ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/7/20
    —— ᠠᠶᠢᠮᠠᠭ ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠶᠢ ᠰᠤᠷᠪᠤᠯᠵᠢᠯᠠᠭᠰᠠᠨ ᠨᠢ     ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠬᠤ ᠡᠬᠢᠯᠡᠯᠲᠡ ᠶᠢᠨ ᠵᠢᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠴᠢᠬᠤᠯᠠ ᠴᠠᠭ ᠮᠥᠴᠡ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠮᠠᠨ ᠤ ᠣᠷᠣᠨ ᠳᠤ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠠᠶ᠃︾ ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠠᠶᠢᠮᠠᠭ  ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ  ᠤ ᠨᠠᠮ ᠤᠨ ᠬᠤᠷᠢᠶᠠᠨ  ᠤ ᠱᠦᠵᠢ ᠯᠢᠦ ᠴᠥᠩ ᠰᠢᠶᠤᠤ ᠲᠤᠰᠬᠠᠶ ᠰᠤᠷᠪᠤᠯᠵᠢᠯᠠᠭ᠎ᠠ  ᠶᠢ ᠬᠦᠯᠢᠶᠡᠪᠡ᠃     ᠯᠢᠦ ᠴᠥᠩ ᠰᠢᠶᠤᠤ᠂ ᠠᠯᠠᠱᠠ ᠪᠠᠷᠠᠭᠤᠨ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠦᠨ᠎ᠡ᠃ ᠠᠯᠠᠱᠠ ᠪᠠᠷᠠᠭᠤᠨ ᠬᠤᠰᠢᠭᠤ ᠲᠠᠪᠤᠨ ᠲᠠᠯ᠎ᠠ ᠪᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠤᠨ᠎ᠠ ᠬᠡᠪᠡ᠃     ᠨᠢᠭᠡ᠂ ︽ᠲᠠᠪᠤᠨ ᠶᠡᠭᠡ ᠡᠭᠦᠷᠭᠡ︾ ᠶᠢ ᠨᠠᠷᠢᠯᠢᠭ ᠨᠠᠶᠢᠳᠠᠪᠤᠷᠢᠵᠢᠭᠤᠯᠤᠨ᠎ᠠ     ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠢ ᠪᠠᠳᠣᠯᠠᠬᠤ ᠠᠴᠠ ᠡᠭᠦᠰᠴᠦ᠂ ᠣᠳᠣᠬᠢ ᠪᠠᠶᠢᠳᠠᠯ ᠳᠤ ᠰᠠᠭᠤᠷᠢᠯᠠᠵᠦ᠂ ᠠᠯᠤᠰ ᠬᠤᠯᠠ ᠶᠢ ᠪᠣᠳᠣᠯᠬᠢᠯᠠᠨ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠢᠴᠢ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠠᠳᠬᠤᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠲᠡᠢ ᠪᠦᠳᠦᠭᠡᠨ ᠪᠠᠶᠢᠭᠤᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠴᠢᠨᠠᠷ ᠰᠠᠶᠢᠲᠠᠢ ᠪᠦᠳᠦᠭᠡᠨ ᠪᠠᠶᠢᠭᠤᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠥᠷᠨᠢᠭᠦᠨ ᠬᠥᠭᠵᠢᠩᠭᠦᠶ ᠪᠠᠷ ᠴᠣᠭᠴᠠᠯᠠᠨ᠎ᠠ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠢᠶᠠᠨ ᠭᠤᠶᠢᠪᠢᠰᠢ ᠥᠬᠡᠶ ᠳᠠᠭᠠᠵᠤ᠂ ᠭᠠᠷ ᠬᠤᠯᠪᠣᠨ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠨ᠎ᠠ᠃    