠᠵᠤ ᠲᠣᠷᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ | ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ᠎ᠡ᠃ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠢ ᠲᠤᠰᠠᠯᠠᠵᠤ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ | ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠭᠠᠵᠢ ᠶᠢ ᠰᠠᠶᠢᠲᠤᠷ ᠬᠡᠷᠡᠭᠯᠡᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠡ ᠶᠢ ᠥᠷᠭᠡᠳᠬᠡᠨ | ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠯᠢᠶᠡᠰᠦ ᠶᠢ | ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠠᠵᠢᠯ ᠤᠨ ᠬᠤᠷᠰᠢᠶ᠎ᠠ ᠶᠢᠨ ᠭᠤᠷᠪᠠᠨ ᠵᠢᠯ ᠤᠨ | ᠪᠤᠶᠢᠵᠢᠯᠲᠠ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ︽ᠲᠠᠷᠠᠬᠠᠶ ᠪᠤᠲᠠᠷᠬᠠᠶ ᠪᠠᠷ ᠲᠠᠯᠠᠪᠤᠷ ᠲᠤ ᠣᠷᠣᠬᠤ︾ | ᠂ ︽ᠬᠤᠪᠢ ᠬᠥᠮᠦᠨ ᠢ ᠠᠵᠤ ᠠᠬᠤᠶᠢᠯᠠᠯ ᠪᠣᠯᠭᠠᠬᠤ︾᠂ ︽ᠵᠢᠵᠢᠭ ᠢᠶᠠᠷ ᠲᠠᠰ ᠳᠡᠪᠰᠢᠭᠦᠯᠬᠦ︾ ᠶᠢ ᠶᠡᠬᠡᠪᠡᠷ | ᠠᠬᠢᠭᠤᠯᠤᠨ᠎ᠠ᠃ ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ︽ᠬᠠᠤᠯᠢ ᠪᠠᠷ ᠵᠠᠰᠠᠬᠤ ᠪᠡᠶ᠎ᠡ ᠶᠢᠨ | ᠪᠠᠶᠢᠴᠠᠭᠠᠯᠲᠠ︾᠂ ︽ᠲᠦᠮᠡᠨ ᠬᠥᠮᠦᠨ ᠲᠦᠮᠡᠨ ᠬᠥᠮᠦᠨ ᠲᠠᠢ ᠬᠤᠯᠪᠣᠭᠠᠯᠠᠬᠤ ᠲᠦᠮᠡᠨ ᠨᠡᠶᠢᠭᠡᠮᠯᠢᠭ︾ ᠤᠨ | ᠠᠵᠢᠯᠯᠠᠭ᠎ᠠ ᠶᠢ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠨ᠎ᠠ᠃ | ᠭᠤᠷᠪᠠ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠶᠢ ᠪᠠᠷᠢᠮᠲᠠᠯᠠᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠢᠷᠡᠬᠦ ᠵᠢᠯ ᠤᠨ 123 | ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠠᠯᠠᠱᠠ ᠠᠭᠤᠯᠠ ᠶᠢᠨ ᠨᠡᠪᠲᠡᠷᠡᠯ ᠵᠠᠮ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠯᠢᠩ | ᠱᠧᠩ ᠥᠨᠳᠡᠭᠡᠨ ᠰᠢᠪᠲᠦᠷᠲᠦ ᠬᠦᠴᠢᠯ᠂ ᠠᠯᠠᠱᠠ ᠪᠠ ᠦᠬᠠᠢ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢᠨ | ᠴᠡᠪᠡᠷ ᠡᠨᠧᠷᠭᠢ ᠪᠠᠷ ᠴᠠᠬᠢᠯᠭᠠᠨ ᠬᠠᠩᠭᠠᠬᠤ ᠵᠡᠷᠭᠡ ᠵᠠᠭᠤᠨ ᠳ᠋ᠦᠩᠰᠢᠭᠤᠷ ᠲᠥᠭᠦᠷᠢᠭ ᠤᠨ 6 ᠲᠥᠷᠥᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠬᠡᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠴᠡᠭ | ᠲᠣᠭᠲᠠᠭᠠᠨ ᠳᠠᠭᠠᠭᠠᠴᠢᠯᠠᠨ ᠬᠠᠷᠢᠯᠴᠠᠬᠤ᠂ ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠲᠤᠰᠬᠠᠢ | ᠠᠩᠭᠢ ᠶᠢᠨ ᠠᠬᠢᠭᠤᠯᠬᠤ ᠳᠦᠷᠢᠮ ᠲᠣᠭᠲᠠᠴᠠ ᠶᠢ ᠴᠢᠩᠭ᠎ᠠ ᠨᠠᠶᠢᠳᠠᠪᠣᠷᠢᠵᠢᠭᠤᠯᠵᠦ᠂ ᠲᠥᠷᠥᠯ ᠵᠦᠢᠯ ᠤᠨ ᠪᠦᠬᠦ | ᠬᠡᠯᠬᠢᠶᠡᠨ ᠤ ᠪᠦᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠲᠥᠷᠦᠯ ᠵᠦᠢᠯ ᠤᠨ ᠨᠥᠭᠡᠴᠡᠯᠡᠯᠲᠡ ᠶᠢᠨ | ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠠᠶᠢᠮᠠᠭ ᠤᠨ ᠭᠤᠣᠯᠳᠠᠯᠭ᠎ᠠ ᠲᠠᠢ ᠨᠥᠭᠡᠴᠡᠯᠡᠯᠲᠡ ᠶᠢᠨ ᠲᠥᠷᠦᠯ ᠵᠦᠢᠯ ᠢ | ᠲᠥᠪᠯᠡᠷᠡᠭᠦᠯᠦᠨ ᠠᠬᠢᠭᠤᠯᠬᠤ ᠲᠣᠭᠲᠠᠴᠠ ᠶᠢ ᠪᠠᠶᠢᠭᠤᠯᠵᠤ᠂ ︽ᠬᠤᠶᠠᠷ ᠰᠢᠨ᠎ᠡ ᠨᠢᠭᠡ ᠴᠢᠬᠤᠯᠠ︾᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠳᠠᠢ ᠬᠥᠭᠵᠢᠯᠲᠡ ᠵᠡᠷᠭᠡ | ᠬᠦᠷᠢᠶ᠎ᠡ ᠪᠠᠷ ᠭᠤᠣᠯᠳᠠᠯᠭ᠎ᠠ ᠪᠣᠯᠭᠠᠵᠤ᠂ ᠨᠠᠩ ᠣᠯᠠᠨ ᠲᠥᠷᠦᠯ ᠵᠦᠢᠯ ᠢ ᠨᠥᠭᠡᠴᠡᠯᠡᠯᠲᠡ ᠠᠴᠠ ᠪᠦᠲᠦᠭᠡᠨ | ᠪᠠᠶᠢᠭᠤᠯᠬᠤ ᠪᠣᠯᠭᠠᠨ ᠬᠤᠪᠢᠷᠠᠭᠤᠯᠵᠤ᠂ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠲᠥᠷᠥᠯ ᠵᠦᠢᠯ ᠢ | ᠤᠷᠢᠵᠤ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ 2023 ᠣᠨ ᠢ ᠪᠥᠬᠦ ᠠᠶᠢᠮᠠᠭ ᠤᠨ ︽ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠣᠨ︾ ᠪᠣᠯᠭᠠᠵᠤ᠂ ᠲᠦᠷᠦᠭᠦᠦ ᠬᠡᠰᠡᠭ ᠤᠨ ᠠᠵᠤ | ᠠᠬᠤᠶᠢᠯᠠᠯ᠂ ᠪᠦᠯᠦᠭᠯᠡᠯ ᠤᠨ ᠭᠤᠤᠯ ᠪᠣᠯᠬᠤ ᠠᠵᠤ ᠠᠬᠤᠶᠢᠯᠠᠯ᠂ ᠬᠡᠯᠬᠢᠶ᠎ᠡ ᠶᠢᠨ ᠭᠤᠤᠯ ᠪᠣᠯᠬᠤ ᠠᠵᠤ ᠠᠬᠤᠶᠢᠯᠠᠯ᠂ | ᠲᠦᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ | ᠤᠷᠢᠬᠤ᠂ ᠣᠷᠣᠨ ᠠᠯᠤᠰᠯᠠᠨ ᠬᠤᠳᠠᠯᠳᠤᠭᠠᠴᠢᠨ ᠤᠷᠢᠬᠤ᠂ ᠪᠦᠬᠦᠯᠢ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ | ᠠᠩᠬᠠᠷᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠥᠷᠥᠯ ᠤᠨ ᠳᠡᠯᠭᠡᠨ ᠦᠵᠡᠭᠦᠯᠵᠦ ᠵᠥᠪᠳᠡᠯᠴᠡᠬᠦ | ᠬᠤᠷᠠᠯ ᠤᠨ ᠲᠠᠪᠴᠠᠩ ᠢ ᠢᠳᠡᠪᠬᠢᠲᠡᠶ ᠰᠠᠶᠢᠲᠤᠷ ᠬᠡᠷᠡᠭᠯᠡᠨ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠵᠤ᠂ 2023 ᠣᠨ ᠳᠤ ᠤᠯᠤᠰ ᠤᠨ ᠳᠣᠲᠣᠭᠠᠳᠤ ︵ᠣᠷᠣᠨ ᠤ ᠭᠠᠳᠠᠨ᠎ᠠ︶ ᠶᠢᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢᠨ ᠨᠡᠮᠡᠭᠳᠡᠯ ᠤᠨ ᠬᠤᠷᠳᠤᠴᠠ ᠶᠢ 15 % ᠳᠤ | ᠬᠦᠷᠦᠭᠦᠯᠬᠦ ᠪᠠᠷ ᠴᠢᠷᠮᠠᠶᠢᠨ᠎ᠠ᠃ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ | ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠲᠦᠷᠦᠭᠦᠦ ᠳᠡᠯᠭᠡᠭᠦᠷ ᠤᠨ ᠠᠩᠬ᠎ᠠ ᠡᠭᠦᠰᠦᠭᠰᠡᠨ ᠠᠵᠤ ᠠᠬᠤᠶ ᠶᠢ | ᠳᠡᠮᠵᠢᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠳᠥᠭᠦᠮᠴᠢᠯᠡᠯᠲᠡ ᠶᠢ ᠠᠬᠢᠭᠤᠯᠤᠨ᠂ ᠬᠡᠷ | ᠠᠬᠤᠶ ᠶᠢᠨ ᠦᠢᠯᠡᠴᠢᠯᠡᠬᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ | ᠬᠡᠷᠡᠭᠯᠡᠭᠡ ᠶᠢ ᠬᠥᠭᠵᠢᠭᠦᠯᠵᠦ᠂ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ | ᠪᠤᠶᠢᠵᠢᠭᠤᠯᠤᠨ ᠬᠥᠭᠵᠢᠭᠦᠯᠵᠦ᠂ ᠤᠷᠤᠰᠬᠠᠯ ᠳᠠᠭᠠᠭᠰᠠᠨ ᠰᠥᠨᠢ ᠶᠢᠨ ᠵᠠᠬ᠎ᠠ᠂ ᠠᠷᠠᠳ ᠤᠨ ᠠᠮᠢᠳᠤᠷᠠᠯ ᠤᠨ | ᠥᠷᠯᠥᠭᠡ ᠶᠢᠨ ᠵᠠᠬ᠎ᠠ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠶ ᠶᠢ ᠵᠣᠷᠢᠭᠵᠢᠭᠤᠯᠤᠨ ᠬᠥᠭᠵᠢᠭᠦᠯᠦᠨ᠎ᠡ᠃ | ᠪᠣᠬᠢᠷᠲᠤᠯ ᠦᠭᠡᠢ ᠬᠡᠷᠡᠭᠯᠡᠭᠡ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠵᠤ᠂ | ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠬᠤᠳᠠᠯᠳᠤᠭᠠᠨ ᠤ | ᠲᠠᠯᠠᠪᠠᠢ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠪᠤᠴᠠᠭᠠᠨ | ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠡᠷᠡᠭᠯᠡᠭᠡ ᠶᠢ ᠳᠡᠭᠡᠭᠰᠢᠯᠡᠭᠦᠯᠵᠦ᠂ | ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠠᠶᠢᠭᠤᠯᠤᠨ᠂ ᠬᠤᠰᠢᠭᠤᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠭᠡᠨ ᠬᠦᠷᠭᠡᠯᠲᠡ ᠶᠢ ᠲᠣᠰᠬᠤᠨ ᠳᠤ | ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠬᠠᠭᠤᠴᠢᠨ ᠨᠠᠷᠠᠲᠤ ᠲᠡᠮᠳᠡᠭ ᠢ ᠬᠥᠭᠵᠢᠭᠦᠯᠦᠨ ᠮᠠᠨᠳᠤᠭᠤᠯᠬᠤ ᠶᠢ | ᠵᠣᠷᠢᠭᠵᠢᠭᠤᠯᠤᠨ᠎ᠠ᠃ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠦᠢᠯᠡᠴᠢᠯᠡᠬᠡᠨ ᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠤᠵᠠᠭᠠᠶᠢᠷᠠᠭᠤᠯᠤᠨ᠎ᠠ᠃ | ᠳᠥᠷᠪᠡ᠂ ᠪᠦᠲᠦᠴᠡ ᠶᠢᠨ ᠲᠣᠬᠢᠷᠠᠭᠤᠯᠤᠯᠲᠠ ᠶᠢ ᠪᠠᠷᠢᠮᠲᠠᠯᠠᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ | ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠤᠨ᠎ᠠ | ᠠᠵᠤ ᠦᠢᠯᠡᠰ ᠤᠨ ᠬᠡᠯᠬᠢᠶ᠎ᠡ ᠶᠢ ᠪᠣᠵᠠᠭᠠᠶᠢᠷᠠᠭᠤᠯᠣᠨ᠎ᠠ᠃ ᠪᠣᠭᠤᠮᠢ ᠶᠢᠨ ᠰᠢᠪᠲᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠡᠯᠬᠢᠶ᠎ᠡ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠠᠬᠢᠭᠤᠯᠤᠨ᠎ᠠ᠃ ᠲᠦᠷᠦᠯ ᠵᠦᠢᠯ ᠤᠨ ᠪᠣᠭᠤᠮᠲᠠ ᠰᠢᠪᠲᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠡᠯᠬᠢᠶ᠎ᠡ ᠶᠢ ᠥᠷᠭᠡᠳᠬᠡᠬᠦ︾ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ | 10 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠪᠠᠷ | ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠲᠤᠮᠤ ᠲᠦᠷᠦᠯ ᠵᠦᠢᠯ᠂ ᠲᠤᠮᠤ ᠠᠵᠤ ᠠᠬᠤᠶᠢᠯᠠᠯ ᠢᠶᠠᠷ ᠠᠵᠤ | ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠪᠠᠷ ᠠᠵᠤ | ᠦᠢᠯᠡᠰ ᠤᠨ ᠬᠡᠯᠬᠢᠶ᠎ᠡ ᠶᠢ ᠨᠡᠶᠢᠳᠬᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠷᠳᠡᠭ ᠤᠨ | ᠬᠡᠯᠬᠢᠶ᠎ᠡ ᠶᠢ ᠳᠡᠭᠡᠭᠰᠢᠯᠡᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢ ᠪᠠᠲᠤᠯᠠᠬᠤ ᠶᠢ ᠠᠬᠢᠭᠤᠯᠵᠤ᠂ ᠳᠠᠪᠠᠭᠤᠯᠢᠭ ᠠᠵᠤ | ᠦᠢᠯᠡᠰ ᠤᠨ ᠨᠡᠩ ᠥᠨᠳᠥᠷ ᠳᠠᠪᠬᠤᠷᠭ᠎ᠠ ᠲᠡᠰᠢ ᠬᠥᠭᠵᠢᠬᠦ ᠶᠢ ᠠᠬᠢᠭᠤᠯᠤᠨ᠎ᠠ᠃ ᠮᠡᠷᠭᠡᠵᠢᠯ ᠤᠨ ᠰᠢᠨ᠎ᠡ ᠶᠢ | ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠡᠯᠬᠢᠶ᠎ᠡ ᠶᠢ ᠴᠢᠩᠭᠠᠳᠬᠠᠬᠤ︾ ᠠᠵᠢᠯ ᠢ ᠰᠠᠶᠢᠲᠤᠷ ᠬᠢᠵᠦ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠦᠷᠭᠡᠨ ᠬᠥᠭᠵᠢᠯᠲᠡ ᠶᠢᠨ ᠬᠠᠨᠳᠤᠰᠢ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠮᠡᠳᠡᠭᠡ ᠵᠠᠩᠭᠢᠵᠢᠯᠲᠠ ᠪᠠᠷ ᠠᠵᠤ ᠦᠢᠯᠡᠰ ᠤᠨ ᠤᠶᠤᠨᠴᠢᠯᠠᠯᠲᠠ ᠶᠢ | ᠠᠬᠢᠭᠤᠯᠬᠤ ᠬᠡᠷᠡᠭᠲᠡᠢ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠨᠡᠭᠦᠷᠡᠰᠦ | ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ ᠪᠠ ᠨᠠᠷᠢᠯᠢᠭ ᠬᠢᠮᠢ ᠶᠢᠨ ᠠᠵᠤ | ᠦᠢᠯᠡᠳᠪᠦᠷᠢ ᠵᠡᠷᠭᠡ ᠲᠤᠯᠭᠠᠭᠤᠷᠢ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠶᠢᠳᠣ ᠠᠭᠤᠯᠠᠨ | ᠤ ᠠᠭᠤᠷᠬᠠᠢ ᠪᠦᠲᠦᠬᠦ ᠪᠦᠰᠡ ᠵᠡᠷᠭᠡ ᠭᠤᠣᠯᠳᠠᠯᠭ᠎ᠠ ᠲᠠᠢ ᠣᠷᠣᠨ ᠤ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ | ᠬᠥᠭᠵᠢᠭᠦᠯᠬᠦ ᠶᠢ ᠴᠢᠩᠭᠠᠳᠬᠠᠵᠤ᠂ ᠨᠡᠩ ᠤᠯᠠᠨ ᠠᠵᠤ ᠠᠬᠤᠢ ᠶᠢᠨ ᠰᠢᠨ᠎ᠡ ᠲᠦᠰᠢᠭ ᠲᠤᠯᠭᠠᠭᠤᠷᠢ᠂ ᠰᠢᠨ᠎ᠡ ᠴᠡᠭ ᠢ | ᠪᠤᠶᠢᠵᠢᠭᠤᠯᠤᠨ᠎ᠠ᠃ ᠵᠡᠭᠦᠨ ᠳᠤᠮᠳᠠ ᠬᠡᠰᠡᠭ ᠤᠨ ᠭᠠᠵᠠᠷ ᠣᠷᠣᠨ ᠤ ᠡᠨᠧᠷᠭᠢ ᠶᠡᠭᠡ ᠵᠠᠷᠤᠴᠠᠭᠤᠯᠬᠤ ᠠᠵᠤ | ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠡᠨᠧᠷᠭᠢ ᠶᠡᠭᠡ ᠵᠠᠷᠤᠴᠠᠭᠤᠯᠬᠤ ᠪᠣᠬᠢᠷᠲᠤᠯ ᠪᠠᠭ᠎ᠠ | ᠭᠠᠳᠠᠭᠰᠢᠯᠠᠭᠤᠯᠬᠤ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ | ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠬᠡᠵᠦ᠂ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠴᠢᠷᠮᠠᠶᠢᠨ ᠡᠭᠦᠳᠴᠦ᠂ ᠨᠡᠭᠦᠷᠡᠰᠦ ᠬᠢᠮᠢ ᠶᠢᠨ | ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ | ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ | ᠬᠦᠴᠦᠷᠬᠡᠭᠵᠢᠭᠦᠯᠬᠦ ᠶᠢ ᠠᠬᠢᠭᠤᠯᠵᠤ᠂ ᠪᠠᠯ ᠴᠢᠯᠠᠭᠤᠨ ᠠᠯᠺᠧᠨ᠂ ᠱᠦᠯᠲᠦ ᠲᠡᠮᠦᠷᠯᠢᠭ᠂ ᠪᠥᠭᠡᠭᠡᠨᠡᠷᠡᠯ | ᠨᠡᠭᠦᠷᠡᠰᠦᠲᠥ᠋ᠷᠥᠭᠴᠢ ᠴᠠᠬᠢᠭᠤᠷᠲᠤ ᠠᠯᠺᠧᠨ ︵PCS︶᠂ ᠣᠨᠴᠠ ᠲᠥᠷᠥᠯ ᠤᠨ ᠬᠠᠶᠢᠯᠤᠰᠢ ᠵᠡᠷᠭᠡ ᠰᠢᠨ᠎ᠡ ᠪᠠᠷ | ᠪᠤᠶ ᠪᠣᠯᠤᠭᠰᠠᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠲᠦᠷᠭᠡᠳᠬᠡᠨ᠎ᠡ᠃ | ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠳᠠᠬᠢᠨ ᠳᠡᠰ ᠳᠡᠪᠰᠢᠬᠦ ᠶᠢ ᠠᠬᠢᠭᠤᠯᠵᠤ᠂ ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ ᠵᠣᠷᠢᠭᠰᠠᠨ | ᠭᠠᠵᠠᠷ᠂ ᠳᠣᠮᠳᠠᠳᠣᠴᠣᠳ ᠤᠨ ᠵᠢᠭᠤᠯᠴᠢᠯᠠᠯ ᠤᠨ ᠵᠠᠪᠠᠯ ᠬᠦᠷᠬᠦ ᠭᠠᠵᠠᠷ᠂ ᠳᠡᠯᠡᠬᠡᠢ ᠶᠢᠨ ᠲᠡᠰ ᠤᠨ ᠵᠢᠭᠤᠯᠴᠢᠯᠠᠯ ᠤᠨ | ᠰᠡᠭᠦᠳᠡᠷᠯᠡᠬᠦ ᠭᠠᠵᠠᠷ᠂ ᠳᠡᠭᠡᠳᠦ ᠲᠡᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠬᠢᠯᠡᠬᠦ ᠭᠠᠵᠠᠷ᠂ ᠣᠨᠴᠠᠯᠢᠭᠲᠤ | ᠠᠷᠠᠳ ᠤᠨ ᠰᠠᠭᠤᠴᠠ ᠶᠢᠨ ᠪᠦᠷᠢᠳᠭᠡᠬᠦᠯᠬᠦ ᠭᠠᠵᠠᠷ ᠢ ᠪᠣᠢ ᠪᠣᠯᠭᠠᠵᠤ᠂ ᠬᠥᠭᠵᠢᠯᠲᠡ ᠶᠢᠨ ᠰᠢᠨ᠎ᠡ ᠪᠠᠶᠢᠳᠠᠯ ᠳᠤ ᠨᠠᠩ | ᠰᠠᠶᠢᠨ ᠵᠣᠬᠢᠴᠠᠭᠤᠯᠤᠨ᠎ᠠ᠃ ᠡᠯᠡᠰᠦᠨ ᠴᠥᠯ ᠤᠨ ᠭᠤᠤᠯ ᠰᠡᠳᠦᠪᠲᠦ ᠵᠢᠭᠤᠯᠴᠢᠯᠠᠯ᠂ ᠳᠥᠷᠪᠡᠨ ᠤᠯᠠᠷᠢᠯ ᠤᠨ | ᠵᠢᠭᠤᠯᠴᠢᠯᠠᠯ ᠢ ᠬᠥᠭᠵᠢᠭᠦᠯᠵᠦ᠂ ᠰᠢᠨ᠎ᠡ ᠶᠢ ᠡᠭᠦᠳᠬᠦ ᠵᠠᠭᠪᠤᠷ ᠢᠶᠠᠷ ᠪᠠᠭᠠᠲᠤᠷᠴᠤᠳ ᠤᠨ ᠴᠤᠭᠯᠠᠭᠠᠨ᠂ ᠲᠤᠤᠷᠠᠶ ᠶᠢᠨ | ᠨᠠᠶᠢᠷ᠂ ᠨᠠᠭᠠᠳᠤᠮ ᠤᠨ ᠬᠤᠷᠠᠯ ᠵᠡᠷᠭᠡ ᠤᠯᠠᠮᠵᠢᠯᠠᠯᠲᠤ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠰᠠᠶᠢᠲᠤᠷ ᠡᠷᠭᠢᠯᠡᠵᠦ᠂ ᠡᠯᠡᠰᠦᠨ ᠴᠥᠯ ᠤᠨ ᠪᠠᠶᠠᠷ ᠪᠠᠶᠠᠰᠬᠤᠯᠠᠩᠲᠤ ᠶᠢᠷᠲᠢᠨᠴᠦ ᠶᠢ ᠪᠥᠬᠦ ᠬᠦᠴᠦᠨ ᠢᠶᠠᠷ ᠢᠶᠠᠨ | ᠴᠣᠭᠴᠠᠯᠠᠨ᠎ᠠ᠃ ᠬᠠᠴᠢᠨ ᠴᠢᠯᠠᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠤᠯᠠᠳᠠᠬᠢᠨ ᠢ ᠳᠣᠭᠳᠠᠭᠠᠭᠴᠢ ᠬᠤᠷᠢᠶ᠎ᠠ ᠶᠢᠨ ᠡᠷᠲᠡᠨ ᠤ ᠬᠤᠲᠠ᠂ | ᠡᠯᠡᠰᠦᠨ ᠴᠥᠯ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠦᠷᠢᠶᠡᠯᠡᠩ ᠯᠦᠭᠡ ᠨᠢᠭᠡᠳᠦᠯᠲᠡᠶ ᠲᠥᠯᠥᠪᠯᠡᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠪᠥᠬᠦ ᠤᠯᠤᠰ ᠤᠨ ᠬᠠᠴᠢᠨ ᠴᠢᠯᠠᠭᠤᠨ ᠤ ᠳᠡᠯᠭᠡᠨ ᠦᠵᠡᠭᠦᠯᠵᠦ | ᠠᠷᠠᠯᠵᠢᠶᠠᠯᠠᠬᠤ ᠴᠢᠬᠤᠯᠠ ᠰᠣᠶᠣᠯ ᠤᠨ ᠲᠥᠪ ᠢ ᠪᠠᠶᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ | ᠴᠡᠷᠢᠭ ᠤᠨ ᠲᠠᠯ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠳᠡᠭᠡᠳᠦ ᠰᠢᠨ᠎ᠡ ᠮᠠᠲ᠋ᠧᠷᠢᠶᠠᠯ ᠤᠨ ︽ᠠᠷᠠᠳ ᠠᠴᠠ | ᠴᠡᠷᠢᠭ ᠤᠨ ᠶᠠᠪᠤᠳᠠᠯ ᠳᠤ ᠣᠷᠣᠯᠴᠠᠬᠤ︾᠂ ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ ᠢ ᠠᠷᠠᠳ ᠤᠨ | ᠬᠡᠷᠡᠭᠯᠡᠭᠡᠨ ᠳᠤ ᠰᠢᠯᠵᠢᠭᠦᠯᠬᠦ ᠶᠢ ᠲᠦᠷᠭᠡᠳᠬᠡᠨ ᠠᠬᠢᠭᠤᠯᠵᠤ᠂ ᠰᠣᠶᠣᠯ ᠵᠢᠭᠤᠯᠴᠢᠯᠠᠯ᠂ ᠠᠷᠤ ᠲᠠᠯ᠎ᠠ ᠶᠢᠨ ᠪᠠᠲᠤᠯᠠᠭ᠎ᠠ᠂ | ᠨᠡᠶᠢᠭᠡᠮ ᠤᠨ ᠦᠢᠯᠡᠴᠢᠯᠡᠬᠡᠨ ᠤ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠠᠯᠠᠱᠠ ᠶᠢᠨ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ ᠰᠢᠨ᠎ᠡ ᠶᠢ ᠡᠭᠦᠳᠬᠦ ᠬᠦᠷᠢᠶᠡᠯᠡᠩ ᠢ ᠡᠬᠢᠯᠡᠨ ᠪᠠᠶᠢᠭᠤᠯᠵᠤ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠳᠤ ᠦᠨᠡᠨ ᠪᠣᠳᠠᠲᠠᠶ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠎ᠠ᠃ | ᠲᠠᠪᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠢᠯᠡᠰ ᠤᠨ ᠰᠢᠨ᠎ᠡ | ᠬᠥᠭᠵᠢᠯᠲᠡ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ | ᠠᠵᠢᠯ ᠣᠯᠭᠤᠯᠲᠠ ᠦᠢᠯᠡᠰ ᠪᠣᠰᠬᠠᠯᠲᠠ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ | ᠣᠯᠭᠤᠬᠤ ᠭᠤᠣᠯᠳᠠᠯᠭ᠎ᠠ ᠲᠠᠢ ᠨᠡᠶᠢᠲᠡ ᠴᠣᠭᠴᠠ ᠶᠢᠨ ᠪᠣᠯᠪᠠᠰᠤᠷᠠᠭᠤᠯᠤᠯ ᠪᠠ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠶᠡᠬᠡᠪᠡᠷ | ᠥᠷᠨᠢᠭᠦᠯᠵᠦ᠂ ︽ᠮᠡᠷᠭᠡᠵᠢᠯ ᠴᠢᠳᠠᠪᠤᠷᠢ ᠶᠢ ᠡᠷᠬᠢᠮᠯᠡᠭᠰᠡᠨ ᠥᠪᠥᠷ ᠮᠣᠩᠭᠤᠯ ᠤᠨ ᠠᠵᠢᠯᠯᠠᠭ᠎ᠠ︾ ᠪᠠ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠤᠨ ︽ᠴᠠᠬᠢᠷᠮ᠎ᠠ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ︽ᠳᠥᠷᠪᠡ ᠶᠢ | ᠨᠢᠭᠡ ᠴᠣᠭᠴᠠᠵᠢᠭᠤᠯᠤᠭᠰᠠᠨ︾ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ | ᠪᠠᠶᠢᠭᠤᠯᠵᠤ᠂ ᠠᠵᠢᠯ ᠣᠯᠭᠤᠬᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠂ ᠡᠯ᠎ᠡ ᠲᠥᠷᠥᠯ | ᠤᠨ ᠴᠢᠬᠤᠯᠠ ᠬᠦᠴᠦᠨ ᠵᠦᠢᠯ ᠤᠨ ᠬᠥᠯᠥᠰᠥ ᠣᠯᠭᠤᠮᠵᠢ ᠶᠢ ᠵᠠᠬ᠎ᠠ ᠳᠡᠯᠭᠡᠭᠦᠷ ᠢᠶᠠᠷ ᠲᠣᠭᠲᠠᠭᠠᠬᠤ ᠲᠣᠭᠲᠠᠴᠠ᠂ | ᠴᠠᠯᠢᠩ ᠤᠨ ᠵᠦᠢ ᠵᠣᠬᠢᠰᠲᠠᠢ ᠨᠡᠮᠡᠭᠳᠡᠬᠦ ᠲᠣᠭᠲᠠᠴᠠ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ | ᠲᠤᠬᠢᠷᠠᠭᠤᠯᠬᠤ ᠲᠣᠭᠲᠠᠴᠠ ᠪᠣᠯᠤᠨ ᠴᠠᠯᠢᠩ ᠥᠭᠬᠦ ᠶᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠬᠡᠪᠴᠢᠶ᠎ᠡ ᠶᠢ ᠥᠷᠭᠡᠳᠬᠡᠨ᠂ ᠣᠷᠣᠯᠭ᠎ᠠ ᠪᠠᠭᠠᠲᠠᠢ ᠬᠥᠮᠦᠰ | ᠤᠨ ᠣᠷᠣᠯᠭ᠎ᠠ ᠶᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠦᠷᠢᠶ᠎ᠡ ᠶᠢ | ᠪᠠᠭᠠᠰᠬᠠᠨ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠣᠷᠣᠯᠭ᠎ᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ | ᠠᠬᠢᠭᠤᠯᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠪᠠᠲᠤᠯᠠᠵᠤ᠂ ᠰᠤᠷᠭᠠᠨ ᠬᠥᠮᠦᠵᠢᠯ ᠤᠨ ᠵᠠᠷᠤᠳᠠᠯ ᠤᠨ | ᠣᠷᠣᠭᠤᠯᠤᠯᠲᠠ ᠶᠢ ᠨᠡᠮᠡᠭᠳᠡᠭᠦᠯᠦᠨ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ︽ᠬᠤᠶᠠᠷ ᠢ | ᠬᠦᠩᠭᠡᠷᠡᠬᠦᠯᠬᠦ︾ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠰᠠᠶᠢᠲᠤᠷ ᠬᠢᠵᠦ᠂ ᠭᠤᠷᠪᠠᠨ ᠲᠥᠷᠥᠯ ᠤᠨ | ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠰᠤᠷᠭᠠᠨ ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃ ᠰᠤᠷᠭᠠᠭᠤᠯᠢ | ᠡᠷᠬᠢᠯᠡᠵᠦ ᠬᠥᠮᠦᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠲᠦᠭᠡᠮᠡᠯ ᠬᠠᠷᠠᠭᠠᠯᠵᠠᠬᠤ ᠴᠢᠨᠠᠷᠲᠠᠶ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠬᠡᠨ ᠬᠥᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ︽ᠰᠤᠷᠭᠠᠭᠤᠯᠢ ᠶᠢᠨ ᠵᠠᠬᠢᠷᠤᠯ ᠢ | ᠳᠠᠭᠠᠭᠤᠯᠬᠤ︾ ︽ᠰᠢᠯᠢᠳᠡᠭ ᠪᠠᠭᠰᠢ︾ ᠬᠥᠮᠦᠵᠢᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠣᠷᠦ᠋ᠢᠯᠠᠭᠰᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢᠨ ᠢᠨᠵᠧᠨᠧᠷᠢᠩ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠲᠠᠶᠢᠰᠠᠨ ᠤ | ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠳᠬ᠎ᠠ ᠤᠷᠠᠯᠢᠭ ᠤᠨ | ᠵᠣᠬᠢᠶᠠᠨ ᠪᠦᠲᠦᠭᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠢᠨᠵᠧᠨᠧᠷᠢᠩ ᠢ ᠠᠬᠢᠭᠤᠯᠵᠤ᠂ | ᠰᠤᠪᠨᠠᠭᠤᠷ ᠤᠨ ᠪᠠᠭᠤᠷᠢ ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠳᠠᠨ ᠵᠢᠷᠤᠭ ᠤᠨ ᠰᠤᠳᠤᠯᠤᠯ ᠢ | ᠥᠷᠨᠢᠭᠦᠯᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠤᠯᠠᠮᠵᠢᠯᠠᠬᠤ | ᠠᠵᠢᠯ ᠢ ᠰᠠᠶᠢᠲᠤᠷ ᠬᠢᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠡᠮᠡᠭᠡᠨ ᠰᠣᠶᠣᠯ ᠤᠨ | ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ | ᠪᠠᠶᠢᠭᠤᠯᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠦᠲᠦᠭᠡᠨ | ᠪᠠᠶᠢᠭᠤᠯᠤᠯᠲᠠ ᠶᠢ ᠪᠠᠬᠢᠵᠢᠭᠦᠯᠵᠦ᠂ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ᠂ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠤ ᠦᠢᠯᠡᠴᠢᠯᠡᠭᠡᠨ ᠤ ᠴᠢᠳᠠᠮᠵᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠯᠤᠭ᠎ᠠ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠠᠯᠠᠱᠠ ᠶᠢᠨ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠭᠦᠨᠵᠡᠭᠡᠶ ᠥᠷᠨᠢᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ | ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ | ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠴᠢᠭᠢᠷᠠᠭ | ᠳᠦᠷᠦᠵᠦ ᠲᠣᠷᠨᠢᠭᠤᠨ ᠥᠰᠬᠡᠬᠦ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠦᠬᠡᠳ ᠰᠠᠭᠠᠲᠠᠭᠤᠯᠬᠤ | ᠦᠢᠯᠡᠴᠢᠯᠡᠬᠡᠨ ᠤ ᠳᠡᠮᠵᠢᠯᠭᠡ ᠪᠠᠲᠤᠯᠠᠭ᠎ᠠ ᠶᠢᠨ ᠦᠢᠯᠡᠳᠦᠯ ᠢ ᠥᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠮ ᠡᠮᠴᠢᠯᠡᠭᠡ ᠡᠮᠨᠡᠯᠭᠡ ᠶᠢᠨ ᠬᠤᠯᠪᠣᠭᠠᠯᠠᠨ | ᠬᠥᠳᠡᠯᠦᠯᠴᠡᠬᠦ︾ ᠪᠦᠬᠦᠯᠢ ᠴᠣᠭᠴᠠ ᠶᠢᠨ ᠴᠢᠨᠠᠷᠲᠠᠶ ᠵᠠᠰᠠᠯᠲᠠ ᠶᠢᠨ ᠪᠠᠶᠢᠷᠢᠰᠢᠯ ᠢ ᠪᠠᠶᠢᠭᠤᠯᠤᠨ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠂ ᠴᠢᠨᠠᠷ ᠰᠠᠶᠢᠲᠠᠶ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠥᠷᠭᠡᠳᠬᠡᠨ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠢᠨᠲ᠋ᠧᠷ | ᠰᠦᠯᠵᠢᠶ᠎ᠡ + ᠡᠮᠴᠢᠯᠡᠭᠡᠨ ᠤ ᠦᠢᠯᠡᠴᠢᠯᠡᠭᠡ︾ ᠶᠢᠨ ᠬᠥᠭᠵᠢᠯᠲᠡ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠬᠢᠵᠠᠭᠠᠷ ᠲᠠᠢ ᠡᠳ᠋ ᠤᠨ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠬᠦᠷᠢᠶ᠎ᠡ ᠲᠡᠰᠢ ᠬᠡᠯᠪᠠᠶᠢᠯᠭᠡᠵᠦ᠂ | ᠠᠷᠠᠳ ᠤᠨ ᠠᠮᠢᠳᠤᠷᠠᠯ ᠤᠨ ᠵᠠᠷᠤᠯᠭ᠎ᠠ ᠶᠢ ᠤᠷᠢᠳᠠᠪᠠᠷ ᠪᠠᠲᠤᠯᠠᠨ᠎ᠠ᠃ ᠬᠤᠳᠠ ᠬᠥᠳᠡᠭᠡ ᠶᠢᠨ ᠨᠠᠰᠤᠵᠢᠯ ᠤᠨ | ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠪᠠ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠲᠡᠰ | ᠳᠠᠪᠬᠤᠷᠭ᠎ᠠ ᠲᠦᠷᠦᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠬᠠᠮᠤᠭ ᠤᠨ ᠶᠡᠭᠡ ᠪᠣᠳᠠᠲᠤ | ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠭᠡᠷ ᠪᠦᠯᠢ ᠵᠡᠷᠭᠡ | ᠬᠦᠴᠢᠷᠳᠡᠯᠲᠡᠶ ᠨᠡᠶᠢᠲᠡ ᠴᠣᠭᠴᠠ ᠶᠢᠨ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ | ᠭᠤᠣᠯᠳᠠᠯᠭ᠎ᠠ ᠲᠠᠢ ᠠᠩᠬᠠᠷᠴᠤ᠂ ᠬᠥᠮᠦᠨ ᠠᠮᠠ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠬᠠᠯᠠᠮᠵᠢᠯᠠᠨ ᠬᠠᠶᠢᠷᠠᠯᠠᠬᠤ ᠡᠷᠴᠢᠮ ᠢ ᠨᠡᠮᠡᠭᠳᠡᠭᠦᠯᠵᠦ᠂ ᠬᠤᠲᠠ | ᠪᠠᠯᠭᠠᠰᠤ ᠶᠢᠨ ᠬᠦᠴᠢᠷᠳᠡᠯᠲᠡᠶ ᠨᠡᠶᠢᠲᠡ ᠴᠣᠭᠴᠠ ᠶᠢ ᠬᠠᠯᠠᠮᠵᠢᠯᠠᠨ ᠬᠠᠶᠢᠷᠠᠯᠠᠬᠤ ᠪᠠᠲᠤᠯᠠᠭ᠎ᠠ ᠶᠢᠨ ᠢᠨᠵᠧᠨᠧᠷᠢᠩ ᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠴᠢᠷᠳᠡᠯᠲᠡᠶ ᠭᠡᠷ ᠪᠦᠯᠢ ᠶᠢᠨ ᠬᠡᠦᠬᠡᠳ ᠲᠤ ᠣᠶᠢᠷ᠎ᠠ ᠬᠠᠷᠠᠭ᠎ᠠ ᠲᠠᠢ ᠪᠣᠯ | ᠰᠦᠢᠳᠬᠡᠯ ᠬᠤᠷᠢᠶᠠᠬᠤ ᠦᠭᠡᠶ ᠪᠠᠷ ᠰᠢᠯ ᠲᠠᠭᠠᠷᠠᠭᠤᠯᠬᠤ ᠪᠠ ᠬᠠᠷᠠᠭ᠎ᠠ ᠮᠠᠭᠤ ᠪᠣᠯ ᠰᠦᠢᠳᠬᠡᠯ ᠬᠤᠷᠢᠶᠠᠬᠤ | ᠦᠭᠡᠶ ᠪᠠᠷ ᠵᠠᠰᠠᠬᠤ ᠡᠮᠴᠢᠯᠡᠭᠡ ᠶᠢ ᠬᠡᠷᠡᠭᠵᠢᠭᠦᠯᠦᠨ᠎ᠡ᠃ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠥᠪᠡᠷ ᠤᠨ ᠥᠷᠲᠡᠭ ᠢ ᠪᠠᠭᠤᠷᠠᠭᠤᠯᠬᠤ | ᠢᠨᠵᠧᠨᠧᠷᠢᠩ ᠢ ᠪᠥᠬᠦ ᠬᠦᠴᠦᠨ ᠢᠶᠠᠷ ᠠᠬᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠨᠠᠰᠤᠲᠠᠨ ᠨᠢᠯᠬ᠎ᠠ | ᠬᠡᠣᠬᠡᠳ︾ ᠬᠥᠮᠦᠨ ᠠᠮᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠡᠮᠡᠭᠲᠡᠶᠢᠴᠦᠳ ᠬᠡᠦᠬᠡᠳ ᠪᠠᠭᠠᠴᠣᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠨᠡᠶᠢᠭᠡᠮ ᠤᠨ ᠠᠰᠠᠷᠠᠮᠵᠢ ᠶᠢᠨ | ᠲᠦᠷᠢᠮ ᠢ ᠲᠡᠭᠦᠯᠳᠡᠷᠵᠢᠭᠦᠯᠦᠨ᠎ᠡ᠃ ᠵᠠᠯᠠᠭᠤᠴᠤᠳ ᠢ ᠡᠩ ᠲᠡᠷᠢᠬᠦᠨ ᠳᠤ ᠬᠥᠭᠵᠢᠭᠦᠯᠬᠦ ᠣᠶᠢᠯᠠᠭᠠᠭᠳᠠᠬᠤᠨ ᠢ ᠪᠣᠶ | ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠣᠷᠳᠣ ᠬᠤᠭᠤᠴᠠᠭᠠᠨ ᠤ | ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018—2025 ᠣᠨ︶︾ ᠶᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠳᠤ | ᠲᠦᠰᠢᠭᠯᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠵᠠᠯᠠᠭᠤᠴᠤᠳ ᠤᠨ ᠲᠥᠷᠥ ᠶᠢᠨ ᠪᠣᠳᠣᠯᠭ᠎ᠠ ᠪᠠ | ᠵᠠᠯᠠᠭᠤᠴᠤᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠨᠡᠶᠢᠲᠡᠯᠡᠬᠦ ᠶᠢ ᠢᠳᠡᠪᠬᠢᠲᠡᠶ ᠠᠬᠢᠭᠤᠯᠵᠤ | ᠂ ᠵᠠᠯᠠᠭᠤᠴᠤᠳ ᠤᠨ ᠦᠵᠡᠯ ᠰᠠᠨᠠᠭ᠎ᠠ ᠶᠢ ᠬᠥᠲᠥᠯᠥᠨ ᠳᠠᠭᠠᠭᠤᠯᠬᠤ ᠢᠨᠵᠧᠨᠧᠷᠢᠩ ᠵᠢᠴᠢ ᠵᠠᠯᠠᠭᠤᠴᠤᠳ ᠤᠨ | ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠠᠬᠢᠭᠤᠯᠤᠨ᠎ᠠ᠃ | ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠣᠷᠣᠨ | ᠰᠠᠭᠤᠴᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠳᠤᠨᠢ ᠡᠷᠬᠢᠮᠯᠡᠨ᠂ | ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠨᠥᠬᠦᠴᠡᠯ ᠢ ᠲᠠᠰᠤᠷᠠᠯᠲᠠ ᠤᠢᠭᠡᠢ ᠰᠠᠶᠢᠵᠢᠷᠠᠭᠤᠯᠤᠨ᠎ᠠ᠃ ᠬᠤᠳᠠ ᠢᠢ ᠰᠢᠨᠡᠳᠬᠡᠬᠦ ᠠᠵᠢᠯᠯᠠᠭ᠎ᠠ ᠶᠢ | ᠬᠡᠷᠡᠭᠵᠢᠭᠦᠯᠵᠦ᠂ ᠭᠤᠣᠯ ᠬᠤᠲᠠ ᠪᠠᠯᠭᠠᠰᠤ ᠶᠢᠨ ᠪᠠᠶᠢᠰᠢᠩ ᠤᠨ ᠲᠣᠭᠤᠷᠢᠭ ᠢ ᠰᠢᠨᠡᠳᠬᠡᠨ ᠵᠠᠰᠠᠵᠤ ᠳᠡᠭᠡᠭᠰᠢᠯᠡᠭᠦᠯᠬᠦ | ᠲᠥᠯᠥᠪᠯᠡᠭᠡ ᠶᠢ ᠡᠬᠢᠯᠡᠭᠦᠯᠵᠦ᠂ ᠬᠤᠲᠠ ᠪᠠᠯᠭᠠᠰᠤ ᠶᠢᠨ ᠤᠰᠤ ᠬᠠᠩᠭᠠᠬᠤ ᠤᠰᠤ ᠲᠠᠲᠠᠷᠠᠭᠤᠯᠬᠤ᠂ ᠰᠢᠲᠠᠮᠠᠬᠠᠢ | ᠬᠡᠢ᠂ ᠢᠯᠴᠢ ᠬᠠᠩᠭᠠᠬᠤ ᠬᠠᠭᠤᠴᠢᠷᠬᠠᠰᠠᠨ ᠬᠤᠭᠤᠯᠠᠢ 20 ᠺᠢᠯᠣᠮᠧᠲᠷ ᠢ ᠰᠢᠨᠡᠳᠬᠡᠨ ᠵᠠᠰᠠᠵᠤ᠂ ᠮᠠᠯᠵᠢᠬᠤ | ᠲᠠᠷᠢᠶᠠᠯᠠᠬᠤ ᠣᠷᠣᠨ ᠤ ᠵᠠᠮ 180 ᠺᠢᠯᠣᠮᠧᠲᠷ ᠢ ᠵᠠᠰᠠᠵᠦ᠂ ᠬᠤᠲᠠ ᠪᠠᠯᠭᠠᠰᠤ ᠶᠢᠨ ᠮᠤᠬᠤᠷ ᠵᠠᠮ᠂ | ᠲᠦᠭᠵᠢᠷᠡᠭᠰᠡᠨ ᠵᠠᠮ᠂ ᠤᠰᠤ ᠬᠤᠷᠠᠭᠰᠠᠨ ᠵᠠᠮ ᠢ ᠦᠷᠭᠦᠯᠵᠢᠯᠡᠨ ᠨᠡᠪᠲᠡᠷᠡᠭᠦᠯᠬᠦ ᠪᠠ ᠵᠠᠰᠠᠵᠤ᠂ ᠬᠤᠳᠠ ᠶᠢᠨ | ᠶᠠᠪᠤᠳᠠᠯ ᠤᠨ 15 ᠰᠠᠭᠤᠷᠢ ᠪᠡᠯᠡᠳᠬᠡᠮᠵᠢ᠂ ᠬᠤᠲᠠ ᠪᠠᠯᠭᠠᠰᠤ ᠶᠢᠨ 11 ᠬᠠᠭᠤᠴᠢᠨ ᠪᠠᠭ᠎ᠠ ᠲᠣᠭᠤᠷᠢᠭ᠂ ᠬᠤᠲᠠ | ᠪᠠᠯᠭᠠᠰᠤ ᠶᠢᠨ 840 ᠢᠵᠢ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ ᠢᠵᠢ | ᠪᠦᠷᠢᠳᠦᠭᠡᠳᠦᠢ ᠣᠷᠣᠨ ᠰᠠᠭᠤᠴᠠ ᠶᠢ ᠰᠢᠨᠡᠳᠬᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ ᠭᠤᠶᠤᠵᠢᠭᠤᠯᠤᠨ | ᠨᠣᠭᠤᠭᠠᠷᠠᠭᠤᠯᠬᠤ ᠶᠢ ᠵᠣᠬᠢᠰᠲᠠᠢ ᠥᠷᠨᠢᠭᠦᠯᠵᠦ᠂ ᠵᠢᠵᠢᠭ ᠮᠥᠷᠲᠡᠭᠡᠨ ᠨᠠᠷᠢᠯᠢᠭ᠂ ᠨᠠᠷᠢᠯᠢᠭ ᠮᠥᠷᠲᠡᠭᠡᠨ ᠭᠤᠶᠤ | ᠬᠤᠲᠠ ᠶᠢ ᠪᠦᠲᠦᠭᠡᠨ ᠪᠠᠶᠢᠭᠤᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠲᠦᠷᠦᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ | ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠬᠦ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ | ᠪᠦᠲᠦᠮᠵᠢᠲᠡᠢ ᠵᠣᠯᠭᠠᠭᠤᠯᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ | ᠱᠤᠭᠤᠮ ᠢ ᠡᠷᠡᠰ ᠰᠠᠬᠢᠵᠤ᠂ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠠᠮᠲᠤ ᠪᠠᠷ | ᠪᠠᠶᠠᠵᠢᠬᠤ ᠶᠢ ᠠᠬᠢᠭᠤᠯᠤᠨ᠎ᠠ᠃ | |