ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠦᠷ ᠴᠠᠭ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠪᠠ
ᠨᠡᠶᠢᠲᠡᠯᠡᠭᠰᠡᠨ ᠴᠠᠭ᠄
2023/7/20
   ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ ᠭᠠᠵᠠᠷ ᠢ ᠠᠷᠪᠢᠲᠠᠢ ᠡᠷᠴᠢᠮᠯᠢᠭ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠲᠦᠷ ᠴᠠᠭ ᠬᠡᠷᠡᠭᠯᠡᠬᠦ ᠭᠠᠵᠠᠷ ᠢ ᠲᠦᠷ ᠴᠠᠭ ᠢᠶᠠᠷ ᠬᠡᠷᠡᠭᠯᠡᠬᠦ ᠦᠭᠡᠢ︾ ᠪᠠᠶᠢᠬᠤ ᠠᠰᠠᠭᠤᠳᠠᠯ ᠢ ᠴᠢᠨᠠᠭᠰᠢᠳᠠ ᠬᠤᠷᠢᠭᠯᠠᠬᠤ ᠪᠠᠷ ᠪᠠᠶᠢᠨ᠎ᠠ᠃    ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ︽ᠲᠦᠷ ᠴᠠᠭ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ 12 ᠤᠨ ᠡᠳᠦᠷ ᠤᠨ ᠦᠳᠡ ᠶᠢᠨ ᠬᠤᠶᠢᠨ᠎ᠠ ᠨᠡᠶᠢᠲᠡᠯᠡᠵᠦ᠂ ᠮᠡᠳᠡᠭᠳᠡᠯ ᠳᠤ ᠲᠦᠷ ᠴᠠᠭ ᠬᠡᠷᠡᠭᠯᠡᠬᠦ ᠭᠠᠵᠠᠷ ᠢ ᠵᠢᠷᠤᠭᠯᠠᠵᠤ ᠬᠥᠮᠥᠷᠭᠡ ᠳᠤ ᠣᠷᠣᠭᠤᠯᠬᠤ ᠶᠢ ᠪᠦᠭᠦ ᠲᠠᠯ᠎ᠠ ᠪᠠᠷ ᠪᠡᠶᠡᠯᠡᠭᠦᠯᠵᠦ᠂ ᠬᠠᠳᠠᠭᠠᠯᠠᠵᠤ ᠪᠠᠶᠢᠭ᠎ᠠ ᠲᠦᠷ ᠴᠠᠭ ᠬᠡᠷᠡᠭᠯᠡᠬᠦ ᠭᠠᠵᠠᠷ ᠤᠨ ᠮᠡᠳᠡᠭᠡ ᠵᠠᠩᠭᠢ ᠶᠢ ᠨᠥᠬᠦᠨ ᠲᠠᠭᠯᠠᠬᠤ ᠶᠢ ᠲᠦᠷᠭᠡᠳᠬᠡᠨ᠂ ᠲᠦᠷ ᠴᠠᠭ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠢᠨ ᠵᠤᠯᠭᠠᠯᠴᠠᠭ᠎ᠠ ᠶᠢ ᠰᠠᠶᠢᠲᠤᠷ ᠬᠢᠵᠦ᠂ ᠲᠦᠷ ᠴᠠᠭ ᠬᠡᠷᠡᠭᠯᠡᠬᠦ ᠭᠠᠵᠠᠷ ᠤᠨ ᠬᠢᠨᠠᠯᠲᠠ ᠪᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃    ᠮᠡᠳᠡᠭᠳᠡᠯ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠤᠶᠤ ᠠᠰᠢᠭᠯᠠᠭᠠᠳᠤᠢ ᠭᠠᠵᠠᠷ ᠳᠡᠭᠡᠷᠡᠬᠢ ᠲᠦᠷ ᠴᠠᠭ ᠬᠡᠷᠡᠭᠯᠡᠬᠦ ᠭᠠᠵᠠᠷ ᠢ ᠪᠦᠭᠦ ᠲᠠᠯ᠎ᠠ ᠪᠠᠷ ᠵᠢᠷᠤᠭᠯᠠᠵᠤ ᠬᠥᠮᠥᠷᠭᠡ ᠳᠤ ᠣᠷᠣᠭᠤᠯᠬᠤ ᠬᠡᠷᠡᠭᠲᠡᠢ᠃ ᠲᠦᠷ ᠴᠠᠭ ᠬᠡᠷᠡᠭᠯᠡᠬᠦ ᠭᠠᠵᠠᠷ ᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ 20 ᠠᠵᠢᠯᠯᠠᠬᠤ ᠡᠳᠦᠷ ᠤᠨ ᠳᠣᠲᠣᠷ᠎ᠠ ᠵᠢᠷᠤᠭᠯᠠᠵᠤ ᠬᠥᠮᠥᠷᠭᠡ ᠳᠤ ᠣᠷᠣᠭᠤᠯᠬᠤ ᠬᠡᠷᠡᠭᠲᠡᠢ᠃ ᠵᠢᠷᠤᠭ ᠦᠭᠡᠢ ᠪᠠᠷ ᠬᠥᠮᠥᠷᠭᠡ ᠳᠤ ᠣᠷᠣᠭᠤᠯᠤᠭᠰᠠᠨ ᠪᠤᠶᠤ ᠬᠢᠨᠠᠨ ᠪᠠᠶᠢᠴᠠᠭᠠᠭᠠᠳ ᠲᠦᠷ ᠴᠠᠭ ᠭᠠᠵᠠᠷ ᠬᠡᠷᠡᠭᠯᠡᠭᠰᠡᠨ ᠳᠤ ᠬᠠᠷᠢᠶᠠᠯᠠᠭᠳᠠᠬᠤ ᠦᠭᠡᠢ ᠪᠠᠶᠢᠪᠠᠯ᠂ ᠵᠥᠪᠰᠢᠶᠡᠷᠡᠵᠦ ᠪᠤᠯᠬᠤ ᠦᠭᠡᠢ ᠭᠡᠵᠦ ᠱᠠᠭᠠᠷᠳᠠᠪᠠ᠃    ᠮᠡᠳᠡᠭᠳᠡᠯ ᠳᠤ ᠦᠯᠡᠳᠡᠵᠦ ᠪᠠᠶᠢᠭ᠎ᠠ ᠲᠦᠷ ᠴᠠᠭ ᠬᠡᠷᠡᠭᠯᠡᠬᠦ ᠭᠠᠵᠠᠷ ᠤᠨ ᠮᠡᠳᠡᠭᠡ ᠵᠠᠩᠭᠢ ᠶᠢᠨ ᠨᠥᠬᠦᠨ ᠲᠠᠭᠯᠠᠬᠤ  ᠶᠢ ᠲᠦᠷᠭᠡᠳᠬᠡᠬᠦ ᠬᠡᠷᠡᠭᠲᠡᠢ᠃ 2021 ᠣᠨ ᠤ ᠬᠤᠪᠢᠷᠠᠭᠤᠯᠬᠤ ᠪᠠᠶᠢᠴᠠᠭᠠᠯᠲᠠ ᠳᠤ ᠮᠠᠭᠠᠳᠯᠠᠨ ᠲᠣᠭᠲᠠᠭᠠᠭᠰᠠᠨ ᠲᠦᠷ ᠴᠠᠭ ᠬᠡᠷᠡᠭᠯᠡᠬᠦ ᠭᠠᠵᠠᠷ ᠤᠨ ᠵᠢᠷᠤᠭ ᠤᠨ ᠲᠣᠯᠪᠤ ᠪᠠᠷ ᠰᠠᠭᠤᠷᠢ ᠲᠤᠭ᠎ᠠ ᠪᠤᠯᠭᠠᠵᠤ᠂ ᠣᠷᠣᠨ ᠨᠤᠲᠤᠭ ᠨᠢ ᠣᠳᠣᠬᠠᠨ ᠤ ᠲᠦᠷ ᠴᠠᠭ ᠬᠡᠷᠡᠭᠯᠡᠬᠦ ᠭᠠᠵᠠᠷ ᠤᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠰᠤᠳᠤᠯᠤᠨ ᠰᠢᠢᠳᠪᠦᠷᠢᠯᠡᠵᠦ᠂ ᠵᠢᠷᠤᠭᠯᠠᠵᠤ ᠬᠥᠮᠥᠷᠭᠡ ᠳᠤ ᠣᠷᠣᠭᠤᠯᠬᠤ ᠴᠢᠬᠤᠯᠠ ᠲᠠᠢ ᠶᠢ ᠨᠢ ᠴᠠᠭ ᠲᠤᠬᠠᠢ ᠳᠤᠨᠢ ᠵᠢᠷᠤᠭᠯᠠᠵᠤ ᠬᠥᠮᠥᠷᠭᠡ ᠳᠤ ᠣᠷᠣᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠲᠦᠷ ᠴᠠᠭ ᠬᠡᠷᠡᠭᠯᠡᠬᠦ ᠭᠠᠵᠠᠷ ᠤᠨ ᠶᠡᠷᠦᠩᠬᠡᠢ ᠬᠡᠷᠡᠭᠯᠡᠬᠦ ᠬᠤᠭᠤᠴᠠᠭ᠎ᠠ ᠶᠢ ᠳᠥᠷᠪᠡᠨ ᠵᠢᠯ ᠠᠴᠠ ᠬᠡᠲᠦᠷᠡᠭᠦᠯᠵᠦ ᠪᠤᠯᠬᠤ ᠦᠭᠡᠢ᠃ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ᠂ ᠣᠷᠣᠨ ᠨᠤᠲᠤᠭ ᠤᠨ ᠬᠢᠨ ᠪᠠᠩᠬᠢ ᠶᠢᠨ ᠪᠠᠲᠤᠯᠠᠭ᠎ᠠ ᠶᠢᠨ ᠪᠢᠴᠢᠭ ᠢ ᠬᠡᠷᠡᠭᠯᠡᠨ ᠭᠠᠵᠠᠷ ᠰᠢᠷᠣᠢ ᠶᠢ ᠳᠠᠭᠢᠨ ᠬᠠᠭᠠᠯᠪᠤᠷᠢᠯᠠᠬᠤ ᠵᠠᠷᠤᠳᠠᠯ ᠢ ᠤᠷᠢᠳᠴᠢᠯᠠᠨ ᠬᠠᠳᠠᠭᠠᠯᠠᠬᠤ ᠶᠢ ᠰᠦᠪᠡᠭᠴᠢᠯᠡᠬᠦ ᠶᠢ ᠵᠥᠪᠰᠢᠶᠡᠷᠡᠨ᠎ᠡ ᠭᠡᠵᠦ ᠱᠠᠭᠠᠷᠳᠠᠪᠠ᠃    ᠮᠡᠳᠡᠭᠳᠡᠯ ᠳᠤ᠂ ᠮᠤᠵᠢ ᠶᠢᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠦᠷ ᠴᠠᠭ ᠬᠡᠷᠡᠭᠯᠡᠬᠦ ᠭᠠᠵᠠᠷ ᠢ ᠵᠢᠷᠤᠭᠯᠠᠵᠤ ᠬᠥᠮᠥᠷᠭᠡ ᠳᠤ ᠣᠷᠣᠭᠤᠯᠬᠤ ᠠᠵᠢᠯ ᠢ ᠬᠠᠷᠢᠭᠤᠴᠠᠨ ᠪᠠᠶᠢᠴᠠᠭᠠᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠲᠠᠭᠯᠠᠨ ᠮᠡᠳᠡᠭᠦᠯᠬᠦ ᠶᠢ ᠦᠨᠡᠨ ᠬᠦ ᠪᠠᠲᠤᠯᠠᠵᠤ᠂ ᠬᠠᠤᠯᠢ ᠲᠣᠭᠲᠠᠭᠠᠯ ᠢ ᠵᠥᠷᠢᠴᠡᠨ ᠲᠦᠷ ᠴᠠᠭ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠰᠡᠨ ᠪᠤᠶᠤ ᠵᠥᠪᠰᠢᠶᠡᠷᠡᠭᠰᠡᠨ ᠤ ᠳᠠᠷᠠᠭ᠎ᠠ ᠲᠦᠷ ᠴᠠᠭ ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠥᠨᠢᠳᠡ ᠶᠢᠨ ᠴᠢᠨᠠᠷᠲᠠᠢ ᠪᠠᠷᠢᠯᠭ᠎ᠠ ︵ᠪᠠᠷᠢᠯᠭ᠎ᠠ︶ ᠪᠠᠶᠢᠭᠤᠯᠬᠤ ᠵᠡᠷᠭᠡ ᠠᠰᠠᠭᠤᠳᠠᠯ ᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠲᠣᠪᠣᠶᠢᠮ᠎ᠠ ᠪᠠᠶᠢᠭ᠎ᠠ ᠮᠤᠵᠢ ᠣᠷᠣᠨ ᠢ ᠢᠯᠡ ᠪᠠᠷ ᠵᠠᠷᠯᠠᠨ ᠮᠡᠳᠡᠭᠳᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号