ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/7/26
    —— ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠢ ᠰᠤᠷᠪᠤᠯᠵᠢᠯᠠᠭᠰᠠᠨ ᠨᠢ     ︽ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠶᠡᠷᠦᠩᠬᠡᠶ ᠱᠦᠵᠢ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠴᠢᠭᠯᠡᠭᠦᠯᠦᠯᠲᠦ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠡᠵᠡᠨ᠎ᠡ ᠬᠤᠰᠢᠭᠤᠨ ᠤ ᠡᠯ᠎ᠡ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠵᠢᠯᠯᠠᠭᠠᠨ ᠤ ᠵᠦᠭᠯᠡᠭᠦᠷ᠂ ᠦᠨᠳᠦᠰᠦᠨ ᠵᠢᠷᠤᠮᠯᠠᠯ ᠬᠠᠩᠭᠠᠵᠠᠶ᠃︾ ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠰᠠᠶᠢᠲᠤᠷ  ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠸᠠᠩ ᠯᠢ ᠵᠢᠶᠦ᠋ᠨ᠂ ᠡᠵᠡᠨ᠎ᠡ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠲᠣᠭᠤᠷᠢᠨ ᠳᠤ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠵᠡᠨ᠎ᠡ ᠳᠤ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠳᠥᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ ᠭᠡᠪᠡ᠃     ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ     ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠤᠤᠷᠠᠶ ᠶᠢᠨ ᠣᠶ ᠶᠢ ᠬᠠᠮᠠᠭᠠᠯᠠᠬᠤ ᠲᠦᠷᠢᠮ ᠢ ᠭᠦᠨᠵᠡᠭᠡᠶ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ︾᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠵᠥᠪᠰᠢᠶᠡᠷᠡᠨ ᠬᠡᠷᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ ᠴᠢᠬᠤᠯᠠ ᠰᠠᠪᠠ ᠭᠠᠵᠠᠷ ᠤᠨ ᠤᠰᠤᠨ ᠣᠷᠣᠨ ᠤ ᠪᠠᠶᠢᠷᠢᠯᠠᠭᠤᠯᠤᠯᠲᠠ ᠶᠢᠨ ᠲᠥᠯᠥᠪᠵᠢᠭᠦᠯᠭᠡ ᠶᠢᠨ ᠲᠣᠬᠢᠷᠠᠭᠤᠯᠤᠯᠲᠠ ᠵᠡᠷᠭᠡ ᠴᠢᠬᠤᠯᠠ ᠶᠡᠭᠡ ᠠᠵᠠ ᠲᠣᠬᠢᠶᠠᠯ ᠢ ᠵᠠᠪᠳᠤᠨ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠰᠢᠰᠲ᠋ᠧᠮᠵᠢ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ︽ᠬᠠᠷ᠎ᠠ ᠭᠤᠣᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢᠨ ᠲᠥᠷᠥᠯ ᠵᠦᠢᠯ ᠪᠠᠶᠢᠭᠤᠯᠬᠤ ᠪᠦᠲᠦᠭᠡᠨ ᠪᠠᠶᠢᠭᠤᠯᠬᠤ ᠶᠢ ᠠᠬᠢᠭᠤᠯᠬᠤ ᠪᠠᠷ ᠢᠳᠡᠪᠬᠢᠯᠡᠨ ᠴᠢᠷᠮᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠬᠦᠯᠦᠨ᠎ᠡ᠃     ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ     ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠰᠢᠯᠢᠳᠡᠭᠵᠢᠭᠦᠯᠦᠨ ᠪᠤᠶᠢᠵᠢᠭᠤᠯᠬᠤ ᠲᠣᠭᠤᠷᠢᠨ ᠳᠤ᠂ ᠠᠵᠤ ᠠᠬᠤᠶᠢᠯᠠᠯ ᠢ ᠪᠤᠶᠢᠵᠢᠭᠤᠯᠵᠤ ᠬᠥᠲᠥᠯᠥᠨ ᠣᠷᠣᠭᠤᠯᠬᠤ᠂ ᠨᠡᠷᠡᠲᠦ ᠲᠡᠮᠳᠡᠭᠲᠦ ᠶᠢ ᠡᠭᠦᠳᠦᠨ ᠪᠠᠶᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠥᠭᠵᠢᠭᠦᠯᠬᠦ ᠶᠢ ᠠᠬᠢᠭᠤᠯᠤᠨ᠎ᠠ᠃ ︽ᠲᠠᠪᠤ ᠶᠢ ᠳᠣᠶᠢᠯᠪᠣᠷᠢᠳᠠᠢ ᠬᠢᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠶᠢ ᠵᠦᠶ ᠵᠣᠬᠢᠰᠲᠠᠶ ᠠᠬᠢᠭᠤᠯᠵᠤ᠂ ᠳᠠᠪᠠᠭᠤᠯᠢᠭ ᠡᠬᠢ ᠪᠠᠶᠠᠯᠢᠭ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠰᠠᠯᠬᠢ᠂ ᠬᠡᠷᠡᠯ ᠵᠡᠷᠭᠡ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠳᠠᠰᠢ ᠳᠠᠪᠰᠢᠬᠤ ᠶᠢ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠲᠠᠢ ︽ᠣᠷᠣᠨ ᠪᠦᠰᠡ ᠶᠢ ᠬᠤᠯᠪᠣᠭᠰᠠᠨ ᠠᠵᠤ ᠠᠬᠤᠶ︾ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠤ ᠮᠥᠷᠳᠡᠨ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃ ᠡᠵᠡᠨ᠎ᠡ ᠬᠤᠰᠢᠭᠤᠨ ᠤ ᠥᠪᠡᠷᠮᠢᠴᠡ ᠵᠢᠭᠤᠯᠴᠢᠯᠠᠯ ᠤᠨ ᠡᠬᠢ ᠪᠠᠶᠠᠯᠢᠭ ᠲᠤ ᠰᠠᠭᠤᠷᠢᠯᠠᠨ᠂ ᠭᠤᠤᠯᠳᠠᠭᠤ ᠡᠬᠢ ᠪᠠᠶᠠᠯᠢᠭ ᠢ ᠠᠭᠤᠳᠠᠯᠤᠨ ᠨᠡᠶᠢᠳᠬᠡᠵᠦ᠂ ᠲᠡᠦᠬᠡ ᠶᠢᠨ ᠥᠯᠢᠭᠡᠷ ᠢ ᠰᠠᠶᠢᠲᠤᠷ ᠶᠠᠷᠢᠵᠤ᠂ ᠤᠬᠠᠭᠤᠯᠤᠨ ᠲᠠᠨᠢᠯᠴᠠᠭᠤᠯᠵᠤ ᠡᠵᠡᠩᠨᠡᠨ ᠪᠣᠷᠣᠯᠠᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠣᠳᠣᠨ ᠵᠠᠮ ᠱᠤᠭᠤᠮ ᠢ ᠴᠣᠭᠴᠠᠯᠠᠬᠤ᠂ ᠦᠵᠡᠮᠵᠢ ᠶᠢᠨ ᠣᠷᠣᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠬᠦ᠂ ᠵᠤᠭᠠᠴᠠᠭᠰᠠᠳ ᠤᠨ ᠣᠶᠢᠯᠠᠭᠠᠯᠲᠠ ᠶᠢ ᠪᠠᠶᠠᠯᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠵᠢᠣᠢ ᠶᠠᠨ ᠤ ᠪᠠᠭᠤᠷᠢ ᠶᠢ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠠᠬᠢᠴᠠ ᠶᠢ ᠲᠦᠷᠭᠡᠳᠬᠡᠵᠦ᠂ ︽ᠵᠢᠣᠢ ᠶᠠᠨ ᠤ ᠪᠠᠭᠤᠷᠢ ᠶᠢ ᠬᠠᠮᠠᠭᠠᠯᠠᠬᠤ ᠶᠡᠷᠦᠩᠬᠡᠶ ᠲᠥᠯᠥᠪᠵᠢᠭᠦᠯᠭᠡ︾ ᠶᠢ ᠵᠥᠪᠰᠢᠶᠡᠷᠡᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ︽ᠲᠣᠣᠷᠠᠢ ᠶᠢᠨ ᠨᠠᠶᠢᠷ︾ ᠢ ᠥᠨᠳᠥᠷ ᠪᠠᠷᠢᠮᠵᠢᠶ᠎ᠠ ᠪᠠᠷ ᠲᠥᠰᠦᠪᠯᠡᠨ᠂ ᠤᠬᠠᠭᠤᠯᠤᠨ ᠲᠠᠨᠢᠯᠴᠠᠭᠤᠯᠵᠤ᠂ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢᠲᠡᠢ ᠡᠷᠬᠢᠯᠡᠬᠦ ᠶᠢ ᠪᠠᠲᠤᠯᠠᠨ᠎ᠠ᠃      ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ︽ᠰᠠᠨᠰᠠᠷ ᠠᠶᠠᠯᠠᠯ ᠤᠨ ᠦᠢᠯᠡᠰ ᠤᠨ ᠳᠦᠯᠦᠬᠡ ᠬᠤᠰᠢᠭᠤᠨ ᠤ ᠵᠠᠰᠠᠭ ᠤᠨ ᠣᠷᠳᠣᠨ ᠢᠶᠠᠨ ᠭᠤᠷᠪᠠᠨᠳᠠ ᠨᠡᠬᠦᠯᠭᠡᠭᠰᠡᠨ︾᠂ ︽ᠳᠣᠷᠭᠤᠳᠴᠣᠳ ᠲᠦᠮᠡᠨ ᠭᠠᠵᠠᠷ ᠤᠨ ᠠᠯᠤᠰ ᠠᠴᠠ ᠵᠡᠭᠦᠨᠰᠢ  ᠪᠣᠴᠠᠭᠰᠠᠨ︾ ᠵᠡᠷᠭᠡ ᠲᠡᠦᠬᠡ ᠰᠣᠶᠣᠯ ᠪᠠ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠭᠦᠨᠵᠡᠭᠡᠶ ᠦᠢᠯᠡᠳᠦᠯᠬᠡᠵᠢᠬᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃     ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠤᠨ᠎ᠠ     ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠬᠡᠵᠢᠬᠦᠯᠵᠦ᠂ ᠰᠤᠷᠭᠠᠨ ᠬᠥᠮᠦᠵᠢᠯ᠂ ᠡᠮᠴᠢᠯᠡᠭᠡ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ ᠪᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠲᠣ ᠶᠢᠨ ᠪᠠᠶᠢᠭ᠎ᠠ ᠰᠤᠷᠭᠠᠭᠤᠯᠢ ᠶᠢᠨ ᠪᠠᠶᠢᠷᠢ ᠶᠢᠨ ᠥᠭᠡᠷᠡᠴᠢᠯᠡᠯᠲᠡ ᠪᠠ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠬᠦ ᠠᠵᠢᠯ ᠢ ᠠᠷᠭ᠎ᠠ ᠰᠦᠪᠡᠭᠴᠢᠯᠡᠨ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠳᠤ ᠲᠦᠰᠢᠭᠯᠡᠨ ᠨᠢᠭᠦᠯᠡᠰᠦᠩᠭᠦᠶ ᠶᠢᠨ ᠢᠲᠡᠭᠡᠮᠵᠢᠲᠦ ᠨᠠᠶᠢᠳᠠᠯᠭ᠎ᠠ ᠶᠢᠨ ᠪᠠᠯᠠ ᠮᠥᠩᠭᠦ ᠶᠢ ᠬᠥᠭᠵᠢᠭᠦᠯᠵᠦ᠂ ᠰᠤᠷᠭᠠᠨ ᠬᠥᠮᠦᠵᠢᠯ ᠪᠠ ᠵᠢᠭᠠᠨ ᠰᠤᠷᠭᠠᠯᠲᠠ ᠶᠢ ᠱᠠᠩᠨᠠᠨ ᠬᠥᠬᠢᠭᠦᠯᠬᠦ ᠶᠢ ᠴᠢᠩᠭᠠᠳᠬᠠᠵᠤ᠂ ᠨᠠᠩ ᠣᠯᠠᠨ ᠰᠢᠯᠢᠳᠡᠭ ᠪᠠᠭᠰᠢ ᠶᠢᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠠᠵᠢᠯ ᠲᠥᠷᠥᠯ ᠢᠶᠠᠷ ᠢᠶᠠᠨ ᠲᠤᠰᠠᠯᠠᠬᠤ ᠭᠠᠵᠠᠷ ᠣᠷᠣᠨ ᠤ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠷᠭᠡᠨ ᠣᠯᠠᠨ ᠲᠦᠮᠡᠨ ᠳᠤ ᠨᠠᠩ ᠴᠢᠨᠠᠷ ᠰᠠᠶᠢᠲᠠᠶ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠪᠠᠷ ᠴᠢᠷᠮᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号