ᠬᠤᠶᠠᠷ᠂ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ    ᠵᠠᠷᠢᠮ ᠢ ᠨᠢ ᠬᠢᠵᠦ ᠵᠠᠷᠢᠮ ᠢ ᠨᠢ ᠬᠢᠬᠦ ᠦᠭᠡᠶ ᠪᠠᠶᠢᠬᠤ ᠶᠢ ᠪᠠᠷᠢᠮᠲᠠᠯᠠᠨ᠂ ᠠᠷᠭ᠎ᠠ ᠮᠠᠶ᠋ᠢᠭ ᠢᠶᠠᠨ ᠪᠦᠬᠦ ᠬᠦᠴᠦᠨ ᠢᠶᠠᠷ ᠢᠶᠠᠨ ᠬᠤᠪᠢᠷᠠᠭᠤᠯᠵᠤ᠂ ᠪᠦᠲᠦᠴᠡ ᠪᠠᠨ  ᠳᠣᠬᠢᠷᠠᠭᠤᠯᠣᠨ᠎ᠠ᠃ ︽ᠪᠦᠬᠦ ᠤᠯᠤᠰ ᠤᠨ ᠲᠡᠮᠡᠭᠡᠨ ᠤ ᠠᠵᠤ ᠦᠢᠯᠡᠰ ᠤᠨ ᠬᠠᠮᠤᠭ ᠤᠨ ᠶᠡᠭᠡ ᠦᠯᠢᠭᠡᠷ ᠳᠠᠭᠤᠷᠢᠶᠠᠯ ᠭᠠᠵᠠᠷ ᠣᠷᠣᠨ ᠢ ᠪᠠᠶᠢᠭᠤᠯᠬᠤ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ︽ᠤᠯᠤᠰ ᠤᠨ ᠲᠠᠰ ᠤᠨ ᠠᠯᠠᠱᠠ ᠶᠢᠨ ᠣᠳᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ︾ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠦᠬᠦ ᠵᠢᠯ ᠤᠨ ᠲᠡᠮᠡᠭᠡᠨ ᠤ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠤᠨ ᠨᠡᠮᠡᠭᠳᠡᠯ ᠢ 60 % ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠪᠠᠶᠠᠯᠢᠭ ᠡᠯᠡᠰᠦᠨ ᠤᠷᠭᠤᠮᠠᠯ ᠤᠨ ᠡᠬᠢ ᠪᠠᠶᠠᠯᠢᠭ ᠲᠤ ᠰᠠᠭᠤᠷᠢᠯᠠᠨ᠂ ᠡᠯᠡᠰᠦᠨ ᠤ ᠠᠵᠤ ᠦᠢᠯᠡᠰ ᠤᠨ ᠬᠡᠪᠴᠢᠶᠡᠵᠢᠬᠦ᠂ ᠲᠥᠷᠥᠯ ᠲᠡᠮᠳᠡᠭᠵᠢᠬᠦ ᠬᠥᠭᠵᠢᠯᠲᠡ ᠶᠢ ᠠᠬᠢᠭᠤᠯᠤᠨ᠎ᠠ᠃ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠠᠰᠢᠭᠯᠠᠯᠲᠠ ᠳᠤ ᠣᠷᠣᠬᠤ ᠶᠢ ᠪᠥᠬᠦ ᠬᠦᠴᠦᠨ ᠢᠶᠠᠷ ᠠᠬᠢᠭᠤᠯᠵᠤ᠂ ᠪᠠᠶᠢᠭᠠᠯᠢ ᠶᠢᠨ ᠬᠤᠵᠢᠷ ᠤᠨ ᠠᠵᠤ ᠦᠢᠯᠡᠰ ᠢ ᠡᠮ ᠡᠮᠨᠡᠯᠭᠡ᠂ ᠬᠡᠷᠡᠯ ᠴᠡᠨᠡᠭ ᠤᠨ ᠰᠢᠯ ᠵᠡᠷᠭᠡ ᠠᠵᠤ ᠦᠢᠯᠡᠰ ᠳᠠᠰᠢ ᠤᠷᠲᠤᠳᠬᠠᠬᠤ ᠶᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠪᠠᠳᠠᠶ ᠶᠢᠨ ᠵᠢᠷᠠᠨ ᠤ ᠡᠯᠡᠰᠦᠨ ᠴᠥᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠠᠭᠠᠵᠤ᠂ ᠴᠡᠪᠡᠷ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠶ ᠬᠡᠮᠵᠢᠶ᠎ᠡ ᠶᠢ ᠲᠣᠭᠲᠠᠭᠤᠨ ᠢᠶᠠᠷ ᠥᠷᠭᠡᠳᠬᠡᠨ᠎ᠡ᠃ ᠳᠠᠪᠤᠰᠤ ᠠᠽᠣᠲ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠠᠯᠬᠤᠮ ᠢ ᠲᠦᠷᠭᠡᠳᠬᠡᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠷᠠᠭᠤᠯᠬᠤ ᠠᠵᠢᠯ ᠢ ᠰᠠᠶᠢᠲᠤᠷ ᠬᠢᠨ᠎ᠠ᠃ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠭᠡᠭᠡᠷᠡᠯᠡᠨ ᠠᠶᠠᠯᠠᠬᠤ e ᠠᠩᠬᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠪᠠᠳᠠᠢ ᠶᠢᠨ ᠵᠢᠷᠠᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ ᠨᠠᠶᠢᠷ ᠤᠨ ᠠᠵᠢᠯᠯᠠᠭ᠎ᠠ ᠶᠢ ᠬᠡᠪᠰᠢᠭᠦᠯᠦᠨ ᠰᠠᠶᠢᠲᠤᠷ ᠡᠷᠬᠢᠯᠡᠵᠦ᠂ ᠠᠯᠳᠠᠷᠰᠢᠯ ᠲᠠᠢ ᠪᠥᠭᠡᠳ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃     ᠭᠤᠷᠪᠠ᠂ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ     ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠶᠢ ᠰᠠᠶᠢᠲᠤᠷ ᠭᠡᠷᠡᠭᠵᠢᠬᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠵᠢᠴᠢ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠠᠳᠠᠢ ᠶᠢᠨ ᠵᠢᠷᠠᠨ ᠡᠯᠡᠰᠦᠨ ᠴᠦᠯ ᠤᠨ ᠡᠮᠦᠨ᠎ᠡ ᠵᠠᠬ᠎ᠠ ᠶᠢᠨ 300 ᠺᠢᠯᠣᠮᠧᠲᠷ ᠤᠷᠳᠤ᠂ ᠥᠷᠭᠡᠨ ᠨᠢ 18 ᠺᠢᠯᠣᠮᠧᠲᠷ᠂ ᠲᠩᠷᠢ ᠡᠯᠡᠰᠦᠨ ᠴᠦᠯ ᠤᠨ ᠬᠤᠶᠢᠲᠤ ᠵᠠᠬ᠎ᠠ ᠶᠢᠨ ᠤᠷᠲᠤ ᠨᠢ 260 ᠺᠢᠯᠣᠮᠧᠲᠷ᠂ 20 ᠺᠢᠯᠣᠮᠧᠲᠷ ᠥᠷᠭᠡᠨ ︽ᠬᠤᠶᠠᠷ ᠨᠠᠢᠮᠠᠨ ᠵᠠᠭᠤᠨ ᠲᠦᠮᠡᠨ ᠮᠥ ᠠᠮᠢ ᠠᠬᠤᠶ ᠶᠢᠨ ᠵᠠᠰᠠᠯᠲᠠ ᠶᠢᠨ ᠣᠷᠣᠨ︾ ᠢ ᠲᠦᠷᠬᠡᠨ ᠪᠠᠶᠢᠭᠤᠯᠵᠦ᠂ ᠪᠠᠳᠠᠶ ᠶᠢᠨ ᠵᠢᠷᠠᠨ ᠪᠣᠯᠤᠨ ᠲᠩᠷᠢ ᠬᠤᠶᠠᠷ ᠶᠡᠭᠡ ᠡᠯᠡᠰᠦᠨ ᠴᠥᠯ ᠤᠨ ᠨᠡᠶᠢᠯᠡᠬᠦ ᠶᠢ ᠪᠦᠲᠦᠮᠵᠢᠲᠡᠶ ᠬᠤᠷᠢᠭᠯᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠯᠠᠱᠠ ᠪᠠᠷᠠᠭᠤᠨ ᠬᠤᠰᠢᠭᠤᠨ ᠤ ᠲᠩᠷᠢ ᠶᠢ ᠨᠠᠩ ᠴᠡᠯᠮᠡᠭ᠂ ᠭᠠᠵᠠᠷ ᠢ ᠨᠠᠩ ᠨᠣᠭᠤᠭᠠᠨ᠂ ᠤᠰᠤ ᠶᠢ ᠨᠠᠩ ᠲᠤᠩᠭᠠᠯᠠᠭ᠂ ᠬᠤᠲᠠ ᠪᠠᠯᠭᠠᠰᠤ ᠶᠢ ᠨᠠᠩ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠳᠤ ᠪᠣᠬᠢᠷᠲᠤᠯ ᠥᠬᠡᠶ ᠡᠬᠢ ᠪᠠᠶᠠᠯᠢᠭ᠂ ᠦᠵᠡᠰᠬᠦᠯᠡᠩᠲᠦ ᠰᠠᠶᠢᠬᠠᠨ ᠦᠵᠡᠮᠵᠢ ᠶᠢ ᠦᠷᠭᠦᠯᠵᠢᠯᠡᠨ ᠨᠡᠮᠡᠷᠢᠯᠡᠨ᠎ᠡ᠃     ᠳᠥᠷᠪᠡ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ     ᠶᠡᠷᠦᠩᠬᠡᠶ ᠱᠦᠵᠢ ᠰᠢ ᠶᠢᠨ ᠫᠢᠩ ᠤᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠨᠵᠡᠭᠡᠶ ᠣᠶᠢᠯᠠᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠬᠦᠯᠵᠦ᠂ ᠣᠶᠤᠨ ᠴᠢᠳᠠᠯ ᠢᠶᠠᠨ ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ ᠪᠠ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ᠂ ᠪᠠᠳᠠᠢ ᠶᠢᠨ ᠵᠢᠷᠠᠨ ᠪᠠᠯᠭᠠᠰᠤᠨ ᠤ ᠬᠤᠲᠠ ᠶᠢᠨ ᠶᠠᠪᠤᠳᠠᠯ ᠤᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠦᠢᠯᠡᠳᠪᠦᠷᠢᠯᠡᠯ ᠳᠤ ᠰᠢᠯᠵᠢᠭᠰᠡᠨ ᠮᠠᠯᠴᠢᠨ ᠲᠠᠷᠢᠶᠠᠴᠢᠨ ᠵᠡᠷᠭᠡ ᠬᠥᠮᠦᠰ ᠤᠨ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠣᠯᠠᠨ ᠳᠡᠰ ᠳᠠᠪᠬᠤᠷᠭ᠎ᠠ ᠪᠦᠬᠦ ᠲᠠᠯ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠳᠤ ᠬᠠᠨᠤᠮᠵᠢᠲᠠᠢ ᠰᠤᠷᠭᠠᠨ ᠬᠥᠮᠦᠵᠢᠯ ᠢ ᠬᠦᠴᠦᠯᠡᠨ ᠡᠷᠬᠢᠯᠡᠵᠦ᠂ ︽ᠡᠷᠡᠭᠦᠯ ᠡᠩᠬᠡ ᠠᠯᠠᠱᠠ ᠪᠠᠷᠠᠭᠤᠨ ᠬᠤᠰᠢᠭᠤ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠨᠠᠰᠤᠵᠢᠯ ᠤᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠮᠲᠤ ᠪᠠᠷ ᠪᠠᠶᠠᠵᠢᠬᠤ ᠶᠢ ᠠᠬᠢᠭᠤᠯᠬᠤ ᠠᠵᠢᠯᠯᠠᠭ᠎ᠠ ᠪᠠ ᠳᠡᠷᠭᠡᠳᠡ ᠨᠢ ᠪᠠᠶᠢᠬᠤ ᠶᠢ ᠦᠨᠡᠨᠬᠦ ᠮᠡᠳᠡᠷᠡᠭᠦᠯᠦᠨ᠎ᠡ᠃    ᠲᠠᠪᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠵᠤ ᠪᠣᠳᠠᠲᠠᠢ ᠠᠬᠢᠭᠤᠯᠤᠨ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠪᠣᠢ ᠪᠣᠯᠭᠠᠵᠦ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠨ᠎ᠠ᠃ ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠨ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠨᠡᠩ ᠥᠷᠭᠡᠨ ᠬᠠᠷᠠᠭ᠎ᠠ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠥᠭᠵᠢᠯᠲᠡ ᠶᠢ ᠰᠦᠪᠡᠭᠴᠢᠯᠡᠵᠦ᠂ ᠬᠥᠭᠵᠢᠯᠲᠡ ᠶᠢ ᠠᠳᠬᠤᠨ᠎ᠠ᠃ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦ ᠳᠡᠯᠪᠢᠨ ᠰᠢᠢᠳᠪᠦᠷᠢᠯᠡᠵᠦ᠂ ᠲᠣᠭᠲᠠᠭᠰᠠᠨ ᠬᠠᠷᠠᠯᠲᠠ᠂ ᠲᠣᠳᠣᠷᠬᠠᠶ ᠡᠭᠦᠷᠭᠡ ᠳᠤ ᠨᠥᠬᠦᠴᠡᠯ ᠳᠤᠷᠠᠳᠬᠤ ᠥᠬᠡᠶ᠂ ᠬᠦᠴᠢᠷ ᠪᠡᠷᠬᠡᠰᠢᠶᠡᠯ ᠢ ᠶᠠᠷᠢᠬᠤ ᠥᠬᠡᠶ᠂ ᠣᠨᠴᠣᠭᠤᠢ ᠶᠢ ᠶᠠᠷᠢᠬᠤ ᠥᠬᠡᠶ᠂ ᠬᠡᠯᠡᠪᠡᠯ ᠪᠣᠯᠴᠢᠬᠠᠨ᠎ᠠ᠂ ᠲᠣᠭᠲᠠᠭᠠᠪᠠᠯ ᠬᠢᠨ᠎ᠠ᠂ ᠡᠯ᠎ᠡ ᠵᠦᠢᠯ ᠤᠨ ᠠᠵᠢᠯ ᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠰᠢᠨ᠎ᠡ ᠰᠤᠷᠲᠠᠯ ᠲᠥᠪ ᠰᠤᠷᠲᠠᠯ ᠢᠶᠠᠷ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠵᠣᠷᠢᠭᠲᠠᠶ ᠪᠠᠷ ᠡᠭᠦᠷᠭᠡᠯᠡᠬᠦ᠂ ᠵᠣᠷᠢᠭᠲᠠᠶ ᠪᠠᠷ ᠬᠠᠷᠢᠭᠤᠴᠠᠬᠤ᠂ ᠴᠢᠳᠠᠮᠠᠭᠠᠶ ᠪᠠᠷ ᠠᠵᠢᠯᠯᠠᠬᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号